ᠡᠯ᠎ᠡ ᠠᠶ᠋ᠢᠮᠠᠭ᠎ᠤᠨ ᠵᠠᠬᠢᠷᠭ᠎ᠠ᠂ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠂ ᠡᠯ᠎ᠡ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠤᠷᠳᠤᠨ᠂ ᠦᠪᠡᠷᠳᠡᠬᠡᠨ ᠵᠠᠰᠠᠬᠤ ᠤᠷᠤᠨ᠎ᠤ ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠎ᠳᠤ᠄
《ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠠᠤ ᠵᠢ ᠪᠠᠷᠢᠮᠵᠢᠶᠠᠵᠢᠭᠤᠯᠵᠦ ᠵᠢᠷᠤᠮᠵᠢᠭᠤᠯᠬᠤ ᠲᠤᠷᠰᠢᠯᠳᠠ ᠵᠢᠨ ᠠᠵᠢᠯ᠎ᠢ ᠦᠷᠨᠢᠬᠦᠯᠬᠦ ᠵᠢᠨ ᠬᠡᠷᠡᠭᠵᠢᠬᠦᠯᠬᠦ ᠲᠦᠰᠦᠯ》᠎ᠢ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠵᠶ᠋ᠠᠷ ᠵᠦᠪᠰᠢᠶᠡᠷᠡᠭᠦᠯᠦᠬᠡᠳ᠂ ᠡᠳᠦᠬᠡ ᠲᠠᠨᠠᠷ᠎ᠲᠤ ᠲᠠᠷᠤᠮᠠᠯᠯᠠᠨ ᠶᠠᠪᠤᠭᠤᠯᠤᠯ᠎ᠠ᠂ ᠪᠤᠳᠠᠳᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠤᠱᠯᠠᠭᠤᠯᠤᠨ ᠨᠠᠶ᠋ᠢᠳᠠᠪᠤᠷᠢᠵᠢᠭᠤᠯᠳᠤᠭ᠋ᠠᠢ᠃
2017 ᠤᠨ᠎ᠤ 8 ᠳ᠋ᠤᠭ᠋ᠠᠷ ᠰᠠᠷ᠎ᠠ ᠵᠢᠨ 31᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ ᠨᠡᠶ᠋ᠢᠳᠡᠯᠡᠨ᠎ᠠ)
ᠦᠪᠦᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠪᠠᠷᠢᠮᠵᠢᠶᠠᠵᠢᠭᠤᠯᠵᠦ ᠵᠢᠷᠤᠮᠵᠢᠭᠤᠯᠬᠤ ᠲᠤᠷᠰᠢᠯᠳᠠ ᠵᠢᠨ ᠠᠵᠢᠯ᠎ᠢ ᠦᠷᠨᠢᠬᠦᠯᠬᠦ ᠵᠢᠨ ᠬᠡᠷᠡᠭᠵᠢᠬᠦᠯᠬᠦ ᠲᠦᠰᠦᠯ
ᠪᠦᠭᠦ ᠤᠷᠤᠨ᠎ᠤ ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠪᠠᠷᠢᠮᠵᠢᠶᠠᠵᠢᠭᠤᠯᠵᠦ ᠵᠢᠷᠤᠮᠵᠢᠭᠤᠯᠬᠤ ᠲᠤᠷᠰᠢᠯᠳᠠ ᠵᠢᠨ ᠠᠵᠢᠯ᠎ᠢ ᠤᠯᠠᠮ ᠨᠢᠬᠡ ᠠᠯᠬᠤᠮ ᠰᠠᠶ᠋ᠢᠳᠤᠷ ᠬᠢᠵᠦ᠂ ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠲᠠᠰᠤᠷᠠᠯᠳᠠ ᠦᠬᠡᠢ ᠭᠦᠨᠵᠡᠬᠡᠶ᠋ᠢᠷᠡᠬᠦᠯᠦᠨ᠂ ᠵᠠᠰᠠᠭ ᠵᠠᠬᠢᠷᠭ᠋ᠠᠨ᠎ᠤ ᠦᠷ᠎ᠡ ᠴᠢᠳᠠᠮᠵᠢ ᠵᠢ ᠲᠡᠬᠡᠭᠰᠢᠯᠡᠬᠦᠯᠵᠦ᠂ ᠬᠠᠤᠯᠢ᠎ᠪᠠᠷ ᠵᠠᠰᠠᠬᠤ ᠵᠠᠰᠠᠭ᠎ᠤᠨ ᠤᠷᠳᠤᠨ᠂ ᠦᠢ᠍ᠯᠡᠴᠢᠯᠡᠬᠦ ᠬᠡᠯᠪᠡᠷᠢ ᠪᠦᠭᠦᠢ ᠵᠠᠰᠠᠭ᠎ᠤᠨ ᠤᠷᠳᠤᠨᠢ ᠲᠦᠷᠬᠡᠳᠬᠡᠨ ᠪᠠᠶ᠋ᠢᠭᠤᠯᠤᠨ᠂ ᠰᠶ᠋ᠢᠳᠪᠦᠷᠢᠳᠦ ᠪᠤᠳᠤᠯᠭ᠎ᠠ ᠵᠢᠨ ᠲᠤᠨᠨᠳᠠᠭ᠋ᠠᠯᠳᠠ᠂ ᠬᠡᠷᠡᠭᠵᠢᠬᠦᠯᠦᠯᠳᠡ᠂ ᠬᠠᠮᠢᠶᠠᠷᠤᠯᠳᠠ᠂ ᠦᠢ᠍ᠯᠡᠴᠢᠯᠡᠭᠡ᠂ ᠦᠷ᠎ᠡ ᠳ᠋ᠦ᠍ᠢ᠍ᠩ (ᠲᠤᠷᠤᠨᠨᠰᠢ 《ᠲᠠᠪᠤ ᠵᠢ ᠢᠯᠡ ᠪᠤᠯᠭ᠋ᠠᠬᠤ》 ᠬᠡᠵᠦ ᠲᠤᠪᠴᠢᠯᠠᠨ᠎ᠠ)᠎ᠢ ᠢᠯᠡ ᠪᠤᠯᠭ᠋ᠠᠬᠤ ᠵᠢ ᠠᠬᠢᠭᠤᠯᠬᠤ ᠵᠢᠨ ᠲᠤᠰᠠᠳᠠ᠂ 《ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠪᠠᠷᠢᠮᠵᠢᠶᠠᠵᠢᠭᠤᠯᠵᠦ ᠵᠢᠷᠤᠮᠵᠢᠭᠤᠯᠬᠤ ᠲᠤᠷᠰᠢᠯᠳᠠ ᠵᠢᠨ ᠠᠵᠢᠯ ᠦᠷᠨᠢᠬᠦᠯᠬᠦ ᠲᠦᠰᠦᠯ᠎ᠢ ᠲᠠᠷᠤᠮᠠᠯᠯᠠᠨ ᠶᠠᠪᠤᠭᠤᠯᠬᠤ ᠲᠤᠬᠠᠢ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ》 (ᠲᠦᠷᠦ ᠠᠯᠪᠠᠨ ᠲᠠᠷᠬᠠᠭ᠋ᠠᠨᠨᠰᠠᠨ [2017] 42 ᠳ᠋ᠤᠭ᠋ᠠᠷ ᠲᠤᠭ᠋ᠠᠳᠤ)᠎ᠤᠨ ᠱᠠᠭ᠋ᠠᠷᠳᠠᠯᠭ᠎ᠠ ᠵᠢ ᠦᠨᠳᠦᠰᠦᠯᠡᠵᠦ᠂ ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠪᠠᠷᠢᠮᠵᠢᠶᠠᠵᠢᠭᠤᠯᠵᠦ ᠵᠢᠷᠤᠮᠵᠢᠭᠤᠯᠬᠤ ᠲᠤᠷᠰᠢᠯᠳᠠ ᠵᠢᠨ ᠠᠵᠢᠯ᠎ᠢ ᠦᠷᠨᠢᠬᠦᠯᠬᠦ᠎ᠪᠠᠷ ᠡᠳᠦᠬᠡ ᠲᠤᠤᠷᠠᠬᠢ ᠲᠦᠰᠦᠯ᠎ᠢ ᠲᠤᠨᠨᠳᠠᠭ᠋ᠠᠪᠠ᠃
ᠨᠢᠬᠡ᠂ ᠵᠢᠯᠤᠭᠤᠳᠬᠤ ᠦᠵᠡᠯ ᠰᠠᠨᠠᠭ᠎ᠠ
ᠨᠠᠮ᠎ᠤᠨ ᠠᠷᠪᠠᠨ ᠨᠠᠢ᠍ᠮᠠᠳᠤᠭ᠋ᠠᠷ ᠶᠡᠭᠡ ᠬᠤᠷᠠᠯ ᠪᠤᠯᠤᠨ ᠠᠷᠪᠠᠨ ᠨᠠᠢ᠍ᠮᠠᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ᠂ ᠲᠦᠷᠪᠡᠳᠦᠬᠡᠷ᠂ ᠲᠠᠪᠤᠳᠤᠭ᠋ᠠᠷ᠂ ᠵᠢᠷᠭᠤᠳᠤᠭ᠋ᠠᠷ ᠪᠦᠭᠦᠳᠡ ᠬᠤᠷᠠᠯ᠎ᠤᠨ ᠵᠤᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠦ᠂ ᠶᠡᠷᠥᠩᠬᠡᠢ ᠱᠥᠵᠢ ᠰᠢ ᠵᠢᠨ ᠫᠢᠩ᠎ᠤᠨ ᠠᠯᠢ ᠤᠯᠠᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠪᠠ ᠲᠦᠷᠦ ᠵᠢ ᠵᠠᠰᠠᠵᠤ ᠵᠠᠰᠠᠭ ᠪᠠᠷᠢᠬᠤ ᠰᠢᠨ᠎ᠡ ᠣᠨᠣᠯᠵᠢᠬᠤᠨ ᠰᠢᠨ᠎ᠡ ᠥᠵᠡᠯ ᠰᠠᠨᠠᠭ᠎ᠠ ᠰᠢᠨ᠎ᠡ ᠪᠠᠶ᠋ᠢᠯᠳᠤᠬᠤ ᠪᠤᠳᠤᠯᠭ᠎ᠠ ᠵᠢ ᠭᠦᠨᠵᠡᠬᠡᠢ ᠲᠤᠤᠱᠯᠠᠭᠤᠯᠤᠨ᠂ ᠶᠡᠷᠦᠩᠬᠡᠢ ᠱᠦᠵᠢ ᠰᠢ ᠵᠢᠨ ᠫᠢᠩ᠎ᠤᠨ ᠦᠪᠦᠷ ᠮᠤᠩᠭᠤᠯ᠎ᠢ ᠰᠢᠨᠵᠢᠯᠡᠨ ᠪᠠᠶ᠋ᠢᠴᠠᠭ᠋ᠠᠬᠤ᠎ᠳᠤ ᠶᠠᠷᠢᠨᠨᠰᠠᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢ ᠪᠦᠭᠦ ᠲᠠᠯ᠎ᠠ᠎ᠪᠠᠷ ᠲᠤᠤᠱᠯᠠᠭᠤᠯᠤᠨ ᠨᠠᠶ᠋ᠢᠳᠠᠪᠤᠷᠢᠵᠢᠭᠤᠯᠵᠦ᠂ ᠠᠷᠠᠳ ᠲᠦᠮᠡᠨ ᠵᠶ᠋ᠠᠷ ᠭᠤᠤᠯ ᠪᠤᠯᠭ᠋ᠠᠨᠨᠰᠠᠨ ᠭᠦᠭᠵᠢᠯᠳᠡ ᠵᠢᠨ ᠦᠵᠡᠯ ᠰᠠᠨᠠᠭ᠎ᠠ ᠵᠢ ᠪᠠᠷᠢᠮᠳᠠᠯᠠᠨ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠪᠦᠭᠦ ᠲᠠᠯ᠎ᠠ᠎ᠪᠠᠷ ᠠᠬᠢᠭᠤᠯᠬᠤ ᠲᠤᠬᠠᠢ ᠨᠠᠮ᠎ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠶ᠋ᠢᠳᠪᠦᠷᠢᠳᠦ ᠪᠤᠳᠤᠯᠭ᠎ᠠ ᠵᠢᠨ ᠪᠠᠶ᠋ᠢᠷᠢᠯᠠᠭᠤᠯᠤᠯᠳᠠ ᠪᠠ ᠦᠪᠡᠷᠳᠡᠬᠡᠨ ᠵᠠᠰᠠᠬᠤ ᠤᠷᠤᠨ᠎ᠤ ᠡᠯ᠎ᠡ ᠵᠦᠢ᠍ᠯ᠎ᠤᠨ ᠬᠡᠷᠡᠭᠵᠢᠬᠦᠯᠬᠦ ᠠᠷᠭ᠎ᠠ ᠪᠠᠷᠢᠯ᠎ᠢ ᠬᠢᠨᠠᠮᠠᠭ᠋ᠠᠢ ᠨᠠᠶ᠋ᠢᠳᠠᠪᠤᠷᠢᠵᠢᠭᠤᠯᠵᠦ᠂ ᠡᠷᠬᠡ ᠵᠢᠨ ᠠᠵᠢᠯᠯᠠᠭ᠋ᠠᠨ᠎ᠤ ᠪᠦᠭᠦ ᠴᠤᠪᠤᠷᠠᠯ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠪᠦᠭᠦ ᠶᠠᠪᠤᠴᠠ ᠵᠢᠨ ᠲᠤᠭᠤᠷᠢᠨ᠎ᠳᠤ᠂ ᠲᠤᠷᠰᠢᠯᠳᠠ᠎ᠳᠤ ᠰᠠᠭᠤᠷᠢᠯᠠᠨ ᠰᠦᠪᠡᠭᠴᠢᠯᠡᠯᠳᠡ ᠬᠢᠵᠦ᠂ ᠪᠤᠳᠠᠳᠠᠢ᠎ᠲᠠᠢ ᠨᠢᠨᠨᠳᠠ ᠤᠶᠠᠯᠳᠤᠭᠤᠯᠤᠨ᠂ ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠪᠠᠷᠢᠮᠵᠢᠶᠠᠵᠢᠭᠤᠯᠵᠦ ᠵᠢᠷᠤᠮᠵᠢᠭᠤᠯᠬᠤ ᠵᠢ ᠢᠳᠡᠪᠬᠢᠳᠡᠢ ᠠᠬᠢᠭᠤᠯᠵᠦ᠂ ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠪᠠ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠬᠢᠷᠢ ᠬᠡᠮᠵᠢᠶ᠎ᠡ ᠵᠢ ᠪᠦᠭᠦ ᠲᠡᠯ᠎ᠠ᠎ᠪᠠᠷ ᠲᠡᠬᠡᠭᠰᠢᠯᠡᠬᠦᠯᠦᠨ᠎ᠠ᠃
ᠬᠤᠶᠠᠷ᠂ ᠦᠨᠳᠦᠰᠦᠨ ᠵᠠᠷᠴᠢᠮ
(ᠨᠢᠬᠡ) ᠬᠡᠷᠡᠭᠴᠡᠭᠡ ᠱᠠᠭ᠋ᠠᠷᠳᠠᠯᠭ᠎ᠠ᠎ᠪᠠᠷ ᠤᠳᠤᠷᠢᠳᠤᠮᠵᠢ ᠪᠤᠯᠭ᠋ᠠᠬᠤ ᠵᠢ ᠪᠠᠷᠢᠮᠳᠠᠯᠠᠨ᠎ᠠ᠃ ᠤᠯᠠᠨ ᠲᠦᠮᠡᠨ᠎ᠲᠠᠢ ᠨᠢᠨᠨᠳᠠ ᠬᠠᠷᠢᠴᠠᠭ᠎ᠠ ᠪᠦᠭᠦᠢ ᠵᠠᠰᠠᠭ ᠵᠠᠬᠢᠷᠭ᠋ᠠᠨ᠎ᠤ ᠠᠵᠢᠯᠯᠠᠭ᠎ᠠ ᠪᠠ ᠦᠢ᠍ᠯᠡᠴᠢᠯᠡᠬᠡᠨ᠎ᠤ ᠵᠦᠢ᠍ᠯᠡᠰ᠎ᠤᠨ ᠲᠤᠭᠤᠷᠢᠨ᠎ᠳᠤ᠂ ᠦᠨᠳᠦᠰᠦᠨ ᠱᠠᠳᠤᠨ᠎ᠤ ᠵᠠᠰᠠᠭ᠎ᠤᠨ ᠤᠷᠳᠤᠨ᠎ᠤ ᠤᠯᠠᠨ ᠲᠦᠮᠡᠨ᠎ᠲᠠᠢ ᠰᠢᠭᠤᠳ ᠬᠠᠷᠢᠯᠴᠠᠵᠦ ᠲᠡᠳᠡᠨ᠎ᠳᠤ ᠦᠢ᠍ᠯᠡᠴᠢᠯᠡᠵᠦ ᠪᠠᠶ᠋ᠢᠭ᠎ᠠ ᠪᠤᠳᠠᠳᠠᠢ᠎ᠳᠤ ᠰᠠᠭᠤᠷᠢᠯᠠᠵᠦ᠂ 《ᠢᠯᠡ ᠪᠤᠯᠭ᠋ᠠᠪᠠᠰᠤ ᠵᠤᠬᠢᠬᠤ ᠵᠢ᠎ᠨᠢ ᠴᠢᠳᠠᠬᠤ ᠵᠢᠨ ᠬᠢᠷᠢ᠎ᠪᠠᠷ ᠢᠯᠡ ᠪᠤᠯᠭ᠋ᠠᠬᠤ》 ᠱᠠᠭ᠋ᠠᠷᠳᠠᠯᠭ᠎ᠠ ᠶᠤᠰᠤᠭ᠋ᠠᠷ ᠢᠯᠡ ᠪᠤᠯᠭ᠋ᠠᠬᠤ ᠵᠦᠢ᠍ᠯᠡᠰ᠎ᠢ ᠪᠦᠭᠦ ᠲᠠᠯ᠎ᠠ᠎ᠪᠠᠷ ᠡᠮᠬᠢᠯᠡᠨ ᠲᠢᠭᠯᠡᠵᠦ᠂ ᠢᠯᠠ ᠪᠤᠯᠭ᠋ᠠᠬᠤ ᠠᠭᠤᠯᠭ᠎ᠠ ᠵᠢ ᠨᠠᠷᠢᠯᠢᠨᠨᠵᠢᠭᠤᠯᠤᠨ᠂ ᠦᠷ᠎ᠡ ᠪᠦᠳᠦᠮᠵᠢ᠎ᠪᠠᠷ ᠦᠨᠳᠦᠷ᠂ ᠲᠦᠭᠦᠮ ᠲᠦᠳᠡ ᠢᠯᠠ ᠪᠤᠯᠭ᠋ᠠᠬᠤ ᠠᠷᠭ᠎ᠠ ᠬᠡᠯᠪᠡᠷᠢ ᠵᠢ ᠢᠳᠡᠪᠬᠢᠳᠡᠢ ᠰᠦᠪᠡᠭᠴᠢᠯᠡᠨ᠂ ᠤᠯᠠᠨ ᠲᠦᠮᠡᠨ᠎ᠤ ᠡᠷᠬᠡ ᠠᠰᠢᠭ ᠪᠠ ᠡᠭᠦᠷᠬᠡ᠎ᠳᠤ ᠬᠤᠯᠪᠤᠨᠨᠳᠠᠬᠤ ᠵᠠᠰᠠᠭ ᠵᠠᠬᠢᠷᠭ᠋ᠠᠨ᠎ᠤ ᠠᠵᠢᠯᠯᠠᠭ᠎ᠠ ᠪᠠ ᠦᠢ᠍ᠯᠡᠴᠢᠯᠡᠬᠡᠨ᠎ᠤ ᠵᠦᠢ᠍ᠯᠡᠰ᠎ᠢ ᠴᠠᠭ ᠲᠤᠬᠠᠢ᠎ᠲᠤᠨᠢ ᠤᠨᠤᠪᠴᠢᠳᠠᠢ᠎ᠪᠠᠷ ᠢᠯᠡ ᠪᠤᠯᠭ᠋ᠠᠵᠦ᠂ ᠤᠯᠠᠨ ᠲᠦᠮᠡᠨ᠎ᠳᠤ ᠤᠯᠵᠦ ᠬᠠᠷᠠᠬᠳᠠᠮᠠᠷ᠂ ᠤᠶ᠋ᠢᠯᠠᠭ᠋ᠠᠮᠵᠢ ᠰᠠᠶ᠋ᠢᠳᠠᠢ᠂ ᠲᠦᠭᠦᠮ ᠭᠦᠷᠳᠡᠬᠡᠮᠵᠢᠲᠠᠢ᠂ ᠬᠢᠨᠠᠯᠳᠠ ᠲᠠᠯᠪᠢᠭᠤᠯᠵᠦ ᠪᠤᠯᠬᠤᠶ᠋ᠢᠴᠠ᠂ ᠤᠷᠤᠯᠴᠠᠭᠤᠯᠬᠤ᠎ᠳᠤ ᠬᠢᠯᠪᠠᠷ ᠪᠠᠶ᠋ᠢᠯᠭ᠋ᠠᠨ᠂ ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠬᠠᠨᠳᠤᠯᠠᠭ᠋ᠠᠳᠤ ᠴᠢᠨᠠᠷ ᠪᠠ ᠪᠤᠳᠠᠳᠠᠢ ᠦᠷ᠎ᠡ ᠪᠦᠳᠦᠮᠵᠢᠳᠦ ᠴᠢᠨᠠᠷ᠎ᠢ ᠤᠯᠠᠮ ᠨᠢᠬᠡ ᠠᠯᠬᠤᠮ ᠲᠡᠬᠡᠭᠰᠢᠯᠡᠬᠦᠯᠦᠨ᠎ᠠ᠃
(ᠬᠤᠶᠠᠷ) ᠪᠠᠷᠢᠮᠵᠢᠶ᠎ᠠ᠎ᠪᠠᠷ ᠭᠦᠳᠦᠯᠦᠨ ᠲᠠᠭ᠋ᠠᠭᠤᠯᠬᠤ ᠵᠢ ᠴᠢᠩᠭ᠋ᠠᠷᠠᠭᠤᠯᠤᠨ᠎ᠠ᠃ ᠤᠯᠤᠰ᠎ᠤᠨ ᠡᠯ᠎ᠡ ᠰᠠᠯᠠᠭ᠎ᠠ ᠮᠦᠴᠢᠷ᠎ᠤᠨ ᠲᠤᠨᠨᠳᠠᠭ᠋ᠠᠨᠨᠰᠠᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠪᠠᠷᠢᠮᠵᠢᠶ᠎ᠠ᠎ᠲᠠᠢ ᠨᠢᠨᠨᠳᠠ ᠵᠤᠯᠭ᠋ᠠᠭᠤᠯᠵᠦ᠂ ᠦᠨᠳᠦᠰᠦᠨ ᠱᠠᠳᠤᠨ᠎ᠤ ᠠᠵᠢᠯ᠎ᠤᠨ ᠪᠤᠳᠠᠳᠠᠢ᠎ᠲᠠᠢ ᠤᠶᠠᠯᠳᠤᠭᠤᠯᠤᠨ᠂ ᠬᠡᠷᠡᠭᠯᠡᠭᠳᠡᠬᠦ᠎ᠪᠠᠷ ᠦᠷᠬᠡᠨ᠂ ᠰᠢᠨᠵᠢᠯᠡᠬᠦ ᠤᠬᠠᠭ᠋ᠠᠨᠴᠢ ᠴᠢᠨᠠᠷ ᠵᠶ᠋ᠠᠷ ᠦᠨᠳᠦᠷ᠂ ᠠᠵᠢᠯᠯᠠᠬᠤ ᠴᠢᠨᠠᠷ ᠵᠶ᠋ᠠᠷ ᠴᠢᠩᠭ᠎ᠠ ᠪᠤᠯᠬᠤ ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠦᠢ᠍ᠯᠡᠰ᠎ᠤᠨ ᠭᠠᠷᠴᠠᠭ᠂ ᠢᠯᠡ ᠪᠤᠯᠭ᠋ᠠᠬᠤ ᠪᠠᠷᠢᠮᠵᠢᠶ᠎ᠠ ᠪᠠ ᠢᠯᠡ ᠪᠤᠯᠭ᠋ᠠᠬᠤ ᠴᠤᠪᠤᠷᠠᠯ᠎ᠢ ᠨᠠᠶ᠋ᠢᠷᠠᠭᠤᠯᠤᠨ ᠵᠤᠬᠢᠶᠠᠵᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠨᠢᠬᠡᠳᠦᠯᠳᠡᠢ ᠪᠠᠷᠢᠮᠵᠢᠶ᠎ᠠ᠎ᠳᠤ ᠰᠢᠰᠲ᠋ᠧᠮᠵᠢ ᠵᠢ ᠰᠦᠪᠡᠭᠴᠢᠯᠡᠨ ᠪᠠᠶ᠋ᠢᠭᠤᠯᠵᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠬᠢᠬᠡᠳ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤᠯᠤᠭᠠ ᠤᠷᠭ᠋ᠠᠨᠢᠭ ᠵᠶ᠋ᠠᠷ ᠠᠭᠤᠰᠤᠯᠴᠠᠬᠤ ᠵᠢ ᠠᠬᠢᠭᠤᠯᠤᠨ᠂ ᠲᠤᠷᠰᠢᠯᠳᠠ ᠵᠢᠨ ᠠᠵᠢᠯ᠎ᠢ ᠢᠯᠭᠤᠮ ᠪᠡᠶᠡᠯᠡᠬᠦᠯᠵᠦ᠂ ᠡᠷᠳᠡᠬᠡᠨ ᠪᠤᠳᠠᠳᠠᠢ ᠪᠦᠳᠦᠮᠵᠢ ᠤᠯᠬᠤ ᠪᠤᠯᠭ᠋ᠠᠨ᠎ᠠ᠃
(ᠭᠤᠷᠪᠠ) ᠠᠵᠢᠯ᠎ᠤᠨ ᠬᠠᠮᠵᠢᠯᠴᠠᠭ᠎ᠠ ᠵᠢ ᠴᠢᠩᠭ᠋ᠠᠳᠬᠠᠨ᠎ᠠ᠃ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠨᠢ ᠦᠪᠡᠷᠳᠡᠬᠡᠨ ᠵᠠᠰᠠᠬᠤ ᠤᠷᠤᠨ᠎ᠤ ᠡᠯ᠎ᠡ ᠬᠠᠮᠢᠶ᠎ᠠ ᠪᠦᠭᠦᠢ ᠲᠤᠬᠠᠶ᠋ᠢᠯᠬᠠᠰᠠᠨ ᠠᠵᠢᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠲᠠᠢ ᠬᠠᠮᠳᠤᠷᠠᠯᠴᠠᠨ ᠲᠤᠷᠰᠢᠯᠳᠠ ᠵᠢᠨ ᠠᠵᠢᠯ᠎ᠤᠨ ᠬᠠᠮᠵᠢᠯᠴᠠᠵᠦ ᠵᠢᠯᠤᠭᠤᠳᠬᠤ ᠠᠵᠢᠯ᠎ᠤᠨ ᠲᠤᠨᠨᠳᠠᠴᠠ ᠵᠢ ᠪᠠᠶ᠋ᠢᠭᠤᠯᠵᠦ᠂ ᠠᠵᠢᠯ ᠵᠶ᠋ᠠᠨ ᠵᠤᠬᠢᠴᠠᠭᠤᠯᠬᠤ ᠪᠠ ᠪᠦᠭᠦ ᠲᠠᠯ᠎ᠠ᠎ᠪᠠᠷ ᠠᠬᠢᠭᠤᠯᠬᠤ ᠵᠢ ᠴᠢᠩᠭ᠋ᠠᠳᠬᠠᠨ᠂ ᠦᠪᠡᠷᠳᠡᠬᠡᠨ ᠵᠠᠰᠠᠬᠤ ᠤᠷᠤᠨ᠎ᠤ ᠡᠯ᠎ᠡ ᠬᠠᠮᠢᠶ᠎ᠠ ᠪᠦᠭᠦᠢ ᠲᠤᠬᠠᠶ᠋ᠢᠯᠬᠠᠰᠠᠨ ᠠᠵᠢᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠲᠤᠷᠰᠢᠯᠳᠠ ᠵᠢᠨ ᠨᠢᠬᠡᠴᠡ᠎ᠳᠤ ᠵᠢᠯᠤᠭᠤᠳᠬᠤ ᠠᠵᠢᠯ᠎ᠢ ᠰᠠᠶ᠋ᠢᠳᠤᠷ ᠬᠢᠵᠦ᠂ ᠲᠤᠷᠰᠢᠯᠳᠠ ᠬᠢᠭᠰᠡᠨ ᠰᠠᠭᠤᠷᠢᠨ᠎ᠳᠤ ᠦᠪᠡᠷᠳᠡᠬᠡᠨ ᠵᠠᠰᠠᠬᠤ ᠤᠷᠤᠨ᠎ᠤ ᠱᠠᠳᠤᠨ᠎ᠤ ᠨᠢᠬᠡᠳᠦᠯᠳᠡᠢ ᠪᠠᠷᠢᠮᠵᠢᠶᠠᠨ᠎ᠤ ᠵᠢᠷᠤᠮᠵᠢᠯ᠎ᠢ ᠪᠦᠷᠢᠯᠳᠦᠬᠦᠯᠦᠨ᠎ᠠ᠃
(ᠲᠦᠷᠪᠡ) ᠭᠤᠤᠯᠳᠠᠯᠭ᠎ᠠ᠎ᠲᠠᠢ᠎ᠪᠠᠷ ᠰᠢᠪᠳᠤᠯᠬᠤ ᠵᠢ ᠴᠢᠬᠤᠯᠠᠴᠢᠯᠠᠨ᠎ᠠ᠃ ᠲᠤᠷᠰᠢᠯᠳᠠ ᠵᠢᠨ ᠨᠢᠬᠡᠴᠡ᠎ᠨᠢ ᠬᠤᠳᠠ ᠭᠦᠳᠡᠭᠡ ᠵᠢᠨ ᠲᠦᠯᠦᠪᠵᠢᠬᠦᠯᠬᠡ᠂ ᠪᠦᠳᠦᠬᠡᠨ ᠪᠠᠶ᠋ᠢᠭᠤᠯᠤᠯᠳᠠ ᠵᠢᠨ ᠴᠢᠬᠤᠯᠠ ᠲᠦᠷᠦᠯ ᠵᠦᠢ᠍ᠯ᠂ ᠡᠳ᠋᠎ᠤᠨ ᠵᠠᠰᠠᠭ᠎ᠤᠨ ᠲᠦᠰᠦᠪ ᠪᠠ ᠲᠦᠰᠦᠪ᠎ᠤᠨ ᠭᠦᠢ᠍ᠴᠡᠳᠬᠡᠯ᠂ ᠭᠠᠶ᠋ᠢᠯᠢ ᠲᠠᠳᠠᠪᠤᠷᠢ ᠵᠢᠨ ᠬᠠᠮᠢᠶᠠᠷᠤᠯᠳᠠ᠂ ᠤᠷᠴᠢᠨ ᠲᠤᠭᠤᠷᠢᠨ᠎ᠤ ᠬᠠᠮᠠᠭ᠋ᠠᠯᠠᠯᠳᠠ᠂ ᠢᠳᠡᠬᠡᠨ ᠪᠠ ᠡᠮ᠎ᠤᠨ ᠵᠦᠢ᠍ᠯ᠎ᠤᠨ ᠬᠢᠨᠠᠯᠳᠠ ᠬᠠᠮᠢᠶᠠᠷᠤᠯᠳᠠ᠂ ᠠᠶᠤᠯ ᠦᠬᠡᠢ ᠦᠢ᠍ᠯᠡᠳᠪᠦᠷᠢᠯᠡᠯ᠂ ᠤᠯᠠᠨ ᠨᠡᠶ᠋ᠢᠳᠡ ᠵᠢᠨ ᠰᠤᠶᠤᠯ᠎ᠤᠨ ᠦᠢ᠍ᠯᠡᠴᠢᠯᠡᠭᠡ᠂ ᠤᠯᠠᠨ ᠨᠡᠶ᠋ᠢᠳᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡ ᠵᠡᠷᠬᠡ ᠪᠠᠷᠢᠮᠵᠢᠶᠠᠵᠢᠭᠤᠯᠵᠦ ᠵᠢᠷᠤᠮᠵᠢᠭᠤᠯᠬᠤ 9 ᠲᠠᠯ᠎ᠠ᠎ᠪᠠᠷ᠎ᠬᠢ ᠲᠤᠷᠰᠢᠯᠳᠠ ᠵᠢᠨ ᠠᠵᠢᠯ᠎ᠢ ᠰᠠᠶ᠋ᠢᠳᠤᠷ ᠬᠢᠬᠦ ᠵᠢᠨ ᠬᠠᠮᠳᠤ᠂ ᠪᠤᠳᠠᠳᠠᠢ᠎ᠲᠠᠢ᠎ᠪᠠᠨ ᠤᠶᠠᠯᠳᠤᠭᠤᠯᠤᠨ ᠬᠠᠮᠢᠶ᠎ᠠ ᠪᠦᠭᠦᠢ ᠠᠭᠤᠯᠭ᠎ᠠ ᠵᠢ ᠵᠤᠬᠢᠰᠳᠠᠢ ᠨᠡᠮᠡᠵᠦ ᠪᠤᠯᠤᠨ᠎ᠠ᠃ ᠤᠯᠤᠰ᠎ᠠᠴᠠ ᠲᠤᠬᠢᠷᠠᠭᠤᠯᠤᠨᠨᠰᠠᠨ ᠲᠤᠷᠰᠢᠯᠳᠠ ᠵᠢᠨ ᠡᠭᠦᠷᠬᠡ ᠵᠢ ᠦᠨᠳᠦᠷ ᠬᠢᠷᠢ ᠬᠡᠮᠵᠢᠶ᠎ᠡ᠎ᠲᠠᠢ᠎ᠪᠠᠷ ᠪᠡᠶᠡᠯᠡᠬᠦᠯᠬᠦ ᠮᠦᠷᠳᠡᠬᠡᠨ ᠵᠤᠬᠢᠬᠤ ᠬᠡᠮᠵᠢᠶ᠎ᠡ᠎ᠪᠠᠷ ᠤᠷᠢᠳᠴᠢᠯᠠᠬᠤ ᠪᠠ ᠵᠤᠷᠢᠨᠨᠳᠠᠢ᠎ᠪᠠᠷ ᠰᠢᠨ᠎ᠠ ᠵᠢ ᠡᠭᠦᠳᠴᠤ᠂ ᠲᠤᠷᠰᠢᠯᠭ᠎ᠠ᠎ᠪᠠᠨ ᠲᠠᠰᠤᠷᠠᠯᠳᠠ ᠦᠬᠡᠢ ᠳ᠋ᠦ᠍ᠢ᠍ᠩᠨᠡᠨ᠂ ᠲᠤᠷᠰᠢᠯᠳᠠ ᠵᠢᠨ ᠠᠵᠢᠯ ᠵᠶ᠋ᠠᠷ ᠪᠦᠭᠦ ᠤᠷᠤᠨ᠎ᠤ ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠪᠦᠭᠦᠯᠢ ᠴᠤᠨᠨᠴᠠ᠎ᠪᠠᠷ ᠲᠡᠬᠡᠭᠰᠢᠯᠡᠬᠦᠯᠦᠨ᠎ᠠ᠃
(ᠲᠠᠪᠤ) ᠬᠤᠭᠤᠴᠠᠭ᠎ᠠ ᠶᠤᠰᠤᠭ᠋ᠠᠷ ᠠᠯᠬᠤᠮ ᠬᠤᠪᠢᠶᠠᠵᠦ ᠬᠡᠷᠡᠭᠵᠢᠭᠦᠯᠦᠨ᠎ᠡ᠃ 《ᠶᠡᠷᠦᠩᠬᠡᠢ ᠴᠤᠨᠨᠴᠠ᠎ᠪᠠᠷ ᠲᠦᠯᠦᠪᠵᠢᠬᠦᠯᠬᠦ᠂ ᠠᠯᠬᠤᠮ ᠬᠤᠪᠢᠶᠠᠵᠦ ᠬᠡᠷᠡᠭᠵᠢᠬᠦᠯᠬᠦ》 ᠵᠠᠷᠴᠢᠮ ᠶᠤᠰᠤᠭ᠋ᠠᠷ᠂ ᠡᠯ᠎ᠡ ᠲᠤᠨᠨᠳ᠋ᠬᠠᠰᠠᠨ ᠬᠤᠭᠤᠴᠠᠭ᠋ᠠᠨ᠎ᠤ ᠭᠤᠤᠯ ᠠᠵᠢᠯ᠎ᠤᠨ ᠬᠠᠷᠠᠯᠳᠠ ᠪᠠ ᠪᠤᠳᠠᠳᠠᠢ ᠠᠷᠭ᠎ᠠ ᠪᠠᠷᠢᠯ᠎ᠢ ᠰᠠᠶ᠋ᠢᠳᠤᠷ ᠲᠤᠨᠨᠳᠠᠭ᠋ᠠᠨ᠂ ᠨᠠᠷᠢᠨ ᠨᠢᠮᠪᠠᠢ ᠵᠤᠬᠢᠶᠠᠨ ᠪᠠᠶ᠋ᠢᠭᠤᠯᠵᠦ᠂ ᠡᠮᠬᠢ ᠵᠢᠷᠤᠮ᠎ᠲᠠᠢ ᠠᠬᠢᠭᠤᠯᠤᠨ᠎ᠠ᠃
ᠭᠤᠷᠪᠠ᠂ ᠲᠤᠷᠰᠢᠯᠳᠠ ᠵᠢᠨ ᠨᠢᠬᠡᠴᠡ
ᠲᠦᠷᠦ ᠠᠯᠪᠠᠨ ᠲᠠᠷᠬᠠᠭ᠋ᠠᠨᠨᠰᠠᠨ [2017] 42 ᠳ᠋ᠤᠭ᠋ᠠᠷ ᠲᠤᠭ᠋ᠠᠳᠤ ᠪᠢᠴᠢᠭ ᠮᠠᠲ᠋ᠧᠷᠢᠶᠠᠯ᠎ᠤᠨ ᠱᠠᠭ᠋ᠠᠷᠳᠠᠯᠭ᠎ᠠ ᠶᠤᠰᠤᠭ᠋ᠠᠷ᠂ ᠭᠦᠬᠡᠬᠤᠳᠠ ᠵᠢᠨ ᠰᠢᠨ᠎ᠠ ᠬᠤᠳᠠ ᠲᠤᠭᠤᠷᠢᠭ᠂ ᠪᠤᠭᠤᠳᠤ ᠵᠢᠨ ᠬᠤᠪᠤᠷ ᠰᠢᠷᠤᠢ ᠵᠢᠨ ᠲᠡᠬᠡᠳᠦ ᠰᠢᠨ᠎ᠠ ᠮᠡᠷᠬᠡᠵᠢᠯ᠎ᠤᠨ ᠠᠵᠦ ᠦᠢ᠍ᠯᠡᠰ᠎ᠤᠨ ᠲᠤᠭᠤᠷᠢᠭ᠂ ᠬᠢᠩᠭ᠋ᠠᠨ ᠠᠶ᠋ᠢᠮᠠᠭ᠎ᠤᠨ ᠤᠯᠠᠭ᠋ᠠᠨᠬᠤᠳᠠ᠂ ᠲᠦᠩᠯᠢᠶᠤᠤ ᠬᠤᠳᠠ ᠵᠢᠨ ᠺᠠᠶ᠋ᠢᠯᠤ ᠰᠢᠶᠠᠨ᠂ ᠤᠯᠠᠭ᠋ᠠᠨᠬᠠᠳᠠ ᠵᠢᠨ ᠬᠡᠰᠢᠭᠳᠡᠨ ᠬᠤᠰᠢᠭᠤ᠂ ᠰᠢᠯᠢ ᠵᠢᠨ ᠭᠤᠤᠯ ᠠᠶ᠋ᠢᠮᠠᠭ᠎ᠤᠨ ᠭᠦᠪᠡᠬᠡᠳᠦ ᠰᠢᠷ᠎ᠠ ᠬᠤᠰᠢᠭᠤ᠂ ᠦᠬᠠᠢ ᠬᠤᠳᠠ ᠵᠢᠨ ᠬᠠᠶ᠋ᠢᠷᠤᠪ᠎ᠤᠨ ᠲᠤᠬᠤᠢ ᠲᠤᠭᠤᠷᠢᠭ ᠵᠡᠷᠬᠡ 7 ᠬᠤᠰᠢᠭᠤ ᠰᠢᠶᠠᠨ (ᠬᠤᠳᠠ᠂ ᠲᠤᠭᠤᠷᠢᠭ)᠎ᠢ ᠲᠤᠷᠰᠢᠯᠳᠠ ᠵᠢᠨ ᠨᠢᠬᠡᠴᠡ ᠪᠤᠯᠭ᠋ᠠᠨ᠎ᠠ᠃
ᠲᠦᠷᠪᠡ᠂ ᠲᠤᠷᠰᠢᠯᠳᠠ ᠵᠢᠨ ᠬᠠᠷᠠᠯᠳᠠ
2018 ᠤᠨ᠎ᠤ 8 ᠳ᠋ᠤᠭ᠋ᠠᠷ ᠰᠠᠷ᠎ᠠ ᠵᠢᠨ ᠰᠡᠬᠦᠯᠴᠢ᠎ᠠᠴᠠ ᠡᠮᠤᠨ᠎ᠠ᠂ ᠲᠤᠷᠰᠢᠯᠳᠠ ᠵᠢᠨ 7 ᠨᠢᠬᠡᠴᠡ᠎ᠨᠢ ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠪᠠᠷᠢᠮᠵᠢᠶᠠᠵᠢᠭᠤᠯᠵᠦ ᠵᠢᠷᠤᠮᠵᠢᠭᠤᠯᠬᠤ ᠲᠤᠷᠰᠢᠯᠳᠠ ᠵᠢᠨ ᠡᠭᠦᠷᠬᠡ ᠵᠢ ᠪᠡᠶᠡᠯᠡᠬᠦᠯᠵᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠬᠢᠷᠢ ᠬᠡᠮᠵᠢᠶ᠎ᠡ ᠵᠢ ᠪᠦᠳᠦᠮᠵᠢᠳᠡᠢ ᠲᠡᠬᠡᠭᠰᠢᠯᠡᠬᠦᠯᠦᠨ᠂ ᠵᠢᠷᠤᠮᠯᠠᠨ ᠲᠠᠭ᠋ᠠᠵᠦ ᠪᠤᠯᠬᠤᠶ᠋ᠢᠴᠠ᠂ ᠲᠡᠯᠬᠡᠷᠡᠭᠦᠯᠦᠨ ᠬᠡᠷᠡᠭᠵᠢᠬᠦᠯᠵᠦ ᠪᠤᠯᠬᠤᠶ᠋ᠢᠴᠠ᠂ ᠰᠢᠯᠭ᠋ᠠᠨ ᠬᠢᠨᠠᠵᠦ ᠪᠤᠯᠬᠤᠶ᠋ᠢᠴᠠ ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠪᠠᠷᠢᠮᠵᠢᠶ᠎ᠠ ᠪᠠ ᠵᠢᠷᠤᠮᠵᠢᠯ᠎ᠢ ᠪᠦᠷᠢᠯᠳᠦᠬᠦᠯᠬᠦ ᠵᠢᠨ ᠬᠠᠮᠳᠤ᠂ ᠲᠤᠷᠰᠢᠯᠳᠠ ᠵᠢᠨ ᠲᠤᠷᠰᠢᠯᠭ᠎ᠠ ᠪᠠ ᠠᠷᠭ᠎ᠠ ᠬᠢᠳᠡᠯ ᠵᠶ᠋ᠠᠨ ᠬᠤᠷᠢᠶᠠᠩᠭᠤᠶ᠋ᠢᠯᠠᠨ᠂ ᠴᠢᠬ ᠵᠶ᠋ᠠᠷ ᠨᠡᠶ᠋ᠢᠳᠡᠮ᠎ᠢ ᠲᠠᠭ᠋ᠠᠭᠤᠯᠵᠦ᠂ ᠪᠦᠭᠦ ᠤᠯᠤᠰ ᠪᠠ ᠮᠠᠨ᠎ᠤ ᠤᠷᠤᠨ᠎ᠳᠠᠬᠢ ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠦᠷᠭᠦᠯᠵᠢᠯᠡᠨ ᠠᠬᠢᠭᠤᠯᠬᠤ᠎ᠳᠤ ᠵᠢᠱ᠌ᠢᠶ᠎ᠡ ᠦᠵᠡᠬᠦᠯᠬᠦ ᠦᠷ᠎ᠡ ᠨᠦᠯᠦᠬᠡ ᠵᠢ ᠪᠠᠳᠠᠷᠠᠭᠤᠯᠤᠨ᠂ ᠯᠠᠪᠯᠠᠯᠳᠠ ᠪᠤᠯᠭ᠋ᠠᠬᠤ ᠲᠤᠷᠰᠢᠯᠭ᠎ᠠ ᠬᠠᠩᠭ᠋ᠠᠨ᠎ᠠ᠃
ᠲᠠᠪᠤ᠂ ᠭᠤᠤᠯᠳᠠᠯᠭ᠎ᠠ᠎ᠲᠠᠢ ᠡᠭᠦᠷᠬᠡ
(ᠨᠢᠬᠡ) ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠦᠢ᠍ᠯᠡᠰ᠎ᠢ ᠡᠮᠬᠢᠯᠡᠨ ᠲᠢᠭᠯᠡᠨ᠎ᠡ᠃ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠨᠢ ᠦᠪᠡᠷᠳᠡᠬᠡᠨ ᠵᠠᠰᠠᠬᠤ ᠤᠷᠤᠨ᠎ᠤ ᠬᠠᠮᠢᠶ᠎ᠠ ᠪᠦᠭᠦᠢ ᠰᠠᠯᠠᠭ᠎ᠠ ᠮᠦᠴᠢᠷ᠎ᠲᠠᠢ ᠬᠠᠮᠳᠤᠷᠠᠯᠴᠠᠨ ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠦᠢ᠍ᠯᠡᠰ᠎ᠤᠨ ᠪᠠᠷᠢᠮᠵᠢᠶ᠎ᠠ ᠵᠢᠨ ᠭᠠᠷᠴᠠᠭ ᠵᠢᠴᠢ ᠢᠯᠠ ᠪᠤᠯᠭ᠋ᠠᠬᠤ ᠴᠤᠪᠤᠷᠠᠯ᠎ᠢ ᠡᠮᠬᠢᠯᠡᠨ ᠲᠢᠭᠯᠡᠬᠦ ᠵᠢᠷᠤᠮᠵᠢᠯ᠎ᠢ ᠵᠤᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠤᠬᠢᠶᠠᠵᠦ᠂ ᠬᠠᠮᠢᠶ᠎ᠠ ᠪᠦᠭᠦᠢ ᠡᠮᠬᠢᠯᠡᠨ ᠲᠢᠭᠯᠡᠬᠦ ᠠᠵᠢᠯ᠎ᠳᠤ ᠵᠢᠯᠤᠭᠤᠳᠤᠮᠵᠢ ᠬᠠᠩᠭ᠋ᠠᠨ᠎ᠠ᠃ ᠡᠯ᠎ᠡ ᠲᠤᠷᠰᠢᠯᠳᠠ ᠵᠢᠨ ᠨᠢᠬᠡᠴᠡ᠎ᠨᠢ ᠮᠦᠨᠬᠦ ᠲᠤᠷᠰᠢᠯᠳᠠ ᠵᠢᠨ ᠴᠠᠷᠠᠭ᠋ᠠᠨ᠎ᠳᠤ ᠬᠤᠯᠪᠤᠨᠨᠳ᠋ᠬᠠᠰᠠᠨ ᠢᠯᠠ ᠪᠤᠯᠭ᠋ᠠᠬᠤ ᠵᠦᠢ᠍ᠯᠡᠰ᠎ᠲᠤ ᠬᠠᠨᠳᠤᠭᠤᠯᠤᠨ᠂ ᠡᠷᠬᠡ ᠬᠠᠷᠢᠭᠤᠴᠠᠯᠭ᠎ᠠ ᠵᠢᠨ ᠨᠠᠷᠢᠨ ᠬᠠᠭᠤᠳᠠᠰᠤ ᠪᠠ ᠤᠯᠠᠨ ᠨᠡᠶ᠋ᠢᠳᠡ ᠵᠢᠨ ᠦᠢ᠍ᠯᠡᠴᠢᠯᠡᠬᠡᠨ᠎ᠤ ᠵᠦᠢ᠍ᠯᠡᠰ᠎ᠢ ᠦᠨᠳᠦᠰᠦᠯᠡᠵᠦ ᠪᠦᠭᠦ ᠲᠡᠯ᠎ᠡ᠎ᠪᠠᠷ ᠡᠮᠬᠢᠯᠡᠨ ᠲᠢᠭᠯᠡᠬᠦ ᠵᠢᠨ ᠬᠠᠮᠳᠤ᠂ ᠵᠤᠷᠪᠤᠰ᠎ᠤᠨ ᠠᠷᠭ᠎ᠠ ᠬᠡᠯᠪᠡᠷᠢ ᠶᠤᠰᠤᠭ᠋ᠠᠷ ᠵᠦᠢ᠍ᠯ ᠲᠠᠷᠠᠭ᠋ᠠᠯᠠᠨ ᠨᠠᠷᠢᠯᠢᠨᠨᠵᠢᠭᠤᠯᠤᠨ ᠲᠦᠷᠦᠯ ᠬᠤᠪᠢᠶᠠᠵᠦ᠂ ᠢᠯᠡ ᠪᠤᠯᠭ᠋ᠠᠬᠤ ᠵᠦᠢ᠍ᠯᠡᠰ᠎ᠤᠨ ᠲᠦᠷᠦᠯ ᠠᠩᠬᠢᠯᠠᠯᠳᠠᠨᠢ ᠰᠢᠨᠵᠢᠯᠡᠬᠦ ᠤᠬᠠᠭ᠋ᠠᠨᠴᠢ᠂ ᠨᠡᠷᠡᠶ᠋ᠢᠳᠦᠯ᠎ᠨᠢ ᠵᠢᠷᠤᠮᠵᠢᠯ᠎ᠲᠠᠢ᠂ ᠵᠢᠭ᠋ᠠᠯᠳᠠ᠎ᠨᠢ ᠲᠤᠳᠤᠷᠬᠠᠢ ᠪᠠᠶ᠋ᠢᠬᠤ ᠵᠢ ᠦᠨᠡᠨᠬᠦ ᠪᠠᠳᠤᠯᠠᠨ᠎ᠠ᠃
(ᠬᠤᠶᠠᠷ) ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠦᠢ᠍ᠯᠡᠰ᠎ᠤᠨ ᠪᠠᠷᠢᠮᠵᠢᠶ᠎ᠠ ᠵᠢ ᠨᠠᠶ᠋ᠢᠷᠠᠭᠤᠯᠤᠨ ᠵᠤᠬᠢᠶᠠᠨ᠎ᠠ᠃ ᠲᠤᠷᠰᠢᠯᠳᠠ ᠵᠢᠨ ᠨᠢᠬᠡᠴᠡ᠎ᠨᠢ ᠪᠦᠭᠦ ᠲᠠᠯ᠎ᠠ᠎ᠪᠠᠷ ᠡᠮᠬᠢᠯᠡᠨ ᠲᠢᠭᠯᠡᠵᠦ ᠨᠠᠷᠢᠯᠢᠨᠨᠵᠢᠭᠤᠯᠤᠨᠨᠰᠠᠨ ᠰᠠᠭᠤᠷᠢᠨ᠎ᠳᠤ᠂ ᠪᠤᠳᠠᠳᠠᠢ ᠵᠦᠢ᠍ᠯᠡᠰ ᠪᠦᠷᠢ ᠵᠢᠨ ᠢᠯᠡ ᠨᠡᠶ᠋ᠢᠳᠡᠯᠡᠬᠦ ᠪᠠᠷᠢᠮᠵᠢᠶ᠎ᠠ ᠵᠢ ᠵᠦᠢ᠍ᠯ ᠲᠠᠷᠠᠭ᠋ᠠᠯᠠᠨ ᠲᠤᠨᠨᠳᠠᠭ᠋ᠠᠨ᠎ᠠ᠂ ᠡᠭᠦᠨ᠎ᠳᠤ ᠢᠯᠡ ᠪᠤᠯᠭ᠋ᠠᠬᠤ ᠵᠦᠢ᠍ᠯᠡᠰ᠎ᠤᠨ ᠨᠡᠷᠡᠶ᠋ᠢᠳᠦᠯ᠂ ᠦᠨᠳᠦᠰᠦᠯᠡᠯ ᠵᠢᠴᠢ ᠢᠯᠠ ᠪᠤᠯᠭ᠋ᠠᠬᠤ ᠴᠢᠬᠤᠯᠠᠳᠠᠢ ᠠᠭᠤᠯᠭ᠎ᠠ᠂ ᠭᠤᠤᠯ ᠴᠤᠨᠨᠴᠠ᠂ ᠴᠠᠭ᠎ᠤᠨ ᠬᠢᠵᠠᠭ᠋ᠠᠷ᠂ ᠠᠷᠭ᠎ᠠ ᠮᠠᠶᠢᠭ ᠵᠡᠷᠬᠡ ᠭᠦᠴᠦᠨ ᠵᠦᠢ᠍ᠯ᠎ᠢ ᠪᠠᠭᠳᠠᠭ᠋ᠠᠨ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠦᠢ᠍ᠯᠡᠰ᠎ᠤᠨ ᠪᠠᠷᠢᠮᠵᠢᠶ᠎ᠠ ᠵᠢᠨ ᠭᠠᠷᠴᠠᠭ᠎ᠢ ᠬᠤᠷᠢᠶᠠᠩᠭᠤᠶ᠋ᠢᠯᠠᠵᠦ ᠨᠠᠶ᠋ᠢᠷᠠᠭᠤᠯᠤᠨ ᠵᠤᠬᠢᠶᠠᠬᠤ ᠵᠢᠨ ᠬᠠᠮᠳᠤ᠂ ᠭᠦᠳᠡᠯᠦᠩᠬᠦᠢ᠎ᠪᠠᠷ ᠲᠤᠬᠢᠷᠠᠭᠤᠯᠬᠤ ᠵᠢ ᠬᠡᠷᠡᠭᠵᠢᠭᠦᠯᠦᠨ᠎ᠡ᠃ ᠦᠪᠡᠷᠳᠡᠬᠡᠨ ᠵᠠᠰᠠᠬᠤ ᠤᠷᠤᠨ᠎ᠤ ᠡᠯ᠎ᠡ ᠬᠠᠮᠢᠶ᠎ᠠ ᠪᠦᠭᠦᠢ ᠲᠤᠬᠠᠶ᠋ᠢᠯᠬᠠᠰᠠᠨ ᠠᠵᠢᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠨᠠᠶ᠋ᠢᠷᠠᠭᠤᠯᠤᠨ ᠵᠤᠬᠢᠶᠠᠬᠤ ᠠᠵᠢᠯ᠎ᠢ ᠵᠢᠭ᠋ᠠᠨ ᠵᠢᠯᠤᠭᠤᠳᠬᠤ᠎ᠪᠠᠨ ᠴᠢᠩᠭ᠋ᠠᠳᠬᠠᠵᠦ᠂ ᠡᠯ᠎ᠡ ᠲᠤᠷᠰᠢᠯᠳᠠ ᠵᠢᠨ ᠨᠢᠬᠡᠴᠡ᠎ᠨᠢ ᠰᠠᠨᠠᠭ᠋ᠠᠴᠢᠯᠠᠭ᠎ᠠ᠎ᠠᠴᠠ᠎ᠪᠠᠨ ᠤᠶ᠋ᠢᠯᠠᠭ᠋ᠠᠯᠴᠠᠵᠦ ᠬᠠᠮᠳᠤᠷᠠᠯᠴᠠᠨ᠂ ᠲᠤᠷᠰᠢᠯᠳᠠ ᠵᠢᠨ ᠠᠵᠢᠯ ᠵᠶ᠋ᠠᠷ ᠲᠠᠮᠵᠢᠭᠤᠯᠤᠨ ᠪᠠᠷᠢᠮᠵᠢᠶ᠎ᠠ ᠵᠢ ᠲᠠᠰᠤᠷᠠᠯᠳᠠ ᠦᠬᠡᠢ ᠰᠢᠯᠭ᠋ᠠᠨ ᠪᠠᠶ᠋ᠢᠴᠠᠭ᠋ᠠᠵᠦ᠂ ᠲᠡᠭᠦᠯᠳᠡᠷᠵᠢᠭᠦᠯᠦᠨ᠎ᠠ᠃
(ᠭᠤᠷᠪᠠ) ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠴᠤᠪᠤᠷᠠᠯ᠎ᠢ ᠵᠢᠷᠤᠮᠵᠢᠭᠤᠯᠤᠨ᠎ᠠ᠃ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠦᠢ᠍ᠯᠡᠰ᠎ᠤᠨ ᠪᠠᠷᠢᠮᠵᠢᠶ᠎ᠠ ᠵᠢ ᠨᠠᠶ᠋ᠢᠷᠠᠭᠤᠯᠤᠨ ᠵᠤᠬᠢᠶᠠᠬᠤ ᠵᠢᠨ ᠬᠠᠮᠳᠤ᠂ ᠵᠠᠰᠠᠭ᠎ᠤᠨ ᠤᠷᠳᠤᠨ᠎ᠤ ᠡᠭᠦᠷᠬᠡ ᠴᠢᠳᠠᠪᠤᠷᠢ ᠵᠢ ᠬᠤᠪᠢᠷᠠᠭᠤᠯᠬᠤ ᠪᠠ 《ᠲᠠᠪᠤ ᠵᠢ ᠢᠯᠡ ᠪᠤᠯᠭ᠋ᠠᠬᠤ》 ᠵᠢ ᠠᠬᠢᠭᠤᠯᠬᠤ ᠱᠠᠭ᠋ᠠᠷᠳᠠᠯᠭ᠎ᠠ ᠶᠤᠰᠤᠭ᠋ᠠᠷ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠴᠤᠪᠤᠷᠠᠯ᠎ᠢ ᠪᠦᠭᠦ ᠲᠠᠯ᠎ᠠ᠎ᠪᠠᠷ ᠡᠮᠬᠢᠯᠡᠨ ᠲᠢᠭᠯᠡᠬᠦ ᠪᠠ ᠰᠢᠯᠢᠳᠡᠭᠵᠢᠬᠦᠯᠵᠦ᠂ ᠠᠵᠢᠯ᠎ᠤᠨ ᠲᠤᠨᠨᠳᠠᠴᠠ ᠵᠢ ᠪᠦᠷᠢᠨᠰᠢᠬᠦᠯᠦᠨ᠂ 《ᠲᠠᠪᠤ ᠵᠢ ᠢᠯᠡ ᠪᠤᠯᠭ᠋ᠠᠬᠤ》 ᠠᠵᠢᠯ᠎ᠤᠨ ᠱᠠᠭ᠋ᠠᠷᠳᠠᠯᠭ᠎ᠠ ᠵᠢ ᠪᠢᠴᠢᠭ ᠮᠠᠲ᠋ᠧᠷᠢᠶᠠᠯ ᠭᠦᠢ᠍ᠴᠡᠳᠬᠡᠬᠦ᠂ ᠬᠤᠷᠠᠯ᠎ᠤᠨ ᠶᠠᠪᠤᠳᠠᠯ ᠭᠦᠢ᠍ᠴᠡᠳᠬᠡᠬᠦ ᠶᠠᠪᠤᠴᠠ᠎ᠳᠤ ᠪᠤᠳᠠᠳᠠᠢ ᠨᠠᠶ᠋ᠢᠳᠠᠪᠤᠷᠢᠵᠢᠭᠤᠯᠵᠦ᠂ ᠨᠡᠶ᠋ᠢᠳᠡᠯᠡᠬᠦ᠂ ᠲᠠᠶ᠋ᠢᠯᠪᠤᠷᠢᠯᠠᠬᠤ᠂ ᠬᠠᠷᠢᠭᠤ ᠦᠭᠭᠦ ᠵᠢ ᠠᠯᠬᠤᠮ ᠲᠠᠷᠠᠭ᠎ᠠ᠎ᠲᠠᠢ ᠵᠤᠯᠭ᠋ᠠᠭᠤᠯᠬᠤ ᠵᠢ ᠠᠬᠢᠭᠤᠯᠤᠨ᠎ᠠ᠃
(ᠲᠦᠷᠪᠡ) ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠷᠭ᠎ᠠ ᠮᠠᠶᠢᠬ᠎ᠢ ᠲᠡᠭᠦᠯᠳᠡᠷᠵᠢᠭᠦᠯᠦᠨ᠎ᠠ᠃ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ 《ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢᠨ ᠭᠦᠭᠵᠢᠯᠳᠡ ᠵᠢᠨ ᠵᠢᠯᠤᠭᠤᠳᠤᠮᠵᠢ》 (ᠲᠦᠷᠦ ᠠᠯᠪᠠᠨ ᠲᠠᠷᠬᠠᠭ᠋ᠠᠨᠨᠰᠠᠨ [2017] 47 ᠳ᠋ᠤᠭ᠋ᠠᠷ ᠲᠤᠭ᠋ᠠᠳᠤ ᠪᠢᠴᠢᠭ ᠮᠠᠲ᠋ᠧᠷᠢᠶᠠᠯ) ᠵᠡᠷᠬᠡ ᠬᠠᠮᠢᠶ᠎ᠠ ᠪᠦᠭᠦᠢ ᠱᠠᠭ᠋ᠠᠷᠳᠠᠯᠭ᠎ᠠ ᠶᠤᠰᠤᠭ᠋ᠠᠷ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠲᠡᠪᠴᠡᠩ᠎ᠢ ᠪᠠᠷᠢᠮᠵᠢᠶᠠᠵᠢᠭᠤᠯᠵᠦ ᠵᠢᠷᠤᠮᠵᠢᠭᠤᠯᠬᠤ ᠵᠢ ᠲᠦᠷᠬᠡᠳᠬᠡᠨ ᠠᠬᠢᠭᠤᠯᠵᠦ᠂ ᠵᠠᠰᠠᠭ᠎ᠤᠨ ᠤᠷᠳᠤᠨ᠎ᠤ ᠰᠦᠯᠵᠢᠶᠡᠨ ᠦᠷᠳᠡᠬᠡᠨ᠎ᠤ ᠠᠭᠤᠯᠭ᠎ᠠ ᠵᠢᠨ ᠪᠠᠶ᠋ᠢᠭᠤᠯᠤᠯᠳᠠ ᠪᠠ ᠬᠠᠮᠢᠶᠠᠷᠤᠯᠳᠠ ᠵᠢ ᠴᠢᠩᠭ᠋ᠠᠳᠬᠠᠨ᠂ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢᠨ ᠮᠡᠳᠡᠭᠡ ᠵᠠᠩᠬᠢ ᠵᠢ ᠢᠯᠡ ᠪᠤᠯᠭ᠋ᠠᠬᠤ ᠲᠡᠷᠢᠬᠦᠨ ᠲᠡᠪᠴᠡᠩ᠎ᠤᠨ ᠦᠢ᠍ᠯᠡᠳᠦᠯ᠎ᠢ ᠪᠠᠳᠠᠷᠠᠭᠤᠯᠤᠨ᠎ᠠ᠃ ᠦᠨᠳᠦᠰᠦᠨ ᠱᠠᠳᠤᠨ᠎ᠤ ᠪᠤᠳᠠᠳᠠᠢ ᠪᠠᠶ᠋ᠢᠳᠠᠯ᠎ᠢ ᠦᠨᠳᠦᠰᠦᠯᠡᠵᠦ᠂ ᠵᠠᠰᠠᠭ᠎ᠤᠨ ᠶᠠᠪᠤᠳᠠᠯ᠎ᠤᠨ ᠰᠢᠨ᠎ᠠ ᠵᠠᠭᠤᠴᠢᠯᠠᠭᠤᠷ᠂ ᠷᠠᠳᠢᠤ᠋᠂ ᠲᠧᠯᠸᠢᠰ᠂ ᠰᠤᠨᠢᠨ᠂ ᠢᠯᠡ᠎ᠪᠠᠷ ᠵᠠᠷᠯᠠᠬᠤ ᠰᠠᠮᠪᠠᠷ᠎ᠠ ᠵᠡᠷᠬᠡ ᠲᠡᠪᠴᠡᠩ ᠪᠠ ᠠᠵᠢᠯ ᠶᠠᠪᠤᠳᠠᠯ ᠭᠦᠢ᠍ᠴᠡᠳᠬᠡᠬᠦ ᠲᠢᠩᠬᠢᠮ᠂ ᠠᠷᠠᠳ᠎ᠲᠤ ᠲᠦᠭᠦᠮ ᠦᠵᠡᠬᠦᠯᠬᠦ ᠴᠤᠩᠬᠤᠪᠴᠢ ᠵᠡᠷᠬᠡ ᠲᠠᠯᠠᠪᠤᠷ ᠭᠠᠵᠠᠷ᠎ᠢ ᠶᠡᠷᠦᠩᠬᠡᠶ᠋ᠢᠯᠡᠨ ᠠᠰᠢᠨᠨᠯᠠᠵᠦ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠬᠢ ᠵᠢ ᠤᠯᠠᠨ ᠠᠷᠭ᠎ᠠ ᠵᠠᠮ ᠵᠶ᠋ᠠᠷ ᠨᠡᠶ᠋ᠢᠳᠡᠯᠡᠨ᠂ ᠨᠡᠶ᠋ᠢᠳᠡ ᠤᠯᠠᠨ᠎ᠤ ᠬᠠᠶ᠋ᠢᠵᠦ ᠯᠠᠪᠯᠠᠬᠤ ᠪᠠ ᠤᠯᠵᠦ ᠭᠦᠷᠳᠡᠬᠦ᠎ᠳᠤ ᠲᠦᠭᠦᠮ ᠦᠵᠡᠬᠦᠯᠦᠨ᠎ᠠ᠃
ᠵᠢᠷᠭᠤᠭ᠎ᠠ᠂ ᠠᠵᠢᠯ᠎ᠤᠨ ᠠᠬᠢᠴᠠ
(ᠨᠢᠬᠡ) ᠬᠡᠷᠡᠭᠵᠢᠬᠦᠯᠬᠦ ᠲᠦᠰᠦᠯ᠎ᠢ ᠲᠤᠨᠨᠳᠠᠭ᠋ᠠᠨ᠎ᠠ᠃ ᠡᠯ᠎ᠡ ᠲᠤᠷᠰᠢᠯᠳᠠ ᠵᠢᠨ ᠨᠢᠬᠡᠴᠡ᠎ᠨᠢ ᠪᠤᠳᠠᠳᠠᠢ᠎ᠲᠠᠢ᠎ᠪᠠᠨ ᠤᠶᠠᠯᠳᠤᠭᠤᠯᠤᠨ ᠪᠤᠳᠠᠳᠠᠢ ᠬᠡᠷᠡᠭᠵᠢᠬᠦᠯᠬᠦ ᠲᠦᠰᠦᠯ᠎ᠢ ᠱᠠᠯᠠᠪᠳᠠᠨ ᠲᠤᠨᠨᠳᠠᠭ᠋ᠠᠵᠦ᠂ ᠡᠭᠦᠷᠬᠡ ᠪᠠ ᠠᠷᠭ᠎ᠠ ᠠᠪᠴᠢᠯ᠎ᠢ ᠨᠠᠷᠢᠯᠢᠨᠨᠵᠢᠭᠤᠯᠬᠤ ᠵᠢᠨ ᠬᠠᠮᠳᠤ᠂ 2017 ᠤᠨ᠎ᠤ 9 ᠳ᠋ᠤᠬᠡᠷ ᠰᠠᠷ᠎ᠠ ᠵᠢᠨ ᠰᠡᠬᠦᠯᠴᠢ᠎ᠠᠴᠠ ᠡᠮᠤᠨ᠎ᠠ ᠲᠦᠰᠦᠯ᠎ᠢ᠎ᠪᠠᠨ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠳᠤ ᠭᠦᠷᠬᠡᠨ ᠮᠡᠳᠡᠬᠦᠯᠵᠦ ᠪᠦᠷᠢᠳᠬᠡᠨ ᠲᠠᠩᠰᠠᠯᠠᠭᠤᠯᠤᠨ᠎ᠠ᠃
(ᠬᠤᠶᠠᠷ) ᠲᠤᠷᠰᠢᠯᠳᠠ ᠵᠢ ᠵᠤᠬᠢᠶᠠᠨ ᠪᠠᠶ᠋ᠢᠭᠤᠯᠵᠦ ᠦᠷᠨᠢᠬᠦᠯᠦᠨ᠎ᠠ᠃ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠨᠢ ᠲᠤᠷᠰᠢᠯᠳᠠ ᠵᠢᠨ ᠨᠢᠬᠡᠴᠡ ᠵᠢ ᠵᠤᠬᠢᠶᠠᠨ ᠪᠠᠶ᠋ᠢᠭᠤᠯᠵᠦ ᠵᠢᠭ᠋ᠠᠨ ᠵᠢᠯᠤᠭᠤᠳᠴᠤ ᠪᠠᠶ᠋ᠢᠭ᠋ᠠᠳ ᠲᠤᠷᠰᠢᠯᠳᠠ ᠵᠢᠨ ᠴᠠᠷᠠᠭ᠋ᠠᠨ᠎ᠤ ᠲᠤᠭᠤᠷᠢᠨ᠎ᠳᠤ᠂ ᠲᠤᠷᠰᠢᠯᠳᠠ ᠵᠢ ᠯᠠᠪᠳᠠᠭᠤᠨ ᠪᠦᠬᠡᠳ ᠡᠮᠬᠢ ᠵᠢᠷᠤᠮ᠎ᠲᠠᠢ ᠦᠷᠨᠢᠭᠦᠯᠦᠨ᠎ᠠ᠃ ᠲᠤᠷᠰᠢᠯᠳᠠ ᠵᠢᠨ ᠴᠠᠭ ᠬᠤᠭᠤᠴᠠᠭ᠎ᠠ᠎ᠨᠢ 1 ᠵᠢᠯ ᠪᠠᠶ᠋ᠢᠵᠦ᠂ 2018 ᠤᠨ᠎ᠤ 8 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠤᠨ᠎ᠠ ᠲᠤᠷᠰᠢᠯᠳᠠ ᠵᠢᠨ ᠡᠯ᠎ᠡ ᠵᠦᠢ᠍ᠯ᠎ᠤᠨ ᠡᠭᠦᠷᠬᠡ ᠵᠢ ᠪᠡᠶᠡᠯᠡᠭᠦᠯᠦᠨ᠎ᠠ᠃
(ᠭᠤᠷᠪᠠ) ᠲᠤᠷᠰᠢᠯᠳᠠ ᠵᠢ ᠰᠢᠯᠭ᠋ᠠᠨ ᠬᠤᠷᠢᠶᠠᠨ ᠠᠪᠬᠤ ᠵᠢ ᠵᠤᠬᠢᠶᠠᠨ ᠪᠠᠶ᠋ᠢᠭᠤᠯᠤᠨ᠎ᠠ᠃ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠨᠢ 2018 ᠤᠨ᠎ᠤ 9 ᠳ᠋ᠤᠬᠡᠷ ᠰᠠᠷ᠎ᠠ ᠵᠢᠨ ᠰᠡᠭᠦᠯᠴᠢ᠎ᠠᠴᠠ ᠡᠮᠤᠨ᠎ᠠ᠂ ᠲᠤᠷᠰᠢᠯᠳᠠ ᠵᠢᠨ 7 ᠨᠢᠬᠡᠴᠡ ᠵᠢᠨ ᠠᠵᠢᠯ᠎ᠤᠨ ᠶᠡᠷᠦᠩᠬᠡᠢ ᠪᠠᠶ᠋ᠢᠳᠠᠯ᠂ ᠭᠤᠤᠯ ᠠᠷᠭ᠎ᠠ ᠬᠢᠳᠡᠯ ᠪᠠ ᠦᠷ᠎ᠡ ᠪᠦᠳᠦᠮᠵᠢ᠂ ᠤᠷᠤᠰᠢᠵᠦ ᠪᠠᠶ᠋ᠢᠭ᠎ᠠ ᠠᠰᠠᠭᠤᠳᠠᠯ ᠵᠢᠴᠢ ᠰᠠᠨᠠᠭᠤᠯᠭ᠎ᠠ ᠵᠢ ᠳ᠋ᠦ᠍ᠢ᠍ᠩᠨᠡᠵᠦ᠂ ᠲᠤᠷᠰᠢᠯᠳᠠ ᠵᠢᠨ ᠠᠵᠢᠯ᠎ᠤᠨ ᠶᠡᠷᠦᠩᠬᠡᠢ ᠮᠡᠳᠡᠭᠦᠯᠦᠯᠳᠡ ᠵᠢ ᠪᠤᠢ ᠪᠤᠯᠭ᠋ᠠᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠳᠤ ᠮᠡᠳᠡᠭᠦᠯᠦᠨ ᠭᠦᠷᠬᠡᠨ᠎ᠠ᠃
ᠲᠤᠯᠤᠭ᠎ᠠ᠂ ᠪᠠᠳᠤᠯᠠᠭ᠎ᠠ ᠵᠢᠨ ᠠᠷᠭ᠎ᠠ ᠬᠡᠮᠵᠢᠶ᠎ᠡ
(ᠨᠢᠬᠡ) ᠵᠤᠬᠢᠶᠠᠨ ᠪᠠᠶ᠋ᠢᠭᠤᠯᠤᠯᠳᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠎ᠠ᠃ ᠲᠤᠷᠰᠢᠯᠳᠠ ᠵᠢᠨ ᠠᠵᠢᠯ᠎ᠢ ᠨᠢᠬᠡᠳᠦᠯᠳᠡᠢ ᠲᠦᠯᠦᠪᠵᠢᠬᠦᠯᠦᠨ ᠵᠤᠬᠢᠴᠠᠭᠤᠯᠬᠤ ᠵᠢᠨ ᠲᠤᠰᠠᠳᠠ᠂ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠤᠳᠤᠷᠢᠳᠤᠬᠤ ᠲᠤᠭᠤᠶ᠋ᠢᠯᠠᠩ᠎ᠳᠤ ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠪᠠᠷᠢᠮᠵᠢᠶᠠᠵᠢᠭᠤᠯᠵᠦ ᠵᠢᠷᠤᠮᠵᠢᠭᠤᠯᠬᠤ ᠲᠤᠷᠰᠢᠯᠳᠠ ᠵᠢᠨ ᠠᠵᠢᠯ᠎ᠤᠨ ᠠᠬᠢᠭᠤᠯᠬᠤ ᠲᠤᠭᠤᠶ᠋ᠢᠯᠠᠩ ᠲᠤᠬᠢᠷᠠᠭᠤᠯᠵᠦ᠂ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠤᠳᠤᠷᠢᠳᠬᠤ ᠲᠤᠭᠤᠶ᠋ᠢᠯᠠᠩ᠎ᠤᠨ ᠬᠠᠷᠢᠭᠤᠴᠠᠯᠭ᠋ᠠᠳᠠᠨ ᠨᠦᠭᠦᠷ᠎ᠨᠢ ᠲᠤᠭᠤᠶ᠋ᠢᠯᠠᠩ᠎ᠤᠨ ᠲᠠᠷᠤᠭ᠎ᠠ ᠵᠢᠨ ᠲᠤᠰᠢᠶᠠᠯ᠎ᠢ ᠡᠭᠦᠷᠬᠡᠯᠡᠵᠦ᠂ ᠦᠪᠡᠷᠳᠡᠬᠡᠨ ᠵᠠᠰᠠᠬᠤ ᠤᠷᠤᠨ᠎ᠤ ᠭᠦᠭᠵᠢᠬᠦᠯᠦᠯᠳᠡ ᠦᠬᠡᠷᠡᠴᠢᠯᠡᠯᠳᠡ ᠵᠢᠨ ᠵᠦᠪᠯᠡᠯ᠂ ᠬᠠᠤᠯᠢ ᠴᠠᠭ᠋ᠠᠵᠠ ᠵᠢᠨ ᠲᠢᠩᠬᠢᠮ᠂ ᠡᠳ᠋᠎ᠤᠨ ᠵᠠᠰᠠᠭ᠎ᠤᠨ ᠲᠢᠩᠬᠢᠮ᠂ ᠤᠷᠤᠨ ᠰᠠᠭᠤᠴᠠ ᠬᠤᠳᠠ ᠭᠦᠳᠡᠭᠡ ᠵᠢᠨ ᠪᠦᠳᠦᠬᠡᠨ ᠪᠠᠶ᠋ᠢᠭᠤᠯᠤᠯᠳᠠ ᠵᠢᠨ ᠲᠢᠩᠬᠢᠮ᠂ ᠤᠷᠴᠢᠨ ᠲᠤᠭᠤᠷᠢᠨ᠎ᠤ ᠬᠠᠮᠠᠭ᠋ᠠᠯᠠᠯᠳᠠ ᠵᠢᠨ ᠲᠢᠩᠬᠢᠮ᠂ ᠰᠤᠶᠤᠯ᠎ᠤᠨ ᠲᠢᠩᠬᠢᠮ᠂ ᠤᠷᠤᠨ ᠨᠤᠳᠤᠭ᠎ᠤᠨ ᠭᠠᠶ᠋ᠢᠯᠢ ᠵᠢᠨ ᠶᠠᠪᠤᠳᠠᠯ᠎ᠤᠨ ᠲᠤᠪᠴᠢᠶ᠎ᠠ᠂ ᠠᠶᠤᠯ ᠦᠬᠡᠢ ᠦᠢ᠍ᠯᠡᠳᠪᠦᠷᠢᠯᠡᠯ᠎ᠤᠨ ᠬᠢᠨᠠᠯᠳᠠ ᠬᠠᠮᠢᠶᠠᠷᠤᠯᠳᠠ ᠵᠢᠨ ᠲᠤᠪᠴᠢᠶ᠎ᠠ᠂ ᠢᠳᠡᠬᠡᠨ ᠪᠠ ᠡᠮ᠎ᠤᠨ ᠵᠦᠢ᠍ᠯ᠎ᠤᠨ ᠬᠢᠨᠠᠯᠳᠠ ᠬᠠᠮᠢᠶᠠᠷᠤᠯᠳᠠ ᠵᠢᠨ ᠲᠤᠪᠴᠢᠶ᠎ᠠ ᠵᠢᠨ ᠬᠠᠮᠢᠶ᠎ᠠ ᠪᠦᠭᠦᠢ ᠭᠠᠵᠠᠷ ᠲᠠᠰᠤᠭ᠎ᠤᠨ ᠬᠠᠷᠢᠭᠤᠴᠠᠯᠭ᠋ᠠᠳᠠᠨ ᠨᠦᠭᠦᠳ᠎ᠨᠢ ᠪᠦᠷᠢᠯᠳᠦᠬᠦᠨ ᠬᠡᠰᠢᠬᠦᠨ᠎ᠤ ᠲᠤᠰᠢᠶᠠᠯ᠎ᠢ ᠡᠭᠦᠷᠬᠡᠯᠡᠨ᠎ᠠ᠃
ᠲᠤᠷᠰᠢᠯᠳᠠ ᠵᠢᠨ ᠨᠢᠬᠡᠴᠡ ᠵᠢᠨ ᠭᠤᠤᠯ ᠤᠳᠤᠷᠢᠳᠤᠯᠭ᠎ᠠ᠎ᠨᠢ ᠪᠡᠶᠡᠴᠢᠯᠡᠨ ᠠᠳᠬᠤᠵᠦ᠂ ᠶᠡᠷᠦᠩᠬᠡᠢ ᠬᠠᠷᠢᠭᠤᠴᠠᠯᠭ᠎ᠠ ᠡᠭᠦᠷᠬᠡᠯᠡᠵᠦ᠂ ᠲᠤᠷᠰᠢᠯᠳᠠ ᠵᠢᠨ ᠠᠵᠢᠯ᠎ᠢ ᠵᠤᠬᠢᠶᠠᠨ ᠪᠠᠶ᠋ᠢᠭᠤᠯᠵᠦ ᠠᠬᠢᠭᠤᠯᠬᠤ ᠪᠠ ᠡᠭᠦᠷᠬᠡ ᠵᠢ ᠨᠠᠶ᠋ᠢᠳᠠᠪᠤᠷᠢᠵᠢᠭᠤᠯᠬᠤ ᠵᠢ ᠦᠨᠡᠨᠬᠦ ᠰᠠᠶ᠋ᠢᠳᠤᠷ ᠬᠢᠬᠦ ᠬᠡᠷᠡᠭᠳᠡᠢ᠃ ᠡᠯ᠎ᠡ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠤᠳᠤᠷᠢᠳᠬᠤ ᠲᠤᠭᠤᠶ᠋ᠢᠯᠠᠩ᠎ᠨᠢ ᠨᠢᠬᠡᠳᠦᠯᠳᠡᠢ ᠲᠦᠯᠦᠪᠵᠢᠬᠦᠯᠦᠨ ᠵᠤᠬᠢᠴᠠᠭᠤᠯᠬᠤ ᠦᠢ᠍ᠯᠡᠳᠦᠯ᠎ᠢ ᠪᠠᠳᠠᠷᠠᠭᠤᠯᠵᠦ᠂ ᠲᠤᠷᠰᠢᠯᠳᠠ ᠵᠢᠨ ᠠᠵᠢᠯ᠎ᠤᠨ ᠶᠠᠪᠤᠴᠠ᠎ᠳᠠᠬᠢ ᠭᠦᠴᠢᠷᠳᠡᠯ ᠪᠠ ᠠᠰᠠᠭᠤᠳᠠᠯ᠎ᠢ ᠴᠠᠭ ᠲᠤᠬᠠᠢᠳᠤᠨᠢ ᠰᠤᠳᠤᠯᠤᠨ ᠰᠶ᠋ᠢᠳᠪᠦᠷᠢᠯᠡᠵᠦ᠂ ᠲᠤᠷᠰᠢᠯᠳᠠ ᠵᠢᠨ ᠠᠵᠢᠯ᠎ᠢ ᠤᠷᠤᠨᠨᠰᠢᠳᠠᠢ ᠦᠷᠨᠢᠬᠦᠯᠵᠦ᠂ ᠪᠤᠳᠠᠳᠠᠢ ᠦᠷ᠎ᠡ ᠪᠦᠳᠦᠮᠵᠢ ᠤᠯᠬᠤ ᠵᠢ ᠪᠠᠳᠤᠯᠠᠬᠤ ᠬᠡᠷᠡᠭᠳᠡᠢ; ᠲᠤᠷᠰᠢᠯᠳᠠ ᠵᠢᠨ ᠨᠢᠬᠡᠴᠡ᠎ᠨᠢ ᠪᠠᠶ᠋ᠢᠭᠤᠯᠤᠮᠵᠢ᠂ ᠠᠵᠢᠯᠳᠠᠨ ᠪᠠ ᠵᠠᠷᠤᠳᠠᠯ᠎ᠤᠨ ᠪᠠᠳᠤᠯᠠᠭ᠎ᠠ ᠵᠢ ᠤᠯᠠᠮ ᠨᠢᠬᠡ ᠠᠯᠬᠤᠮ ᠴᠢᠩᠭ᠋ᠠᠷᠠᠭᠤᠯᠵᠦ᠂ ᠲᠤᠰᠬᠠᠢ ᠠᠵᠢᠯᠳᠠᠨ ᠵᠶ᠋ᠠᠷ ᠬᠠᠷᠢᠴᠠᠭᠤᠯᠵᠦ ᠪᠠᠶ᠋ᠢᠭ᠋ᠠᠳ ᠲᠤᠷᠰᠢᠯᠳᠠ ᠵᠢᠨ ᠬᠠᠮᠢᠶ᠎ᠠ ᠪᠦᠭᠦᠢ ᠠᠵᠢᠯ᠎ᠢ ᠠᠬᠢᠭᠤᠯᠬᠤ ᠵᠢ ᠦᠨᠡᠨᠬᠦ ᠪᠠᠳᠤᠯᠠᠬᠤ ᠬᠡᠷᠡᠭᠳᠡᠢ᠃ ᠦᠪᠡᠷᠳᠡᠬᠡᠨ ᠵᠠᠰᠠᠬᠤ ᠤᠷᠤᠨ᠎ᠤ ᠬᠤᠯᠪᠤᠨᠨᠳᠠᠯ ᠪᠦᠭᠦᠢ ᠰᠠᠯᠠᠭ᠎ᠠ ᠮᠦᠴᠢᠷ᠎ᠨᠢ ᠲᠤᠰ ᠰᠠᠯᠠᠭ᠎ᠠ ᠮᠦᠴᠢᠷ ᠲᠤᠰ ᠰᠢᠰᠲ᠋ᠧᠮ᠎ᠤᠨ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠬᠤ ᠵᠦᠢ᠍ᠯᠡᠰ᠎ᠤᠨ ᠦᠨᠳᠦᠰᠦᠨ ᠭᠠᠷᠴᠠᠭ᠎ᠢ ᠲᠠᠷᠤᠶ᠋ᠢᠬᠠᠨ ᠨᠠᠶ᠋ᠢᠷᠠᠭᠤᠯᠤᠨ ᠵᠤᠬᠢᠶᠠᠵᠦ ᠲᠠᠭᠤᠰᠬᠠᠬᠤ ᠵᠢᠨ ᠬᠠᠮᠳᠤ᠂ ᠲᠤᠷᠰᠢᠯᠳᠠ ᠵᠢᠨ ᠠᠵᠢᠯ᠎ᠳᠤ ᠴᠢᠬᠤᠯᠠ ᠪᠦᠭᠦᠢ ᠵᠢᠯᠤᠭᠤᠳᠤᠯᠭ᠎ᠠ ᠪᠠ ᠲᠡᠮᠵᠢᠯᠬᠡ ᠬᠠᠩᠭ᠋ᠠᠬᠤ ᠬᠡᠷᠡᠭᠳᠡᠢ᠃
(ᠬᠤᠶᠠᠷ) ᠰᠦᠪᠡᠭᠴᠢᠯᠡᠯᠳᠡ ᠬᠢᠵᠦ ᠰᠢᠨ᠎ᠠ ᠡᠭᠦᠳᠦᠯᠳᠡ᠎ᠲᠠᠢ ᠪᠠᠶ᠋ᠢᠬᠤ ᠵᠢ ᠵᠤᠷᠢᠨᠨᠵᠢᠭᠤᠯᠤᠨ᠎ᠠ᠃ ᠲᠤᠷᠰᠢᠯᠳᠠ ᠵᠢᠨ ᠨᠢᠬᠡᠴᠡ᠎ᠨᠢ ᠲᠤᠷᠰᠢᠯᠳᠠ ᠵᠢᠨ ᠠᠵᠢᠯ᠎ᠤᠨ ᠴᠢᠬᠤᠯᠠ ᠠᠴᠢ ᠬᠤᠯᠪᠤᠨᠨᠳᠠᠯᠢ ᠭᠦᠢ᠍ᠴᠡᠳ ᠲᠠᠨᠢᠵᠦ᠂ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ ᠵᠤᠬᠢᠴᠠᠭᠤᠯᠭ᠎ᠠ ᠪᠠ ᠵᠢᠯᠤᠭᠤᠳᠤᠯᠭ᠎ᠠ ᠲᠤᠤᠷ᠎ᠠ᠂ ᠪᠤᠳᠠᠳᠠᠢ᠎ᠲᠠᠢ᠎ᠪᠠᠨ ᠤᠶᠠᠯᠳᠤᠭᠤᠯᠤᠨ ᠲᠤᠷᠰᠢᠯᠳᠠ ᠵᠢ ᠦᠷᠨᠢᠬᠦᠯᠵᠦ᠂ ᠠᠵᠢᠯ᠎ᠤᠨ ᠲᠤᠨᠨᠳᠠᠴᠠ ᠪᠠ ᠠᠷᠭ᠎ᠠ ᠬᠡᠯᠪᠡᠷᠢ ᠠᠷᠭ᠎ᠠ ᠮᠠᠶᠢᠭ᠎ᠲᠤ ᠰᠢᠨ᠎ᠠ ᠡᠭᠦᠳᠦᠯᠳᠡ ᠵᠢ ᠢᠳᠡᠪᠬᠢᠳᠡᠢ ᠰᠦᠪᠡᠭᠴᠢᠯᠡᠨ᠂ 《ᠲᠠᠪᠤ ᠵᠢ ᠢᠯᠡ ᠪᠤᠯᠭ᠋ᠠᠬᠤ》 ᠪᠠ ᠲᠦᠷᠦ ᠵᠢᠨ ᠪᠤᠳᠤᠯᠭ᠎ᠠ ᠵᠢᠨ ᠲᠠᠶ᠋ᠢᠯᠤᠮᠵᠢ᠂ ᠬᠠᠯᠠᠮᠵᠢᠯᠠᠨ ᠠᠩᠬᠠᠷᠴᠤ ᠪᠠᠶ᠋ᠢᠭ᠎ᠠ ᠵᠦᠢ᠍ᠯ᠎ᠳᠤ ᠬᠠᠷᠢᠭᠤ ᠦᠭᠭᠦ᠂ ᠨᠡᠶ᠋ᠢᠳᠡ ᠤᠯᠠᠨ᠎ᠤ ᠤᠷᠤᠯᠴᠠᠯᠭ᠎ᠠ ᠵᠡᠷᠬᠡ ᠠᠵᠢᠯ᠎ᠤᠨ ᠪᠠᠷᠢᠮᠵᠢᠶᠠᠵᠢᠭᠤᠯᠵᠦ ᠵᠢᠷᠤᠮᠵᠢᠭᠤᠯᠬᠤ ᠵᠢ ᠭᠦᠨᠵᠡᠬᠡᠢ ᠠᠬᠢᠭᠤᠯᠬᠤ ᠬᠡᠷᠡᠭᠳᠡᠢ᠃ ᠨᠡᠶ᠋ᠢᠬᠡᠮ᠎ᠤᠨ ᠦᠨᠡᠯᠡᠯᠳᠡ ᠪᠤᠶᠤ ᠭᠤᠷᠪᠠᠳᠠᠬᠢ ᠡᠳᠡᠬᠡᠳ᠎ᠤᠨ ᠦᠨᠡᠯᠡᠨ ᠵᠢᠱ᠌ᠢᠯᠳᠡ ᠵᠢ ᠦᠷᠨᠢᠬᠦᠯᠬᠦ᠎ᠪᠠᠷ ᠲᠠᠮᠵᠢᠭᠤᠯᠵᠦ᠂ ᠲᠤᠷᠰᠢᠯᠳᠠ ᠵᠢᠨ ᠠᠵᠢᠯ ᠵᠢᠴᠢ ᠦᠷ᠎ᠡ ᠪᠦᠳᠦᠮᠵᠢᠳᠤ ᠨᠡᠶ᠋ᠢᠳᠡ ᠤᠯᠠᠨ᠎ᠤ ᠦᠨᠡᠯᠡᠭᠰᠡᠨ ᠰᠠᠨᠠᠯ᠎ᠢ ᠦᠷᠬᠡᠨ ᠵᠶ᠋ᠠᠷ ᠬᠤᠷᠢᠶᠠᠨ ᠴᠤᠨᠨᠯᠠᠭᠤᠯᠵᠦ᠂ ᠠᠵᠢᠯ ᠵᠶ᠋ᠠᠨ ᠦᠷᠭᠦᠯᠵᠢᠯᠡᠨ ᠬᠠᠯᠠᠨ ᠰᠠᠶ᠋ᠢᠵᠢᠷᠠᠭᠤᠯᠵᠦ᠂ ᠨᠡᠶ᠋ᠢᠳᠡ ᠤᠯᠠᠨ᠎ᠤ ᠰᠡᠳᠬᠢᠯ ᠬᠠᠨᠤᠮᠵᠢᠳᠠᠢ ᠬᠡᠮᠵᠢᠶ᠎ᠡ ᠪᠠ ᠭᠦᠷᠳᠡᠬᠡᠮᠵᠢᠳᠦ ᠲᠦᠷᠦᠭᠳᠡᠯ᠎ᠢ ᠲᠠᠰᠤᠷᠠᠯᠳᠠ ᠦᠬᠡᠢ ᠲᠡᠬᠡᠭᠰᠢᠯᠡᠬᠦᠯᠦᠨ᠎ᠠ᠃
(ᠭᠤᠷᠪᠠ) ᠠᠵᠢᠯ᠎ᠤᠨ ᠰᠤᠯᠢᠯᠴᠠᠭ᠎ᠠ ᠵᠢ ᠴᠢᠩᠭ᠋ᠠᠳᠬᠠᠨ᠎ᠠ᠃ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠫᠤᠷᠲ᠋ᠧᠯ ᠰᠦᠯᠵᠢᠶ᠎ᠡ ᠪᠠ ᠲᠤᠷᠰᠢᠯᠳᠠ ᠵᠢᠨ ᠨᠢᠬᠡᠴᠡ ᠵᠢᠴᠢ ᠲᠡᠳᠡᠬᠡᠷ᠎ᠤᠨ ᠪᠠᠶ᠋ᠢᠭ᠎ᠠ ᠠᠶ᠋ᠢᠮᠠᠭ ᠬᠤᠳᠠ᠎ᠨᠢ ᠫᠤᠷᠲ᠋ᠧᠯ ᠰᠦᠯᠵᠢᠶᠡᠨ᠎ᠤ᠎ᠪᠠᠨ ᠲᠡᠷᠢᠬᠦᠨ ᠨᠢᠭᠤᠷ᠎ᠲᠤ ᠲᠤᠷᠰᠢᠯᠳᠠ ᠵᠢᠨ ᠠᠵᠢᠯ᠎ᠤᠨ ᠲᠤᠰᠬᠠᠢ ᠪᠤᠯᠤᠩ ᠲᠤᠬᠢᠷᠠᠭᠤᠯᠵᠦ᠂ ᠡᠯ᠎ᠡ ᠲᠤᠷᠰᠢᠯᠳᠠ ᠵᠢᠨ ᠨᠢᠬᠡᠴᠡ ᠵᠢᠨ ᠲᠤᠷᠰᠢᠯᠳᠠ ᠵᠢᠨ ᠠᠵᠢᠯ᠎ᠤᠨ ᠪᠠᠶ᠋ᠢᠳᠠᠯ᠎ᠢ ᠲᠦᠪᠯᠡᠷᠡᠭᠦᠯᠦᠨ ᠲᠡᠯᠬᠡᠨ ᠦᠵᠡᠬᠦᠯᠬᠦ ᠵᠢᠨ ᠬᠠᠮᠳᠤ᠂ ᠤᠯᠠᠨ ᠵᠦᠢ᠍ᠯ᠎ᠤᠨ ᠠᠷᠭ᠎ᠠ ᠬᠡᠯᠪᠡᠷᠢ ᠵᠢ ᠬᠡᠷᠡᠭᠯᠡᠵᠦ ᠪᠠᠶ᠋ᠢᠭ᠋ᠠᠳ ᠰᠤᠯᠢᠯᠴᠠᠭ᠎ᠠ᠎ᠪᠠᠨ ᠴᠢᠩᠭ᠋ᠠᠳᠬᠠᠨ᠂ ᠬᠠᠷᠢᠯᠴᠠᠨ ᠰᠤᠷᠤᠯᠴᠠᠵᠦ ᠲᠤᠯᠢᠳᠠᠬᠤ ᠵᠢ ᠠᠬᠢᠭᠤᠯᠤᠨ᠎ᠠ᠃ ᠦᠪᠡᠷᠳᠡᠬᠡᠨ ᠵᠠᠰᠠᠬᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠨᠢ ᠲᠤᠷᠰᠢᠯᠳᠠ ᠵᠢᠨ ᠠᠵᠢᠯ᠎ᠤᠨ ᠠᠬᠢᠴᠠ ᠵᠢᠨ ᠪᠠᠶ᠋ᠢᠳᠠᠯ᠎ᠢ ᠮᠦᠷᠳᠡᠨ ᠤᠶ᠋ᠢᠯᠠᠭ᠋ᠠᠵᠦ᠂ ᠲᠤᠷᠰᠢᠯᠭ᠎ᠠ᠎ᠪᠠᠨ ᠰᠤᠯᠢᠯᠴᠠᠬᠤ ᠠᠵᠢᠯᠯᠠᠭ᠎ᠠ ᠵᠢ ᠴᠠᠭᠲᠤᠨᠢ ᠲᠤᠬᠢᠷᠠᠭᠤᠯᠵᠦ ᠵᠤᠬᠢᠶᠠᠨ ᠪᠠᠶ᠋ᠢᠭᠤᠯᠵᠦ ᠦᠷᠨᠢᠬᠦᠯᠦᠨ᠎ᠠ᠃
(ᠲᠦᠷᠪᠡ) ᠰᠢᠯᠭ᠋ᠠᠨ ᠬᠢᠨᠠᠵᠦ ᠦᠨᠡᠯᠡᠨ ᠵᠢᠱ᠌ᠢᠬᠦ ᠠᠵᠢᠯ᠎ᠢ ᠰᠠᠶ᠋ᠢᠳᠤᠷ ᠬᠢᠨ᠎ᠠ᠃ ᠲᠤᠷᠰᠢᠯᠳᠠ ᠵᠢᠨ ᠨᠢᠬᠡᠴᠡ ᠵᠢᠨ ᠪᠠᠶ᠋ᠢᠭ᠎ᠠ ᠠᠶ᠋ᠢᠮᠠᠭ ᠬᠤᠳᠠ᠎ᠨᠢ ᠤᠷᠮᠠᠰᠢᠭᠤᠯᠬᠤ ᠲᠤᠨᠨᠳᠠᠴᠠ ᠪᠠᠶ᠋ᠢᠭᠤᠯᠵᠦ᠂ ᠰᠢᠮᠳᠠᠭᠤᠯᠵᠦ ᠪᠠᠶ᠋ᠢᠴᠠᠭ᠋ᠠᠬᠤ ᠵᠢ ᠴᠢᠩᠭ᠋ᠠᠳᠬᠠᠨ᠂ ᠲᠤᠷᠰᠢᠯᠳᠠ ᠵᠢᠨ ᠡᠭᠦᠷᠬᠡ ᠵᠢ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠠᠮᠵᠢᠯᠳᠠ ᠪᠦᠳᠦᠮᠵᠢ ᠵᠢ ᠰᠢᠯᠭ᠋ᠠᠨ ᠬᠢᠨᠠᠬᠤ᠎ᠳᠤ ᠤᠷᠤᠭᠤᠯᠬᠤ ᠬᠡᠷᠡᠭᠳᠡᠢ᠃ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠤᠳᠤᠷᠢᠳᠬᠤ ᠲᠤᠭᠤᠶ᠋ᠢᠯᠠᠩ᠎ᠨᠢ ᠲᠤᠷᠰᠢᠯᠳᠠ ᠵᠢᠨ ᠠᠵᠢᠯ᠎ᠤᠨ ᠦᠷ᠎ᠡ ᠪᠦᠳᠦᠮᠵᠢ᠎ᠪᠠᠷ ᠲᠤᠪᠤᠶ᠋ᠢᠮ᠎ᠠ ᠨᠢᠬᠡᠴᠡ ᠵᠢ ᠰᠠᠶ᠋ᠢᠰᠢᠶᠠᠨ ᠮᠡᠳᠡᠬᠡᠯᠡᠨ᠎ᠠ᠃