ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ ᠡᠳᠡᠭᠡᠷ ᠵᠶ᠋ᠡᠨ ᠲᠦᠷᠭᠡᠬᠡᠨ ᠭᠦᠢ᠍ᠴᠡᠳᠬᠡᠬᠦ ᠬᠡᠷᠡᠭᠲᠡᠢ! 《ᠲᠠᠪᠤᠨ ᠵᠢᠯ᠎ᠤᠨ ᠰᠢᠯᠵᠢᠯᠲᠡ ᠵᠢᠨ ᠬᠤᠭᠤᠴᠠᠭ᠎ᠠ》 ᠤᠳᠠᠯ ᠦᠭᠡᠢ ᠬᠤᠭᠤᠴᠠᠭ᠎ᠠ᠎ᠨᠢ ᠲᠤᠯᠬᠤ ᠭᠡᠵᠦ ᠪᠠᠶ᠋ᠢᠨ᠎ᠠ!
2024-08-26

     ᠠᠩᠬᠠᠷᠬᠤ᠎ᠨᠢ᠄ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠬᠤ ᠬᠠᠤᠯᠢ》᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠬᠤ ᠬᠠᠤᠯᠢ ᠵᠢ ᠬᠡᠷᠡᠭᠵᠢᠭᠦᠯᠬᠦ ᠳᠦᠷᠢᠮ》᠎ᠤᠨ ᠲᠣᠭᠲᠠᠭ᠋ᠠᠯ᠎ᠢ ᠦᠨᠳᠦᠰᠦᠯᠡᠪᠡᠯ᠂ 2020 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠮᠦᠨ᠎ᠡ 《ᠳᠤᠮᠳᠠᠳᠤ ᠭᠠᠳᠠᠭ᠋ᠠᠳᠤ ᠵᠢᠨ ᠪᠡᠯᠡ ᠨᠡᠶ᠋ᠢᠯᠡᠭᠦᠯᠦᠨ ᠡᠵᠡᠩᠨᠡᠬᠦ ᠠᠵᠤ ᠠᠬᠤᠶ᠋ᠢᠯᠠᠯ᠎ᠤᠨ ᠬᠠᠤᠯᠢ》᠂ 《ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠬᠠᠤᠯᠢ》᠂ 《ᠳᠤᠮᠳᠠᠳᠤ ᠭᠠᠳᠠᠭ᠋ᠠᠳᠤ ᠵᠢᠨ ᠬᠤᠷᠰᠢᠨ ᠡᠵᠡᠩᠨᠡᠬᠦ ᠠᠵᠤ ᠠᠬᠤᠶ᠋ᠢᠯᠠᠯ᠎ᠤᠨ ᠬᠠᠤᠯᠢ》 ᠵᠢ ᠦᠨᠳᠦᠰᠦᠯᠡᠨ ᠪᠠᠶ᠋ᠢᠭᠤᠯᠤᠭᠰᠠᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠬᠤ ᠠᠵᠤ ᠠᠬᠤᠶ᠋ᠢᠯᠠᠯ᠎ᠨᠢ᠂ ᠠᠵᠤ ᠠᠬᠤᠶ᠋ᠢᠯᠠᠯ᠎ᠤᠨ ᠲᠦᠷᠦᠯ ᠬᠡᠯᠪᠡᠷᠢ᠎ᠳᠤ 《ᠪᠡᠯᠡ ᠨᠡᠶ᠋ᠢᠯᠡᠭᠦᠯᠬᠦ》 《ᠬᠠᠮᠲᠤᠷᠠᠯᠴᠠᠬᠤ》 ᠵᠡᠷᠭᠡ ᠦᠰᠦᠭ᠎ᠲᠠᠢ ᠪᠠᠶ᠋ᠢᠵᠤ᠂ ᠺᠣᠮᠫᠠᠨᠢ ᠵᠢᠨ ᠳᠦᠷᠢᠮ᠎ᠳᠤ ᠪᠣᠯᠵᠣᠨ ᠲᠣᠭᠲᠠᠭᠰᠠᠨ ᠬᠠᠮᠤᠭ᠎ᠤᠨ ᠳᠡᠭᠡᠳᠦ ᠡᠷᠬᠡ ᠵᠢᠨ ᠪᠠᠶ᠋ᠢᠭᠤᠯᠤᠮᠵᠢ᠎ᠨᠢ ᠰᠲ᠋ᠣᠺ᠎ᠤᠨ ᠡᠵᠡᠨ (ᠬᠤᠪᠢ ᠣᠷᠣᠭᠤᠯᠤᠭᠴᠢ) ᠪᠠᠶ᠋ᠢᠬᠤ ᠵᠢ ᠪᠠᠭᠲᠠᠭ᠋ᠠᠭᠰᠠᠨ ᠪᠠᠶ᠋ᠢᠪᠠᠯ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠬᠤ ᠬᠠᠤᠯᠢ》 ᠵᠢ ᠬᠡᠷᠡᠭᠵᠢᠭᠦᠯᠦᠭᠰᠡᠨ᠎ᠤ ᠳᠠᠷᠠᠭ᠎ᠠ 5 ᠵᠢᠯ᠎ᠤᠨ ᠳᠣᠲᠣᠷ᠎ᠠ (ᠬᠠᠮᠤᠭ ᠣᠷᠣᠢ᠎ᠳᠤ᠎ᠪᠠᠨ 2024 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ) ᠬᠠᠤᠯᠢ ᠶᠣᠰᠣᠭ᠋ᠠᠷ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ᠂ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ᠎ᠳᠤ ᠲᠣᠬᠢᠷᠠᠭᠤᠯᠤᠯᠲᠠ ᠬᠢᠬᠦ ᠵᠢᠨ ᠬᠠᠮᠲᠤ ᠬᠤᠪᠢᠷᠠᠭ᠋ᠠᠬᠤ (ᠳᠠᠩᠰᠠᠯᠠᠭᠤᠯᠬᠤ) ᠳᠠᠩᠰᠠᠯᠠᠭᠤᠯᠤᠯᠲᠠ ᠬᠢᠨ᠎ᠡ᠃

     ᠣᠳᠣᠬᠠᠨ᠎ᠳᠤ ᠪᠣᠯᠲᠠᠯ᠎ᠠ᠂ 《ᠲᠠᠪᠤᠨ ᠵᠢᠯ᠎ᠤᠨ ᠰᠢᠯᠵᠢᠯᠲᠡ ᠵᠢᠨ ᠬᠤᠭᠤᠴᠠᠭ᠎ᠠ》 ᠵᠥᠪᠬᠡᠨ 4 ᠰᠠᠷ᠎ᠠ ᠭᠠᠷᠤᠢ ᠦᠯᠡᠳᠡᠵᠦ ᠪᠠᠶ᠋ᠢᠨ᠎ᠠ᠃

     ᠲᠠᠨ᠎ᠤ ᠠᠵᠤ ᠠᠬᠤᠶ᠋ᠢᠯᠠᠯ ᠬᠤᠪᠢᠷᠠᠭᠤᠯᠬᠤ ᠴᠢᠬᠤᠯᠠ᠎ᠲᠠᠢ ᠤᠤ ᠦᠭᠡᠢ ᠤᠤ?

     ᠨᠢᠭᠡᠨᠲᠡ ᠬᠤᠪᠢᠷᠠᠭᠤᠯᠤᠯᠲᠠ ᠬᠢᠭᠰᠡᠨ ᠤᠤ?

ᠳᠣᠣᠷᠠᠬᠢ ᠬᠣᠯᠪᠣᠭᠳᠠᠯ ᠪᠦᠬᠦᠢ ᠲᠣᠭᠲᠠᠭ᠋ᠠᠯ ᠵᠢᠴᠢ ᠭᠦᠢ᠍ᠴᠡᠳᠭᠡᠬᠦ ᠶᠠᠪᠤᠴᠠ ᠵᠢ ᠦᠵᠡᠵᠡᠭᠡᠶ᠎ᠡ!

    《ᠲᠠᠪᠤᠨ ᠵᠢᠯ᠎ᠤᠨ ᠰᠢᠯᠵᠢᠯᠲᠡ ᠵᠢᠨ ᠬᠤᠭᠤᠴᠠᠭ᠎ᠠ》 ᠵᠢᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ ᠮᠥᠨ ᠡᠰᠡᠬᠦ ᠵᠢ ᠬᠡᠷᠬᠢᠨ ᠮᠠᠭ᠋ᠠᠳᠯᠠᠬᠤ ᠪᠤᠢ?

1. ᠪᠠᠢ᠌ᠭᠤᠯᠤᠭᠰᠠᠨ ᠴᠠᠭ᠎ᠢ ᠦᠵᠡᠬᠦ᠄ 2020 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠮᠦᠨ᠎ᠡ ᠳᠠᠩᠰᠠᠯᠠᠨ ᠲᠡᠮᠳᠡᠭᠯᠡᠭᠰᠡᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ;

2. ᠠᠵᠤ ᠠᠬᠤᠶ᠋ᠢᠯᠠᠯ᠎ᠤᠨ ᠳᠦᠷᠢᠮ᠎ᠢ ᠦᠵᠡᠬᠦ᠄  ᠠᠵᠤ ᠠᠬᠤᠶ᠋ᠢᠯᠠᠯ᠎ᠤᠨ ᠬᠠᠮᠤᠭ ᠳᠡᠭᠡᠳᠦ ᠡᠷᠬᠡᠲᠦ ᠪᠠᠶ᠋ᠢᠭᠤᠯᠤᠮᠵᠢ ᠪᠣᠯ ᠬᠡᠷᠡᠭ ᠮᠡᠳᠡᠭᠴᠢᠳ᠎ᠤᠨ ᠬᠤᠷᠠᠯ;

3. ᠠᠵᠤ ᠠᠬᠤᠶ᠋ᠢᠯᠠᠯ᠎ᠤᠨ ᠲᠥᠷᠥᠯ ᠬᠡᠯᠪᠡᠷᠢ ᠵᠢ ᠦᠵᠡᠬᠦ᠄ ᠠᠵᠤ ᠠᠬᠤᠶ᠋ᠢᠯᠠᠯ᠎ᠤᠨ ᠲᠥᠷᠥᠯ ᠬᠡᠯᠪᠡᠷᠢ᠎ᠨᠢ ᠳᠤᠮᠳᠠᠳᠤ ᠭᠠᠳᠠᠭ᠋ᠠᠳᠤ ᠵᠢᠨ ᠪᠡᠯᠡ ᠨᠡᠶ᠋ᠢᠯᠡᠭᠦᠯᠦᠭᠰᠡᠨ᠂ ᠳᠤᠮᠳᠠᠳᠤ ᠭᠠᠳᠠᠭ᠋ᠠᠳᠤ ᠬᠠᠮᠲᠤᠷᠠᠯᠴᠠᠭᠰᠠᠨ᠂ ᠲᠠᠶ᠋ᠢᠸᠠᠨ ᠰᠢᠶᠠᠩᠭ᠋ᠠᠩ ᠣᠣᠮᠧᠨ ᠬᠢᠭᠡᠳ ᠬᠢᠯᠢ ᠵᠢᠨ ᠳᠣᠲᠣᠷᠠᠬᠢ ᠪᠡᠯᠡ ᠨᠡᠢ᠌ᠯᠡᠭᠦᠯᠦᠭᠰᠡᠨ ᠂ ᠬᠠᠮᠲᠤᠷᠠᠯᠴᠠᠭᠰᠠᠨ ᠵᠡᠷᠭᠡ 《ᠪᠡᠯᠡ ᠨᠡᠢ᠌ᠯᠡᠭᠦᠯᠦᠭᠰᠡᠨ 》 ᠂ 《ᠬᠠᠮᠲᠤᠷᠠᠯᠴᠠᠭᠰᠠᠨ》 ᠮᠡᠲᠦ ᠵᠢᠨ ᠦᠰᠦᠭ᠎ᠲᠠᠢ᠃

ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ ᠵᠢᠨ ᠲᠤᠬᠠᠢ

1. ᠬᠤᠪᠢᠷᠠᠭᠤᠯᠬᠤ ᠳᠠᠩᠰᠠᠯᠠᠯᠲᠠ ᠬᠢᠬᠦ ᠴᠢᠬᠤᠯᠠ ᠦᠭᠡᠢ ᠪᠠᠶ᠋ᠢᠳᠠᠯ᠄ 2020 ᠣᠨ᠎ᠤ 1 ᠳ᠋ᠦ᠍ᠭᠡᠷ  ᠰᠠᠷ᠎ᠠ ᠵᠢᠨ 1᠎ᠤ ᠡᠳᠦᠷ᠎ᠠᠴᠠ ᠡᠮᠦᠨ᠎ᠡ ᠬᠠᠤᠯᠢ ᠶᠣᠰᠣᠭ᠋ᠠᠷ ᠪᠠᠶ᠋ᠢᠭᠤᠯᠤᠭᠰᠠᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠺᠣᠮᠫᠠᠨᠢ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠬᠠᠮᠲᠤᠷᠠᠭᠰᠠᠨ ᠠᠵᠤ ᠠᠬᠤᠶ᠋ᠢᠯᠠᠯ᠎ᠨᠢ ᠠᠵᠤ ᠠᠬᠤᠶ᠋ᠢᠯᠠᠯ᠎ᠤᠨ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ ᠵᠢᠨ ᠬᠤᠪᠢᠷᠠᠭᠤᠯᠬᠤ ᠳᠠᠩᠰᠠᠯᠠᠯ᠎ᠢ ᠭᠦᠢ᠍ᠴᠡᠳᠬᠡᠬᠦ ᠴᠢᠬᠤᠯᠠ ᠦᠭᠡᠢ᠃

2. ᠬᠤᠪᠢᠷᠠᠭᠤᠯᠬᠤ ᠳᠠᠩᠰᠠᠯᠠᠯ ᠬᠢᠯᠭᠡᠬᠦ ᠴᠢᠬᠤᠯᠠ᠎ᠲᠠᠢ ᠪᠠᠶ᠋ᠢᠳᠠᠯ᠄ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠳᠤᠮᠳᠠᠳᠤ ᠭᠠᠳᠠᠭ᠋ᠠᠳᠤ ᠵᠢᠨ ᠬᠠᠮᠲᠤᠷᠠᠨ ᠡᠵᠡᠩᠨᠡᠬᠦ ᠠᠵᠤ ᠠᠬᠤᠶ᠋ᠢᠯᠠᠯ᠎ᠤᠨ ᠬᠠᠤᠯᠢ ᠵᠢᠨ ᠬᠡᠷᠡᠭᠵᠢᠭᠦᠯᠬᠦ ᠨᠠᠷᠢᠨ ᠳᠦᠷᠢᠮ》 ᠪᠤᠶᠤ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠬᠠᠤᠯᠢ ᠵᠢᠨ ᠬᠡᠷᠡᠭᠵᠢᠭᠦᠯᠬᠦ ᠨᠠᠷᠢᠨ ᠳᠦᠷᠢᠮ》᠎ᠳᠤ ᠪᠠᠶ᠋ᠢᠭᠤᠯᠤᠭᠰᠠᠨ ᠬᠠᠤᠯᠢ ᠵᠢᠨ ᠡᠷᠬᠡᠲᠡᠨ᠎ᠤ ᠬᠢᠷᠢ ᠭᠡᠮ ᠦᠭᠡᠢ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠬᠤ ᠠᠵᠤ ᠠᠬᠤᠶ᠋ᠢᠯᠠᠯ᠎ᠨᠢ 《ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠬᠤ ᠬᠠᠤᠯᠢ》 ᠵᠢ ᠬᠡᠷᠡᠭᠵᠢᠭᠦᠯᠦᠭᠰᠡᠨ᠎ᠤ ᠳᠠᠷᠠᠭ᠎ᠠ ᠲᠠᠪᠤᠨ ᠵᠢᠯ᠎ᠤᠨ ᠳᠣᠲᠣᠷ᠎ᠠ ᠪᠠᠶ᠋ᠢᠭᠤᠯᠤᠯ ᠵᠶ᠋ᠠᠨ ᠥᠭᠡᠷᠡᠴᠢᠯᠡᠬᠦ᠎ᠪᠠᠷ ᠭᠤᠶᠤᠴᠢᠯᠠᠵᠤ ᠪᠣᠯᠬᠤ ᠪᠥᠭᠡᠳ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠷᠰᠢᠭᠰᠠᠨ ᠠᠵᠤ ᠠᠬᠤᠶ᠋ᠢᠯᠠᠯ᠎ᠤᠨ ᠬᠠᠤᠯᠢ》 (ᠳᠣᠷᠣᠭᠰᠢ 《ᠬᠤᠷᠰᠢᠭᠰᠠᠨ ᠠᠵᠤ ᠠᠬᠤᠶ᠋ᠢᠯᠠᠯ᠎ᠤᠨ ᠬᠠᠤᠯᠢ》 ᠭᠡᠵᠦ ᠲᠣᠪᠴᠢᠯᠠᠨ᠎ᠠ)᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠤᠷᠰᠢᠭᠰᠠᠨ ᠠᠵᠤ ᠠᠬᠤᠶ᠋ᠢᠯᠠᠯ᠎ᠤᠨ ᠳᠠᠩᠰᠠᠯᠠᠬᠤ ᠬᠠᠮᠢᠶᠠᠷᠤᠯᠲᠠ ᠵᠢᠨ ᠠᠷᠭ᠎ᠠ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠠᠶ᠋ᠢᠭᠤᠯᠬᠤ ᠨᠥᠬᠦᠴᠡᠯ ᠶᠣᠰᠣᠭ᠋ᠠᠷ᠂ ᠳᠠᠩᠰᠠᠯᠠᠬᠤ ᠪᠠᠶ᠋ᠢᠭᠤᠯᠭ᠎ᠠ᠎ᠳᠤ ᠬᠤᠪᠢᠷᠠᠭᠤᠯᠬᠤ ᠳᠠᠩᠰᠠᠯᠠᠯ᠎ᠢ ᠬᠤᠪᠢᠷᠠᠭᠤᠯᠬᠤ᠎ᠪᠠᠷ ᠭᠤᠶᠤᠴᠢᠯᠠᠬᠤ ᠵᠢᠨ ᠬᠠᠮᠲᠤ ᠬᠠᠮᠢᠶ᠎ᠠ ᠪᠦᠬᠦᠢ ᠮᠠᠲ᠋ᠧᠷᠢᠶᠠᠯ᠎ᠢ ᠬᠠᠤᠯᠢ ᠶᠣᠰᠣᠭ᠋ᠠᠷ ᠲᠤᠰᠢᠶᠠᠨ᠎ᠠ᠃ ᠠᠵᠤ ᠠᠬᠤᠶ᠋ᠢᠯᠠᠯ᠎ᠳᠤ ᠬᠠᠷᠢᠶᠠᠯᠠᠭᠳᠠᠬᠤ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ ᠵᠢ ᠬᠤᠪᠢᠷᠠᠭᠤᠯᠤᠭᠰᠠᠨ᠎ᠤ ᠳᠠᠷᠠᠭ᠎ᠠ᠂ ᠰᠠᠯᠪᠤᠷᠢ ᠪᠠᠶ᠋ᠢᠭᠤᠯᠤᠮᠵᠢ᠎ᠨᠢ ᠬᠤᠪᠢᠷᠠᠭᠤᠯᠬᠤ ᠳᠠᠩᠰᠠᠯᠠᠯ᠎ᠢ ᠴᠠᠭ ᠲᠤᠬᠠᠢ᠎ᠳᠤ᠎ᠨᠢ ᠭᠤᠶᠤᠴᠢᠯᠠᠨ᠎ᠠ᠃

ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠲᠤᠬᠠᠢ

1. ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢ ᠲᠣᠬᠢᠷᠠᠭᠤᠯᠬᠤ ᠴᠢᠬᠤᠯᠠ᠎ᠲᠠᠢ ᠪᠠᠶ᠋ᠢᠳᠠᠯ᠄ 2020 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠮᠦᠨ᠎ᠡ ᠪᠠᠶ᠋ᠢᠭᠤᠯᠤᠭᠰᠠᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠳᠤ᠂ ᠬᠡᠷᠪᠡ ᠲᠡᠭᠦᠨ᠎ᠤ ᠬᠠᠮᠤᠭ᠎ᠤᠨ ᠳᠡᠭᠡᠳᠦ ᠡᠷᠬᠡᠲᠦ ᠪᠠᠶ᠋ᠢᠭᠤᠯᠤᠮᠵᠢ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠬᠡᠷᠡᠭ ᠮᠡᠳᠡᠭᠴᠢ ᠭᠠᠷᠭ᠋ᠠᠬᠤ ᠠᠷᠭ᠎ᠠ ᠮᠠᠶᠢᠭ᠂ ᠬᠡᠷᠡᠭ ᠵᠥᠪᠯᠡᠵᠦ ᠪᠠᠲᠤᠯᠠᠬᠤ ᠲᠣᠭᠲᠠᠴᠠ ᠵᠡᠷᠭᠡ᠎ᠨᠢ 《ᠺᠣᠮᠫᠠᠨᠢ ᠵᠢᠨ ᠬᠠᠤᠯᠢ》 ᠵᠢᠨ ᠠᠯᠪᠠᠳᠠᠯᠭ᠎ᠠ ᠵᠢᠨ ᠴᠢᠨᠠᠷᠲᠠᠶ ᠲᠣᠭᠲᠠᠭ᠋ᠠᠯ᠎ᠲᠠᠢ ᠨᠡᠶ᠋ᠢᠴᠡᠬᠦ ᠥᠬᠡᠶ᠂ ᠬᠠᠮᠤᠭ᠎ᠤᠨ ᠳᠡᠭᠡᠳᠦ ᠡᠷᠬᠡᠲᠦ ᠪᠠᠶ᠋ᠢᠭᠤᠯᠤᠮᠵᠢ ᠵᠢ ᠬᠡᠷᠡᠭ ᠮᠡᠳᠡᠭᠴᠢᠳ᠎ᠤᠨ ᠬᠤᠷᠠᠯ ᠪᠤᠶᠤ ᠬᠠᠮᠲᠤᠷᠠᠨ ᠬᠠᠮᠢᠶᠠᠷᠬᠤ ᠺᠣᠮᠢᠰ᠎ᠠᠴᠠ ᠰᠲ᠋ᠣᠺ᠎ᠤᠨ ᠥᠮᠴᠢᠲᠡᠨ᠎ᠤ ᠨᠡᠶ᠋ᠢᠭᠡᠮᠯᠢᠭ (ᠬᠤᠪᠢ ᠣᠷᠣᠭᠤᠯᠤᠭᠴᠢ) ᠪᠣᠯᠭ᠋ᠠᠨ ᠳᠣᠬᠢᠷᠠᠭᠤᠯᠤᠨ᠎ᠠ᠃

2. ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢ ᠬᠡᠷᠬᠢᠨ ᠲᠣᠬᠢᠷᠠᠭᠤᠯᠬᠤ ᠪᠣᠢ᠄  ᠤᠤᠯ᠎ᠤᠨ ᠡᠷᠬᠡᠲᠦ ᠪᠠᠶ᠋ᠢᠭᠤᠯᠤᠮᠵᠢ᠎ᠠᠴᠠ ᠰᠢᠢ᠍ᠳᠪᠦᠷᠢ ᠭᠠᠷᠭ᠋ᠠᠵᠤ᠂ ᠺᠣᠮᠫᠠᠨᠢ ᠵᠢᠨ ᠳᠦᠷᠢᠮ᠎ᠳᠤ ᠵᠠᠰᠠᠪᠤᠷᠢ ᠣᠷᠣᠭᠤᠯᠵᠤ᠂ ᠡᠷᠬᠡᠲᠦ ᠪᠠᠶ᠋ᠢᠭᠤᠯᠤᠮᠵᠢ ᠵᠢ ᠬᠤᠪᠢ ᠣᠷᠣᠭᠤᠯᠤᠭᠴᠢᠳ᠎ᠤᠨ ᠡᠪᠯᠡᠯ (ᠬᠤᠪᠢ ᠣᠷᠣᠭᠤᠯᠤᠭᠴᠢ) ᠪᠣᠯᠭ᠋ᠠᠨ ᠲᠣᠬᠢᠷᠠᠭᠤᠯᠤᠭᠰᠠᠨ᠎ᠤ ᠳᠠᠷᠠᠭ᠎ᠠ᠂ ᠳᠠᠬᠢᠨ ᠬᠤᠪᠢ ᠣᠷᠣᠭᠤᠯᠤᠭᠴᠢᠳ᠎ᠤᠨ ᠡᠪᠯᠡᠯ (ᠬᠤᠪᠢ ᠣᠷᠣᠭᠤᠯᠤᠭᠴᠢ) 《ᠺᠣᠮᠫᠠᠨᠢ ᠵᠢᠨ ᠬᠠᠤᠯᠢ》᠎ᠳᠤ ᠲᠣᠭᠲᠠᠭ᠋ᠠᠭᠰᠠᠨ ᠲᠣᠭᠲᠠᠭ᠋ᠠᠯ ᠶᠣᠰᠣᠭ᠋ᠠᠷ ᠰᠢᠢ᠍ᠳᠪᠦᠷᠢ ᠪᠤᠶᠤ ᠲᠣᠭᠲᠠᠭ᠋ᠠᠯ ᠭᠠᠷᠭ᠋ᠠᠬᠤ ᠵᠢᠨ ᠬᠠᠮᠲᠤ ᠳᠠᠩᠰᠠᠯᠠᠬᠤ ᠪᠠᠶ᠋ᠢᠭᠤᠯᠭ᠎ᠠ᠎ᠳᠤ ᠬᠤᠪᠢᠷᠠᠭ᠋ᠠᠬᠤ ᠳᠠᠩᠰᠠᠯᠠᠯᠲᠠ᠂ ᠳᠦᠷᠢᠮ᠎ᠢ ᠳᠠᠩᠰᠠᠯᠠᠬᠤ ᠪᠤᠶᠤ ᠬᠡᠷᠡᠭ ᠬᠠᠮᠢᠶᠠᠷᠤᠭᠴᠢ ᠵᠢ ᠳᠠᠩᠰᠠᠯᠠᠬᠤ ᠵᠡᠷᠭᠡ ᠭᠠᠷᠳᠠᠮ᠎ᠢ ᠬᠠᠤᠯᠢ ᠶᠣᠰᠣᠭ᠋ᠠᠷ ᠭᠦᠢ᠍ᠴᠡᠳᠬᠡᠬᠦ᠎ᠪᠠᠷ ᠭᠤᠶᠤᠴᠢᠯᠠᠨ᠎ᠠ᠃

     ᠴᠠᠭ ᠲᠤᠬᠠᠢ᠎ᠳᠤ᠎ᠨᠢ ᠬᠤᠪᠢᠷᠠᠭᠤᠯᠬᠤ ᠦᠭᠡᠢ ᠪᠣᠯ ᠲᠤᠯᠭ᠋ᠠᠷᠠᠵᠤ ᠮᠡᠳᠡᠬᠦ ᠲᠦᠭᠰᠢᠭᠦᠷᠢ

    《ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠬᠤ ᠬᠠᠤᠯᠢ》 ᠵᠢᠴᠢ ᠲᠡᠭᠦᠨ᠎ᠤ ᠬᠡᠷᠡᠭᠵᠢᠭᠦᠯᠬᠦ ᠳᠦᠷᠢᠮ᠎ᠤᠨ ᠲᠣᠭᠲᠠᠭ᠋ᠠᠯ᠎ᠢ ᠦᠨᠳᠦᠰᠦᠯᠡᠨ᠂ 2025 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠡᠬᠢᠯᠡᠨ᠂ ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ᠂ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠡᠷᠭᠡ᠎ᠳᠤ ᠬᠠᠤᠯᠢ ᠶᠣᠰᠣᠭ᠋ᠠᠷ ᠲᠣᠬᠢᠷᠠᠭᠤᠯᠤᠯᠲᠠ ᠬᠢᠭᠰᠡᠨ ᠦᠭᠡᠢ ᠪᠥᠭᠡᠳ ᠬᠤᠪᠢᠷᠠᠭᠤᠯᠬᠤ ᠳᠠᠩᠰᠠᠯᠠᠯᠲᠠ ᠬᠢᠵᠦ ᠥᠭᠭᠦᠭᠰᠡᠨ ᠦᠭᠡᠢ ᠣᠳᠣ ᠵᠢᠨ ᠪᠠᠶ᠋ᠢᠭ᠎ᠠ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠬᠤ ᠠᠵᠤ ᠠᠬᠤᠶ᠋ᠢᠯᠠᠯ᠎ᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠤᠰ ᠠᠵᠤ ᠠᠬᠤᠶ᠋ᠢᠯᠠᠯ᠎ᠤᠨ ᠭᠤᠶᠤᠴᠢᠯᠠᠯ᠎ᠢ ᠭᠦᠢ᠍ᠴᠡᠳᠬᠡᠵᠦ ᠳᠡᠶ᠋ᠢᠯᠬᠦ ᠦᠭᠡᠢ ᠪᠤᠰᠤᠳ ᠳᠠᠩᠰᠠᠯᠠᠨ ᠲᠡᠮᠳᠡᠭᠯᠡᠬᠦ ᠵᠦᠢ᠍ᠯᠡᠰ᠎ᠢ ᠨᠡᠶ᠋ᠢᠲᠡᠯᠡᠬᠦ ᠵᠢᠨ ᠬᠠᠮᠲᠤ ᠬᠣᠯᠪᠣᠭᠳᠠᠯ ᠪᠦᠬᠦᠢ ᠪᠠᠶ᠋ᠢᠳᠠᠯ᠎ᠢ ᠨᠡᠢ᠌ᠲᠡᠯᠡᠬᠦ ᠪᠣᠯᠣᠨ᠎ᠠ᠃

     ᠡᠶ᠋ᠢᠮᠦ᠎ᠠᠴᠠ᠂ ᠬᠡᠷᠪᠡ ᠰᠢᠯᠵᠢᠯᠲᠡ ᠵᠢᠨ ᠬᠤᠭᠤᠴᠠᠭ᠋ᠠᠨ᠎ᠳᠤ ᠬᠤᠯᠪᠣᠭᠳᠠᠯ ᠪᠦᠬᠦᠢ ᠵᠦᠢ᠍ᠯᠡᠰ᠎ᠲᠤ ᠲᠣᠬᠢᠷᠠᠭᠤᠯᠤᠯᠲᠠ ᠬᠢᠭᠰᠡᠨ ᠦᠭᠡᠢ ᠪᠥᠭᠡᠳ ᠬᠤᠪᠢᠷᠠᠭᠤᠯᠬᠤ ᠳᠠᠩᠰᠠᠯᠠᠯ᠎ᠢ ᠭᠦᠢ᠍ᠴᠡᠳᠬᠡᠭᠰᠡᠨ ᠦᠭᠡᠢ ᠪᠣᠯ᠂ ᠰᠢᠯᠵᠢᠯᠲᠡ ᠵᠢᠨ ᠬᠤᠭᠤᠴᠠᠭ᠎ᠠ ᠳᠠᠭᠤᠰᠤᠭᠰᠠᠨ᠎ᠤ ᠳᠠᠷᠠᠭ᠎ᠠ᠂ ᠠᠵᠤ ᠠᠬᠤᠶ᠋ᠢᠯᠠᠯ᠎ᠨᠢ ᠬᠡᠷᠪᠡ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠵᠢ ᠬᠤᠪᠢᠷᠠᠭᠤᠯᠬᠤ᠂ ᠣᠷᠣᠨ ᠰᠠᠭᠤᠴᠠ ᠵᠢᠨ ᠬᠠᠶᠢᠭ᠎ᠢ ᠬᠤᠪᠢᠷᠠᠭᠤᠯᠬᠤ᠂ ᠳᠠᠩᠰᠠᠯᠠᠭᠤᠯᠤᠭᠰᠠᠨ ᠬᠦᠷᠦᠩᠭᠡ ᠵᠢ ᠬᠤᠪᠢᠷᠠᠭᠤᠯᠬᠤ᠂ ᠡᠵᠡᠩᠨᠡᠯᠲᠡ ᠵᠢᠨ ᠬᠡᠪᠴᠢᠶ᠎ᠡ ᠵᠢ ᠬᠤᠪᠢᠷᠠᠭᠤᠯᠬᠤ ᠵᠡᠷᠭᠡ ᠪᠤᠰᠤᠳ ᠪᠦᠷᠢᠳᠬᠡᠬᠦ ᠵᠦᠢ᠍ᠯᠡᠰ᠎ᠢ ᠭᠦᠢ᠍ᠴᠡᠳᠬᠡᠬᠦ ᠵᠢᠨ ᠠᠷᠭ᠎ᠠ ᠦᠭᠡᠢ ᠪᠠᠶ᠋ᠢᠵᠤ᠂ ᠠᠵᠤ ᠠᠬᠤᠶ᠋ᠢᠯᠠᠯ᠎ᠤᠨ ᠡᠳᠦᠷ ᠲᠤᠲᠤᠮ᠎ᠤᠨ ᠡᠵᠡᠩᠨᠡᠯᠲᠡ ᠵᠢ ᠨᠥᠯᠥᠭᠡᠯᠡᠵᠦ ᠮᠡᠳᠡᠨ᠎ᠡ᠃ ᠠᠩᠬᠠᠷᠤᠭᠤᠰᠢᠲᠠᠶ᠎ᠨᠢ᠂ ᠬᠡᠷᠪᠡ ᠰᠢᠯᠵᠢᠯᠲᠡ ᠵᠢᠨ ᠬᠤᠭᠤᠴᠠᠭ᠋ᠠᠨ᠎ᠳᠤ ᠠᠵᠤ ᠠᠬᠤᠶ᠋ᠢᠯᠠᠯ᠎ᠤᠨ ᠳᠦᠷᠢᠮ᠎ᠳᠤ 《ᠺᠣᠮᠫᠠᠨᠢ ᠵᠢᠨ ᠬᠠᠤᠯᠢ》 ᠵᠢᠨ ᠲᠣᠭᠲᠠᠭ᠋ᠠᠯ᠎ᠨᠢ ᠨᠢᠭᠡᠳᠦᠯ ᠦᠭᠡᠢ ᠬᠠᠮᠤᠭ᠎ᠤᠨ ᠳᠡᠭᠡᠳᠦ ᠡᠷᠬᠡᠲᠦ ᠪᠠᠶ᠋ᠢᠭᠤᠯᠤᠮᠵᠢ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠬᠡᠷᠡᠭ ᠮᠡᠳᠡᠭᠴᠢ ᠭᠠᠷᠭ᠋ᠠᠬᠤ ᠠᠷᠭ᠎ᠠ ᠮᠠᠶᠢᠭ᠂ ᠬᠡᠷᠡᠭ ᠵᠥᠪᠯᠡᠵᠦ ᠪᠠᠲᠤᠯᠠᠬᠤ ᠲᠣᠭᠲᠠᠴᠠ ᠵᠡᠷᠭᠡ ᠠᠭᠤᠯᠭ᠎ᠠ᠎ᠯᠤᠭ᠎ᠠ ᠲᠣᠬᠢᠷᠠᠭᠤᠯᠤᠯᠲᠠ ᠬᠢᠭᠰᠡᠨ ᠦᠭᠡᠢ ᠪᠥᠭᠡᠳ ᠵᠣᠬᠢᠴᠠᠩᠭᠤᠶ ᠬᠤᠪᠢᠷᠠᠭᠤᠯᠬᠤ ᠳᠠᠩᠰᠠᠯᠠᠯ᠎ᠢ ᠭᠦᠢ᠍ᠴᠡᠳᠬᠡᠭᠰᠡᠨ ᠦᠭᠡᠢ᠂ ᠡᠰᠡᠬᠦᠯ᠎ᠡ ᠬᠡᠰᠡᠭ ᠬᠠᠤᠯᠢ ᠵᠢᠨ ᠡᠷᠬᠡᠲᠡᠨ᠎ᠤ ᠬᠢᠷᠢ ᠬᠡᠮ ᠦᠭᠡᠢ ᠬᠡᠰᠡᠭ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠢ ᠬᠠᠮᠲᠤᠷᠠᠭᠰᠠᠨ ᠠᠵᠤ ᠠᠬᠤᠶ᠋ᠢᠯᠠᠯ ᠪᠣᠯᠭ᠋ᠠᠨ ᠥᠭᠡᠷᠡᠴᠢᠯᠡᠭᠰᠡᠨ ᠦᠭᠡᠢ ᠪᠠᠢ᠌ᠪᠠᠯ ᠬᠤᠯᠪᠣᠭᠳᠠᠯ ᠪᠦᠬᠦᠢ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠰᠢᠢ᠍ᠳᠪᠦᠷᠢᠲᠦ ᠪᠣᠳᠣᠯᠭ᠎ᠠ ᠪᠤᠶᠤ ᠬᠠᠤᠯᠢ ᠴᠠᠭ᠋ᠠᠵᠠ ᠵᠢᠨ ᠪᠠᠶ᠋ᠢᠷᠢ ᠰᠠᠭᠤᠷᠢ ᠵᠢᠨ ᠬᠠᠤᠯᠢ ᠶᠣᠰᠣᠴᠢ ᠴᠢᠨᠠᠷ᠎ᠢ ᠪᠠᠲᠤᠯᠠᠬᠤ᠎ᠳᠤ ᠪᠡᠷᠬᠡᠲᠡᠶ ᠪᠣᠯᠭ᠋ᠠᠭᠰᠠᠨ ᠪᠣᠯ ᠠᠵᠤ ᠠᠬᠤᠶ᠋ᠢᠯᠠᠯ᠎ᠤᠨ ᠬᠠᠮᠤᠭ᠎ᠤᠨ ᠳᠡᠭᠡᠳᠦ ᠡᠷᠬᠡᠲᠦ ᠪᠠᠶ᠋ᠢᠭᠤᠯᠤᠮᠵᠢ ᠵᠢ ᠬᠡᠪ᠎ᠤᠨ ᠪᠠᠶ᠋ᠢᠳᠠᠯ ᠵᠶ᠋ᠠᠷ ᠰᠢᠢ᠍ᠳᠪᠦᠷᠢ ᠭᠠᠷᠭ᠋ᠠᠬᠤ ᠵᠢᠨ ᠠᠷᠭ᠎ᠠ ᠦᠭᠡᠢ ᠪᠣᠯᠭ᠋ᠠᠬᠤ ᠵᠢᠨ ᠤᠯᠠᠮ ᠵᠶ᠋ᠠᠷ ᠠᠵᠤ ᠠᠬᠤᠶ᠋ᠢᠯᠠᠯ᠎ᠤᠨ ᠡᠵᠡᠩᠨᠡᠯᠲᠡ᠎ᠳᠤ ᠦᠨᠳᠦᠰᠦᠨ᠎ᠠᠴᠠ᠎ᠨᠢ ᠬᠦᠨᠳᠦ ᠨᠣᠴᠢᠲᠠᠶ ᠨᠥᠯᠥᠭᠡ ᠦᠵᠡᠭᠦᠯᠬᠦ ᠪᠣᠯᠣᠨ᠎ᠠ᠃ ᠬᠡᠷᠪᠡ ᠡᠭᠦᠨ᠎ᠯᠦᠭᠡ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠵᠢᠭᠤᠷᠠᠯᠳᠤᠭ᠋ᠠᠨ ᠭᠠᠷᠪᠠᠯ ᠳᠤᠮᠳᠠᠳᠤ ᠭᠠᠳᠠᠭ᠋ᠠᠳᠤ ᠵᠢᠨ ᠪᠡᠯᠡ ᠣᠷᠣᠭᠤᠯᠤᠭᠴᠢᠳ ᠪᠠ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠨᠢ ᠪᠠᠲᠤᠯᠠᠭ᠎ᠠ ᠣᠯᠬᠤ᠎ᠳᠤ ᠪᠡᠷᠬᠡ ᠪᠣᠯᠣᠨ᠎ᠠ᠃

     ᠬᠣᠪᠢᠷᠠᠭᠤᠯᠤᠯᠲᠠ ᠵᠢ ᠬᠡᠷᠬᠢᠨ ᠭᠤᠶᠤᠴᠢᠯᠠᠬᠤ (ᠳᠠᠩᠰᠠᠯᠠᠬᠤ) ᠪᠤᠢ?

     ᠡᠵᠡᠩᠨᠡᠯᠲᠡ ᠵᠢᠨ ᠦᠨᠡᠮᠯᠡᠯ ᠳᠡᠭᠡᠷᠡᠬᠢ ᠳᠠᠩᠰᠠᠯᠠᠬᠤ ᠪᠠᠶ᠋ᠢᠭᠤᠯᠭ᠎ᠠ ᠵᠢᠨ ᠪᠠᠶ᠋ᠢᠭ᠎ᠠ ᠭᠠᠵᠠᠷ᠎ᠤᠨ ᠬᠤᠲᠠ ᠵᠢᠨ ᠱᠠᠲᠤᠨ᠎ᠤ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠲᠥᠪ᠎ᠤᠨ ᠭᠠᠳᠠᠭ᠋ᠠᠳᠤ ᠪᠡᠯᠡ ᠵᠢᠨ ᠳᠡᠩᠰᠡᠯᠡᠯᠲᠡ ᠵᠢᠨ ᠴᠤᠩᠬᠤᠪᠴᠢ᠎ᠳᠤ ᠬᠦᠷᠴᠦ ᠭᠦᠢ᠍ᠴᠡᠳᠬᠡᠬᠦ᠎ᠳᠤ᠂ ᠬᠡᠷᠪᠡ ᠮᠠᠳᠠᠭ᠎ᠲᠠᠢ ᠪᠣᠯ ᠡᠯ᠎ᠡ ᠠᠶ᠋ᠢᠮᠠᠭ ᠬᠤᠲᠠ ᠵᠢᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠨᠠᠷᠢᠨ ᠠᠰᠠᠭᠤᠭ᠋ᠠᠷᠠᠢ᠃

     ᠣᠨᠴᠠᠭ᠋ᠠᠶ᠋ᠢᠯᠠᠨ ᠰᠠᠨᠠᠭᠤᠯᠬᠤ᠎ᠨᠢ

     ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠳᠠᠬᠢᠨ ᠪᠡᠯᠡ ᠣᠷᠣᠭᠤᠯᠤᠭᠰᠠᠨ ᠳᠣᠲᠣᠭ᠋ᠠᠳᠤ ᠪᠡᠯᠡ ᠵᠢᠨ ᠠᠵᠤ ᠠᠬᠤᠶ᠋ᠢᠯᠠᠯ᠂ ᠭᠠᠳᠠᠭ᠋ᠠᠳᠤ ᠵᠢᠨ ᠠᠵᠤ ᠠᠬᠤᠶ᠋ᠢᠯᠠᠯ᠎ᠤᠨ ᠪᠠᠶ᠋ᠢᠩᠭᠤ ᠰᠠᠭᠤᠭ᠎ᠠ ᠲᠥᠯᠥᠭᠡᠯᠡᠬᠦ ᠪᠠᠶ᠋ᠢᠭᠤᠯᠤᠮᠵᠢ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠤᠨ ᠰᠠᠯᠪᠤᠷᠢ ᠪᠠᠶ᠋ᠢᠭᠤᠯᠤᠮᠵᠢ᠂ ᠪᠠᠶ᠋ᠢᠭᠤᠯᠤᠭᠳᠠᠭᠰᠠᠨ ᠴᠠᠭ᠎ᠨᠢ 2020 ᠣᠨ᠎ᠤ 1 ᠳ᠋ᠦ᠍ᠭᠡᠷ ᠰᠠᠷ᠎ᠠ ᠵᠢᠨ 1᠎ᠤ ᠡᠳᠦᠷ᠎ᠠᠴᠠ ᠰᠡᠭᠦᠯᠡᠷᠬᠢ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠨᠢ ᠲᠤᠰ ᠤᠳᠠᠭ᠋ᠠᠨ᠎ᠤ ᠬᠣᠪᠢᠷᠠᠭᠤᠯᠤᠯᠲᠠ ᠪᠤᠶᠤ ᠳᠠᠩᠰᠠᠯᠠᠭᠤᠯᠤᠨ ᠲᠡᠮᠳᠡᠭᠯᠡᠬᠦ ᠵᠢ ᠭᠦᠢ᠍ᠴᠡᠳᠬᠡᠬᠦ ᠴᠢᠬᠤᠯᠠ ᠦᠭᠡᠢ᠃

 

ᠢᠷᠡᠯᠲᠡ᠄ ᠪᠦᠷᠢᠳᠬᠡᠨ ᠳᠠᠩᠰᠠᠯᠠᠬᠤ ᠲᠣᠪᠴᠢᠶ᠎ᠠ