ᠣᠷᠴᠢᠮ᠎ᠤᠨ ᠡᠳᠦᠷ᠂ ᠵᠠᠭᠤᠴᠢᠯᠠᠭᠤᠷ᠎ᠤᠨ ᠮᠡᠳᠡᠭᠡᠯᠡᠯ᠎ᠢ ᠦᠨᠳᠦᠰᠦᠯᠡᠪᠡᠯ᠂ ᠶᠠᠫᠣᠨ᠎ᠤ ᠰᠢᠶᠣᠣ ᠯᠢᠨ ᠡᠮ ᠦᠢ᠍ᠯᠡᠳᠬᠦ ᠺᠣᠮᠫᠠᠨᠢ (
ᠳᠣᠷᠣᠭᠰᠢ ᠰᠢᠶᠣᠣ ᠯᠢᠨ ᠡᠮ ᠭᠡᠵᠦ ᠲᠣᠪᠴᠢᠯᠠᠨ᠎ᠠ) ᠵᠢᠨ ᠬᠡᠷᠡᠭᠯᠡᠵᠦ ᠦᠢ᠍ᠯᠡᠳᠪᠦᠷᠢᠯᠡᠭᠰᠡᠨ ᠤᠯᠠᠭ᠋ᠠᠨ ᠬᠥᠷᠥᠩᠭᠡ ᠵᠢᠨ ᠺᠤᠯᠧᠰᠲ᠋ᠧᠷᠤᠯ᠎ᠤᠨ ᠮᠥᠬᠥᠯᠢᠭ᠂ ᠨᠠᠩᠭᠢ ᠪᠤᠷᠴᠠᠭ᠎ᠤᠨ ᠥᠳᠥᠭᠡᠭᠴᠢ ᠢᠰᠬᠡᠭᠦᠷ᠎ᠤᠨ ᠮᠥᠬᠥᠯᠢᠭ ᠵᠢᠴᠢ ᠺᠤᠯᠧᠰᠲ᠋ᠧᠷᠤᠯᠢ ᠪᠠᠭᠤᠷᠠᠭᠤᠯᠬᠤ ᠡᠷᠡᠭᠦᠯ ᠮᠡᠨᠳᠦ ᠵᠢᠨ ᠲᠤᠰᠠᠯᠠᠬᠤ ᠮᠥᠬᠥᠯᠢᠭ ᠵᠡᠷᠭᠡ ᠦᠢ᠍ᠯᠡᠳᠬᠦᠨ᠎ᠨᠢ ᠪᠥᠭᠡᠷᠡᠨ᠎ᠤ ᠡᠪᠡᠳᠴᠢᠨ᠎ᠢ ᠡᠭᠦᠰᠭᠡᠵᠦ ᠮᠡᠳᠡᠨ᠎ᠡ᠂ 3 ᠳ᠋ᠤᠭ᠋ᠠᠷ ᠰᠠᠷ᠎ᠠ ᠵᠢᠨ 29᠎ᠤ ᠡᠳᠦᠷ ᠪᠣᠯᠲᠠᠯ᠎ᠠ ᠳᠡᠭᠡᠷ᠎ᠡ ᠳᠤᠷᠠᠳᠤᠭᠰᠠᠨ ᠦᠢ᠍ᠯᠡᠳᠬᠦᠨ᠎ᠳᠤ ᠨᠢᠭᠡᠨᠲᠡ 5 ᠶᠠᠫᠣᠨ᠎ᠤ ᠬᠡᠷᠡᠭᠯᠡᠭᠴᠢᠳ ᠡᠨᠳᠡᠵᠡᠢ᠃
ᠰᠢᠶᠣᠤ ᠯᠢᠨ ᠡᠮ ᠦᠢ᠍ᠯᠡᠳᠬᠦ (ᠳᠤᠮᠳᠠᠳᠤ ᠤᠯᠤᠰ) ᠬᠢᠵᠠᠭ᠋ᠠᠷᠲᠤ ᠺᠣᠮᠫᠠᠨᠢ ᠵᠢᠨ ᠵᠣᠴᠢᠨ᠎ᠤ ᠦᠢ᠍ᠯᠡᠴᠢᠯᠡᠭᠡᠨ᠎ᠤ ᠲᠥᠪ᠎ᠲᠠᠢ ᠤᠲᠠᠰᠤ᠎ᠪᠠᠷ ᠶᠠᠷᠢᠯᠴᠠᠵᠤ ᠬᠠᠷᠭᠤᠭᠤᠯᠤᠭᠰᠠᠨ ᠵᠶ᠋ᠠᠷ᠂ ᠳᠤᠮᠳᠠᠳᠤ ᠤᠯᠤᠰ᠎ᠤᠨ ᠬᠡᠷᠡᠭᠯᠡᠭᠴᠢᠳ ᠬᠢᠯᠢ ᠠᠯᠤᠰᠯᠠᠭᠰᠠᠨ ᠲᠠᠪᠴᠠᠩ᠂ ᠬᠢᠯᠢ ᠵᠢᠨ ᠭᠠᠳᠠᠨᠠᠬᠢ ᠪᠣᠳᠠᠲᠤ ᠴᠣᠭᠴᠠ ᠵᠢᠨ ᠳᠡᠯᠭᠡᠭᠦᠷ ᠪᠤᠶᠤ ᠭᠠᠳᠠᠭ᠋ᠠᠳᠤ᠎ᠳᠤ ᠣᠷᠣᠯᠠᠨ ᠬᠤᠳᠠᠯᠳᠤᠨ ᠠᠪᠬᠤ ᠵᠡᠷᠭᠡ ᠠᠷᠭ᠎ᠠ ᠵᠠᠮ ᠵᠶ᠋ᠠᠷ ᠳᠠᠮᠵᠢᠭᠤᠯᠤᠨ ᠬᠤᠳᠠᠯᠳᠤᠨ ᠠᠪᠤᠭᠰᠠᠨ᠎ᠠᠴᠠ ᠭᠠᠳᠠᠨ᠎ᠠ᠂ ᠳᠡᠭᠡᠷ᠎ᠡ ᠳᠤᠷᠠᠳᠤᠭᠰᠠᠨ ᠦᠢ᠍ᠯᠡᠳᠬᠦᠨ᠎ᠢ ᠳᠤᠮᠳᠠᠳᠤ ᠤᠯᠤᠰ᠎ᠤᠨ ᠡᠬᠡ ᠬᠠᠭᠤᠷᠠᠢ ᠵᠢᠨ ᠵᠠᠬ᠎ᠠ ᠳᠡᠯᠭᠡᠭᠦᠷ ᠳᠡᠭᠡᠷ᠎ᠡ ᠪᠣᠷᠣᠯᠠᠭᠤᠯᠤᠭᠰᠠᠨ ᠦᠭᠡᠢ᠃ ᠳᠤᠮᠳᠠᠳᠤ ᠤᠯᠤᠰ᠎ᠤᠨ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠰᠠᠶ᠋ᠢᠲᠤᠷ ᠬᠠᠮᠠᠭ᠋ᠠᠯᠠᠬᠤ ᠵᠢᠨ ᠲᠥᠯᠥᠭᠡ᠂ ᠳᠤᠮᠳᠠᠳᠤ ᠤᠯᠤᠰ᠎ᠤᠨ ᠬᠡᠷᠡᠭᠯᠡᠭᠴᠢᠳ᠎ᠤᠨ ᠨᠡᠶ᠋ᠢᠭᠡᠮᠯᠢᠭ᠎ᠠᠴᠠ ᠥᠷᠭᠡᠨ ᠣᠯᠠᠨ ᠬᠡᠷᠡᠭᠯᠡᠭᠴᠢᠳ᠎ᠲᠤ ᠰᠠᠨᠠᠭᠤᠯᠬᠤ᠎ᠨᠢ᠄
ᠨᠢᠭᠡ᠂ ᠬᠣᠯᠪᠣᠭᠳᠠᠯ ᠪᠦᠬᠦᠢ ᠦᠢ᠍ᠯᠡᠳᠬᠦᠨ᠎ᠢ ᠤᠤᠭᠤᠵᠤ ᠬᠡᠷᠡᠭᠯᠡᠬᠦ᠎ᠪᠠᠨ ᠳᠠᠷᠤᠶ᠋ᠢᠬᠠᠨ ᠵᠣᠭᠰᠣᠭ᠋ᠠᠵᠤ᠂ ᠡᠭᠡᠭᠦᠯᠦᠨ ᠠᠪᠴᠢᠷᠠᠬᠤ᠎ᠳᠤ ᠢᠳᠡᠪᠬᠢᠲᠡᠶ ᠬᠠᠮᠵᠢᠯᠴᠠᠵᠤ ᠬᠡᠷᠡᠭᠲᠡᠶ
ᠬᠡᠷᠡᠭᠯᠡᠭᠴᠢ ᠬᠡᠷᠪᠡ ᠬᠣᠯᠪᠣᠭᠳᠠᠯ ᠪᠦᠬᠦᠢ ᠦᠢ᠍ᠯᠡᠳᠬᠦᠨ᠎ᠢ ᠬᠤᠳᠠᠯᠳᠤᠨ ᠠᠪᠤᠭᠰᠠᠨ ᠪᠣᠯ ᠳᠠᠷᠤᠶ᠋ᠢᠬᠠᠨ ᠬᠡᠷᠡᠭᠯᠡᠬᠦ᠎ᠪᠠᠨ ᠵᠣᠭᠰᠣᠭ᠋ᠠᠬᠤ ᠪᠥᠭᠡᠳ ᠰᠢᠶᠤᠤ ᠯᠢᠨ ᠡᠮ ᠦᠢ᠍ᠯᠡᠳᠬᠦ (ᠳᠤᠮᠳᠠᠳᠤ ᠤᠯᠤᠰ) ᠬᠢᠵᠠᠭ᠋ᠠᠷᠲᠤ ᠺᠣᠮᠫᠠᠨᠢ ᠵᠢᠨ ᠵᠣᠴᠢᠨ᠎ᠤ ᠦᠢ᠍ᠯᠡᠴᠢᠯᠡᠭᠡᠨ᠎ᠤ ᠲᠥᠪ᠎ᠲᠠᠢ ᠬᠠᠷᠢᠯᠴᠠᠭ᠋ᠠᠷᠠᠶ᠃ ᠬᠢᠯᠢ ᠠᠯᠥᠰᠯᠬᠠᠰᠠᠨ ᠡᠯᠧᠺᠲᠷᠣᠨ ᠬᠤᠳᠠᠯᠳᠣᠭ᠋ᠠᠨ᠎ᠤ ᠳᠡᠪᠴᠠᠩ᠎ᠳᠤ ᠬᠤᠳᠠᠯᠳᠣᠨ ᠠᠪᠤᠠᠠᠰᠠᠨ ᠪᠠᠶ᠋ᠢᠪᠠᠯ᠂ ᠳᠡᠪᠴᠠᠩ ᠵᠶ᠋ᠠᠷ ᠳᠡᠮᠵᠢᠭᠤᠯᠥᠨ ᠪᠠᠷᠠᠭ᠎ᠠ᠎ᠪᠠᠨ ᠪᠤᠴᠠᠭ᠋ᠠᠬᠤ᠎ᠪᠠᠷ ᠭᠤᠶᠤᠴᠢᠯᠠᠵᠦ ᠪᠤᠯᠥᠨ᠎ᠠ᠃ ᠣᠶ᠋ᠢᠯᠠᠭ᠋ᠠᠭᠰᠠᠨ ᠵᠶ᠋ᠠᠷ᠂ ᠰᠢᠶᠤᠤ ᠯᠢᠨ ᠡᠮ ᠦᠢ᠍ᠯᠡᠳᠬᠦ ᠺᠣᠮᠫᠠᠨᠢ᠎ᠨᠢ᠎ᠨᠢ ᠨᠢᠭᠡᠨᠲᠡ 3 ᠵᠦᠢ᠍ᠯ᠎ᠤᠨ ᠦᠢ᠍ᠯᠡᠳᠬᠦᠨ᠎ᠢ ᠰᠠᠨᠠᠭ᠋ᠠᠴᠢᠯᠠᠭ᠎ᠠ᠎ᠠᠴᠠ᠎ᠪᠠᠨ ᠡᠭᠡᠭᠦᠯᠦᠨ ᠠᠪᠴᠢᠷᠠᠵᠤ᠂ ᠰᠢᠶᠤᠤ ᠯᠢᠨ ᠡᠮ ᠦᠢ᠍ᠯᠡᠳᠬᠦ (ᠳᠤᠮᠳᠠᠳᠤ ᠤᠯᠤᠰ) ᠬᠢᠵᠠᠭ᠋ᠠᠷᠲᠤ ᠺᠣᠮᠫᠠᠨᠢ᠎ᠨᠢ ᠳᠤᠮᠳᠠᠳᠤ ᠤᠯᠤᠰ᠎ᠤᠨ ᠬᠡᠷᠡᠭᠯᠡᠭᠴᠢᠳ᠎ᠢ ᠢᠳᠡᠪᠬᠢᠲᠡᠶ᠎ᠪᠠᠷ ᠬᠠᠮᠵᠢᠨ ᠡᠭᠡᠭᠦᠯᠦᠨ ᠠᠪᠴᠢᠷᠠᠬᠤ ᠤᠴᠢᠷ ᠶᠠᠪᠤᠳᠠᠯ᠎ᠢ ᠰᠠᠶ᠋ᠢᠲᠤᠷ ᠬᠢᠨ᠎ᠠ᠃
ᠬᠤᠶᠠᠷ᠂ ᠤᠤᠭᠤᠭᠰᠠᠨ᠎ᠤ ᠳᠠᠷᠠᠭ᠎ᠠ ᠪᠡᠶ᠎ᠡ ᠡᠪ ᠦᠭᠡᠢ ᠪᠠᠶ᠋ᠢᠪᠠᠯ ᠴᠠᠭ ᠲᠤᠬᠠᠢᠳᠤᠨᠢ ᠡᠮᠨᠡᠭᠦᠯᠦᠭᠡᠷᠡᠢ
ᠬᠡᠷᠡᠭᠯᠡᠭᠴᠢᠳ ᠨᠢᠭᠡᠨᠲᠡ ᠬᠤᠯᠪᠣᠭᠳᠠᠯ ᠪᠦᠬᠦᠢ ᠦᠢ᠍ᠯᠡᠳᠬᠦᠨ᠎ᠢ ᠤᠤᠭᠤᠭᠰᠠᠨ ᠪᠠᠶ᠋ᠢᠪᠠᠯ᠂ ᠪᠡᠶ᠎ᠡ ᠵᠢᠨ ᠪᠠᠶ᠋ᠢᠳᠠᠯ ᠵᠢᠴᠢ ᠰᠢᠶᠣᠤ ᠯᠢᠨ ᠡᠮ ᠦᠢ᠍ᠯᠡᠳᠬᠦ ᠺᠣᠮᠫᠠᠨᠢ ᠵᠢᠨ ᠨᠡᠢ᠌ᠲᠡᠯᠡᠭᠰᠡᠨ ᠬᠤᠯᠪᠣᠭᠳᠠᠯ ᠪᠦᠬᠦᠢ ᠪᠠᠶ᠋ᠢᠳᠠᠯ᠎ᠤᠨ ᠮᠡᠳᠡᠭᠡ ᠵᠠᠩᠭᠢ ᠵᠢ ᠨᠢᠭᠲᠠ ᠠᠩᠬᠠᠷᠴᠤ᠂ ᠬᠡᠷᠪᠡ ᠪᠡᠶ᠎ᠡ ᠡᠪ ᠦᠭᠡᠢ ᠪᠠᠢ᠌ᠳᠠᠯ᠎ᠲᠠᠢ ᠪᠣᠯ ᠴᠠᠭ ᠲᠤᠬᠠᠶ᠎ᠳᠤᠨᠢ ᠡᠮᠨᠡᠭᠦᠯᠬᠦ ᠵᠢᠨ ᠬᠠᠮᠲᠤ ᠰᠢᠶᠤᠤ ᠯᠢᠨ ᠡᠮ ᠦᠢ᠍ᠯᠡᠳᠬᠦ (ᠳᠤᠮᠳᠠᠳᠤ ᠤᠯᠤᠰ) ᠬᠢᠵᠠᠭ᠋ᠠᠷᠲᠤ ᠺᠣᠮᠫᠠᠨᠢ ᠵᠢᠨ ᠵᠣᠴᠢᠨ᠎ᠤ ᠦᠢ᠍ᠯᠡᠴᠢᠯᠡᠭᠡᠨ᠎ᠤ ᠲᠥᠪ᠎ᠲᠠᠢ ᠬᠠᠷᠢᠯᠴᠠᠵᠤ ᠲᠣᠰ ᠪᠡᠶ᠎ᠡ ᠵᠢᠨ ᠬᠠᠤᠯᠢ ᠶᠣᠰᠣᠨ᠎ᠤ ᠡᠷᠬᠡ ᠠᠰᠢᠭ ᠵᠶ᠋ᠠᠨ ᠬᠠᠮᠠᠭ᠋ᠠᠯᠠᠭ᠋ᠠᠷᠠᠢ (ᠬᠠᠷᠢᠯᠴᠠᠬᠤ ᠤᠲᠠᠰᠤ᠄ 400 - 800 - 07 30᠂ 021 - 64333635)
ᠭᠤᠷᠪᠠ᠂ ᠡᠷᠡᠭᠦᠯᠵᠢᠯ᠎ᠤᠨ ᠢᠳᠡᠭᠡᠨ ᠡᠮ᠎ᠤᠨ ᠵᠦᠢ᠍ᠯ᠎ᠢ ᠣᠷᠣᠯᠠᠵᠤ ᠪᠣᠯᠬᠤ ᠦᠭᠡᠢ
ᠬᠡᠷᠡᠭᠯᠡᠭᠴᠢᠳ ᠢᠯᠠᠩᠭᠤᠶ᠎ᠠ ᠢᠳᠡᠷ ᠨᠠᠰᠤᠲᠠᠶ᠋ᠢᠴᠤᠳ᠂ ᠡᠪᠡᠳᠴᠢᠨ ᠡᠮᠭᠡᠭ᠎ᠲᠤ ᠨᠡᠷᠪᠡᠭᠳᠡᠭᠰᠡᠳ ᠡᠷᠡᠭᠦᠯᠵᠢᠯ᠎ᠤᠨ ᠢᠳᠡᠭᠡᠨ᠎ᠢ ᠣᠶᠤᠨᠴᠢ᠎ᠪᠠᠷ ᠰᠣᠩᠭᠤᠨ ᠬᠤᠳᠠᠯᠳᠤᠨ ᠠᠪᠬᠤ ᠬᠡᠷᠡᠭᠲᠡᠶ᠂ ᠡᠷᠡᠭᠦᠯᠵᠢᠯ᠎ᠤᠨ ᠢᠳᠡᠭᠡᠨ᠎ᠤ ᠲᠤᠬᠠᠶ ᠬᠤᠳᠠᠯ ᠬᠠᠭᠤᠷᠮᠠᠭ ᠵᠠᠷ ᠮᠡᠳᠡᠭᠡ ᠪᠠ ᠥᠰᠬᠡᠭᠡᠨ ᠲᠥᠰᠬᠡᠭᠡᠨ᠎ᠲᠠᠢ ᠤᠬᠠᠭᠤᠯᠭ᠎ᠠ ᠵᠢ ᠶᠠᠭ᠋ᠠᠬᠢᠭᠰᠠᠨ ᠴᠤ᠌ ᠢᠲᠡᠭᠡᠵᠦ ᠪᠣᠯᠬᠤ ᠦᠭᠡᠶ ᠪᠥᠭᠡᠳ ᠨᠡᠩ ᠴᠤ᠌ ᠡᠷᠡᠭᠦᠯᠵᠢᠯ᠎ᠤᠨ ᠢᠳᠡᠭᠡᠨ᠎ᠢ ᠡᠪᠡᠳᠴᠢᠨ ᠡᠮᠭᠡᠭ᠎ᠤᠨ ᠡᠮᠴᠢᠯᠡᠭᠡ᠎ᠳᠤ ᠬᠡᠷᠡᠭᠯᠡᠵᠦ ᠪᠣᠯᠬᠤ ᠦᠭᠡᠢ᠂ ᠡᠪᠡᠳᠴᠢᠨ᠎ᠤ ᠪᠠᠶ᠋ᠢᠳᠠᠯ᠎ᠢ ᠰᠠᠭ᠋ᠠᠲᠠᠭ᠋ᠠᠬᠤ᠎ᠠᠴᠠ ᠵᠠᠶ᠋ᠢᠯᠠᠰᠬᠢᠬᠦ ᠬᠡᠷᠡᠭᠲᠡᠶ᠃ ᠡᠭᠦᠨ᠎ᠤ ᠬᠠᠮᠲᠤ ᠪᠠᠰᠠ ᠥᠷᠭᠡᠨ ᠣᠯᠠᠨ ᠬᠡᠷᠡᠭᠯᠡᠭᠴᠢᠳ᠎ᠲᠤ ᠰᠠᠨᠠᠭᠤᠯᠬᠤ᠎ᠨᠢ᠂ ᠮᠠᠨ᠎ᠤ ᠤᠯᠤᠰ᠎ᠲᠤ ᠡᠷᠡᠭᠦᠯᠵᠢᠯ᠎ᠤᠨ ᠢᠳᠡᠭᠡᠨ ᠬᠤᠳᠠᠯᠳᠤᠨ ᠠᠪᠬᠤ᠎ᠳᠠᠭᠠᠨ ᠵᠢᠩᠬᠢᠨᠢ ᠠᠷᠭ᠎ᠠ ᠵᠠᠮ᠎ᠢ ᠰᠣᠩᠭᠣᠬᠤ ᠵᠢᠨ ᠬᠠᠮᠲᠤ 《ᠬᠥᠬᠡ ᠮᠠᠯᠠᠭ᠋ᠠᠢ》 ᠲᠡᠮᠳᠡᠭ᠎ᠲᠠᠢ ᠵᠢ᠎ᠨᠢ ᠠᠩᠬᠠᠷᠤᠨ ᠰᠣᠩᠭᠣᠬᠤ ᠬᠡᠷᠡᠭᠲᠡᠢ᠃