ᠠᠰᠠᠭᠤᠯᠲᠠ᠄ ᠣᠷᠬᠤᠳᠠᠢ᠂ ᠤᠮᠠᠷᠠᠲᠤ ᠠᠮᠸᠷᠢᠺᠠ ᠵᠢᠨ ᠣᠷᠬᠤᠳᠠᠢ᠂ ᠪᠢᠯᠢᠭᠲᠦ ᠳᠡᠯᠳᠡᠦ᠎ᠪᠠᠷ ᠲᠦᠭᠦᠬᠡᠢ ᠮᠠᠲ᠋ᠧᠷᠢᠶᠠᠯ ᠪᠣᠯᠭ᠋ᠠᠭᠰᠠᠨ ᠡᠷᠡᠭᠦᠯᠵᠢᠯ᠎ᠤᠨ ᠢᠳᠡᠭᠡᠨ᠎ᠤ ᠳᠠᠩᠰᠠᠯᠠᠭᠤᠯᠬᠤ ᠬᠠᠮᠢᠶᠠᠷᠤᠯᠲᠠ ᠬᠢᠬᠦ᠎ᠳᠤ ᠶᠠᠭᠤ ᠵᠢ ᠠᠩᠬᠠᠷᠬᠤ ᠪᠤᠢ?
ᠬᠠᠷᠢᠭᠤᠯᠲᠠ᠄ 4 ᠳ᠋ᠦ᠍ᠭᠡᠷ ᠰᠠᠷ᠎ᠠ ᠵᠢᠨ 30᠎ᠤ ᠡᠳᠦᠷ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ᠎ᠠᠴᠠ 《ᠡᠷᠡᠭᠦᠯᠵᠢᠯ᠎ᠤᠨ ᠢᠳᠡᠭᠡᠨ᠎ᠤ ᠲᠦᠭᠦᠬᠡᠶ ᠮᠠᠲ᠋ᠧᠷᠢᠶᠠᠯ᠎ᠤᠨ ᠣᠷᠬᠤᠳᠠᠢ᠂ ᠤᠮᠠᠷᠠᠲᠤ ᠠᠮᠸᠷᠢᠺᠠ ᠵᠢᠨ ᠣᠷᠬᠤᠳᠠᠢ᠂ ᠪᠢᠯᠢᠭᠲᠦ ᠳᠡᠯᠳᠡᠦ ᠵᠢᠨ ᠳᠠᠩᠰᠠᠯᠠᠭᠤᠯᠬᠤ ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ》 (ᠳᠣᠷᠣᠭᠰᠢ 《ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ》 ᠭᠡᠵᠦ ᠲᠣᠪᠴᠢᠯᠠᠨ᠎ᠠ)᠎ᠢ ᠨᠡᠶ᠋ᠢᠲᠡᠯᠡᠵᠦ᠂ ᠣᠷᠬᠤᠳᠠᠢ᠂ ᠤᠮᠠᠷᠠᠲᠤ ᠠᠮᠸᠷᠢᠺᠠ ᠵᠢᠨ ᠣᠷᠬᠤᠳᠠᠢ᠂ ᠪᠢᠯᠢᠭᠲᠦ ᠳᠡᠯᠳᠡᠦ᠎ᠪᠠᠷ ᠲᠦᠭᠦᠬᠡᠶ ᠮᠠᠲ᠋ᠧᠷᠢᠶᠠᠯ ᠪᠣᠯᠭ᠋ᠠᠭᠰᠠᠨ ᠡᠷᠡᠭᠦᠯᠵᠢᠯ᠎ᠤᠨ ᠢᠳᠡᠭᠡᠨ᠎ᠳᠤ ᠳᠠᠩᠰᠠᠯᠠᠭᠤᠯᠬᠤ ᠬᠠᠮᠢᠶᠠᠷᠤᠯᠲᠠ ᠵᠢ ᠬᠡᠷᠡᠭᠵᠢᠭᠦᠯᠦᠨ᠎ᠡ᠃
2023 ᠣᠨ᠎ᠤ 12 ᠳ᠋ᠤᠭ᠋ᠠᠷ ᠰᠠᠷ᠎ᠠ᠎ᠳᠤ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ 《ᠡᠷᠡᠭᠦᠯᠵᠢᠯ᠎ᠤᠨ ᠢᠳᠡᠭᠡᠨ᠎ᠤ ᠲᠦᠭᠦᠬᠡᠶ ᠮᠠᠲ᠋ᠧᠷᠢᠶᠠᠯ᠎ᠤᠨ ᠭᠠᠷᠴᠠᠭ ᠣᠷᠬᠣᠳᠠᠢ᠂ ᠤᠮᠠᠷᠠᠲᠤ ᠠᠮᠸᠷᠢᠺᠠ ᠵᠢᠨ ᠣᠷᠬᠣᠲᠠᠢ᠂ ᠪᠢᠯᠢᠭᠲᠦ ᠳᠡᠯᠳᠡᠦ》 ᠵᠢ ᠨᠡᠢ᠌ᠲᠡᠯᠡᠵᠦ᠂ ᠣᠷᠬᠣᠳᠠᠢ᠂ ᠤᠮᠠᠷᠠᠲᠤ ᠠᠮᠸᠷᠢᠺᠠ ᠵᠢᠨ ᠣᠷᠬᠣᠲᠠᠢ᠂ ᠪᠢᠯᠢᠭᠲᠦ ᠳᠡᠯᠳᠡᠦ ᠵᠢ ᠡᠷᠡᠭᠦᠯᠵᠢᠯ᠎ᠤᠨ ᠢᠳᠡᠭᠡᠨ᠎ᠤ ᠲᠦᠭᠦᠬᠡᠶ ᠮᠠᠲ᠋ᠧᠷᠢᠶᠠᠯ᠎ᠤᠨ ᠭᠠᠷᠴᠠᠭ᠎ᠲᠤ ᠣᠷᠣᠭᠣᠯᠬᠤ ᠪᠣᠯᠣᠨ᠎ᠠ᠃ ᠲᠣᠰ ᠤᠳᠠᠭ᠋ᠠᠨ᠎ᠤ ᠨᠡᠶ᠋ᠢᠲᠡᠯᠡᠭᠰᠡᠨ 《ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ》᠎ᠳᠤ ᠭᠤᠷᠪᠠᠨ ᠲᠦᠭᠦᠬᠡᠶ ᠮᠠᠲ᠋ᠧᠷᠢᠶᠠᠯ᠎ᠤᠨ ᠦᠢ᠍ᠯᠡᠳᠭᠦᠨ᠎ᠢ ᠳᠠᠩᠰᠠᠯᠠᠭᠤᠯᠬᠤ ᠦᠶ᠎ᠡ᠎ᠳᠤ ᠬᠡᠷᠡᠭᠯᠡᠵᠦ ᠪᠣᠯᠬᠤ ᠲᠤᠰᠠᠯᠠᠬᠤ ᠮᠠᠲ᠋ᠧᠷᠢᠶᠠᠯ᠂ ᠡᠮ᠎ᠤᠨ ᠬᠡᠯᠪᠡᠷᠢ᠂ ᠤᠷᠠᠯᠠᠯ ᠵᠡᠷᠭᠡ ᠮᠡᠷᠭᠡᠵᠢᠯ᠎ᠤᠨ ᠱᠠᠭ᠋ᠠᠷᠳᠠᠯᠭ᠎ᠠ ᠵᠢ ᠲᠣᠭᠲᠠᠭ᠋ᠠᠵᠤ᠂ ᠦᠢ᠍ᠯᠡᠳᠬᠦᠨ᠎ᠤ ᠶᠠᠰᠤ ᠴᠢᠨᠠᠷ᠎ᠤᠨ ᠠᠮᠤᠷ ᠲᠦᠪᠰᠢᠨ᠎ᠤ ᠭᠦᠢ᠍ᠴᠡᠳᠬᠡᠯ ᠲᠤᠭ᠎ᠠ ᠵᠢᠨ ᠱᠠᠭ᠋ᠠᠷᠳᠠᠯᠭ᠎ᠠ ᠵᠢ ᠲᠣᠳᠣᠷᠬᠠᠶ᠋ᠢᠯᠠᠪᠠ᠂ ᠵᠢᠱ᠌ᠢᠶᠡᠯᠡᠪᠡᠯ ᠪᠡᠯᠭᠡ ᠲᠡᠮᠲᠡᠭᠲᠦ ᠴᠢᠨᠠᠷᠲᠠᠢ ᠪᠦᠷᠢᠯᠳᠦᠬᠦᠨ᠂ ᠪᠣᠬᠢᠷᠲᠤᠯ ᠪᠣᠳᠠᠰ᠎ᠤᠨ ᠭᠦᠢ᠍ᠴᠡᠳᠬᠡᠯ ᠲᠤᠭ᠎ᠠ ᠵᠡᠷᠭᠡ᠎ᠨᠢ ᠡᠷᠬᠡᠪᠰᠢ ᠮᠠᠨ᠎ᠤ ᠤᠯᠤᠰ᠎ᠤᠨ ᠬᠤᠯᠪᠣᠭᠳᠠᠯ ᠪᠥᠬᠦᠶ ᠢᠳᠡᠭᠡᠨ᠎ᠤ ᠠᠮᠤᠷ ᠲᠦᠪᠰᠢᠨ᠎ᠤ ᠤᠯᠤᠰ᠎ᠤᠨ ᠪᠠᠷᠢᠮᠵᠢᠶ᠎ᠠ᠎ᠳᠤ ᠨᠡᠢ᠌ᠴᠡᠭᠰᠡᠨ ᠪᠠᠢ᠌ᠬᠤ ᠬᠡᠷᠡᠭᠲᠡᠶ᠃
ᠲᠣᠰ ᠤᠳᠠᠭ᠎ᠠ ᠣᠷᠬᠤᠳᠠᠶ᠂ ᠤᠮᠠᠷᠠᠲᠤ ᠠᠮᠸᠷᠢᠺᠠ ᠵᠢᠨ ᠣᠷᠬᠣᠳᠠᠢ᠂ ᠪᠢᠯᠢᠭᠲᠦ ᠳᠡᠯᠳᠡᠦ᠎ᠪᠠᠷ ᠲᠦᠭᠦᠬᠡᠶ ᠮᠠᠲ᠋ᠧᠷᠢᠶᠠᠯ ᠪᠣᠯᠭ᠋ᠠᠭᠰᠠᠨ ᠡᠷᠡᠭᠦᠯᠵᠢᠯ᠎ᠤᠨ ᠢᠳᠡᠭᠡᠨ᠎ᠢ ᠳᠠᠩᠰᠠᠯᠠᠭᠤᠯᠬᠤ ᠬᠠᠮᠢᠶᠠᠷᠤᠯᠲᠠ᠎ᠳᠤ ᠣᠷᠣᠭᠣᠯᠬᠤ᠎ᠨᠢ ᠮᠠᠨ᠎ᠤ ᠤᠯᠤᠰ᠎ᠤᠨ ᠤᠯᠠᠮᠵᠢᠯᠠᠯᠲᠤ ᠬᠢᠲᠠᠳ ᠡᠮ᠎ᠤᠨ ᠲᠥᠷᠥᠯ᠎ᠤᠨ ᠲᠦᠭᠦᠬᠡᠶ ᠮᠠᠲ᠋ᠧᠷᠢᠶᠠᠯ᠎ᠢ ᠡᠷᠡᠭᠦᠯᠵᠢᠯ᠎ᠤᠨ ᠢᠳᠡᠭᠡᠨ᠎ᠢ ᠳᠠᠩᠰᠠᠯᠠᠭᠤᠯᠬᠤ ᠬᠠᠮᠢᠶᠠᠷᠤᠯᠲᠠ᠎ᠳᠤ ᠠᠩᠬ᠎ᠠ ᠤᠳᠠᠭ᠎ᠠ ᠣᠷᠣᠭᠤᠯᠤᠭᠰᠠᠨ ᠪᠣᠯᠬᠤᠷ ᠳᠠᠩᠰᠠᠯᠠᠭᠤᠯᠬᠤ ᠦᠢ᠍ᠯᠡᠳᠬᠦᠨ᠎ᠨᠢ ᠤᠯᠠᠮᠵᠢᠯᠠᠯᠲᠤ ᠬᠡᠷᠡᠭᠯᠡᠭᠡᠨ᠎ᠤ ᠠᠷᠭ᠎ᠠ ᠮᠠᠶᠢᠭ᠂ ᠤᠯᠠᠮᠵᠢᠯᠠᠯᠲᠤ ᠢᠳᠡᠭᠡᠨ᠎ᠤ ᠬᠡᠷᠡᠭᠯᠡᠭᠴᠢ ᠪᠠ ᠤᠯᠠᠮᠵᠢᠯᠠᠯᠲᠤ ᠡᠳ᠋ᠰᠢᠭᠦᠯᠬᠦ ᠤᠷᠠᠨ ᠳᠠᠷᠬ᠎ᠠ ᠵᠢ ᠣᠨᠴᠠᠭ᠋ᠠᠶ᠋ᠢᠯᠠᠨ ᠴᠢᠬᠤᠯᠠᠴᠢᠯᠠᠭᠰᠠᠨ ᠪᠠᠶ᠋ᠢᠨ᠎ᠠ᠃ ᠡᠭᠦᠨ᠎ᠤ ᠬᠠᠮᠲᠤ ᠳᠠᠩᠰᠠᠯᠠᠭᠤᠯᠤᠭᠴᠢ ᠵᠢ ᠡᠷᠬᠡᠪᠰᠢ ᠡᠷᠡᠭᠦᠯᠵᠢᠯ᠎ᠤᠨ ᠢᠳᠡᠭᠡᠨ ᠡᠳ᠋ᠰᠢᠭᠦᠯᠦᠨ ᠪᠣᠯᠪᠠᠰᠤᠷᠠᠭᠤᠯᠬᠤ ᠴᠢᠳᠠᠪᠤᠷᠢ ᠵᠢ ᠪᠦᠷᠢᠯᠳᠦᠭᠦᠯᠵᠦ᠂ ᠳᠠᠩᠰᠠᠯᠠᠭᠤᠯᠤᠭᠴᠢ ᠵᠢᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃ ᠦᠢ᠍ᠯᠡᠳᠬᠦᠨ᠎ᠤ ᠶᠠᠰᠤ ᠴᠢᠨᠠᠷ᠎ᠢ ᠡᠵᠡᠮᠳᠡᠵᠦ ᠪᠣᠯᠬᠤ ᠪᠠ ᠪᠠᠷᠢᠮᠵᠢᠶᠠᠵᠢᠭᠤᠯᠤᠨ ᠦᠢ᠍ᠯᠡᠳᠪᠦᠷᠢᠯᠡᠬᠦ ᠵᠢ ᠪᠡᠶᠡᠯᠡᠭᠦᠯᠵᠦ ᠴᠢᠳᠠᠬᠤ ᠵᠢᠨ ᠲᠤᠰᠠᠳᠠ᠂ ᠳᠠᠩᠰᠠᠯᠠᠭᠤᠯᠬᠤ ᠭᠤᠶᠤᠴᠢᠯᠠᠭᠴᠢ ᠡᠷᠬᠡᠪᠰᠢ ᠵᠣᠬᠢᠴᠠᠩᠭᠤᠶ ᠲᠦᠭᠦᠬᠡᠶ ᠮᠠᠲ᠋ᠧᠷᠢᠶᠠᠯ᠎ᠢ ᠭᠠᠷᠭ᠋ᠠᠨ ᠠᠪᠬᠤ ᠵᠡᠷᠭᠡ᠎ᠪᠠᠷ ᠤᠷᠢᠳ᠎ᠲᠤ ᠰᠢᠢ᠍ᠳᠪᠦᠷᠢᠯᠡᠬᠦ ᠴᠢᠳᠠᠪᠤᠷᠢ ᠵᠢ ᠪᠦᠷᠢᠳᠦᠭᠦᠯᠵᠦ᠂ ᠦᠢ᠍ᠯᠡᠳᠪᠦᠷᠢᠯᠡᠯ᠎ᠤᠨ ᠨᠥᠬᠥᠴᠡᠯ᠎ᠢ ᠲᠦᠷ ᠪᠦᠷᠢᠯᠳᠦᠭᠦᠯᠦᠭᠡᠳᠦᠶ ᠪᠣᠯ ᠳᠠᠩᠰᠠᠯᠠᠭᠤᠯᠬᠤ ᠬᠠᠮᠢᠶᠠᠷᠤᠯᠲᠠ᠎ᠳᠤ ᠣᠷᠣᠭᠤᠯᠬᠤ ᠦᠭᠡᠶ᠃ ᠤᠯᠠᠮᠵᠢᠯᠠᠯᠲᠤ ᠡᠷᠡᠭᠦᠯᠵᠢᠯ ᠪᠡᠶ᠎ᠡ ᠰᠤᠪᠢᠯᠠᠬᠤ ᠰᠣᠶᠣᠯ᠎ᠢ ᠤᠯᠠᠮᠵᠢᠯᠠᠨ ᠵᠠᠯᠭ᠋ᠠᠮᠵᠢᠯᠠᠬᠤ ᠵᠢᠨ ᠬᠠᠮᠲᠤ᠂ ᠳᠠᠩᠰᠠᠯᠠᠭᠤᠯᠬᠤ ᠦᠢ᠍ᠯᠡᠳᠬᠦᠨ᠎ᠤ ᠠᠶᠤᠯᠭᠦᠢ ᠴᠢᠨᠠᠷ ᠪᠣᠯᠤᠨ ᠦᠷ᠎ᠡ ᠪᠦᠲᠦᠮᠵᠢᠲᠦ ᠴᠢᠨᠠᠷ᠎ᠢ ᠪᠠᠲᠤᠯᠠᠬᠤ ᠬᠡᠷᠡᠭᠲᠡᠶ᠃
《ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ》 ᠵᠢᠨ ᠲᠣᠭᠲᠠᠭ᠋ᠠᠯ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠨᠢ ᠮᠠᠨ᠎ᠤ ᠣᠷᠣᠨ᠎ᠤ ᠡᠷᠡᠭᠦᠯᠵᠢᠯ᠎ᠤᠨ ᠢᠳᠡᠭᠡᠨ᠎ᠤ ᠳᠠᠩᠰᠠᠯᠠᠭᠤᠯᠬᠤ ᠵᠢᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠭᠰᠠᠨ᠎ᠤ ᠬᠤᠪᠢ᠎ᠳᠤ᠂ ᠣᠷᠬᠤᠳᠠᠶ᠂ ᠤᠮᠠᠷᠠᠲᠤ ᠠᠮᠸᠷᠢᠺᠠ ᠵᠢᠨ ᠣᠷᠬᠣᠳᠠᠢ᠂ ᠪᠢᠯᠢᠭᠲᠦ ᠳᠡᠯᠳᠡᠦ ᠵᠢᠨ ᠡᠷᠡᠭᠦᠯᠵᠢᠯ᠎ᠤᠨ ᠢᠳᠡᠭᠡᠨ᠎ᠢ ᠳᠠᠩᠰᠠᠯᠠᠭᠤᠯᠵᠤ ᠬᠢᠨᠠᠨ ᠬᠠᠮᠢᠶᠠᠷᠬᠤ ᠪᠠ ᠮᠥᠷᠳᠡᠬᠦ ᠶᠠᠪᠤᠴᠠ᠎ᠳᠤ᠂ ᠡᠷᠡᠭᠦᠯᠵᠢᠯ᠎ᠤᠨ ᠢᠳᠡᠭᠡᠨ᠎ᠤ ᠲᠦᠭᠦᠬᠡᠶ ᠮᠠᠲ᠋ᠧᠷᠢᠶᠠᠯ᠎ᠤᠨ ᠭᠠᠷᠴᠠᠭ᠎ᠤᠨ ᠲᠦᠭᠦᠬᠡᠶ ᠮᠠᠲ᠋ᠧᠷᠢᠶᠠᠯ᠎ᠤᠨ ᠮᠡᠷᠭᠡᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠣᠳᠣ ᠵᠢᠨ ᠬᠡᠷᠡᠭᠵᠢᠭᠦᠯᠵᠦ ᠪᠠᠶ᠋ᠢᠭ᠎ᠠ ᠬᠡᠪᠯᠡᠯ᠎ᠤᠨ 《ᠳᠤᠮᠳᠠᠳᠤ ᠤᠯᠤᠰ᠎ᠤᠨ ᠡᠮ᠎ᠤᠨ ᠲᠣᠯᠢ》 ᠪᠣᠯᠤᠨ ᠢᠳᠡᠭᠡᠨ᠎ᠤ ᠠᠮᠤᠷ ᠲᠦᠪᠰᠢᠨ᠎ᠤ ᠤᠯᠤᠰ᠎ᠤᠨ ᠪᠠᠷᠢᠮᠵᠢᠶ᠎ᠠ᠎ᠪᠠᠷ ᠯᠠᠪᠯᠠᠯᠲᠠ ᠪᠣᠯᠭ᠋ᠠᠨ ᠬᠢᠨᠠᠨ ᠬᠠᠮᠢᠶᠠᠷᠤᠨ᠎ᠠ᠃ ᠣᠷᠬᠤᠳᠠᠶ᠂ ᠤᠮᠠᠷᠠᠲᠤ ᠠᠮᠸᠷᠢᠺᠠ ᠵᠢᠨ ᠣᠷᠬᠣᠳᠠᠢ᠂ ᠪᠢᠯᠢᠭᠲᠦ ᠳᠡᠯᠳᠡᠦ᠎ᠪᠠᠷ ᠲᠦᠭᠦᠬᠡᠶ ᠮᠠᠲ᠋ᠧᠷᠢᠶᠠᠯ ᠪᠣᠯᠭ᠋ᠠᠭᠰᠠᠨ ᠡᠷᠡᠭᠦᠯᠵᠢᠯ᠎ᠤᠨ ᠢᠳᠡᠭᠡᠨ᠎ᠤ ᠳᠠᠩᠰᠠᠯᠠᠭᠤᠯᠬᠤ ᠬᠡᠷᠡᠭᠴᠡᠭᠡ ᠪᠦᠬᠦᠢ ᠠᠵᠤ ᠠᠬᠤᠶ᠋ᠢᠯᠠᠯ᠎ᠨᠢ 《ᠦᠢ᠍ᠯᠡᠳᠬᠦᠨ᠎ᠤ ᠮᠡᠷᠭᠡᠵᠢᠯ᠎ᠤᠨ ᠱᠠᠭ᠋ᠠᠷᠳᠠᠯᠭ᠎ᠠ》᠂ ᠣᠳᠣ ᠵᠢᠨ ᠬᠡᠷᠡᠭᠵᠢᠭᠦᠯᠵᠦ ᠪᠠᠶ᠋ᠢᠭ᠎ᠠ ᠬᠡᠪᠯᠡᠯ᠎ᠤᠨ 《ᠳᠤᠮᠳᠠᠳᠤ ᠤᠯᠤᠰ᠎ᠤᠨ ᠡᠮ᠎ᠤᠨ ᠲᠤᠯᠢ》 ᠪᠣᠯᠤᠨ ᠢᠳᠡᠭᠡᠨ᠎ᠤ ᠠᠮᠤᠷ ᠲᠦᠪᠰᠢᠨ᠎ᠤ ᠤᠯᠤᠰ᠎ᠤᠨ ᠪᠠᠷᠢᠮᠵᠢᠶ᠎ᠠ ᠶᠣᠰᠣᠭ᠋ᠠᠷ ᠬᠢᠨᠠᠮᠠᠭ᠋ᠠᠶ ᠪᠡᠯᠡᠳᠬᠡᠯ ᠬᠢᠬᠦ ᠬᠡᠷᠡᠭᠲᠡᠶ᠃