ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠺᠣᠮᠫᠠᠨᠢ ᠵᠢᠨ ᠬᠠᠤᠯᠢ》 ᠵᠢᠨ ᠰᠢᠷᠢᠰ ᠲᠠᠶ᠋ᠢᠯᠤᠮᠵᠢ — ᠬᠡᠨ ᠬᠠᠤᠯᠢ ᠶᠣᠰᠣᠨ᠎ᠤ ᠲᠥᠯᠥᠭᠡᠯᠡᠭᠴᠢ ᠵᠢᠨ ᠲᠤᠰᠢᠶᠠᠯ᠎ᠢ ᠡᠭᠦᠷᠭᠡᠯᠡᠬᠦ ᠪᠣᠢ
2024-07-09

     ᠨᠢᠭᠡ᠂ ᠬᠠᠤᠯᠢ ᠶᠣᠰᠣᠨ᠎ᠤ ᠲᠥᠯᠥᠭᠡᠯᠡᠭᠴᠢ ᠬᠡᠷᠬᠢᠨ ᠪᠣᠢ ᠪᠣᠯᠣᠭᠰᠠᠨ ᠪᠣᠢ?

     ᠺᠣᠮᠫᠠᠨᠢ ᠵᠢᠨ ᠳᠦᠷᠢᠮ᠎ᠤᠨ ᠲᠣᠭᠲᠠᠭ᠋ᠠᠯ ᠶᠣᠰᠣᠭ᠋ᠠᠷ ᠺᠣᠮᠫᠠᠨᠢ ᠵᠢ ᠲᠥᠯᠥᠭᠡᠯᠡᠵᠦ ᠺᠣᠮᠫᠠᠨᠢ ᠵᠢᠨ ᠤᠴᠢᠷ ᠶᠠᠪᠤᠳᠠᠯ᠎ᠢ ᠭᠦᠢ᠍ᠴᠡᠳᠬᠡᠬᠦ ᠬᠡᠷᠡᠭ ᠮᠡᠳᠡᠭᠴᠢ ᠪᠤᠶᠤ ᠵᠠᠬᠢᠷᠤᠯ ᠡᠭᠦᠷᠭᠡᠯᠡᠨ᠎ᠡ᠃

     ᠵᠠᠰᠠᠯᠲᠠ ᠬᠢᠬᠦ᠎ᠠᠴᠠ ᠡᠮᠦᠨ᠎ᠡ᠂ ᠠᠵᠢᠯᠲᠠᠨ᠎ᠤ ᠬᠦᠷᠢᠶ᠎ᠡ ᠬᠡᠪᠴᠢᠶ᠎ᠡ ᠵᠢ ᠬᠡᠷᠡᠭ ᠮᠡᠳᠡᠭᠴᠢᠳ᠎ᠤᠨ ᠳᠠᠷᠤᠭ᠎ᠠ᠂ ᠬᠡᠷᠡᠭ ᠭᠦᠢ᠍ᠴᠡᠳ᠋ᠭᠡᠬᠦ ᠬᠡᠷᠡᠭ ᠮᠡᠳᠡᠭᠴᠢ᠎ᠠᠴᠠ ᠪᠦᠬᠦ ᠺᠤᠮᠫᠠᠨᠢ ᠵᠢᠨ ᠬᠡᠷᠡᠭ᠎ᠢ ᠭᠦᠢ᠍ᠴᠡᠳ᠋ᠭᠡᠬᠦ ᠬᠡᠷᠡᠭ ᠮᠡᠳᠡᠭᠴᠢ ᠬᠦᠷᠲᠡᠯ᠎ᠡ ᠥᠷᠭᠡᠳ᠋ᠭᠡᠵᠦ᠂ ᠰᠤᠩᠭᠤᠵᠤ ᠲᠤᠮᠢᠯᠠᠬᠤ ᠬᠦᠷᠢᠶ᠎ᠡ ᠬᠡᠪᠴᠢᠶ᠎ᠡ᠎ᠨᠢ ᠤᠨᠴᠠ ᠲᠤᠭᠳᠠᠭᠰᠠᠨ ᠵᠢᠱ᠌ᠢᠭᠳᠡᠭᠰᠡᠳ ᠪᠠᠶ᠋ᠢᠭᠰᠠᠨ᠎ᠠᠴᠠ᠎ᠪᠠᠨ ᠦᠷᠭᠡᠳᠭᠡᠭᠳᠡᠭᠡᠳ ᠨᠢᠭᠡ ᠰᠦᠷᠦᠭᠵᠢᠯ ᠪᠤᠯᠪᠠ᠃ ᠪᠣᠳᠠᠲᠠᠢ᠎ᠪᠠᠷ ᠬᠡᠯᠡᠪᠡᠯ᠂ ᠺᠣᠮᠫᠠᠨᠢ ᠵᠢᠨ ᠬᠡᠷᠡᠭ ᠮᠡᠳᠡᠭᠴᠢᠳ᠎ᠤᠨ ᠳᠠᠷᠤᠭ᠎ᠠ᠂ ᠬᠡᠷᠡᠭ ᠮᠡᠳᠡᠭᠴᠢᠳ᠎ᠤᠨ ᠳᠡᠳ᠋ ᠳᠠᠷᠤᠭ᠎ᠠ᠂ ᠺᠣᠮᠫᠠᠨᠢ ᠵᠢᠨ ᠳᠡᠭᠡᠳᠦ ᠵᠡᠷᠭᠡ ᠵᠢᠨ ᠬᠠᠮᠢᠶᠠᠷᠤᠯᠲᠠ ᠵᠢᠨ ᠲᠤᠰᠢᠶᠠᠯ᠎ᠤᠨ ᠲᠤᠰᠢᠶᠠᠯ᠎ᠢ ᠬᠠᠪᠰᠤᠷᠭ᠋ᠠᠨ ᠡᠭᠦᠷᠭᠡᠯᠡᠵᠦ ᠪᠠᠶ᠋ᠢᠭ᠎ᠠ ᠬᠡᠷᠡᠭ ᠮᠡᠳᠡᠭᠴᠢᠳ᠂ ᠵᠢᠱ᠌ᠢᠶᠡᠯᠡᠪᠡᠯ ᠳᠡᠳ᠋ ᠵᠠᠬᠢᠷᠤᠯ᠂ ᠡᠳ᠋᠎ᠤᠨ ᠶᠠᠪᠤᠳᠠᠯ᠎ᠤᠨ ᠶᠡᠷᠦᠩᠬᠡᠢ ᠬᠢᠨᠠᠭᠴᠢ᠂ ᠵᠠᠬ᠎ᠠ ᠳᠡᠯᠭᠡᠭᠦᠷ᠎ᠲᠤ ᠭᠠᠷᠤᠭᠰᠠᠨ ᠺᠣᠮᠫᠠᠨᠢ ᠵᠢᠨ ᠬᠡᠷᠡᠭ ᠮᠡᠳᠡᠭᠴᠢᠳ᠎ᠤᠨ ᠬᠤᠷᠠᠯ᠎ᠤᠨ ᠨᠠᠷᠢᠨ ᠪᠢᠴᠢᠭᠡᠴᠢ᠎ᠨᠢ ᠴᠥᠮ ᠺᠣᠮᠫᠠᠨᠢ ᠵᠢᠨ ᠬᠠᠤᠯᠢ ᠶᠣᠰᠣᠨ᠎ᠤ ᠲᠥᠯᠥᠭᠡᠯᠡᠭᠴᠢ ᠪᠣᠯᠵᠤ ᠪᠣᠯᠤᠨ᠎ᠠ᠃

     ᠬᠤᠶᠠᠷ᠂ ᠬᠠᠤᠯᠢ ᠶᠣᠰᠣᠨ᠎ᠤ ᠲᠥᠯᠥᠭᠡᠯᠡᠭᠴᠢ ᠵᠢ ᠡᠭᠦᠷᠭᠡᠯᠡᠵᠦ ᠪᠠᠢ᠌ᠭ᠎ᠠ ᠬᠡᠷᠡᠭ ᠮᠡᠳᠡᠭᠴᠢ᠂ ᠵᠠᠬᠢᠷᠤᠯ ᠵᠥᠪᠬᠡᠨ ᠬᠠᠤᠯᠢ ᠶᠣᠰᠣᠨ᠎ᠤ ᠲᠥᠯᠥᠭᠡᠯᠡᠭᠴᠢ ᠵᠢᠨ ᠲᠤᠰᠢᠶᠠᠯ᠎ᠠᠴᠠ᠎ᠪᠠᠨ ᠪᠠᠭᠤᠵᠤ ᠂ ᠦᠷᠭᠦᠯᠵᠢᠯᠡᠨ ᠺᠣᠮᠫᠠᠨᠢ ᠵᠢᠨ ᠬᠡᠷᠡᠭ ᠮᠡᠳᠡᠭᠴᠢ ᠪᠠ  ᠵᠠᠬᠢᠷᠤᠯ᠎ᠤᠨ ᠲᠤᠰᠢᠶᠠᠯ᠎ᠢ ᠡᠭᠦᠷᠭᠡᠯᠡᠵᠦ ᠪᠣᠯᠤᠨ᠎ᠠ ᠤᠤ ᠦᠭᠡᠢ ᠤᠤ?

     ᠺᠤᠮᠫᠠᠨᠢ ᠵᠢᠨ ᠳᠦᠷᠢᠮ ᠵᠶ᠋ᠡᠷ ᠲᠣᠭᠲᠠᠭ᠋ᠠᠨ᠎ᠠ᠃ ᠳᠦᠷᠢᠮ᠎ᠳᠤ ᠬᠠᠤᠯᠢ ᠶᠣᠰᠣᠨ᠎ᠤ  ᠲᠥᠯᠥᠭᠡᠯᠡᠭᠴᠢ ᠵᠢᠨ ᠰᠣᠩᠭᠣᠬᠤ ᠪᠠ ᠬᠤᠪᠢᠷᠠᠭᠤᠯᠬᠤ ᠠᠷᠭ᠎ᠠ ᠵᠢ ᠲᠣᠳᠣᠷᠬᠠᠶ᠋ᠢᠯᠠᠬᠤ ᠬᠡᠷᠡᠭᠲᠡᠢ᠃ ᠳᠦᠷᠢᠮ᠎ᠳᠤ ᠬᠠᠤᠯᠢ ᠶᠣᠰᠣᠨ᠎ᠤ  ᠲᠥᠯᠥᠭᠡᠯᠡᠭᠴᠢ ᠵᠢᠨ ᠲᠤᠰᠬᠠᠢ ᠲᠤᠰᠢᠶᠠᠯ᠎ᠠᠴᠠ᠎ᠪᠠᠨ ᠪᠠᠭᠤᠬᠤ  ᠠᠷᠭ᠎ᠠ ᠵᠢ ᠲᠣᠭᠲᠠᠭ᠋ᠠᠵᠤ ᠪᠣᠯᠤᠨ᠎ᠠ ᠃

     ᠭᠤᠷᠪᠠ ᠂ ᠬᠠᠤᠯᠢ ᠶᠣᠰᠣᠨ᠎ᠤ ᠲᠥᠯᠥᠭᠡᠯᠡᠭᠴᠢ᠎ᠳᠤ ᠬᠣᠭᠣᠰᠤᠨ ᠵᠠᠯᠭ᠋ᠠᠯᠲᠠ ᠵᠢᠨ ᠬᠤᠭᠤᠴᠠᠭ᠎ᠠ ᠪᠠᠢ᠌ᠵᠤ  ᠪᠣᠯᠤᠨ᠎ᠠ ᠤᠤ ᠦᠭᠡᠢ ᠤᠤ?

ᠬᠠᠤᠯᠢ ᠶᠣᠰᠣᠨ᠎ᠤ  ᠲᠥᠯᠥᠭᠡᠯᠡᠭᠴᠢ ᠲᠤᠰᠢᠶᠠᠯ᠎ᠠᠴᠠ᠎ᠪᠠᠨ ᠪᠠᠭᠤᠪᠠᠯ᠂ ᠺᠣᠮᠫᠠᠨᠢ  ᠬᠠᠤᠯᠢ ᠶᠣᠰᠣᠨ᠎ᠤ ᠲᠥᠯᠥᠭᠡᠯᠡᠭᠴᠢ ᠵᠢᠨ ᠲᠤᠰᠢᠶᠠᠯ᠎ᠠᠴᠠ᠎ᠪᠠᠨ ᠪᠠᠭᠤᠭᠰᠠᠨ ᠡᠳᠦᠷ᠎ᠠᠴᠠ ᠡᠬᠢᠯᠡᠨ ᠭᠤᠴᠢᠨ ᠡᠳᠦᠷ᠎ᠤᠨ ᠳᠣᠲᠣᠷ᠎ᠠ ᠬᠠᠤᠯᠢ ᠶᠣᠰᠣᠨ᠎ᠤ  ᠰᠢᠨ᠎ᠡ ᠲᠥᠯᠥᠭᠡᠯᠡᠭᠴᠢ ᠲᠣᠭᠲᠠᠭ᠋ᠠᠬᠤ ᠬᠡᠷᠡᠭᠲᠡᠶ᠃

 

ᠢᠷᠡᠯᠲᠡ᠄