ᠰᠢᠨᠬᠤᠸᠠ ᠬᠣᠷᠢᠶᠠᠨ᠎ᠤ ᠪᠡᠭᠡᠵᠢᠩ᠎ᠤᠨ 10 ᠰᠠᠷ᠎ᠠ ᠵᠢᠨ 23᠎ᠤ ᠴᠠᠬᠢᠯᠭ᠋ᠠᠨ ᠮᠡᠳᠡᠭᠡ᠎ᠠᠴᠠ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠦ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠪᠦᠬᠦ ᠲᠠᠯ᠎ᠠ᠎ᠪᠠᠷ ᠭᠦᠨᠵᠡᠭᠡᠶ ᠤᠳᠠᠭ᠋ᠠᠨ ᠳᠠᠭ᠋ᠠᠭ᠋ᠠᠮᠠᠭ᠋ᠠᠶ ᠥᠷᠨᠢᠭᠦᠯᠵᠦ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠣᠶ ᠪᠣᠯᠭ᠋ᠠᠬᠤ ᠲᠤᠬᠠᠶ ᠰᠠᠨᠠᠯ》 (ᠳᠣᠷᠣᠭᠰᠢ 《ᠰᠠᠨᠠᠯ》 ᠭᠡᠵᠦ ᠳᠥᠭᠥᠮᠴᠢᠯᠡᠨ᠎ᠡ)᠎ᠢ ᠳᠠᠷᠤᠮᠠᠯᠯᠠᠨ ᠲᠠᠷᠬᠠᠭ᠋ᠠᠬᠤ ᠵᠢᠨ ᠬᠠᠮᠲᠤ ᠮᠡᠳᠡᠭᠳᠡᠯ ᠪᠠᠭᠤᠯᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠨᠠᠷᠢᠨ ᠬᠢᠨᠠᠮᠠᠭ᠋ᠠᠶ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃
《ᠰᠠᠨᠠᠯ》᠎ᠳᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠪᠣᠯ ᠤᠯᠤᠰ ᠣᠷᠣᠨ᠎ᠤ ᠨᠢᠭᠡᠳᠦᠯ᠎ᠤᠨ ᠰᠠᠭᠤᠷᠢ᠂ ᠦᠨᠳᠦᠰᠦᠲᠡᠨ᠎ᠤ ᠪᠦᠯᠬᠦᠮᠳᠡᠯ᠎ᠤᠨ ᠦᠨᠳᠦᠰᠦ᠂ ᠰᠦᠭ ᠰᠦᠨᠡᠰᠦ ᠮᠥᠨ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠰᠢ ᠵᠢᠨ ᠫᠢᠩ ᠨᠥᠬᠥᠷ ᠵᠶ᠋ᠠᠷ ᠭᠣᠤᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠦᠨᠳᠦᠰᠦᠲᠡᠨ᠎ᠤ ᠠᠵᠢᠯ᠎ᠢ ᠳᠡᠭᠡᠳᠤ ᠬᠡᠮᠵᠢᠶ᠎ᠡ᠎ᠪᠠᠷ ᠴᠢᠬᠤᠯᠠᠴᠢᠯᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠬᠥᠮᠦᠵᠢᠭᠦᠯᠬᠦ ᠵᠢ ᠠᠩᠬᠠᠷᠴᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠶ᠋ᠢᠭᠤᠯᠤᠯᠲᠠ ᠵᠢᠨ ᠰᠢᠨ᠎ᠡ ᠵᠢ ᠡᠭᠦᠳᠬᠦ ᠵᠢ ᠠᠬᠢᠭᠤᠯᠵᠤ᠂ ᠢᠯᠡᠳᠳᠡ ᠠᠮᠵᠢᠯᠲᠠ ᠣᠯᠪᠠ᠃ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠥᠷᠭᠡᠨ ᠵᠶ᠋ᠠᠷ ᠥᠷᠭᠡᠵᠢᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ ᠲᠠᠰᠤᠷᠠᠯᠲᠠ ᠦᠭᠡᠢ ᠴᠢᠩᠭ᠋ᠠᠷᠠᠵᠤ᠂ ᠡᠷᠬᠡ ᠲᠡᠭᠰᠢ ᠪᠦᠯᠬᠦᠮᠳᠡᠯ᠎ᠲᠠᠢ ᠬᠠᠷᠢᠯᠴᠠᠨ ᠬᠠᠪᠰᠤᠷᠤᠯᠴᠠᠭᠰᠠᠨ ᠡᠶ᠎ᠡ ᠵᠣᠬᠢᠴᠠᠯ᠎ᠲᠠᠢ ᠨᠡᠶ᠋ᠢᠭᠡᠮ ᠵᠢᠷᠤᠮ᠎ᠤᠨ ᠦᠨᠳᠦᠰᠦᠲᠡᠨ᠎ᠤ ᠬᠠᠷᠢᠴᠠᠭ᠎ᠠ ᠲᠠᠰᠤᠷᠠᠯᠲᠠ ᠦᠭᠡᠢ ᠪᠡᠬᠢᠵᠢᠨ ᠬᠥᠭᠵᠢᠪᠡ᠃ ᠡᠭᠦᠨ᠎ᠤ ᠬᠠᠮᠲᠤ ᠰᠢᠨ᠎ᠡ ᠪᠠᠢ᠌ᠳᠠᠯ᠎ᠤᠨ ᠳᠣᠤᠷ᠎ᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠳᠤ ᠮᠥᠨ ᠬᠦ᠌ ᠪᠠᠶ᠋ᠢᠭᠤᠯᠤᠯ ᠲᠣᠭᠲᠠᠴᠠ ᠲᠡᠭᠦᠯᠳᠡᠷᠵᠢᠭᠡᠳᠦᠶ᠂ ᠠᠴᠢᠶᠠᠯᠠᠭᠴᠢ ᠵᠢᠨ ᠬᠡᠯᠪᠡᠷᠢ᠎ᠨᠢ ᠵᠣᠬᠢᠴᠠᠬᠤ ᠦᠭᠡᠢ ᠪᠠᠢ᠌ᠬᠤ ᠵᠡᠷᠭᠡ ᠪᠠᠭᠤᠷᠠᠶ ᠭᠣᠭᠴᠣᠭ᠎ᠠ ᠣᠷᠣᠰᠢᠵᠤ ᠪᠠᠶ᠋ᠢᠬᠤ ᠵᠢ ᠣᠯᠵᠤ ᠬᠠᠷᠠᠬᠤ ᠬᠡᠷᠡᠭᠲᠡᠶ᠃ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠲᠡᠤᠬᠡᠨ ᠣᠷᠣᠨ ᠪᠠᠢ᠌ᠷᠢ᠎ᠳᠤ ᠵᠣᠬᠢᠴᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ ᠵᠶ᠋ᠠᠷ ᠭᠣᠤᠯ ᠴᠣᠭᠴᠠ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠣᠶ ᠪᠣᠯᠭ᠋ᠠᠬᠤ᠎ᠪᠠᠷ ᠦᠨᠳᠦᠰᠦᠨ ᠴᠢᠭᠯᠡᠯ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠵᠢ ᠴᠢᠩᠭ᠋ᠠᠳᠬᠠᠬᠤ᠎ᠪᠠᠷ ᠦᠨᠳᠦᠰᠦᠨ ᠠᠷᠭ᠎ᠠ ᠵᠠᠮ ᠪᠣᠯᠭ᠋ᠠᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠪᠦᠬᠦ ᠲᠠᠯ᠎ᠠ᠎ᠪᠠᠷ ᠭᠦᠨᠵᠡᠭᠡᠶ ᠤᠳᠠᠭ᠋ᠠᠨ ᠳᠠᠭ᠋ᠠᠭ᠋ᠠᠮᠠᠭ᠋ᠠᠶ ᠥᠷᠨᠢᠭᠦᠯᠬᠦ ᠪᠣᠯ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠂ ᠪᠠᠰᠠ ᠴᠤ᠌ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ ᠵᠢᠨ ᠵᠠᠶ᠋ᠢᠯᠠᠰᠢ ᠦᠭᠡᠢ ᠱᠠᠭ᠋ᠠᠷᠳᠠᠯᠭ᠎ᠠ ᠮᠥᠨ᠃
《ᠰᠠᠨᠠᠯ》᠎ᠳᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ ᠵᠢᠨ ᠵᠢᠯᠣᠭᠣᠳᠬᠤ ᠦᠵᠡᠯ ᠰᠠᠨᠠᠭ᠎ᠠ ᠪᠣᠯ᠄ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠠᠭᠤᠤ ᠶᠡᠬᠡ ᠲᠤᠭ᠎ᠢ ᠥᠨᠳᠥᠷ ᠮᠠᠨᠳᠤᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠵᠤ᠂ ᠨᠠᠮ᠎ᠤᠨ ᠦᠨᠳᠦᠰᠦᠲᠡᠨ᠎ᠤ ᠠᠵᠢᠯ᠎ᠳᠠᠬᠢ ᠤᠳᠤᠷᠢᠳᠤᠯᠭ᠎ᠠ ᠵᠢ ᠴᠢᠩᠭ᠋ᠠᠳᠬᠠᠵᠤ᠂ ᠲᠣᠭᠲᠠᠭᠤᠨ ᠵᠶ᠋ᠡᠷ ᠤᠷᠤᠭᠰᠢᠯᠠᠨ ᠳᠠᠪᠰᠢᠬᠤ ᠠᠵᠢᠯ ᠵᠢᠨ ᠶᠡᠷᠦᠩᠬᠡᠶ ᠬᠥᠭ ᠠᠶᠠᠰ᠎ᠢ ᠪᠠᠷᠢᠮᠲᠠᠯᠠᠵᠤ᠂ ᠠᠷᠠᠳ ᠲᠦᠮᠡᠨ ᠵᠶ᠋ᠠᠷ ᠭᠣᠤᠯ ᠪᠣᠯᠭ᠋ᠠᠬᠤ ᠵᠢ ᠪᠠᠷᠢᠮᠲᠠᠯᠠᠵᠤ᠂ 《ᠳᠤᠮᠳᠠᠳᠤ ᠵᠢᠨ ᠦᠨᠳᠦᠰᠦᠲᠡᠨ ᠨᠢᠭᠡ ᠭᠡᠷ᠎ᠤᠨ ᠬᠥᠮᠦᠨ ᠮᠡᠲᠦ ᠳᠣᠲᠣᠨᠣ ᠪᠠᠶ᠋ᠢᠵᠤ᠂ ᠨᠢᠭᠡ ᠰᠡᠳᠬᠢᠯ ᠨᠢᠭᠡ ᠵᠣᠷᠢᠭ ᠵᠶ᠋ᠠᠷ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ》 ᠶᠡᠷᠦᠩᠬᠡᠶ ᠬᠠᠷᠠᠯᠲᠠ ᠵᠢ ᠪᠡᠶᠡᠯᠡᠭᠦᠯᠵᠦ᠂ ᠬᠠᠮᠲᠤ᠎ᠪᠠᠷ ᠪᠦᠯᠬᠦᠮᠳᠡᠨ ᠲᠡᠮᠡᠴᠡᠬᠦ᠂ ᠬᠠᠮᠲᠤ᠎ᠪᠠᠷ ᠴᠡᠴᠡᠭᠯᠡᠨ ᠬᠥᠭᠵᠢᠬᠦ ᠭᠣᠤᠯ ᠰᠡᠳᠦᠪ᠎ᠲᠠᠢ ᠨᠢᠭᠲᠠ ᠤᠶᠠᠯᠳᠤᠭᠤᠯᠤᠨ᠂ 《 ᠪᠠᠢ᠌ᠩᠭᠤᠵᠢᠭᠤᠯᠬᠤ᠂ ᠰᠡᠳᠬᠢᠯ ᠵᠶ᠋ᠠᠨ ᠮᠡᠳᠡᠯᠴᠡᠬᠦ᠂ ᠬᠦᠳᠡᠯᠦᠯᠴᠡᠬᠦ᠂ ᠦᠨᠳᠦᠰᠦᠨ ᠱᠠᠲᠤᠨ᠎ᠳᠤ ᠬᠦᠨᠵᠡᠭᠡᠢ᠌ᠷᠡᠬᠦ》 ᠭᠡᠬᠦ ᠣᠶ᠋ᠢᠯᠠᠭ᠋ᠠᠭᠳᠠᠬᠤᠨ᠎ᠲᠠᠢ ᠤᠶᠠᠯᠳᠤᠭᠤᠯᠵᠤ᠂ ᠬᠥᠮᠦᠨ ᠰᠣᠶᠣᠯ᠂ ᠠᠬᠤᠢ᠌ᠴᠢᠯᠠᠯᠲᠠ᠂ ᠳᠠᠶᠠᠭ᠋ᠠᠷᠴᠢᠯᠠᠯᠳᠠ ᠵᠢᠨ ᠶᠡᠷᠦᠩᠬᠡᠶ ᠱᠠᠭ᠋ᠠᠷᠳᠠᠯᠭ᠎ᠠ ᠶᠣᠰᠣᠭ᠋ᠠᠷ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠪᠦᠬᠦ ᠲᠠᠯ᠎ᠠ᠎ᠪᠠᠷ ᠭᠦᠨᠵᠡᠭᠡᠶ ᠤᠳᠠᠭ᠋ᠠᠨ ᠳᠠᠭ᠋ᠠᠭ᠋ᠠᠮᠠᠭ᠋ᠠᠶ ᠥᠷᠨᠢᠭᠦᠯᠵᠦ᠂ ᠡᠭᠦᠳᠦᠨ ᠪᠠᠶ᠋ᠢᠭᠤᠯᠬᠤ ᠭᠣᠤᠯ ᠰᠡᠳᠦᠪ᠎ᠢ ᠳᠣᠪᠣᠶ᠋ᠢᠯᠭ᠋ᠠᠨ᠂ ᠡᠭᠦᠳᠦᠨ ᠪᠠᠶ᠋ᠢᠭᠤᠯᠬᠤ ᠴᠢᠭᠯᠡᠯ᠎ᠢ ᠡᠵᠡᠮᠳᠡᠵᠦ᠂ ᠡᠭᠦᠳᠦᠨ ᠪᠠᠶ᠋ᠢᠭᠤᠯᠬᠤ ᠠᠭᠤᠯᠤᠭᠳᠠᠬᠤᠨ᠎ᠢ ᠭᠦᠨᠵᠡᠭᠡᠶ᠋ᠢᠷᠡᠭᠦᠯᠦᠨ᠂ ᠡᠭᠦᠳᠦᠨ ᠪᠠᠶ᠋ᠢᠭᠤᠯᠬᠤ ᠬᠡᠯᠪᠡᠷᠢ ᠵᠢ ᠪᠠᠶᠠᠯᠢᠭᠵᠢᠭᠤᠯᠵᠤ᠂ ᠣᠷᠣᠯᠴᠠᠬᠤ ᠬᠦᠷᠢᠶ᠎ᠡ ᠬᠡᠪᠴᠢᠶ᠎ᠡ ᠵᠢ ᠥᠷᠭᠡᠳᠬᠡᠨ᠂ ᠡᠭᠦᠳᠦᠨ ᠪᠠᠶ᠋ᠢᠭᠤᠯᠬᠤ ᠬᠢᠷᠢ ᠲᠦᠪᠰᠢᠨ᠎ᠢ ᠳᠡᠭᠡᠭᠰᠢᠯᠡᠭᠦᠯᠵᠦ᠂ ᠳᠤᠮᠳᠠᠳᠤ ᠵᠢᠨ ᠦᠨᠳᠦᠰᠦᠲᠡᠨ᠎ᠤ ᠨᠢᠭᠡ ᠭᠡᠷ ᠮᠡᠲᠦ ᠳᠣᠲᠣᠨᠣ ᠨᠡᠶ᠋ᠢᠭᠡᠮ᠎ᠤᠨ ᠠᠭᠤᠷ ᠠᠮᠢᠰᠬᠤᠯ᠎ᠢ ᠶᠡᠬᠡᠪᠡᠷ ᠪᠤᠢ ᠪᠣᠯᠭ᠋ᠠᠵᠤ᠂ ᠳᠤᠮᠳᠠᠳᠤ ᠵᠢᠨ ᠦᠨᠳᠦᠰᠦᠲᠡᠨ᠎ᠤ ᠠᠭᠤᠤ ᠶᠡᠬᠡ ᠰᠡᠷᠭᠦᠨ ᠮᠠᠨᠳᠤᠯᠲᠠ ᠵᠢᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ᠎ᠳᠤ ᠬᠦᠴᠦᠷᠬᠡᠭ ᠶᠡᠬᠡ ᠤᠶᠤᠨ ᠤᠬᠠᠭ᠋ᠠᠨ᠎ᠤ ᠬᠦᠴᠦᠨ᠎ᠢ ᠨᠡᠮᠡᠷᠢᠯᠠᠨ᠎ᠠ᠃
《 ᠰᠠᠨᠠᠯ》᠎ᠳᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠪᠡᠬᠢ ᠪᠣᠶ ᠪᠣᠯᠭ᠋ᠠᠬᠤ᠎ᠪᠠᠷ ᠦᠨᠳᠦᠰᠦᠨ ᠴᠢᠭᠯᠡᠯ ᠪᠣᠯᠭ᠋ᠠᠬᠤ ᠵᠢ ᠪᠠᠷᠢᠮᠲᠠᠯᠠᠵᠤ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠵᠢ ᠴᠢᠩᠭ᠋ᠠᠳᠬᠠᠬᠤ᠎ᠪᠠᠷ ᠦᠨᠳᠦᠰᠦᠨ ᠠᠷᠭ᠎ᠠ ᠵᠠᠮ ᠪᠣᠯᠭ᠋ᠠᠬᠤ ᠵᠢ ᠪᠠᠷᠢᠮᠲᠠᠯᠠᠵᠤ᠂ 《ᠳᠤᠮᠳᠠᠳᠤ ᠵᠢᠨ ᠦᠨᠳᠦᠰᠦᠲᠡᠨ ᠨᠢᠭᠡ ᠭᠡᠷ᠎ᠤᠨ ᠬᠥᠮᠦᠨ ᠮᠡᠲᠦ ᠳᠣᠲᠣᠨᠣ ᠪᠠᠶ᠋ᠢᠵᠤ᠂ ᠰᠡᠳᠬᠢᠯ ᠨᠢᠭᠡᠳᠦᠨ ᠳᠤᠮᠳᠠᠳᠤ ᠵᠢᠨ ᠵᠡᠭᠦᠳᠦ ᠵᠢ ᠲᠡᠷᠭᠡᠯᠰᠢᠭᠦᠯᠬᠦ》᠎ᠪᠠᠷ ᠶᠡᠷᠦᠩᠬᠡᠶ ᠬᠠᠷᠠᠯᠲᠠ ᠪᠣᠯᠭ᠋ᠠᠬᠤ ᠵᠢ ᠪᠠᠷᠢᠮᠲᠠᠯᠠᠵᠤ᠂ ᠦᠨᠳᠦᠰᠦᠲᠡᠨ᠎ᠤ ᠬᠡᠷᠡᠭ ᠶᠠᠪᠤᠳᠠᠯ᠎ᠢ ᠬᠠᠤᠯᠢ ᠶᠣᠰᠣᠭ᠋ᠠᠷ ᠵᠠᠰᠠᠵᠤ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ ᠵᠢ ᠪᠠᠷᠢᠮᠲᠠᠯᠠᠵᠤ᠂ ᠨᠡᠢ᠌ᠭᠡᠮ᠎ᠤᠨ ᠪᠦᠯᠬᠦᠮᠳᠡᠯ᠎ᠤᠨ ᠵᠢᠮ᠎ᠡ ᠶᠣᠰᠣ ᠵᠢ ᠵᠢᠷᠤᠮᠯᠠᠵᠤ᠂ ᠵᠥᠪ ᠲᠠᠯ᠎ᠠ᠎ᠠᠴᠠ ᠬᠥᠲᠥᠯᠥᠨ ᠵᠢᠯᠣᠭᠣᠳᠬᠤ ᠵᠢ ᠪᠠᠷᠢᠮᠲᠠᠯᠠᠵᠤ᠂ ᠵᠡᠷᠭᠡ᠎ᠪᠡᠷ ᠠᠳᠬᠤᠵᠤ᠂ ᠬᠠᠮᠲᠤᠷᠠᠯ ᠬᠦᠴᠦᠨ᠎ᠢ ᠪᠦᠷᠢᠯᠳᠦᠭᠦᠯᠬᠦ ᠵᠢ ᠪᠠᠷᠢᠮᠲᠠᠯᠠᠬᠤ ᠬᠡᠷᠡᠭᠲᠡᠶ ᠭᠡᠵᠦ ᠵᠢᠭ᠋ᠠᠵᠤ ᠭᠠᠷᠭ᠋ᠠᠪᠠ᠃
《ᠰᠠᠨᠠᠯ》᠎ᠳᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠬᠦ ᠬᠡᠷᠡᠭᠲᠡᠶ ᠭᠡᠵᠦ ᠱᠠᠭ᠋ᠠᠷᠳᠠᠪᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠬᠥᠮᠦᠵᠢᠯ᠎ᠢ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠠᠭᠤᠤ ᠶᠡᠬᠡ ᠡᠬᠡ ᠤᠯᠤᠰ᠎ᠤᠨ ᠢᠳᠡᠭᠡᠯ᠂ ᠳᠤᠮᠳᠠᠳᠤ ᠵᠢᠨ ᠦᠨᠳᠦᠰᠦᠲᠡᠨ᠎ᠤ ᠲᠤᠬᠠᠶ ᠢᠳᠡᠭᠡᠯ᠂ ᠳᠤᠮᠳᠠᠳᠤ ᠵᠢᠨ ᠰᠣᠶᠣᠯ᠎ᠤᠨ ᠲᠤᠬᠠᠶ ᠢᠳᠡᠭᠡᠯ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠤᠬᠠᠶ ᠢᠲᠡᠭᠡᠯ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠲᠤᠬᠠᠶ ᠢᠲᠡᠭᠡᠯ᠎ᠢ ᠲᠠᠰᠤᠷᠠᠯᠲᠠ ᠦᠭᠡᠢ ᠴᠢᠩᠭ᠋ᠠᠷᠠᠭᠤᠯᠬᠤ ᠬᠡᠷᠡᠭᠲᠡᠶ ᠭᠡᠵᠦ ᠴᠢᠬᠤᠯᠠᠴᠢᠯᠠᠪᠠ᠃ ᠳᠤᠮᠳᠠᠳᠤ ᠵᠢᠨ ᠤᠯᠠᠮᠵᠢᠯᠠᠯᠲᠤ ᠰᠢᠯᠢᠳᠡᠭ ᠰᠣᠶᠣᠯ᠎ᠢ ᠤᠯᠠᠮᠵᠢᠯᠠᠨ ᠵᠠᠯᠭ᠋ᠠᠮᠵᠢᠯᠠᠵᠤ ᠬᠥᠭᠵᠢᠭᠦᠯᠦᠨ᠂ ᠳᠤᠮᠳᠠᠳᠤ ᠵᠢᠨ ᠤᠯᠠᠮᠵᠢᠯᠠᠯᠲᠤ ᠰᠢᠯᠢᠳᠡᠭ ᠰᠣᠶᠣᠯ᠎ᠢ ᠤᠯᠠᠮᠵᠢᠯᠠᠨ ᠵᠠᠯᠭ᠋ᠠᠮᠵᠢᠯᠠᠵᠤ ᠬᠥᠭᠵᠢᠭᠦᠯᠬᠦ ᠢᠨᠵᠧᠨᠧᠷᠢᠩ᠎ᠢ ᠶᠡᠬᠡᠪᠡᠷ ᠬᠡᠷᠡᠭᠵᠢᠭᠦᠯᠵᠦ᠂ ᠳᠤᠮᠳᠠᠳᠤ ᠵᠢᠨ ᠤᠯᠠᠮᠵᠢᠯᠠᠯᠲᠤ ᠰᠢᠯᠢᠳᠡᠭ ᠰᠣᠶᠣᠯ᠎ᠢ ᠤᠯᠤᠰ ᠠᠷᠠᠳ᠎ᠤᠨ ᠰᠤᠷᠭ᠋ᠠᠨ ᠬᠦᠮᠦᠵᠢᠯ᠂ ᠶᠣᠰᠣ ᠮᠣᠷᠠᠯ᠎ᠤᠨ ᠪᠠᠶ᠋ᠢᠭᠤᠯᠤᠯᠲᠠ᠂ ᠰᠣᠶᠣᠯ᠎ᠤᠨ ᠡᠭᠦᠳᠦᠨ ᠪᠦᠲᠦᠭᠡᠯᠲᠡ ᠪᠠ ᠦᠢᠯᠡᠳᠪᠦᠷᠢᠯᠡᠯ ᠠᠮᠢᠳᠤᠷᠠᠯ᠎ᠳᠤ ᠠᠭᠤᠰᠬᠠᠬᠠᠤ ᠵᠢ ᠲᠦᠯᠬᠢᠨ ᠠᠬᠢᠭᠤᠯᠤᠨ᠎ᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠦᠵᠢᠯ᠎ᠤᠨ ᠪᠠᠶ᠋ᠢᠩᠭᠤᠵᠢᠭᠰᠠᠨ ᠲᠣᠭᠲᠠᠴᠠ ᠵᠢ ᠲᠡᠭᠦᠯᠳᠡᠷᠵᠢᠭᠦᠯᠵᠦ᠂ ᠦᠨᠳᠦᠰᠦᠲᠡᠨ᠎ᠤ ᠪᠦᠯᠬᠦᠮᠳᠡᠯ᠎ᠤᠨ ᠬᠥᠮᠦᠵᠢᠯ᠎ᠢ ᠤᠯᠤᠰ ᠠᠷᠠᠳ᠎ᠤᠨ ᠰᠤᠷᠭ᠋ᠠᠨ ᠬᠦᠮᠦᠵᠢᠯ᠂ ᠺᠠᠳ᠋ᠷ᠎ᠤᠨ ᠰᠤᠷᠭ᠋ᠠᠨ ᠬᠥᠮᠦᠵᠢᠯ᠂ ᠨᠡᠶ᠋ᠢᠭᠡᠮ᠎ᠤᠨ ᠰᠤᠷᠭ᠋ᠠᠨ ᠬᠥᠮᠦᠵᠢᠯ᠎ᠤᠨ ᠪᠦᠬᠦ ᠶᠠᠪᠤᠴᠠ᠎ᠳᠤ ᠣᠷᠣᠭᠤᠯᠵᠤ᠂ ᠬᠢᠴᠢᠶᠡᠯ᠎ᠤᠨ ᠲᠠᠩᠬᠢᠮ᠎ᠤᠨ ᠵᠢᠭ᠋ᠠᠨ ᠰᠤᠷᠭ᠋ᠠᠯᠲᠠ᠂ ᠨᠡᠶ᠋ᠢᠭᠡᠮ᠎ᠤᠨ ᠦᠢᠯᠡᠳᠦᠯᠭᠡ᠂ ᠭᠣᠤᠯ ᠰᠡᠳᠦᠪᠲᠦ ᠰᠤᠷᠭ᠋ᠠᠨ ᠬᠥᠮᠦᠵᠢᠯ᠎ᠢ ᠨᠢᠭᠡ ᠴᠣᠭᠴᠠᠵᠢᠭᠤᠯᠤᠭᠰᠠᠨ ᠰᠤᠷᠭ᠋ᠠᠨ ᠬᠥᠮᠦᠵᠢᠯ᠎ᠤᠨ ᠲᠠᠪᠴᠠᠩ᠎ᠢ ᠪᠠᠶ᠋ᠢᠭᠤᠯᠤᠨ᠎ᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠵᠢᠨ ᠠᠴᠢᠶᠠᠯᠠᠪᠤᠷᠢ ᠪᠠ ᠠᠷᠭ᠎ᠠ ᠬᠡᠯᠪᠡᠷᠢ ᠵᠢ ᠰᠠᠶ᠋ᠢᠵᠢᠷᠠᠭᠤᠯᠵᠤ᠂ ᠰᠢᠨ᠎ᠡ ᠮᠡᠷᠭᠡᠵᠢᠯ᠂ ᠰᠢᠨ᠎ᠡ ᠵᠠᠭᠤᠴᠢᠯᠠᠭᠤᠷ᠎ᠢ ᠭᠦᠢᠴᠡᠳ ᠠᠰᠢᠭᠯᠠ ᠪᠤᠳᠠᠢ᠌ᠵᠢᠭᠰᠠᠨ ᠤᠬᠠᠭᠤᠯᠭ᠎ᠠ ᠵᠢᠨ ᠠᠴᠢᠶᠠᠯᠠᠪᠤᠷᠢ ᠵᠢ ᠴᠣᠭᠴᠠᠯᠠᠨ᠎ᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠤᠬᠠᠭᠤᠯᠭ᠎ᠠ ᠬᠥᠮᠦᠵᠢᠯ᠎ᠤᠨ ᠰᠦᠯᠵᠢᠶᠡᠨ᠎ᠤ ᠣᠷᠣᠨ ᠵᠠᠶ ᠵᠢ ᠥᠷᠭᠡᠳᠬᠡᠵᠦ᠂ 《ᠢᠨᠲᠸᠷ ᠰᠦᠯᠵᠢᠶ᠎ᠡ + ᠦᠨᠳᠦᠰᠦᠲᠡᠨ᠎ᠤ ᠪᠦᠯᠬᠦᠮᠳᠡᠯ》᠎ᠤᠨ ᠠᠵᠢᠯᠯᠠᠭ᠎ᠠ ᠵᠢ ᠠᠬᠢᠭᠤᠯᠵᠤ᠂ ᠰᠦᠯᠵᠢᠶᠡᠨ ᠳᠡᠭᠡᠷᠡᠬᠢ ᠰᠣᠶᠣᠯ᠎ᠤᠨ ᠰᠣᠯᠢᠯᠴᠠᠭ᠎ᠠ ᠵᠢ ᠬᠠᠮᠲᠤ᠎ᠪᠠᠷ ᠡᠳ᠋ᠯᠡᠬᠦ ᠲᠠᠪᠴᠠᠩ᠎ᠢ ᠪᠠᠢ᠌ᠭᠤᠯᠵᠤ᠂ ᠢᠨᠲᠸᠷ ᠰᠦᠯᠵᠢᠶᠡᠨ᠎ᠤ ᠣᠷᠣᠨ ᠵᠠᠶ ᠵᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠠᠬᠢᠭᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠰᠢᠨ᠎ᠡ ᠲᠠᠪᠴᠠᠩ ᠪᠣᠯᠭ᠋ᠠᠨ ᠪᠠᠢ᠌ᠭᠤᠯᠤᠨ᠎ᠠ᠃
《ᠰᠠᠨᠠᠯ》᠎ᠳᠤ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠵᠢ ᠠᠬᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃ ᠬᠠᠷᠢᠯᠴᠠᠨ ᠰᠢᠭᠢᠳᠬᠡᠯᠴᠡᠬᠦ ᠮᠠᠶᠢᠭ᠎ᠤᠨ ᠨᠡᠶ᠋ᠢᠭᠡᠮ᠎ᠤᠨ ᠪᠦᠲᠦᠴᠡ ᠪᠠ ᠨᠡᠶ᠋ᠢᠭᠡᠮ ᠲᠣᠭᠣᠷᠢᠭ᠎ᠤᠨ ᠣᠷᠴᠢᠨ ᠨᠥᠬᠥᠴᠡᠯ᠎ᠢ ᠪᠠᠶ᠋ᠢᠭᠤᠯᠬᠤ ᠵᠢ ᠲᠦᠯᠬᠢᠨ ᠠᠬᠢᠭᠤᠯᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠣᠷᠣᠰᠢᠨ ᠬᠠᠮᠲᠤ᠎ᠪᠠᠷ ᠰᠤᠷᠤᠯᠴᠠᠵᠤ ᠬᠠᠮᠲᠤ᠎ᠪᠠᠷ ᠪᠠᠶᠠᠰᠬᠤ ᠨᠡᠶ᠋ᠢᠭᠡᠮ᠎ᠤᠨ ᠨᠥᠬᠥᠴᠡᠯ᠎ᠢ ᠢᠳᠡᠪᠬᠢᠲᠡᠶ᠎ᠪᠠᠷ ᠪᠤᠢ ᠪᠣᠯᠭ᠋ᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠷᠢᠯᠴᠠᠭ᠎ᠠ᠂ ᠪᠤᠯᠪᠠᠰᠤᠷᠠᠭᠤᠯᠤᠯ᠂ ᠡᠶ᠎ᠡ ᠨᠠᠶ᠋ᠢᠷᠲᠠᠶ ᠪᠠᠢ᠌ᠬᠤ ᠠᠵᠢᠯ᠎ᠢ ᠥᠷᠨᠢᠭᠦᠯᠵᠦ᠂ ᠰᠠᠯᠵᠤ ᠪᠣᠯᠤᠰᠢ ᠦᠭᠡᠢ ᠬᠠᠮᠲᠤ ᠵᠢᠨ ᠴᠣᠭᠴᠠ ᠵᠢ ᠪᠤᠢ ᠪᠣᠯᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃ ᠦᠨᠳᠦᠰᠦᠲᠡᠨ᠎ᠨᠦᠭᠦᠳ᠎ᠤᠨ ᠤᠢ᠌ᠯᠠᠭ᠋ᠠᠯᠴᠠᠭ᠎ᠠ ᠵᠢ ᠠᠬᠢᠭᠤᠯᠬᠤ ᠰᠣᠶᠣᠯ᠎ᠤᠨ ᠬᠥᠭᠥᠷᠭᠡ ᠵᠢ ᠪᠠᠢ᠌ᠭᠤᠯᠵᠤ᠂ ᠨᠡᠶ᠋ᠢᠭᠡᠮ ᠵᠢᠷᠤᠮ᠎ᠤᠨ ᠲᠡᠷᠢᠭᠦᠨ᠎ᠤ ᠰᠣᠶᠣᠯ ᠵᠶ᠋ᠠᠷ ᠦᠨᠳᠦᠰᠦᠲᠡᠨ᠎ᠨᠦᠭᠦᠳ᠎ᠤᠨ ᠰᠣᠶᠣᠯ᠎ᠢ ᠤᠯᠠᠮᠵᠢᠯᠠᠨ ᠵᠠᠯᠭ᠋ᠠᠮᠵᠢᠯᠠᠵᠤ ᠬᠥᠭᠵᠢᠭᠦᠯᠬᠦ ᠵᠢ ᠠᠬᠢᠭᠤᠯᠬᠤ ᠵᠢ ᠪᠠᠷᠢᠮᠲᠠᠯᠠᠨ᠎ᠠ᠃ ᠡᠯᠪᠡᠭ ᠪᠠᠶᠠᠯᠢᠭ ᠣᠨᠴᠠᠯᠢᠭ᠎ᠲᠠᠢ ᠣᠯᠠᠨ ᠲᠦᠮᠡᠨᠴᠢ ᠴᠢᠨᠠᠷᠲᠠᠶ ᠰᠣᠯᠢᠯᠴᠠᠭ᠋ᠠᠨ᠎ᠤ ᠠᠵᠢᠯᠯᠠᠭ᠎ᠠ ᠵᠢ ᠥᠷᠨᠢᠭᠦᠯᠵᠦ᠂ 《ᠳᠤᠮᠳᠠᠳᠤ ᠵᠢᠨ ᠦᠨᠳᠦᠰᠦᠲᠡᠨ ᠨᠢᠭᠡ ᠭᠡᠷ᠎ᠤᠨ ᠬᠥᠮᠦᠨ ᠮᠡᠲᠦ ᠳᠣᠲᠣᠨᠣ》 ᠰᠢᠷᠢᠰ ᠦᠢᠯᠡᠳᠦᠯᠭᠡ ᠵᠢᠨ ᠬᠥᠮᠦᠵᠢᠯ᠎ᠤᠨ ᠠᠵᠢᠯᠯᠠᠭ᠎ᠠ ᠵᠢᠨ ᠲᠠᠪᠴᠠᠩ᠎ᠢ ᠪᠠᠢ᠌ᠭᠤᠯᠤᠨ᠎ᠠ᠃ ᠴᠢᠨᠡᠭᠡᠯᠢᠭ ᠨᠡᠶ᠋ᠢᠭᠡᠮ᠎ᠢ ᠲᠦᠷᠭᠡᠪᠴᠢᠯᠡᠨ ᠪᠠᠶ᠋ᠢᠭᠤᠯᠤᠨ ᠪᠦᠲᠦᠭᠡᠵᠦ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠢ ᠨᠡᠮᠡᠭᠳᠡᠭᠦᠯᠦᠨ᠂ ᠴᠥᠭᠡᠨ ᠲᠣᠭ᠋ᠠᠲᠤ ᠦᠨᠳᠦᠰᠦᠲᠡᠨ ᠪᠠ ᠦᠨᠳᠦᠰᠦᠲᠡᠨ᠎ᠤ ᠭᠠᠵᠠᠷ ᠣᠷᠣᠨ᠎ᠤ ᠬᠥᠭᠵᠢᠯᠲᠡ ᠵᠢ ᠲᠦᠷᠭᠡᠳᠬᠡᠬᠦ ᠵᠢ ᠪᠠᠶ᠋ᠢᠯᠳᠤᠬᠤ ᠪᠣᠳᠣᠯᠭ᠎ᠠ ᠵᠢᠨ ᠨᠠᠩ ᠲᠣᠪᠣᠢ᠌ᠮ᠎ᠠ ᠪᠠᠶ᠋ᠢᠷᠢᠨ᠎ᠳᠤ ᠲᠠᠯᠪᠢᠵᠤ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠪᠣᠳᠠᠰ᠎ᠤᠨ ᠰᠠᠭᠤᠷᠢ ᠵᠢ ᠪᠡᠬᠢᠵᠢᠭᠦᠯᠦᠨ᠎ᠡ᠃
《ᠰᠠᠨᠠᠯ》᠎ᠳᠤ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ ᠵᠢᠨ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠶ ᠬᠡᠵᠦ ᠴᠢᠬᠤᠯᠠᠴᠢᠯᠠᠪᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠤᠨ ᠭᠦᠨᠵᠡᠭᠡᠶ᠋ᠢᠷᠡᠨ ᠥᠷᠭᠡᠳᠬᠦ ᠵᠢ ᠠᠬᠢᠭᠤᠯᠵᠤ᠂ ᠭᠣᠤᠯᠳᠠᠯᠭ᠎ᠠ᠎ᠪᠠᠨ ᠨᠡᠶ᠋ᠢᠭᠡᠮ ᠲᠣᠭᠣᠷᠢᠭ᠂ ᠬᠥᠳᠡᠭᠡ ᠲᠣᠰᠬᠣᠨ᠂ ᠰᠤᠷᠭ᠋ᠠᠭᠤᠯᠢ᠂ ᠠᠵᠤ ᠠᠬᠤᠢ᠌ᠯᠠᠯ᠂ ᠦᠨᠳᠦᠰᠦᠨ ᠱᠠᠲᠤᠨ᠎ᠤ ᠨᠢᠭᠡᠴᠡ᠎ᠳᠤ ᠲᠠᠯᠪᠢᠬᠤ ᠬᠡᠷᠡᠭᠲᠡᠶ ᠭᠡᠵᠦ ᠴᠢᠬᠤᠯᠠᠴᠢᠯᠠᠪᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠣᠷᠣᠨ ᠪᠠ ᠵᠢᠱ᠌ᠢᠶ᠎ᠡ ᠦᠵᠡᠭᠦᠯᠬᠦ ᠨᠢᠭᠡᠴᠡ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠡᠯ᠎ᠡ ᠱᠠᠲᠤᠨ᠎ᠤ ᠵᠢᠱ᠌ᠢᠶ᠎ᠡ ᠦᠵᠡᠭᠦᠯᠬᠦ ᠣᠷᠣᠨ᠎ᠤ ᠴᠢᠨᠡᠭᠡᠯᠢᠭ ᠨᠡᠶ᠋ᠢᠭᠡᠮ᠎ᠢ ᠪᠦᠲᠦᠭᠡᠨ ᠪᠠᠶ᠋ᠢᠭᠤᠯᠬᠤ ᠪᠠ ᠣᠳᠣᠬᠢᠴᠢᠯᠠᠯᠲᠠ ᠵᠢ ᠵᠡᠷᠭᠡ᠎ᠪᠡᠷ ᠪᠡᠶᠡᠯᠡᠭᠦᠯᠬᠦ᠂ ᠣᠯᠠᠨ ᠨᠡᠢ᠌ᠲᠡ ᠵᠢᠨ ᠦᠢᠯᠡᠴᠢᠯᠡᠭᠡ ᠵᠢ ᠠᠳᠠᠯᠢ ᠪᠠᠶ᠋ᠢᠯᠭ᠋ᠠᠬᠤ᠂ ᠬᠠᠤᠯᠢ᠎ᠪᠠᠷ ᠵᠠᠰᠠᠬᠤ ᠪᠠᠲᠤᠯᠠᠭ᠎ᠠ ᠵᠢ ᠠᠳᠠᠯᠢ ᠡᠷᠬᠡ᠎ᠲᠠᠢ ᠪᠠᠶ᠋ᠢᠯᠭ᠋ᠠᠬᠤ᠂ ᠣᠶᠤᠨ ᠰᠠᠨᠠᠭ᠋ᠠᠨ᠎ᠤ ᠪᠠᠢ᠌ᠭᠤᠯᠤᠯᠳᠠ ᠵᠢ ᠵᠡᠷᠭᠡ᠎ᠪᠠᠷ ᠪᠠᠶ᠋ᠢᠭᠤᠯᠬᠤ᠂ ᠨᠡᠶ᠋ᠢᠭᠡᠮ᠎ᠢ ᠡᠶ᠎ᠡ ᠵᠣᠬᠢᠴᠠᠯ᠎ᠲᠠᠢ ᠪᠠᠶ᠋ᠢᠯᠭ᠋ᠠᠬᠤ ᠵᠢ ᠵᠡᠷᠭᠡ᠎ᠪᠠᠷ ᠡᠭᠦᠳᠬᠦ᠂ ᠢᠯᠡ ᠲᠣᠳᠣ ᠣᠨᠴᠠᠯᠢᠭ᠎ᠲᠠᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠬᠦ ᠨᠢᠭᠡᠴᠡ ᠵᠢ ᠪᠠᠢ᠌ᠭᠤᠯᠬᠤ ᠵᠢ ᠤᠷᠢᠳᠠᠪᠠᠷ ᠪᠡᠶᠡᠯᠡᠬᠦᠯᠬᠦ ᠵᠢ ᠠᠬᠢᠭᠤᠯᠤᠨ᠎ᠠ᠃ ᠦᠨᠳᠦᠰᠦᠲᠡᠨ᠎ᠤ ᠬᠡᠷᠡᠭ ᠶᠠᠪᠤᠳᠠᠯ᠎ᠤᠨ ᠵᠠᠰᠠᠯᠲᠠ ᠵᠢᠨ ᠣᠳᠣᠬᠢᠴᠢᠯᠠᠯᠲᠠ ᠵᠢᠨ ᠲᠦᠪᠰᠢᠨ᠎ᠢ ᠳᠡᠭᠡᠭᠰᠢᠯᠡᠭᠦᠯᠵᠦ᠂ ᠦᠨᠳᠦᠰᠦᠨ ᠬᠠᠤᠯᠢ ᠪᠠ ᠦᠨᠳᠦᠰᠦᠲᠡᠨ᠎ᠤ ᠣᠷᠣᠨ᠎ᠤ ᠥᠪᠡᠷᠲᠡᠭᠡᠨ ᠵᠠᠰᠠᠬᠤ ᠬᠠᠤᠯᠢ ᠵᠢ ᠪᠦᠬᠦ ᠲᠠᠯ᠎ᠠ᠎ᠪᠠᠷ ᠲᠤᠤᠱᠯᠠᠭᠤᠯᠤᠨ ᠨᠠᠢ᠌ᠳᠠᠪᠤᠷᠢᠵᠢᠭᠤᠯᠵᠤ᠂ ᠦᠨᠳᠦᠰᠦᠲᠡᠨ᠎ᠨᠦᠭᠦᠳ᠎ᠤᠨ ᠠᠷᠠᠳ ᠢᠷᠭᠡᠳ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠪᠠᠲᠤᠯᠠᠨ᠎ᠠ᠃ ᠦᠨᠳᠦᠰᠦᠲᠡᠨ᠎ᠤ ᠪᠦᠯᠬᠦᠮᠳᠡᠯ᠎ᠢ ᠡᠪᠳᠡᠬᠦ ᠪᠠ ᠦᠨᠳᠦᠰᠦᠲᠡᠨ᠎ᠤ ᠬᠠᠭ᠋ᠠᠴᠠᠯ ᠭᠠᠷᠭ᠋ᠠᠬᠤ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠠᠤᠯᠢ ᠶᠣᠰᠣᠭ᠋ᠠᠷ ᠡᠷᠡᠰ ᠴᠣᠬᠢᠯᠲᠠ ᠥᠭᠭᠦᠨ᠎ᠡ᠃
《ᠰᠠᠨᠠᠯ》᠎ᠳᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠦᠨᠳᠦᠰᠦᠲᠡᠨ᠎ᠤ ᠪᠦᠯᠬᠦᠮᠳᠡᠯ᠎ᠢ ᠰᠠᠬᠢᠨ ᠬᠠᠮᠠᠭ᠋ᠠᠯᠠᠬᠤ ᠤᠯᠤᠰ ᠲᠥᠷᠦ ᠵᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠶ ᠭᠦᠢᠴᠡᠳᠬᠡᠬᠦ ᠬᠡᠷᠡᠭᠲᠡᠶ ᠭᠡᠵᠦ ᠴᠢᠬᠤᠯᠠᠴᠢᠯᠠᠪᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠬᠤ ᠠᠵᠢᠯ᠎ᠢ ᠣᠷᠣᠨ ᠨᠤᠲᠤᠭ᠎ᠤᠨ ᠨᠠᠮ ᠵᠠᠰᠠᠭ᠎ᠤᠨ ᠤᠳᠤᠷᠢᠳᠬᠤ ᠪᠠᠭ ᠪᠣᠯᠤᠨ ᠤᠳᠤᠷᠢᠳᠬᠤ ᠺᠠᠳ᠋ᠷ᠎ᠢ ᠬᠢᠨᠠᠨ ᠰᠢᠯᠭ᠋ᠠᠬᠤ ᠠᠭᠤᠯᠭ᠎ᠠ᠎ᠳᠤ ᠣᠷᠣᠭᠤᠯᠤᠨ᠎ᠠ᠃ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢ ᠴᠢᠩᠭ᠋ᠠᠳᠬᠠᠵᠤ᠂ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠤᠨ᠂ ᠰᠤᠷᠭ᠋ᠠᠨ ᠬᠦᠮᠦᠵᠢᠬᠦᠯᠬᠦ ᠪᠠ ᠵᠢᠱ᠌ᠢᠶ᠎ᠠ ᠦᠵᠡᠬᠦᠯᠬᠦ᠂ ᠵᠢᠱ᠌ᠢᠶᠡᠴᠢ ᠪᠤᠯᠭ᠋ᠠᠬᠤ ᠵᠢ ᠰᠤᠩᠭᠤᠨ ᠪᠤᠢ ᠪᠤᠯᠭ᠋ᠠᠬᠤ ᠠᠵᠢᠯ᠎ᠤᠨ ᠡᠷᠴᠢᠮ ᠵᠶ᠋ᠠᠨ ᠲᠠᠰᠤᠷᠠᠯᠲᠠ ᠦᠭᠡᠢ ᠨᠡᠮᠡᠭᠳᠡᠭᠦᠯᠵᠦ᠂ ᠦᠨᠳᠦᠰᠦᠨ ᠱᠠᠲᠤᠨ᠎ᠤ ᠨᠢᠭᠡᠳᠦᠭᠡᠷ ᠹᠷᠣᠨᠲ ᠲᠡᠰᠢ ᠭᠤᠤᠯᠳᠠᠯᠭ᠎ᠠ᠎ᠪᠠᠨ ᠲᠠᠯᠪᠢᠨ᠎ᠠ᠃ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠡᠭᠦᠳᠦᠨ ᠪᠠᠶ᠋ᠢᠭᠤᠯᠤᠯᠲᠠ ᠵᠢᠨ ᠪᠣᠯᠪᠠᠰᠤᠨ ᠬᠣᠲᠠ ᠵᠢᠨ ᠰᠢᠯᠭ᠋ᠠᠨ ᠦᠨᠡᠯᠡᠯᠲᠡ᠎ᠳᠠᠬᠢ ᠬᠤᠪᠢᠴᠠᠭ᠎ᠠ ᠵᠢ ᠴᠠᠭᠲᠤᠨᠢ ᠲᠤᠬᠢᠷᠠᠭᠤᠯᠤᠨ ᠨᠡᠮᠡᠭᠳᠡᠭᠦᠯᠦᠨ᠎ᠡ᠃