ᠬᠣᠰᠬ᠎ᠠ (ᠭᠤᠣᠯ᠎ᠤᠨ ᠬᠤᠰᠬ᠎ᠠ ) ᠵᠢᠨ ᠮᠢᠬᠠᠨ᠎ᠤ ᠴᠢᠨᠠᠷ᠎ᠨᠢ ᠰᠢᠨ᠎ᠡ ᠰᠣᠷᠭᠤᠭ ᠪᠣᠯᠪᠠᠴᠤ ᠲᠡᠭᠦᠨ᠎ᠤ ᠪᠡᠶᠡᠨ᠎ᠳᠤ ᠮᠠᠰᠢ ᠬᠤᠣᠷᠲᠠᠢ ᠪᠣᠳᠠᠰ (ᠵᠢᠱ᠌ᠢᠶᠡᠯᠡᠪᠡᠯ᠂ ᠬᠣᠰᠬ᠎ᠠ ᠵᠢᠨ ᠬᠣᠣᠷᠲᠤ ᠡᠳ᠋ ) ᠠᠭᠤᠯᠤᠭᠳᠠᠳᠠᠭ᠃ ᠬᠡᠷᠪᠡ ᠵᠤᠬᠢᠰᠲᠠᠢ ᠡᠳ᠋ᠰᠢᠭᠦᠯᠦᠨ ᠪᠣᠯᠪᠠᠰᠣᠷᠠᠭᠣᠯᠣᠭᠰᠠᠨ ᠦᠭᠡᠢ ᠪᠣᠯ᠂ ᠢᠳᠡᠭᠡᠨ᠎ᠳᠤ ᠬᠣᠣᠷᠳᠠᠭᠳᠠᠬᠤ ᠪᠤᠶᠤ ᠴᠢᠨᠠᠭᠰᠢᠯᠠᠪᠠᠯ ᠠᠮᠢ ᠨᠠᠰᠣᠨ᠎ᠳᠤ ᠠᠶᠣᠯ ᠤᠴᠠᠷᠠᠭᠣᠯᠵᠦ ᠮᠡᠳᠡᠨ᠎ᠡ᠃ ᠬᠡᠷᠡᠭᠯᠡᠭᠴᠢᠳ᠎ᠤᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠵᠢᠨ ᠲᠥᠯᠥᠭᠡ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠤᠰᠬ᠎ᠠ ᠡᠵᠡᠩᠨᠡᠬᠦ᠎ᠳᠤ ᠠᠩᠬᠠᠷᠬᠤ ᠵᠦᠢ᠍ᠯᠡᠰ᠎ᠢ ᠳᠣᠤᠷᠠᠬᠢ ᠮᠡᠲᠦ ᠰᠠᠨᠠᠭᠤᠯᠪᠠ ᠄
ᠬᠤᠤᠷᠲᠤ ᠴᠢᠨᠠᠷ᠎ᠢ ᠲᠠᠨᠢᠬᠤ᠄ ᠬᠤᠰᠬ᠎ᠠ ᠵᠢᠨ ᠪᠡᠶ᠎ᠡ᠎ᠳᠤ ᠠᠭᠤᠯᠤᠭᠳᠠᠵᠤ ᠪᠠᠶ᠋ᠢᠭ᠎ᠠ ᠬᠤᠰᠬ᠎ᠠ ᠵᠢᠨ ᠬᠣᠣᠷᠲᠤ ᠡᠳ᠋᠎ᠤᠨ ᠬᠤᠣᠷᠲᠤ ᠴᠢᠨᠠᠷ᠎ᠨᠢ ᠲᠦᠢ᠍ᠯ᠎ᠤᠨ ᠴᠢᠩᠭ᠎ᠠ ᠪᠠᠢ᠌ᠵᠦ ᠂ ᠪᠠᠭ᠎ᠠ ᠬᠡᠮᠵᠢᠶ᠎ᠡ᠎ᠨᠢ ᠬᠥᠮᠦᠨ᠎ᠢ ᠬᠤᠤᠷᠳᠠᠭᠣᠯᠬᠣ ᠪᠤᠶᠤ ᠴᠢᠨᠠᠭᠰᠢᠯᠠᠪᠠᠯ ᠠᠮᠢ ᠨᠠᠰᠤᠨ᠎ᠳᠤ ᠠᠶᠤᠯ ᠤᠴᠠᠷᠠᠭᠤᠯᠳᠠᠭ᠃ ᠡᠨᠡ ᠬᠣᠣᠷᠲᠤ ᠡᠳ᠋᠎ᠤᠨ ᠲᠣᠭᠲᠠᠪᠣᠷᠢ᠎ᠲᠤ ᠴᠢᠨᠠᠷ᠎ᠨᠢ ᠥᠨᠳᠥᠷ ᠂ ᠡᠩ᠎ᠤᠨ ᠬᠣᠭᠣᠯᠠ ᠬᠢᠬᠦ ᠠᠷᠭ᠎ᠠ᠎ᠨᠢ ᠲᠡᠭᠦᠨ᠎ᠢ ᠦᠭᠡᠢ᠌ᠰᠭᠡᠬᠦ᠎ᠳᠤ ᠬᠦᠴᠢᠷ ᠪᠠᠢ᠌ᠳᠠᠭ ᠃
ᠬᠠᠤᠯᠢ ᠶᠣᠰᠣᠭ᠋ᠠᠷ ᠬᠤᠳᠠᠯᠳᠤᠨ ᠠᠪᠬᠤ᠄ ᠣᠳᠣᠬᠠᠨ᠎ᠳᠤ ᠮᠠᠨ᠎ᠤ ᠤᠯᠤᠰ᠎ᠤᠨ ᠵᠥᠪᠬᠡᠨ ᠲᠡᠵᠢᠭᠡᠨ ᠦᠷᠡᠵᠢᠭᠦᠯᠵᠦ ᠪᠤᠯᠠᠬᠤ ᠤᠯᠠᠭ᠋ᠠᠨ ᠰᠡᠯᠢᠭᠦᠷᠲᠦ ᠳᠣᠷᠣᠨᠠᠳᠠᠬᠢᠨ᠎ᠤ ᠬᠤᠰᠬ᠎ᠠ ᠪᠠ ᠳᠠᠯᠳᠠ ᠠᠷᠲᠠᠢ ᠳᠣᠷᠣᠨᠠᠳᠠᠬᠢᠨ᠎ᠤ ᠬᠤᠰᠬ᠎ᠠ ᠭᠡᠬᠦ ᠬᠤᠶᠠᠷ ᠵᠦᠢ᠍ᠯ᠎ᠤᠨ ᠬᠣᠰᠬ᠎ᠠ ᠵᠢ ᠲᠤᠰᠬᠠᠶ ᠮᠡᠷᠭᠡᠵᠢᠯ᠎ᠤᠨ ᠪᠣᠯᠪᠠᠰᠤᠷᠠᠯ ᠵᠶ᠋ᠠᠷ ᠳᠠᠮᠵᠢᠨ ᠵᠠᠬ᠎ᠠ ᠳᠡᠯᠭᠡᠭᠦᠷ᠎ᠲᠤ ᠭᠠᠷᠭ᠋ᠠᠨ ᠪᠣᠷᠣᠯᠠᠭᠣᠯᠵᠦ ᠪᠠᠢ᠌ᠬᠤ ᠪᠦᠭᠡᠳ ᠡᠷᠬᠡᠪᠰᠢ ᠬᠢᠷᠢ ᠬᠡᠮ ᠪᠦᠬᠦᠢ ᠠᠵᠤ ᠠᠬᠤᠶ᠋ᠢᠯᠠᠯ᠎ᠠᠴᠠ ᠦᠢ᠍ᠯᠡᠳᠪᠦᠷᠢᠯᠡᠬᠦ ᠬᠡᠷᠡᠭᠲᠡᠶ᠃ ᠢᠳᠡᠭᠡᠨ ᠤᠮᠳᠠᠭ᠋ᠠᠨ᠎ᠤ ᠨᠢᠭᠡᠴᠢ᠎ᠨᠢ ᠬᠤᠳᠠᠯᠳᠤᠨ ᠠᠪᠬᠤ᠎ᠳᠤ᠎ᠪᠠᠨ ᠵᠢᠩᠬᠢᠨᠢ ᠠᠷᠭ᠎ᠠ ᠵᠠᠮ᠎ᠢ ᠭᠡᠷᠡᠴᠢᠯᠡᠬᠦ ᠵᠢᠨ ᠬᠠᠮᠲᠤ ᠪᠣᠭᠤᠳᠠᠯ ᠪᠠᠭᠯᠠᠭ᠎ᠠ᠎ᠳᠤ ᠳᠣᠤᠷᠠᠬᠢ ᠮᠡᠳᠡᠭᠡ ᠵᠠᠩᠭᠢ ᠵᠢ ᠲᠣᠳᠣᠷᠬᠠᠶ᠋ᠢᠯᠠᠭᠰᠠᠨ ᠡᠰᠡᠬᠦ ᠵᠢ ᠪᠠᠶ᠋ᠢᠴᠠᠭ᠋ᠠᠨ ᠦᠵᠡᠬᠦ ᠬᠡᠷᠡᠭᠲᠡᠢ ᠄
1. ᠡᠳ᠋ᠰᠢᠭᠦᠯᠬᠦ ᠠᠵᠤ ᠠᠬᠤᠶ᠋ᠢᠯᠠᠯ᠎ᠤᠨ ᠨᠡᠷᠡᠰ᠄ ᠪᠣᠳᠠᠲᠠᠶ ᠠᠵᠤ ᠠᠬᠤᠶ᠋ᠢᠯᠠᠯ᠎ᠤᠨ ᠨᠡᠷᠡᠰ᠎ᠢ ᠲᠠᠷᠢᠶᠠᠯᠠᠩ ᠬᠥᠳᠡᠭᠡ ᠲᠣᠰᠬᠤᠨ᠎ᠤ ᠶᠠᠮᠤᠨ ᠪᠤᠶᠤ ᠣᠷᠣᠨ ᠨᠤᠲᠤᠭ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠤᠨ ᠬᠠᠮᠤᠭ᠎ᠤᠨ ᠰᠢᠨ᠎ᠡ ᠵᠠᠷᠯᠠᠯ᠎ᠠᠴᠠ ᠪᠠᠶ᠋ᠢᠴᠠᠭ᠋ᠠᠨ ᠦᠵᠡᠵᠦ ᠪᠣᠯᠤᠨ᠎ᠠ᠃
2. ᠦᠢ᠍ᠯᠡᠳᠬᠦᠨ᠎ᠤ ᠲᠡᠮᠳᠡᠭ᠄ ᠪᠣᠭᠤᠳᠠᠯ ᠳᠡᠭᠡᠷ᠎ᠡ᠎ᠪᠠᠨ ᠲᠦᠭᠦᠬᠡᠶ ᠮᠠᠲ᠋ᠧᠷᠢᠶᠠᠯ᠎ᠤᠨ ᠵᠢᠭ᠋ᠠᠰᠤᠨ᠎ᠤ ᠲᠦᠷᠦᠯ ᠂ ᠡᠳ᠋ᠰᠢᠭᠦᠯᠵᠦ ᠪᠣᠯᠪᠠᠰᠤᠷᠠᠭᠤᠯᠤᠭᠰᠠᠨ ᠠᠵᠤ ᠠᠬᠤᠶ᠋ᠢᠯᠠᠯ᠎ᠤᠨ ᠨᠡᠷᠡᠶ᠋ᠢᠳᠦᠯ ᠵᠢᠴᠢ ᠳᠠᠩᠰᠠᠯᠠᠭᠰᠠᠨ ᠨᠣᠮᠧᠷ᠂ ᠰᠢᠯᠭ᠋ᠠᠨ ᠪᠠᠶ᠋ᠢᠴᠠᠭ᠋ᠠᠭ᠋ᠠᠳ ᠬᠢᠷᠢ ᠲᠡᠩᠴᠡᠭᠰᠡᠨ ᠭᠡᠷᠡᠴᠢ ᠵᠡᠷᠭᠡ ᠮᠡᠳᠡᠭᠡ ᠵᠠᠩᠭᠢ ᠵᠢ ᠲᠣᠳᠣᠷᠬᠠᠶ᠋ᠢᠯᠠᠬᠤ ᠬᠡᠷᠡᠭᠲᠡᠶ᠃
ᠬᠡᠭᠡᠷ᠎ᠡ ᠵᠢᠨ ᠬᠤᠰᠬ᠎ᠠ ᠵᠢᠴᠢ ᠬᠠᠤᠯᠢ ᠪᠤᠰᠤ᠎ᠪᠠᠷ ᠡᠳ᠋ᠰᠢᠭᠦᠯᠵᠦ ᠪᠣᠯᠪᠠᠰᠤᠷᠠᠭᠤᠯᠤᠭᠰᠠᠨ ᠦᠢ᠍ᠯᠡᠳᠬᠦᠨ᠎ᠢ ᠢᠳᠡᠬᠦ ᠵᠢ ᠴᠢᠩᠭ᠎ᠠ ᠴᠠᠭ᠋ᠠᠵᠠᠯᠠᠨ᠎ᠠ
ᠬᠡᠭᠡᠷ᠎ᠡ ᠵᠢᠨ ᠬᠤᠰᠬ᠎ᠠ ᠵᠢᠨ ᠬᠤᠤᠷᠲᠣ ᠴᠢᠨᠠᠷ᠎ᠨᠢ ᠲᠦᠢ᠍ᠯ᠎ᠤᠨ ᠴᠢᠩᠭ᠎ᠠ ᠪᠠᠢ᠌ᠵᠦ᠂ ᠤᠯᠤᠰ᠎ᠠᠴᠠ ᠡᠳ᠋ᠰᠢᠭᠦᠯᠵᠦ ᠪᠣᠯᠪᠠᠰᠣᠷᠠᠭᠣᠯᠣᠨ ᠡᠵᠡᠩᠨᠡᠬᠦ ᠵᠢ ᠲᠣᠳᠣᠷᠬᠠᠢ ᠵᠠᠷᠯᠢᠭᠳᠠᠨ ᠴᠠᠭ᠋ᠠᠵᠠᠯᠠᠭᠰᠠᠨ ᠪᠠᠢ᠌ᠨ᠎ᠠ ᠃ ᠥᠪᠡᠷᠲᠡᠭᠡᠨ ᠠᠩᠨᠠᠵᠤ ᠱᠦᠭᠦᠭᠰᠡᠨ ᠬᠡᠭᠡᠷ᠎ᠡ ᠵᠢᠨ ᠬᠣᠰᠬ᠎ᠠ ᠵᠢ ᠢᠳᠡᠵᠦ ᠪᠣᠯᠬᠣ ᠦᠭᠡᠢ᠂ ᠣᠨᠴᠠ ᠵᠤᠷ᠎ᠢ ᠠᠮᠠᠷᠬᠠᠨ ᠢᠲᠡᠭᠡᠬᠦ ᠪᠤᠶᠤ ᠦᠪᠡᠷ ᠵᠶ᠋ᠡᠨ ᠡᠳ᠋ᠰᠢᠭᠦᠯᠦᠨ ᠪᠣᠯᠪᠠᠰᠣᠷᠠᠭᠣᠯᠵᠦ ᠰᠢᠢ᠍ᠳᠪᠦᠷᠢᠯᠡᠵᠦ ᠪᠣᠯᠬᠣ ᠦᠭᠡᠢ ᠃ ᠬᠢᠷᠢ ᠬᠡᠮ ᠤᠯᠤᠭ᠋ᠠᠳᠣᠢ ᠢᠳᠡᠭᠡᠨ ᠤᠮᠳᠠᠭ᠋ᠠᠨ᠎ᠤ ᠨᠢᠭᠡᠴᠢ᠎ᠨᠦᠭᠦᠳ ᠬᠤᠰᠬ᠎ᠠ ᠵᠢᠨ ᠨᠣᠭᠣᠭ᠎ᠠ ᠬᠠᠩᠭ᠋ᠠᠵᠤ ᠪᠣᠯᠬᠤ ᠦᠭᠡᠶ᠂ ᠵᠢᠩᠬᠢᠨᠢ ᠪᠤᠰᠤ ᠠᠷᠭ᠎ᠠ ᠵᠠᠮ ᠵᠶ᠋ᠠᠷ ᠳᠠᠮᠵᠢᠨ ᠬᠤᠰᠬ᠎ᠠ ᠵᠢ ᠬᠤᠳᠠᠯᠳᠤᠨ ᠠᠪᠬᠤ᠂ ᠡᠳ᠋ᠰᠢᠭᠦᠯᠦᠨ ᠦᠢ᠍ᠯᠡᠳᠬᠦ ᠵᠢᠨ ᠬᠠᠮᠲᠤ ᠬᠤᠳᠠᠯᠳᠤᠵᠤ ᠪᠣᠯᠬᠤ ᠦᠭᠡᠶ᠃
ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠰᠢᠢ᠍ᠳᠬᠡᠬᠦ ᠲᠣᠭᠲᠠᠭ᠋ᠠᠯ
ᠬᠡᠭᠡᠷ᠎ᠡ ᠵᠢᠨ ᠬᠤᠰᠬ᠎ᠠ ᠵᠢ ᠡᠵᠡᠩᠨᠡᠬᠦ᠄ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》 ᠵᠢᠨ ᠵᠠᠭᠤ ᠬᠤᠷᠢᠨ ᠭᠤᠷᠪᠠᠳᠤᠭ᠋ᠠᠷ ᠵᠣᠷᠪᠣᠰ᠎ᠤᠨ ᠲᠣᠭᠲᠠᠭ᠋ᠠᠯ᠎ᠢ ᠦᠨᠳᠦᠰᠦᠯᠡᠪᠡᠯ᠂ ᠬᠠᠤᠯᠢ ᠵᠢ ᠵᠥᠷᠢᠴᠡᠵᠦ ᠣᠯᠤᠭᠰᠠᠨ ᠠᠰᠢᠭ ᠣᠯᠵᠠᠪᠤᠷᠢ ᠵᠢᠴᠢ ᠪᠦᠲᠦᠭᠡᠭᠳᠡᠬᠦᠨ᠎ᠢ ᠨᠢ ᠬᠤᠷᠢᠶᠠᠨ ᠠᠪᠬᠤ ᠵᠢᠨ ᠬᠠᠮᠲᠤ ᠂ ᠬᠠᠮᠤᠭ ᠥᠨᠳᠥᠷ᠎ᠲᠤ᠎ᠪᠠᠨ ᠪᠠᠷᠠᠭ᠋ᠠᠨ᠎ᠤ ᠥᠷᠲᠡᠭ᠎ᠤᠨ ᠵᠣᠭᠤᠰ᠎ᠤᠨ ᠲᠣᠭ᠋ᠠᠨ᠎ᠤ 30 ᠳᠠᠬᠢᠨ ᠵᠣᠭᠤᠰ ᠵᠶ᠋ᠠᠷ ᠲᠣᠷᠭ᠋ᠠᠵᠤ ᠂ ᠵᠥᠪᠰᠢᠶᠡᠷᠡᠯ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠵᠤ᠂ ᠶᠠᠯ᠎ᠠ ᠪᠣᠯᠵᠤ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠬᠢᠷᠢ ᠭᠡᠮ ᠦᠭᠡᠶ ᠡᠳ᠋ᠰᠢᠭᠦᠯᠦᠨ ᠪᠣᠯᠪᠠᠰᠣᠷᠠᠭᠣᠯᠵᠦ ᠪᠣᠷᠣᠯᠠᠭᠣᠯᠬᠣ᠄ 《ᠪᠦᠭᠦᠳᠡ ᠨᠠᠢ᠌ᠷᠠᠮᠳᠠᠬᠤ ᠳᠣᠮᠳᠠᠳᠣ ᠠᠷᠠᠳ ᠣᠯᠣᠰ᠎ᠤᠨ ᠢᠳᠡᠭᠡᠨ᠎ᠤ ᠠᠮᠤᠷ ᠲᠦᠪᠰᠢᠨ᠎ᠤ ᠬᠠᠤᠯᠢ》 ᠵᠢᠨ ᠵᠠᠭᠤ ᠬᠣᠷᠢᠨ ᠳᠥᠷᠪᠡᠳᠦᠭᠡᠷ ᠵᠣᠷᠪᠣᠰ᠎ᠤᠨ ᠲᠣᠭᠲᠠᠭ᠋ᠠᠯ᠎ᠢ ᠦᠨᠳᠦᠰᠦᠯᠡᠨ᠂ ᠬᠠᠤᠯᠢ᠎ᠠᠴᠠ ᠵᠥᠷᠢᠴᠡᠭᠰᠡᠨ ᠣᠯᠵᠠᠪᠤᠷᠢ ᠵᠢᠴᠢ ᠦᠢ᠍ᠯᠡᠳᠬᠦᠨ᠎ᠢ᠎ᠨᠢ ᠬᠤᠷᠢᠶᠠᠨ ᠠᠪᠴᠤ᠂ 10 ᠲᠦᠮᠡᠨ ᠲᠥᠭᠥᠷᠢᠭ᠎ᠠᠴᠠ ᠳᠡᠭᠡᠭᠰᠢ ᠵᠣᠭᠣᠰ ᠵᠶ᠋ᠠᠷ ᠲᠣᠷᠭ᠋ᠠᠨ᠎ᠠ ᠂ ᠬᠥᠮᠦᠨ᠎ᠤ ᠪᠡᠶ᠎ᠡ ᠮᠠᠬᠠᠪᠣᠳ᠎ᠢ ᠭᠡᠮᠲᠦᠭᠡᠭᠰᠡᠨ ᠪᠣᠯ ᠢᠷᠭᠡᠨ᠎ᠤ ᠬᠡᠷᠡᠭ᠎ᠤᠨ ᠲᠥᠯᠥᠪᠦᠷᠢ ᠵᠢᠴᠢ ᠡᠷᠡᠭᠦᠦ ᠵᠢᠨ ᠬᠠᠷᠢᠭᠤᠴᠠᠯᠭ᠎ᠠ ᠵᠢ ᠡᠭᠦᠷᠭᠡᠯᠡᠨ᠎ᠡ᠃
ᠬᠣᠰᠬ᠎ᠠ ᠠᠮᠳᠠᠳᠠᠢ ᠭᠡᠬᠦ᠎ᠳᠤ᠎ᠪᠠᠨ ᠠᠮᠢ ᠨᠠᠰᠤ ᠨᠡᠡᠭ ᠦᠨᠡᠳᠠᠢ ᠪᠠᠢ᠌ᠳᠠᠭ! ᠥᠷᠭᠡᠨ ᠣᠯᠠᠨ ᠢᠳᠡᠭᠡᠨ ᠤᠮᠳᠠᠭ᠋ᠠᠨ᠎ᠤ ᠨᠢᠭᠡᠴᠢ᠎ᠨᠦᠭᠦᠳ ᠣᠯᠠᠨ ᠨᠡᠶ᠋ᠢᠲᠡ ᠵᠢᠨ ᠠᠮᠢ ᠨᠠᠰᠤᠨ᠎ᠤ ᠠᠮᠤᠷ ᠲᠦᠪᠰᠢᠨ᠎ᠳᠤ ᠳᠡᠭᠡᠳᠦ ᠬᠡᠮᠵᠢᠶ᠎ᠡ᠎ᠪᠠᠷ ᠬᠠᠷᠢᠭᠤᠴᠠᠬᠤ ᠣᠪᠣᠷ ᠵᠶ᠋ᠠᠷ ᠂ ᠢᠳᠡᠭᠡᠨ᠎ᠤ ᠠᠮᠤᠷ ᠲᠦᠪᠰᠢᠨ᠎ᠤ ᠱᠠᠭ᠋ᠠᠷᠳᠠᠯᠭ᠎ᠠ᠎ᠳᠤ ᠨᠡᠶ᠋ᠢᠴᠡᠬᠦ ᠥᠬᠡᠶ ᠬᠣᠰᠬ᠎ᠠ ᠵᠢ ᠬᠣᠳᠠᠯᠳᠣᠨ ᠠᠪᠬᠤ ᠦᠭᠡᠢ᠂ ᠡᠳ᠋ᠰᠢᠭᠦᠯᠦᠨ ᠪᠣᠯᠪᠠᠰᠣᠷᠠᠭᠣᠯᠵᠦ ᠦᠢ᠍ᠯᠡᠳᠬᠦ ᠦᠭᠡᠢ ᠪᠠᠢ᠌ᠬᠤ ᠵᠢ ᠤᠬᠠᠮᠰᠠᠷ᠎ᠠᠴᠠ᠎ᠪᠠᠨ ᠪᠡᠶᠡᠯᠡᠭᠦᠯᠬᠦ ᠬᠡᠷᠡᠭᠲᠡᠶ᠃ ᠡᠭᠦᠨ᠎ᠤ ᠬᠠᠮᠲᠤ ᠪᠠᠰᠠ ᠥᠷᠭᠡᠨ ᠣᠯᠠᠨ ᠬᠡᠷᠡᠭᠯᠡᠭᠴᠢᠳ᠎ᠤᠨ ᠥᠪᠡᠷ᠎ᠢ᠎ᠪᠠᠨ ᠬᠠᠮᠠᠭ᠋ᠠᠯᠠᠬᠤ ᠤᠬᠠᠮᠰᠠᠷ ᠵᠶ᠋ᠠᠨ ᠴᠢᠩᠭ᠋ᠠᠳᠬᠠᠬᠤ ᠵᠢ ᠬᠦᠰᠡᠵᠦ ᠪᠠᠶ᠋ᠢᠨ᠎ᠠ᠂ ᠬᠡᠷᠪᠡ ᠲᠣᠭᠲᠠᠭ᠋ᠠᠯ᠎ᠠᠴᠠ ᠵᠥᠷᠢᠴᠡᠨ ᠬᠤᠰᠬ᠎ᠠ ᠪᠣᠷᠣᠯᠠᠭᠤᠯᠬᠤ᠂ ᠡᠳ᠋ᠰᠢᠭᠦᠯᠬᠦ ᠦᠢ᠍ᠯᠡ ᠠᠵᠢᠯᠯᠠᠭ᠎ᠠ ᠵᠢ ᠣᠯᠵᠤ ᠮᠡᠳᠡᠪᠡᠯ᠂ ᠴᠠᠭ ᠲᠤᠬᠠᠶ᠎ᠳᠤᠨᠢ 12315 ᠬᠠᠯᠠᠮᠰᠢᠯ ᠤᠲᠠᠰᠤ᠎ᠳᠤ ᠤᠲᠠᠰᠤᠳᠠᠵᠤ ᠲᠤᠬᠠᠶ ᠵᠢᠨ ᠭᠠᠵᠠᠷ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠵᠠᠭ᠋ᠠᠯᠳᠤᠵᠤ ᠢᠯᠡᠴᠢᠯᠡᠨ ᠮᠡᠳᠡᠭᠦᠯᠦᠭᠡᠷᠡᠢ᠃