ᠢᠳᠡᠭᠡᠨ ᠤᠮᠳᠠᠭᠠᠨ᠎ᠤ ᠨᠢᠭᠡᠴᠢ᠎ᠶᠢᠨ 《ᠭᠠᠳᠠᠨ᠎ᠠ ᠳᠡᠯᠭᠡᠬᠦ》 ᠢᠳᠡᠭᠡᠨ᠎ᠤ ᠠᠮᠤᠷ ᠲᠦᠪᠰᠢᠨ᠎ᠤ ᠰᠠᠨᠠᠭᠤᠯᠤᠮᠵᠢ᠎ᠶᠢᠨ ᠲᠤᠬᠠᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠶᠢᠨ ᠰᠠᠨᠠᠯ
2025-07-17

ᠢᠳᠡᠭᠡᠨ ᠤᠮᠳᠠᠭᠠᠨ᠎ᠤ ᠨᠢᠭᠡᠴᠢ᠎ᠶᠢᠨ 《 ᠭᠠᠳᠠᠨ᠎ᠠ ᠳᠡᠯᠭᠡᠬᠦ》 ᠡᠵᠡᠩᠨᠡᠯᠲᠡ᠎ᠶᠢᠨ ᠵᠠᠭᠪᠤᠷ ᠨᠢ ᠬᠤᠲᠠ᠎ᠳᠤ ᠠᠮᠢᠵᠢᠷᠠᠯ᠎ᠤᠨ ᠬᠦᠴᠦᠨ ᠨᠡᠮᠡᠷᠢᠯᠡᠵᠦ᠂ ᠰᠥᠨᠢ᠎ᠶᠢᠨ ᠢᠳᠡᠭᠡᠨ ᠤᠮᠳᠠᠭᠠᠨ᠎ᠤ ᠦᠢᠯᠡᠴᠢᠯᠡᠭᠡᠨ᠎ᠤ ᠬᠠᠩᠭᠠᠯᠭ᠎ᠠ᠎ᠶᠢᠨ ᠠᠷᠭ᠎ᠠ ᠮᠠᠶᠢᠭ᠋᠎ᠢ ᠪᠠᠶᠠᠯᠢᠭ᠍ᠵᠢᠭᠤᠯᠤᠨ᠂ ᠢᠳᠡᠭᠡᠨ ᠤᠮᠳᠠᠭᠠᠨ᠎ᠤ ᠦᠢᠯᠡᠴᠢᠯᠡᠭᠡᠨ᠎ᠤ ᠠᠵᠢᠯ ᠲᠥᠷᠥᠯ᠎ᠤᠨ ᠡᠮᠬᠢ ᠵᠢᠷᠤᠮ᠎ᠲᠠᠢ ᠬᠥᠭᠵᠢᠯᠲᠡ᠎ᠶᠢ ᠠᠬᠢᠭᠤᠯᠵᠤ᠂ ᠬᠡᠷᠡᠭᠯᠡᠭᠴᠢᠳ᠎ᠤᠨ ᠢᠳᠡᠭᠡᠨ᠎ᠤ ᠠᠮᠤᠷ ᠲᠦᠪᠰᠢᠨ᠎ᠢ ᠬᠠᠮᠠᠭᠠᠯᠠᠬᠤ᠎ᠶᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠎ᠶᠢᠨ ᠲᠣᠪᠴᠢᠶ᠎ᠠ᠎ᠠᠴᠠ ᠣᠲᠣ᠌ 《ᠭᠠᠳᠠᠨ᠎ᠠ ᠳᠡᠯᠭᠡᠬᠦ》 ᠠᠵᠢᠯᠯᠠᠭ᠎ᠠ ᠥᠷᠨᠢᠭᠦᠯᠵᠦ ᠪᠠᠢᠭ᠎ᠠ ᠡᠵᠡᠩᠨᠡᠯᠲᠡ᠎ᠶᠢᠨ ᠭᠣᠣᠯ ᠴᠣᠭᠴᠠ ᠵᠢᠴᠢ ᠬᠡᠷᠡᠭᠯᠡᠭᠴᠢ᠎ᠳᠤ ᠳᠣᠣᠷᠠᠬᠢ ᠮᠡᠲᠦ ᠢᠳᠡᠭᠡᠨ᠎ᠤ ᠠᠮᠤᠷ ᠲᠦᠪᠰᠢᠨ᠎ᠤ ᠰᠠᠨᠠᠭᠤᠯᠤᠮᠵᠢ ᠥᠭᠪᠡ᠄

ᠡᠵᠡᠩᠨᠡᠭᠴᠢ ᠎ᠶ᠋ᠢᠨ ᠵᠠᠪᠠᠯ ᠬᠢᠬᠦ ᠵᠦᠢᠯ

ᠭᠡᠷᠡᠴᠢ ᠦᠨᠡᠮᠯᠡᠯ᠎ᠢ ᠢᠯᠡ ᠨᠡᠢᠲᠡᠯᠡᠨ᠎ᠡ᠃ ᠳᠡᠯᠭᠡᠭᠡ ᠮᠠᠢᠮᠠᠢ᠎ᠶᠢᠨ ᠪᠠᠢᠷᠢ᠎ᠶᠢᠨ ᠢᠯᠡ ᠭᠠᠵᠠᠷ᠎ᠲᠤ 《ᠢᠳᠡᠭᠡᠨ᠎ᠤ ᠡᠵᠡᠩᠨᠡᠯᠲᠡ᠎ᠶᠢᠨ ᠵᠥᠪᠰᠢᠶᠡᠷᠡᠯ᠎ᠤᠨ ᠦᠨᠡᠮᠯᠡᠯ》᠂ 《ᠵᠢᠵᠢᠭ ᠢᠳᠡᠭᠡᠨ ᠤᠮᠳᠠᠭᠠᠨ᠎ᠤ ᠳᠠᠩᠰᠠᠯᠠᠭᠤᠯᠤᠭᠰᠠᠨ ᠦᠨᠡᠮᠯᠡᠯ》ᠪᠤᠶᠤ 《ᠢᠳᠡᠭᠡᠨ᠎ᠤ ᠳᠡᠯᠭᠡᠭᠦᠷᠴᠢᠨ᠎ᠢ ᠳᠠᠩᠰᠠᠯᠠᠭᠤᠯᠤᠭᠰᠠᠨ ᠦᠨᠡᠮᠯᠡᠯ》 ᠵᠢᠴᠢ ᠠᠵᠢᠯᠯᠠᠵᠤ ᠪᠠᠢᠭ᠎ᠠ ᠬᠥᠮᠥᠰ᠎ᠤᠨ ᠡᠷᠡᠭᠦᠯ ᠮᠡᠨᠳᠦ᠎ᠶᠢᠨ ᠦᠨᠡᠮᠯᠡᠯ᠎ᠤᠨ ᠪᠠᠭᠤᠯᠭᠠᠪᠤᠷᠢ᠎ᠶᠢ ᠨᠠᠭᠠᠵᠤ᠂ ᠢᠳᠡᠭᠡᠨ᠎ᠤ ᠠᠮᠤᠷ ᠲᠦᠪᠰᠢᠨ᠎ᠤ ᠰᠠᠨᠠᠭᠤᠯᠤᠮᠵᠢ᠎ᠶᠢᠨ ᠫᠠᠢᠰᠠ (ᠴᠡᠭᠡᠷᠯᠡᠬᠦ ᠬᠥᠮᠥᠰ᠂ ᠪᠣᠯᠪᠠᠰᠤᠷᠠᠭᠤᠯᠤᠭ᠍ᠰᠠᠨ ᠴᠠᠭ᠂ ᠲᠦᠷᠭᠡᠨ ᠢᠳᠡᠬᠦ ᠵᠡᠷᠭᠡ)  ᠎ᠶ᠋ᠢ ᠨᠡᠮᠡᠨ᠎ᠡ᠃

ᠠᠵᠢᠯᠲᠠᠨ᠎ᠤ ᠬᠠᠮᠢᠶᠠᠷᠤᠯᠲᠠ ᠃ ᠠᠵᠢᠯᠯᠠᠵᠤ ᠪᠠᠢᠭ᠎ᠠ ᠬᠥᠮᠥᠰ ᠪᠦᠲᠦᠮᠵᠢᠲᠡᠶ ᠡᠷᠡᠭᠦᠯ ᠮᠡᠨᠳᠦ᠎ᠶᠢᠨ ᠦᠨᠡᠮᠯᠡᠯ᠎ᠲᠠᠢ ᠪᠠᠢᠵᠤ᠂ ᠡᠳᠦᠷ ᠪᠦᠷᠢ ᠥᠷᠯᠥᠭᠡ᠎ᠶᠢᠨ ᠪᠠᠢᠴᠠᠭᠠᠯᠲᠠ ᠬᠢᠨ᠎ᠡ ; ᠠᠵᠢᠯᠯᠠᠬᠤ ᠦᠶ᠎ᠡ᠎ᠳᠤ ᠠᠵᠢᠯ᠎ᠤᠨ ᠬᠤᠪᠴᠠᠰᠤ᠂ ᠠᠮᠠᠪᠴᠢ᠂ ᠮᠠᠯᠠᠭᠠᠢ᠂ ᠪᠡᠭᠡᠯᠡᠢ ᠡᠮᠦᠰᠬᠦ᠎ᠶᠢ ᠵᠢᠷᠤᠮᠵᠢᠭᠤᠯᠵᠤ᠂ ᠵᠠᠰᠠᠯ ᠴᠢᠮᠡᠭᠯᠡᠯ ᠵᠡᠭᠦᠬᠦ᠌ / ᠤᠷᠲᠤ ᠬᠢᠮᠤᠰᠤ ᠲᠠᠯᠪᠢᠬᠤ᠎ᠶᠢ ᠴᠠᠭᠠᠵᠠᠯᠠᠨ᠎ᠠ᠃

ᠪᠤᠯᠪᠠᠰᠤᠷᠠᠭᠤᠯᠬᠤ ᠳᠦᠷᠢᠮᠵᠢᠯ᠃ ᠬᠥᠯᠳᠡᠭᠡᠵᠦ ᠬᠠᠳᠠᠭᠠᠯᠠᠬᠤ ᠲᠥᠷᠥᠯ᠎ᠤᠨ ᠢᠳᠡᠭᠡᠨ᠎ᠢ ᠬᠥᠯᠳᠡᠭᠡᠵᠦ ᠬᠠᠳᠠᠭᠠᠯᠠᠬᠤ ᠲᠥᠬᠦᠭᠡᠷᠦᠮᠵᠢ ᠪᠤᠶᠤ ᠮᠥᠰᠥ ᠬᠥᠯᠳᠡᠭᠡᠵᠦ᠍ ᠂ ᠪᠠᠷᠢᠨ ᠬᠢᠵᠦ ᠪᠠᠷᠢᠨ ᠬᠤᠳᠠᠯᠳᠤᠬᠤ ; ᠬᠠᠯᠠᠭᠤᠨ ᠢᠳᠡᠭᠡᠨ᠎ᠤ ᠲᠥᠷᠥᠯ᠎ᠤᠨ ᠢᠳᠡᠭᠡᠨ᠎ᠢ  ᠳᠤᠯᠠᠭᠠᠨ  ᠬᠠᠳᠠᠭᠠᠯᠠᠬᠤ  ᠲᠥᠬᠦᠭᠡᠷᠦᠮᠵᠢ᠎ᠪᠠᠷ  ᠲᠥᠪ᠎ᠤᠨ  ᠳᠤᠯᠠᠭᠠᠨ᠎ᠤ  ᠬᠡᠮᠵᠢᠶ᠎ᠡ ᠎ᠶᠢ  ≥70%℃ ᠪᠠᠢᠯᠭᠠᠵᠤ᠂ 2 ᠴᠠᠭ᠎ᠤᠨ ᠳᠣᠲᠣᠷ᠎ᠠ ᠬᠤᠳᠠᠯᠳᠤᠵᠤ ᠳᠠᠭᠤᠰᠬᠤ᠎ᠶᠢ ᠦᠨᠡᠨ ᠬᠦ᠌ ᠪᠠᠲᠤᠯᠠᠨ᠎ᠠ; ᠲᠦᠭᠦᠬᠡᠢ ᠪᠠ ᠪᠣᠯᠭᠣᠭ᠍ᠰᠠᠨ᠎ᠢ ᠰᠠᠯᠭᠠᠨ ᠰᠢᠢᠳᠪᠦᠷᠢᠯᠡᠵᠦ᠂ ᠬᠢᠲᠤᠭ᠎ᠠ ᠪᠠ ᠠᠮᠪᠠᠨ ᠎ᠢ ᠴᠢᠩᠭ᠎ᠠ ᠢᠯᠠᠭᠠᠨ᠎ᠠ; ᠢᠯᠠᠭ᠎ᠠ᠎ᠶᠢ ᠰᠡᠷᠭᠡᠢᠯᠡᠬᠦ ᠲᠣᠭᠣᠰᠣ᠌ ᠰᠡᠷᠭᠡᠢᠯᠡᠬᠦ ᠪᠡᠯᠡᠳᠬᠡᠮᠵᠢ (ᠱᠠ ᠲᠣᠣᠷ ᠪᠦᠷᠬᠦᠭᠦᠯ᠂ ᠲᠤᠰᠠᠭᠠᠷᠯᠠᠬᠤ ᠰᠠᠷᠠᠪᠴᠢ ᠵᠡᠷᠭᠡ)᠎ᠶᠢ ᠲᠤᠭᠢᠷᠠᠭᠤᠯᠤᠨ᠎ᠠ; ᠲᠦᠭᠦᠭᠡᠶ ᠤᠰᠤᠨ᠎ᠤ  ᠭᠠᠷᠤᠯᠲᠠ ᠬᠠᠩᠭᠠᠬᠤ᠎ᠶᠢ ᠴᠠᠭᠠᠵᠠᠯᠠᠵᠤ᠂ ᠬᠥᠯᠳᠡᠭᠡᠨ ᠪᠣᠯᠪᠠᠰᠤᠷᠠᠭᠤᠯᠤᠭ᠍ᠰᠠᠨ ᠪᠤᠭᠤᠷᠰᠤᠭ ᠎ᠢ ᠪᠣᠯᠭᠣᠮᠵᠢᠲᠠᠢ ᠬᠠᠩᠭᠠᠨ᠎ᠠ᠃

ᠲᠦᠭᠦᠬᠡᠢ ᠮᠠᠲᠧᠷᠢᠶᠠᠯ᠎ᠢ ᠬᠠᠮᠢᠶᠠᠷᠴᠤ ᠡᠵᠡᠮᠳᠡᠬᠦ ᠃ ᠪᠠᠷᠠᠭ᠎ᠠ ᠣᠷᠣᠭᠤᠯᠬᠤ ᠢᠷᠡᠯᠲᠡ᠎ᠶᠢ ᠴᠢᠩᠭ᠎ᠠ ᠪᠠᠢᠴᠠᠭᠠᠨ ᠰᠢᠯᠭᠠᠵᠤ᠂ ᠬᠠᠤᠯᠢ ᠶᠣᠰᠣᠨ᠎ᠤ ᠢᠷᠡᠯᠲᠡ ᠦᠭᠡᠢ᠂ ᠬᠤᠭᠤᠴᠠᠭ᠎ᠠ ᠨᠢ ᠥᠩᠭᠡᠷᠡᠭᠰᠡᠨ᠂ ᠴᠢᠨᠠᠷ ᠬᠤᠪᠢᠷᠠᠭᠰᠠᠨ ᠲᠦᠭᠦᠬᠡᠢ ᠮᠠᠲᠧᠷᠢᠶᠠᠯ᠎ᠢ ᠬᠡᠷᠡᠭᠯᠡᠬᠦ᠎ᠶᠢ ᠲᠡᠪᠴᠢᠨ᠎ᠠ; ᠮᠢᠬᠠᠨ᠎ᠤ ᠵᠦᠢᠯ / ᠤᠰᠤᠨ ᠭᠠᠷᠤᠯᠲᠠ᠎ᠶᠢᠨ ᠬᠦᠢᠲᠡᠨ᠎ᠢᠶᠠᠷ ᠬᠠᠳᠠᠭᠠᠯᠠᠬᠤ ᠳᠤᠯᠠᠭᠠᠨ᠎ᠤ ᠬᠡᠮᠵᠢᠶ᠎ᠡ᠄ 0- 8℃ ᠪᠠᠢᠬᠤ ᠬᠡᠷᠡᠭ᠌ᠲᠡᠢ; ᠭᠦᠯᠳᠡᠭᠡᠭᠦ ᠳᠤᠯᠠᠭᠠᠨ᠎ᠤ ᠬᠡᠮᠵᠢᠶ᠎ᠡ᠄≤-12℃ ᠪᠠᠢᠬᠤ ᠬᠡᠷᠡᠭ᠌ᠲᠡᠢ ᠃

ᠣᠷᠴᠢᠨ ᠲᠣᠭᠣᠷᠢᠨ᠎ᠤ ᠠᠷᠢᠭᠤᠨ ᠴᠡᠪᠡᠷ ᠃ ᠡᠳᠦᠷ ᠪᠦᠷᠢ᠎ᠶᠢᠨ ᠡᠵᠡᠩᠨᠡᠵᠦ ᠪᠠᠢᠭ᠎ᠠ ᠡᠮᠦᠨ᠎ᠡ ᠬᠣᠢᠨ᠎ᠠ ᠬᠣᠭ ᠨᠣᠪᠰᠢ᠎ᠶᠢᠨ ᠰᠠᠪᠠ᠎ᠶᠢ ᠲᠤᠢᠯᠪᠤᠷᠢᠲᠠᠢ ᠴᠡᠪᠡᠷᠯᠡᠵᠦ᠂ ᠬᠣᠭ ᠨᠣᠪᠰᠢ ᠵᠢᠴᠢ ᠲᠣᠭᠣᠭᠠᠨ ᠭᠡᠷ᠎ᠤᠨ ᠬᠠᠶᠠᠭᠳᠠᠮᠠᠯ ᠪᠣᠳᠠᠰ᠎ᠢ ᠴᠠᠭ ᠲᠤᠬᠠᠢ᠎ᠳᠤ ᠨᠢ ᠴᠡᠪᠡᠷᠯᠡᠨ᠎ᠡ ; ᠨᠡᠷᠡᠨ᠎ᠤ ᠭᠡᠷᠡᠯ ᠎ᠳᠦ ᠢᠳᠡᠭᠡᠨ᠎ᠢ ᠰᠢᠭᠤᠳ ᠲᠤᠰᠭᠠᠬᠤ᠎ᠠᠴᠠ ᠵᠠᠢᠯᠠᠰᠬᠢᠵᠦ᠂ ᠳᠡᠯᠭᠡᠭᠡ ᠮᠠᠢᠮᠠᠢ᠎ᠶᠢᠨ ᠭᠠᠵᠠᠷ ᠬᠠᠭᠤᠷᠠᠢ ᠴᠡᠪᠡᠷ ᠲᠡᠭᠰᠢ ᠪᠠᠢᠬᠤ᠎ᠶᠢ ᠪᠠᠲᠤᠯᠠᠨ᠎ᠠ ; ᠢᠳᠡᠭᠡᠨ᠎ᠤ ᠠᠮᠤᠷ ᠲᠦᠪᠰᠢᠨ᠎ᠤ ᠪᠠᠷᠢᠮᠵᠢᠶ᠎ᠠ᠎ᠳᠤ ᠨᠡᠢᠴᠡᠬᠦ ᠪᠣᠭᠣᠳᠠᠯᠯᠠᠬᠤ ᠬᠠᠢᠷᠴᠠᠭ /ᠤᠭᠤᠲᠠ ᠎ᠶ᠋ᠢ ᠬᠡᠷᠡᠭᠯᠡᠨ᠎ᠡ᠃

ᠭᠣᠣᠯᠳᠠᠯᠭ᠎ᠠ᠎ᠲᠠᠢ ᠴᠠᠭᠠᠵᠠᠯᠠᠬᠤ ᠵᠠᠷᠯᠢᠭ᠋᠃ ᠲᠦᠭᠦᠬᠡᠢ ᠢᠳᠡᠭᠡᠨ᠎ᠤ ᠲᠥᠷᠥᠯ᠎ᠤᠨ ᠤᠰᠤᠨ ᠭᠠᠷᠤᠯᠲᠠ ᠬᠠᠩᠭᠠᠬᠤ᠎ᠶᠢ ᠴᠠᠭᠠᠵᠠᠯᠠᠵᠤ᠂ ᠬᠥᠯᠳᠡᠭᠡᠵᠦ ᠪᠤᠯᠪᠠᠰᠤᠷᠠᠭᠤᠯᠬᠤ ᠪᠤᠭᠤᠷᠰᠤᠭ ᠵᠡᠷᠭᠡ ᠲᠦᠭᠰᠢᠭᠦᠷᠢ ᠶᠡᠬᠡᠲᠡᠢ ᠢᠳᠡᠭᠡᠨ᠎ᠢ ᠪᠣᠯᠭᠣᠮᠵᠢᠲᠠᠢ ᠬᠠᠩᠭᠠᠬᠤ ᠬᠡᠷᠡᠭᠲᠡᠢ᠃

ᠲᠣᠭᠲᠠᠭᠠᠯ᠎ᠳᠤ ᠨᠡᠢᠴᠡᠭᠦᠯᠦᠨ ᠡᠵᠡᠩᠨᠡᠬᠦ᠃ 《ᠭᠠᠳᠠᠨ᠎ᠠ ᠳᠡᠯᠭᠡᠬᠦ᠌》 ᠠᠵᠢᠯᠯᠠᠭ᠎ᠠ᠎ᠶᠢᠨ ᠡᠵᠡᠩᠨᠡᠯᠲᠡ᠎ᠶᠢᠨ ᠭᠣᠣᠯ ᠴᠣᠭᠴᠠ ᠨᠢ ᠬᠠᠮᠢᠶ᠎ᠠ ᠪᠦᠬᠦᠢ ᠬᠤᠲᠠ᠎ᠶᠢᠨ ᠬᠠᠮᠢᠶᠠᠷᠤᠯᠲᠠ᠎ᠶᠢᠨ ᠲᠣᠭᠲᠠᠭᠠᠯ᠎ᠳᠤ ᠨᠡᠢᠴᠡᠵᠦ᠂ ᠲᠣᠭᠲᠠᠭᠠᠯ᠎ᠤᠨ ᠳᠣᠲᠣᠷ᠎ᠠ ᠬᠠᠮᠢᠶ᠎ᠠ ᠪᠦᠬᠦᠢ ᠡᠵᠡᠩᠨᠡᠯᠲᠡ᠎ᠶᠢᠨ ᠠᠵᠢᠯᠯᠠᠭ᠎ᠠ ᠬᠢᠬᠦ ᠬᠡᠷᠡᠭᠲᠡᠢ᠃

ᠬᠡᠷᠡᠭᠯᠡᠭᠴᠢᠳ᠎ᠤᠨ ᠠᠩᠬᠠᠷᠬᠤ ᠵᠦᠢᠯ

ᠬᠤᠳᠠᠯᠳᠤᠨ ᠠᠪᠬᠤ᠎ᠠᠴᠠ ᠡᠮᠦᠨ᠎ᠡ ᠳᠡᠯᠭᠡᠭᠡ ᠮᠠᠢᠮᠠᠢ᠎ᠶᠢᠨ ᠪᠠᠢᠷᠢ ᠶᠢᠨ ᠦᠨᠡᠮᠯᠡᠯ ᠵᠢᠴᠢ ᠠᠵᠢᠯ ᠡᠷᠬᠢᠯᠡᠭᠰᠡᠳ᠎ᠤᠨ ᠡᠷᠡᠭᠦᠯ ᠮᠡᠨᠳᠦ᠎ᠶᠢᠨ ᠮᠡᠳᠡᠭᠡ ᠵᠠᠩᠭᠢ᠎ᠶᠢ ᠪᠠᠢᠴᠠᠭᠠᠨ ᠦᠵᠡᠨ᠎ᠡ᠃

ᠬᠡᠷᠡᠭᠴᠡᠭᠡ ᠎ᠶ᠋ᠢᠨ ᠬᠡᠮᠵᠢᠶ᠎ᠡ ᠎ᠪᠡᠷ ᠎ᠢᠶᠡᠨ ᠬᠤᠳᠠᠯᠳᠤᠨ ᠠᠪᠴᠤ ᠂ ᠰᠣᠬᠣᠷ ᠪᠠᠯᠠᠢ ᠎ᠪᠠᠷ ᠳᠠᠭᠠᠵᠦ ᠪᠤᠯᠬᠤ ᠦᠭᠡᠢ᠃

ᠢᠳᠡᠭᠡᠨ᠎ᠤ ᠠᠮᠤᠷ ᠲᠦᠪᠰᠢᠨ᠎ᠤ ᠠᠰᠠᠭᠤᠳᠠᠯ ᠲᠣᠬᠢᠶᠠᠯᠳᠤᠪᠠᠯ ᠳᠠᠷᠤᠢᠬᠠᠨ 12315 ᠪᠤᠶᠤ 12345᠎ᠳᠤ ᠤᠲᠠᠰᠤᠳᠠᠭᠠᠳ ᠢᠯᠡᠴᠢᠯᠡᠨ ᠮᠡᠳᠡᠭᠦᠯᠦᠭᠡᠷᠡᠢ᠃

ᠵᠤᠨ᠎ᠤ ᠤᠯᠠᠷᠢᠯ᠎ᠤᠨ ᠥᠨᠳᠥᠷ ᠳᠤᠯᠠᠭᠠᠨ ᠎ᠳᠤ ᠂ 《ᠭᠠᠳᠠᠨ᠎ᠠ ᠳᠡᠯᠭᠡᠬᠦ᠌》 ᠢᠳᠡᠭᠡᠨ ᠤᠮᠳᠠᠭᠠᠨ ᠎ᠤ ᠢᠳᠡᠭᠡᠨ᠎ᠦ ᠠᠮᠤᠷ ᠲᠦᠪᠰᠢᠨ᠎ᠦ ᠬᠣᠷᠢᠭ᠎ᠠ ᠱᠤᠭᠤᠮ᠎ᠢ ᠴᠢᠩᠭ᠎ᠠ ᠰᠠᠬᠢᠬᠤ ᠬᠡᠷᠡᠭᠲᠡᠢ! ᠡᠵᠡᠩᠨᠡᠭᠴᠢ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠨᠠᠢᠳᠠᠪᠤᠷᠢᠵᠢᠭᠤᠯᠵᠤ᠂ ᠬᠡᠷᠡᠭᠯᠡᠭᠴᠢᠳ ᠲᠣᠭᠲᠠᠭᠠᠯ᠎ᠳᠤ ᠨᠡᠢᠴᠡᠭᠰᠡᠨ ᠳᠡᠯᠭᠡᠭᠦᠷ᠎ᠤᠨ ᠣᠷᠣᠨ ᠪᠠᠢᠷᠢ᠎ᠪᠠᠨ ᠣᠨᠣᠪᠴᠢᠲᠠᠶ ᠲᠠᠨᠢᠵᠤ᠂ 《ᠢᠳᠡᠭᠡᠨ ᠤᠮᠳᠠᠭᠠᠨ᠎ᠤ ᠠᠮᠤᠷ ᠲᠦᠪᠰᠢᠨ》᠎ᠢ ᠬᠠᠮᠲᠤ᠎ᠪᠠᠷ ᠰᠠᠬᠢᠨ ᠬᠠᠮᠠᠭᠠᠯᠠᠵᠠᠭᠠᠶ᠎ᠠ!

 

ᠢᠷᠡᠯᠲᠡ᠄ ᠢᠳᠡᠭᠡᠨ ᠤᠮᠳᠠᠭᠠᠨ᠎ᠤ ᠬᠢᠨᠠᠯᠲᠠ ᠬᠠᠮᠢᠶᠠᠷᠤᠯᠲᠠ᠎ᠶᠢᠨ ᠭᠠᠵᠠᠷ