ᠣᠶ᠋ᠢᠷ᠎ᠠ ᠵᠢᠨ ᠵᠢᠯ᠎ᠤᠳ᠎ᠲᠤ᠂ ᠪᠡᠶ᠎ᠡ ᠴᠢᠭᠢᠷᠠᠭᠵᠢᠭᠤᠯᠬᠤ ᠭᠠᠵᠠᠷ᠂ ᠵᠢᠰᠦ ᠭᠤᠶᠣᠯᠠᠵᠤ ᠦᠰᠦ ᠵᠠᠰᠠᠬᠤ᠂ ᠡᠷᠲᠡ ᠵᠢᠭ᠋ᠠᠨ ᠰᠤᠷᠭ᠋ᠠᠬᠤ ᠳᠤᠷ᠎ᠠ ᠰᠣᠨᠢᠷᠬᠠᠯ᠎ᠤᠨ ᠠᠩᠭᠢ ᠵᠡᠷᠭᠡ ᠤᠷᠢᠳᠴᠢᠯᠠᠨ ᠵᠣᠭᠣᠰ ᠥᠭᠬᠦ ᠮᠠᠶᠢᠭ᠎ᠤᠨ ᠬᠡᠷᠡᠭᠯᠡᠭᠡᠨ᠎ᠤ ᠡᠵᠡᠩᠨᠡᠭᠴᠢ ᠵᠢᠨ ᠵᠣᠭᠣᠰ᠎ᠢ ᠠᠪᠴᠤ ᠳᠤᠲᠠᠭ᠋ᠠᠭᠰᠠᠨ ᠪᠠᠶ᠋ᠢᠳᠠᠯ ᠪᠠᠢ᠌ᠨ ᠳᠠᠬᠢᠨ ᠭᠠᠷᠴᠤ᠂ ᠡᠭᠦᠨ᠎ᠤ ᠳᠣᠲᠣᠷ᠎ᠠ ᠨᠡᠷ᠎ᠡ ᠴᠤᠤᠲᠠᠶ ᠬᠡᠯᠬᠢᠶ᠎ᠡ ᠨᠠᠷᠠᠲᠤ ᠲᠡᠮᠳᠡᠭ ᠴᠤ᠌ ᠪᠠᠢ᠌ᠳᠠᠭ᠃ ᠤᠷᠢᠳᠴᠢᠯᠠᠨ ᠵᠣᠭᠣᠰ ᠥᠭᠬᠦ ᠮᠠᠶᠢᠭ᠎ᠤᠨ ᠬᠡᠷᠡᠭᠯᠡᠭᠡᠨ᠎ᠤ ᠢᠷᠭᠡᠨ᠎ᠤ ᠬᠡᠷᠡᠭ᠎ᠤᠨ ᠵᠢᠭᠤᠷᠠᠯᠳᠤᠭ᠋ᠠᠨ᠎ᠤ ᠬᠡᠷᠡᠭ᠎ᠢ ᠵᠥᠪ ᠵᠶ᠋ᠠᠷ ᠰᠢᠭᠦᠨ ᠰᠢᠢ᠍ᠳᠪᠦᠷᠢᠯᠡᠵᠦ᠂ ᠬᠡᠷᠡᠭᠯᠡᠭᠴᠢᠳ ᠪᠠ ᠡᠵᠡᠩᠨᠡᠭᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠵᠢᠨ ᠲᠤᠰᠠᠳᠠ᠂ ᠣᠢ᠌ᠷ᠎ᠠ ᠵᠢᠨ ᠡᠳᠦᠷ᠂ ᠠᠷᠠᠳ᠎ᠤᠨ ᠳᠡᠭᠡᠳᠦ ᠰᠢᠭᠦᠬᠦ ᠬᠣᠷᠢᠶ᠎ᠠ 《ᠤᠷᠢᠳᠴᠢᠯᠠᠨ ᠵᠣᠭᠣᠰ ᠥᠭᠬᠦ ᠮᠠᠶᠢᠭ᠎ᠤᠨ ᠬᠡᠷᠡᠭᠯᠡᠭᠡᠨ᠎ᠤ ᠢᠷᠭᠡᠨ᠎ᠤ ᠬᠡᠷᠡᠭ᠎ᠤᠨ ᠵᠢᠭᠤᠷᠠᠯᠳᠤᠭ᠋ᠠᠨ᠎ᠤ ᠬᠡᠷᠡᠭ᠎ᠢ ᠰᠢᠭᠦᠨ ᠰᠢᠢ᠍ᠳᠪᠦᠷᠢᠯᠡᠬᠦ᠎ᠳᠤ ᠬᠠᠤᠯᠢ ᠴᠠᠭ᠋ᠠᠵᠠ ᠵᠢ ᠬᠡᠷᠡᠭᠯᠡᠬᠦ ᠠᠰᠠᠭᠤᠳᠠᠯ᠎ᠤᠨ ᠲᠤᠬᠠᠢ ᠠᠷᠠᠳ᠎ᠤᠨ ᠳᠡᠭᠡᠳᠦ ᠰᠢᠭᠦᠬᠦ ᠬᠣᠷᠢᠶᠠᠨ᠎ᠤ ᠲᠠᠢ᠌ᠯᠪᠤᠷᠢᠯᠠᠯᠲᠠ (ᠰᠠᠨᠠᠯ ᠬᠤᠷᠢᠶᠠᠬᠤ ᠨᠣᠣᠷᠠᠭ)》᠎ᠢ ᠨᠡᠢ᠌ᠲᠡᠯᠡᠵᠦ᠂ ᠨᠡᠢ᠌ᠭᠡᠮ᠎ᠠᠴᠠ ᠢᠯᠡ᠎ᠪᠠᠷ ᠰᠠᠨᠠᠯ ᠬᠤᠷᠢᠶᠠᠵᠤ᠂ ᠰᠠᠨᠠᠯ ᠬᠤᠷᠢᠶᠠᠬᠤ ᠡᠳᠦᠷ ᠬᠤᠭᠤᠴᠠᠭ᠎ᠠ᠎ᠨᠢ 6 ᠳ᠋ᠤᠭ᠋ᠠᠷ ᠰᠠᠷ᠎ᠠ ᠵᠢᠨ 20᠎ᠤ ᠡᠳᠦᠷ ᠪᠣᠯᠲᠠᠯ᠎ᠠ᠃
ᠠᠷᠠᠳ᠎ᠤᠨ ᠳᠡᠭᠡᠳᠦ ᠰᠢᠭᠦᠬᠦ ᠬᠤᠷᠢᠶ᠎ᠠ ᠵᠢᠨ ᠢᠷᠭᠡᠨ᠎ᠤ ᠬᠡᠷᠡᠭ᠎ᠢ ᠰᠢᠭᠦᠨ ᠲᠠᠰᠤᠯᠬᠤ ᠨᠢᠭᠡᠳᠦᠭᠡᠷ ᠲᠢᠩᠬᠢᠮ᠎ᠤᠨ ᠰᠢᠭᠦᠭᠴᠢ ᠰᠢᠶᠧ ᠶᠦᠩ ᠢᠯᠡᠷᠬᠡᠶ᠋ᠢᠯᠡᠬᠦ᠎ᠳᠡᠭᠡᠨ᠂ 《ᠰᠠᠨᠠᠯ ᠬᠤᠷᠢᠶᠠᠬᠤ ᠨᠣᠤᠷᠠᠭ》᠎ᠨᠢ ᠭᠤᠤᠯᠳᠠᠭᠤ ᠦᠨᠡᠨᠴᠢ ᠢᠲᠡᠭᠡᠮᠵᠢᠲᠡᠶ ᠪᠤᠰᠤ ᠡᠵᠡᠩᠨᠡᠯᠲᠡ ᠵᠢᠨ ᠠᠵᠢᠯᠯᠠᠭ᠎ᠠ ᠵᠢ ᠵᠢᠷᠤᠮᠵᠢᠭᠤᠯᠵᠤ᠂ ᠭᠡᠷ᠎ᠡ ᠵᠢᠨ ᠬᠡᠯᠪᠡᠷᠢᠵᠢᠭᠰᠡᠨ ᠵᠦᠢ᠍ᠯ ᠵᠤᠷᠪᠤᠰ᠂ ᠭᠡᠷ᠎ᠡ ᠵᠢ ᠬᠦᠴᠦᠨ ᠥᠬᠡᠶ ᠪᠣᠯᠭ᠋ᠠᠬᠤ᠂ ᠺᠠᠷᠲ᠎ᠢ ᠪᠤᠴᠠᠭ᠋ᠠᠵᠤ ᠵᠣᠭᠤᠰ᠎ᠢ ᠪᠤᠳᠤᠬᠤ ᠪᠠᠷᠢᠮᠵᠢᠶ᠎ᠠ᠂ ᠬᠡᠷᠡᠭᠯᠡᠭᠴᠢᠳ᠎ᠢ ᠮᠡᠬᠡᠯᠡᠭᠰᠡᠨᠢ ᠶᠠᠯᠠᠯᠠᠨ ᠰᠢᠢ᠍ᠳᠬᠡᠬᠦ ᠴᠢᠨᠠᠷᠲᠠᠶ ᠲᠥᠯᠥᠪᠦᠷᠢ᠂ ᠲᠠᠯᠠᠪᠤᠷ ᠭᠠᠵᠠᠷ᠎ᠢ ᠲᠦᠷᠢᠶᠡᠰᠦᠯᠡᠭᠦᠯᠦᠭᠴᠢ ᠵᠡᠷᠭᠡ ᠭᠤᠷᠪᠠᠳᠠᠬᠢ ᠬᠥᠮᠦᠨ᠎ᠤ ᠬᠠᠷᠢᠭᠤᠴᠠᠯᠭ᠎ᠠ ᠵᠡᠷᠭᠡ ᠠᠰᠠᠭᠤᠳᠠᠯ᠎ᠤᠨ ᠲᠣᠭᠤᠷᠢᠨ᠎ᠳᠤ ᠨᠠᠷᠢᠨ ᠨᠢᠭᠲᠠ᠂ ᠪᠥᠬᠦ ᠲᠠᠯ᠎ᠠ ᠵᠢᠨ ᠲᠣᠭᠲᠠᠭ᠋ᠠᠯ ᠭᠠᠷᠭ᠋ᠠᠵᠤ᠂ ᠠᠷᠠᠳ᠎ᠤᠨ ᠰᠢᠭᠦᠬᠦ ᠬᠤᠷᠢᠶ᠎ᠠ ᠵᠢᠨ ᠤᠷᠢᠳᠴᠢᠯᠠᠨ ᠵᠣᠭᠣᠰ ᠥᠭᠬᠦ ᠮᠠᠶᠢᠭ᠎ᠤᠨ ᠬᠡᠷᠡᠭᠯᠡᠭᠡᠨ᠎ᠤ ᠵᠢᠭᠤᠷᠠᠯᠳᠤᠭ᠋ᠠᠨ᠎ᠤ ᠬᠡᠷᠡᠭ᠎ᠢ ᠰᠢᠭᠦᠨ ᠰᠢᠢ᠍ᠳᠪᠦᠷᠢᠯᠡᠬᠦ᠎ᠳᠤ ᠴᠢᠬᠤᠯᠠ ᠨᠥᠯᠥᠭᠡ ᠦᠵᠡᠭᠦᠯᠬᠦ ᠪᠣᠯᠤᠨ᠎ᠠ᠃
ᠲᠣᠬᠢᠷᠠᠬᠤ ᠬᠡᠪᠴᠢᠶᠡᠨ᠎ᠤ ᠲᠠᠯ᠎ᠠ᠎ᠪᠠᠷ
《ᠰᠠᠨᠠᠯ ᠬᠤᠷᠢᠶᠠᠬᠤ ᠨᠣᠤᠷᠠᠭ》᠎ᠳᠤ᠂ ᠵᠢᠵᠢᠭᠯᠡᠨ ᠬᠤᠳᠠᠯᠳᠤᠬᠤ᠂ ᠬᠤᠨᠤᠭ ᠪᠠᠭᠤᠳᠠᠯ᠂ ᠢᠳᠡᠭᠡᠨ ᠤᠮᠳᠠᠭ᠋ᠠᠨ᠂ ᠪᠡᠶ᠎ᠡ ᠴᠢᠭᠢᠷᠠᠭᠵᠢᠭᠤᠯᠬᠤ᠂ ᠶᠠᠪᠤᠵᠤ ᠰᠠᠭᠤᠬᠤ᠂ ᠦᠰᠦ ᠵᠠᠰᠠᠬᠤ᠂ ᠵᠢᠰᠦ ᠭᠤᠶᠣᠯᠠᠬᠤ᠂ ᠬᠥᠮᠦᠵᠢᠯ ᠪᠣᠯᠪᠠᠰᠤᠷᠠᠯ ᠵᠡᠷᠭᠡ ᠠᠮᠢᠳᠤᠷᠠᠯ᠎ᠤᠨ ᠬᠡᠷᠡᠭᠯᠡᠭᠡᠨ᠎ᠤ ᠬᠦᠷᠢᠶ᠎ᠡ ᠴᠠᠷᠠᠭ᠎ᠠ᠎ᠳᠤ᠂ ᠡᠵᠡᠩᠨᠡᠭᠴᠢ ᠤᠷᠢᠳᠴᠢᠯᠠᠨ ᠥᠭᠭᠦᠭᠰᠡᠨ ᠵᠣᠭᠤᠰ᠎ᠢ ᠬᠤᠷᠢᠶᠠᠭᠰᠠᠨ᠎ᠤ ᠳᠠᠷᠠᠭ᠎ᠠ ᠣᠯᠠᠨ ᠤᠳᠠᠭ᠎ᠠ ᠪᠤᠶᠤ ᠬᠡᠷᠡᠭᠯᠡᠭᠴᠢᠳ᠎ᠲᠤ ᠦᠷᠭᠦᠯᠵᠢᠯᠡᠨ ᠲᠠᠸᠠᠷ ᠪᠤᠶᠤ ᠦᠢ᠍ᠯᠡᠴᠢᠯᠡᠭᠡ ᠬᠠᠩᠭ᠋ᠠᠬᠤ᠎ᠠᠴᠠ ᠪᠣᠯᠤᠭᠰᠠᠨ ᠵᠢᠭᠤᠷᠠᠯᠳᠤᠭ᠋ᠠᠨ᠎ᠳᠤ ᠲᠣᠰ ᠲᠠᠶ᠋ᠢᠯᠪᠤᠷᠢᠯᠠᠯᠲᠠ ᠵᠢ ᠬᠡᠷᠡᠭᠯᠡᠨ᠎ᠡ ᠭᠡᠵᠦ ᠲᠣᠳᠣᠷᠬᠠᠶ ᠢᠯᠡᠷᠬᠡᠶ᠋ᠢᠯᠡᠪᠡ᠃
ᠵᠣᠭᠣᠰ᠎ᠢ ᠬᠤᠷᠢᠶᠠᠪᠠᠯ ᠪᠤᠴᠠᠭ᠋ᠠᠬᠤ ᠦᠭᠡᠢ᠂ ᠺᠠᠷᠲ ᠵᠶ᠋ᠠᠨ ᠭᠡᠭᠡᠪᠡᠯ ᠨᠥᠬᠥᠬᠦ ᠦᠭᠡᠢ ᠁ ᠡᠳᠡᠭᠡᠷ᠎ᠨᠢ ᠴᠦᠮ ᠬᠦᠴᠦᠨ ᠦᠭᠡᠢ 《ᠡᠵᠡᠷᠬᠡᠭᠴᠢ ᠵᠦᠢ᠍ᠯ ᠵᠤᠷᠪᠤᠰ》 ᠶᠤᠮ
《ᠰᠠᠨᠠᠯ ᠬᠤᠷᠢᠶᠠᠬᠤ ᠨᠣᠣᠷᠠᠭ》᠎ᠲᠤ ᠳᠣᠯᠣᠭ᠋ᠠᠨ ᠵᠦᠢ᠍ᠯ᠎ᠤᠨ ᠬᠦᠴᠦᠨ ᠦᠭᠡᠢ 《ᠡᠵᠡᠷᠬᠡᠬᠦ ᠵᠦᠢ᠍ᠯ ᠵᠤᠷᠪᠤᠰ》᠎ᠢ ᠲᠣᠳᠣᠷᠬᠠᠢ᠌ᠯᠠᠪᠠ
ᠪᠣᠳᠠᠲᠠᠶ᠎ᠪᠠᠷ ᠬᠡᠯᠡᠪᠡᠯ
1 ᠬᠡᠷᠡᠭᠯᠡᠭᠴᠢᠳ᠎ᠤᠨ ᠬᠠᠤᠯᠢ ᠶᠤᠰᠤᠭ᠋ᠠᠷ ᠭᠡᠷ᠎ᠡ ᠵᠢ ᠬᠦᠴᠦᠨ ᠦᠭᠡᠢ ᠪᠤᠯᠭ᠋ᠠᠬᠤ ᠪᠤᠶᠤ ᠤᠷᠢᠳᠴᠢᠯᠠᠨ ᠥᠭᠭᠦᠭᠰᠡᠨ ᠵᠤᠭᠤᠰ ᠵᠶ᠋ᠡᠨ ᠪᠤᠴᠠᠭ᠋ᠠᠵᠤ ᠠᠪᠬᠤ ᠡᠷᠬᠡ ᠵᠢ ᠲᠡᠪᠴᠢᠭᠰᠡᠨ ᠬᠡᠯᠪᠡᠷᠢᠵᠢᠭᠰᠡᠨ ᠵᠦᠢ᠍ᠯ ᠵᠤᠷᠪᠤᠰ
2 ᠬᠡᠷᠡᠭᠯᠡᠭᠴᠢᠳ᠎ᠤᠨ ᠤᠷᠢᠳᠴᠢᠯᠠᠨ ᠵᠣᠭᠣᠰ ᠥᠭᠬᠦ ᠮᠠᠶᠢᠭ᠎ᠤᠨ ᠬᠡᠷᠡᠭᠯᠡᠭᠡᠨ᠎ᠤ ᠭᠡᠷ᠎ᠡ ᠵᠢᠨ ᠡᠷᠭᠡ᠎ᠪᠠᠨ ᠰᠢᠯᠵᠢᠭᠦᠯᠬᠦ ᠵᠢ ᠵᠣᠬᠢᠰ ᠦᠭᠡᠢ᠎ᠪᠠᠷ ᠬᠢᠵᠠᠭ᠋ᠠᠷᠯᠠᠭᠰᠠᠨ ᠬᠡᠯᠪᠡᠷᠢᠵᠢᠭᠰᠡᠨ ᠵᠦᠢ᠍ᠯ ᠵᠤᠷᠪᠤᠰ
3 ᠬᠡᠷᠡᠭᠯᠡᠭᠴᠢᠳ᠎ᠤᠨ ᠨᠡᠷ᠎ᠡ ᠲᠡᠮᠳᠡᠭᠯᠡᠵᠦ ᠤᠷᠢᠳᠴᠢᠯᠠᠨ ᠵᠣᠭᠣᠰ ᠥᠭᠭᠦᠭᠰᠡᠨ ᠺᠠᠷᠲ ᠵᠶ᠋ᠠᠨ ᠭᠡᠭᠡᠭᠰᠡᠨᠤ ᠳᠠᠷᠠᠭ᠎ᠠ ᠨᠥᠬᠥᠵᠦ ᠭᠦᠢ᠍ᠴᠡᠳᠬᠡᠵᠦ ᠪᠣᠯᠬᠤ ᠦᠭᠡᠶ ᠭᠡᠵᠦ ᠪᠣᠯᠵᠣᠨ ᠲᠣᠭᠲᠠᠭᠰᠠᠨ ᠬᠡᠯᠪᠡᠷᠢᠵᠢᠭᠰᠡᠨ ᠵᠦᠢ᠍ᠯ ᠵᠤᠷᠪᠤᠰ
4 ᠡᠵᠡᠩᠨᠡᠭᠴᠢ ᠭᠠᠭᠴᠠ ᠲᠠᠯ᠎ᠠ᠎ᠠᠴᠠ ᠭᠡᠷ᠎ᠡ ᠵᠢᠨ ᠮᠥᠨ ᠴᠢᠨᠠᠷ᠎ᠤᠨ ᠠᠭᠤᠯᠭ᠎ᠠ ᠵᠢ ᠬᠤᠪᠢᠷᠠᠭᠤᠯᠬᠤ ᠡᠷᠬᠡ᠎ᠲᠠᠢ ᠭᠡᠵᠦ ᠪᠣᠯᠵᠣᠨ ᠲᠣᠭᠲᠠᠭᠰᠠᠨ ᠬᠡᠯᠪᠡᠷᠢᠵᠢᠭᠰᠡᠨ ᠵᠦᠢ᠍ᠯ ᠵᠤᠷᠪᠤᠰ
5 ᠡᠵᠡᠩᠨᠡᠭᠴᠢ ᠵᠢᠨ ᠦ ᠰᠡᠪ᠎ᠲᠠᠢ ᠳᠠᠭ᠋ᠠᠭ᠋ᠠᠯᠲᠠ ᠵᠢᠨ ᠬᠠᠷᠢᠭᠤᠴᠠᠯᠭ᠎ᠠ ᠪᠠ ᠲᠥᠯᠥᠬᠦ ᠬᠠᠷᠢᠭᠤᠴᠠᠯᠭ᠎ᠠ ᠵᠢ ᠬᠡᠯᠲᠦᠷᠢᠭᠦᠯᠬᠦ ᠬᠡᠯᠪᠡᠷᠢᠵᠢᠭᠰᠡᠨ ᠵᠦᠢ᠍ᠯ ᠵᠤᠷᠪᠤᠰ
6 ᠬᠡᠷᠡᠭᠯᠡᠭᠴᠢᠳ᠎ᠤᠨ ᠣᠷᠣᠨ ᠰᠠᠭᠤᠴᠠ ᠪᠠᠶ᠋ᠢᠭ᠎ᠠ ᠭᠠᠵᠠᠷ᠎ᠤᠨ ᠰᠢᠭᠦᠬᠦ ᠬᠤᠷᠢᠶ᠎ᠠ ᠵᠢᠨ ᠬᠠᠷᠢᠶᠠᠯᠠᠯ᠎ᠠᠴᠠ ᠵᠠᠢ᠌ᠯᠠᠵᠤ᠂ ᠬᠡᠷᠡᠭᠯᠡᠭᠴᠢᠳ᠎ᠤᠨ ᠡᠷᠬᠡ ᠠᠰᠢᠭ ᠵᠶ᠋ᠠᠨ ᠬᠠᠮᠠᠭ᠋ᠠᠯᠠᠬᠤ ᠥᠪᠡᠷ᠎ᠤᠨ ᠥᠷᠲᠡᠭ᠎ᠢ ᠵᠦᠢ ᠵᠣᠬᠢᠰ ᠦᠭᠡᠢ᠎ᠪᠠᠷ ᠨᠡᠮᠡᠭᠳᠡᠭᠦᠯᠬᠦ ᠬᠡᠯᠪᠡᠷᠢᠵᠢᠭᠰᠡᠨ ᠵᠦᠢ᠍ᠯ ᠵᠤᠷᠪᠤᠰ
7 ᠬᠡᠷᠡᠭᠯᠡᠭᠴᠢᠳ᠎ᠤᠨ ᠡᠷᠬᠡ ᠵᠢ ᠲᠡᠪᠴᠢᠬᠦ ᠪᠤᠶᠤ ᠬᠢᠵᠠᠭ᠋ᠠᠷᠯᠠᠬᠤ᠂ ᠡᠵᠡᠩᠨᠡᠭᠴᠢ ᠵᠢᠨ ᠬᠠᠷᠢᠭᠤᠴᠠᠯᠭ᠎ᠠ ᠵᠢ ᠬᠥᠩᠭᠡᠷᠡᠭᠦᠯᠬᠦ ᠪᠤᠶᠤ ᠬᠡᠯᠲᠦᠷᠢᠭᠦᠯᠬᠦ᠂ ᠬᠡᠷᠡᠭᠯᠡᠭᠴᠢᠳ᠎ᠤᠨ ᠬᠠᠷᠢᠭᠤᠴᠠᠯᠭ᠎ᠠ ᠵᠢ ᠬᠦᠨᠳᠦᠷᠡᠭᠦᠯᠬᠦ ᠵᠡᠷᠭᠡ ᠬᠡᠷᠡᠭᠯᠡᠭᠴᠢᠳ᠎ᠲᠤ ᠡᠷᠬᠡ ᠲᠡᠭᠰᠢ ᠪᠤᠰᠤ᠂ ᠵᠦᠢ ᠵᠣᠬᠢᠰ ᠦᠭᠡᠶ ᠪᠠᠶ᠋ᠢᠳᠠᠯ
《ᠵᠣᠭᠣᠰ᠎ᠢ ᠠᠪᠴᠤ ᠳᠤᠲᠠᠭ᠋ᠠᠬᠤ》 《ᠤᠨᠠᠭᠤᠯᠢ᠎ᠲᠠᠢ ᠪᠣᠷᠣᠯᠠᠭᠤᠯᠬᠤ》 ᠵᠡᠷᠭᠡ᠎ᠳᠤ ᠴᠢᠭᠯᠡᠭᠦᠯᠵᠦ ᠂ ᠰᠠᠨᠠᠯ ᠬᠤᠷᠢᠶᠠᠬᠤ ᠨᠣᠣᠷᠠᠭ ᠬᠠᠷᠢᠭᠤᠯᠲᠠ ᠭᠠᠷᠭ᠋ᠠᠪᠠ
《ᠤᠨᠠᠭᠤᠯᠢ᠎ᠲᠠᠢ ᠪᠣᠷᠣᠯᠠᠭᠤᠯᠬᠤ》 ᠪᠠ 《ᠵᠣᠭᠣᠰ᠎ᠢ ᠠᠪᠴᠤ ᠳᠤᠲᠠᠭ᠋ᠠᠬᠤ》 ᠦᠢ᠍ᠯᠡ ᠠᠵᠢᠯᠯᠠᠭ᠎ᠠ᠎ᠳᠤ ᠴᠢᠭᠯᠡᠭᠦᠯᠵᠦ 《ᠰᠠᠨᠠᠯ ᠬᠤᠷᠢᠶᠠᠬᠤ ᠨᠣᠣᠷᠠᠭ》᠎ᠨᠢ
ᠡᠵᠡᠩᠨᠡᠭᠴᠢ᠎ᠳᠤ ᠲᠤᠤᠷᠠᠬᠢ ᠦᠢ᠍ᠯᠡ ᠠᠵᠢᠯᠯᠠᠭ᠎ᠠ ᠤᠷᠤᠰᠢᠵᠤ ᠪᠠᠶ᠋ᠢᠪᠠᠯ ᠮᠡᠬᠡᠯᠡᠯ ᠪᠣᠯᠵᠤ ᠪᠦᠷᠢᠯᠳᠦᠵᠦ᠂ ᠶᠠᠯᠠᠯᠠᠨ ᠰᠢᠢ᠍ᠳᠬᠡᠬᠦ ᠴᠢᠨᠠᠷᠲᠠᠢ ᠲᠦᠯᠦᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠠᠢ
1 ᠲᠠᠸᠠᠷ᠎ᠤᠨ ᠶᠠᠰᠤ ᠴᠢᠨᠠᠷ᠂ ᠴᠢᠳᠠᠮᠵᠢ᠂ ᠦᠢ᠍ᠯᠡᠴᠢᠯᠡᠭᠡᠨ᠎ᠤ ᠠᠭᠤᠯᠭ᠎ᠠ᠂ ᠦᠷ᠎ᠡ ᠪᠦᠲᠦᠮᠵᠢ ᠵᠢ ᠬᠠᠭᠤᠷᠮᠠᠭᠯᠠᠨ ᠵᠣᠬᠢᠶᠠᠭᠰᠠᠨ ᠪᠤᠶᠤ ᠶᠡᠬᠡᠰᠬᠡᠵᠦ ᠪᠠᠶ᠋ᠢᠭ᠋ᠠᠳ ᠬᠡᠷᠡᠭᠯᠡᠭᠴᠢᠳ᠎ᠢ ᠤᠷᠢᠳᠴᠢᠯᠠᠨ ᠵᠣᠭᠣᠰ ᠥᠭᠬᠦ ᠮᠠᠶᠢᠭ᠎ᠤᠨ ᠬᠡᠷᠡᠭᠯᠡᠭᠡ ᠬᠢᠯᠭᠡᠬᠦ;
2 ᠬᠤᠳᠠᠯ ᠬᠠᠭᠤᠷᠮᠠᠭ ᠵᠶ᠋ᠠᠷ ᠦᠨ᠎ᠡ ᠨᠤᠭᠤᠯᠤᠨ ᠪᠤᠳᠤᠬᠤ᠂ ᠦᠨ᠎ᠡ ᠬᠢᠮᠳᠠᠷᠠᠭᠤᠯᠬᠤ᠂ ᠦᠨ᠎ᠡ ᠬᠠᠩᠰᠢ ᠵᠢ ᠠᠳᠠᠯᠢᠳᠬᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠬᠡᠷᠡᠭᠯᠡᠭᠴᠢᠳ᠎ᠢ ᠪᠤᠷᠤᠭᠤ᠎ᠪᠠᠷ ᠬᠥᠲᠥᠯᠥᠨ ᠵᠢᠯᠣᠭᠤᠳᠴᠤ ᠪᠠᠶ᠋ᠢᠭ᠋ᠠᠳ ᠤᠷᠢᠳᠴᠢᠯᠠᠨ ᠵᠣᠭᠣᠰ ᠥᠭᠬᠦ ᠮᠠᠶᠢᠭ᠎ᠤᠨ ᠬᠡᠷᠡᠭᠯᠡᠭᠡ ᠬᠢᠯᠭᠡᠬᠦ;
3 ᠤᠷᠢᠳᠴᠢᠯᠠᠨ ᠥᠭᠭᠦᠭᠰᠡᠨ ᠵᠣᠭᠣᠰ᠎ᠢ ᠬᠤᠷᠢᠶᠠᠨ ᠠᠪᠤᠭᠰᠠᠨ᠎ᠤ ᠳᠠᠷᠠᠭ᠎ᠠ᠂ ᠡᠵᠡᠩᠨᠡᠯᠲᠡ᠎ᠪᠠᠨ ᠵᠣᠭᠰᠣᠭ᠋ᠠᠵᠤ᠂ ᠪᠣᠯᠵᠣᠨ ᠲᠣᠭᠲᠠᠭᠰᠠᠨ ᠶᠣᠰᠣᠭ᠋ᠠᠷ ᠲᠠᠸᠠᠷ ᠪᠤᠶᠤ ᠦᠢ᠍ᠯᠡᠴᠢᠯᠡᠭᠡ ᠬᠠᠩᠭ᠋ᠠᠭᠰᠠᠨ ᠦᠭᠡᠶ ᠮᠥᠷᠲᠡᠭᠡᠨ ᠪᠠᠰᠠ ᠬᠡᠷᠡᠭᠯᠡᠭᠴᠢᠳ᠎ᠤᠨ ᠵᠣᠭᠣᠰ ᠵᠶ᠋ᠠᠨ ᠪᠤᠴᠠᠭ᠋ᠠᠵᠤ ᠠᠪᠬᠤ᠎ᠪᠠᠷ ᠭᠤᠶᠤᠴᠢᠯᠠᠬᠤ ᠵᠡᠷᠭᠡ᠎ᠠᠴᠠ ᠮᠠᠭᠤ ᠰᠠᠨᠠᠭ᠎ᠠ᠎ᠲᠠᠢ᠎ᠪᠠᠷ ᠵᠠᠶ᠋ᠢᠯᠠᠭᠰᠠᠨ ᠵᠡᠷᠭᠡ᠃
ᠡᠵᠡᠩᠨᠡᠭᠴᠢᠳ᠎ᠤᠨ 《ᠵᠣᠭᠣᠰ᠎ᠢ ᠠᠪᠴᠤ ᠳᠤᠲᠠᠭ᠋ᠠᠬᠤ》᠎ᠳᠤ ᠴᠢᠭᠯᠡᠭᠦᠯᠦᠨ ᠡᠨᠡ ᠤᠳᠠᠭ᠎ᠠ ᠵᠢᠨ ᠰᠠᠨᠠᠯ ᠬᠤᠷᠢᠶᠠᠬᠤ ᠨᠤᠤᠷᠠᠭ᠎ᠲᠤ ᠬᠣᠶᠠᠷ ᠲᠠᠯ᠎ᠠ ᠵᠢᠨ ᠲᠣᠭᠲᠠᠭ᠋ᠠᠯ ᠭᠠᠷᠭ᠋ᠠᠪᠠ᠃
ᠨᠢᠭᠡ ᠲᠠᠯ᠎ᠠ᠎ᠪᠠᠷ᠂ ᠡᠵᠡᠩᠨᠡᠭᠴᠢᠳ᠎ᠤᠨ 《ᠵᠣᠭᠣᠰ᠎ᠢ ᠠᠪᠴᠤ ᠳᠤᠲᠠᠭ᠋ᠠᠬᠤ》 ᠠᠵᠢᠯᠯᠠᠭ᠎ᠠ᠎ᠨᠢ ᠮᠡᠬᠡᠯᠡᠯ ᠪᠣᠯᠵᠤ ᠪᠦᠷᠢᠯᠳᠦᠵᠦ᠂ ᠶᠠᠯᠠᠯᠠᠨ ᠰᠢᠢ᠍ᠳᠬᠡᠬᠦ ᠴᠢᠨᠠᠷᠲᠠᠶ ᠲᠥᠯᠥᠬᠦ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ ᠭᠡᠵᠦ ᠲᠣᠭᠲᠠᠭ᠋ᠠᠪᠠ᠃
ᠨᠥᠭᠦᠭᠡ ᠲᠠᠯ᠎ᠠ᠎ᠪᠠᠷ᠂ ᠵᠤᠭᠤᠰ ᠵᠢᠭᠡᠯᠡᠭᠴᠢ᠎ᠨᠢ ᠡᠵᠡᠩᠨᠡᠭᠴᠢᠳ᠎ᠲᠠᠢ ᠮᠠᠭᠤ ᠰᠠᠨᠠᠭ᠎ᠠ᠎ᠲᠠᠢ᠎ᠪᠠᠷ ᠰᠥᠯᠪᠡᠭᠡᠯᠳᠦᠬᠦ᠂ ᠡᠰᠡᠬᠦᠯ᠎ᠡ ᠡᠵᠡᠩᠨᠡᠭᠴᠢᠳ᠎ᠤᠨ ᠭᠡᠷ᠎ᠡ ᠭᠦᠢ᠍ᠴᠡᠳᠬᠡᠬᠦ ᠴᠢᠳᠠᠪᠤᠷᠢ ᠵᠢ ᠬᠢᠨᠠᠨ ᠪᠠᠶ᠋ᠢᠴᠠᠭ᠋ᠠᠭᠰᠠᠨ ᠦᠭᠡᠢ᠎ᠪᠠᠷ ᠮᠥᠨ ᠯᠡ ᠬᠡᠷᠡᠭᠯᠡᠭᠴᠢᠳ᠎ᠲᠤ ᠵᠣᠭᠣᠰ ᠵᠢᠭᠡᠯᠡᠭᠦᠯᠵᠦ ᠤᠷᠢᠳᠴᠢᠯᠠᠨ ᠵᠣᠭᠣᠰ ᠥᠭᠬᠦ᠎ᠳᠤ ᠬᠡᠷᠡᠭᠯᠡᠭᠦᠯᠦᠭᠰᠡᠨ ᠮᠥᠷᠲᠡᠭᠡᠨ ᠡᠵᠡᠩᠨᠡᠭᠴᠢ᠎ᠨᠢ 《ᠵᠣᠭᠣᠰ᠎ᠢ ᠠᠪᠴᠤ ᠳᠤᠲᠠᠭ᠋ᠠᠭᠰᠠᠨ》 ᠪᠠᠶ᠋ᠢᠪᠠᠯ᠂ ᠬᠡᠷᠡᠭᠯᠡᠭᠴᠢᠳ ᠵᠥᠪᠬᠡᠨ ᠲᠡᠭᠦᠨ᠎ᠤ ᠨᠢᠭᠡᠨᠲᠡ ᠬᠡᠷᠡᠭᠯᠡᠭᠰᠡᠨ ᠵᠣᠭᠤᠰ᠎ᠤᠨ ᠡᠬᠡ ᠬᠦᠦ ᠵᠢ᠎ᠨᠢ ᠪᠤᠴᠠᠭ᠋ᠠᠬᠤ ᠡᠭᠦᠷᠭᠡ ᠵᠢ ᠡᠭᠦᠷᠭᠡᠯᠡᠨ᠎ᠡ᠃
ᠭᠡᠷ᠎ᠡ ᠵᠢᠨ ᠪᠠᠶ᠋ᠢᠳᠠᠯ᠎ᠢ ᠬᠤᠪᠢᠷᠠᠭᠤᠯᠤᠭᠰᠠᠨ ᠪᠠᠶ᠋ᠢᠳᠠᠯ᠎ᠲᠠᠢ ᠪᠣᠯ ᠬᠡᠷᠡᠭᠯᠡᠭᠴᠢᠳ ᠭᠡᠷ᠎ᠡ ᠵᠢ ᠬᠦᠴᠦᠨ ᠦᠭᠡᠢ ᠪᠣᠯᠭ᠋ᠠᠬᠤ᠎ᠪᠠᠷ ᠱᠠᠭ᠋ᠠᠷᠳᠠᠵᠤ ᠪᠤᠯᠤᠨ᠎ᠠ
ᠤᠷᠢᠳᠴᠢᠯᠠᠨ ᠵᠣᠭᠣᠰ ᠥᠭᠬᠦ ᠮᠠᠶᠢᠭ᠎ᠤᠨ ᠬᠡᠷᠡᠭᠯᠡᠭᠡᠨ᠎ᠤ ᠭᠡᠷ᠎ᠡ ᠵᠢ ᠬᠦᠴᠦᠨ ᠦᠭᠡᠢ ᠪᠣᠯᠭ᠋ᠠᠬᠤ᠂ ᠵᠣᠭᠤᠰ᠎ᠢ ᠪᠤᠴᠠᠭ᠋ᠠᠬᠤ ᠠᠰᠠᠭᠤᠳᠠᠯ ᠪᠣᠯ ᠬᠠᠮᠤᠭ᠎ᠤᠨ ᠲᠦᠭᠡᠮᠡᠯ ᠪᠠ ᠲᠣᠪᠣᠶ᠋ᠢᠮ᠎ᠠ ᠠᠰᠠᠭᠤᠳᠠᠯ᠎ᠤᠨ ᠨᠢᠭᠡ ᠪᠣᠯᠤᠨ᠎ᠠ᠂ 《ᠰᠠᠨᠠᠯ ᠬᠤᠷᠢᠶᠠᠬᠤ ᠨᠣᠣᠷᠠᠭ》 ᠡᠭᠦᠨ᠎ᠳᠤ ᠪᠦᠬᠦ ᠲᠠᠯ᠎ᠠ ᠵᠢᠨ ᠲᠣᠭᠲᠠᠭ᠋ᠠᠯ ᠭᠠᠷᠭ᠋ᠠᠵᠤ᠂ ᠬᠡᠷᠡᠭᠯᠡᠭᠴᠢᠳ᠎ᠲᠤ ᠨᠠᠩ ᠣᠯᠠᠨ ᠬᠠᠤᠯᠢ᠎ᠪᠠᠷ ᠲᠣᠭᠲᠠᠭ᠋ᠠᠭᠰᠠᠨ ᠬᠦᠴᠦᠨ ᠦᠭᠡᠢ ᠪᠣᠯᠭ᠋ᠠᠬᠤ ᠡᠷᠬᠡ ᠣᠯᠭᠤᠭᠰᠠᠨ ᠪᠥᠭᠡᠳ ᠵᠠᠷᠤᠳᠠᠯ᠎ᠢ ᠪᠤᠴᠠᠭ᠋ᠠᠬᠤ ᠪᠠᠷᠢᠮᠵᠢᠶ᠎ᠠ ᠵᠢ ᠲᠣᠳᠣᠷᠬᠠᠶ ᠲᠣᠭᠲᠠᠭ᠋ᠠᠪᠠ᠃ ᠵᠢᠱ᠌ᠢᠶᠡᠯᠡᠪᠡᠯ᠄
ᠡᠵᠡᠩᠨᠡᠯᠲᠡ ᠵᠢᠨ ᠲᠠᠯᠠᠪᠤᠷ ᠭᠠᠵᠠᠷ᠎ᠢ ᠬᠤᠪᠢᠷᠠᠭᠤᠯᠬᠤ᠂ ᠡᠵᠡᠩᠨᠡᠭᠴᠢ ᠵᠢ ᠰᠣᠯᠢᠬᠤ᠂ ᠦᠢ᠍ᠯᠡᠴᠢᠯᠡᠭᠡᠨ᠎ᠤ ᠠᠵᠢᠯᠲᠠᠨ᠎ᠢ ᠬᠤᠪᠢᠷᠠᠭᠤᠯᠤᠭᠰᠠᠨ᠎ᠠᠴᠠ ᠪᠣᠯᠵᠣ ᠢᠲᠡᠭᠡᠯ ᠵᠶ᠋ᠠᠨ ᠠᠯᠳᠠᠭᠰᠠᠨ᠂ ᠲᠣᠭ᠎ᠠ ᠵᠢ ᠬᠢᠵᠠᠭ᠋ᠠᠷᠯᠠᠬᠤ ᠦᠭᠡᠢ ᠦᠢ᠍ᠯᠡᠴᠢᠯᠡᠭᠡᠨ᠎ᠤ ᠠᠮᠠᠯᠠᠯᠲᠠ ᠵᠶ᠋ᠠᠨ ᠲᠣᠬᠢᠲᠠᠶ ᠭᠦᠢ᠍ᠴᠡᠳᠬᠡᠭᠰᠡᠨ ᠥᠬᠡᠶ᠂ ᠬᠡᠷᠡᠭᠯᠡᠭᠴᠢᠳ᠎ᠤᠨ ᠪᠡᠶ᠎ᠡ ᠮᠠᠬᠠᠪᠣᠳ᠎ᠤᠨ ᠡᠷᠡᠭᠦᠯ ᠮᠡᠨᠳᠦ ᠵᠡᠷᠭᠡ ᠤᠷᠢᠳᠴᠢᠯᠠᠨ ᠵᠣᠭᠣᠰ ᠥᠭᠬᠦ ᠮᠠᠶᠢᠭ᠎ᠤᠨ ᠬᠡᠷᠡᠭᠯᠡᠭᠡᠨ᠎ᠤ ᠭᠡᠷ᠎ᠡ ᠵᠢ ᠬᠤᠪᠢᠷᠠᠭᠤᠯᠬᠤ ᠪᠠᠶ᠋ᠢᠳᠠᠯ ᠭᠠᠷᠤᠭᠰᠠᠨ ᠪᠠᠶ᠋ᠢᠪᠠᠯ᠂ ᠬᠡᠷᠡᠭᠯᠡᠭᠴᠢᠳ ᠭᠡᠷ᠎ᠡ ᠵᠢ ᠬᠦᠴᠦᠨ ᠥᠬᠡᠶ ᠪᠣᠯᠭ᠋ᠠᠵᠤ ᠡᠵᠡᠩᠨᠡᠭᠴᠢ ᠵᠢ ᠵᠣᠭᠤᠰ ᠵᠶ᠋ᠠᠨ ᠪᠤᠴᠠᠭ᠋ᠠᠯᠭ᠋ᠠᠬᠤ᠎ᠪᠠᠷ ᠱᠠᠭ᠋ᠠᠷᠳᠠᠬᠤ ᠡᠷᠬᠡ᠎ᠲᠠᠢ᠃
ᠤᠷᠢᠳᠴᠢᠯᠠᠨ ᠵᠣᠭᠣᠰ ᠥᠭᠬᠦ ᠬᠡᠯᠪᠡᠷᠢ ᠵᠢᠨ ᠬᠡᠷᠡᠭᠯᠡᠭᠡᠨ᠎ᠤ ᠭᠡᠷ᠎ᠡ ᠵᠢ ᠬᠦᠴᠦᠨ ᠦᠭᠡᠢ ᠪᠣᠯᠭ᠋ᠠᠭᠰᠠᠨ ᠪᠤᠶᠤ ᠬᠦᠴᠦᠨ ᠦᠭᠡᠢ ᠪᠣᠯᠣᠭᠰᠠᠨ᠎ᠢ ᠨᠤᠲᠠᠯᠠᠭᠰᠠᠨ ᠪᠣᠯ ᠂ ᠬᠡᠷᠡᠭᠯᠡᠭᠴᠢᠳ᠎ᠨᠢ ᠡᠵᠡᠩᠨᠡᠭᠴᠢ ᠵᠢ ᠤᠷᠢᠳᠴᠢᠯᠠᠨ ᠥᠭᠭᠦᠭᠰᠡᠨ ᠵᠣᠭᠣᠰ᠎ᠢ ᠪᠤᠴᠠᠭ᠋ᠠᠨ ᠥᠭᠭᠥᠭᠦᠯᠬᠦ ᠵᠢᠨ ᠬᠠᠮᠲᠤ ᠬᠦᠦ ᠮᠥᠩᠭᠥ ᠵᠢ᠎ᠨᠢ ᠲᠥᠯᠥᠭᠦᠯᠬᠦ᠎ᠪᠠᠷ ᠭᠤᠶᠤᠴᠢᠯᠠᠭᠰᠠᠨ ᠪᠠᠢ᠌ᠪᠠᠯ ᠠᠷᠠᠳ᠎ᠤᠨ ᠰᠢᠭᠦᠬᠦ ᠬᠣᠷᠢᠶ᠎ᠠ ᠳᠡᠮᠵᠢᠬᠦ ᠬᠡᠷᠡᠭᠲᠡᠢ᠃
ᠡᠵᠡᠩᠨᠡᠭᠴᠢ᠎ᠨᠢ ᠤᠷᠢᠳᠴᠢᠯᠠᠨ ᠥᠭᠭᠦᠭᠰᠡᠨ ᠵᠣᠭᠣᠰ᠎ᠢ᠎ᠨᠢ ᠨᠢᠭᠡᠨᠲᠡ ᠬᠤᠷᠢᠶᠠᠵᠤ ᠠᠪᠤᠭ᠋ᠠᠳ ᠲᠠᠸᠠᠷ ᠪᠤᠶᠤ ᠦᠢ᠍ᠯᠡᠴᠢᠯᠡᠭᠡ ᠬᠠᠩᠭ᠋ᠠᠭᠰᠠᠨ᠎ᠤ ᠳᠠᠷᠠᠭ᠋ᠠᠬᠢ ᠰᠠᠭᠤᠯᠭ᠋ᠠᠨ ᠠᠪᠤᠭᠰᠠᠨ ᠦᠯᠡᠳᠡᠪᠦᠷᠢ ᠵᠣᠭᠣᠰ᠎ᠢ᠂ ᠬᠡᠷᠡᠭᠯᠡᠭᠴᠢᠳ᠎ᠤᠨ ᠦᠯᠡᠳᠡᠭᠰᠡᠨ ᠤᠷᠢᠳᠴᠢᠯᠠᠨ ᠥᠭᠭᠦᠭᠰᠡᠨ ᠵᠣᠭᠣᠰ᠎ᠢ᠎ᠨᠢ ᠪᠤᠴᠠᠭ᠋ᠠᠵᠤ ᠥᠭᠬᠦ ᠬᠡᠷᠡᠭᠲᠡᠢ᠃
ᠦᠢ᠍ᠯᠡᠳᠦᠯᠭᠡ ᠵᠢᠨ ᠳᠤᠮᠳᠠ᠂ ᠬᠡᠷᠡᠭᠯᠡᠭᠴᠢᠳ᠎ᠨᠢ ᠡᠵᠡᠩᠨᠡᠭᠴᠢᠳ᠎ᠤᠨ ᠪᠣᠳᠠᠲᠠᠢ ᠡᠵᠡᠩᠨᠡᠯᠲᠡ ᠵᠢᠨ ᠪᠠᠶ᠋ᠢᠳᠠᠯ᠎ᠢ ᠮᠡᠳᠡᠬᠦ ᠦᠭᠡᠢ᠂ ᠬᠡᠰᠡᠭ ᠬᠠᠤᠯᠢ ᠪᠤᠰᠤ ᠡᠵᠡᠩᠨᠡᠭᠴᠢ ᠨᠢᠭᠡᠨᠲᠡ ᠡᠵᠡᠩᠨᠡᠯᠲᠡ ᠵᠢᠨ ᠬᠦᠴᠢᠷᠳᠡᠯ᠎ᠳᠤ ᠲᠤᠯᠭ᠋ᠠᠷᠠᠭᠰᠠᠨ ᠪᠠᠢ᠌ᠲᠠᠯ᠎ᠠ᠎ᠪᠠᠨ᠂ ᠮᠥᠨ ᠯᠡ ᠬᠡᠷᠡᠭᠯᠡᠭᠴᠢᠳ᠎ᠠᠴᠠ ᠲᠠᠸᠠᠷ ᠪᠠ ᠦᠢ᠍ᠯᠡᠴᠢᠯᠡᠭᠡ ᠬᠤᠳᠠᠯᠳᠤᠨ ᠥᠭᠴᠦ᠂ ᠬᠡᠷᠡᠭᠯᠡᠭᠴᠢᠳ᠎ᠠᠴᠠ ᠤᠷᠢᠳᠴᠢᠯᠠᠨ ᠥᠭᠬᠦ ᠵᠣᠭᠣᠰ ᠠᠪᠴᠤ᠂ ᠬᠠᠮᠤᠭ ᠰᠡᠭᠦᠯ᠎ᠳᠤ ᠵᠣᠭᠣᠰ᠎ᠢ ᠠᠪᠴᠤ ᠳᠤᠲᠠᠭ᠋ᠠᠵᠤ᠂ ᠬᠡᠷᠡᠭᠯᠡᠭᠴᠢᠳ᠎ᠢ ᠬᠠᠭᠤᠷᠴᠤ ᠮᠡᠬᠡᠯᠡᠳᠡᠭ᠃
ᠡᠭᠦᠨ᠎ᠤ ᠲᠤᠬᠠᠶ 《ᠰᠠᠨᠠᠯ ᠬᠤᠷᠢᠶᠠᠬᠤ ᠨᠣᠤᠷᠠᠭ》᠎ᠤᠨ ᠲᠣᠭᠲᠠᠭ᠋ᠠᠯ᠎ᠳᠤ ᠡᠵᠡᠩᠨᠡᠯᠲᠡ ᠵᠢᠨ ᠲᠠᠯᠠᠪᠤᠷ ᠭᠠᠵᠠᠷ᠎ᠤᠨ ᠲᠦᠷᠢᠶᠡᠰᠦᠯᠡᠭᠦᠯᠬᠦ ᠲᠠᠯ᠎ᠠ᠎ᠨᠢ ᠡᠵᠡᠩᠨᠡᠭᠴᠢ ᠵᠢᠨ ᠦᠨᠡᠨ ᠨᠡᠷᠡᠶ᠋ᠢᠳᠦᠯ᠂ ᠬᠠᠶᠢᠭ ᠪᠠ ᠪᠦᠲᠦᠮᠵᠢᠲᠡᠶ ᠬᠠᠷᠢᠯᠴᠠᠬᠤ ᠠᠷᠭ᠎ᠠ ᠮᠠᠶᠢᠭ᠎ᠢ ᠬᠠᠩᠭ᠋ᠠᠵᠤ ᠳᠡᠶ᠋ᠢᠯᠬᠦ ᠥᠬᠡᠶ ᠪᠠᠶ᠋ᠢᠪᠠᠯ᠂ ᠲᠠᠯᠠᠪᠤᠷ ᠭᠠᠵᠠᠷ᠎ᠤᠨ ᠡᠵᠡᠩᠨᠡᠭᠴᠢ᠎ᠠᠴᠠ ᠲᠡᠳᠡᠨ᠎ᠤ ᠲᠠᠯᠠᠪᠤᠷ ᠭᠠᠵᠠᠷ᠎ᠢ ᠲᠦᠷᠢᠶᠡᠰᠦᠯᠡᠵᠦ ᠪᠠᠶ᠋ᠢᠭ᠎ᠠ ᠬᠤᠭᠤᠴᠠᠭ᠋ᠠᠨ᠎ᠳᠤ ᠬᠡᠷᠡᠭᠯᠡᠭᠴᠢᠳ᠎ᠤᠨ ᠬᠠᠤᠯᠢ ᠶᠣᠰᠣᠨ᠎ᠤ ᠡᠷᠬᠡ ᠠᠰᠢᠭ᠎ᠲᠤ ᠬᠠᠯᠳᠠᠭᠰᠠᠨ᠎ᠢ ᠮᠡᠳᠡᠬᠦ ᠪᠤᠶᠤ ᠮᠡᠳᠡᠬᠦ ᠴᠢᠬᠤᠯᠠᠲᠠᠢ ᠪᠠᠢ᠌ᠭ᠋ᠠᠳ᠂ ᠴᠢᠬᠤᠯᠠ ᠪᠥᠬᠦᠶ ᠠᠷᠭ᠎ᠠ ᠬᠡᠮᠵᠢᠶ᠎ᠡ ᠠᠪᠤᠭᠰᠠᠨ ᠥᠬᠡᠶ ᠪᠠᠢ᠌ᠪᠠᠯ᠂ ᠬᠡᠷᠡᠭᠯᠡᠭᠴᠢᠳ᠎ᠤᠨ ᠬᠤᠬᠢᠷᠠᠯ᠎ᠳᠤ ᠬᠤᠯᠪᠣᠭᠳᠠᠬᠤ ᠬᠠᠷᠢᠭᠤᠴᠠᠯᠭ᠎ᠠ ᠡᠭᠦᠷᠭᠡᠯᠡᠬᠦ ᠴᠢᠬᠤᠯᠠᠲᠠᠶ ᠭᠡᠵᠦ ᠲᠣᠭᠲᠠᠭ᠋ᠠᠵᠠᠶ᠃
ᠭᠤᠷᠪᠠᠳᠡᠬᠢ ᠬᠦᠮᠦᠨ᠎ᠨᠢ ᠡᠵᠡᠩᠨᠡᠭᠴᠢᠳ᠎ᠢ ᠬᠠᠪᠰᠤᠷᠤᠨ ᠦᠷᠢ ᠦᠭᠴᠡᠭᠡ᠎ᠠᠴᠠ ᠵᠠᠢ᠌ᠯᠠᠭᠰᠠᠨ ᠪᠠᠢ᠌ᠪᠠᠯ ᠬᠣᠯᠪᠣᠭᠳᠠᠬᠤ ᠬᠠᠷᠢᠭᠤᠴᠠᠯᠭ᠎ᠠ ᠡᠭᠦᠷᠭᠡᠯᠡᠨ᠎ᠡ
ᠣᠶ᠋ᠢᠷ᠎ᠠ ᠵᠢᠨ ᠬᠤᠭᠤᠴᠠᠭ᠋ᠠᠨ᠎ᠳᠤ ᠨᠢᠭᠡᠨ ᠰᠢᠨ᠎ᠡ ᠠᠵᠢᠯ ᠲᠥᠷᠥᠯ ᠢᠯᠡᠷᠡᠪᠡ᠂ ᠲᠤᠬᠠᠶ᠋ᠢᠯᠠᠪᠠᠯ 《ᠠᠵᠢᠯ ᠮᠡᠷᠭᠡᠵᠢᠯ᠎ᠤᠨ ᠡᠭᠦᠳᠡ ᠬᠠᠭ᠋ᠠᠭᠴᠢ》 ᠭᠡᠳᠡᠭ᠂ ᠲᠤᠰᠬᠠᠢ᠌ᠯᠠᠨ ᠤᠷᠢᠳᠴᠢᠯᠠᠨ ᠵᠣᠭᠣᠰ ᠥᠭᠬᠦ ᠮᠠᠶᠢᠭ᠎ᠤᠨ ᠬᠡᠷᠡᠭᠯᠡᠭᠡᠨ᠎ᠤ ᠡᠵᠡᠩᠨᠡᠭᠴᠢ ᠵᠢ ᠬᠠᠪᠰᠤᠷᠴᠤ ᠤᠷᠤᠭᠰᠢᠲᠠᠶ ᠡᠭᠦᠳᠡ ᠵᠢ᠎ᠨᠢ ᠬᠠᠭ᠋ᠠᠵᠤ᠂ ᠠᠮᠤᠷ ᠲᠦᠪᠰᠢᠨ ᠵᠶ᠋ᠠᠷ 《ᠥᠷᠢ ᠥᠭᠴᠡᠭᠡᠨ᠎ᠤ ᠬᠠᠷᠢᠭᠤᠴᠠᠯᠭ᠎ᠠ》᠎ᠠᠴᠠ ᠠᠩᠭᠢᠵᠢᠷᠠᠭᠤᠯᠳᠠᠭ᠃
《ᠢᠯᠭ᠋ᠠᠷᠠᠭᠤᠯᠤᠨ ᠪᠤᠳᠤᠬᠤ ᠡᠭᠦᠷᠭᠡᠲᠡᠨ ᠪᠠ ᠥᠷᠢ ᠥᠭᠴᠡᠭᠡ᠎ᠠᠴᠠ ᠵᠠᠶ᠋ᠢᠯᠠᠭᠰᠠᠳᠢ ᠬᠠᠪᠰᠤᠷᠤᠭᠰᠠᠨ ᠬᠠᠷᠢᠭᠤᠴᠠᠯᠭ᠎ᠠ ᠵᠢᠨ ᠪᠡᠶᠡᠴᠢ ᠴᠣᠭᠴᠠ》᠎ᠳᠤ 《ᠰᠠᠨᠠᠯ ᠬᠤᠷᠢᠶᠠᠬᠤ ᠨᠣᠣᠷᠠᠭ》᠎ᠲᠤ ᠪᠠᠰᠠ ᠬᠠᠷᠠᠭ᠋ᠠᠯᠵᠠᠭᠰᠠᠨ ᠲᠣᠭᠲᠠᠭ᠋ᠠᠯ᠎ᠲᠠᠢ᠄
ᠡᠵᠡᠩᠨᠡᠭᠴᠢᠳ ᠤᠷᠢᠳᠴᠢᠯᠠᠨ ᠵᠣᠭᠣᠰ ᠬᠤᠷᠢᠶᠠᠭᠰᠠᠨ᠎ᠤ ᠳᠠᠷᠠᠭ᠎ᠠ ᠡᠵᠡᠩᠨᠡᠯᠲᠡ ᠵᠢᠨ ᠬᠦᠴᠢᠷᠳᠡᠯ᠎ᠲᠠᠢ᠎ᠠᠴᠠ ᠪᠣᠯᠵᠤ ᠭᠡᠷ᠎ᠡ᠎ᠳᠤ ᠪᠣᠯᠵᠣᠨ ᠲᠣᠭᠲᠠᠭᠰᠠᠨ ᠶᠣᠰᠣᠭ᠋ᠠᠷ ᠲᠠᠸᠠᠷ ᠪᠤᠶᠤ ᠦᠢ᠍ᠯᠡᠴᠢᠯᠡᠭᠡ ᠬᠠᠩᠭ᠋ᠠᠵᠤ ᠳᠡᠶ᠋ᠢᠯᠬᠦ ᠦᠭᠡᠶ ᠪᠣᠯ ᠡᠳ᠋ ᠬᠥᠷᠥᠩᠭᠡ ᠪᠠ ᠥᠷᠢ ᠰᠢᠷᠢ᠎ᠪᠠᠨ ᠴᠠᠭ ᠲᠤᠬᠠᠶ᠎ᠳᠤᠨᠢ ᠢᠯᠭ᠋ᠠᠷᠠᠭᠤᠯᠵᠤ᠂ ᠬᠡᠷᠡᠭᠯᠡᠭᠴᠢᠳ᠎ᠲᠤ ᠮᠡᠳᠡᠭᠳᠡᠨ ᠤᠷᠢᠳᠴᠢᠯᠠᠨ ᠥᠭᠭᠦᠭᠰᠡᠨ ᠵᠣᠭᠣᠰ ᠵᠶ᠋ᠡᠨ ᠪᠤᠴᠠᠭ᠋ᠠᠬᠤ ᠵᠡᠷᠭᠡ ᠵᠦᠢ᠍ᠯ ᠵᠶ᠋ᠠᠨ ᠭᠦᠢ᠍ᠴᠡᠳᠬᠡᠯᠭᠡᠬᠦ ᠬᠡᠷᠡᠭᠲᠡᠶ᠃
ᠡᠵᠡᠩᠨᠡᠭᠴᠢᠳ ᠬᠠᠤᠯᠢ ᠶᠣᠰᠣᠭ᠋ᠠᠷ ᠢᠯᠭ᠋ᠠᠷᠠᠭᠤᠯᠤᠨ ᠪᠣᠳᠣᠬᠤ ᠬᠡᠷᠡᠭᠲᠡᠶ ᠪᠣᠯᠪᠠᠴᠤ ᠴᠠᠭ ᠲᠤᠬᠠᠶ᠎ᠳᠤᠨᠢ ᠢᠯᠭ᠋ᠠᠷᠠᠭᠤᠯᠤᠨ ᠪᠣᠳᠣᠭᠰᠠᠨ ᠦᠭᠡᠢ᠎ᠠᠴᠠ ᠪᠣᠯᠵᠤ᠂ ᠬᠡᠷᠡᠭᠯᠡᠭᠴᠢᠳ᠎ᠲᠤ ᠬᠣᠬᠢᠷᠠᠯ ᠤᠴᠠᠷᠠᠭᠤᠯᠤᠭᠰᠠᠨ ᠪᠣᠯ ᠬᠡᠷᠡᠭᠯᠡᠭᠴᠢᠳ ᠡᠵᠡᠩᠨᠡᠭᠴᠢ ᠵᠢᠨ ᠢᠯᠭ᠋ᠠᠷᠠᠭᠤᠯᠤᠨ ᠪᠣᠳᠣᠬᠤ ᠡᠭᠦᠷᠭᠡᠳᠡᠨ ᠵᠢ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠡᠭᠦᠷᠭᠡᠯᠡᠭᠦᠯᠬᠦ᠎ᠪᠠᠷ ᠭᠤᠶᠤᠴᠢᠯᠠᠭᠰᠠᠨ ᠪᠣᠯ ᠠᠷᠠᠳ᠎ᠤᠨ ᠰᠢᠭᠦᠬᠦ ᠬᠣᠷᠢᠶ᠎ᠠ ᠳᠡᠮᠵᠢᠬᠦ ᠬᠡᠷᠡᠭᠲᠡᠶ᠃
ᠭᠤᠷᠪᠠᠳᠠᠬᠢ ᠬᠥᠮᠦᠨ᠎ᠨᠢ ᠡᠵᠡᠩᠨᠡᠭᠴᠢ ᠵᠢ ᠬᠠᠪᠰᠤᠷᠤᠨ ᠥᠷᠢ ᠥᠭᠴᠡᠭᠡ᠎ᠠᠴᠠ ᠵᠠᠶ᠋ᠢᠯᠠᠭᠤᠯᠵᠤ᠂ ᠬᠡᠷᠡᠭᠯᠡᠭᠴᠢᠳ᠎ᠲᠤ ᠬᠣᠬᠢᠷᠠᠯ ᠤᠴᠠᠷᠠᠭᠤᠯᠤᠭᠰᠠᠨ ᠪᠣᠯ᠂ ᠬᠡᠷᠡᠭᠯᠡᠭᠴᠢᠳ ᠭᠤᠷᠪᠠᠳᠠᠬᠢ ᠬᠥᠮᠦᠨ ᠪᠠ ᠡᠵᠡᠩᠨᠡᠭᠴᠢ᠎ᠠᠴᠠ ᠬᠣᠯᠪᠣᠭᠳᠠᠬᠤ ᠬᠠᠷᠢᠭᠤᠴᠠᠯᠭ᠎ᠠ ᠵᠢ ᠡᠭᠦᠷᠭᠡᠯᠡᠭᠦᠯᠬᠦ᠎ᠪᠠᠷ ᠭᠤᠶᠤᠴᠢᠯᠠᠭᠰᠠᠨ ᠪᠠᠶ᠋ᠢᠪᠠᠯ᠂ ᠠᠷᠠᠳ᠎ᠤᠨ ᠰᠢᠭᠦᠬᠦ ᠬᠣᠷᠢᠶ᠎ᠠ ᠳᠡᠮᠵᠢᠬᠦ ᠬᠡᠷᠡᠭᠲᠡᠶ᠃