ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠰᠣᠨᠢᠨ ᠮᠡᠳᠡᠭᠡ   -   ᠬᠤᠰᠢᠭᠤ ᠰᠢᠶᠠᠨ᠎ᠤ ᠰᠣᠨᠣᠰᠬᠠᠯ
ᠠᠯᠠᠱ᠌ᠠ ᠵᠡᠭᠦᠨ ᠬᠣᠰᠢᠭᠤᠨ᠎ᠤ ᠬᠠᠤᠯᠢ ᠴᠠᠭ᠋ᠠᠵᠠ ᠵᠢᠨ ᠲᠣᠪᠴᠢᠶ᠎ᠠ ᠭᠤᠷᠪᠠᠨ ᠬᠡᠮᠵᠢᠯᠲᠡ ᠬᠠᠤᠯᠢ ᠲᠦᠭᠡᠮᠡᠯᠵᠢᠭᠦᠯᠦᠯᠲᠡ᠎ᠪᠠᠷ ᠬᠠᠤᠯᠢᠵᠢᠯ᠎ᠤᠨ ᠰᠠᠭᠤᠷᠢ ᠵᠢ ᠪᠡᠬᠢᠵᠢᠭᠦᠯᠪᠡ
ᠨᠡᠶ᠋ᠢᠲᠡᠯᠡᠭᠰᠡᠨ ᠴᠠᠭ᠄ 2025-12-31

2025 ᠣᠨ᠎ᠳᠤ᠂ ᠠᠯᠠᠱ᠌ᠠ ᠵᠡᠭᠦᠨ ᠬᠣᠰᠢᠭᠤᠨ᠎ᠤ ᠬᠠᠤᠯᠢ ᠴᠠᠭ᠋ᠠᠵᠠ ᠵᠢᠨ ᠲᠣᠪᠴᠢᠶ᠎ᠠ ᠬᠠᠤᠯᠢᠵᠢᠯ᠎ᠤᠨ ᠰᠣᠶᠣᠯ᠎ᠤᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠵᠦ᠂ ᠤᠯᠠᠨ ᠡᠰᠢᠵᠢᠯᠲᠡ᠂ ᠣᠨᠣᠪᠴᠢᠲᠠᠢ᠂ ᠪᠠᠢ᠍ᠢ᠍ᠩᠭᠤᠵᠢᠯᠳᠡ ᠵᠢᠨ ᠭᠤᠷᠪᠠᠨ ᠬᠡᠮᠵᠢᠯᠲᠡ᠎ᠪᠠᠷ ᠬᠦᠴᠦᠯᠡᠵᠦ᠂ ᠬᠠᠤᠯᠢ ᠲᠦᠭᠡᠮᠡᠯᠵᠢᠭᠦᠯᠬᠦ ᠳᠠᠮᠵᠢᠭᠤᠯᠭ᠎ᠠ ᠵᠢᠨ ᠠᠷᠭ᠎ᠠ ᠬᠡᠯᠪᠡᠷᠢ ᠵᠢᠨ ᠰᠢᠨ᠎ᠡ ᠵᠢ ᠡᠭᠦᠳᠴᠦ᠂ ᠬᠠᠤᠯᠢᠵᠢᠯ᠎ᠤᠨ ᠵᠣᠷᠢᠭ ᠰᠠᠨᠠᠭ᠎ᠠ ᠵᠢ ᠲᠡᠮᠡᠭᠡᠨ ᠨᠤᠲᠤᠭ᠎ᠤᠨ ᠡᠬᠡ ᠭᠠᠵᠠᠷ᠎ᠲᠤ ᠨᠡᠪᠴᠢᠭᠦᠯᠵᠡᠢ᠃

 

 

ᠠᠴᠢᠶᠠᠯᠠᠪᠤᠷᠢ ᠵᠢᠨ ᠰᠢᠨ᠎ᠡ ᠵᠢ ᠡᠭᠦᠳᠴᠦ᠂ ᠳᠠᠮᠵᠢᠭᠤᠯᠭ᠎ᠠ ᠵᠢᠨ ᠬᠡᠮᠵᠢᠶ᠎ᠡ ᠵᠢ ᠥᠷᠭᠡᠳᠬᠡᠵᠡᠢ᠃ ᠰᠦᠯᠵᠢᠶᠡᠨ ᠳᠡᠭᠡᠷ᠎ᠡ 《ᠢᠨᠲ᠋ᠧᠷ ᠰᠦᠯᠵᠢᠶ᠎ᠡ + ᠬᠠᠤᠯᠢ ᠲᠦᠭᠡᠮᠡᠯᠵᠢᠭᠦᠯᠬᠦ》 ᠵᠠᠭᠪᠤᠷ᠎ᠲᠤ ᠲᠦᠰᠢᠭᠯᠡᠵᠦ᠂ ᠸᠢᠴᠠᠲ᠎ᠤᠨ ᠨᠡᠶ᠋ᠢᠲᠡ ᠵᠢᠨ ᠳ᠋ᠤᠭ᠋ᠠᠷ᠂ ᠸᠢᠳᠢᠤ᠋ ᠳ᠋ᠤᠭ᠋ᠠᠷ᠂ ᠪᠢᠴᠢᠯ ᠪᠦᠷᠭᠡ ᠵᠢᠴᠢ ᠭᠠᠷ ᠤᠲᠠᠰᠤᠨ᠎ᠤ ᠣᠬᠣᠷ ᠮᠡᠳᠡᠭᠡ ᠵᠡᠷᠭᠡ ᠲᠠᠪᠴᠠᠩ᠎ᠢ ᠡᠮᠬᠢᠯᠡᠨ ᠨᠡᠢ᠌ᠯᠡᠭᠦᠯᠵᠦ᠂ ᠰᠦᠯᠵᠢᠶᠡᠨ ᠳᠡᠭᠡᠷᠡᠬᠢ ᠬᠠᠤᠯᠢ ᠲᠦᠭᠡᠮᠡᠯᠵᠢᠭᠦᠯᠬᠦ ᠵᠢᠭᠰᠠᠭ᠋ᠠᠯ᠎ᠢ ᠪᠠᠢ᠌ᠭᠤᠯᠵᠤ᠂ 《ᠹᠠ ᠷᠦᠨ ᠲᠦᠸᠸ ᠰᠢᠶᠠᠩ》᠎ᠤᠨ ᠸᠢᠴᠠᠲ᠎ᠤᠨ ᠸᠢᠳᠢᠤ᠋ ᠳ᠋ᠤᠭ᠋ᠠᠷ᠎ᠢ ᠨᠡᠪᠲᠡᠷᠡᠭᠦᠯᠦᠨ᠂ ᠠᠬᠤᠢ ᠪᠠᠢ᠌ᠳᠠᠯ᠎ᠢ ᠳᠡᠯᠭᠡᠷᠡᠭᠦᠯᠬᠦ᠂ ᠺᠠᠷᠲ᠋ᠣᠨ ᠵᠢᠷᠤᠭ ᠵᠶ᠋ᠠᠷ ᠬᠠᠤᠯᠢ ᠲᠦᠭᠡᠮᠡᠯᠵᠢᠭᠦᠯᠬᠦ ᠵᠡᠷᠭᠡ ᠤᠯᠠᠨ ᠲᠦᠮᠡᠨ᠎ᠤ ᠦᠵᠡᠵᠦ ᠰᠣᠨᠢᠷᠬᠠᠬᠤ ᠳᠤᠷᠠᠲᠠᠢ ᠬᠡᠯᠪᠡᠷᠢ᠎ᠪᠠᠷ ᠦᠨᠳᠦᠰᠦᠨ ᠬᠠᠤᠯᠢ᠂ ᠢᠷᠭᠡᠨ᠎ᠤ ᠬᠠᠤᠯᠢ ᠵᠢᠨ ᠪᠢᠴᠢᠭ ᠵᠡᠷᠭᠡ ᠬᠡᠢ᠌ᠰᠪᠦᠷᠢ ᠬᠠᠤᠯᠢ ᠴᠠᠭ᠋ᠠᠵᠠ ᠵᠢᠨ ᠵᠦᠢ᠍ᠯ ᠵᠤᠷᠪᠤᠰ᠎ᠢ ᠠᠮᠢᠳᠤ ᠰᠣᠷᠭᠣᠭ ᠠᠮᠢᠳᠤᠷᠠᠯ᠎ᠤᠨ ᠦᠵᠡᠭᠳᠡᠯ ᠪᠣᠯᠭ᠋ᠠᠨ ᠬᠤᠪᠢᠷᠠᠭᠤᠯᠵᠤ᠂ ᠤᠯᠠᠨ ᠲᠦᠮᠡᠨ᠎ᠤ ᠬᠠᠤᠯᠢ ᠰᠤᠷᠬᠤ ᠬᠦᠴᠢᠷᠳᠡᠯ᠎ᠢ ᠪᠦᠲᠦᠮᠵᠢᠲᠡᠶ᠎ᠪᠠᠷ ᠪᠠᠭᠤᠷᠠᠭᠤᠯᠵᠠᠢ᠃ ᠣᠲᠣ ᠪᠣᠯᠲᠠᠯ᠎ᠠ᠂ ᠸᠢᠴᠠᠲ᠎ᠤᠨ ᠨᠡᠶ᠋ᠢᠲᠡ ᠵᠢᠨ ᠳ᠋ᠤᠭ᠋ᠠᠷ᠎ᠲᠤ ᠬᠠᠤᠯᠢ ᠲᠦᠭᠡᠮᠡᠯᠵᠢᠭᠦᠯᠬᠦ ᠮᠡᠳᠡᠭᠡ ᠵᠠᠩᠭᠢ ᠵᠢ 233 ᠬᠤᠭᠤᠴᠠᠭ᠎ᠠ 894 ᠨᠡᠢ᠌ᠲᠡᠯᠡᠵᠦ᠂ 123 ᠪᠢᠴᠢᠯ ᠪᠦᠷᠭᠡ ᠨᠡᠢ᠌ᠲᠡᠯᠡᠵᠦ᠂ 4 ᠬᠤᠭᠤᠴᠠᠭ᠎ᠠ 6 ᠲᠦᠮᠡᠨ ᠵᠤᠷᠪᠤᠰ ᠬᠠᠤᠯᠢ ᠲᠦᠭᠡᠮᠡᠯᠵᠢᠭᠦᠯᠬᠦ ᠭᠠᠷ ᠤᠲᠠᠰᠤᠨ᠎ᠤ ᠣᠬᠣᠷ ᠮᠡᠳᠡᠭᠡ ᠶᠠᠪᠤᠭᠤᠯᠵᠤ᠂ 《ᠹᠠ ᠷᠦᠨ ᠲᠦᠸᠸ ᠰᠢᠶᠠᠩ》 ᠸᠸᠳᠢᠤ᠋ ᠳ᠋ᠤᠭ᠋ᠠᠷ᠎ᠲᠤ ᠬᠠᠤᠯᠢ᠎ᠢ ᠲᠦᠭᠡᠮᠡᠯᠵᠢᠭᠦᠯᠬᠦ ᠣᠬᠣᠷ ᠸᠸᠳᠢᠤ᠋ 17 ᠵᠢ ᠨᠡᠢ᠌ᠲᠡᠯᠡᠵᠦ᠂ ᠭᠠᠭᠴᠠ ᠵᠤᠷᠪᠤᠰ᠎ᠤᠨ ᠨᠡᠪᠲᠡᠷᠡᠭᠦᠯᠦᠭᠰᠡᠨ ᠬᠡᠮᠵᠢᠶ᠎ᠡ᠎ᠨᠢ ᠬᠠᠮᠤᠭ᠎ᠤᠨ ᠥᠨᠳᠥᠷ᠎ᠲᠡᠭᠡᠨ 1.3 ᠲᠦᠮᠡᠨ ᠤᠳᠠᠭ᠎ᠠ᠎ᠳᠤ ᠬᠦᠷᠴᠦ᠂ ᠨᠡᠪᠲᠡᠷᠡᠭᠦᠯᠦᠭᠰᠡᠨ ᠶᠡᠷᠦᠩᠬᠡᠢ ᠬᠡᠮᠵᠢᠶ᠎ᠡ᠎ᠨᠢ 10 ᠲᠦᠮᠡᠨ ᠤᠳᠠᠭ᠎ᠠ ᠵᠢ ᠳᠠᠪᠠᠵᠠᠢ᠃ ᠰᠦᠯᠵᠢᠶᠡᠨ᠎ᠠᠴᠠ ᠭᠠᠳᠠᠭᠤᠷᠬᠢ 《12 · 4》᠎ᠤ ᠤᠯᠤᠰ᠎ᠤᠨ ᠦᠨᠳᠦᠰᠦᠨ ᠬᠠᠤᠯᠢ ᠵᠢᠨ ᠡᠳᠦᠷ᠎ᠲᠤ 《ᠦᠨᠳᠦᠰᠦᠨ ᠬᠠᠤᠯᠢ ᠵᠢᠨ ᠬᠠᠷᠢᠭᠤᠯᠲᠠ》 ᠵᠢᠨ ᠪᠣᠭᠣᠮᠲᠠ ᠰᠢᠪᠲᠤᠯᠬᠤ ᠥᠷᠢᠰᠦᠯᠳᠦᠭᠡᠨ᠎ᠤ ᠤᠷᠤᠯᠳᠤᠭ᠋ᠠᠨ ᠶᠠᠪᠤᠭᠤᠯᠵᠤ᠂ ᠬᠠᠤᠯᠢᠵᠢᠯ᠎ᠤᠨ ᠨᠢᠭᠤᠴᠠ ᠬᠠᠢ᠌ᠷᠴᠠᠭ ᠵᠶ᠋ᠠᠷ ᠰᠡᠳᠦᠪ ᠬᠠᠷᠢᠭᠤᠯᠬᠤ ᠥᠷᠢᠰᠦᠯᠳᠦᠭᠡᠨ᠂ ᠦᠨᠳᠦᠰᠦᠨ ᠬᠠᠤᠯᠢ ᠵᠢᠨ ᠮᠡᠳᠡᠯᠭᠡ ᠵᠢᠨ ᠺᠠᠷᠲ ᠴᠣᠬᠢᠬᠤ ᠲᠠᠪᠠᠭ᠂ ᠪᠢ ᠦᠨᠳᠦᠰᠦᠨ ᠬᠠᠤᠯᠢ᠎ᠲᠠᠢ ᠬᠠᠮᠲᠤ ᠰᠡᠭᠦᠳᠡᠷ ᠲᠠᠲᠠᠬᠤ ᠵᠡᠷᠭᠡ ᠤᠯᠠᠨ ᠡᠰᠢᠲᠦ ᠬᠠᠷᠢᠯᠴᠠᠨ ᠬᠥᠳᠡᠯᠦᠯᠴᠡᠬᠦ ᠭᠣᠭᠴᠣᠭ᠎ᠠ ᠵᠢ ᠲᠣᠬᠢᠷᠠᠭᠤᠯᠵᠤ᠂ 300 ᠭᠠᠷᠤᠢ ᠺᠠᠳ᠋ᠷ ᠤᠯᠠᠨ ᠲᠦᠮᠡᠨ ᠢᠳᠡᠪᠬᠢᠲᠡᠢ ᠣᠷᠣᠯᠴᠠᠵᠠᠢ᠃

ᠬᠡᠷᠡᠭᠴᠡᠭᠡ ᠱᠠᠭ᠋ᠠᠷᠳᠠᠯᠭ᠎ᠠ ᠵᠢ ᠲᠣᠭᠲᠠᠭ᠋ᠠᠵᠤ᠂ ᠬᠠᠷᠠᠯᠲᠠ ᠵᠢᠨ ᠴᠢᠭᠯᠡᠯ ᠵᠶ᠋ᠡᠷ ᠳᠤᠰᠤᠯᠭ᠋ᠠᠨ ᠤᠰᠤᠯᠠᠬᠤ ᠵᠢ ᠪᠡᠶᠡᠯᠡᠭᠦᠯᠵᠡᠢ᠃ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢ ᠴᠢᠬᠤᠯᠠ ᠴᠠᠭ ᠬᠤᠭᠤᠴᠠᠭ᠋ᠠᠨ᠎ᠤ ᠵᠠᠩᠭᠢᠯᠠᠭ᠎ᠠ ᠵᠢᠨ ᠴᠡᠭ᠎ᠲᠠᠢ ᠭᠦᠨᠵᠡᠭᠡᠢ ᠠᠭᠤᠰᠤᠯᠴᠠᠭᠤᠯᠵᠤ᠂ 《ᠴᠠᠭ ᠦᠶ᠎ᠡ ᠵᠢ ᠦᠵᠡᠵᠦ ᠬᠠᠤᠯᠢ ᠵᠢ ᠬᠡᠷᠡᠭᠵᠢᠭᠦᠯᠬᠦ᠂ ᠤᠨᠢᠨ ᠳᠡᠭᠡᠷ᠎ᠡ᠎ᠨᠢ ᠳᠤᠰᠤᠯᠭ᠋ᠠᠨ ᠤᠰᠤᠯᠠᠬᠤ》 ᠵᠢ ᠪᠡᠶᠡᠯᠡᠭᠦᠯᠵᠡᠢ᠃ 《ᠬᠤᠪᠢᠯᠭ᠋ᠠᠨ ᠲᠡᠮᠡᠭᠡ》 ᠵᠢᠨ ᠤᠯᠠᠮᠵᠢᠯᠠᠯᠲᠤ ᠠᠷᠠᠳ᠎ᠤᠨ ᠵᠠᠩ ᠦᠢᠯᠡ ᠵᠢᠨ ᠪᠠᠶᠠᠷ᠂ ᠮᠣᠩᠭᠣᠯ ᠪᠦᠢ᠍ᠯᠡᠰᠦᠨ ᠴᠡᠴᠡᠭ᠎ᠤᠨ ᠰᠣᠶᠣᠯ ᠵᠢᠭᠤᠯᠴᠢᠯᠠᠯ᠎ᠤᠨ ᠪᠠᠶᠠᠷ᠂ ᠨᠠᠭ᠋ᠠᠳᠤᠮ᠎ᠤᠨ ᠬᠤᠷᠠᠯ ᠵᠡᠷᠭᠡ ᠣᠷᠣᠨ ᠨᠤᠲᠤᠭ᠎ᠤᠨ ᠣᠨᠴᠠᠯᠢᠭ᠎ᠲᠠᠢ ᠠᠵᠢᠯᠯᠠᠭ᠎ᠠ᠎ᠳᠤ ᠲᠦᠰᠢᠭᠯᠡᠨ᠂ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠲᠠᠪᠴᠠᠩ ᠪᠠᠢ᠌ᠭᠤᠯᠵᠤ᠂ ᠦᠨᠳᠦᠰᠦᠨ ᠬᠠᠤᠯᠢ᠂ ᠢᠷᠭᠡᠨ᠎ᠤ ᠬᠠᠤᠯᠢ ᠵᠢᠨ ᠪᠢᠴᠢᠭ᠂ ᠲᠠᠯ᠎ᠠ ᠨᠤᠲᠤᠭ᠎ᠤᠨ ᠠᠮᠢ ᠠᠬᠤᠢ ᠵᠢᠨ ᠬᠠᠮᠠᠭ᠋ᠠᠯᠠᠯᠲᠠ ᠵᠡᠷᠭᠡ ᠠᠭᠤᠯᠭ᠎ᠠ ᠵᠢᠨ ᠲᠣᠭᠣᠷᠢᠨ᠎ᠳᠤ ᠬᠠᠤᠯᠢ ᠲᠦᠭᠡᠮᠡᠯᠵᠢᠭᠦᠯᠬᠦ ᠭᠠᠷ ᠳᠡᠪᠲᠡᠷ ᠲᠠᠷᠬᠠᠭ᠋ᠠᠵᠤ᠂ ᠲᠤᠬᠠᠢ ᠵᠢᠨ ᠲᠠᠯᠠᠪᠤᠷ᠎ᠤᠨ ᠮᠠᠳᠠᠭ᠎ᠲᠠᠢ ᠠᠰᠠᠭᠤᠳᠠᠯ᠎ᠢ ᠰᠢᠢ᠍ᠳᠪᠦᠷᠢᠯᠡᠬᠦ ᠠᠵᠢᠯ᠎ᠢ ᠥᠷᠨᠢᠭᠦᠯᠵᠡᠢ᠃ 《3 · 15》᠎ᠤ ᠬᠡᠷᠡᠭᠯᠡᠭᠴᠢᠳ᠎ᠤᠨ ᠡᠷᠬᠡ ᠠᠰᠢᠭ᠎ᠤᠨ ᠡᠳᠦᠷ᠎ᠲᠤ᠂ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠤᠯᠢ》᠎ᠳᠤ ᠲᠠᠢ᠌ᠯᠤᠮᠵᠢ ᠬᠢᠪᠡ; 《4 · 15》᠎ᠤ ᠪᠥᠬᠥ ᠠᠷᠠᠳ᠎ᠤᠨ ᠤᠯᠤᠰ᠎ᠤᠨ ᠠᠮᠤᠷ ᠲᠦᠪᠰᠢᠨ᠎ᠤ ᠬᠥᠮᠦᠵᠢᠯ᠎ᠤᠨ ᠡᠳᠦᠷ᠂ ᠨᠡᠢ᠌ᠭᠡᠮ ᠲᠣᠭᠣᠷᠢᠭ᠎ᠲᠤ ᠭᠦᠨᠵᠡᠭᠡᠢ᠌ᠷᠡᠨ ᠤᠯᠤᠰ᠎ᠤᠨ ᠠᠮᠤᠷ ᠲᠦᠪᠰᠢᠨ᠎ᠤ ᠬᠠᠤᠯᠢ᠂ ᠲᠠᠩᠨᠠᠭᠤᠯ᠎ᠢ ᠡᠰᠡᠷᠭᠦᠴᠡᠬᠦ ᠬᠠᠤᠯᠢ ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠤᠬᠠᠭᠤᠯᠪᠠ; ᠢᠷᠭᠡᠨ᠎ᠤ ᠬᠠᠤᠯᠢ ᠵᠢᠨ ᠪᠢᠴᠢᠭ᠎ᠤᠨ ᠤᠬᠠᠭᠤᠯᠭ᠎ᠠ ᠵᠢᠨ ᠰᠠᠷ᠎ᠠ᠎ᠳᠤ᠂ ᠣᠯᠠᠨ ᠲᠦᠮᠡᠨ᠎ᠤ ᠰᠡᠳᠬᠢᠯ ᠲᠠᠯᠪᠢᠵᠤ ᠪᠠᠢ᠌ᠭ᠎ᠠ ᠣᠷᠣᠭ ᠭᠡᠷ ᠪᠦᠯᠢ᠂ ᠡᠳ᠋ ᠬᠥᠷᠥᠩᠭᠡ ᠵᠢᠨ ᠵᠠᠯᠭ᠋ᠠᠮᠵᠢᠯᠠᠯ᠂ ᠭᠡᠷ᠎ᠡ ᠵᠢᠨ ᠵᠢᠭᠤᠷᠠᠯᠳᠤᠭ᠋ᠠᠨ ᠵᠡᠷᠭᠡ ᠬᠠᠯᠠᠭᠤᠨ ᠴᠡᠭ᠎ᠤᠨ ᠠᠰᠠᠭᠤᠳᠠᠯ ᠵᠶ᠋ᠠᠷ ᠭᠣᠣᠯᠯᠠᠭᠤᠯᠤᠨ᠂ 《ᠬᠠᠤᠯᠢ ᠴᠠᠭ᠋ᠠᠵᠠ ᠵᠢᠨ ᠲᠤᠯᠤᠭ᠋ᠠᠨ ᠣᠷᠣᠭᠤᠯᠤᠯᠲᠠ ᠵᠢᠨ》 ᠠᠵᠢᠯᠯᠠᠭ᠎ᠠ ᠵᠢ ᠥᠷᠨᠢᠭᠦᠯᠪᠡ᠃ ᠪᠦᠬᠦ ᠵᠢᠯ᠎ᠳᠤ ᠡᠯ᠎ᠡ ᠵᠦᠢ᠍ᠯ᠎ᠤᠨ ᠴᠢᠬᠤᠯᠠ ᠴᠠᠭ ᠬᠤᠭᠤᠴᠠᠭ᠋ᠠᠨ᠎ᠤ ᠵᠠᠩᠭᠢᠯᠠᠭ᠎ᠠ ᠵᠢᠨ ᠴᠡᠭ᠎ᠲᠤ ᠲᠦᠰᠢᠭᠯᠡᠨ ᠬᠠᠤᠯᠢᠵᠢᠯ᠎ᠤᠨ ᠤᠬᠠᠭᠤᠯᠭ᠎ᠠ ᠵᠢᠨ ᠠᠵᠢᠯᠯᠠᠭ᠎ᠠ ᠵᠢ 164 ᠲᠠᠯᠠᠪᠤᠷ ᠤᠳᠠᠭ᠎ᠠ ᠥᠷᠨᠢᠭᠦᠯᠵᠦ᠂ ᠤᠬᠠᠭᠤᠯᠭ᠎ᠠ ᠵᠢᠨ ᠮᠠᠲ᠋ᠧᠷᠢᠶᠠᠯ ᠵᠢᠴᠢ ᠡᠳ᠋ ᠪᠣᠳᠠᠰ᠎ᠢ 7.5 ᠲᠦᠮᠡ ᠭᠠᠷᠤᠢ ᠲᠠᠷᠬᠠᠭ᠋ᠠᠵᠤ᠂ ᠬᠠᠤᠯᠢ ᠲᠦᠭᠡᠮᠡᠯᠵᠢᠭᠦᠯᠬᠦ᠎ᠳᠤ ᠠᠰᠢᠭ ᠭᠥᠷᠳᠡᠭᠰᠡᠨ ᠬᠥᠮᠥᠨ᠎ᠤ ᠲᠣᠭ᠎ᠠ 6 ᠲᠦᠮᠡ ᠭᠠᠷᠤᠢ ᠬᠥᠮᠥᠨ ᠤᠳᠠᠭ᠎ᠠ᠎ᠳᠤ ᠬᠦᠷᠴᠡᠢ᠃

ᠵᠢᠭᠰᠠᠭ᠋ᠠᠯ᠎ᠤᠨ ᠭᠠᠵᠠᠷ ᠵᠶ᠋ᠠᠨ ᠭᠦᠨ ᠬᠠᠭ᠋ᠠᠯᠪᠤᠷᠢᠯᠠᠵᠤ᠂ ᠰᠤᠷᠭ᠋ᠠᠨ ᠬᠥᠮᠦᠵᠢᠯ᠎ᠤᠨ ᠰᠠᠭᠤᠷᠢ ᠵᠢ ᠪᠡᠬᠢᠵᠢᠭᠦᠯᠵᠡᠢ᠃ ᠠᠯᠠᠱ᠌ᠠ ᠵᠢᠨ ᠦᠨᠳᠦᠰᠦᠨ ᠬᠠᠤᠯᠢ ᠵᠢᠨ ᠰᠤᠷᠭ᠋ᠠᠨ ᠬᠥᠮᠦᠵᠢᠯ᠎ᠤᠨ ᠣᠷᠳᠣᠨ᠎ᠤ ᠭᠣᠣᠯ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠪᠦᠬᠦ ᠵᠢᠯ᠎ᠳᠤ ᠨᠡᠢ᠍ᠢ᠍ᠳᠡ 45 ᠨᠢᠭᠡᠴᠢ ᠵᠢᠨ 880 ᠭᠠᠷᠤᠢ ᠬᠥᠮᠥᠨ ᠤᠳᠠᠭ᠎ᠠ ᠵᠢᠨ ᠲᠣᠭᠣᠷᠢᠨ ᠦᠵᠡᠵᠦ ᠰᠤᠷᠤᠯᠴᠠᠬᠤ ᠵᠢ ᠬᠦᠯᠢᠶᠡᠨ ᠠᠪᠴᠤ᠂ 24 ᠨᠢᠭᠡᠴᠢ ᠵᠢᠨ 460 ᠭᠠᠷᠤᠢ ᠬᠥᠮᠥᠨ ᠤᠳᠠᠭ᠎ᠠ ᠵᠢᠨ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠠᠵᠢᠯᠯᠠᠭ᠎ᠠ ᠵᠢ ᠭᠡᠷᠡᠴᠢᠯᠡᠪᠡ᠃ ᠠᠢ᠌ᠮᠠᠭ᠎ᠤᠨ ᠨᠠᠮ᠎ᠤᠨ ᠬᠣᠷᠢᠶ᠎ᠠ ᠵᠢᠨ ᠨᠠᠮ᠎ᠤᠨ ᠰᠤᠷᠭ᠋ᠠᠭᠤᠯᠢ ᠵᠢᠨ ᠲᠤᠬᠠᠢ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ ᠵᠢᠨ ᠴᠡᠭ᠎ᠤᠨ ᠨᠢᠭᠡ ᠪᠣᠯᠤᠭᠰᠠᠨ᠎ᠤ ᠬᠤᠪᠢ᠎ᠳᠤ᠂ ᠪᠥᠬᠥ ᠵᠢᠯ᠎ᠳᠤ ᠳᠤᠮᠳᠠᠳᠤ ᠤᠯᠤᠰ᠎ᠤᠨ ᠵᠠᠯᠠᠭᠤᠴᠤᠳ᠎ᠤᠨ ᠠᠩᠭᠢ ᠵᠡᠷᠭᠡ ᠭᠣᠣᠯᠳᠠᠯᠭ᠎ᠠ᠎ᠲᠠᠢ ᠠᠩᠭᠢ᠎ᠳᠤ 3 ᠤᠳᠠᠭ᠎ᠠ ᠲᠣᠭᠣᠷᠢᠨ ᠦᠵᠡᠵᠦ ᠰᠤᠷᠤᠯᠴᠠᠬᠤ ᠵᠢ ᠭᠥᠯᠢᠶᠡᠨ ᠠᠪᠴᠤ᠂ ᠪᠠᠬᠠᠷᠬᠠᠯ ᠮᠠᠶᠢᠭ᠎ᠤᠨ ᠦᠨᠳᠦᠰᠦᠨ ᠬᠠᠤᠯᠢ ᠵᠢᠨ ᠬᠥᠮᠦᠵᠢᠯ ᠵᠶ᠋ᠡᠷ ᠳᠠᠮᠵᠢᠭᠤᠯᠤᠨ᠂ ᠤᠳᠤᠷᠢᠳᠬᠤ ᠺᠠᠳ᠋ᠷᠴᠤᠳ᠎ᠤᠨ ᠦᠨᠳᠦᠰᠦᠨ ᠬᠠᠤᠯᠢ ᠵᠢᠨ ᠤᠬᠠᠮᠰᠠᠷ ᠪᠠ ᠬᠠᠤᠯᠢᠵᠢᠯ᠎ᠤᠨ ᠰᠡᠳᠬᠢᠬᠦᠢ ᠵᠢ ᠴᠢᠩᠭ᠋ᠠᠳᠬᠠᠵᠠᠢ᠃ ᠡᠭᠦᠨ᠎ᠤ ᠬᠠᠮᠲᠤ᠂ ᠵᠢᠭᠰᠠᠭ᠋ᠠᠯ᠎ᠤᠨ ᠭᠠᠵᠠᠷ᠎ᠤᠨ ᠦᠢ᠍ᠯᠡᠳᠦᠯ ᠪᠣᠯᠣᠨ ᠡᠳᠦᠷ ᠲᠤᠳᠤᠮ᠎ᠤᠨ ᠬᠠᠤᠯᠢ ᠲᠦᠭᠡᠮᠡᠯᠵᠢᠭᠦᠯᠬᠦ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠦᠨᠳᠦᠰᠦᠨ ᠬᠠᠤᠯᠢ ᠵᠢᠨ ᠰᠤᠷᠭ᠋ᠠᠨ ᠬᠥᠮᠦᠵᠢᠯ᠎ᠤᠨ ᠣᠷᠳᠣᠨ᠎ᠤ ᠲᠣᠭᠣᠷᠢᠨ ᠦᠵᠡᠵᠦ ᠰᠤᠷᠤᠯᠴᠠᠬᠤ᠂ ᠦᠨᠳᠦᠰᠦᠨ ᠬᠠᠤᠯᠢ᠎ᠳᠤ ᠲᠠᠩᠭ᠋ᠠᠷᠢᠭᠯᠠᠬᠤ ᠵᠡᠷᠭᠡ ᠠᠵᠢᠯᠯᠠᠭ᠎ᠠ ᠵᠢ ᠬᠠᠤᠯᠢ ᠲᠦᠭᠡᠮᠡᠯᠵᠢᠭᠦᠯᠬᠦ ᠪᠠᠢ᠌ᠩᠭᠤ ᠵᠢᠨ ᠠᠷᠭ᠎ᠠ ᠬᠡᠮᠵᠢᠶ᠎ᠡ ᠪᠣᠯᠭ᠋ᠠᠵᠤ᠂ ᠬᠠᠤᠯᠢᠵᠢᠯ᠎ᠤᠨ ᠵᠣᠷᠢᠭ ᠰᠠᠨᠠᠭ᠎ᠠ ᠵᠢ ᠲᠠᠷᠢᠬᠢ ᠲᠣᠯᠣᠭ᠋ᠠᠢ᠎ᠳᠤ ᠬᠠᠳᠠᠩᠰᠢᠭᠤᠯᠬᠤ ᠵᠢ ᠦᠷᠭᠦᠯᠵᠢᠯᠡᠨ ᠠᠬᠢᠭᠤᠯᠵᠠᠢ᠃

ᠢᠷᠡᠯᠲᠡ᠄ 
          
ᠬᠠᠮᠢᠶ᠎ᠡ ᠪᠦᠬᠦᠢ ᠰᠣᠨᠢᠨ
 
            