ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠲᠤ ᠪᠡᠯᠡᠨ ᠵᠣᠭᠣᠰ ᠬᠠᠳᠠᠭ᠋ᠠᠯᠠᠬᠤ ᠪᠠ ᠭᠠᠷᠭ᠋ᠠᠵᠤ ᠠᠪᠴᠤ ᠪᠣᠯᠬᠤ ᠪᠣᠯᠪᠠ
2024-12-17

    ᠨᠡᠶ᠋ᠢᠭᠡᠮ᠎ᠤᠨ ᠪᠠᠲᠤᠯᠠᠭ᠎ᠠ ᠵᠢᠨ ᠺᠠᠷᠲ ᠵᠶ᠋ᠠᠷ ᠮᠥᠩᠭᠥᠨ ᠭᠦᠢ᠍ᠯᠭᠡᠭᠡᠨ᠎ᠤ ᠴᠢᠳᠠᠮᠵᠢ ᠵᠢ ᠠᠴᠢᠶᠠᠯᠠᠭᠰᠠᠨ᠎ᠤ  ᠳᠠᠷᠠᠭ᠎ᠠ  ᠡᠩ ᠎ᠤᠨ  ᠪᠠᠩᠬᠢ ᠎ᠪᠠᠷ  ᠺᠠᠷᠲ  ᠪᠣᠯᠭ᠋ᠠᠨ  ᠬᠡᠷᠡᠭᠯᠡᠵᠦ  ᠪᠣᠯᠤᠨ᠎ᠠ᠃ ᠪᠡᠯᠡᠨ ᠵᠣᠭᠣᠰ ᠬᠠᠳᠠᠭ᠋ᠠᠯᠠᠬᠤ ᠭᠠᠷᠭ᠋ᠠᠬᠤ᠂ ᠳᠠᠩᠰᠠ ᠰᠢᠯᠵᠢᠭᠦᠯᠬᠦ᠂ ᠬᠡᠷᠡᠭᠯᠡᠬᠦ ᠵᠡᠷᠭᠡ ᠴᠢᠳᠠᠪᠤᠷᠢ᠎ᠲᠠᠢ ᠪᠠᠶ᠋ᠢᠵᠤ᠂ ᠡᠯ᠎ᠡ ᠲᠥᠷᠥᠯ᠎ᠤᠨ ᠰᠦᠢ᠍ᠳᠬᠡᠯ ᠲᠤᠰᠢᠶᠠᠬᠤ ᠪᠠ ᠣᠯᠭᠣᠮᠵᠢ ᠠᠪᠬᠤ ᠵᠢ ᠳᠡᠮᠵᠢᠨ᠎ᠡ᠂ ᠡᠭᠦᠨ᠎ᠳᠤ ᠨᠡᠶ᠋ᠢᠭᠡᠮ᠎ᠤᠨ ᠳᠠᠭ᠋ᠠᠳᠬᠠᠯ᠎ᠤᠨ ᠰᠦᠢ᠍ᠳᠬᠡᠯ ᠲᠤᠰᠢᠶᠠᠬᠤ᠂ ᠠᠵᠢᠯᠲᠠᠨ᠎ᠤ ᠶᠠᠪᠤᠳᠠᠯ᠎ᠤᠨ ᠴᠢᠳᠠᠪᠤᠷᠢᠲᠠᠨ ᠰᠢᠯᠭ᠋ᠠᠭᠤᠯᠬᠤ  ᠰᠦᠢ᠍ᠳᠬᠡᠯ ᠲᠤᠰᠢᠶᠠᠬᠤ᠂ ᠨᠡᠶ᠋ᠢᠭᠡᠮ᠎ᠤᠨ ᠳᠠᠭ᠋ᠠᠳᠬᠠᠯ᠎ᠤᠨ ᠲᠣᠭᠲᠠᠮᠠᠯ ᠬᠤᠭᠤᠴᠠᠭ᠎ᠠ᠎ᠲᠠᠢ ᠎ᠪᠠᠷ  ᠣᠯᠭᠣᠮᠵᠢ  ᠪᠠ  ᠨᠢᠭᠡ  ᠤᠳᠠᠭ᠎ᠠ ᠵᠢᠨ  ᠴᠢᠨᠠᠷᠲᠠᠶ  ᠣᠯᠭᠣᠮᠵᠢ  ᠠᠪᠬᠤ᠂ ᠠᠵᠢᠯ ᠣᠯᠭᠣᠬᠤ ᠨᠥᠬᠥᠪᠥᠷᠢ ᠵᠢᠨ ᠪᠡᠯᠡ ᠮᠥᠩᠭᠥ ᠠᠪᠬᠤ᠂ ᠭᠣᠤᠯᠳᠠᠯᠭ᠎ᠠ᠎ᠲᠠᠢ ᠠᠵᠢᠯ ᠲᠥᠷᠥᠯ (ᠠᠵᠤ ᠠᠬᠤᠶ᠋ᠢᠯᠠᠯ)᠎ᠤᠨ ᠲᠠᠷᠢᠶᠠᠴᠢᠨ᠎ᠤ ᠬᠦᠴᠦ ᠶᠠᠪᠤᠭᠰᠠᠳ᠎ᠤᠨ ᠴᠠᠯᠢᠩ ᠠᠪᠬᠤ᠂ ᠠᠷᠠᠳ᠎ᠲᠤ ᠠᠰᠢᠭ ᠬᠦᠷᠲᠡᠭᠡᠬᠦ ᠲᠠᠷᠢᠶᠠᠴᠢᠳ᠎ᠲᠤ ᠠᠰᠢᠭ ᠬᠦᠷᠲᠡᠭᠡᠬᠦ ᠡᠳ᠋᠎ᠤᠨ ᠵᠠᠰᠠᠭ᠎ᠤᠨ ᠨᠥᠬᠥᠪᠥᠷᠢ ᠵᠢᠨ ᠪᠡᠯᠡ ᠮᠥᠩᠭᠥ ᠠᠪᠬᠤ ᠵᠡᠷᠭᠡ ᠵᠢ ᠪᠠᠭᠲᠠᠭ᠋ᠠᠨ᠎ᠠ ᠃

    ᠮᠥᠩᠭᠥᠨ ᠭᠦᠢ᠍ᠯᠭᠡᠭᠡᠨ᠎ᠤ ᠦᠢ᠍ᠯᠡᠳᠦᠯ᠎ᠢ ᠬᠡᠷᠬᠢᠨ  ᠢᠳᠡᠪᠬᠢᠵᠢᠭᠦᠯᠬᠦ ᠪᠤᠢ? ᠢᠳᠡᠪᠬᠢᠵᠢᠭᠦᠯᠬᠦ  ᠦᠭᠡᠢ ᠪᠣᠯ  ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠤᠨ ᠬᠡᠷᠡᠭᠯᠡᠯᠲᠡ ᠵᠢ ᠨᠦᠯᠦᠭᠡᠯᠡᠨ᠎ᠡ  ᠦᠦ?

    ᠪᠠᠩᠬᠢ ᠵᠢᠨ ᠬᠢᠨᠠᠯᠲᠠ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠲᠤᠰ ᠬᠥᠮᠦᠨ᠎ᠨᠢ ᠬᠦᠴᠦᠨ ᠪᠦᠬᠦᠢ ᠪᠡᠶ᠎ᠡ ᠵᠢᠨ ᠦᠨᠡᠮᠯᠡᠯ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ  ᠺᠠᠷᠲ ᠵᠶ᠋ᠠᠨ ᠠᠪᠴᠤ  ᠺᠠᠷᠲ ᠳᠡᠭᠡᠷ᠎ᠡ ᠲᠣᠳᠣᠷᠬᠠᠶ᠋ᠢᠯᠠᠭᠰᠠᠨ ᠨᠡᠶ᠋ᠢᠭᠡᠮ᠎ᠤᠨ ᠪᠠᠲᠤᠯᠠᠭ᠎ᠠ ᠵᠢᠨ  ᠺᠠᠷᠲ᠎ᠤᠨ ᠦᠢ᠍ᠯᠡᠴᠢᠯᠡᠭᠡᠨ᠎ᠤ ᠪᠠᠩᠬᠢ ᠵᠢᠨ ᠯᠠᠩᠭᠦᠶ᠎ᠳᠤ ᠬᠦᠷᠴᠦ ᠭᠦᠢ᠍ᠴᠡᠳᠬᠡᠬᠦ ᠬᠡᠷᠡᠭᠲᠡᠶ᠂ ᠠᠳᠠᠯᠢ ᠨᠢᠭᠡᠨ ᠪᠠᠩᠬᠢ ᠵᠢᠨ ᠪᠦᠬᠦ ᠤᠯᠤᠰ᠎ᠤᠨ ᠲᠣᠤᠷ ᠴᠡᠭ᠎ᠲᠤ  ᠴᠥᠮ ᠢᠳᠡᠪᠬᠢᠵᠢᠭᠦᠯᠵᠦ ᠪᠣᠯᠣᠨ᠎ᠠ ᠃

    ᠣᠳᠣᠬᠠᠨ᠎ᠳᠤ᠂ ᠪᠥᠬᠦ ᠤᠯᠤᠰ᠎ᠤᠨ ᠶᠡᠬᠡᠩᠬᠢ ᠭᠠᠵᠠᠷ ᠣᠷᠣᠨ᠎ᠳᠤ ᠨᠢᠭᠡᠨᠲᠡ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠤᠨ ᠦᠢ᠍ᠯᠡᠴᠢᠯᠡᠭᠡᠨ᠎ᠤ ᠪᠠᠩᠬᠢ ᠵᠢᠨ ᠴᠣᠩᠬᠤᠪᠴᠢ᠎ᠳᠤ  ᠨᠡᠶ᠋ᠢᠭᠡᠮ᠎ᠤᠨ ᠪᠠᠲᠤᠯᠠᠭ᠎ᠠ ᠵᠢᠨ ᠴᠢᠳᠠᠮᠵᠢ ᠵᠢ ᠡᠬᠢᠯᠡᠨ ᠬᠡᠷᠡᠭᠯᠡᠬᠦ ᠪᠠ ᠮᠥᠩᠭᠦᠨ ᠭᠦᠢ᠍ᠯᠭᠡᠭᠡᠨ᠎ᠤ ᠴᠢᠳᠠᠮᠵᠢ ᠵᠢ ᠢᠳᠡᠪᠬᠢᠵᠢᠭᠦᠯᠬᠦ ᠵᠢ ᠪᠡᠶᠡᠯᠡᠭᠦᠯᠪᠡ᠃ ᠬᠡᠰᠡᠭ ᠭᠠᠵᠠᠷ ᠣᠷᠣᠨ ᠦᠢ᠍ᠯᠡᠴᠢᠯᠡᠭᠡᠨ᠎ᠤ ᠪᠠᠩᠬᠢ ᠵᠢᠨ ᠴᠣᠩᠬᠤᠪᠴᠢ ᠵᠢ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠶᠡᠭᠡ ᠲᠢᠩᠬᠢᠮ ᠬᠦᠷᠲᠡᠯ᠎ᠡ ᠤᠷᠲᠤᠳᠬᠠᠬᠤ ᠵᠢ ᠰᠦᠪᠡᠭᠴᠢᠯᠡᠵᠦ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠭᠠᠷᠲᠠᠨ ᠭᠦᠢ᠍ᠴᠡᠳᠭᠡᠬᠦ ᠲᠢᠩᠬᠢᠮ᠎ᠳᠤ ᠳᠠᠷᠤᠶ ᠨᠡᠶ᠋ᠢᠭᠡᠮ᠎ᠤᠨ ᠪᠠᠲᠤᠯᠠᠭ᠎ᠠ ᠵᠢᠨ ᠴᠢᠳᠠᠮᠵᠢ ᠵᠢ ᠡᠬᠢᠯᠡᠨ ᠬᠡᠷᠡᠭᠯᠡᠬᠦ ᠪᠠ ᠮᠥᠩᠭᠦᠨ ᠭᠦᠢ᠍ᠯᠭᠡᠭᠡᠨ᠎ᠤ ᠴᠢᠳᠠᠮᠵᠢ ᠵᠢ ᠢᠳᠡᠪᠬᠢᠵᠢᠭᠦᠯᠬᠦ ᠵᠢ ᠪᠡᠶᠡᠯᠡᠭᠦᠯᠵᠦ ᠪᠣᠯᠤᠨ᠎ᠠ᠃

    ᠥᠨᠳᠥᠷ ᠨᠠᠰᠤᠲᠠᠶ᠂ ᠬᠦᠨᠳᠦ ᠡᠪᠡᠳᠴᠢᠨ᠎ᠲᠠᠢ᠂ ᠰᠢᠷᠬᠠᠲᠤᠵᠤ ᠵᠡᠮᠳᠡᠭᠷᠡᠭᠰᠡᠨ  ᠵᠡᠷᠭᠡ ᠬᠥᠳᠡᠯᠵᠦ ᠪᠠᠷᠢᠬᠤ᠎ᠳᠤ ᠳᠥᠭᠦᠮ ᠦᠭᠡᠢ ᠣᠨᠴᠠᠭ᠋ᠠᠶ ᠬᠥᠮᠦᠰ᠎ᠲᠤ ᠬᠠᠮᠢᠶ᠎ᠠ ᠪᠦᠬᠦᠢ  ᠳᠠᠷᠠᠭ᠋ᠠᠯᠠᠯ᠎ᠤᠨ ᠶᠣᠰᠣᠭ᠋ᠠᠷ ᠨᠡᠶ᠋ᠢᠭᠡᠮ᠎ᠤᠨ ᠪᠠᠲᠤᠯᠠᠭ᠎ᠠ ᠵᠢᠨ  ᠺᠠᠷᠲ᠎ᠤᠨ ᠦᠢ᠍ᠯᠡᠴᠢᠯᠡᠭᠡᠨ᠎ᠤ ᠪᠠᠩᠬᠢ᠎ᠳᠤ ᠭᠤᠶᠤᠴᠢᠯᠠᠨ ᠬᠡᠷ᠎ᠲᠤ᠎ᠨᠢ ᠬᠦᠷᠴᠦ ᠦᠢ᠍ᠯᠡᠴᠢᠯᠡᠭᠡ ᠬᠠᠩᠭ᠋ᠠᠬᠤ ᠪᠤᠶᠤ ᠣᠷᠣᠯᠠᠨ ᠭᠦᠢ᠍ᠴᠡᠳᠬᠡᠬᠦ ᠦᠢ᠍ᠯᠡᠴᠢᠯᠡᠭᠡ ᠬᠠᠩᠭ᠋ᠠᠯᠭ᠋ᠠᠵᠤ  ᠪᠣᠯᠤᠨ᠎ᠠ᠃

     ᠺᠠᠷᠲ ᠬᠡᠷᠡᠭᠯᠡᠭᠴᠢ ᠨᠡᠢ᠌ᠭᠡᠮ᠎ᠤᠨ  ᠪᠠᠲᠤᠯᠠᠭ᠎ᠠ ᠵᠢᠨ ᠺᠠᠷᠲ ᠵᠶ᠋ᠡᠨ  ᠠᠪᠤᠭᠰᠠᠨ᠎ᠤ ᠳᠠᠷᠠᠭ᠎ᠠ᠂ ᠬᠡᠷᠪᠡ ᠨᠡᠢ᠌ᠭᠡᠮ᠎ᠤᠨ  ᠪᠠᠲᠤᠯᠠᠭ᠎ᠠ ᠵᠢᠨ ᠴᠢᠳᠠᠮᠵᠢ᠎ᠪᠠᠨ ᠡᠬᠢᠯᠡᠨ ᠬᠡᠷᠡᠭᠯᠡᠭᠡᠳ  ᠮᠥᠩᠭᠥᠨ ᠭᠦᠢ᠍ᠯᠭᠡᠭᠡᠨ᠎ᠤ ᠴᠢᠳᠠᠮᠵᠢ ᠵᠢ ᠢᠳᠡᠪᠬᠢᠵᠢᠭᠦᠯᠦᠭᠰᠡᠨ  ᠦᠭᠡᠢ ᠪᠠᠢ᠌ᠪᠠᠯ ᠨᠡᠢ᠌ᠭᠡᠮ᠎ᠤᠨ ᠪᠠᠲᠤᠯᠠᠭ᠎ᠠ ᠵᠢᠨ ᠺᠠᠷᠲ᠎ᠤᠨ ᠨᠡᠢ᠌ᠭᠡᠮ᠎ᠤᠨ ᠪᠠᠲᠤᠯᠠᠭ᠎ᠠ ᠵᠢᠨ  ᠴᠢᠳᠠᠮᠵᠢ ᠵᠢ ᠬᠡᠪ᠎ᠤᠨ ᠶᠣᠰᠣᠭ᠋ᠠᠷ ᠬᠡᠷᠡᠭᠯᠡᠵᠦ ᠪᠣᠯᠣᠭᠰᠠᠨ ᠴᠤ᠌ ᠨᠡᠢ᠌ᠭᠡᠮ᠎ᠤᠨ ᠪᠠᠲᠤᠯᠠᠭ᠎ᠠ ᠵᠢᠨ  ᠺᠠᠷᠲ᠎ᠤᠨ ᠪᠠᠩᠬᠢ ᠵᠢᠨ ᠳᠠᠩᠰᠠᠨ ᠡᠷᠦᠬᠡ ᠵᠢ ᠬᠡᠷᠡᠭᠯᠡᠵᠦ ᠳᠡᠢ᠌ᠯᠬᠦ  ᠦᠭᠡᠢ ᠃

    ᠤᠷᠲᠤ ᠬᠤᠭᠤᠴᠠᠭ᠎ᠠ᠎ᠪᠠᠷ ᠢᠳᠡᠪᠬᠢᠵᠢᠭᠦᠯᠦᠭᠰᠡᠨ ᠦᠭᠡᠢ ᠪᠣᠯ ᠰᠡᠭᠦᠯᠴᠢ ᠵᠢᠨ ᠬᠤᠭᠤᠴᠠᠭ᠋ᠠᠨ᠎ᠳᠤ ᠪᠠᠰᠠ ᠢᠳᠡᠪᠬᠢᠵᠢᠭᠦᠯᠵᠦ ᠪᠣᠯᠤᠨ᠎ᠠ ᠤᠤ?

    ᠢᠳᠡᠪᠬᠢᠵᠢᠭᠦᠯᠵᠦ ᠪᠣᠯᠣᠨ᠎ᠠ᠃ ᠳᠡᠭᠡᠷ᠎ᠡ ᠳᠤᠷᠠᠳᠤᠭᠰᠠᠨ ᠠᠯᠬᠤᠮ ᠳᠠᠷᠠᠭ᠎ᠠ᠎ᠪᠠᠷ ᠠᠵᠢᠯᠯᠠᠭᠤᠯᠪᠠᠯ  ᠪᠣᠯᠴᠢᠬᠠᠨ᠎ᠠ᠃

    ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠤᠨ ᠮᠥᠩᠭᠦᠨ ᠭᠦᠢ᠍ᠯᠭᠡᠭᠡᠨ᠎ᠤ ᠴᠢᠳᠠᠮᠵᠢ᠎ᠨᠢ ᠬᠤᠭᠤᠴᠠᠭ᠎ᠠ᠎ᠨᠢ ᠲᠤᠯᠪᠠᠯ  ᠶᠠᠭ᠋ᠠᠬᠢᠪᠠᠯ ᠵᠣᠬᠢᠬᠤ ᠪᠤᠢ?

    ᠨᠡᠶ᠋ᠢᠭᠡᠮ᠎ᠤᠨ ᠪᠠᠲᠤᠯᠠᠭ᠎ᠠ ᠵᠢᠨ  ᠺᠠᠷᠲ᠎ᠤᠨ ᠬᠦᠴᠦᠨ᠎ᠲᠠᠢ ᠬᠤᠭᠤᠴᠠᠭ᠎ᠠ᠎ᠨᠢ ᠲᠤᠯᠪᠠᠯ ᠂ ᠨᠡᠶ᠋ᠢᠭᠡᠮ᠎ᠤᠨ ᠪᠠᠲᠤᠯᠠᠭ᠎ᠠ ᠵᠢᠨ  ᠺᠠᠷᠲ᠎ᠤᠨ ᠦᠢ᠍ᠯᠡᠴᠢᠯᠡᠭᠡᠨ᠎ᠤ ᠪᠠᠩᠬᠢ ᠵᠢᠨ ᠲᠣᠤᠷ ᠴᠡᠭ ᠪᠤᠶᠤ ᠰᠦᠯᠵᠢᠶᠡᠨ ᠳᠡᠭᠡᠷᠡᠬᠢ ᠦᠢ᠍ᠯᠡᠴᠢᠯᠡᠭᠡᠨ᠎ᠤ ᠠᠷᠭ᠎ᠠ ᠵᠠᠮ ᠵᠶ᠋ᠠᠷ ᠳᠠᠮᠵᠢᠨ  ᠰᠣᠯᠢᠵᠤ ᠠᠪᠬᠤ᠎ᠪᠠᠷ  ᠭᠤᠶᠤᠴᠢᠯᠠᠵᠤ ᠪᠣᠯᠤᠨ᠎ᠠ᠃

    ᠡᠩ᠎ᠤᠨ ᠪᠠᠶ᠋ᠢᠳᠠᠯ᠎ᠳᠤ ᠂ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠤᠨ ᠬᠦᠴᠦᠨ᠎ᠲᠠᠢ ᠬᠤᠭᠤᠴᠠᠭ᠎ᠠ ᠲᠤᠯᠬᠤ᠎ᠠᠴᠠ  ᠡᠮᠦᠨ᠎ᠡ᠂ ᠡᠯ᠎ᠡ ᠭᠠᠵᠠᠷ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ ᠪᠣᠯᠤᠨ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠤᠨ ᠦᠢ᠍ᠯᠡᠴᠢᠯᠡᠭᠡᠨ᠎ᠤ ᠪᠠᠩᠬᠢ ᠵᠢᠨ᠎ᠬᠢᠨ ᠣᠬᠤᠷ ᠮᠡᠳᠡᠭᠡ᠂ ᠵᠠᠷᠯᠠᠯ  ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠰᠠᠨᠠᠭᠤᠯᠤᠮᠵᠢ ᠥᠭᠬᠦ ᠪᠣᠯᠤᠨ᠎ᠠ᠃ ᠬᠡᠰᠡᠭ ᠭᠠᠵᠠᠷ ᠣᠷᠣᠨ᠎ᠤ᠎ᠬᠢᠨ ᠨᠡᠶ᠋ᠢᠭᠡᠮ᠎ᠤᠨ ᠪᠠᠲᠤᠯᠠᠭ᠎ᠠ ᠵᠢᠨ  ᠺᠠᠷᠲ ᠳᠡᠭᠡᠷ᠎ᠡ᠎ᠪᠠᠨ  ᠬᠦᠴᠦᠨ᠎ᠲᠠᠢ  ᠬᠤᠭᠤᠴᠠᠭ᠎ᠠ᠎ᠪᠠᠨ ᠨᠢᠭᠡᠨᠲᠡ ᠲᠤᠳᠤᠷᠬᠠᠢ᠌ᠯᠠᠭᠰᠠᠨ ᠪᠠᠢ᠌ᠳᠠᠭ ᠃

    ᠺᠠᠷᠲ ᠭᠠᠷᠳᠠᠭᠴᠢ᠎ᠠᠴᠠ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠤᠨ ᠬᠦᠴᠦᠨ᠎ᠲᠠᠢ ᠬᠤᠭᠤᠴᠠᠭ᠎ᠠ᠎ᠨᠢ ᠲᠤᠯᠬᠤ᠎ᠠᠴᠠ ᠡᠮᠦᠨ᠎ᠡ ᠵᠢᠷᠠ ᠬᠣᠨᠣᠭ᠎ᠲᠤ ᠰᠣᠯᠢᠵᠤ ᠠᠪᠬᠤ᠎ᠪᠠᠷ ᠭᠤᠶᠤᠴᠢᠯᠠᠵᠤ  ᠪᠣᠯᠣᠨ᠎ᠠ ᠂ ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠢ ᠰᠣᠯᠢᠵᠤ ᠠᠪᠬᠤ ᠶᠠᠪᠤᠴᠠ᠎ᠨᠢ ᠰᠢᠨ᠎ᠡ᠎ᠪᠠᠷ ᠭᠤᠶᠤᠴᠢᠯᠠᠨ ᠠᠪᠬᠤ ᠶᠠᠪᠤᠴᠠ᠎ᠲᠠᠢ  ᠠᠳᠠᠯᠢ ᠪᠠᠢ᠌ᠳᠠᠭ ᠃

    ᠮᠥᠩᠭᠥᠨ ᠭᠦᠢ᠍ᠯᠭᠡᠭᠡᠨ᠎ᠤ ᠴᠢᠳᠠᠮᠵᠢ ᠵᠢᠨ ᠬᠤᠭᠤᠴᠠᠭ᠎ᠠ᠎ᠨᠢ ᠥᠩᠭᠡᠷᠡᠭᠰᠡᠨ ᠴᠤ᠌  ᠨᠡᠶ᠋ᠢᠭᠡᠮ᠎ᠤᠨ ᠪᠠᠲᠤᠯᠠᠭ᠎ᠠ ᠵᠢᠨ ᠴᠢᠳᠠᠮᠵᠢ ᠵᠢᠨ ᠬᠡᠷᠡᠭᠯᠡᠯᠲᠡ ᠵᠢ ᠨᠥᠯᠥᠭᠡᠯᠡᠬᠦ ᠦᠭᠡᠶ ᠪᠠᠢ᠌ᠳᠠᠭ ᠃

    ᠪᠣᠳᠠᠲᠤ ᠴᠣᠭᠴᠠ ᠵᠢᠨ ᠨᠡᠢ᠌ᠭᠡᠮ᠎ᠤᠨ ᠪᠠᠲᠤᠯᠠᠭ᠎ᠠ ᠵᠢᠨ  ᠺᠠᠷᠲ᠎ᠤᠨ ᠬᠤᠭᠤᠴᠠᠭ᠎ᠠ᠎ᠨᠢ ᠲᠣᠯᠣᠭᠰᠠᠨ ᠴᠤ᠌  ᠡᠯᠧᠺᠲᠷᠣᠨ ᠨᠡᠢ᠌ᠭᠡᠮ᠎ᠤᠨ  ᠪᠠᠲᠤᠯᠠᠭ᠎ᠠ ᠵᠢᠨ ᠺᠠᠷᠲ᠎ᠤᠨ ᠬᠡᠷᠡᠭᠯᠡᠯᠲᠡ ᠵᠢ ᠨᠥᠯᠥᠭᠡᠯᠡᠬᠦ ᠥᠬᠡᠢ᠃ ᠣᠳᠣᠬᠠᠨ᠎ᠳᠤ ᠡᠯ᠎ᠡ ᠭᠠᠵᠠᠷ᠎ᠤᠨ᠎ᠬᠢᠨ ᠨᠢᠭᠡᠨᠲᠡ 《  ᠺᠠᠷᠲ ᠪᠠᠷᠢᠨ ᠰᠣᠯᠢᠵᠤ ᠠᠪᠬᠤ 》  ᠦᠢ᠍ᠯᠡᠴᠢᠯᠡᠭᠡ ᠵᠢ ᠨᠡᠶ᠋ᠢᠳᠡᠮ ᠪᠡᠶᠡᠯᠡᠭᠦᠯᠪᠡ ᠂ ᠺᠠᠷᠲ ᠰᠣᠯᠢᠬᠤ ᠪᠣᠳᠠᠲᠠᠶ ᠠᠷᠭ᠎ᠠ ᠵᠠᠮ᠂ ᠦᠢ᠍ᠯᠡᠴᠢᠯᠡᠭᠡᠨ᠎ᠤ ᠠᠷᠭ᠎ᠠ ᠮᠠᠶᠢᠭ ᠵᠡᠷᠭᠡ ᠵᠢ  ᠺᠠᠷᠲ ᠲᠠᠷᠬᠠᠭ᠋ᠠᠭᠰᠠᠨ  ᠭᠠᠵᠠᠷ᠎ᠤᠨ 12333 ᠦᠢ᠍ᠯᠡᠴᠢᠯᠡᠭᠡᠨ᠎ᠤ  ᠬᠠᠯᠠᠮᠰᠢᠯ ᠤᠲᠠᠰᠤ᠎ᠪᠠᠷ ᠠᠰᠠᠭᠤᠨ ᠯᠠᠪᠯᠠᠭ᠋ᠠᠷᠠᠢ ᠃

    ᠨᠡᠶ᠋ᠢᠭᠡᠮ᠎ᠤᠨ ᠪᠠᠲᠤᠯᠠᠭ᠎ᠠ ᠵᠢᠨ ᠺᠠᠷᠲ ᠬᠤᠭᠤᠴᠠᠭ᠎ᠠ᠎ᠨᠢ  ᠲᠤᠯᠪᠠᠯ  ᠪᠠᠰᠠ ᠦᠷᠭᠦᠯᠵᠢᠯᠡᠨ ᠮᠥᠩᠭᠥᠨ ᠭᠦᠢ᠍ᠯᠭᠡᠭᠡᠨ᠎ᠤ ᠴᠢᠳᠠᠮᠵᠢ ᠵᠢ ᠬᠡᠷᠡᠭᠯᠡᠨ ᠵᠣᠭᠣᠰ ᠭᠠᠷᠭ᠋ᠠᠬᠤ ᠪᠠ ᠵᠣᠭᠣᠰ ᠬᠠᠳᠠᠭ᠋ᠠᠯᠠᠵᠤ ᠪᠣᠯᠤᠨ᠎ᠠ ᠤᠤ?

    ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠤᠨ ᠬᠦᠴᠦᠨ᠎ᠲᠠᠢ ᠬᠤᠭᠤᠴᠠᠭ᠎ᠠ᠎ᠨᠢ ᠲᠣᠯᠣᠭᠰᠠᠨ᠎ᠤ  ᠳᠠᠷᠠᠭ᠎ᠠ᠂ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠡᠯ᠎ᠡ ᠵᠦᠢ᠍ᠯ᠎ᠤᠨ ᠲᠤᠬᠠᠶ᠋ᠢᠯᠠᠭᠰᠠᠨ ᠠᠵᠢᠯ᠎ᠢ ᠬᠡᠪ᠎ᠤᠨ ᠶᠣᠰᠣᠭ᠋ᠠᠷ ᠭᠦᠢ᠍ᠴᠡᠳᠬᠡᠵᠦ  ᠪᠣᠯᠤᠨ᠎ᠠ᠂ ᠮᠥᠩᠭᠥᠨ ᠭᠦᠢ᠍ᠯᠭᠡᠭᠡᠨ᠎ᠤ ᠴᠢᠳᠠᠮᠵᠢ ᠵᠢ ᠡᠩ᠎ᠤᠨ ᠪᠠᠶ᠋ᠢᠳᠠᠯ᠎ᠳᠤ ᠬᠤᠭᠤᠴᠠᠭ᠎ᠠ ᠬᠢᠵᠠᠭ᠋ᠠᠷᠯᠠᠨ ᠬᠦᠴᠦᠨ ᠦᠭᠡᠶ ᠪᠣᠯᠭ᠋ᠠᠬᠤ᠎ᠪᠠᠷ ᠱᠠᠭ᠋ᠠᠷᠳᠠᠳᠠᠭ ᠂ ᠡᠯ᠎ᠡ ᠪᠠᠩᠬᠢ ᠵᠢᠨ ᠲᠣᠭᠲᠠᠭ᠋ᠠᠯ᠎ᠨᠢ ᠠᠳᠠᠯᠢ ᠪᠤᠰᠤ ᠲᠤᠯᠠ  ᠪᠣᠳᠠᠲᠠᠶ ᠪᠠᠢ᠌ᠳᠠᠯ᠎ᠢ  ᠨᠡᠶ᠋ᠢᠭᠡᠮ᠎ᠤᠨ ᠪᠠᠲᠤᠯᠠᠭ᠎ᠠ ᠵᠢᠨ ᠺᠠᠷᠲ᠎ᠤᠨ ᠦᠢ᠍ᠯᠡᠴᠢᠯᠡᠭᠡᠨ᠎ᠤ ᠪᠠᠩᠬᠢ᠎ᠠᠴᠠ ᠠᠰᠠᠭᠤᠨ  ᠯᠠᠪᠯᠠᠵᠤ ᠪᠣᠯᠤᠨ᠎ᠠ᠃

 

ᠢᠷᠡᠯᠲᠡ᠄ ᠳᠤᠮᠳᠠᠳᠤ ᠤᠯᠤᠰ᠎ᠤᠨ ᠵᠠᠰᠠᠭ᠎ᠤᠨ ᠣᠷᠳᠣᠨ᠎ᠤ ᠰᠦᠯᠵᠢᠶ᠎ᠡ