ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠨᠠᠮ᠎ᠤᠨ ᠲᠥᠪ ᠬᠣᠷᠢᠶ᠎ᠠ ᠲᠥᠷᠦ ᠵᠢᠨ ᠶᠠᠪᠤᠳᠠᠯ᠎ᠤᠨ ᠬᠣᠷᠢᠶ᠎ᠠ 《ᠤᠯᠤᠰ᠎ᠤᠨ ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠢ ᠠᠷᠭ᠋ᠠᠴᠠᠬᠤ ᠳᠤᠮᠳᠠ ᠤᠷᠲᠤ ᠬᠤᠭᠤᠴᠠᠭ᠋ᠠᠨ᠎ᠤ ᠲᠥᠯᠥᠪᠵᠢᠭᠦᠯᠭᠡ 》 ᠵᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2020-11-14

      ᠨᠠᠮ᠎ᠤᠨ ᠲᠥᠪ ᠬᠣᠷᠢᠶ᠎ᠠ ᠲᠥᠷᠦ ᠵᠢᠨ ᠶᠠᠪᠤᠳᠠᠯ᠎ᠤᠨ ᠬᠣᠷᠢᠶ᠎ᠠ 《ᠤᠯᠤᠰ᠎ᠤᠨ ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠢ ᠠᠷᠭ᠋ᠠᠴᠠᠬᠤ ᠳᠤᠮᠳᠠ ᠤᠷᠲᠤ ᠬᠤᠭᠤᠴᠠᠭ᠋ᠠᠨ᠎ᠤ ᠲᠥᠯᠥᠪᠵᠢᠭᠦᠯᠭᠡ  》 ᠵᠢ ᠳᠠᠷᠤᠮᠠᠯᠯᠠᠨ ᠲᠠᠷᠬᠠᠭ᠋ᠠᠪᠠ

      ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠢ ᠠᠷᠭ᠋ᠠᠴᠠᠬᠤ ᠵᠢᠨ ᠲᠥᠯᠥᠭᠡ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠰᠢᠢᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠶᠣᠰᠣᠭ᠋ᠠᠷ᠂ ᠤᠢ᠌ᠷ᠎ᠠ᠎ᠳᠤ᠂ ᠨᠠᠮ᠎ᠤᠨ ᠲᠥᠪ ᠬᠣᠷᠢᠶ᠎ᠠ᠂ ᠲᠥᠷᠦ ᠵᠢᠨ ᠶᠠᠪᠤᠳᠠᠯ᠎ᠤᠨ ᠬᠣᠷᠢᠶ᠎ᠠ 《ᠤᠯᠤᠰ᠎ᠤᠨ ᠬᠥᠮᠦᠨ ᠠᠮᠠ ᠵᠢ ᠢᠳᠡᠪᠬᠢᠲᠡᠢ ᠠᠷᠭ᠋ᠠᠴᠠᠬᠤ ᠳᠤᠮᠳᠠ ᠤᠷᠲᠤ ᠬᠤᠭᠤᠴᠠᠭ᠋ᠠᠨ᠎ᠤ ᠲᠥᠯᠥᠪᠵᠢᠭᠦᠯᠪᠡ》 (ᠳᠣᠷᠣᠭᠰᠢ 《ᠲᠥᠯᠥᠪᠵᠢᠭᠦᠯᠪᠡ》 ᠭᠡᠵᠦ ᠳᠥᠭᠥᠮᠴᠢᠯᠡᠨ᠎ᠡ) ᠵᠢ ᠳᠠᠷᠤᠮᠠᠯᠯᠠᠨ ᠲᠠᠷᠬᠠᠭ᠋ᠠᠪᠠ᠃ 《ᠲᠥᠯᠥᠪᠵᠢᠭᠦᠯᠪᠡ》 ᠵᠢᠨ ᠤᠢ᠌ᠷ᠎ᠠ ᠵᠢᠨ ᠬᠤᠭᠤᠴᠠᠭ᠎ᠠ᠎ᠨᠢ 2022 ᠣᠨ ᠪᠣᠯᠲᠠᠯ᠎ᠠ᠂ ᠳᠤᠮᠳᠠ ᠬᠤᠭᠤᠴᠠᠭ᠎ᠠ᠎ᠨᠢ 2035 ᠣᠨ ᠪᠣᠯᠲᠠᠯ᠎ᠠ᠂ ᠠᠯᠤᠰ᠎ᠤᠨ ᠬᠠᠷᠠᠯᠲᠠ᠎ᠨᠢ 2050 ᠣᠨ ᠬᠦᠷᠬᠦ ᠪᠤᠯᠤᠨ᠎ᠠ᠃ ᠲᠤᠰ ᠲᠦᠯᠦᠪᠵᠢᠬᠦᠯᠭᠡ᠎ᠨᠢ ᠮᠠᠨ᠎ᠤ ᠤᠯᠤᠰ᠎ᠤᠨ ᠬᠥᠮᠦᠨ ᠠᠮᠠ ᠵᠢᠨ ᠪᠠᠶ᠋ᠢᠳᠠᠯ᠎ᠢ ᠢᠳᠡᠪᠬᠢᠲᠡᠢ ᠠᠷᠭ᠋ᠠᠴᠠᠬᠤ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ᠂ ᠶᠡᠷᠦᠩᠬᠡᠶ᠋ᠢᠯᠡᠭᠰᠡᠨ ᠴᠢᠨᠠᠷᠲᠠᠶ᠂ ᠵᠢᠯᠣᠭᠣᠳᠬᠤ ᠴᠢᠨᠠᠷᠲᠠᠶ ᠪᠢᠴᠢᠭ ᠮᠠᠲ᠋ᠧᠷᠢᠶᠠᠯ ᠪᠣᠯᠤᠨ᠎ᠠ᠃
     《ᠲᠥᠯᠥᠪᠵᠢᠭᠦᠯᠪᠡ》᠎ᠳᠤ᠂ ᠬᠥᠮᠦᠨ ᠠᠮᠠ ᠵᠢᠨ ᠨᠠᠰᠤᠵᠢᠯ ᠪᠣᠯ ᠨᠡᠶ᠋ᠢᠭᠡᠮ᠎ᠤᠨ ᠬᠥᠭᠵᠢᠯᠲᠡ ᠵᠢᠨ ᠴᠢᠬᠤᠯᠠ ᠬᠠᠨᠳᠤᠰᠢ ᠮᠥᠨ᠂ ᠬᠥᠮᠦᠨ ᠲᠥᠷᠥᠯᠬᠢᠲᠡᠨ᠎ᠤ ᠪᠣᠯᠪᠠᠰᠤᠨ᠎ᠤ ᠳᠠᠪᠰᠢᠯᠲᠠ ᠵᠢᠨ ᠢᠯᠡᠷᠡᠯ ᠮᠥᠨ᠂ ᠪᠠᠰᠠ ᠴᠤ᠌ ᠬᠣᠶ᠋ᠢᠰᠢᠳᠠ ᠵᠢᠨ ᠨᠡᠯᠢᠶᠡᠳ ᠤᠷᠳᠤ ᠬᠤᠭᠤᠴᠠᠭ᠋ᠠᠨ᠎ᠤ ᠮᠠᠨ᠎ᠤ ᠤᠯᠤᠰ᠎ᠤᠨ ᠦᠨᠳᠦᠰᠦᠨ ᠪᠠᠢ᠌ᠳᠠᠯ ᠮᠥᠨ᠃ ᠬᠥᠮᠦᠨ ᠠᠮᠠ ᠵᠢᠨ ᠨᠠᠰᠤᠵᠢᠯ᠎ᠨᠢ ᠠᠵᠤ ᠠᠬᠤᠢ ᠵᠢᠨ ᠠᠵᠢᠯᠯᠠᠭ᠋ᠠᠨ᠎ᠤ ᠪᠦᠬᠦ ᠬᠦᠷᠢᠶ᠎ᠡ᠂ ᠨᠡᠶ᠋ᠢᠭᠡᠮ᠎ᠤᠨ ᠪᠠᠶ᠋ᠢᠭᠤᠯᠤᠯᠲᠠ ᠵᠢᠨ ᠡᠯ᠎ᠡ ᠵᠠᠩᠭᠢᠯᠠᠭ᠎ᠠ᠂ ᠨᠡᠶ᠋ᠢᠭᠡᠮ᠎ᠤᠨ ᠰᠣᠶᠣᠯ᠎ᠤᠨ ᠣᠯᠠᠨ ᠲᠠᠯ᠎ᠠ ᠴᠢᠨᠠᠭᠰᠢᠯᠠᠪᠠᠯ ᠤᠯᠤᠰ᠎ᠤᠨ ᠶᠡᠷᠦᠩᠬᠡᠶ᠋ᠢᠯᠡᠭᠰᠡᠨ ᠪᠣᠳᠠᠲᠤ ᠬᠦᠴᠦᠨ ᠪᠠ ᠳᠡᠯᠡᠬᠡᠶ ᠳᠡᠭᠡᠷᠡᠬᠢ ᠥᠷᠢᠰᠦᠯᠳᠦᠬᠦ ᠬᠦᠴᠦᠨ᠎ᠳᠤ ᠴᠥᠮ ᠠᠯᠤᠰ ᠬᠡᠲᠦ ᠵᠢᠨ ᠨᠥᠯᠥᠭᠡ᠎ᠲᠠᠢ ᠪᠠᠶ᠋ᠢᠵᠤ᠂ ᠥᠷᠢᠰᠥᠯᠳᠦᠭᠡᠨ ᠪᠠ ᠠᠵᠠ ᠲᠣᠬᠢᠶᠠᠯ ᠵᠡᠷᠭᠡᠪᠡᠷ ᠣᠷᠣᠰᠢᠵᠤ ᠪᠠᠢ᠌ᠳᠠᠭ᠃
     《ᠲᠥᠯᠥᠪᠵᠢᠭᠦᠯᠪᠡ》᠎ᠳᠤ᠂ ᠬᠥᠮᠦᠨ ᠠᠮᠠ᠎ᠤ ᠨᠠᠰᠤᠵᠢᠯ᠎ᠢ ᠢᠳᠡᠪᠬᠢᠲᠡᠢ ᠠᠷᠭ᠋ᠠᠴᠠᠬᠤ ᠪᠣᠯ ᠠᠷᠠᠳ ᠲᠦᠮᠡᠨ ᠵᠶ᠋ᠠᠷ ᠭᠣᠤᠯ ᠪᠣᠯᠭ᠋ᠠᠭᠰᠠᠨ ᠬᠥᠭᠵᠢᠯᠲᠡ ᠵᠢᠨ ᠦᠵᠡᠯ ᠰᠠᠨᠠᠭ᠎ᠠ ᠵᠢ ᠲᠤᠤᠱᠯᠠᠭᠤᠯᠬᠤ ᠳᠣᠲᠣᠭ᠋ᠠᠳᠤ ᠱᠠᠭ᠋ᠠᠷᠳᠠᠯᠭ᠎ᠠ ᠮᠥᠨ᠂ ᠠᠵᠤ ᠠᠬᠤᠢ ᠵᠢᠨ ᠴᠢᠨᠠᠷ ᠰᠠᠶ᠋ᠢᠲᠠᠶ ᠬᠥᠭᠵᠢᠯᠲᠡ ᠵᠢ ᠪᠡᠶᠡᠯᠡᠭᠦᠯᠬᠦ ᠴᠢᠬᠤᠯᠠ ᠪᠦᠬᠦᠢ ᠪᠠᠲᠤᠯᠠᠭ᠎ᠠ ᠮᠥᠨ᠂ ᠤᠯᠤᠰ ᠎ᠤᠨ ᠠᠮᠤᠷ ᠲᠦᠪᠰᠢᠨ ᠪᠣᠯᠤᠨ ᠨᠡᠢ᠌ᠭᠡᠮ᠎ᠤᠨ ᠡᠶ᠎ᠡ ᠵᠣᠬᠢᠴᠠᠩᠭᠤᠶ ᠲᠣᠭᠲᠠᠭᠤᠨ᠎ᠢ ᠬᠠᠮᠠᠭ᠋ᠠᠯᠠᠬᠤ ᠴᠢᠬᠤᠯᠠ ᠠᠷᠭ᠎ᠠ ᠬᠡᠮᠵᠢᠶ᠎ᠡ ᠮᠥᠨ᠃ ᠠᠵᠤ ᠠᠬᠤᠢ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠱᠠᠭ᠋ᠠᠷᠳᠠᠯᠭ᠎ᠠ ᠶᠣᠰᠣᠭ᠋ᠠᠷ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ᠎ᠪᠠᠷ ᠭᠣᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠠᠯᠤᠰ ᠬᠡᠲᠦ ᠵᠢ ᠬᠠᠮᠢᠶᠠᠷᠬᠤ ᠳᠦᠷᠢᠮ᠎ᠤᠨ ᠪᠣᠷᠣ ᠲᠥᠯᠥᠪ᠎ᠢ ᠪᠠᠢ᠌ᠭᠤᠯᠵᠤ᠂ ᠪᠣᠳᠠᠲᠤ ᠦᠷ᠎ᠡ ᠪᠦᠲᠦᠮᠵᠢ ᠣᠯᠬᠤ ᠴᠢᠬᠤᠯᠠ ᠶᠡᠬᠡ ᠲᠥᠷᠦ ᠵᠢᠨ ᠪᠣᠳᠣᠯᠭ᠎ᠠ ᠵᠢ ᠲᠣᠭᠲᠠᠭ᠋ᠠᠵᠤ᠂ ᠢᠳᠡᠪᠬᠢᠲᠡᠢ ᠠᠷᠭ᠋ᠠᠴᠠᠬᠤ᠂ ᠬᠠᠮᠲᠤ᠎ᠪᠠᠷ ᠪᠠᠢ᠌ᠭᠤᠯᠵᠤ ᠬᠠᠮᠲᠤ᠎ᠪᠠᠷ ᠡᠳ᠋ᠯᠡᠬᠦ᠂ ᠵᠦᠢ ᠵᠤᠬᠢᠰᠳᠡᠢ᠂ ᠰᠢᠨ᠎ᠡ ᠵᠢ ᠡᠭᠦᠳᠴᠦ ᠨᠡᠭᠡᠭᠡᠯᠲᠡ ᠬᠢᠬᠦ ᠦᠨᠳᠦᠰᠦᠨ ᠵᠠᠷᠴᠢᠮ᠎ᠢ ᠪᠠᠷᠢᠮᠲᠠᠯᠠᠵᠤ᠂ ᠳᠤᠮᠳᠠᠳᠤ ᠤᠯᠤᠰ᠎ᠤᠨ ᠣᠨᠴᠠᠯᠢᠭ᠎ᠲᠠᠢ ᠬᠥᠮᠦᠨ ᠠᠮᠠ ᠵᠢᠨ ᠨᠠᠰᠤᠵᠢᠯ᠎ᠢ ᠠᠷᠭ᠋ᠠᠴᠠᠬᠤ ᠵᠠᠮ᠎ᠢ ᠨᠡᠭᠡᠭᠡᠬᠦ ᠬᠡᠷᠡᠭᠲᠡᠶ ᠭᠡᠵᠦ ᠴᠢᠬᠤᠯᠠᠴᠢᠯᠠᠪᠠ᠃
     《ᠲᠥᠯᠥᠪᠵᠢᠭᠦᠯᠪᠡ》᠎ᠳᠤ ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠢ ᠠᠷᠭ᠋ᠠᠴᠠᠬᠤ ᠪᠠᠶ᠋ᠢᠯᠳᠤᠬᠤ ᠪᠣᠳᠣᠯᠭ᠎ᠠ ᠵᠢᠨ ᠬᠠᠷᠠᠯᠲᠠ ᠵᠢ ᠲᠣᠳᠣᠷᠬᠠᠶ᠋ᠢᠯᠠᠪᠠ᠂ ᠲᠤᠬᠠᠶ᠋ᠢᠯᠠᠪᠠᠯ ᠬᠥᠮᠦᠨ ᠠᠮᠠ ᠵᠢ ᠢᠳᠡᠪᠬᠢᠲᠡᠢ ᠠᠷᠭ᠋ᠠᠴᠠᠬᠤ ᠳᠦᠷᠢᠮ ᠦᠷᠭᠦᠯᠵᠢᠯᠡᠨ ᠪᠡᠬᠢᠵᠢᠵᠦ᠂ ᠡᠳ᠋ ᠪᠠᠶᠠᠯᠢᠭ᠎ᠤᠨ ᠨᠥᠭᠡᠴᠡ ᠡᠳᠦᠷ ᠢᠷᠡᠬᠦᠶ᠎ᠡ ᠲᠡᠭᠦᠯᠳᠡᠷᠵᠢᠵᠦ᠂ ᠬᠥᠮᠦᠨ᠎ᠤ ᠬᠦᠴᠦᠨ᠎ᠤ ᠬᠥᠷᠥᠩᠭᠡ ᠲᠠᠰᠤᠷᠠᠯᠲᠠ ᠦᠭᠡᠢ ᠳᠡᠭᠡᠭᠰᠢᠯᠡᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠯ ᠨᠠᠩ ᠬᠦᠴᠦᠲᠡᠶ ᠪᠣᠯᠵᠤ᠂ ᠦᠢᠯᠡᠳᠬᠦᠨ ᠪᠠ ᠦᠢᠯᠡᠴᠢᠯᠡᠭᠡ ᠡᠯᠪᠡᠭ ᠪᠠᠶᠠᠯᠢᠭ ᠴᠢᠨᠠᠷ ᠰᠠᠶ᠋ᠢᠲᠠᠶ ᠪᠣᠯᠵᠤ᠂ ᠨᠡᠢ᠌ᠭᠡᠮ᠎ᠤᠨ ᠣᠷᠴᠢᠨ ᠲᠣᠭᠣᠷᠢᠨ ᠰᠠᠭᠤᠷᠢᠰᠢᠬᠤ᠎ᠳᠤ ᠲᠣᠬᠢᠷᠠᠮᠵᠢᠲᠠᠶ ᠪᠣᠯᠵᠤ᠂ ᠠᠵᠤ ᠠᠬᠤᠶ ᠨᠡᠢ᠌ᠭᠡᠮ᠎ᠤᠨ ᠬᠥᠭᠵᠢᠯᠲᠡ ᠢᠮᠠᠭᠲᠠ ᠬᠥᠮᠦᠨ ᠠᠮᠠ ᠵᠢᠨ ᠠᠬᠢᠴᠠ᠎ᠲᠠᠢ ᠵᠣᠬᠢᠴᠠᠵᠤ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠢ ᠤᠷᠤᠭᠰᠢᠲᠠᠶ ᠪᠦᠲᠦᠭᠡᠨ ᠪᠠᠢ᠌ᠭᠤᠯᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠬᠦᠰᠡᠯᠡᠩ᠎ᠢ ᠪᠡᠶᠡᠯᠡᠬᠦᠯᠦᠨ᠎ᠡ᠃ 2022 ᠣᠨ ᠪᠣᠯᠬᠤ᠎ᠳᠤ᠂ ᠮᠠᠨ᠎ᠤ ᠤᠯᠤᠰ ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠢ ᠠᠷᠭ᠋ᠠᠴᠠᠬᠤ ᠳᠦᠷᠢᠮ᠎ᠤᠨ ᠪᠣᠷᠣ ᠲᠥᠯᠥᠪ᠎ᠢ ᠠᠩᠬ᠎ᠠ ᠠᠯᠬᠤᠮ ᠪᠠᠢ᠌ᠭᠤᠯᠤᠨ᠎ᠠ; 2035 ᠣᠨ ᠪᠣᠯᠬᠤ᠎ᠳᠤ᠂ ᠬᠥᠮᠦᠨ ᠠᠮᠠ ᠵᠢᠨ ᠨᠠᠰᠤᠵᠢᠯ᠎ᠢ ᠢᠳᠡᠪᠬᠢᠳᠡᠢ ᠠᠷᠭ᠋ᠠᠴᠠᠬᠤ ᠳᠦᠷᠢᠮ᠎ᠤᠨ ᠲᠣᠬᠢᠷᠠᠭᠤᠯᠤᠯᠲᠠ ᠵᠢ ᠨᠡᠩ ᠰᠢᠨᠵᠢᠯᠡᠬᠦ ᠤᠬᠠᠭ᠋ᠠᠨᠴᠢ ᠪᠤᠯᠭ᠋ᠠᠨ᠎ᠠ; ᠲᠤᠰ ᠵᠠᠭᠤᠨ᠎ᠤ ᠳᠤᠮᠳᠠᠴᠢ ᠦᠶ᠎ᠡ ᠪᠣᠯᠬᠤ᠎ᠳᠤ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠬᠦᠴᠦᠷᠬᠡᠭ ᠤᠯᠤᠰ᠎ᠲᠠᠢ ᠵᠣᠬᠢᠴᠠᠯᠳᠤᠭᠰᠠᠨ ᠬᠥᠮᠦᠨ ᠠᠮᠠ ᠵᠢᠨ ᠨᠠᠰᠤᠵᠢᠯ᠎ᠢ ᠢᠳᠡᠪᠬᠢᠳᠡᠢ ᠠᠷᠭ᠋ᠠᠴᠠᠬᠤ ᠳᠦᠷᠢᠮ᠎ᠢ   ᠪᠣᠯᠪᠠᠰᠤᠷᠠᠩᠭᠤᠶ ᠪᠦᠷᠢᠨ ᠲᠡᠭᠦᠯᠳᠡᠷ ᠪᠤᠯᠭ᠋ᠠᠨ᠎ᠠ᠃
     《ᠲᠥᠯᠥᠪᠵᠢᠭᠦᠯᠪᠡ》᠎ᠳᠤ   ᠳᠠᠪᠤᠨ ᠲᠠᠯ᠎ᠠ᠎ᠪᠠᠷ ᠬᠥᠮᠦᠨ ᠠᠮᠠ ᠵᠢᠨ ᠨᠠᠰᠤᠵᠢᠯ᠎ᠢ ᠠᠷᠭ᠋ᠠᠴᠠᠬᠤ ᠪᠣᠳᠠᠲᠠᠶ ᠠᠵᠢᠯ ᠵᠢᠨ ᠡᠭᠦᠷᠭᠡ ᠵᠢ ᠪᠠᠶ᠋ᠢᠷᠢᠯᠠᠭᠤᠯᠪᠠ᠃
      ᠨᠢᠭᠡ᠎ᠳᠤ ᠬᠥᠮᠦᠨ ᠠᠮᠠ ᠵᠢᠨ ᠨᠠᠰᠤᠵᠢᠯ᠎ᠢ ᠠᠷᠭ᠋ᠠᠴᠠᠬᠤ ᠨᠡᠶ᠋ᠢᠭᠡᠮ᠎ᠤᠨ ᠡᠳ᠋ ᠪᠠᠶᠠᠯᠢᠭ᠎ᠤᠨ ᠨᠥᠭᠡᠴᠡ ᠵᠢ ᠪᠠᠲᠤᠳᠬᠠᠨ᠎ᠠ᠃ ᠶᠡᠷᠦᠩᠬᠡᠶ ᠬᠡᠮᠵᠢᠶ᠎ᠡ ᠵᠢ ᠥᠷᠭᠡᠳᠬᠡᠬᠦ᠂ ᠪᠦᠲᠦᠴᠡ ᠵᠢ ᠰᠢᠯᠢᠳᠡᠭᠵᠢᠬᠦᠯᠬᠦ᠂ ᠦᠷ᠎ᠡ ᠠᠰᠢᠭ᠎ᠢ ᠳᠡᠭᠡᠭᠰᠢᠯᠡᠭᠦᠯᠬᠦ᠎ᠪᠠᠷ ᠳᠠᠮᠵᠢᠭᠤᠯᠤᠨ᠂ ᠠᠵᠤ ᠠᠬᠤᠢ ᠵᠢᠨ ᠬᠥᠭᠵᠢᠯᠲᠡ ᠪᠣᠯᠤᠨ ᠬᠥᠮᠦᠨ ᠠᠮᠠ ᠵᠢᠨ ᠬᠣᠭᠣᠷᠣᠨᠳᠣᠬᠢ ᠵᠣᠬᠢᠴᠠᠯᠳᠤᠯ᠎ᠢ ᠪᠡᠶᠡᠯᠡᠭᠦᠯᠦᠨ᠎ᠡ᠃ ᠤᠯᠤᠰ ᠠᠷᠠᠳ᠎ᠤᠨ ᠣᠷᠣᠯᠭ᠎ᠠ ᠵᠢᠨ ᠬᠤᠪᠢᠶᠠᠷᠢᠯᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠬᠦ᠎ᠪᠠᠷ ᠳᠠᠮᠵᠢᠭᠤᠯᠤᠨ᠂ ᠵᠠᠰᠠᠭ᠎ᠤᠨ ᠣᠷᠳᠣᠨ᠂ ᠠᠵᠤ ᠠᠬᠤᠶ᠋ᠢᠯᠠᠯ᠂ ᠰᠠᠭᠤᠭ᠋ᠠᠯᠢ ᠠᠷᠠᠳ᠎ᠤᠨ ᠬᠣᠭᠣᠷᠣᠨᠳᠣᠬᠢ ᠬᠤᠪᠢᠶᠠᠷᠢᠯᠠᠯᠲᠠ ᠵᠢᠨ ᠪᠠᠶ᠋ᠢᠷᠢᠰᠢᠯ᠎ᠢ ᠰᠢᠯᠢᠳᠡᠭᠵᠢᠭᠦᠯᠵᠦ᠂ ᠨᠠᠰᠤᠵᠢᠯ᠎ᠤᠨ ᠠᠰᠠᠷᠠᠮᠵᠢ ᠵᠢᠨ ᠡᠳ᠋ ᠪᠠᠶᠠᠯᠢᠭ᠎ᠤᠨ ᠨᠥᠭᠡᠴᠡ ᠵᠢ ᠯᠠᠪᠳᠠᠭᠤᠨ ᠵᠶ᠋ᠠᠷ ᠨᠡᠮᠡᠭᠳᠡᠭᠦᠯᠦᠨ᠎ᠡ᠃ ᠨᠠᠩ ᠡᠷᠬᠡ ᠲᠡᠭᠰᠢ ᠨᠠᠩ ᠦᠷᠭᠦᠯᠵᠢᠯᠡᠬᠦ ᠨᠡᠶ᠋ᠢᠭᠡᠮ᠎ᠤᠨ ᠪᠠᠲᠤᠯᠠᠭ᠎ᠠ ᠵᠢᠨ ᠳᠦᠷᠢᠮ᠎ᠢ ᠲᠡᠭᠦᠯᠳᠡᠷᠵᠢᠭᠦᠯᠵᠦ᠂ ᠪᠦᠬᠦ ᠠᠷᠠᠳ ᠲᠦᠮᠡᠨ᠎ᠤ ᠠᠵᠠ ᠵᠢᠷᠭ᠋ᠠᠯ᠎ᠤᠨ ᠲᠦᠪᠰᠢᠨ᠎ᠢ ᠦᠷᠭᠦᠯᠵᠢᠯᠡᠨ ᠨᠡᠮᠡᠭᠳᠡᠭᠦᠯᠦᠨ᠎ᠡ᠃
      ᠬᠣᠶᠠᠷ᠎ᠲᠤ ᠬᠥᠮᠦᠨ ᠠᠮᠠ ᠵᠢᠨ ᠨᠠᠰᠤᠵᠢᠯ᠎ᠤᠨ ᠪᠠᠢ᠌ᠳᠠᠯ ᠳᠣᠤᠷᠠᠬᠢ ᠬᠥᠳᠡᠯᠮᠦᠷᠢ ᠬᠦᠴᠦᠨ᠎ᠤ ᠪᠦᠲᠦᠮᠵᠢᠲᠡᠶ ᠬᠠᠩᠭ᠋ᠠᠯᠭ᠎ᠠ ᠵᠢ ᠰᠠᠶ᠋ᠢᠵᠢᠷᠠᠭᠤᠯᠤᠨ᠎ᠠ᠃ ᠲᠦᠷᠦᠭᠦ ᠬᠥᠮᠦᠨ ᠠᠮᠠ ᠵᠢᠨ ᠬᠡᠪ ᠴᠢᠨᠠᠷ᠎ᠢ ᠳᠡᠭᠡᠭᠰᠢᠯᠡᠭᠦᠯᠬᠦ᠂ ᠰᠢᠨ᠎ᠡ᠎ᠪᠠᠷ ᠨᠡᠮᠡᠭᠳᠡᠭᠰᠡᠨ ᠬᠥᠳᠡᠯᠮᠦᠷᠢ ᠬᠦᠴᠦᠨ᠎ᠤ ᠶᠠᠰᠤ ᠴᠢᠨᠠᠷ᠎ᠢ ᠳᠡᠭᠡᠭᠰᠢᠯᠡᠭᠦᠯᠬᠦ᠂   ᠦᠳᠡᠯᠦᠭᠡ ᠨᠠᠰᠤᠨ᠎ᠤ ᠰᠤᠷᠤᠯᠴᠠᠯᠭ᠎ᠠ ᠬᠡᠬᠦ ᠨᠠᠰᠤᠨ ᠲᠤᠷᠰᠢᠳᠠ ᠰᠤᠷᠤᠯᠴᠠᠬᠤ ᠰᠢᠰᠲ᠋ᠧᠮ᠎ᠢ ᠪᠠᠶ᠋ᠢᠭᠤᠯᠬᠤ᠎ᠪᠠᠷ ᠳᠠᠮᠵᠢᠭᠤᠯᠤᠨ᠂ ᠮᠠᠨ᠎ᠤ ᠤᠯᠤᠰ᠎ᠤᠨ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠪᠦᠬᠦᠯᠢ ᠴᠤᠭᠴᠠ ᠵᠢᠨ ᠬᠡᠪ ᠴᠢᠨᠠᠷ᠎ᠢ ᠳᠡᠭᠡᠭᠰᠢᠯᠡᠭᠦᠯᠦᠨ᠎ᠡ᠃ ᠬᠥᠮᠦᠨ᠎ᠤ ᠬᠦᠴᠦᠨ᠎ᠤ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠲᠦᠯᠬᠢᠨ ᠠᠬᠢᠭᠤᠯᠵᠤ᠂ ᠨᠠᠩ ᠴᠢᠨᠠᠷ ᠰᠠᠶ᠋ᠢᠲᠠᠶ ᠪᠠ ᠨᠠᠩ ᠭᠦᠢᠴᠡᠳ ᠠᠵᠢᠯ ᠣᠯᠭᠣᠯᠲᠠ ᠵᠢ ᠪᠡᠶᠡᠯᠡᠭᠦᠯᠵᠦ᠂ ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠢ ᠠᠷᠭ᠋ᠠᠴᠠᠬᠤ ᠬᠥᠮᠦᠨ᠎ᠤ ᠬᠦᠴᠦᠨ᠎ᠤ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ ᠭᠦᠢᠴᠡᠳ᠂ ᠬᠡᠪ ᠴᠢᠨᠠᠷ ᠥᠨᠳᠥᠷ ᠪᠠᠶ᠋ᠢᠬᠤ ᠵᠢ ᠦᠨᠡᠨ ᠬᠦ᠌ ᠪᠠᠲᠤᠯᠠᠨ᠎ᠠ᠃
      ᠭᠤᠷᠪᠠ᠎ᠳᠤ᠂ ᠨᠠᠰᠤᠳᠠᠢ᠌ᠴᠤᠳ᠎ᠲᠤ ᠦᠢᠯᠡᠴᠢᠯᠡᠬᠦ ᠪᠠ ᠦᠢᠯᠡᠳᠬᠦᠨ ᠬᠠᠩᠭ᠋ᠠᠬᠤ ᠴᠢᠨᠠᠷ ᠰᠠᠶ᠋ᠢᠲᠠᠶ ᠰᠢᠰᠲ᠋ᠧᠮ᠎ᠢ ᠪᠠᠢ᠌ᠭᠤᠯᠤᠨ᠎ᠠ᠃ ᠡᠷᠡᠭᠦᠯ ᠡᠩᠬᠡ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠶ᠎ᠪᠠᠷ ᠲᠦᠯᠬᠢᠨ ᠠᠬᠢᠭᠤᠯᠵᠤ᠂ ᠡᠷᠡᠭᠦᠯ ᠮᠡᠨᠳᠦ ᠵᠢᠨ ᠬᠥᠮᠦᠵᠢᠯ᠂ ᠤᠷᠢᠳᠴᠢᠯᠠᠨ ᠰᠡᠷᠭᠡᠢ᠌ᠯᠡᠵᠤ ᠲᠠᠮᠢᠷᠵᠢᠭᠤᠯᠬᠤ᠂ ᠡᠪᠡᠳᠴᠢᠨ ᠡᠮᠭᠡᠭ᠎ᠢ ᠣᠨᠣᠰᠢᠯᠠᠨ ᠵᠠᠰᠠᠬᠤ᠂ ᠡᠷᠡᠭᠦᠯᠵᠢᠭᠦᠯᠬᠦ ᠰᠤᠪᠢᠯᠠᠯᠲᠠ᠂ ᠤᠷᠲᠤ ᠬᠤᠭᠤᠴᠠᠭ᠎ᠠ᠎ᠪᠠᠷ ᠬᠠᠷᠠᠭ᠋ᠠᠯᠵᠠᠨ ᠠᠰᠠᠷᠠᠬᠤ᠂ ᠠᠮᠤᠷ ᠲᠠᠶ᠋ᠢᠪᠤᠩ ᠰᠤᠪᠢᠯᠠᠯᠲᠠ ᠵᠡᠷᠭᠡ ᠵᠢ ᠪᠠᠭᠲᠠᠭ᠋ᠠᠭᠰᠠᠨ ᠨᠠᠰᠤᠲᠠᠶ᠋ᠢᠴᠤᠳ᠎ᠤᠨ ᠡᠷᠡᠭᠦᠯ ᠮᠡᠨᠳᠦ ᠵᠢᠨ ᠶᠡᠷᠦᠩᠬᠡᠶ᠋ᠢᠯᠡᠭᠰᠡᠨ᠂ ᠦᠷᠭᠦᠯᠵᠢᠯᠡᠭᠰᠡᠨ ᠦᠢᠯᠡᠴᠢᠯᠡᠭᠡᠨ᠎ᠤ ᠰᠢᠰᠲ᠋ᠧᠮᠵᠢ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠭᠡᠷ ᠡᠷᠦᠬᠡ᠎ᠪᠠᠷ ᠰᠠᠭᠤᠷᠢ ᠪᠣᠯᠭ᠋ᠠᠭᠰᠠᠨ᠂ ᠨᠡᠶ᠋ᠢᠭᠡᠮ ᠲᠣᠭᠣᠷᠢᠭ ᠵᠶ᠋ᠠᠷ ᠲᠦᠰᠢᠭ ᠪᠣᠯᠭ᠋ᠠᠭᠰᠠᠨ᠂ ᠪᠠᠶ᠋ᠢᠭᠤᠯᠤᠮᠵᠢ ᠵᠢ ᠭᠦᠢᠴᠡᠳ ᠬᠥᠭᠵᠢᠭᠦᠯᠦᠭᠰᠡᠨ᠂ ᠡᠮᠨᠡᠬᠦ ᠠᠰᠠᠷᠠᠬᠤ ᠵᠢ ᠣᠷᠭ᠋ᠠᠨᠢᠭ ᠵᠶ᠋ᠠᠷ ᠤᠶᠠᠯᠳᠤᠭᠤᠯᠤᠭᠰᠠᠨ ᠣᠯᠠᠨ ᠳᠡᠰ ᠳᠠᠪᠬᠤᠷᠭ᠎ᠠ ᠵᠢᠨ ᠨᠠᠰᠤᠵᠢᠯ᠎ᠤᠨ ᠦᠢᠯᠡᠴᠢᠯᠡᠭᠡᠨ᠎ᠤ ᠰᠢᠰᠲ᠋ᠧᠮᠵᠢ ᠵᠢ ᠪᠦᠷᠢᠨᠰᠢᠭᠦᠯᠵᠦ᠂ ᠣᠯᠠᠨ ᠠᠷᠭ᠎ᠠ ᠵᠠᠮ᠂ ᠣᠯᠠᠨ ᠬᠦᠷᠢᠶ᠎ᠡ ᠴᠠᠷᠠᠭ᠎ᠠ᠎ᠳᠤ ᠨᠠᠰᠤᠲᠠᠶ᠋ᠢᠴᠤᠳ᠎ᠲᠤ ᠲᠣᠬᠢᠷᠠᠬᠤ ᠦᠢᠯᠡᠳᠬᠦᠨ ᠪᠠ ᠦᠢᠯᠡᠴᠢᠯᠡᠭᠡᠨ᠎ᠤ ᠬᠠᠩᠭ᠋ᠠᠯᠭ᠎ᠠ ᠵᠢ ᠥᠷᠭᠡᠳᠬᠡᠵᠦ᠂ ᠦᠢᠯᠡᠳᠬᠦᠨ ᠪᠠ ᠦᠢᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠦᠨ᠎ᠡ᠃
      ᠳᠥᠷᠪᠡ᠎ᠳᠤ ᠬᠥᠮᠦᠨ ᠠᠮᠠ ᠵᠢᠨ ᠨᠠᠰᠤᠵᠢᠯ᠎ᠢ ᠠᠷᠭ᠋ᠠᠴᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠴᠢᠩᠭ᠋ᠠᠳᠬᠠᠨ᠎ᠠ᠃ ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠪᠠᠶ᠋ᠢᠯᠳᠤᠬᠤ ᠪᠣᠳᠣᠯᠭ᠎ᠠ ᠵᠢ ᠭᠦᠨᠵᠡᠭᠡᠶ ᠬᠡᠷᠡᠭᠵᠢᠭᠦᠯᠵᠦ᠂ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠢ ᠠᠷᠭ᠋ᠠᠴᠠᠬᠤ ᠨᠢᠭᠡᠳᠦᠭᠡᠷ ᠬᠥᠳᠡᠯᠭᠡᠭᠴᠢ ᠬᠦᠴᠦᠨ ᠪᠠ ᠪᠠᠶ᠋ᠢᠯᠳᠤᠬᠤ ᠪᠣᠳᠣᠯᠭ᠎ᠠ ᠵᠢᠨ ᠲᠦᠰᠢᠭ ᠲᠤᠯᠭ᠋ᠠᠭᠤᠷᠢ ᠪᠣᠯᠭ᠋ᠠᠵᠤ᠂ ᠤᠯᠤᠰ ᠠᠷᠠᠳ᠎ᠤᠨ ᠠᠵᠤ ᠠᠬᠤᠢ ᠵᠢᠨ ᠠᠵᠤ ᠦᠢ᠍ᠯᠡᠰ᠎ᠤᠨ ᠰᠢᠰᠲ᠋ᠧᠮ᠎ᠤᠨ ᠣᠶᠤᠨᠴᠢᠯᠠᠭᠰᠠᠨ ᠬᠢᠷᠢ ᠬᠡᠮᠵᠢᠶ᠎ᠡ ᠵᠢ ᠪᠦᠬᠦ ᠲᠠᠯ᠎ᠠ᠎ᠪᠠᠷ ᠳᠡᠭᠡᠭᠰᠢᠯᠡᠭᠦᠯᠦᠨ᠎ᠡ᠃ ᠥᠲᠡᠭᠦᠰ᠎ᠤᠨ ᠦᠢᠯᠡᠴᠢᠯᠡᠭᠡᠨ᠎ᠤ ᠰᠢᠨᠵᠢᠯᠡᠬᠦ ᠤᠬᠠᠭ᠋ᠠᠨᠴᠢᠯᠠᠯᠲᠠ᠂ ᠮᠡᠳᠡᠭᠡ ᠵᠠᠩᠭᠢᠴᠢᠯᠠᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠥᠲᠡᠭᠦᠰ᠎ᠤᠨ ᠡᠷᠡᠭᠦᠯ ᠮᠡᠨᠳᠦ ᠵᠢᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠤᠯᠭ᠋ᠠᠭᠤᠷᠢᠯᠠᠬᠤ ᠡᠷᠴᠢᠮ᠎ᠢ ᠴᠢᠩᠭ᠋ᠠᠷᠠᠭᠤᠯᠤᠨ᠂ ᠥᠲᠡᠭᠦᠰ᠎ᠤᠨ ᠲᠤᠰᠠᠯᠠᠬᠤ ᠮᠡᠷᠭᠡᠵᠢᠯ᠎ᠢ ᠰᠤᠳᠤᠯᠤᠨ ᠨᠡᠭᠡᠭᠡᠬᠦ ᠪᠠ ᠬᠡᠷᠡᠭᠯᠡᠬᠦ ᠵᠢ ᠴᠢᠩᠭ᠋ᠠᠳᠬᠠᠨ᠎ᠠ᠃
      ᠲᠠᠪᠤ᠎ᠳᠤ᠂ ᠨᠠᠰᠤᠲᠠᠨ ᠵᠶ᠋ᠠᠨ ᠠᠰᠠᠷᠠᠬᠤ᠂ ᠨᠠᠰᠤᠲᠠᠨ ᠵᠶ᠋ᠠᠨ ᠠᠴᠢᠯᠠᠬᠤ᠂ ᠨᠠᠰᠤᠲᠠᠨ ᠵᠶ᠋ᠠᠨ ᠬᠦᠨᠳᠦᠯᠡᠬᠦ ᠨᠡᠢ᠌ᠭᠡᠮ᠎ᠤᠨ ᠣᠷᠴᠢᠨ ᠲᠣᠭᠣᠷᠢᠨ᠎ᠢ ᠪᠠᠢ᠌ᠭᠤᠯᠤᠨ᠎ᠠ᠃ ᠬᠥᠮᠦᠨ ᠠᠮᠠ ᠵᠢᠨ ᠨᠠᠰᠤᠵᠢᠯ᠎ᠢ ᠠᠷᠭ᠋ᠠᠴᠠᠬᠤ ᠬᠠᠤᠯᠢ᠎ᠪᠠᠷ ᠵᠠᠰᠠᠬᠤ ᠣᠷᠴᠢᠨ ᠨᠥᠬᠥᠴᠡᠯ᠎ᠢ ᠴᠢᠩᠭ᠋ᠠᠳᠬᠠᠵᠤ᠂ ᠨᠠᠰᠤᠲᠠᠶ᠋ᠢᠴᠤᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠪᠠᠲᠤᠯᠠᠨ᠎ᠠ᠃ ᠭᠡᠷ ᠪᠦᠯᠢ ᠵᠢ ᠳᠡᠮᠵᠢᠬᠦ ᠰᠢᠰᠲ᠋ᠧᠮᠵᠢ ᠵᠢ ᠪᠠᠶ᠋ᠢᠭᠤᠯᠵᠤ᠂ ᠥᠲᠡᠭᠦᠰ᠎ᠤᠨ ᠨᠥᠬᠥᠷᠰᠡᠭ ᠬᠡᠯᠪᠡᠷᠢ ᠵᠢᠨ ᠨᠡᠶ᠋ᠢᠭᠡᠮ᠎ᠢ ᠪᠦᠲᠦᠭᠡᠨ ᠪᠠᠶ᠋ᠢᠭᠤᠯᠵᠤ᠂ ᠨᠠᠰᠤᠲᠠᠶ᠋ᠢᠴᠤᠳ᠂ ᠭᠡᠷ ᠪᠦᠯᠢ᠂ ᠨᠡᠶ᠋ᠢᠭᠡᠮ᠂ ᠵᠠᠰᠠᠭ᠎ᠤᠨ ᠣᠷᠳᠣᠨ ᠬᠠᠮᠲᠤᠪᠠᠷ ᠣᠷᠣᠯᠴᠠᠭᠰᠠᠨ   ᠨᠡᠢ᠌ᠭᠡᠮ᠎ᠤᠨ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠤᠯᠭ᠋ᠠᠨ᠎ᠠ᠃
  《    ᠲᠥᠯᠥᠪᠵᠢᠭᠦᠯᠪᠡ》᠎ᠳᠤ᠂ ᠨᠠᠮ᠎ᠤᠨ ᠬᠥᠮᠦᠨ ᠠᠮᠠ ᠵᠢᠨ ᠨᠠᠰᠤᠵᠢᠯ᠎ᠢ ᠢᠳᠡᠪᠬᠢᠲᠡᠢ ᠠᠷᠭ᠋ᠠᠴᠠᠬᠤ ᠠᠵᠢᠯ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠨᠠᠮ ᠵᠠᠰᠠᠭ᠎ᠤᠨ ᠭᠣᠤᠯ ᠬᠠᠷᠢᠭᠤᠴᠠᠯᠭ᠋ᠠᠲᠠᠨ ᠪᠡᠶ᠎ᠡ᠎ᠪᠠᠷ ᠵᠶ᠋ᠠᠨ ᠠᠳᠬᠤᠬᠤ᠂ ᠶᠡᠷᠦᠩᠬᠡᠶ ᠬᠠᠷᠢᠭᠤᠴᠠᠯᠭ᠎ᠠ ᠵᠢ ᠡᠭᠦᠷᠭᠡᠯᠡᠬᠦ ᠵᠢ ᠪᠠᠷᠢᠮᠲᠠᠯᠠᠵᠤ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠲᠥᠯᠥᠪᠵᠢᠭᠦᠯᠭᠡ ᠵᠢ ᠨᠠᠶ᠋ᠢᠳᠠᠪᠤᠷᠢᠵᠢᠭᠤᠯᠬᠤ ᠭᠣᠤᠯ ᠴᠣᠭᠴᠠ ᠵᠢᠨ ᠬᠠᠷᠢᠭᠤᠴᠠᠯᠭ᠎ᠠ ᠵᠢ ᠴᠢᠩᠭ᠋ᠠᠳᠬᠠᠵᠤ᠂ ᠵᠣᠬᠢᠶᠠᠨ ᠪᠠᠢ᠌ᠭᠤᠯᠵᠤ ᠵᠣᠬᠢᠴᠠᠭᠤᠯᠬᠤ ᠲᠣᠭᠲᠠᠴᠠ ᠵᠢ ᠴᠢᠨᠠᠭᠰᠢᠳᠠ ᠲᠡᠭᠦᠯᠳᠡᠷᠵᠢᠭᠦᠯᠬᠦ ᠬᠡᠷᠡᠭᠲᠡᠶ᠃ ᠣᠯᠠᠨ ᠤᠯᠤᠰ᠎ᠤᠨ ᠬᠠᠮᠲᠤᠷᠠᠯᠴᠠᠭ᠎ᠠ ᠵᠢ ᠲᠦᠯᠬᠢᠨ ᠠᠬᠢᠭᠤᠯᠵᠤ᠂ 《ᠨᠢᠭᠡ ᠪᠦᠰᠡ ᠨᠢᠭᠡ ᠵᠠᠮ》᠎ᠤᠨ ᠬᠣᠯᠪᠣᠭᠳᠠᠯ ᠪᠦᠬᠦᠢ ᠤᠯᠤᠰ᠎ᠯᠤᠭ᠎ᠠ ᠬᠥᠮᠦᠨ ᠠᠮᠠ ᠵᠢᠨ ᠨᠠᠰᠤᠵᠢᠯ᠎ᠢ ᠠᠷᠭ᠋ᠠᠴᠠᠬᠤ ᠲᠥᠷᠦ ᠵᠢᠨ ᠪᠣᠳᠣᠯᠭ᠎ᠠ ᠵᠢᠨ ᠶᠠᠷᠢᠯᠴᠠᠭ᠎ᠠ ᠪᠠ ᠵᠦᠢᠯᠡᠰ᠎ᠢ ᠵᠣᠯᠭ᠋ᠠᠯᠳᠤᠭᠤᠯᠬᠤ ᠵᠢ ᠲᠦᠯᠬᠢᠨ ᠠᠬᠢᠭᠤᠯᠤᠨ᠎ᠠ᠃ ᠤᠨᠴᠠᠯᠢᠭᠲᠤ ᠪᠠ ᠲᠥᠯᠥᠭᠡᠯᠡᠬᠦ ᠴᠢᠨᠠᠷᠲᠠᠶ ᠣᠷᠣᠨ ᠪᠦᠰᠡ ᠵᠢ ᠰᠣᠩᠭᠣᠵᠤ ᠬᠥᠮᠦᠨ ᠠᠮᠠ ᠵᠢᠨ ᠨᠠᠰᠤᠵᠢᠯ᠎ᠢ ᠠᠷᠭ᠋ᠠᠴᠠᠬᠤ ᠶᠡᠷᠦᠩᠬᠡᠶ᠋ᠢᠯᠡᠭᠰᠡᠨ ᠰᠢᠨ᠎ᠡ ᠵᠢ ᠡᠭᠦᠳᠬᠦ ᠲᠤᠷᠰᠢᠯᠲᠠ ᠵᠢ ᠬᠢᠨ᠎ᠡ᠃ ᠠᠵᠢᠯ᠎ᠤᠨ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠪᠠ ᠬᠢᠨᠠᠨ ᠰᠢᠯᠭ᠋ᠠᠵᠤ ᠬᠠᠷᠢᠭᠤᠴᠠᠯᠭ᠎ᠠ ᠨᠡᠬᠡᠮᠵᠢᠯᠡᠬᠦ ᠳᠦᠷᠢᠮ᠎ᠢ ᠬᠡᠷᠡᠭᠵᠢᠭᠦᠯᠦᠨ᠂ ᠲᠥᠯᠥᠪᠵᠢᠭᠦᠯᠭᠡ ᠵᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂ ᠲᠥᠯᠥᠪᠵᠢᠭᠦᠯᠭᠡ ᠵᠢ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            