ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠲᠦᠷᠦ ᠠᠯᠪᠠᠨ ᠲᠠᠷᠬᠠᠭ᠋ᠠᠨᠨᠰᠠᠨ [2016] 80 ᠳ᠋ᠤᠭ᠋ᠠᠷ ᠲᠤᠭ᠋ᠠᠳᠤ ᠪᠢᠴᠢᠭ ᠮᠠᠲᠸᠷᠢᠶᠠᠯ᠎ᠢ ᠤᠯᠠᠮᠵᠢᠯᠠᠨ ᠶᠠᠪᠤᠭᠤᠯᠬᠤ ᠲᠤᠬᠠᠢ ᠦᠪᠦᠷ ᠮᠤᠩᠭᠤᠯ᠎ᠤᠨ ᠦᠪᠡᠷᠳᠡᠬᠡᠨ ᠵᠠᠰᠠᠭ᠍ᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2019-12-14

ᠡᠯ᠎ᠡ ᠠᠶ᠋ᠢᠮᠠᠭ᠎ᠤᠨ ᠵᠠᠬᠢᠷᠭ᠎ᠠ᠂ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠂ ᠦᠪᠡᠷᠳᠡᠬᠡᠨ ᠵᠠᠰᠠᠭ᠍ᠤ ᠤᠷᠤᠨ᠎ᠤ ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠎ᠳᠤ᠄
     《〈ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠪᠦᠭᠦ ᠲᠠᠯ᠎ᠠ᠎ᠪᠠᠷ ᠠᠬᠢᠭᠤᠯᠬᠤ ᠲᠤᠬᠠᠢ ᠰᠠᠨᠠᠯ〉᠎ᠤᠨ ᠬᠡᠷᠡᠭᠵᠢᠬᠦᠯᠬᠦ ᠨᠠᠷᠢᠨ ᠲᠦᠷᠢᠮ᠎ᠢ ᠲᠠᠷᠤᠮᠠᠯᠯᠠᠨ ᠶᠠᠪᠤᠭᠤᠯᠬᠤ ᠲᠤᠬᠠᠢ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ》 (ᠲᠦᠷᠦ ᠠᠯᠪᠠᠨ ᠲᠠᠷᠬᠠᠭ᠋ᠠᠨᠨᠰᠠᠨ [2016] 80 ᠳ᠋ᠤᠭ᠋ᠠᠷ ᠲᠤᠭ᠋ᠠᠳᠤ᠂ ᠲᠤᠷᠤᠨᠨᠰᠢ 《ᠬᠡᠷᠡᠭᠵᠢᠬᠦᠯᠬᠦ ᠨᠠᠷᠢᠨ ᠲᠦᠷᠢᠮ》 ᠬᠡᠵᠦ ᠲᠤᠪᠴᠢᠯᠠᠨ᠎ᠠ)᠎ᠢ ᠦᠪᠡᠷᠳᠡᠬᠡᠨ ᠵᠠᠰᠠᠭ᠍ᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠵᠶ᠋ᠠᠷ ᠵᠦᠪᠰᠢᠶᠡᠷᠡᠭᠦᠯᠦᠬᠡᠳ᠂ ᠡᠳᠦᠬᠡ ᠲᠠᠨᠠᠷ᠎ᠲᠤ ᠤᠯᠠᠮᠵᠢᠯᠠᠨ ᠶᠠᠪᠤᠭᠤᠯᠬᠤ ᠵᠢᠨ ᠬᠠᠮᠳᠤ ᠲᠤᠤᠷᠠᠬᠢ ᠮᠡᠳᠦ ᠰᠠᠨᠠᠯ᠎ᠢ ᠲᠤᠷᠠᠳᠪᠠ᠂ ᠬᠠᠮᠳᠤ᠎ᠳᠤᠨᠢ ᠲᠤᠤᠱᠯᠠᠭᠤᠯᠤᠨ ᠨᠠᠶ᠋ᠢᠳᠠᠪᠤᠷᠢᠵᠢᠭᠤᠯᠳᠤᠭ᠋ᠠᠢ᠃
      ᠨᠢᠬᠡ᠂ ᠭᠤᠤᠯ ᠴᠤᠨᠨᠴᠠ ᠵᠢᠨ ᠬᠠᠷᠢᠭᠤᠴᠠᠯᠭ᠎ᠠ ᠵᠢ ᠤᠯᠠᠮ ᠨᠢᠬᠡ ᠠᠯᠬᠤᠮ ᠨᠠᠶ᠋ᠢᠳᠠᠪᠤᠷᠢᠵᠢᠭᠤᠯᠤᠨ᠎ᠠ
      ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ᠎ᠨᠢ ᠤᠯᠠᠨ ᠨᠡᠶ᠋ᠢᠳᠡ ᠵᠢᠨ ᠪᠠᠶ᠋ᠢᠳᠠᠯ᠎ᠢ ᠮᠡᠳᠡᠬᠦ ᠡᠷᠬᠡ᠂ ᠤᠷᠤᠯᠴᠠᠭ᠍ᠤ ᠡᠷᠬᠡ᠂ ᠢᠯᠡᠳᠬᠡᠬᠦ ᠡᠷᠬᠡ ᠪᠠ ᠬᠢᠨᠠᠯᠳᠠ ᠲᠠᠯᠪᠢᠬᠤ ᠡᠷᠬᠡ ᠵᠢ ᠪᠠᠳᠤᠯᠠᠵᠦ᠂ ᠵᠠᠰᠠᠭ᠎ᠤᠨ ᠤᠷᠳᠤᠨ᠎ᠤ ᠤᠯᠠᠨ ᠨᠡᠶ᠋ᠢᠳᠡ ᠵᠢ ᠢᠳᠡᠬᠡᠬᠦᠯᠬᠦ ᠭᠦᠴᠦᠨ ᠪᠠ ᠬᠡᠷᠡᠭᠵᠢᠬᠦᠯᠬᠦ ᠭᠦᠴᠦᠨ᠎ᠢ ᠴᠢᠩᠭ᠋ᠠᠳᠬᠠᠨ᠂ ᠵᠠᠰᠠᠭ᠎ᠤᠨ ᠤᠷᠳᠤᠨ᠎ᠤ ᠵᠠᠰᠠᠯᠳᠠ ᠵᠢᠨ ᠴᠢᠳᠠᠪᠤᠷᠢ ᠵᠢ ᠲᠡᠬᠡᠭᠰᠢᠯᠡᠬᠦᠯᠬᠦ ᠵᠢᠨ ᠲᠦᠷᠢᠮ᠎ᠤᠨ ᠲᠤᠬᠢᠷᠠᠭᠤᠯᠤᠯᠳᠠ ᠪᠤᠯᠤᠨ᠎ᠠ᠃ ᠡᠯ᠎ᠡ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠂ ᠬᠠᠤᠯᠢ ᠴᠠᠭ᠋ᠠᠵᠠ ᠬᠠᠤᠯᠢ ᠲᠤᠨᠨᠳᠠᠭ᠋ᠠᠯ᠎ᠠᠴᠠ ᠡᠷᠬᠡ ᠤᠯᠭᠤᠵᠦ ᠪᠦᠭᠦᠢ ᠤᠯᠠᠨ ᠨᠡᠶ᠋ᠢᠳᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠬᠡ ᠴᠢᠳᠠᠪᠦᠷᠢᠲᠦ ᠵᠤᠬᠢᠶᠠᠨ ᠪᠠᠶ᠋ᠢᠭᠤᠯᠤᠯᠳᠠ᠎ᠨᠢ ᠢᠯᠡ ᠪᠤᠯᠭ᠋ᠠᠬᠤ ᠵᠢ ᠬᠡᠪ᠎ᠤᠨ ᠪᠠᠶ᠋ᠢᠳᠠᠯ᠂ ᠦᠯᠦ ᠢᠯᠡ ᠪᠤᠯᠭ᠋ᠠᠬᠤ ᠵᠢ ᠠᠰ᠎ᠲᠤᠨᠢ ᠦᠵᠡᠬᠦ ᠵᠢ ᠪᠠᠷᠢᠮᠳᠠᠯᠠᠵᠦ᠂ ᠲᠤᠰ ᠨᠢᠬᠡᠴᠡ ᠵᠢᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠭᠤᠤᠯ ᠴᠤᠨᠨᠴᠠ ᠵᠢᠨ ᠬᠠᠷᠢᠭᠤᠴᠠᠯᠭ᠎ᠠ ᠵᠢ ᠵᠤᠬᠢᠶᠠᠨ ᠪᠠᠶ᠋ᠢᠭᠤᠯᠤᠨ ᠠᠬᠢᠭᠤᠯᠬᠤ ᠵᠢ ᠬᠢᠨᠠᠮᠠᠭ᠋ᠠᠢ ᠰᠠᠶ᠋ᠢᠳᠤᠷ ᠬᠡᠷᠡᠭᠵᠢᠬᠦᠯᠦᠨ᠂ ᠡᠯ᠎ᠡ ᠵᠦᠢ᠍ᠯ᠎ᠤᠨ ᠠᠵᠢᠯ᠎ᠤᠨ ᠡᠭᠦᠷᠬᠡ ᠵᠢ ᠰᠠᠶ᠋ᠢᠳᠤᠷ ᠨᠠᠶ᠋ᠢᠳᠠᠪᠤᠷᠢᠵᠢᠭᠤᠯᠬᠤ ᠬᠡᠷᠡᠭᠳᠡᠢ; ᠡᠯ᠎ᠡ ᠱᠠᠳᠤᠨ᠎ᠤ ᠵᠠᠰᠠᠭ᠎ᠤᠨ ᠤᠷᠳᠤᠨ ᠵᠢᠴᠢ ᠠᠵᠢᠯᠯᠠᠭ᠍ᠤ ᠰᠠᠯᠠᠭ᠎ᠠ ᠮᠦᠴᠢᠷ᠎ᠤᠨ ᠠᠯᠪᠠᠨ ᠬᠡᠷ (ᠲᠠᠰᠤᠭ)᠎ᠨᠢ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ ᠪᠤᠯᠤᠨᠨᠰᠠᠨ᠎ᠤ ᠬᠤᠪᠢ᠎ᠳᠤ᠂ ᠲᠤᠨᠨᠳᠠᠴᠠ ᠵᠢ ᠤᠯᠠᠮ ᠨᠢᠬᠡ ᠠᠯᠬᠤᠮ ᠰᠢᠯᠤᠭᠤᠳᠬᠠᠵᠦ᠂ ᠠᠵᠢᠯᠳᠠᠨ᠎ᠢ ᠭᠦᠢ᠍ᠴᠡᠳ ᠲᠤᠬᠢᠷᠠᠭᠤᠯᠵᠦ ᠰᠢᠯᠢᠳᠡᠭ᠎ᠢ᠎ᠨᠢ ᠲᠤᠬᠢᠷᠠᠭᠤᠯᠤᠨ᠂ ᠲᠤᠰ ᠭᠠᠵᠠᠷ ᠤᠷᠤᠨ ᠲᠤᠰ ᠰᠢᠰᠲ᠋ᠤᠮ᠎ᠤᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠵᠤᠬᠢᠶᠠᠨ ᠪᠠᠶ᠋ᠢᠭᠤᠯᠵᠦ ᠵᠤᠬᠢᠴᠠᠭᠤᠯᠬᠤ᠂ ᠵᠢᠭ᠋ᠠᠨ ᠵᠢᠯᠤᠭᠤᠳᠴᠤ ᠠᠬᠢᠭᠤᠯᠬᠤ ᠪᠠ ᠬᠢᠨᠠᠯᠳᠠ ᠲᠠᠯᠪᠢᠵᠦ ᠪᠠᠶ᠋ᠢᠴᠠᠭ᠋ᠠᠬᠤ ᠵᠢ ᠦᠨᠡᠨᠬᠦ ᠴᠢᠩᠭ᠋ᠠᠳᠬᠠᠬᠤ ᠬᠡᠷᠡᠭᠳᠡᠢ; ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠤᠯᠠᠨ ᠨᠡᠶ᠋ᠢᠳᠡ ᠵᠢᠨ ᠠᠵᠦ ᠠᠬᠤᠶ᠋ᠢᠯᠠᠯ ᠠᠵᠢᠯ ᠦᠢ᠍ᠯᠡᠰ᠎ᠤᠨ ᠨᠢᠬᠡᠴᠡ ᠵᠢ ᠲᠦᠷᠦᠯ ᠬᠤᠪᠢᠶᠠᠵᠦ ᠵᠢᠭ᠋ᠠᠨ ᠵᠢᠯᠤᠭᠤᠳᠬᠤ᠎ᠪᠠᠨ ᠴᠢᠩᠭ᠋ᠠᠳᠬᠠᠵᠦ᠂ ᠤᠯᠠᠨ ᠨᠡᠶ᠋ᠢᠳᠡ ᠵᠢᠨ ᠠᠵᠦ ᠠᠬᠤᠶ᠋ᠢᠯᠠᠯ ᠠᠵᠢᠯ ᠦᠢ᠍ᠯᠡᠰ᠎ᠤᠨ ᠨᠢᠬᠡᠴᠡ ᠵᠢᠨ ᠬᠡᠷᠡᠭ ᠡᠷᠬᠢᠯᠡᠬᠦ ᠵᠢ ᠢᠯᠡ ᠪᠤᠯᠭ᠋ᠠᠬᠤ ᠡᠭᠦᠷᠬᠡ ᠬᠠᠷᠢᠭᠤᠴᠠᠯᠭ᠎ᠠ᠎ᠪᠠᠨ ᠠᠬᠢᠭᠤᠯᠬᠤ ᠵᠢ ᠵᠤᠬᠢᠶᠠᠨ ᠪᠠᠶ᠋ᠢᠭᠤᠯᠵᠦ ᠵᠤᠬᠢᠴᠠᠭᠤᠯᠬᠤ᠂ ᠬᠢᠨᠠᠯᠳᠠ ᠲᠠᠯᠪᠢᠵᠦ ᠵᠢᠭ᠋ᠠᠨ ᠵᠢᠯᠤᠭᠤᠳᠬᠤ ᠵᠢ ᠦᠨᠡᠨᠬᠦ ᠡᠭᠦᠷᠬᠡᠯᠡᠬᠦ ᠬᠡᠷᠡᠭᠳᠡᠢ᠃ ᠤᠯᠠᠨ ᠨᠡᠶ᠋ᠢᠳᠡ ᠵᠢᠨ ᠠᠵᠦ ᠠᠬᠤᠶ᠋ᠢᠯᠠᠯ ᠠᠵᠢᠯ ᠦᠢ᠍ᠯᠡᠰ᠎ᠤᠨ ᠨᠢᠬᠡᠴᠡ᠎ᠨᠢ 《ᠬᠡᠷᠡᠭᠵᠢᠬᠦᠯᠬᠦ ᠨᠠᠷᠢᠨ ᠲᠦᠷᠢᠮ》 ᠵᠶ᠋ᠠᠷ ᠯᠠᠪᠯᠠᠯᠳᠠ ᠪᠤᠯᠭ᠋ᠠᠨ ᠬᠡᠷᠡᠭᠵᠢᠬᠦᠯᠬᠦ ᠬᠡᠷᠡᠭᠳᠡᠢ᠃
      ᠬᠤᠶᠠᠷ᠂ ᠠᠵᠢᠯ᠎ᠤᠨ ᠲᠤᠨᠨᠳᠠᠴᠠ ᠵᠢ ᠤᠯᠠᠮ ᠨᠢᠬᠡ ᠠᠯᠬᠤᠮ ᠲᠡᠭᠦᠯᠳᠡᠷᠵᠢᠬᠦᠯᠦᠨ᠎ᠠ
      ᠡᠯ᠎ᠡ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠂ ᠬᠠᠤᠯᠢ ᠴᠠᠭ᠋ᠠᠵᠠ ᠬᠠᠤᠯᠢ ᠲᠤᠨᠨᠳᠠᠭ᠋ᠠᠯ᠎ᠠᠴᠠ ᠡᠷᠬᠡ ᠤᠯᠭᠤᠵᠦ ᠪᠦᠭᠦᠢ ᠤᠯᠠᠨ ᠨᠡᠶ᠋ᠢᠳᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠬᠡ ᠴᠢᠳᠠᠪᠦᠷᠢᠲᠦ ᠵᠤᠬᠢᠶᠠᠨ ᠪᠠᠶ᠋ᠢᠭᠤᠯᠤᠯᠳᠠ᠎ᠨᠢ 《ᠬᠡᠷᠡᠭᠵᠢᠬᠦᠯᠬᠦ ᠨᠠᠷᠢᠨ ᠲᠦᠷᠢᠮ》᠎ᠳᠤ ᠲᠤᠳᠤᠷᠬᠠᠶ᠋ᠢᠯᠬᠠᠰᠠᠨ ᠪᠤᠳᠠᠳᠠᠢ ᠠᠵᠢᠯ᠎ᠤᠨ ᠱᠠᠭ᠋ᠠᠷᠳᠠᠯᠭ᠎ᠠ᠎ᠲᠠᠢ ᠬᠠᠷᠢᠴᠠᠭᠤᠯᠵᠦ᠂ ᠲᠤᠰ ᠨᠢᠬᠡᠴᠡ ᠵᠢᠨ ᠪᠢᠴᠢᠭ ᠮᠠᠲᠸᠷᠢᠶᠠᠯ ᠪᠠᠭᠤᠯᠭ᠋ᠠᠵᠦ ᠬᠤᠷᠠᠯ ᠬᠤᠷᠠᠯᠳᠤᠭᠤᠯᠬᠤ ᠲᠠᠰ ᠲᠠᠷᠠᠭ᠋ᠠᠯᠠᠯ᠎ᠳᠠᠭᠠᠨ 《ᠲᠠᠪᠤ ᠵᠢ ᠢᠯᠡ ᠪᠤᠯᠭ᠋ᠠᠬᠤ》 ᠠᠵᠢᠯ᠎ᠤᠨ ᠲᠤᠨᠨᠳᠠᠴᠠ ᠵᠢ ᠨᠠᠶ᠋ᠢᠳᠠᠪᠤᠷᠢᠵᠢᠭᠤᠯᠬᠤ᠂ ᠢᠯᠡ ᠪᠤᠯᠭ᠋ᠠᠬᠤ ᠠᠭᠤᠯᠭ᠎ᠠ ᠵᠢᠨ ᠪᠠᠢ᠍ᠢ᠍ᠳᠠᠯ᠎ᠢ ᠲᠤᠬᠢᠷᠠᠭᠤᠯᠬᠤ ᠪᠠ ᠲᠤᠨᠨᠳᠠᠮᠠᠯ ᠬᠤᠭᠤᠴᠠᠭ᠎ᠠ᠎ᠲᠠᠢ ᠬᠢᠨᠠᠨ ᠪᠠᠶ᠋ᠢᠴᠠᠭ᠋ᠠᠬᠤ ᠲᠤᠨᠨᠳᠠᠴᠠ᠂ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ ᠬᠢᠬᠡᠳ ᠲᠦᠷᠦ ᠵᠢᠨ ᠪᠤᠳᠤᠯᠭ᠎ᠠ ᠵᠢᠨ ᠤᠩᠰᠢᠨ ᠲᠠᠶ᠋ᠢᠯᠪᠤᠷᠢᠯᠠᠯᠳᠠ ᠬᠢᠬᠦ ᠵᠢᠨ ᠵᠡᠷᠬᠡᠪᠡᠷ ᠵᠤᠬᠢᠶᠠᠨ ᠪᠠᠶ᠋ᠢᠭᠤᠯᠤᠨ ᠬᠢᠨᠠᠵᠦ ᠭᠠᠷ᠎ᠤᠨ ᠦᠰᠦᠭ ᠵᠢᠷᠤᠵᠦ ᠪᠠᠶ᠋ᠢᠷᠢᠯᠠᠭᠤᠯᠬᠤ ᠲᠤᠨᠨᠳᠠᠴᠠ᠂ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠢ ᠴᠤᠨᠨᠯᠠᠭᠤᠯᠵᠦ ᠰᠤᠳᠤᠯᠤᠨ ᠲᠠᠰᠤᠯᠵᠦ ᠬᠠᠷᠢᠭᠤ ᠦᠭᠭᠦ ᠲᠤᠨᠨᠳᠠᠴᠠ᠂ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢᠨ ᠬᠠᠮᠢᠶᠠᠷᠤᠯᠳᠠ ᠵᠢᠴᠢ ᠰᠦᠯᠵᠢᠶᠡᠨ ᠦᠷᠳᠡᠭᠡ ᠵᠢᠨ ᠬᠤᠭᠤᠷᠤᠨᠳᠤ᠎ᠪᠠᠨ ᠵᠤᠬᠢᠴᠠᠭᠤᠯᠵᠦ ᠬᠤᠯᠪᠤᠭ᠋ᠠᠯᠠᠨ ᠭᠦᠳᠡᠯᠦᠯᠴᠡᠬᠦ ᠲᠤᠨᠨᠳᠠᠴᠠ᠂ ᠤᠯᠠᠨ ᠨᠡᠶ᠋ᠢᠳᠡ ᠵᠢᠨ ᠤᠷᠤᠯᠴᠠᠭ᠍ᠤ ᠲᠤᠨᠨᠳᠠᠴᠠ ᠵᠢ ᠦᠷᠬᠡᠳᠬᠡᠬᠦ ᠵᠡᠷᠬᠡ ᠵᠢ ᠤᠯᠠᠮ ᠨᠢᠬᠡ ᠠᠯᠬᠤᠮ ᠲᠡᠭᠦᠯᠳᠡᠷᠵᠢᠬᠦᠯᠦᠨ᠎ᠠ᠃ ᠠᠵᠢᠯ᠎ᠤᠨ ᠲᠤᠨᠨᠳᠠᠴᠠ ᠵᠢᠨ ᠪᠠᠶ᠋ᠢᠭᠤᠯᠤᠯᠳᠠ ᠵᠢ ᠴᠢᠩᠭ᠋ᠠᠳᠬᠠᠬᠤ᠎ᠪᠠᠷ ᠭᠦᠴᠦᠯᠡᠴᠡ ᠪᠤᠯᠭ᠋ᠠᠵᠦ᠂ ᠲᠤᠰ ᠨᠢᠬᠡᠴᠡ ᠵᠢᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠶᠠᠰᠤ ᠴᠢᠨᠠᠷ ᠪᠠ ᠬᠢᠷᠢ ᠬᠡᠮᠵᠢᠶ᠎ᠡ ᠵᠢ ᠲᠠᠰᠤᠷᠠᠯᠳᠠ ᠦᠬᠡᠢ ᠲᠡᠬᠡᠭᠰᠢᠯᠡᠬᠦᠯᠬᠦ ᠬᠡᠷᠡᠭᠳᠡᠢ᠃
      ᠭᠤᠷᠪᠠ᠂ ᠰᠢᠯᠭ᠋ᠠᠨ ᠦᠨᠡᠯᠡᠵᠦ ᠬᠠᠷᠢᠭᠤᠴᠠᠯᠭ᠎ᠠ ᠬᠡᠯᠡᠯᠴᠡᠬᠦ ᠵᠢ ᠤᠯᠠᠮ ᠨᠢᠬᠡ ᠠᠯᠬᠤᠮ ᠴᠢᠩᠭ᠋ᠠᠳᠬᠠᠨ᠎ᠠ
      ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠎ᠤᠳ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠡᠳᠦᠷ ᠲᠤᠳᠤᠮ᠎ᠤᠨ ᠬᠢᠨᠠᠯᠳᠠ ᠲᠠᠯᠪᠢᠯᠳᠠ ᠪᠠᠶ᠋ᠢᠴᠠᠭ᠋ᠠᠯᠳᠠ ᠵᠢ ᠴᠢᠩᠭ᠋ᠠᠳᠬᠠᠬᠤ ᠵᠢ ᠠᠵᠢᠯ᠎ᠤᠨ ᠠᠮᠵᠢᠯᠳᠠ ᠪᠦᠳᠦᠮᠵᠢ ᠵᠢ ᠰᠢᠯᠭ᠋ᠠᠨ ᠬᠢᠨᠠᠭ᠍ᠤ ᠰᠢᠰᠲ᠋ᠤᠮᠵᠢ᠎ᠳᠤ ᠤᠷᠤᠭᠤᠯᠤᠨ᠂ ᠡᠷᠬᠡ ᠵᠢᠨ ᠬᠠᠷᠢᠴᠠᠯ᠎ᠢ 4 %᠎ᠠᠴᠠ ᠲᠤᠤᠷ᠎ᠠ ᠪᠠᠶ᠋ᠢᠯᠭ᠋ᠠᠵᠦ ᠪᠤᠯᠬᠤ ᠦᠬᠡᠢ᠃ ᠡᠯ᠎ᠡ ᠱᠠᠳᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠬᠢᠮ (ᠬᠡᠷ)᠎ᠨᠢ ᠰᠢᠨᠵᠢᠯᠡᠬᠦ ᠤᠬᠠᠭ᠋ᠠᠨᠴᠢ ᠵᠦᠢ ᠵᠤᠬᠢᠰᠳᠠᠢ ᠪᠤᠳᠠᠳᠠᠶ᠋ᠢᠵᠢᠭᠤᠯᠤᠨ ᠦᠨᠡᠯᠡᠬᠦ ᠰᠢᠰᠲ᠋ᠤᠮᠵᠢ ᠵᠢ ᠰᠤᠳᠤᠯᠤᠨ ᠪᠠᠶ᠋ᠢᠭᠤᠯᠵᠦ᠂ ᠭᠤᠷᠪᠠᠳᠠᠬᠢ ᠡᠳᠡᠬᠡᠳ᠎ᠠᠴᠠ ᠦᠨᠡᠯᠡᠬᠦ ᠪᠠ ᠠᠷᠠᠳ᠎ᠤᠨ ᠰᠠᠨᠠᠭ᠎ᠠ ᠵᠢ ᠪᠠᠶ᠋ᠢᠴᠠᠭ᠋ᠠᠬᠤ ᠵᠡᠷᠬᠡ ᠠᠷᠭ᠎ᠠ ᠮᠠᠶᠢᠭ ᠵᠶ᠋ᠠᠷ ᠲᠠᠮᠵᠢᠭᠤᠯᠤᠨ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠦᠷ᠎ᠡ ᠪᠦᠳᠦᠮᠵᠢ ᠵᠢ ᠦᠨᠡᠯᠡᠬᠦ ᠵᠢ ᠴᠢᠩᠭ᠋ᠠᠳᠬᠠᠵᠦ᠂ ᠦᠨᠡᠯᠡᠯᠳᠡ ᠪᠠ ᠪᠠᠶ᠋ᠢᠴᠠᠭ᠋ᠠᠯᠳᠠ ᠵᠢᠨ ᠦᠷ᠎ᠡ ᠳ᠋ᠦ᠍ᠢ᠍ᠩ᠎ᠢ ᠰᠢᠯᠭ᠋ᠠᠨ ᠬᠢᠨ᠋ᠬᠠᠰᠠᠨ ᠦᠷ᠎ᠡ ᠳ᠋ᠦ᠍ᠢ᠍ᠩ᠎ᠳᠤ ᠤᠷᠤᠭᠤᠯᠬᠤ ᠬᠡᠷᠡᠭᠳᠡᠢ᠃ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠱᠠᠩᠨᠠᠵᠦ ᠲᠤᠷᠭᠤᠭ᠋ᠠᠬᠤ ᠲᠤᠨᠨᠳᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠠᠵᠢᠯ ᠵᠶ᠋ᠠᠨ ᠰᠠᠶ᠋ᠢᠨ ᠨᠠᠶ᠋ᠢᠳᠠᠪᠤᠷᠢᠵᠢᠭᠤᠯᠤᠨᠨᠰᠠᠨ ᠪᠠᠶ᠋ᠢᠪᠠᠯ᠂ ᠬᠤᠯᠪᠤᠨᠨᠳᠠᠯ ᠪᠦᠭᠦᠢ ᠲᠤᠨᠨᠳᠠᠭ᠋ᠠᠯ ᠶᠤᠰᠤᠭ᠋ᠠᠷ ᠰᠠᠶ᠋ᠢᠰᠢᠶᠠᠨ ᠭᠦᠬᠢᠬᠦᠯᠵᠦ᠂ ᠠᠵᠢᠯ ᠵᠶ᠋ᠠᠨ ᠪᠤᠳᠠᠳᠠᠢ ᠨᠠᠶ᠋ᠢᠳᠠᠪᠤᠷᠢᠵᠢᠭᠤᠯᠤᠨᠨᠰᠠᠨ ᠦᠬᠡᠢ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠬᠤᠯᠪᠤᠨᠨᠳᠠᠯ ᠪᠦᠭᠦᠢ ᠲᠤᠨᠨᠳᠠᠭ᠋ᠠᠯ᠎ᠠᠴᠠ ᠵᠦᠷᠢᠴᠡᠵᠦ᠂ ᠢᠯᠡ ᠪᠤᠯᠭ᠋ᠠᠬᠤ ᠡᠭᠦᠷᠬᠡ᠎ᠪᠠᠨ ᠭᠦᠢ᠍ᠴᠡᠳᠬᠡᠭᠰᠡᠨ ᠦᠬᠡᠢ᠂ ᠭᠦᠨᠳᠦ ᠨᠤᠴᠢᠳᠠᠢ ᠨᠦᠯᠦᠬᠡ ᠤᠴᠠᠷᠠᠭᠤᠯᠤᠨᠨᠰᠠᠨ ᠪᠠᠶ᠋ᠢᠪᠠᠯ᠂ ᠰᠠᠬᠢᠯᠭ᠎ᠠ ᠪᠠᠳᠤ ᠬᠠᠤᠯᠢ ᠴᠠᠭ᠋ᠠᠵᠠ ᠶᠤᠰᠤᠭ᠋ᠠᠷ ᠬᠠᠮᠢᠶ᠎ᠠ ᠪᠦᠭᠦᠢ ᠨᠢᠬᠡᠴᠡ ᠪᠠ ᠠᠵᠢᠯᠳᠠᠨ᠎ᠠᠴᠠ ᠬᠠᠷᠢᠭᠤᠴᠠᠯᠭ᠎ᠠ ᠨᠡᠬᠡᠮᠵᠢᠯᠡᠨ᠎ᠠ᠃

                                     2017 ᠤᠨ᠎ᠤ 1 ᠳ᠋ᠤᠬᠡᠷ ᠰᠠᠷ᠎ᠠ ᠵᠢᠨ 3᠎ᠤ ᠡᠳᠦᠷ
                                       (ᠲᠤᠰ ᠪᠢᠴᠢᠭ ᠮᠠᠲᠸᠷᠢᠶᠠᠯ᠎ᠢ ᠢᠯᠡ ᠨᠡᠶ᠋ᠢᠳᠡᠯᠡᠨ᠎ᠠ)

《ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠪᠦᠭᠦ ᠲᠠᠯ᠎ᠠ᠎ᠪᠠᠷ ᠠᠬᠢᠭᠤᠯᠬᠤ ᠲᠤᠬᠠᠢ ᠰᠠᠨᠠᠯ》᠎ᠤᠨ ᠬᠡᠷᠡᠭᠵᠢᠬᠦᠯᠬᠦ ᠨᠠᠷᠢᠨ ᠲᠦᠷᠢᠮ᠎ᠢ ᠲᠠᠷᠤᠮᠠᠯᠯᠠᠨ ᠶᠠᠪᠤᠭᠤᠯᠬᠤ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ
ᠲᠦᠷᠦ ᠠᠯᠪᠠᠨ ᠲᠠᠷᠬᠠᠭ᠋ᠠᠨᠨᠰᠠᠨ [2016] 80 ᠳ᠋ᠤᠭ᠋ᠠᠷ ᠲᠤᠭ᠋ᠠᠳᠤ

ᠡᠯ᠎ᠡ ᠮᠤᠵᠢ᠂ ᠦᠪᠡᠷᠳᠡᠬᠡᠨ ᠵᠠᠰᠠᠭ᠍ᠤ ᠤᠷᠤᠨ᠂ ᠰᠢᠭᠤᠳ ᠬᠠᠷᠢᠶ᠎ᠠ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠡᠯ᠎ᠡ ᠶᠠᠮᠤᠨ ᠵᠦᠪᠯᠡᠯ᠂ ᠡᠯ᠎ᠡ ᠰᠢᠭᠤᠳ ᠬᠠᠷᠢᠶ᠎ᠠ ᠪᠠᠶ᠋ᠢᠭᠤᠯᠤᠮᠵᠢ᠎ᠳᠤ᠄
     《〈ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠪᠦᠭᠦ ᠲᠠᠯ᠎ᠠ᠎ᠪᠠᠷ ᠠᠬᠢᠭᠤᠯᠬᠤ ᠲᠤᠬᠠᠢ ᠰᠠᠨᠠᠯ〉᠎ᠤᠨ ᠬᠡᠷᠡᠭᠵᠢᠬᠦᠯᠬᠦ ᠨᠠᠷᠢᠨ ᠲᠦᠷᠢᠮ》᠎ᠢ ᠨᠢᠬᠡᠨᠳᠡ ᠲᠦᠷᠦ ᠵᠢᠨ ᠶᠠᠪᠤᠳᠠᠯ᠎ᠤᠨ ᠬᠤᠷᠢᠶ᠎ᠠ᠎ᠪᠠᠷ ᠵᠦᠪᠰᠢᠶᠡᠷᠡᠭᠦᠯᠦᠬᠡᠳ᠂ ᠡᠳᠦᠬᠡ ᠲᠠᠨᠠᠷ᠎ᠲᠤ ᠲᠠᠷᠤᠮᠠᠯᠯᠠᠨ ᠶᠠᠪᠤᠭᠤᠯᠤᠯ᠎ᠠ᠂ ᠪᠤᠳᠠᠳᠠᠢ᠎ᠲᠠᠢ᠎ᠪᠠᠨ ᠤᠶᠠᠯᠳᠤᠭᠤᠯᠤᠨ ᠬᠢᠨᠠᠮᠠᠭ᠋ᠠᠢ ᠲᠤᠤᠱᠯᠠᠭᠤᠯᠤᠨ ᠨᠠᠶ᠋ᠢᠳᠠᠪᠤᠷᠢᠵᠢᠭᠤᠯᠳᠤᠭ᠋ᠠᠢ᠃
                  ᠪᠦᠭᠦᠳᠡ ᠨᠠᠶ᠋ᠢᠷᠠᠮᠳᠠᠭ᠍ᠤ ᠲᠤᠮᠳᠠᠳᠤ ᠠᠷᠠᠳ ᠤᠯᠤᠰ᠎ᠤᠨ    
ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ
2016 ᠤᠨ᠎ᠤ 11 ᠳ᠋ᠤᠬᠡᠷ ᠰᠠᠷ᠎ᠠ ᠵᠢᠨ 10᠎ᠤ ᠡᠳᠦᠷ
(ᠲᠤᠰ ᠪᠢᠴᠢᠭ ᠮᠠᠲᠸᠷᠢᠶᠠᠯ᠎ᠢ ᠢᠯᠡ ᠨᠡᠶ᠋ᠢᠳᠡᠯᠡᠨ᠎ᠠ)

《ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠪᠦᠭᠦ ᠲᠠᠯ᠎ᠠ᠎ᠪᠠᠷ
ᠠᠬᠢᠭᠤᠯᠬᠤ ᠲᠤᠬᠠᠢ ᠰᠠᠨᠠᠯ》᠎ᠤᠨ ᠬᠡᠷᠡᠭᠵᠢᠬᠦᠯᠬᠦ ᠨᠠᠷᠢᠨ ᠲᠦᠷᠢᠮ
      ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶ᠎ᠠ ᠵᠢᠨ ᠠᠯᠪᠠᠨ ᠲᠢᠩᠬᠢᠮ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ 《ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠪᠦᠭᠦ ᠲᠠᠯ᠎ᠠ᠎ᠪᠠᠷ ᠠᠬᠢᠭᠤᠯᠬᠤ ᠲᠤᠬᠠᠢ ᠰᠠᠨᠠᠯ》᠎ᠤᠨ ᠱᠠᠭ᠋ᠠᠷᠳᠠᠯᠭ᠎ᠠ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠵᠦ᠂ ᠰᠶ᠋ᠢᠳᠪᠦᠷᠢᠳᠦ ᠪᠤᠳᠤᠯᠭ᠎ᠠ ᠲᠤᠨᠨᠳᠠᠭ᠋ᠠᠬᠤ᠂ ᠬᠡᠷᠡᠭᠵᠢᠬᠦᠯᠬᠦ᠂ ᠬᠠᠮᠢᠶᠠᠷᠬᠤ᠂ ᠦᠢ᠍ᠯᠡᠴᠢᠯᠡᠬᠦ᠂ ᠦᠷ᠎ᠡ ᠳ᠋ᠦ᠍ᠢ᠍ᠩ᠎ᠢ ᠢᠯᠡ ᠪᠤᠯᠭ᠋ᠠᠬᠤ (ᠲᠤᠷᠤᠨᠨᠰᠢ 《ᠲᠠᠪᠤ ᠵᠢ ᠢᠯᠡ ᠪᠤᠯᠭ᠋ᠠᠬᠤ》 ᠬᠡᠵᠦ ᠨᠢᠬᠡᠳᠬᠡᠨ᠎ᠠ) ᠵᠢ ᠤᠯᠠᠮ ᠨᠢᠬᠡ ᠠᠯᠬᠤᠮ ᠠᠬᠢᠭᠤᠯᠤᠨ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ᠂ ᠨᠡᠶ᠋ᠢᠬᠡᠮ᠎ᠤᠨ ᠠᠩᠬᠠᠷᠴᠤ ᠪᠦᠭᠦᠢ ᠶᠠᠪᠤᠳᠠᠯ᠎ᠳᠤ ᠬᠠᠷᠢᠭᠤ ᠦᠭᠭᠦ᠂ ᠢᠯᠡ ᠪᠤᠯᠭ᠋ᠠᠬᠤ ᠲᠡᠪᠴᠡᠩ᠎ᠤᠨ ᠪᠠᠶ᠋ᠢᠭᠤᠯᠤᠯᠳᠠ ᠵᠢ ᠴᠢᠩᠭ᠋ᠠᠳᠬᠠᠵᠦ᠂ ᠵᠠᠰᠠᠭ᠎ᠢ ᠴᠤᠮᠬᠠᠳᠬᠠᠨ ᠡᠷᠬᠡ ᠵᠢ ᠲᠤᠷᠤᠨᠨᠰᠢ ᠪᠠᠭᠤᠯᠭ᠋ᠠᠬᠤ᠂ ᠪᠠᠭᠤᠯᠭ᠋ᠠᠵᠦ ᠬᠠᠮᠢᠶᠠᠷᠬᠤ ᠵᠢ ᠤᠶᠠᠯᠳᠤᠭᠤᠯᠬᠤ᠂ ᠦᠢ᠍ᠯᠡᠴᠢᠯᠡᠬᠡᠨ᠎ᠢ ᠰᠢᠯᠢᠳᠡᠭᠵᠢᠬᠦᠯᠬᠦ ᠦᠬᠡᠷᠡᠴᠢᠯᠡᠯᠳᠡ ᠵᠢ ᠦᠷᠬᠦᠯᠵᠢᠯᠡᠨ ᠠᠬᠢᠭᠤᠯᠬᠤ ᠵᠢᠨ ᠲᠤᠰᠠᠳᠠ᠂ ᠲᠤᠰ ᠬᠡᠷᠡᠭᠵᠢᠬᠦᠯᠬᠦ ᠨᠠᠷᠢᠨ ᠲᠦᠷᠢᠮ᠎ᠢ ᠲᠤᠨᠨᠳᠠᠭ᠋ᠠᠪᠠ᠃
      ᠨᠢᠬᠡ᠂ 《ᠲᠠᠪᠤ ᠵᠢ ᠢᠯᠡ ᠪᠤᠯᠭ᠋ᠠᠬᠤ》 ᠵᠢ ᠭᠦᠴᠦᠯᠡᠨ ᠠᠬᠢᠭᠤᠯᠤᠨ᠎ᠠ
     (ᠨᠢᠬᠡ) 《ᠲᠠᠪᠤ ᠵᠢ ᠢᠯᠡ ᠪᠤᠯᠭ᠋ᠠᠬᠤ》 ᠱᠠᠭ᠋ᠠᠷᠳᠠᠯᠭ᠎ᠠ ᠵᠢ ᠠᠯᠪᠠᠨ ᠪᠢᠴᠢᠭ᠎ᠢ ᠭᠦᠢ᠍ᠴᠡᠳᠬᠡᠬᠦ ᠲᠠᠰ ᠲᠠᠷᠠᠭ᠋ᠠᠯᠠᠯ᠎ᠳᠤ ᠨᠠᠶ᠋ᠢᠳᠠᠪᠤᠷᠢᠵᠢᠭᠤᠯᠬᠤ ᠬᠡᠷᠡᠭᠳᠡᠢ᠃ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠠᠯᠪᠠᠨ ᠪᠢᠴᠢᠭ ᠲᠤᠭᠤᠷᠪᠢᠬᠤ ᠦᠶᠡᠰ᠂ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠬᠤ᠂ ᠭᠤᠶᠤᠴᠢᠯᠠᠯ ᠶᠤᠰᠤᠭ᠋ᠠᠷ ᠢᠯᠡ ᠪᠤᠯᠭ᠋ᠠᠬᠤ᠂ ᠦᠯᠦ ᠢᠯᠡ ᠪᠤᠯᠭ᠋ᠠᠬᠤ ᠵᠡᠷᠬᠡ ᠰᠢᠨᠵᠢ ᠴᠢᠨᠠᠷ᠎ᠢ ᠲᠤᠳᠤᠷᠬᠠᠶ᠋ᠢᠯᠠᠨ᠂ ᠠᠯᠪᠠᠨ ᠪᠢᠴᠢᠭ᠎ᠯᠦᠭᠡ ᠵᠡᠷᠬᠡᠪᠡᠷ ᠮᠡᠳᠡᠬᠦᠯᠦᠨ ᠵᠦᠪᠰᠢᠶᠡᠷᠡᠬᠦᠯᠵᠦ᠂ ᠦᠯᠦ ᠢᠯᠡ ᠪᠤᠯᠭ᠋ᠠᠬᠤ᠎ᠪᠠᠷ ᠪᠠᠶ᠋ᠢᠪᠠᠯ᠂ ᠬᠠᠤᠯᠢ ᠴᠠᠭ᠋ᠠᠵᠠ ᠬᠠᠤᠯᠢ ᠲᠤᠨᠨᠳᠠᠭ᠋ᠠᠯ ᠶᠤᠰᠤᠭ᠋ᠠᠷ ᠰᠢᠯᠳᠠᠭ᠋ᠠᠨ᠎ᠢ᠎ᠨᠢ ᠲᠤᠳᠤᠷᠬᠠᠶ᠋ᠢᠯᠠᠭ᠍ᠤ ᠬᠡᠷᠡᠭᠳᠡᠢ᠃ ᠦᠯᠦ ᠢᠯᠡ ᠪᠤᠯᠭ᠋ᠠᠬᠤ᠎ᠪᠠᠷ ᠪᠠᠶ᠋ᠢᠭ᠎ᠠ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠮᠡᠳᠡᠬᠦᠯᠦᠨ ᠵᠦᠪᠰᠢᠶᠡᠷᠡᠭᠦᠯᠭᠦ᠎ᠠᠴᠠ ᠡᠮᠤᠨ᠎ᠠ ᠤᠷᠢᠳᠠᠪᠡᠷ ᠲᠤᠰ ᠨᠢᠬᠡᠴᠡ ᠵᠢᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠪᠠᠶ᠋ᠢᠭᠤᠯᠤᠮᠵᠢ᠎ᠳᠤ ᠭᠦᠷᠬᠡᠵᠦ ᠬᠢᠨᠠᠨ ᠪᠠᠶ᠋ᠢᠴᠠᠭ᠋ᠠᠯᠭ᠋ᠠᠬᠤ ᠬᠡᠷᠡᠭᠳᠡᠢ᠃ ᠰᠠᠯᠠᠭ᠎ᠠ ᠮᠦᠴᠢᠷ᠎ᠠᠴᠠ ᠵᠠᠰᠠᠭ᠎ᠤᠨ ᠤᠷᠳᠤᠨ᠎ᠤ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠤᠷᠤᠯᠠᠨ ᠲᠤᠭᠤᠷᠪᠢᠬᠤ ᠦᠶᠡᠰ᠂ ᠢᠯᠡ ᠪᠤᠯᠭ᠋ᠠᠬᠤ ᠰᠢᠨᠵᠢ ᠴᠢᠨᠠᠷ᠎ᠲᠤ ᠲᠤᠳᠤᠷᠬᠠᠢ ᠰᠠᠨᠠᠭᠤᠯᠭ᠎ᠠ ᠲᠤᠷᠠᠳᠬᠤ ᠵᠢᠨ ᠬᠠᠮᠳᠤ ᠤᠴᠢᠷ ᠰᠢᠯᠳᠠᠭ᠋ᠠᠨ᠎ᠢ ᠲᠤᠳᠤᠷᠬᠠᠶ᠋ᠢᠯᠠᠭ᠍ᠤ ᠬᠡᠷᠡᠭᠳᠡᠢ; ᠰᠠᠯᠠᠭ᠎ᠠ ᠮᠦᠴᠢᠷ᠎ᠤᠨ ᠲᠡᠬᠡᠭᠰᠢ ᠮᠡᠳᠡᠬᠦᠯᠦᠭᠰᠡᠨ ᠠᠯᠪᠠᠨ ᠪᠢᠴᠢᠭ ᠪᠠᠭᠤᠯᠭ᠋ᠠᠵᠦ ᠵᠢᠭ᠋ᠠᠪᠤᠷᠢ ᠠᠪᠬᠤ ᠪᠢᠴᠢᠭ᠎ᠲᠤ ᠢᠯᠡ ᠪᠤᠯᠭ᠋ᠠᠬᠤ ᠰᠢᠨᠵᠢ ᠴᠢᠨᠠᠷ᠎ᠤᠨ ᠲᠤᠬᠠᠢ ᠲᠤᠳᠤᠷᠬᠠᠢ ᠰᠠᠨᠠᠭᠤᠯᠭ᠎ᠠ ᠦᠬᠡᠢ ᠪᠤᠶᠤ ᠬᠠᠤᠯᠢ ᠴᠠᠭ᠋ᠠᠵᠠ ᠬᠠᠤᠯᠢ ᠲᠤᠨᠨᠳᠠᠭ᠋ᠠᠯ ᠶᠤᠰᠤᠭ᠋ᠠᠷ ᠦᠯᠦ ᠢᠯᠡ ᠪᠤᠯᠭ᠋ᠠᠨᠨᠰᠠᠨ ᠤᠴᠢᠷ ᠰᠢᠯᠳᠠᠭ᠋ᠠᠨ ᠵᠶ᠋ᠠᠨ ᠲᠤᠳᠤᠷᠬᠠᠶ᠋ᠢᠯᠬᠠᠰᠠᠨ ᠦᠬᠡᠢ ᠪᠠᠶ᠋ᠢᠪᠠᠯ᠂ ᠲᠤᠰ ᠱᠠᠳᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠬᠢᠮ (ᠬᠡᠷ)᠎ᠨᠢ ᠲᠤᠨᠨᠳᠠᠭ᠋ᠠᠯ ᠶᠤᠰᠤᠭ᠋ᠠᠷ ᠠᠯᠪᠠᠨ ᠪᠢᠴᠢᠭ᠎ᠢ ᠪᠤᠴᠠᠭ᠋ᠠᠵᠦ ᠪᠤᠯᠤᠨ᠎ᠠ᠃
     (ᠬᠤᠶᠠᠷ) 《ᠲᠠᠪᠤ ᠵᠢ ᠢᠯᠡ ᠪᠤᠯᠭ᠋ᠠᠬᠤ》 ᠱᠠᠭ᠋ᠠᠷᠳᠠᠯᠭ᠎ᠠ ᠵᠢ ᠬᠤᠷᠠᠯ᠎ᠳᠤ ᠭᠦᠢ᠍ᠴᠡᠳᠬᠡᠬᠦ ᠲᠠᠰ ᠲᠠᠷᠠᠭ᠋ᠠᠯᠠᠯ᠎ᠳᠤ ᠨᠠᠶ᠋ᠢᠳᠠᠪᠤᠷᠢᠵᠢᠭᠤᠯᠬᠤ ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠨᠢ 2017 ᠤᠨ᠎ᠤ ᠵᠢᠯ ᠵᠢᠨ ᠰᠡᠬᠦᠯᠴᠢ᠎ᠠᠴᠠ ᠡᠮᠤᠨ᠎ᠠ᠂ ᠠᠰᠢᠭ ᠲᠤᠰᠠ ᠵᠢᠨ ᠬᠠᠮᠢᠶ᠎ᠠ ᠪᠦᠭᠦᠢ ᠲᠠᠯ᠎ᠠ᠂ ᠤᠯᠠᠨ ᠨᠡᠶ᠋ᠢᠳᠡ ᠵᠢᠨ ᠲᠦᠯᠦᠬᠡᠯᠡᠭᠴᠢ᠂ ᠲᠤᠰᠬᠠᠢ ᠮᠡᠷᠬᠡᠵᠢᠯᠳᠡᠨ᠂ ᠵᠠᠭᠤᠴᠢᠯᠠᠭᠤᠷ ᠵᠡᠷᠬᠡ ᠵᠢᠨ ᠵᠠᠰᠠᠭ᠎ᠤᠨ ᠤᠷᠳᠤᠨ᠎ᠤ ᠬᠤᠯᠪᠤᠨᠨᠳᠠᠯ ᠪᠦᠭᠦᠢ ᠬᠤᠷᠠᠯ᠎ᠳᠤ ᠰᠤᠯᠠ ᠤᠷᠤᠯᠴᠠᠭ᠍ᠤ ᠲᠦᠷᠢᠮ᠎ᠢ ᠪᠠᠶ᠋ᠢᠭᠤᠯᠤᠨ ᠪᠦᠷᠢᠨᠰᠢᠬᠦᠯᠵᠦ᠂ ᠰᠶ᠋ᠢᠳᠪᠦᠷᠢᠳᠦ ᠪᠤᠳᠤᠯᠭ᠎ᠠ ᠵᠢᠨ ᠢᠯᠡ ᠪᠤᠯᠭ᠋ᠠᠬᠤ ᠬᠡᠮᠵᠢᠶ᠎ᠡ ᠵᠢ ᠲᠡᠬᠡᠭᠰᠢᠯᠡᠬᠦᠯᠬᠦ ᠬᠡᠷᠡᠭᠳᠡᠢ᠃ ᠤᠷᠤᠨ ᠨᠤᠳᠤᠭ᠎ᠤᠨ ᠵᠠᠰᠠᠭ᠎ᠤᠨ ᠤᠷᠳᠤᠨ᠎ᠤ ᠪᠠᠶ᠋ᠢᠩᠭᠤ ᠵᠢᠨ ᠬᠤᠷᠠᠯ ᠪᠠ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠠᠯᠠᠭ᠎ᠠ ᠮᠦᠴᠢᠷ᠎ᠤᠨ ᠶᠠᠮᠤᠨ᠎ᠤ ᠶᠠᠪᠤᠳᠠᠯ᠎ᠤᠨ ᠬᠤᠷᠠᠯ᠎ᠠᠴᠠ ᠬᠢᠨᠠᠨ ᠵᠦᠪᠯᠡᠭᠰᠡᠨ ᠴᠢᠬᠤᠯᠠ ᠦᠬᠡᠷᠡᠴᠢᠯᠡᠯᠳᠡ ᠵᠢᠨ ᠲᠦᠰᠦᠯ ᠪᠠ ᠴᠢᠬᠤᠯᠠ ᠶᠡᠭᠡ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠲᠡᠪᠰᠢᠬᠦᠯᠦᠨ ᠲᠤᠰᠢᠶᠠᠭ᠍ᠤ᠎ᠳᠠᠭᠠᠨ᠂ ᠬᠠᠤᠯᠢ ᠶᠤᠰᠤᠭ᠋ᠠᠷ ᠨᠢᠭᠤᠴᠠ ᠵᠢ ᠬᠠᠮᠠᠭ᠋ᠠᠯᠠᠭ᠍ᠤ ᠴᠢᠬᠤᠯᠠᠳᠠᠢ᠎ᠠᠴᠠ ᠪᠤᠰᠤᠳ᠂ ᠰᠶ᠋ᠢᠳᠪᠦᠷᠢᠳᠦ ᠪᠤᠳᠤᠯᠭ᠎ᠠ ᠲᠤᠨᠨᠳᠠᠭ᠋ᠠᠬᠤ᠎ᠠᠴᠠ ᠡᠮᠤᠨ᠎ᠠ ᠨᠡᠶ᠋ᠢᠬᠡᠮ ᠨᠡᠶ᠋ᠢᠳᠡ᠎ᠳᠤ ᠰᠶ᠋ᠢᠳᠪᠦᠷᠢᠳᠦ ᠪᠤᠳᠤᠯᠭ᠎ᠠ ᠵᠢᠨ ᠡᠬᠡ ᠨᠤᠤᠷᠠᠭ᠂ ᠰᠶ᠋ᠢᠳᠪᠦᠷᠢᠳᠦ ᠪᠤᠳᠤᠯᠭ᠎ᠠ ᠲᠤᠨᠨᠳᠠᠭ᠋ᠠᠨᠨᠰᠠᠨ ᠦᠨᠳᠦᠰᠦ ᠪᠠᠷᠢᠮᠳᠠ ᠵᠢ ᠨᠡᠶ᠋ᠢᠳᠡᠯᠡᠵᠦ᠂ ᠤᠯᠠᠨ ᠨᠡᠶ᠋ᠢᠳᠡ ᠵᠢᠨ ᠰᠠᠨᠠᠯ᠎ᠢ ᠦᠷᠬᠡᠨ ᠵᠶ᠋ᠠᠷ ᠭᠦᠯᠢᠶᠡᠨ ᠠᠪᠴᠤ ᠰᠤᠨᠤᠰᠬᠤ ᠬᠡᠷᠡᠭᠳᠡᠢ᠃ ᠤᠯᠠᠨ ᠨᠡᠶ᠋ᠢᠳᠡ ᠵᠢᠨ ᠠᠰᠢᠭ ᠲᠤᠰᠠ᠎ᠳᠤ ᠬᠤᠯᠪᠤᠨᠨᠳᠠᠭ᠍ᠤ᠂ ᠨᠡᠶ᠋ᠢᠬᠡᠮ᠎ᠳᠤ ᠦᠷᠬᠡᠨ ᠵᠶ᠋ᠠᠷ ᠮᠡᠳᠡᠷᠡᠬᠦᠯᠬᠦ ᠴᠢᠬᠤᠯᠠᠳᠠᠢ ᠲᠤᠯᠸᠢᠰ ᠳ᠋ᠢᠶᠠᠩᠬᠤᠸᠠ ᠬᠤᠷᠠᠯ᠎ᠢ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠷᠠᠳᠢᠤ᠋ ᠲᠤᠯᠸᠢᠰ᠂ ᠲᠤᠤᠷ ᠰᠦᠯᠵᠢᠶ᠎ᠡ ᠪᠠ ᠰᠢᠨ᠎ᠠ ᠵᠠᠭᠤᠴᠢᠯᠠᠭᠤᠷ ᠵᠶ᠋ᠠᠷ ᠰᠢᠭᠤᠳ ᠨᠡᠪᠳᠡᠷᠡᠬᠦᠯᠬᠦ ᠵᠡᠷᠬᠡ ᠬᠡᠯᠪᠡᠷᠢ ᠮᠠᠶᠢᠭ᠎ᠢ ᠢᠳᠡᠪᠬᠢᠳᠡᠢ᠎ᠪᠠᠷ ᠬᠡᠷᠡᠭᠯᠡᠵᠦ ᠨᠡᠶ᠋ᠢᠬᠡᠮ ᠨᠡᠶ᠋ᠢᠳᠡ᠎ᠳᠤ ᠢᠯᠡ ᠪᠤᠯᠭ᠋ᠠᠬᠤ ᠬᠡᠷᠡᠭᠳᠡᠢ᠃ ᠠᠷᠠᠳ᠎ᠤᠨ ᠠᠮᠢᠳᠤᠷᠠᠯ᠎ᠤᠨ ᠴᠢᠬᠤᠯᠠ ᠶᠡᠭᠡ ᠵᠦᠢ᠍ᠯᠡᠰ᠎ᠲᠤ ᠬᠤᠯᠪᠤᠨᠨᠳ᠋ᠬᠠᠰᠠᠨ ᠬᠤᠷᠠᠯ᠎ᠤᠨ ᠵᠦᠪᠯᠡᠬᠦ ᠰᠡᠳᠦᠪ᠎ᠲᠤ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠠᠯᠠᠭ᠎ᠠ ᠮᠦᠴᠢᠷ᠂ ᠤᠷᠤᠨ ᠨᠤᠳᠤᠭ᠎ᠤᠨ ᠡᠯ᠎ᠡ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠢᠯᠠᠩᠭᠤᠶ᠎ᠠ ᠬᠤᠳᠠ ᠰᠢᠶᠠᠨ ᠬᠤᠶᠠᠷ ᠱᠠᠳᠤᠨ᠎ᠤ ᠵᠠᠰᠠᠭ᠎ᠤᠨ ᠤᠷᠳᠤᠨ᠎ᠠᠴᠠ ᠬᠤᠷᠠᠯ᠎ᠤᠨ ᠲᠦᠰᠦᠯ᠎ᠢ ᠲᠤᠨᠨᠳᠠᠭ᠋ᠠᠬᠤ ᠦᠶᠡᠰ᠂ ᠬᠤᠯᠪᠤᠨᠨᠳᠠᠯ ᠪᠦᠭᠦᠢ ᠲᠠᠯ᠎ᠠ ᠵᠢᠨ ᠠᠵᠢᠯᠳᠠᠨ᠎ᠢ ᠤᠷᠢᠵᠦ ᠬᠤᠷᠠᠯ᠎ᠳᠤ ᠰᠤᠯᠠ ᠤᠷᠤᠯᠴᠠᠭᠤᠯᠬᠤ ᠡᠰᠡᠬᠦ᠂ ᠢᠯᠡ ᠪᠤᠯᠭ᠋ᠠᠬᠤ ᠡᠰᠡᠬᠦ ᠵᠢᠴᠢ ᠢᠯᠡ ᠪᠤᠯᠭ᠋ᠠᠬᠤ ᠠᠷᠭ᠎ᠠ ᠮᠠᠶᠢᠭ᠎ᠤᠨ ᠰᠠᠨᠠᠯ᠎ᠢ ᠲᠤᠷᠠᠳᠴᠤ᠂ ᠬᠤᠷᠠᠯ᠎ᠤᠨ ᠲᠦᠰᠦᠯ᠎ᠲᠠᠢ ᠵᠡᠷᠬᠡᠪᠡᠷ ᠮᠡᠳᠡᠬᠦᠯᠦᠨ ᠵᠦᠪᠰᠢᠶᠡᠷᠡᠬᠦᠯᠬᠦ ᠬᠡᠷᠡᠭᠳᠡᠢ; ᠡᠭᠦᠨ᠎ᠠᠴᠠ ᠤᠷᠢᠳ ᠨᠢᠬᠡᠨᠳᠡ ᠢᠯᠡ᠎ᠪᠠᠷ ᠰᠠᠨᠠᠯ ᠬᠤᠷᠢᠶᠬᠠᠰᠠᠨ ᠪᠠᠶ᠋ᠢᠪᠠᠯ᠂ ᠰᠠᠨᠠᠯ ᠬᠤᠷᠢᠶᠬᠠᠰᠠᠨ ᠪᠠ ᠬᠡᠷᠡᠭᠯᠡᠭᠰᠡᠨ ᠪᠠᠶ᠋ᠢᠳᠠᠯ᠎ᠤᠨ ᠲᠤᠳᠤᠷᠬᠠᠶ᠋ᠢᠯᠠᠯᠳᠠ ᠵᠢ ᠬᠠᠮᠳᠤ᠎ᠳᠤᠨᠢ ᠲᠠᠭ᠋ᠠᠯᠳᠤᠭᠤᠯᠬᠤ ᠬᠡᠷᠡᠭᠳᠡᠢ᠃
     (ᠭᠤᠷᠪᠠ) ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠬᠤ ᠭᠠᠷᠴᠬᠠᠯᠠᠯ᠎ᠢ ᠪᠠᠶ᠋ᠢᠭᠤᠯᠤᠨ ᠪᠦᠷᠢᠨᠰᠢᠬᠦᠯᠬᠦ ᠬᠡᠷᠡᠭᠳᠡᠢ᠃ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠬᠤ ᠭᠠᠷᠴᠬᠠᠯᠠᠯ᠎ᠤᠨ ᠰᠢᠰᠲ᠋ᠤᠮᠵᠢ ᠵᠢᠨ ᠪᠠᠶ᠋ᠢᠭᠤᠯᠤᠯᠳᠠ ᠵᠢ ᠠᠬᠢᠭᠤᠯᠤᠨ᠂ ᠢᠯᠡ ᠪᠤᠯᠭ᠋ᠠᠬᠤ ᠵᠢ ᠬᠡᠪ᠎ᠤᠨ ᠪᠠᠶ᠋ᠢᠳᠠᠯ᠂ ᠦᠯᠦ ᠢᠯᠡ ᠪᠤᠯᠭ᠋ᠠᠬᠤ ᠵᠢ ᠠᠰ᠎ᠲᠤᠨᠢ ᠦᠵᠡᠬᠦ ᠵᠢ ᠪᠠᠷᠢᠮᠳᠠᠯᠠᠵᠦ᠂ ᠡᠯ᠎ᠡ ᠭᠦᠷᠢᠶ᠎ᠡ ᠴᠠᠷᠠᠭ᠎ᠠ ᠵᠢᠨ 《ᠲᠠᠪᠤ ᠵᠢ ᠢᠯᠡ ᠪᠤᠯᠭ᠋ᠠᠬᠤ》 ᠵᠢᠨ ᠭᠤᠤᠯ ᠴᠤᠨᠨᠴᠠ᠂ ᠠᠭᠤᠯᠭ᠎ᠠ᠂ ᠴᠠᠭ᠎ᠤᠨ ᠬᠢᠵᠠᠭ᠋ᠠᠷ᠂ ᠠᠷᠭ᠎ᠠ ᠮᠠᠶᠢᠭ ᠵᠡᠷᠬᠡ ᠵᠢ ᠤᠯᠠᠮ ᠨᠢᠬᠡ ᠠᠯᠬᠤᠮ ᠲᠤᠳᠤᠷᠬᠠᠶ᠋ᠢᠯᠠᠨ᠎ᠠ᠃ 2017 ᠤᠨ᠎ᠤ ᠵᠢᠯ᠎ᠤᠨ ᠰᠡᠭᠦᠯᠴᠢ᠎ᠠᠴᠠ ᠡᠮᠤᠨ᠎ᠠ᠂ ᠭᠦᠭᠵᠢᠬᠦᠯᠦᠯᠳᠡ ᠦᠬᠡᠷᠡᠴᠢᠯᠡᠯᠳᠡ᠂ ᠰᠤᠷᠭ᠋ᠠᠨ ᠭᠦᠮᠦᠵᠢᠯ᠂ ᠠᠵᠦ ᠦᠢ᠍ᠯᠡᠳᠪᠦᠷᠢ ᠪᠠ ᠮᠡᠳᠡᠭᠡ ᠵᠠᠩᠬᠢᠵᠢᠯᠳᠠ᠂ ᠲᠤᠳᠤᠭ᠋ᠠᠳᠤ ᠵᠢ ᠬᠠᠮᠠᠭ᠋ᠠᠯᠠᠭ᠍ᠤ᠂ ᠠᠷᠠᠳ᠎ᠤᠨ ᠶᠠᠪᠤᠳᠠᠯ᠂ ᠡᠳ᠋᠎ᠤᠨ ᠵᠠᠰᠠᠭ᠂ ᠭᠦᠮᠦᠨ᠎ᠤ ᠭᠦᠴᠦᠨ᠎ᠤ ᠡᠬᠡ ᠪᠠᠶᠠᠯᠢᠭ ᠨᠡᠶ᠋ᠢᠬᠡᠮ᠎ᠤᠨ ᠪᠠᠳᠤᠯᠠᠭ᠎ᠠ᠂ ᠤᠯᠤᠰ᠎ᠤᠨ ᠭᠠᠵᠠᠷ ᠰᠢᠷᠤᠢ ᠡᠬᠢ ᠪᠠᠶᠠᠯᠢᠭ᠂ ᠵᠠᠮ ᠬᠠᠷᠢᠯᠴᠠᠭ᠎ᠠ ᠲᠡᠬᠡᠬᠡᠪᠦᠷᠢ᠂ ᠤᠷᠴᠢᠨ ᠲᠤᠭᠤᠷᠢᠨ᠎ᠤ ᠬᠠᠮᠠᠭ᠋ᠠᠯᠠᠯᠳᠠ᠂ ᠤᠷᠤᠨ ᠰᠠᠭᠤᠴᠠ ᠪᠠ ᠬᠤᠳᠠ ᠭᠦᠳᠡᠭᠡ ᠵᠢᠨ ᠪᠦᠳᠦᠬᠡᠨ ᠪᠠᠶ᠋ᠢᠭᠤᠯᠤᠯᠳᠠ᠂ ᠬᠤᠳᠠᠯᠳᠤᠭ᠋ᠠᠨ᠎ᠤ ᠶᠠᠪᠤᠳᠠᠯ᠂ ᠡᠷᠡᠭᠦᠯ ᠬᠠᠮᠠᠭ᠋ᠠᠯᠠᠯ ᠲᠦᠯᠦᠪᠯᠡᠬᠡᠳᠦ ᠦᠷᠡᠵᠢᠯ᠂ ᠪᠤᠭᠤᠮᠳᠠ᠂ ᠭᠠᠶ᠋ᠢᠯᠢ ᠵᠢᠨ ᠶᠠᠪᠤᠳᠠᠯ᠂ ᠠᠵᠦ ᠦᠢ᠍ᠯᠡᠳᠪᠦᠷᠢ ᠬᠤᠳᠠᠯᠳᠤᠭ᠎ᠠ᠂ ᠶᠠᠰᠤ ᠴᠢᠨᠠᠷ᠎ᠲᠤ ᠮᠡᠷᠬᠡᠵᠢᠯ᠎ᠤᠨ ᠬᠢᠨᠠᠯᠳᠠ ᠲᠠᠯᠪᠢᠬᠤ᠂ ᠠᠮᠤᠷ ᠲᠦᠪᠰᠢᠨ᠎ᠤ ᠬᠢᠨᠠᠯᠳᠠ ᠬᠠᠮᠢᠶᠠᠷᠤᠯᠳᠠ᠂ ᠢᠳᠡᠬᠡᠨ ᠪᠠ ᠡᠮ᠎ᠤᠨ ᠵᠦᠢ᠍ᠯ᠎ᠤᠨ ᠬᠢᠨᠠᠯᠳᠠ ᠬᠠᠮᠢᠶᠠᠷᠤᠯᠳᠠ᠂ ᠦᠨᠡᠳᠦ ᠲᠡᠮᠳᠡᠭᠳᠦ ᠵᠢᠨ ᠬᠢᠨᠠᠯᠳᠠ ᠬᠠᠮᠢᠶᠠᠷᠤᠯᠳᠠ᠂ ᠶᠠᠳᠠᠭᠤ ᠵᠢ ᠲᠡᠳᠬᠦᠬᠦ ᠵᠡᠷᠬᠡ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠠᠯᠠᠭ᠎ᠠ ᠮᠦᠴᠢᠷ᠎ᠨᠢ ᠲᠤᠰ ᠰᠠᠯᠠᠭ᠎ᠠ ᠮᠦᠴᠢᠷ ᠲᠤᠰ ᠰᠢᠰᠲ᠋ᠤᠮ᠎ᠤᠨ ᠢᠯᠡ ᠪᠤᠯᠭ᠋ᠠᠬᠤ ᠵᠤᠬᠢᠰᠳᠠᠢ ᠠᠭᠤᠯᠭ᠎ᠠ ᠵᠢ ᠡᠮᠬᠢᠯᠡᠭᠰᠡᠨ ᠰᠠᠭᠤᠷᠢᠨ ᠲᠡᠬᠡᠷ᠎ᠡ᠂ ᠲᠤᠰ ᠰᠠᠯᠠᠭ᠎ᠠ ᠮᠦᠴᠢᠷ ᠲᠤᠰ ᠰᠢᠰᠲ᠋ᠤᠮ᠎ᠤᠨ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠬᠤ ᠦᠨᠳᠦᠰᠦᠨ ᠭᠠᠷᠴᠬᠠᠯᠠᠯ᠎ᠢ ᠲᠤᠨᠨᠳᠠᠭ᠋ᠠᠬᠤ ᠬᠡᠷᠡᠭᠳᠡᠢ; 2018 ᠤᠨ᠎ᠤ ᠵᠢᠯ᠎ᠤᠨ ᠰᠡᠭᠦᠯᠴᠢ᠎ᠠᠴᠠ ᠡᠮᠤᠨ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠡᠯ᠎ᠡ ᠰᠠᠯᠠᠭ᠎ᠠ ᠮᠦᠴᠢᠷ᠎ᠨᠢ ᠲᠤᠰ ᠰᠠᠯᠠᠭ᠎ᠠ ᠮᠦᠴᠢᠷ ᠲᠤᠰ ᠰᠢᠰᠲ᠋ᠤᠮ᠎ᠤᠨ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠬᠤ ᠦᠨᠳᠦᠰᠦᠨ ᠭᠠᠷᠴᠬᠠᠯᠠᠯ᠎ᠤᠨ ᠤᠷᠤᠨ ᠲᠤᠭ᠋ᠠᠨ᠎ᠤ ᠠᠵᠢᠯ᠎ᠢ ᠪᠦᠭᠦ ᠲᠠᠯ᠎ᠠ᠎ᠪᠠᠷ ᠪᠡᠶᠡᠯᠡᠬᠦᠯᠬᠦ ᠵᠢᠨ ᠬᠠᠮᠳᠤ ᠪᠠᠢ᠍ᠢ᠍ᠳᠠᠯ ᠵᠶ᠋ᠠᠨ ᠰᠢᠨᠡᠳᠬᠡᠵᠦ᠂ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠬᠤ ᠵᠢᠨ ᠪᠠᠷᠢᠮᠵᠢᠶᠠᠵᠢᠭᠤᠯᠬᠤ ᠵᠢᠷᠤᠮᠵᠢᠭᠤᠯᠬᠤ ᠬᠢᠷᠢ ᠬᠡᠮᠵᠢᠶ᠎ᠡ ᠵᠢ ᠲᠠᠰᠤᠷᠠᠯᠳᠠ ᠦᠬᠡᠢ ᠲᠡᠬᠡᠭᠰᠢᠯᠡᠬᠦᠯᠬᠦ ᠬᠡᠷᠡᠭᠳᠡᠢ᠃
     (ᠲᠦᠷᠪᠡ) ᠢᠯᠡ ᠪᠤᠯᠭ᠋ᠠᠬᠤ ᠠᠭᠤᠯᠭ᠎ᠠ ᠵᠢ ᠭᠦᠳᠡᠯᠦᠩᠭᠦᠢ᠎ᠪᠠᠷ ᠦᠷᠬᠡᠳᠬᠡᠬᠦ ᠪᠠ ᠲᠤᠨᠨᠳᠠᠮᠠᠯ ᠬᠤᠭᠤᠴᠠᠭ᠎ᠠ᠎ᠲᠠᠢ᠎ᠪᠠᠷ ᠬᠢᠨᠠᠨ ᠪᠠᠶ᠋ᠢᠴᠠᠭ᠋ᠠᠬᠤ ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠨᠢ ᠵᠢᠯ ᠪᠦᠷᠢ ᠨᠠᠮ᠎ᠤᠨ ᠲᠦᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠰᠢᠨ᠎ᠠ ᠱᠠᠭ᠋ᠠᠷᠳᠠᠯᠭ᠎ᠠ ᠵᠢᠴᠢ ᠤᠯᠠᠨ ᠨᠡᠶ᠋ᠢᠳᠡ ᠵᠢᠨ ᠠᠩᠬᠠᠷᠴᠤ ᠪᠦᠭᠦᠢ ᠶᠠᠪᠤᠳᠠᠯ᠎ᠢ ᠦᠨᠳᠦᠰᠦᠯᠡᠵᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠤᠨ᠎ᠤ ᠠᠵᠢᠯ᠎ᠤᠨ ᠭᠤᠤᠯᠳᠠᠯᠭ᠎ᠠ ᠵᠢ ᠲᠤᠳᠤᠷᠬᠠᠶ᠋ᠢᠯᠠᠨ᠂ ᠢᠯᠡ ᠪᠤᠯᠭ᠋ᠠᠬᠤ ᠡᠷᠴᠢᠮ ᠪᠠ ᠠᠶ᠋ᠢᠵᠠᠮ᠎ᠢ ᠰᠠᠶ᠋ᠢᠳᠤᠷ ᠡᠵᠡᠮᠰᠢᠵᠦ᠂ 《ᠲᠠᠪᠤ ᠵᠢ ᠢᠯᠡ ᠪᠤᠯᠭ᠋ᠠᠬᠤ》 ᠵᠢᠨ ᠬᠡᠪᠴᠢᠶ᠎ᠡ ᠵᠢ ᠯᠠᠪᠳᠠᠭᠤᠨ ᠡᠮᠬᠢ ᠴᠡᠭᠴᠡ᠎ᠲᠠᠢ᠎ᠪᠠᠷ ᠦᠷᠬᠡᠳᠬᠡᠨ᠂ ᠢᠯᠡ ᠪᠤᠯᠭ᠋ᠠᠬᠤ ᠠᠭᠤᠯᠭ᠎ᠠ ᠵᠢ ᠨᠠᠷᠢᠯᠢᠨᠨᠵᠢᠭᠤᠯᠬᠤ ᠬᠡᠷᠡᠭᠳᠡᠢ᠃ ᠡᠯ᠎ᠡ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ 《ᠲᠠᠪᠤ ᠵᠢ ᠢᠯᠡ ᠪᠤᠯᠭ᠋ᠠᠬᠤ》 ᠵᠢᠨ ᠱᠠᠭ᠋ᠠᠷᠳᠠᠯᠭ᠎ᠠ᠎ᠲᠠᠢ ᠬᠠᠷᠢᠴᠠᠭᠤᠯᠵᠦ᠂ ᠵᠢᠯ ᠪᠦᠷᠢ ᠲᠤᠰ ᠪᠠᠶ᠋ᠢᠭᠤᠯᠭ᠎ᠠ ᠵᠢᠨ ᠢᠯᠡ ᠪᠤᠯᠭ᠋ᠠᠬᠤ ᠦᠬᠡᠢ ᠮᠡᠳᠡᠭᠡ ᠵᠠᠩᠬᠢ ᠵᠢᠴᠢ ᠭᠤᠶᠤᠴᠢᠯᠠᠯ ᠶᠤᠰᠤᠭ᠋ᠠᠷ ᠢᠯᠡ ᠪᠤᠯᠭ᠋ᠠᠬᠤ ᠨᠡᠯᠢᠶᠡᠳ ᠲᠦᠪᠯᠡᠷᠡᠭᠰᠡᠨ ᠮᠡᠳᠡᠭᠡ ᠵᠠᠩᠬᠢ᠎ᠳᠤ ᠪᠦᠭᠦ ᠲᠠᠯ᠎ᠠ᠎ᠪᠠᠷ ᠦᠪᠡᠰᠦᠪᠠᠨ ᠪᠠᠶ᠋ᠢᠴᠠᠭ᠋ᠠᠯᠳᠠ ᠬᠢᠵᠦ᠂ ᠢᠯᠡ ᠪᠤᠯᠭ᠋ᠠᠬᠤ ᠶᠤᠰᠤᠳᠠᠢ ᠠᠳᠠᠯ᠎ᠠ ᠦᠯᠦ ᠢᠯᠡ ᠪᠤᠯᠭ᠋ᠠᠨᠨᠰᠠᠨ ᠮᠡᠳᠡᠭᠡ ᠵᠠᠩᠬᠢ ᠵᠢ ᠢᠯᠡᠷᠡᠭᠦᠯᠪᠡᠯ ᠢᠯᠡ ᠪᠤᠯᠭ᠋ᠠᠵᠦ᠂ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠵᠦ ᠪᠤᠯᠬᠤ ᠵᠢ᠎ᠨᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠤᠯᠭ᠋ᠠᠵᠦ᠂ ᠦᠪᠡᠰᠦᠪᠠᠨ ᠪᠠᠶ᠋ᠢᠴᠠᠭ᠋ᠠᠯᠳᠠ ᠬᠢᠵᠦ ᠴᠡᠭᠴᠡᠯᠡᠨ ᠦᠬᠡᠷᠡᠴᠢᠯᠡᠭᠰᠡᠨ ᠪᠠᠶ᠋ᠢᠳᠠᠯ ᠵᠶ᠋ᠠᠨ ᠴᠠᠭ ᠲᠤᠬᠠᠢ᠎ᠳᠤᠨᠢ ᠲᠤᠰ ᠱᠠᠳᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠬᠢᠮ (ᠬᠡᠷ)᠎ᠲᠤ ᠮᠡᠳᠡᠬᠦᠯᠦᠨ ᠭᠦᠷᠬᠡᠬᠦ ᠬᠡᠷᠡᠭᠳᠡᠢ᠃ ᠡᠯ᠎ᠡ ᠱᠠᠳᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠬᠢᠮ (ᠬᠡᠷ)᠎ᠨᠢ ᠲᠤᠨᠨᠳᠠᠮᠠᠯ ᠬᠤᠭᠤᠴᠠᠭ᠎ᠠ᠎ᠲᠠᠢ᠎ᠪᠠᠷ ᠰᠤᠭᠤᠴᠢᠨ ᠪᠠᠶ᠋ᠢᠴᠠᠭ᠋ᠠᠵᠦ᠂ ᠢᠯᠡ ᠪᠤᠯᠭ᠋ᠠᠬᠤ ᠶᠤᠰᠤᠳᠠᠢ ᠠᠳᠠᠯ᠎ᠠ ᠦᠯᠦ ᠢᠯᠡ ᠪᠤᠯᠭ᠋ᠠᠨᠨᠰᠠᠨ ᠵᠡᠷᠬᠡ ᠠᠰᠠᠭᠤᠳᠠᠯ᠎ᠢ ᠢᠯᠡᠷᠡᠬᠦᠯᠪᠡᠯ ᠴᠠᠭ ᠲᠤᠬᠠᠢ᠎ᠳᠤᠨᠢ ᠰᠢᠮᠳᠠᠭᠤᠯᠵᠦ ᠴᠡᠭᠴᠡᠯᠡᠨ ᠦᠬᠡᠷᠡᠴᠢᠯᠡᠬᠦ ᠬᠡᠷᠡᠭᠳᠡᠢ᠃ ᠢᠯᠡ ᠪᠤᠯᠭ᠋ᠠᠬᠤ᠎ᠠᠴᠠ ᠡᠮᠤᠨ᠎ᠠ ᠨᠢᠭᠤᠴᠠ ᠵᠢ ᠬᠠᠮᠠᠭ᠋ᠠᠯᠠᠵᠦ ᠬᠢᠨᠠᠨ ᠪᠠᠶ᠋ᠢᠴᠠᠭ᠋ᠠᠬᠤ ᠲᠤᠨᠨᠳᠠᠴᠠ ᠵᠢ ᠴᠢᠩᠭ᠎ᠠ ᠨᠠᠶ᠋ᠢᠳᠠᠪᠤᠷᠢᠵᠢᠭᠤᠯᠵᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠪᠠ ᠤᠯᠤᠰ᠎ᠤᠨ ᠨᠢᠭᠤᠴᠠ ᠵᠢ ᠬᠠᠮᠠᠭ᠋ᠠᠯᠠᠭ᠍ᠤ ᠵᠢᠨ ᠬᠠᠷᠢᠴᠠᠭ᠎ᠠ ᠵᠢ ᠲᠤᠬᠢᠳᠠᠢ ᠰᠶ᠋ᠢᠳᠪᠦᠷᠢᠯᠡᠬᠦ ᠬᠡᠷᠡᠭᠳᠡᠢ᠃
     (ᠲᠠᠪᠤ) ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠵᠢ ᠠᠬᠢᠭᠤᠯᠬᠤ ᠬᠡᠷᠡᠭᠳᠡᠢ᠃ ᠪᠦᠭᠦ ᠤᠯᠤᠰ᠎ᠲᠤ 100 ᠰᠢᠶᠠᠨ (ᠬᠤᠳᠠ᠂ ᠲᠤᠭᠤᠷᠢᠭ)᠎ᠢ ᠰᠤᠩᠭᠤᠨ ᠲᠤᠷᠰᠢᠯᠳᠠ ᠵᠢᠨ ᠨᠢᠬᠡᠴᠡ ᠪᠤᠯᠭ᠋ᠠᠵᠦ᠂ ᠭᠤᠤᠯᠳᠠᠭᠤ ᠦᠨᠳᠦᠰᠦᠨ ᠱᠠᠳᠤᠨ᠎ᠤ ᠭᠠᠵᠠᠷ ᠰᠢᠷᠤᠢ ᠵᠢ ᠠᠰᠢᠨᠨᠯᠠᠭ᠍ᠤ ᠶᠡᠷᠦᠩᠬᠡᠢ ᠲᠦᠯᠦᠪᠵᠢᠬᠦᠯᠬᠡ᠂ ᠭᠠᠶ᠋ᠢᠯᠢ ᠵᠢᠨ ᠵᠠᠷᠤᠳᠠᠯ ᠬᠤᠷᠢᠶᠠᠭ᠍ᠤ᠂ ᠭᠠᠵᠠᠷ ᠰᠢᠷᠦᠢ ᠲᠠᠳᠠᠪᠤᠷᠢᠯᠠᠵᠦ ᠨᠦᠭᠦᠪᠦᠷᠢ ᠦᠭᠭᠦ᠂ ᠨᠡᠬᠦᠯᠬᠡᠨ ᠨᠤᠷᠠᠭ᠋ᠠᠵᠦ ᠲᠦᠪᠬᠢᠨᠡᠬᠦᠯᠬᠦ᠂ ᠤᠷᠴᠢᠨ ᠲᠤᠭᠤᠷᠢᠨ᠎ᠢ ᠵᠠᠰᠠᠭ᠍ᠤ᠂ ᠤᠯᠠᠨ ᠨᠡᠶ᠋ᠢᠳᠡ ᠵᠢᠨ ᠠᠵᠢᠯ ᠦᠢ᠍ᠯᠡᠰ᠎ᠲᠤ ᠪᠡᠯᠡ ᠤᠷᠤᠭᠤᠯᠬᠤ᠂ ᠤᠯᠠᠨ ᠨᠡᠶ᠋ᠢᠳᠡ ᠵᠢᠨ ᠰᠤᠶᠤᠯ᠎ᠤᠨ ᠦᠢ᠍ᠯᠡᠴᠢᠯᠡᠭᠡ᠂ ᠶᠠᠳᠠᠭᠤ ᠵᠢ ᠲᠡᠳᠬᠦᠨ ᠭᠠᠮᠰᠢᠭ᠎ᠠᠴᠠ ᠠᠪᠤᠷᠠᠭ᠍ᠤ ᠵᠡᠷᠬᠡ ᠤᠯᠠᠨ ᠲᠦᠮᠡᠨ᠎ᠤ ᠠᠩᠬᠠᠷᠴᠤ ᠪᠦᠭᠦᠢ ᠮᠡᠳᠡᠭᠡ ᠵᠠᠩᠬᠢ ᠵᠢᠴᠢ ᠭᠦᠳᠡᠯᠮᠦᠷᠢ ᠠᠵᠢᠯ ᠤᠯᠭᠤᠯᠳᠠ᠂ ᠨᠡᠶ᠋ᠢᠬᠡᠮ᠎ᠤᠨ ᠲᠠᠭ᠋ᠠᠳᠬᠠᠯ᠂ ᠨᠡᠶ᠋ᠢᠬᠡᠮ᠎ᠤᠨ ᠠᠪᠤᠷᠠᠨ ᠲᠤᠰᠠᠯᠠᠯᠳᠠ᠂ ᠨᠡᠶ᠋ᠢᠬᠡᠮ᠎ᠤᠨ ᠠᠰᠠᠷᠠᠮᠵᠢ᠂ ᠡᠷᠦᠬᠡ ᠠᠮᠠ ᠵᠢᠨ ᠬᠠᠮᠢᠶᠠᠷᠤᠯᠳᠠ᠂ ᠬᠡᠷ ᠪᠠᠷᠢᠬᠤ ᠭᠠᠵᠠᠷ᠎ᠢ ᠬᠢᠨᠠᠵᠦ ᠵᠦᠪᠰᠢᠶᠡᠷᠡᠬᠦ᠂ ᠲᠠᠷᠢᠶᠠᠯᠠᠩ᠎ᠳᠤ ᠬᠤᠯᠪᠤᠨᠨᠳᠠᠭ᠍ᠤ ᠨᠦᠭᠦᠪᠦᠷᠢ᠂ ᠡᠮᠴᠢᠯᠡᠭᠡ ᠡᠷᠡᠬᠦᠯ ᠬᠠᠮᠠᠭ᠋ᠠᠯᠠᠯ ᠵᠡᠷᠬᠡ ᠲᠠᠯ᠎ᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠵᠦᠢ᠍ᠯᠡᠰ᠎ᠤᠨ ᠲᠤᠭᠤᠷᠢᠨ᠎ᠳᠤ 《ᠲᠠᠪᠤ ᠵᠢ ᠢᠯᠡ ᠪᠤᠯᠭ᠋ᠠᠬᠤ》 ᠵᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠲᠤᠷᠰᠢᠯᠳᠠ ᠵᠢᠨ ᠠᠵᠢᠯ᠎ᠢ ᠦᠷᠨᠢᠬᠦᠯᠵᠦ᠂ ᠦᠨᠳᠦᠰᠦᠨ ᠱᠠᠳᠤᠨ᠎ᠤ ᠤᠨᠴᠠᠯᠢᠭ᠎ᠲᠤ ᠲᠤᠬᠢᠷᠠᠭ᠍ᠤ ᠢᠯᠡ ᠪᠤᠯᠭ᠋ᠠᠬᠤ ᠠᠷᠭ᠎ᠠ ᠮᠠᠶᠢᠭ᠎ᠢ ᠰᠦᠪᠡᠭᠴᠢᠯᠡᠨ᠂ ᠬᠤᠶᠠᠷ ᠵᠢᠯ᠎ᠤᠨ ᠴᠠᠭ ᠬᠤᠭᠤᠴᠠᠭ᠎ᠠ ᠵᠠᠷᠤᠴᠠᠭᠤᠯᠵᠦ ᠪᠠᠶ᠋ᠢᠭ᠋ᠠᠳ ᠰᠢᠶᠠᠨ ᠰᠢᠶᠠᠩ᠎ᠤᠨ ᠵᠠᠰᠠᠭ᠎ᠤᠨ ᠤᠷᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠪᠠᠷᠢᠮᠵᠢᠶᠠᠵᠢᠭᠤᠯᠬᠤ ᠪᠠ ᠵᠢᠷᠤᠮᠵᠢᠭᠤᠯᠵᠦ᠂ ᠲᠡᠯᠬᠡᠷᠡᠭᠦᠯᠵᠦ ᠪᠤᠯᠬᠤ᠂ ᠲᠠᠭᠤᠷᠢᠶᠠᠵᠦ ᠪᠤᠯᠬᠤ ᠲᠤᠷᠰᠢᠯᠭ᠎ᠠ ᠵᠢ ᠳ᠋ᠦ᠍ᠢ᠍ᠩᠨᠡᠨ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠦᠨᠡᠨᠬᠦ ᠰᠢᠯᠢᠳᠡᠭᠵᠢᠬᠦᠯᠵᠦ᠂ ᠵᠠᠰᠠᠭ᠎ᠤᠨ ᠤᠷᠳᠤᠨ᠎ᠤ ᠦᠷ᠎ᠡ ᠴᠢᠳᠠᠮᠵᠢ ᠵᠢ ᠲᠡᠬᠡᠭᠰᠢᠯᠡᠬᠦᠯᠦᠨ᠂ ᠠᠵᠦ ᠠᠬᠤᠶ᠋ᠢᠯᠠᠯ ᠪᠠ ᠤᠯᠠᠨ ᠲᠦᠮᠡᠨ᠎ᠤ 《ᠭᠦᠢ᠍ᠴᠡᠳᠭᠡᠬᠦ ᠦᠨᠡᠮᠯᠡᠯ᠎ᠨᠢ ᠤᠯᠠᠨ᠂ ᠶᠠᠪᠤᠳᠠᠯ ᠪᠦᠳᠦᠬᠡᠬᠦ᠎ᠳᠤ ᠭᠦᠴᠢᠷᠳᠡᠢ》 ᠠᠰᠠᠭᠤᠳᠠᠯ᠎ᠢ ᠲᠠᠶ᠋ᠢᠯᠵᠦ᠂ ᠵᠠᠰᠠᠭ᠎ᠤᠨ ᠤᠷᠳᠤᠨ᠎ᠤ ᠤᠯᠠᠨ ᠲᠦᠮᠡᠨ᠎ᠲᠠᠢ ᠬᠠᠷᠢᠯᠴᠠᠵᠦ ᠤᠯᠠᠨ ᠲᠦᠮᠡᠨ᠎ᠳᠤ ᠦᠢ᠍ᠯᠡᠴᠢᠯᠡᠬᠦ 《ᠬᠠᠮᠤᠭ ᠡᠴᠦᠰ᠎ᠤᠨ ᠨᠢᠬᠡ ᠺᠢᠯᠤᠮᠤᠲᠷ》᠎ᠢ ᠨᠡᠪᠳᠡᠷᠡᠬᠦᠯᠬᠦ ᠬᠡᠷᠡᠭᠳᠡᠢ᠃
      ᠬᠤᠶᠠᠷ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠵᠢ ᠴᠢᠩᠭ᠋ᠠᠳᠬᠠᠨ᠎ᠠ
     (ᠨᠢᠬᠡ) ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠴᠢᠬᠤᠯᠠ ᠶᠡᠭᠡ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠰᠠᠶ᠋ᠢᠳᠤᠷ ᠬᠢᠬᠦ ᠬᠡᠷᠡᠭᠳᠡᠢ᠃
      ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠠᠯᠠᠭ᠎ᠠ ᠮᠦᠴᠢᠷ ᠪᠤᠯ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠵᠢᠨ ᠬᠠᠷᠢᠭᠤᠴᠠᠯᠭ᠎ᠠ ᠵᠢᠨ ᠭᠤᠤᠯ ᠴᠤᠨᠨᠴᠠ ᠮᠦᠨ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠴᠢᠬᠤᠯᠠ ᠶᠡᠭᠡ ᠲᠦᠷᠦ ᠵᠢᠨ ᠪᠤᠳᠤᠯᠭ᠎ᠠ ᠬᠠᠤᠯᠢ ᠲᠤᠨᠨᠳᠠᠭ᠋ᠠᠯ᠂ ᠲᠦᠯᠦᠪᠵᠢᠬᠦᠯᠬᠡ ᠵᠢᠨ ᠲᠦᠰᠦᠯ ᠪᠠ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠪᠠᠶ᠋ᠢᠩᠭᠤ ᠵᠢᠨ ᠬᠤᠷᠠᠯ᠎ᠤᠨ ᠵᠦᠪᠯᠡᠨ ᠲᠤᠨᠨᠳ᠋ᠬᠠᠰᠠᠨ ᠵᠦᠢ᠍ᠯᠡᠰ ᠵᠡᠷᠬᠡ ᠵᠢᠨ ᠲᠤᠭᠤᠷᠢᠨ᠎ᠳᠤ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠲᠦᠷᠦ ᠵᠢᠨ ᠪᠤᠳᠤᠯᠭ᠎ᠠ ᠵᠢᠨ ᠤᠴᠢᠷ ᠶᠠᠪᠤᠳᠠᠯ ᠮᠡᠳᠡᠭᠳᠡᠬᠦ ᠵᠤᠷᠰᠢᠯᠳᠤ ᠬᠤᠷᠠᠯ᠂ ᠰᠤᠨᠢᠨ ᠮᠡᠳᠡᠭᠡ ᠨᠡᠶ᠋ᠢᠳᠡᠯᠡᠬᠦ ᠬᠤᠷᠠᠯ᠂ ᠤᠩᠰᠢᠨ ᠲᠠᠶ᠋ᠢᠯᠪᠤᠷᠢᠯᠠᠭ᠍ᠤ ᠵᠤᠬᠢᠶᠠᠯ ᠪᠢᠴᠢᠬᠦ᠂ ᠵᠠᠭᠤᠴᠢᠯᠠᠭᠤᠷ᠎ᠤᠨ ᠰᠤᠷᠪᠤᠯᠵᠢᠯᠠᠭ᠎ᠠ ᠵᠢ ᠭᠦᠯᠢᠶᠡᠬᠦ ᠪᠠ ᠰᠦᠯᠵᠢᠶᠡᠨ ᠲᠡᠬᠡᠷ᠎ᠡ ᠰᠤᠷᠪᠤᠯᠵᠢᠯᠠᠭ᠍ᠤ ᠵᠡᠷᠬᠡ ᠠᠷᠭ᠎ᠠ ᠮᠠᠶᠢᠭ ᠵᠶ᠋ᠠᠷ ᠲᠠᠮᠵᠢᠭᠤᠯᠵᠦ ᠪᠠᠶ᠋ᠢᠭ᠋ᠠᠳ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠵᠦ᠂ ᠲᠦᠷᠦ ᠵᠢᠨ ᠪᠤᠳᠤᠯᠭ᠎ᠠ ᠵᠢᠨ ᠠᠬᠤᠢ ᠪᠠᠶ᠋ᠢᠳᠠᠯ᠂ ᠭᠤᠤᠯ ᠠᠭᠤᠯᠭ᠎ᠠ᠂ ᠨᠠᠶ᠋ᠢᠳᠠᠪᠤᠷᠢᠵᠢᠭᠤᠯᠬᠤ ᠠᠷᠭ᠎ᠠ ᠬᠡᠮᠵᠢᠶ᠎ᠡ ᠵᠢᠴᠢ ᠠᠵᠢᠯ᠎ᠤᠨ ᠠᠬᠢᠴᠠ ᠵᠢ ᠪᠦᠭᠦ ᠲᠠᠯ᠎ᠠ᠎ᠪᠠᠷ ᠭᠦᠨᠵᠡᠬᠡᠢ ᠲᠠᠨᠢᠯᠴᠠᠭᠤᠯᠤᠨ᠂ ᠰᠠᠨᠠᠭ᠋ᠠᠴᠢᠯᠠᠭ᠎ᠠ᠎ᠠᠴᠠ᠎ᠪᠠᠨ ᠠᠰᠠᠭᠤᠯᠳᠠ ᠬᠠᠷᠢᠭᠤᠯᠵᠦ ᠮᠠᠳᠠᠭ᠎ᠢ ᠠᠯᠳᠠᠷᠠᠭ᠋ᠠᠵᠦ᠂ ᠤᠯᠤᠰ᠎ᠤᠨ ᠲᠤᠳᠤᠭ᠋ᠠᠳᠤ ᠭᠠᠳᠠᠭ᠋ᠠᠳᠤ ᠵᠢᠨ ᠶᠠᠷᠢᠶ᠎ᠠ ᠬᠡᠯᠡᠯᠴᠡᠭᠡ ᠵᠢ ᠢᠳᠡᠪᠬᠢᠳᠡᠢ᠎ᠪᠠᠷ ᠭᠦᠳᠦᠯᠦᠨ ᠵᠢᠯᠤᠭᠤᠳᠴᠤ᠂ ᠤᠯᠠᠨ ᠤᠯᠤᠰ᠎ᠤᠨ ᠶᠠᠷᠢᠶ᠎ᠠ ᠬᠡᠯᠡᠯᠴᠡᠭᠡ ᠵᠢ ᠢᠳᠡᠪᠬᠢᠳᠡᠢ᠎ᠪᠠᠷ ᠨᠦᠯᠦᠬᠡᠯᠡᠨ᠂ ᠨᠡᠶ᠋ᠢᠬᠡᠮ᠎ᠤᠨ ᠵᠢᠱ᠌ᠢᠯᠳᠡ ᠵᠢ ᠢᠳᠡᠪᠬᠢᠳᠡᠢ᠎ᠪᠠᠷ ᠬᠠᠮᠢᠶᠠᠷᠬᠤ ᠬᠡᠷᠡᠭᠳᠡᠢ᠃
      ᠲᠦᠷᠦ ᠵᠢᠨ ᠶᠠᠪᠤᠳᠠᠯ᠎ᠤᠨ ᠬᠤᠷᠢᠶ᠎ᠠ᠎ᠠᠴᠠ ᠴᠢᠬᠤᠯᠠ ᠶᠡᠭᠡ ᠲᠦᠷᠦ ᠵᠢᠨ ᠪᠤᠳᠤᠯᠭ᠎ᠠ ᠨᠡᠶ᠋ᠢᠳᠡᠯᠡᠪᠡᠯ᠂ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠬᠠᠮᠢᠶ᠎ᠠ ᠪᠦᠭᠦᠢ ᠰᠠᠯᠠᠭ᠎ᠠ ᠮᠦᠴᠢᠷ᠎ᠨᠢ ᠡᠷᠬᠡ ᠰᠦᠷᠳᠡᠢ᠎ᠪᠠᠷ ᠤᠩᠰᠢᠨ ᠲᠠᠶ᠋ᠢᠯᠪᠤᠷᠢᠯᠠᠯᠳᠠ ᠬᠢᠵᠦ᠂ ᠰᠢᠠᠭ᠍ᠤᠸᠠ ᠬᠤᠷᠢᠶ᠎ᠠ᠎ᠨᠢ ᠡᠷᠬᠡ ᠰᠦᠷᠳᠡᠢ᠎ᠪᠠᠷ ᠨᠡᠶ᠋ᠢᠳᠡᠯᠡᠵᠦ᠂ ᠲᠦᠪ᠎ᠤᠨ ᠡᠯ᠎ᠡ ᠰᠤᠨᠢᠨ ᠮᠡᠳᠡᠬᠡᠨ᠎ᠤ ᠵᠠᠭᠤᠴᠢᠯᠠᠭᠤᠷ᠎ᠨᠢ ᠤᠯᠠᠮᠵᠢᠯᠠᠨ ᠨᠡᠶ᠋ᠢᠳᠡᠯᠡᠬᠦ ᠬᠡᠷᠡᠭᠳᠡᠢ᠃ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠳᠠᠨ ᠪᠤᠯ 《ᠨᠢᠬᠡᠳᠦᠬᠡᠷ ᠤᠩᠰᠢᠨ ᠲᠠᠶ᠋ᠢᠯᠪᠤᠷᠢᠯᠬᠠᠴᠢ ᠪᠠ ᠬᠠᠷᠢᠭᠤᠴᠠᠯᠭ᠋ᠠᠳᠠᠨ》 ᠪᠤᠯᠬᠤᠷ ᠵᠤᠷᠢᠨᠨᠳᠠᠢ᠎ᠪᠠᠷ ᠬᠠᠷᠢᠭᠤᠴᠠᠯᠭ᠎ᠠ ᠡᠭᠦᠷᠬᠡᠯᠡᠨ᠂ ᠶᠠᠷᠢᠶ᠎ᠠ ᠲᠠᠯᠪᠢᠵᠦ᠂ ᠵᠤᠬᠢᠶᠠᠯ ᠪᠢᠴᠢᠬᠦ᠂ ᠰᠤᠷᠪᠤᠯᠵᠢᠯᠠᠯ ᠭᠦᠯᠢᠶᠡᠬᠦ᠂ ᠰᠤᠨᠢᠨ ᠮᠡᠳᠡᠭᠡ ᠨᠡᠶ᠋ᠢᠳᠡᠯᠡᠬᠦ ᠬᠤᠷᠠᠯ᠎ᠳᠤ ᠤᠷᠤᠯᠴᠠᠭ᠍ᠤ ᠵᠡᠷᠬᠡ ᠤᠯᠠᠨ ᠵᠦᠢ᠍ᠯ᠎ᠤᠨ ᠠᠷᠭ᠎ᠠ ᠮᠠᠶᠢᠭ ᠵᠶ᠋ᠠᠷ ᠲᠠᠮᠵᠢᠭᠤᠯᠤᠨ᠂ ᠲᠦᠷᠦ ᠵᠢᠨ ᠪᠤᠳᠤᠯᠭ᠎ᠠ ᠵᠢ ᠲᠦᠷᠦᠭᠦᠯᠡᠨ ᠤᠩᠰᠢᠨ ᠲᠠᠶ᠋ᠢᠯᠪᠤᠷᠢᠯᠠᠵᠦ᠂ ᠡᠷᠬᠡ ᠰᠦᠷᠳᠡᠢ ᠮᠡᠳᠡᠭᠡ ᠵᠠᠩᠬᠢ ᠲᠠᠮᠵᠢᠭᠤᠯᠬᠤ ᠬᠡᠷᠡᠭᠳᠡᠢ᠃ ᠲᠦᠷᠦ ᠵᠢᠨ ᠶᠠᠪᠤᠳᠠᠯ᠎ᠤᠨ ᠬᠤᠷᠢᠶ᠎ᠠ ᠪᠤᠶᠤ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠨᠡᠷ᠎ᠡ᠎ᠪᠠᠷ ᠲᠠᠷᠤᠮᠠᠯᠯᠠᠨ ᠶᠠᠪᠤᠭᠤᠯᠬᠤ ᠴᠢᠬᠤᠯᠠ ᠶᠡᠭᠡ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠲᠤᠭᠤᠷᠪᠢᠬᠰᠠᠨ ᠰᠠᠯᠠᠭ᠎ᠠ ᠮᠦᠴᠢᠷ᠎ᠨᠢ ᠤᠷᠤᠯᠠᠨ ᠨᠤᠤᠷᠬᠠᠯᠬᠠᠰᠠᠨ ᠡᠬᠡ ᠪᠢᠴᠢᠭ᠎ᠢ ᠲᠡᠬᠡᠭᠰᠢ ᠮᠡᠳᠡᠬᠦᠯᠬᠦ᠎ᠳᠡᠭᠡᠨ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠲᠦᠰᠦᠯ ᠪᠠ ᠤᠩᠰᠢᠨ ᠲᠠᠶ᠋ᠢᠯᠪᠤᠷᠢᠯᠠᠭ᠍ᠤ ᠮᠠᠲᠸᠷᠢᠶᠠᠯ᠎ᠢ ᠵᠡᠷᠬᠡᠪᠡᠷ ᠮᠡᠳᠡᠬᠦᠯᠦᠨ ᠭᠦᠷᠬᠡᠬᠦ ᠵᠢᠨ ᠬᠠᠮᠳᠤ ᠰᠠᠶ᠋ᠢᠳᠤᠷ ᠨᠠᠶ᠋ᠢᠳᠠᠪᠤᠷᠢᠵᠢᠭᠤᠯᠬᠤ ᠬᠡᠷᠡᠭᠳᠡᠢ᠃ ᠰᠤᠨᠢᠨ ᠮᠡᠳᠡᠬᠡᠨ᠎ᠤ ᠡᠬᠡ ᠪᠢᠴᠢᠭ ᠬᠠᠪᠰᠤᠷᠭ᠋ᠠᠨ ᠨᠡᠶ᠋ᠢᠳᠡᠯᠡᠬᠦ ᠴᠢᠬᠤᠯᠠᠳᠠᠢ ᠪᠠᠶ᠋ᠢᠪᠠᠯ᠂ ᠪᠢᠴᠢᠭ ᠮᠠᠲᠸᠷᠢᠶᠠᠯ᠎ᠢ ᠲᠦᠷᠦᠭᠦᠯᠡᠨ ᠲᠤᠭᠤᠷᠪᠢᠬᠰᠠᠨ ᠰᠠᠯᠠᠭ᠎ᠠ ᠮᠦᠴᠢᠷ᠎ᠨᠢ ᠬᠢᠨᠠᠮᠠᠭ᠋ᠠᠢ ᠰᠠᠶ᠋ᠢᠨ ᠪᠡᠯᠡᠳᠬᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ᠎ᠤᠨ ᠰᠠᠨᠠᠯ᠎ᠢ ᠭᠦᠢ᠍ᠴᠡᠳ ᠬᠤᠷᠢᠶᠠᠵᠦ᠂ ᠲᠤᠰ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠳᠠᠨ ᠵᠶ᠋ᠠᠷ ᠬᠢᠨᠠᠭᠤᠯᠵᠦ ᠭᠠᠷ᠎ᠤᠨ ᠦᠰᠦᠭ ᠵᠢᠷᠤᠭᠤᠯᠤᠨ᠂ ᠲᠡᠰ ᠲᠠᠷᠠᠭ᠋ᠠᠯᠠᠯ ᠵᠶ᠋ᠠᠷ ᠮᠡᠳᠡᠬᠦᠯᠦᠨ ᠵᠦᠪᠰᠢᠶᠡᠷᠡᠭᠦᠯᠦᠭᠰᠡᠨ᠎ᠤ ᠲᠠᠷᠠᠭ᠎ᠠ᠂ ᠲᠦᠪ᠎ᠤᠨ ᠭᠤᠤᠯ ᠵᠠᠭᠤᠴᠢᠯᠠᠭᠤᠷ᠎ᠠᠴᠠ ᠮᠡᠳᠡᠬᠡᠯᠡᠨ ᠨᠡᠶ᠋ᠢᠳᠡᠯᠡᠬᠦ ᠬᠡᠷᠡᠭᠳᠡᠢ᠃ ᠡᠯ᠎ᠡ ᠰᠠᠯᠠᠭ᠎ᠠ ᠮᠦᠴᠢᠷ᠎ᠤᠨ ᠲᠦᠷᠦ ᠵᠢᠨ ᠪᠤᠳᠤᠯᠭ᠎ᠠ ᠲᠤᠨᠨᠳᠠᠭ᠋ᠠᠬᠤ᠎ᠳᠤ ᠤᠷᠤᠯᠴᠬᠠᠴᠢ ᠪᠠ ᠬᠠᠮᠢᠶ᠎ᠠ ᠪᠦᠭᠦᠢ ᠲᠦᠷᠦ ᠵᠢᠨ ᠪᠤᠳᠤᠯᠭ᠎ᠠ ᠵᠢ ᠡᠵᠡᠮᠰᠢᠵᠦ᠂ ᠬᠤᠯᠪᠤᠨᠨᠳᠠᠯ ᠪᠦᠭᠦᠢ ᠭᠦᠷᠢᠶ᠎ᠡ ᠴᠠᠷᠠᠭ᠎ᠠ ᠵᠢᠨ ᠲᠤᠬᠠᠶ᠋ᠢᠯᠬᠠᠰᠠᠨ ᠠᠵᠢᠯ᠎ᠢ ᠲᠤᠳᠤᠷᠬᠠᠢ ᠤᠶ᠋ᠢᠯᠠᠭ᠋ᠠᠬᠤ ᠡᠷᠳᠡᠮᠳᠡᠨ ᠮᠡᠷᠬᠡᠵᠢᠯᠳᠡᠨ᠎ᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠤᠯᠤᠰ᠎ᠤᠨ ᠲᠤᠳᠤᠭ᠋ᠠᠳᠤ ᠭᠠᠳᠠᠭ᠋ᠠᠳᠤ ᠵᠢᠨ ᠶᠠᠷᠢᠶ᠎ᠠ ᠬᠡᠯᠡᠯᠴᠡᠬᠡᠨ᠎ᠤ ᠠᠩᠬᠠᠷᠬᠤᠢ ᠵᠢᠨ ᠲᠤᠭᠤᠷᠢᠨ᠎ᠳᠤ ᠤᠯᠠᠨ ᠬᠠᠷᠠᠭ᠋ᠠᠰᠤ᠂ ᠤᠯᠠᠨ ᠲᠠᠯ᠎ᠠ᠎ᠠᠴᠠ ᠡᠮᠬᠢ ᠵᠢᠷᠤᠮ᠎ᠲᠠᠢ ᠦᠷ᠎ᠡ ᠪᠦᠳᠦᠮᠵᠢᠳᠡᠢ᠎ᠪᠠᠷ ᠲᠦᠷᠦ ᠵᠢᠨ ᠪᠤᠳᠤᠯᠭ᠎ᠠ ᠵᠢ ᠲᠤᠳᠤᠷᠬᠠᠶ᠋ᠢᠯᠠᠨ ᠲᠠᠶ᠋ᠢᠯᠪᠤᠷᠢᠯᠠᠵᠦ᠂ ᠤᠩᠰᠢᠨ ᠲᠠᠶ᠋ᠢᠯᠪᠤᠷᠢᠯᠠᠭ᠍ᠤ ᠵᠢᠨ ᠡᠷᠬᠡ ᠰᠦᠷᠳᠦ ᠴᠢᠨᠠᠷ ᠪᠠ ᠴᠢᠭᠯᠡᠬᠦᠯᠦᠯᠳᠦ ᠴᠢᠨᠠᠷ᠎ᠢ ᠭᠦᠴᠦᠯᠡᠨ ᠲᠡᠬᠡᠭᠰᠢᠯᠡᠬᠦᠯᠬᠦ ᠬᠡᠷᠡᠭᠳᠡᠢ᠃ ᠲᠤᠰᠬᠠᠢ ᠠᠵᠢᠯ᠎ᠤᠨ ᠴᠢᠨᠠᠷ ᠵᠶ᠋ᠠᠷ ᠨᠡᠯᠢᠶᠡᠳ ᠴᠢᠩᠭ᠎ᠠ ᠲᠦᠷᠦ ᠵᠢᠨ ᠪᠤᠳᠤᠯᠭ᠎ᠠ᠎ᠨᠤᠭᠤᠳ᠎ᠢ ᠤᠩᠰᠢᠨ ᠲᠠᠶ᠋ᠢᠯᠪᠤᠷᠢᠯᠠᠭ᠍ᠤ᠎ᠳᠠᠭᠠᠨ ᠲᠦᠷᠰᠦᠯᠢᠭ᠂ ᠲᠦᠭᠦᠮ ᠤᠶ᠋ᠢᠯᠠᠭ᠋ᠠᠮᠵᠢᠳᠠᠢ ᠪᠠᠶ᠋ᠢᠯᠭ᠋ᠠᠵᠦ᠂ ᠢᠯᠡᠬᠦᠦ ᠪᠤᠳᠠᠳᠤ ᠵᠢᠱ᠌ᠢᠶ᠎ᠡ ᠲᠠᠳᠠᠵᠦ᠂ ᠢᠯᠡᠬᠦᠦ ᠦᠯᠢᠬᠡᠷᠴᠢᠯᠡᠨ ᠶᠠᠷᠢᠬᠤ ᠬᠡᠷᠡᠭᠳᠡᠢ᠃
      ᠲᠦᠪ᠎ᠤᠨ ᠰᠤᠨᠢᠨ ᠮᠡᠳᠡᠬᠡᠨ᠎ᠤ ᠵᠠᠭᠤᠴᠢᠯᠠᠭᠤᠷ ᠵᠢᠴᠢ ᠬᠠᠷᠢᠶᠠᠳᠤ ᠰᠦᠯᠵᠢᠶᠡᠨ ᠦᠷᠳᠡᠭᠡ᠂ ᠪᠢᠴᠢᠯ ᠪᠦᠷᠬᠡ ᠸᠢᠴᠠᠲ ᠪᠠ ᠬᠠᠷᠢᠴᠠᠭ᠋ᠠᠨ᠎ᠤ ᠡᠷᠦᠬᠡ ᠵᠢᠨ ᠦᠵᠦᠭᠦᠷ᠎ᠢ ᠭᠦᠢ᠍ᠴᠡᠳ ᠠᠰᠢᠨᠨᠯᠠᠨ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠴᠢᠬᠤᠯᠠ ᠶᠡᠭᠡ ᠲᠦᠷᠦ ᠵᠢᠨ ᠪᠤᠳᠤᠯᠭ᠎ᠠ ᠵᠢ ᠤᠬᠠᠭᠤᠯᠤᠨ ᠤᠩᠰᠢᠨ ᠲᠠᠶ᠋ᠢᠯᠪᠤᠷᠢᠯᠠᠭ᠍ᠤ ᠠᠵᠢᠯ᠎ᠢ ᠰᠠᠶ᠋ᠢᠳᠤᠷ ᠬᠢᠵᠦ᠂ ᠭᠤᠤᠯ ᠤᠷᠤᠰᠬᠠᠯ ᠵᠠᠭᠤᠴᠢᠯᠠᠭᠤᠷ᠎ᠤᠨ 《ᠬᠠᠨᠳᠤᠯᠭ᠎ᠠ ᠭᠦᠭ ᠲᠤᠨᠨᠳᠠᠭ᠋ᠠᠬᠤ》 ᠦᠢ᠍ᠯᠡᠳᠦᠯ᠎ᠢ ᠪᠠᠳᠠᠷᠠᠭᠤᠯᠤᠨ᠂ ᠶᠠᠷᠢᠶ᠎ᠠ ᠬᠡᠯᠡᠯᠴᠡᠭᠡ ᠵᠢ ᠵᠦᠪ ᠵᠶ᠋ᠠᠷ ᠭᠦᠳᠦᠯᠦᠨ ᠵᠢᠯᠤᠭᠤᠳᠬᠤ ᠬᠡᠷᠡᠭᠳᠡᠢ᠃ ᠬᠤᠳᠠᠯᠳᠤᠭ᠋ᠠᠨ᠎ᠤ ᠰᠦᠯᠵᠢᠶᠡᠨ ᠦᠷᠳᠡᠭᠡ ᠵᠢᠴᠢ ᠶᠡᠭᠡ ᠬᠤᠳᠠ ᠵᠢᠨ ᠲᠦᠷᠦᠯ᠂ ᠲᠤᠰᠬᠠᠢ ᠮᠡᠷᠬᠡᠵᠢᠯ᠎ᠤᠨ ᠲᠦᠷᠦᠯ᠎ᠤᠨ ᠵᠠᠭᠤᠴᠢᠯᠠᠭᠤᠷ᠎ᠢ ᠠᠰᠢᠨᠨᠯᠠᠭ᠍ᠤ ᠵᠢ ᠠᠩᠬᠠᠷᠴᠤ᠂ ᠤᠯᠠᠨ᠎ᠠᠴᠠ ᠢᠯᠭ᠋ᠠᠴᠢᠯᠬᠠᠰᠠᠨ ᠠᠬᠤᠶ᠋ᠢᠴᠢᠯᠬᠠᠰᠠᠨ ᠤᠯᠠᠮᠵᠢᠯᠠᠨ ᠲᠠᠮᠵᠢᠭᠤᠯᠬᠤ ᠵᠢ ᠰᠠᠶ᠋ᠢᠳᠤᠷ ᠬᠢᠬᠦ ᠬᠡᠷᠡᠭᠳᠡᠢ᠃ ᠤᠬᠠᠭᠤᠯᠭ᠎ᠠ᠂ ᠲᠤᠤᠷ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠵᠢᠨ ᠰᠠᠯᠠᠭ᠎ᠠ ᠮᠦᠴᠢᠷ᠎ᠨᠢ ᠵᠢᠭ᠋ᠠᠨ ᠵᠢᠯᠤᠭᠤᠳᠴᠤ ᠵᠤᠬᠢᠴᠠᠭᠤᠯᠬᠤ ᠵᠢ ᠴᠢᠩᠭ᠋ᠠᠳᠬᠠᠵᠦ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠵᠦ ᠨᠡᠶ᠋ᠢᠳᠡᠯᠢᠭ ᠵᠢᠱ᠌ᠢᠶ᠎ᠡ ᠬᠡᠷᠡᠭ᠎ᠢ ᠵᠠᠳᠠᠯᠬᠤ ᠪᠠ ᠦᠷ᠎ᠡ ᠪᠦᠳᠦᠮᠵᠢ ᠵᠢ ᠦᠨᠡᠯᠡᠬᠦ ᠵᠢ ᠵᠤᠬᠢᠶᠠᠨ ᠪᠠᠶ᠋ᠢᠭᠤᠯᠤᠨ ᠦᠷᠨᠢᠬᠦᠯᠵᠦ᠂ ᠲᠤᠷᠰᠢᠯᠭ᠎ᠠ ᠠᠷᠭ᠎ᠠ ᠬᠢᠳᠡᠯ ᠵᠶ᠋ᠠᠨ ᠲᠠᠰᠤᠷᠠᠯᠳᠠ ᠦᠬᠡᠢ ᠳ᠋ᠦ᠍ᠢ᠍ᠩᠨᠡᠨ᠂ ᠠᠰᠠᠭᠤᠳᠠᠯ᠎ᠢ ᠴᠡᠭᠴᠡᠯᠡᠨ ᠦᠬᠡᠷᠡᠴᠢᠯᠡᠬᠦ ᠵᠢ ᠰᠢᠮᠳᠠᠭᠤᠯᠵᠦ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠵᠢᠨ ᠤᠯᠠᠮᠵᠢᠯᠠᠨ ᠲᠠᠮᠵᠢᠭᠤᠯᠬᠤ ᠭᠦᠴᠦᠨ ᠪᠠ ᠨᠦᠯᠦᠬᠡᠯᠡᠬᠦ ᠭᠦᠴᠦᠨ᠎ᠢ ᠦᠨᠡᠨᠬᠦ ᠴᠢᠩᠭ᠋ᠠᠳᠬᠠᠬᠤ ᠬᠡᠷᠡᠭᠳᠡᠢ᠃
      ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠲᠦᠷᠦ ᠵᠢᠨ ᠪᠤᠳᠤᠯᠭ᠎ᠠ ᠵᠢᠨ ᠤᠴᠢᠷ ᠶᠠᠪᠤᠳᠠᠯ ᠮᠡᠳᠡᠭᠳᠡᠬᠦ ᠵᠤᠷᠰᠢᠯᠳᠦ ᠬᠤᠷᠠᠯ ᠪᠤᠯ ᠴᠢᠬᠤᠯᠠ ᠶᠡᠭᠡ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠴᠢᠬᠤᠯᠠ ᠲᠡᠪᠴᠡᠩ ᠪᠤᠯᠤᠨ᠎ᠠ᠂ ᠡᠯ᠎ᠡ ᠰᠠᠯᠠᠭ᠎ᠠ ᠮᠦᠴᠢᠷ᠎ᠤᠨ᠎ᠬᠢᠨ ᠲᠡᠬᠡᠳᠦ ᠬᠡᠮᠵᠢᠶ᠎ᠡ᠎ᠪᠠᠷ ᠴᠢᠬᠤᠯᠠᠴᠢᠯᠠᠨ ᠦᠵᠡᠵᠦ᠂ ᠭᠤᠤᠯ ᠬᠠᠷᠢᠭᠤᠴᠠᠯᠭ᠋ᠠᠳᠠᠨ ᠢᠳᠡᠪᠬᠢᠳᠡᠢ᠎ᠪᠠᠷ ᠤᠷᠤᠯᠴᠠᠨ᠂ ᠤᠴᠢᠷ ᠶᠠᠪᠤᠳᠠᠯ ᠮᠡᠳᠡᠭᠳᠡᠬᠦ ᠬᠤᠷᠠᠯ᠎ᠤᠨ ᠵᠦᠪᠯᠡᠬᠦ ᠰᠡᠳᠦᠪ᠎ᠤᠨ ᠲᠤᠭᠤᠷᠢᠨ᠎ᠳᠤ ᠬᠢᠨᠠᠮᠠᠭ᠋ᠠᠢ ᠰᠠᠶ᠋ᠢᠨ ᠪᠡᠯᠡᠳᠬᠡᠵᠦ᠂ ᠵᠤᠯᠭ᠋ᠠᠭᠤᠯᠵᠦ ᠵᠤᠬᠢᠴᠠᠭᠤᠯᠬᠤ ᠵᠢ ᠴᠢᠩᠭ᠋ᠠᠳᠬᠠᠨ᠂ ᠲᠤᠶ᠋ᠢᠯ᠎ᠤᠨ ᠤᠨᠤᠪᠴᠢᠳᠠᠢ᠎ᠪᠠᠷ ᠤᠴᠢᠷ ᠶᠠᠪᠤᠳᠠᠯ ᠮᠡᠳᠡᠭᠳᠡᠬᠦ ᠵᠢ ᠪᠡᠶᠡᠯᠡᠬᠦᠯᠬᠦ ᠬᠡᠷᠡᠭᠳᠡᠢ᠃ ᠤᠯᠠᠨ ᠤᠯᠤᠰ᠎ᠤᠨ ᠶᠠᠷᠢᠶ᠎ᠠ ᠬᠡᠯᠡᠯᠴᠡᠬᠡᠨ᠎ᠤ ᠴᠢᠬᠤᠯᠠ ᠠᠩᠬᠠᠷᠴᠤ ᠪᠦᠭᠦᠢ ᠵᠦᠢ᠍ᠯᠡᠰ᠎ᠲᠤ ᠬᠠᠮᠢᠶ᠎ᠠ ᠪᠦᠭᠦᠢ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠳᠠᠨ᠎ᠨᠢ ᠤᠯᠠᠨ ᠤᠯᠤᠰ᠎ᠤᠨ ᠭᠤᠤᠯ ᠤᠷᠤᠰᠬᠠᠯ ᠵᠠᠭᠤᠴᠢᠯᠠᠭᠤᠷ᠎ᠲᠤ ᠬᠠᠨᠳᠤᠭᠤᠯᠤᠨ᠂ ᠬᠠᠮᠳᠤ᠎ᠪᠠᠷ ᠰᠤᠷᠪᠤᠯᠵᠢᠯᠠᠭ᠍ᠤ᠂ ᠭᠠᠭᠴᠠᠭ᠋ᠠᠷ ᠰᠤᠷᠪᠤᠯᠵᠢᠯᠠᠯ ᠬᠢᠬᠦ ᠵᠡᠷᠬᠡ ᠤᠯᠠᠨ ᠵᠦᠢ᠍ᠯ᠎ᠤᠨ ᠬᠡᠯᠪᠡᠷᠢ ᠮᠠᠶᠢᠭ ᠵᠶ᠋ᠠᠷ ᠲᠠᠮᠵᠢᠭᠤᠯᠵᠦ᠂ ᠭᠦᠨᠵᠡᠬᠡᠢ ᠲᠤᠳᠤᠷᠬᠠᠶ᠋ᠢᠯᠠᠨ ᠲᠠᠶ᠋ᠢᠯᠪᠤᠷᠢᠯᠠᠵᠦ ᠬᠠᠷᠢᠭᠤ ᠦᠭᠴᠤ᠂ ᠤᠴᠢᠷ ᠶᠠᠪᠤᠳᠠᠯ ᠮᠡᠳᠡᠭᠳᠡᠬᠦ ᠬᠤᠷᠠᠯ᠎ᠤᠨ ᠪᠤᠳᠠᠳᠤ ᠦᠷ᠎ᠡ ᠠᠰᠢᠭ᠎ᠢ ᠤᠯᠠᠮ ᠨᠢᠬᠡ ᠠᠯᠬᠤᠮ ᠲᠡᠬᠡᠭᠰᠢᠯᠡᠬᠦᠯᠬᠦ ᠬᠡᠷᠡᠭᠳᠡᠢ᠃ ᠴᠢᠬᠤᠯᠠ ᠶᠡᠭᠡ ᠬᠡᠨᠡᠳᠳᠡ ᠵᠢᠨ ᠬᠡᠷᠡᠭ ᠪᠠ ᠨᠡᠶ᠋ᠢᠬᠡᠮ᠎ᠤᠨ ᠴᠢᠬᠤᠯᠠ ᠠᠩᠬᠠᠷᠴᠤ ᠪᠦᠭᠦᠢ ᠶᠠᠪᠤᠳᠠᠯ ᠲᠤᠬᠢᠶᠠᠯᠳᠤᠪᠠᠯ᠂ ᠬᠠᠮᠢᠶ᠎ᠠ ᠪᠦᠭᠦᠢ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠳᠠᠨ᠎ᠠᠴᠠ ᠤᠴᠢᠷ ᠶᠠᠪᠤᠳᠠᠯ ᠮᠡᠳᠡᠭᠳᠡᠬᠦ ᠬᠤᠷᠠᠯ᠎ᠳᠤ ᠴᠠᠭ ᠲᠤᠬᠠᠢ᠎ᠳᠤᠨᠢ ᠰᠠᠨᠠᠭ᠋ᠠᠴᠢᠯᠠᠭ᠎ᠠ᠎ᠠᠴᠠ᠎ᠪᠠᠨ ᠤᠷᠤᠯᠴᠠᠵᠦ᠂ ᠵᠤᠨᠨᠰᠤᠯᠳᠠ ᠤᠪᠤᠷ ᠵᠶ᠋ᠠᠨ ᠲᠤᠳᠤᠷᠬᠠᠶ᠋ᠢᠯᠠᠨ᠂ ᠡᠷᠬᠡ ᠰᠦᠷᠳᠦ ᠲᠠᠭᠤᠨ ᠬᠤᠭᠤᠯᠠᠢ ᠭᠠᠷᠭ᠋ᠠᠬᠤ ᠬᠡᠷᠡᠭᠳᠡᠢ᠃ ᠡᠯ᠎ᠡ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠳᠠᠨ᠎ᠨᠢ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠲᠦᠷᠦ ᠵᠢᠨ ᠪᠤᠳᠤᠯᠭ᠎ᠠ ᠵᠢᠨ ᠤᠴᠢᠷ ᠶᠠᠪᠤᠳᠠᠯ ᠮᠡᠳᠡᠭᠳᠡᠬᠦ ᠵᠤᠷᠰᠢᠯᠳᠦ ᠬᠤᠷᠠᠯ᠎ᠳᠤ ᠤᠷᠤᠯᠴᠬᠠᠰᠠᠨ ᠪᠠᠶ᠋ᠢᠳᠠᠯ᠎ᠢ ᠲᠤᠨᠨᠳᠠᠮᠠᠯ ᠬᠤᠭᠤᠴᠠᠭ᠎ᠠ᠎ᠲᠠᠢ᠎ᠪᠠᠷ ᠨᠡᠪᠲᠡᠷᠡᠭᠦᠯᠦᠨ ᠮᠡᠳᠡᠭᠦᠯᠬᠦ ᠬᠡᠷᠡᠭᠳᠡᠢ᠃
     (ᠬᠤᠶᠠᠷ) ᠡᠯ᠎ᠡ ᠭᠠᠵᠠᠷ ᠤᠷᠤᠨ᠎ᠤ ᠡᠯ᠎ᠡ ᠰᠠᠯᠠᠭ᠎ᠠ ᠮᠦᠴᠢᠷ᠎ᠨᠢ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠴᠢᠩᠭ᠋ᠠᠳᠬᠠᠬᠤ ᠬᠡᠷᠡᠭᠳᠡᠢ᠃
      ᠡᠯ᠎ᠡ ᠭᠠᠵᠠᠷ ᠤᠷᠤᠨ᠎ᠤ ᠡᠯ᠎ᠡ ᠰᠠᠯᠠᠭ᠎ᠠ ᠮᠦᠴᠢᠷ᠎ᠨᠢ 《ᠬᠡᠨ ᠲᠤᠭᠤᠷᠪᠢᠪᠠᠯ᠂ ᠲᠡᠷᠡ ᠤᠩᠰᠢᠨ ᠲᠠᠶ᠋ᠢᠯᠪᠤᠷᠢᠯᠠᠭ᠍ᠤ》 ᠵᠠᠷᠴᠢᠮ ᠶᠤᠰᠤᠭ᠋ᠠᠷ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠰᠠᠶ᠋ᠢᠳᠤᠷ ᠬᠢᠬᠦ ᠬᠡᠷᠡᠭᠳᠡᠢ᠃ ᠰᠠᠯᠠᠭ᠎ᠠ ᠮᠦᠴᠢᠷ᠎ᠤᠨ ᠨᠡᠷ᠎ᠡ᠎ᠪᠠᠷ ᠲᠠᠷᠤᠮᠠᠯᠯᠠᠨ ᠶᠠᠪᠤᠭᠤᠯᠤᠨᠨᠰᠠᠨ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠲᠤᠨᠨᠳᠠᠭ᠋ᠠᠵᠦ ᠶᠠᠪᠤᠭᠤᠯᠬᠤ ᠰᠠᠯᠠᠭ᠎ᠠ ᠮᠦᠴᠢᠷ᠎ᠨᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠬᠠᠷᠢᠭᠤᠴᠠᠨ ᠰᠠᠶ᠋ᠢᠳᠤᠷ ᠬᠢᠨ᠎ᠠ; ᠰᠠᠯᠠᠭ᠎ᠠ ᠮᠦᠴᠢᠷ ᠬᠠᠮᠳᠤᠷᠠᠨ ᠪᠢᠴᠢᠭ ᠮᠠᠲᠸᠷᠢᠶᠠᠯ ᠶᠠᠪᠤᠭᠤᠯᠤᠨᠨᠰᠠᠨ ᠪᠠᠶ᠋ᠢᠪᠠᠯ᠂ ᠲᠦᠷᠦᠭᠦᠯᠡᠨ ᠬᠢᠬᠦ ᠰᠠᠯᠠᠭ᠎ᠠ ᠮᠦᠴᠢᠷ᠎ᠨᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠬᠠᠷᠢᠭᠤᠴᠠᠨ ᠰᠠᠶ᠋ᠢᠳᠤᠷ ᠬᠢᠵᠦ᠂ ᠪᠢᠴᠢᠭ ᠮᠠᠲᠸᠷᠢᠶᠠᠯ ᠬᠠᠮᠳᠤᠷᠠᠨ ᠶᠠᠪᠤᠭᠤᠯᠤᠨᠨᠰᠠᠨ ᠪᠤᠰᠤᠳ ᠰᠠᠯᠠᠭ᠎ᠠ ᠮᠦᠴᠢᠷ᠎ᠨᠢ ᠬᠠᠮᠵᠢᠯᠴᠠᠭ᠍ᠤ ᠬᠡᠷᠡᠭᠳᠡᠢ᠃ ᠵᠠᠰᠠᠭ᠎ᠤᠨ ᠤᠷᠳᠤᠨ᠎ᠤ ᠨᠡᠷ᠎ᠡ᠎ᠪᠠᠷ ᠲᠠᠷᠤᠮᠠᠯᠯᠠᠨ ᠶᠠᠪᠤᠭᠤᠯᠤᠨᠨᠰᠠᠨ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠲᠤᠭᠤᠷᠪᠢᠨᠨᠰᠠᠨ ᠰᠠᠯᠠᠭ᠎ᠠ ᠮᠦᠴᠢᠷ᠎ᠨᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠰᠠᠶ᠋ᠢᠳᠤᠷ ᠬᠢᠬᠦ ᠬᠡᠷᠡᠭᠳᠡᠢ᠃ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠦᠶᠡᠰ᠂ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢᠨ ᠠᠬᠤᠢ ᠪᠠᠶ᠋ᠢᠳᠠᠯ᠎ᠤᠨ ᠦᠨᠳᠦᠰᠦ ᠪᠠᠷᠢᠮᠳᠠ᠂ ᠬᠠᠷᠠᠯᠳᠠᠳᠤ ᠡᠭᠦᠷᠬᠡ᠂ ᠭᠤᠤᠯ ᠠᠭᠤᠯᠭ᠎ᠠ᠂ ᠬᠤᠯᠪᠤᠨᠨᠳᠠᠭ᠍ᠤ ᠭᠦᠷᠢᠶ᠎ᠡ ᠬᠡᠪᠴᠢᠶ᠎ᠡ᠂ ᠬᠡᠷᠡᠭᠵᠢᠬᠦᠯᠬᠦ ᠪᠠᠷᠢᠮᠵᠢᠶ᠎ᠠ᠂ ᠵᠢᠴᠢ ᠠᠩᠬᠠᠷᠬᠤ ᠵᠦᠢ᠍ᠯ᠂ ᠵᠠᠩᠬᠢᠯᠠᠭ᠎ᠠ ᠦᠬᠡᠰ᠎ᠢ ᠲᠠᠶ᠋ᠢᠯᠪᠤᠷᠢᠯᠠᠭ᠍ᠤ᠂ ᠠᠷᠠᠳ᠎ᠢ ᠬᠠᠷᠠᠭ᠋ᠠᠯᠵᠠᠵᠦ ᠠᠷᠠᠳ᠎ᠲᠤ ᠠᠰᠢᠭ ᠭᠦᠷᠳᠡᠬᠡᠬᠦ ᠠᠷᠭ᠎ᠠ ᠪᠠᠷᠢᠯ᠂ ᠰᠢᠨ᠎ᠠ ᠬᠠᠭᠤᠴᠢᠨ ᠲᠦᠷᠦ ᠵᠢᠨ ᠪᠤᠳᠤᠯᠭ᠎ᠠ ᠵᠢᠨ ᠵᠦᠷᠢᠶ᠎ᠡ ᠢᠯᠭ᠋ᠠᠯ ᠵᠡᠷᠬᠡ ᠵᠢ ᠭᠤᠤᠯᠳᠠᠯᠭ᠎ᠠ᠎ᠲᠠᠢ ᠤᠩᠰᠢᠨ ᠲᠠᠶ᠋ᠢᠯᠪᠤᠷᠢᠯᠠᠵᠦ᠂ ᠲᠦᠷᠦ ᠵᠢᠨ ᠪᠤᠳᠤᠯᠭ᠎ᠠ ᠵᠢᠨ ᠠᠭᠤᠯᠤᠨᠨᠳᠠᠭ᠍ᠤᠨ᠎ᠢ ᠢᠯᠡ ᠲᠤᠳᠤ ᠪᠤᠯᠭ᠋ᠠᠨ᠂ ᠲᠠᠶ᠋ᠢᠯᠤᠮᠵᠢ ᠵᠢᠨ ᠲᠠᠯ᠎ᠠ᠎ᠪᠠᠷ ᠠᠳᠡᠬᠦᠦ ᠪᠤᠷᠤᠭᠤ ᠭᠠᠷᠬᠤ᠎ᠠᠴᠠ ᠵᠠᠶ᠋ᠢᠯᠠᠰᠬᠢᠬᠦ ᠬᠡᠷᠡᠭᠳᠡᠢ᠃
      ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ ᠬᠢᠬᠡᠳ ᠤᠩᠰᠢᠨ ᠲᠠᠶ᠋ᠢᠯᠪᠤᠷᠢᠯᠠᠭ᠍ᠤ ᠲᠦᠰᠦᠯ᠂ ᠤᠩᠰᠢᠨ ᠲᠠᠶ᠋ᠢᠯᠪᠤᠷᠢᠯᠠᠭ᠍ᠤ ᠮᠠᠲᠸᠷᠢᠶᠠᠯ᠎ᠢ ᠵᠡᠷᠬᠡᠪᠡᠷ ᠵᠤᠬᠢᠶᠠᠨ ᠪᠠᠶ᠋ᠢᠭᠤᠯᠵᠦ᠂ ᠢᠵᠢᠯ ᠠᠯᠬᠤᠮ ᠵᠶ᠋ᠠᠷ ᠬᠢᠨᠠᠵᠦ ᠭᠠᠷ᠎ᠤᠨ ᠦᠰᠦᠭ ᠵᠢᠷᠤᠵᠦ᠂ ᠵᠡᠷᠭᠡᠪᠡᠷ ᠪᠠᠶ᠋ᠢᠷᠢᠯᠠᠭᠤᠯᠬᠤ ᠵᠢ ᠪᠠᠷᠢᠮᠳᠠᠯᠠᠭ᠍ᠤ ᠬᠡᠷᠡᠭᠳᠡᠢ᠃ ᠰᠠᠯᠠᠭ᠎ᠠ ᠮᠦᠴᠢᠷ᠎ᠤᠨ ᠨᠡᠷ᠎ᠡ᠎ᠪᠠᠷ ᠲᠠᠷᠤᠮᠠᠯᠯᠠᠨ ᠶᠠᠪᠤᠭᠤᠯᠤᠨᠨᠰᠠᠨ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠮᠡᠳᠡᠬᠦᠯᠦᠨ ᠵᠦᠪᠰᠢᠶᠡᠷᠡᠭᠦᠯᠬᠦ ᠦᠶᠡᠰ ᠤᠩᠰᠢᠨ ᠲᠠᠶ᠋ᠢᠯᠪᠤᠷᠢᠯᠠᠭ᠍ᠤ ᠲᠦᠰᠦᠯ᠂ ᠤᠩᠰᠢᠨ ᠲᠠᠶ᠋ᠢᠯᠪᠤᠷᠢᠯᠠᠭ᠍ᠤ ᠮᠠᠲᠸᠷᠢᠶᠠᠯ᠎ᠢ ᠬᠠᠮᠲᠦ᠎ᠳᠤᠨᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ᠎ᠳᠤ ᠮᠡᠳᠡᠬᠦᠯᠦᠨ ᠬᠢᠨᠠᠭᠤᠯᠵᠦ ᠭᠠᠷ᠎ᠤᠨ ᠦᠰᠦᠭ ᠵᠢᠷᠤᠭᠤᠯᠬᠤ ᠬᠡᠷᠡᠭᠳᠡᠢ᠃ ᠵᠠᠰᠠᠭ᠎ᠤᠨ ᠤᠷᠳᠤᠨ᠎ᠤ ᠨᠡᠷ᠎ᠡ᠎ᠪᠠᠷ ᠲᠠᠷᠤᠮᠠᠯᠯᠠᠨ ᠶᠠᠪᠤᠭᠤᠯᠤᠨᠨᠰᠠᠨ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠲᠦᠷᠦᠭᠦᠯᠡᠨ ᠲᠤᠭᠤᠷᠪᠢᠨᠨᠰᠠᠨ ᠰᠠᠯᠠᠭ᠎ᠠ ᠮᠦᠴᠢᠷ᠎ᠨᠢ ᠤᠷᠤᠯᠠᠨ ᠨᠤᠤᠷᠬᠠᠯᠬᠠᠰᠠᠨ ᠡᠬᠡ ᠪᠢᠴᠢᠭ᠎ᠢ ᠲᠡᠬᠡᠭᠰᠢ ᠮᠡᠳᠡᠬᠦᠯᠬᠦ ᠦᠶᠡᠰ ᠲᠤᠰ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠳᠠᠨ᠎ᠤ ᠬᠢᠨᠠᠨ ᠲᠤᠨᠨᠳ᠋ᠬᠠᠰᠠᠨ ᠤᠩᠰᠢᠨ ᠲᠠᠶ᠋ᠢᠯᠪᠤᠷᠢᠯᠠᠭ᠍ᠤ ᠲᠦᠰᠦᠯ ᠪᠠ ᠤᠩᠰᠢᠨ ᠲᠠᠶ᠋ᠢᠯᠪᠤᠷᠢᠯᠠᠭ᠍ᠤ ᠮᠠᠲᠸᠷᠢᠶᠠᠯ᠎ᠢ ᠬᠠᠮᠳᠤ᠎ᠳᠤᠨᠢ ᠮᠡᠳᠡᠬᠦᠯᠦᠨ ᠭᠦᠷᠬᠡᠵᠦ᠂ ᠮᠡᠳᠡᠬᠦᠯᠦᠨ ᠭᠦᠷᠬᠡᠭᠰᠡᠨ ᠮᠠᠲᠸᠷᠢᠶᠠᠯ᠎ᠨᠢ ᠪᠦᠷᠢᠨ ᠪᠤᠰᠤ ᠪᠠᠶ᠋ᠢᠪᠠᠯ᠂ ᠵᠠᠰᠠᠭ᠎ᠤᠨ ᠤᠷᠳᠤᠨ᠎ᠤ ᠠᠯᠪᠠᠨ ᠲᠢᠩᠬᠢᠮ (ᠬᠡᠷ)᠎ᠠᠴᠠ ᠲᠤᠨᠨᠳᠠᠭ᠋ᠠᠯ ᠶᠤᠰᠤᠭ᠋ᠠᠷ ᠠᠯᠪᠠᠨ ᠪᠢᠴᠢᠭ᠎ᠢ ᠪᠤᠴᠠᠭ᠋ᠠᠬᠤ ᠬᠡᠷᠡᠭᠳᠡᠢ᠃ ᠠᠯᠪᠠᠨ ᠪᠢᠴᠢᠭ᠎ᠢ ᠨᠡᠶ᠋ᠢᠳᠡᠯᠡᠬᠦ᠎ᠠᠴᠠ ᠡᠮᠤᠨ᠎ᠠ᠂ ᠲᠦᠷᠦ ᠵᠢᠨ ᠪᠤᠳᠤᠯᠭ᠎ᠠ ᠵᠢᠨ ᠤᠴᠢᠷ ᠶᠠᠪᠤᠳᠠᠯ᠎ᠢ ᠮᠡᠳᠡᠭᠳᠡᠵᠦ ᠤᠩᠰᠢᠨ ᠲᠠᠶ᠋ᠢᠯᠪᠤᠷᠢᠯᠠᠭ᠍ᠤ ᠪᠠ ᠵᠢᠱ᠌ᠢᠯᠳᠡ ᠵᠢ ᠭᠦᠳᠦᠯᠦᠨ ᠵᠢᠯᠤᠭᠤᠳᠬᠤ ᠵᠢ ᠰᠠᠶ᠋ᠢᠳᠤᠷ ᠬᠢᠬᠦ ᠬᠡᠷᠡᠭᠳᠡᠢ; ᠠᠯᠪᠠᠨ ᠪᠢᠴᠢᠭ᠎ᠢ ᠨᠡᠶ᠋ᠢᠳᠡᠯᠡᠬᠦ ᠦᠶᠡᠰ᠂ ᠬᠠᠮᠢᠶ᠎ᠠ ᠪᠦᠭᠦᠢ ᠤᠩᠰᠢᠨ ᠲᠠᠶ᠋ᠢᠯᠪᠤᠷᠢᠯᠠᠭ᠍ᠤ ᠮᠠᠲᠸᠷᠢᠶᠠᠯ᠎ᠢ ᠠᠯᠪᠠᠨ ᠪᠢᠴᠢᠭ᠎ᠲᠠᠢ ᠵᠡᠷᠬᠡᠪᠡᠷ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠪᠠ ᠵᠠᠭᠤᠴᠢᠯᠠᠭᠤᠷ᠎ᠲᠤ ᠨᠡᠶ᠋ᠢᠳᠡᠯᠡᠬᠦ ᠬᠡᠷᠡᠭᠳᠡᠢ; ᠪᠢᠴᠢᠭ ᠮᠠᠲᠸᠷᠢᠶᠠᠯ᠎ᠢ ᠬᠡᠷᠡᠭᠵᠢᠬᠦᠯᠬᠦ ᠶᠠᠪᠤᠴᠠ᠎ᠳᠤ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠢ ᠨᠢᠨᠨᠳᠠ ᠮᠦᠷᠳᠡᠵᠦ᠂ ᠤᠩᠰᠢᠨ ᠲᠠᠶ᠋ᠢᠯᠪᠤᠷᠢᠯᠠᠭ᠍ᠤ ᠵᠢ ᠬᠡᠰᠡᠭ ᠬᠤᠪᠢᠶᠠᠨ᠂ ᠤᠯᠠᠨ ᠤᠳᠠᠭ᠎ᠠ᠂ ᠦᠷᠭᠦᠯᠵᠢᠯᠡᠨ ᠦᠷᠨᠢᠬᠦᠯᠵᠦ᠂ ᠴᠠᠭ ᠲᠤᠬᠠᠢ᠎ᠳᠤᠨᠢ ᠠᠰᠠᠭᠤᠯᠳᠠ ᠵᠢ ᠬᠠᠷᠢᠭᠤᠯᠵᠦ ᠮᠠᠳᠠᠭ᠎ᠢ ᠠᠯᠳᠠᠷᠠᠭ᠋ᠠᠵᠦ᠂ ᠰᠠᠨᠠᠭ᠋ᠠᠴᠢᠯᠠᠭ᠋ᠠᠳᠤ ᠴᠢᠨᠠᠷ᠂ ᠬᠠᠨᠳᠤᠯᠭ᠋ᠠᠳᠤ ᠴᠢᠨᠠᠷ ᠪᠠ ᠬᠤᠭᠤᠴᠠᠭ᠋ᠠᠳᠤ ᠴᠢᠨᠠᠷ᠎ᠢ ᠲᠠᠰᠤᠷᠠᠯᠳᠠ ᠦᠬᠡᠢ ᠴᠢᠩᠭ᠋ᠠᠳᠬᠠᠬᠤ ᠬᠡᠷᠡᠭᠳᠡᠢ᠃
      ᠤᠯᠠᠨ ᠲᠦᠮᠡᠨ᠎ᠤ ᠬᠤᠪᠢ ᠪᠡᠶ᠎ᠡ ᠵᠢᠨ ᠠᠰᠢᠭ ᠲᠤᠰᠠ᠎ᠳᠤ ᠬᠤᠯᠪᠤᠨᠨᠳᠠᠭ᠍ᠤ᠂ ᠵᠠᠬ᠎ᠠ ᠲᠡᠯᠬᠡᠭᠦᠷ᠎ᠤᠨ ᠵᠢᠱ᠌ᠢᠯᠳᠡ ᠵᠢ ᠨᠦᠯᠦᠬᠡᠯᠡᠬᠦ ᠵᠡᠷᠬᠡ ᠴᠢᠬᠤᠯᠠ ᠲᠦᠷᠦ ᠵᠢᠨ ᠪᠤᠳᠤᠯᠭ᠎ᠠ᠎ᠳᠤ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠨᠢ ᠵᠠᠭᠤᠴᠢᠯᠠᠭᠤᠷ᠎ᠢ ᠴᠢᠳᠠᠮᠠᠭ᠋ᠠᠢ ᠬᠡᠷᠡᠭᠯᠡᠵᠦ᠂ ᠦᠨᠡᠨ᠎ᠠᠴᠠ ᠵᠦᠪ᠎ᠢ ᠡᠷᠢᠵᠦ᠂ ᠬᠠᠷᠠᠯᠳᠠ᠎ᠲᠠᠢ᠎ᠪᠠᠷ ᠲᠦᠷᠦ ᠵᠢᠨ ᠪᠤᠳᠤᠯᠭ᠎ᠠ ᠵᠢᠨ ᠤᠩᠰᠢᠨ ᠲᠠᠶ᠋ᠢᠯᠪᠤᠷᠢᠯᠠᠯᠳᠠ ᠬᠢᠬᠦ ᠵᠢ ᠦᠷᠨᠢᠬᠦᠯᠵᠦ᠂ ᠵᠠᠰᠠᠭ᠎ᠤᠨ ᠤᠷᠳᠤᠨ ᠬᠢᠬᠡᠳ ᠵᠠᠬ᠎ᠠ ᠲᠡᠯᠬᠡᠭᠦᠷ᠂ ᠨᠡᠶ᠋ᠢᠬᠡᠮ᠎ᠯᠦᠭᠡ ᠨᠡᠪᠳᠡᠷᠡᠯᠴᠡᠬᠦ ᠠᠵᠢᠯ᠎ᠢ ᠰᠠᠶ᠋ᠢᠳᠤᠷ ᠬᠢᠵᠦ᠂ ᠲᠦᠷᠦ ᠵᠢᠨ ᠪᠤᠳᠤᠯᠭ᠎ᠠ ᠵᠢᠨ ᠰᠠᠨᠠᠭ᠎ᠠ ᠵᠤᠷᠢᠯᠭ᠎ᠠ ᠵᠢ ᠴᠠᠭ ᠲᠤᠬᠠᠢ᠎ᠳᠤᠨᠢ ᠤᠨᠤᠪᠴᠢᠳᠠᠢ ᠲᠠᠮᠵᠢᠭᠤᠯᠬᠤ ᠬᠡᠷᠡᠭᠳᠡᠢ᠃ ᠬᠠᠷᠢᠭᠤ ᠲᠤᠰᠬᠠᠯ᠎ᠤᠨ ᠮᠡᠳᠡᠭᠡ ᠵᠠᠩᠬᠢ ᠵᠢ ᠴᠤᠨᠨᠯᠠᠭᠤᠯᠬᠤ ᠵᠢ ᠴᠢᠬᠤᠯᠠᠴᠢᠯᠠᠵᠦ᠂ ᠵᠠᠬ᠎ᠠ ᠲᠡᠯᠬᠡᠭᠦᠷ ᠪᠠ ᠨᠡᠶ᠋ᠢᠬᠡᠮ᠎ᠤᠨ ᠠᠩᠬᠠᠷᠴᠤ ᠪᠦᠭᠦᠢ ᠵᠦᠢ᠍ᠯᠡᠰ᠎ᠲᠤ ᠴᠢᠭᠯᠡᠬᠦᠯᠦᠨ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠵᠢ ᠨᠡᠩ ᠨᠠᠷᠢᠯᠢᠬ ᠭᠦᠢ᠍ᠴᠡᠳ᠂ ᠨᠡᠩ ᠴᠠᠭ ᠲᠤᠬᠠᠢ᠎ᠳᠤᠨᠢ ᠰᠠᠶ᠋ᠢᠳᠤᠷ ᠬᠢᠵᠦ᠂ ᠠᠳᠡᠬᠦᠦ ᠪᠤᠷᠤᠭᠤ ᠦᠢ᠍ᠯᠠᠭ᠋ᠠᠯᠳᠠ ᠵᠢ ᠪᠠᠭ᠋ᠠᠰᠬᠠᠨ᠂ ᠵᠢᠱ᠌ᠢᠭᠰᠡᠨ ᠬᠤᠭᠤᠴᠠᠭ᠎ᠠ ᠵᠢ ᠲᠤᠨᠨᠳᠠᠪᠦᠷᠢᠲᠠᠢ ᠪᠠᠶ᠋ᠢᠯᠭ᠋ᠠᠬᠤ ᠬᠡᠷᠡᠭᠳᠡᠢ᠃
      ᠭᠤᠷᠪᠠ᠂ ᠠᠩᠬᠠᠷᠴᠤ ᠪᠦᠭᠦᠢ ᠵᠦᠢ᠍ᠯ᠎ᠳᠤ ᠢᠳᠡᠪᠬᠢᠳᠡᠢ᠎ᠪᠠᠷ ᠬᠠᠷᠢᠭᠤ ᠦᠭᠭᠦᠨ᠎ᠠ
     (ᠨᠢᠬᠡ) ᠬᠠᠷᠢᠭᠤ ᠦᠭᠭᠦ ᠬᠠᠷᠢᠭᠤᠴᠠᠯᠭ᠎ᠠ ᠵᠢ ᠲᠤᠳᠤᠷᠬᠠᠶ᠋ᠢᠯᠠᠭ᠍ᠤ ᠬᠡᠷᠡᠭᠳᠡᠢ᠃ ᠬᠠᠷᠢᠶᠠᠳᠤ ᠤᠷᠤᠨ ᠵᠶ᠋ᠠᠨ ᠬᠠᠮᠢᠶᠠᠷᠬᠤ᠂ ᠱᠠᠳᠤ ᠬᠤᠪᠢᠶᠠᠨ ᠬᠠᠷᠢᠭᠤᠴᠠᠭ᠍ᠤ᠂ ᠬᠡᠨ ᠭᠤᠤᠯᠴᠢᠯᠠᠨ ᠬᠠᠮᠢᠶᠠᠷᠪᠠᠯ ᠲᠡᠷᠡ ᠬᠠᠷᠢᠭᠤᠴᠠᠭ᠍ᠤ ᠵᠠᠷᠴᠢᠮ ᠶᠤᠰᠤᠭ᠋ᠠᠷ᠂ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠳᠤ ᠬᠠᠷᠢᠭᠤ ᠦᠭᠭᠦ ᠠᠵᠢᠯ᠎ᠢ ᠰᠠᠶ᠋ᠢᠳᠤᠷ ᠬᠢᠵᠦ᠂ ᠤᠴᠢᠷ ᠶᠠᠪᠤᠳᠠᠯ᠎ᠳᠤ ᠬᠤᠯᠪᠤᠨᠨᠳᠠᠭ᠍ᠤ ᠬᠠᠷᠢᠭᠤᠴᠠᠯᠭ᠋ᠠᠳᠤ ᠰᠠᠯᠠᠭ᠎ᠠ ᠮᠦᠴᠢᠷ᠎ᠨᠢ ᠨᠢᠬᠡᠳᠦᠬᠡᠷ ᠬᠠᠷᠢᠭᠤᠴᠠᠯᠭ᠎ᠠ ᠵᠢᠨ ᠭᠤᠤᠯ ᠴᠤᠨᠨᠴᠠ ᠮᠦᠨ᠃ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠴᠢᠬᠤᠯᠠ ᠶᠡᠭᠡ ᠲᠦᠷᠦ ᠵᠢᠨ ᠪᠤᠳᠤᠯᠭ᠎ᠠ᠂ ᠴᠢᠬᠤᠯᠠ ᠠᠵᠢᠯ᠎ᠤᠨ ᠪᠠᠶ᠋ᠢᠷᠢᠯᠠᠭᠤᠯᠤᠯᠳᠠ᠎ᠳᠤ ᠬᠤᠯᠪᠤᠨᠨᠳᠠᠭ᠍ᠤ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠳᠤ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠬᠠᠮᠢᠶ᠎ᠠ ᠪᠦᠭᠦᠢ ᠰᠠᠯᠠᠭ᠎ᠠ ᠮᠦᠴᠢᠷ᠎ᠨᠢ ᠬᠠᠷᠢᠭᠤ ᠦᠭᠭᠦ ᠭᠤᠤᠯ ᠴᠤᠨᠨᠴᠠ ᠪᠤᠯᠤᠨ᠎ᠠ; ᠤᠷᠤᠨ ᠨᠤᠳᠤᠭ᠎ᠲᠤ ᠬᠤᠯᠪᠤᠨᠨᠳᠠᠭ᠍ᠤ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠳᠤ᠂ ᠬᠠᠷᠢᠶᠠᠳᠤ ᠤᠷᠤᠨ᠎ᠤ ᠤᠴᠢᠷ ᠶᠠᠪᠤᠳᠠᠯ᠎ᠳᠤ ᠬᠤᠯᠪᠤᠨᠨᠳᠠᠭ᠍ᠤ ᠬᠠᠷᠢᠭᠤᠴᠠᠯᠭ᠋ᠠᠳᠤ ᠰᠠᠯᠠᠭ᠎ᠠ ᠮᠦᠴᠢᠷ᠎ᠨᠢ ᠬᠠᠷᠢᠭᠤ ᠦᠭᠭᠦ ᠭᠤᠤᠯ ᠴᠤᠨᠨᠴᠠ ᠪᠤᠯᠤᠨ᠎ᠠ; ᠤᠯᠠᠨ ᠤᠷᠤᠨ ᠨᠤᠳᠤᠭ᠎ᠤᠨ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠳᠤ ᠬᠤᠯᠪᠤᠨᠨᠳᠠᠪᠠᠯ᠂ ᠲᠡᠬᠡᠳᠦ ᠱᠠᠳᠤᠨ᠎ᠤ ᠵᠠᠰᠠᠭ᠎ᠤᠨ ᠤᠷᠳᠤᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠦᠴᠢᠷ᠎ᠨᠢ ᠬᠠᠷᠢᠭᠤ ᠦᠭᠭᠦ ᠭᠤᠤᠯ ᠴᠤᠨᠨᠴᠠ ᠪᠤᠯᠤᠨ᠎ᠠ᠃ ᠵᠠᠰᠠᠭ᠎ᠤᠨ ᠤᠷᠳᠤᠨ᠎ᠤ ᠠᠯᠪᠠᠨ ᠲᠢᠩᠬᠢᠮ (ᠬᠡᠷ)᠎ᠨᠢ ᠤᠬᠠᠭᠤᠯᠭ᠎ᠠ ᠵᠢᠨ ᠰᠠᠯᠠᠭ᠎ᠠ ᠮᠦᠴᠢᠷ᠎ᠯᠦᠭᠡ ᠬᠠᠮᠳᠤ᠎ᠪᠠᠷ ᠵᠤᠬᠢᠶᠠᠨ ᠪᠠᠶ᠋ᠢᠭᠤᠯᠵᠦ ᠵᠤᠬᠢᠴᠠᠭᠤᠯᠬᠤ ᠠᠵᠢᠯ᠎ᠢ ᠰᠠᠶ᠋ᠢᠳᠤᠷ ᠬᠢᠬᠦ ᠬᠡᠷᠡᠭᠳᠡᠢ᠃
     (ᠬᠤᠶᠠᠷ) ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠢ ᠴᠤᠨᠨᠯᠠᠭᠤᠯᠬᠤ ᠵᠢᠨ ᠭᠤᠤᠯᠳᠠᠯᠭ᠎ᠠ ᠵᠢ ᠲᠤᠪᠤᠶ᠋ᠢᠯᠭ᠋ᠠᠬᠤ ᠬᠡᠷᠡᠭᠳᠡᠢ᠃ ᠭᠤᠤᠯᠳᠠᠭᠤ ᠨᠠᠮ᠎ᠤᠨ ᠲᠦᠪ ᠬᠤᠷᠢᠶ᠎ᠠ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠴᠢᠬᠤᠯᠠ ᠶᠡᠭᠡ ᠰᠶ᠋ᠢᠳᠪᠦᠷᠢᠳᠦ ᠪᠤᠳᠤᠯᠭ᠎ᠠ ᠵᠢᠨ ᠪᠠᠶ᠋ᠢᠷᠢᠯᠠᠭᠤᠯᠤᠯᠳᠠ᠂ ᠵᠠᠰᠠᠭ᠎ᠤᠨ ᠤᠷᠳᠤᠨ᠎ᠤ ᠪᠠᠶ᠋ᠢᠩᠭᠤ ᠵᠢᠨ ᠬᠤᠷᠠᠯ ᠪᠠ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠠᠯᠠᠭ᠎ᠠ ᠮᠦᠴᠢᠷ᠎ᠤᠨ ᠶᠠᠮᠤᠨ᠎ᠤ ᠶᠠᠪᠤᠳᠠᠯ᠎ᠤᠨ ᠬᠤᠷᠠᠯ᠎ᠳᠤ ᠵᠦᠪᠳᠡᠨ ᠲᠤᠨᠨᠳ᠋ᠬᠠᠰᠠᠨ ᠵᠦᠢ᠍ᠯᠡᠰ᠎ᠲᠤ ᠬᠤᠯᠪᠤᠨᠨᠳᠠᠭ᠍ᠤ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠤᠨ ᠮᠡᠳᠡᠭᠡ ᠵᠠᠩᠬᠢ; ᠤᠯᠠᠨ ᠨᠡᠶ᠋ᠢᠳᠡ ᠵᠢᠨ ᠲᠤᠰ ᠪᠡᠶ᠎ᠡ ᠵᠢᠨ ᠠᠰᠢᠭ ᠲᠤᠰᠠ᠎ᠳᠤ ᠬᠤᠯᠪᠤᠨᠨᠳᠠᠭ᠍ᠤ ᠮᠦᠷᠳᠡᠬᠡᠨ ᠨᠡᠯᠢᠶᠡᠳ ᠶᠡᠭᠡ ᠨᠦᠯᠦᠬᠡ ᠦᠵᠡᠬᠦᠯᠵᠦ ᠮᠡᠳᠡᠬᠦ ᠵᠠᠭᠤᠴᠢᠯᠠᠭᠤᠷ᠎ᠤᠨ ᠮᠡᠳᠡᠬᠡᠯᠡᠯ; ᠵᠠᠭᠤᠴᠢᠯᠠᠭᠤᠷ ᠪᠠ ᠤᠯᠠᠨ ᠨᠡᠶ᠋ᠢᠳᠡ ᠵᠢᠨ ᠠᠩᠬᠠᠷᠤᠯ᠎ᠢ ᠲᠠᠳᠠᠭ᠍ᠤ᠂ ᠵᠠᠰᠠᠭ᠎ᠤᠨ ᠤᠷᠳᠤᠨ᠎ᠤ ᠲᠦᠷᠢ ᠲᠦᠷᠬᠦ ᠪᠠ ᠤᠯᠠᠨ ᠨᠡᠶ᠋ᠢᠳᠡ ᠵᠢ ᠢᠳᠡᠬᠡᠬᠦᠯᠬᠦ ᠭᠦᠴᠦᠨ᠎ᠢ ᠨᠦᠯᠦᠬᠡᠯᠡᠵᠦ ᠮᠡᠳᠡᠬᠦ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠤᠨ ᠮᠡᠳᠡᠭᠡ ᠵᠠᠩᠬᠢ; ᠴᠢᠬᠤᠯᠠ ᠶᠡᠭᠡ ᠬᠡᠨᠡᠳᠳᠡ ᠵᠢᠨ ᠬᠡᠷᠡᠭ᠎ᠢ ᠰᠶ᠋ᠢᠳᠪᠦᠷᠢᠯᠡᠬᠦ ᠪᠠ ᠪᠠᠶ᠋ᠢᠭ᠋ᠠᠯᠢ ᠵᠢᠨ ᠭᠠᠮᠰᠢᠭ᠎ᠢ ᠠᠷᠭ᠋ᠠᠴᠠᠭ᠍ᠤ᠎ᠳᠤ ᠬᠤᠯᠪᠤᠨᠨᠳᠠᠭ᠍ᠤ ᠤᠯᠠᠨ᠎ᠤ ᠪᠠᠶ᠋ᠢᠳᠠᠯ᠎ᠤᠨ ᠮᠡᠳᠡᠭᠡ ᠵᠠᠩᠬᠢ; ᠨᠡᠶ᠋ᠢᠬᠡᠮ᠎ᠤᠨ ᠶᠤᠰᠤ ᠰᠤᠷᠳᠠᠭ᠍ᠤᠨ᠎ᠤ ᠬᠢᠵᠠᠭ᠋ᠠᠷ ᠱᠤᠭᠤᠮ᠎ᠳᠤ ᠭᠦᠨᠳᠦ ᠨᠤᠴᠢᠳᠠᠢ ᠲᠠᠭ᠋ᠠᠷᠢᠯᠳᠠ ᠦᠵᠡᠬᠦᠯᠬᠦ ᠠᠷᠠᠳ᠎ᠤᠨ ᠠᠮᠢᠳᠤᠷᠠᠯ᠎ᠤᠨ ᠲᠤᠬᠠᠢ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠤᠨ ᠮᠡᠳᠡᠭᠡ ᠵᠠᠩᠬᠢ; ᠨᠡᠶ᠋ᠢᠬᠡᠮ᠎ᠤᠨ ᠡᠮᠬᠢ ᠲᠢᠭᠯᠢᠮ ᠪᠠ ᠤᠯᠤᠰ᠎ᠤᠨ ᠠᠰᠢᠭ ᠲᠤᠰᠠ ᠵᠢ ᠭᠦᠨᠳᠦ ᠨᠤᠴᠢᠳᠠᠢ ᠬᠤᠬᠢᠷᠠᠭᠤᠯᠬᠤ ᠤᠷᠤ ᠦᠬᠡᠢ ᠮᠡᠳᠡᠭᠡ ᠵᠠᠩᠬᠢ ᠵᠡᠷᠬᠡ ᠵᠢ ᠤᠶ᠋ᠢᠯᠠᠭ᠋ᠠᠬᠤ ᠬᠡᠷᠡᠭᠳᠡᠢ᠃
     (ᠭᠤᠷᠪᠠ) ᠰᠤᠳᠤᠯᠤᠨ ᠮᠠᠭ᠋ᠠᠳᠯᠠᠵᠦ ᠰᠶ᠋ᠢᠳᠪᠦᠷᠢᠯᠡᠬᠦ ᠵᠢ ᠰᠠᠶ᠋ᠢᠳᠤᠷ ᠬᠢᠬᠦ ᠬᠡᠷᠡᠭᠳᠡᠢ᠃ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠢ ᠴᠤᠨᠨᠯᠠᠭᠤᠯᠵᠦ᠂ ᠵᠦᠪᠳᠡᠯᠴᠡᠬᠦ᠂ ᠰᠤᠳᠤᠯᠤᠨ ᠮᠠᠭ᠋ᠠᠳᠯᠠᠭ᠍ᠤ᠂ ᠬᠠᠷᠢᠭᠤ ᠦᠭᠭᠦ᠂ ᠦᠨᠡᠯᠡᠨ ᠵᠢᠱ᠌ᠢᠬᠦ ᠲᠤᠨᠨᠳᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠴᠤᠨᠨᠯᠠᠭᠤᠯᠤᠨᠨᠰᠠᠨ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠢ ᠰᠤᠳᠤᠯᠤᠨ ᠮᠠᠭ᠋ᠠᠳᠯᠠᠭ᠍ᠤ᠎ᠪᠠᠨ ᠴᠢᠩᠭ᠋ᠠᠳᠬᠠᠨ᠂ ᠠᠳᠠᠯᠢ ᠪᠤᠰᠤ ᠪᠠᠶ᠋ᠢᠳᠠᠯ᠎ᠢ ᠢᠯᠭ᠋ᠠᠵᠦ᠂ ᠲᠦᠷᠦᠯ ᠬᠤᠪᠢᠶᠠᠨ ᠰᠶ᠋ᠢᠳᠪᠦᠷᠢᠯᠡᠬᠦ ᠬᠡᠷᠡᠭᠳᠡᠢ᠃ ᠪᠦᠳᠦᠬᠡᠯᠴᠢ ᠴᠢᠨᠠᠷᠳᠠᠢ ᠰᠠᠨᠠᠯ ᠰᠠᠨᠠᠭᠤᠯᠭ᠎ᠠ ᠵᠢ ᠭᠦᠯᠢᠶᠡᠨ ᠠᠪᠴᠤ ᠬᠡᠷᠡᠭᠯᠡᠭᠰᠡᠨ ᠪᠠᠶ᠋ᠢᠳᠠᠯ᠎ᠢ ᠭᠠᠳ᠋ᠬᠠᠰᠢ ᠢᠯᠡ ᠪᠤᠯᠭ᠋ᠠᠬᠤ ᠬᠡᠷᠡᠭᠳᠡᠢ᠃ ᠤᠯᠠᠨ ᠲᠦᠮᠡᠨ᠎ᠤ ᠲᠤᠰᠬᠠᠨᠨᠰᠠᠨ ᠪᠤᠳᠠᠳᠠᠢ ᠭᠦᠴᠢᠷᠳᠡᠯ᠎ᠢ ᠰᠤᠳᠤᠯᠵᠦ ᠰᠶ᠋ᠢᠳᠪᠦᠷᠢᠯᠡᠭᠰᠡᠨ ᠪᠠᠶ᠋ᠢᠳᠠᠯ᠎ᠢ ᠭᠠᠳ᠋ᠬᠠᠰᠢ ᠨᠡᠶ᠋ᠢᠳᠡᠯᠡᠬᠦ ᠬᠡᠷᠡᠭᠳᠡᠢ᠃ ᠤᠯᠠᠨ ᠲᠦᠮᠡᠨ᠎ᠤ ᠲᠤᠰᠬᠠᠨᠨᠰᠠᠨ ᠴᠢᠬᠤᠯᠠ ᠶᠡᠭᠡ ᠠᠰᠠᠭᠤᠳᠠᠯ᠎ᠢ ᠪᠠᠶ᠋ᠢᠴᠠᠭ᠋ᠠᠵᠦ ᠰᠶ᠋ᠢᠳᠪᠦᠷᠢᠯᠡᠭᠰᠡᠨ ᠪᠠᠶ᠋ᠢᠳᠠᠯ᠎ᠢ ᠴᠠᠭ ᠲᠤᠬᠠᠢ᠎ᠳᠤᠨᠢ ᠨᠡᠶ᠋ᠢᠳᠡᠯᠡᠬᠦ ᠬᠡᠷᠡᠭᠳᠡᠢ᠃ ᠤᠯᠠᠨ ᠲᠦᠮᠡᠨ᠎ᠤ ᠤᠶ᠋ᠢᠯᠠᠭ᠋ᠠᠬᠤ ᠦᠬᠡᠢ ᠪᠠᠶ᠋ᠢᠬᠤ ᠪᠠᠶ᠋ᠢᠳᠠᠯ᠂ ᠪᠠᠯᠠᠷᠬᠠᠢ ᠲᠠᠨᠢᠯᠳᠠ ᠤᠷᠤᠰᠢᠵᠦ ᠪᠠᠶ᠋ᠢᠪᠠᠯ ᠰᠠᠨᠠᠭ᠋ᠠᠴᠢᠯᠠᠭ᠎ᠠ᠎ᠠᠴᠠ᠎ᠪᠠᠨ ᠡᠷᠬᠡ ᠰᠦᠷᠳᠡᠢ ᠮᠡᠳᠡᠭᠡ ᠵᠠᠩᠬᠢ ᠨᠡᠶ᠋ᠢᠳᠡᠯᠡᠵᠦ᠂ ᠠᠰᠠᠭᠤᠯᠳᠠ ᠵᠢ ᠬᠠᠷᠢᠭᠤᠯᠵᠦ ᠮᠠᠳᠠᠭ᠎ᠢ ᠠᠯᠳᠠᠷᠠᠭ᠋ᠠᠨ᠂ ᠪᠤᠳᠠᠳᠤ ᠪᠠᠶ᠋ᠢᠳᠠᠯ᠎ᠢ ᠲᠤᠳᠤᠷᠬᠠᠶ᠋ᠢᠯᠠᠭ᠍ᠤ ᠬᠡᠷᠡᠭᠳᠡᠢ᠃ ᠪᠤᠷᠤᠭᠤ ᠦᠵᠡᠯᠳᠡ ᠪᠤᠳᠤᠯ ᠪᠠᠶ᠋ᠢᠪᠠᠯ ᠲᠠᠷᠤᠶ᠋ᠢᠬᠠᠨ ᠮᠡᠳᠡᠭᠡ ᠵᠠᠩᠬᠢ ᠨᠡᠶ᠋ᠢᠳᠡᠯᠡᠵᠦ ᠪᠠᠶ᠋ᠢᠭ᠋ᠠᠳ ᠭᠦᠳᠦᠯᠦᠨ ᠵᠢᠯᠤᠭᠤᠳᠬᠤ ᠪᠠ ᠵᠠᠰᠠᠨ ᠵᠠᠯᠠᠷᠠᠭᠤᠯᠬᠤ ᠬᠡᠷᠡᠭᠳᠡᠢ᠃ ᠬᠤᠳᠠᠯ ᠬᠠᠭᠤᠷᠮᠠᠭ ᠪᠠ ᠤᠷᠤ ᠦᠬᠡᠢ ᠮᠡᠳᠡᠭᠡ ᠵᠠᠩᠬᠢ ᠪᠠᠶ᠋ᠢᠪᠠᠯ᠂ ᠴᠠᠭ ᠲᠤᠬᠠᠢ᠎ᠳᠤᠨᠢ ᠬᠠᠷᠢᠭᠤ ᠦᠭᠭᠦ ᠵᠢᠨ ᠬᠠᠮᠳᠤ ᠬᠠᠤᠯᠢ᠎ᠠᠴᠠ ᠵᠦᠷᠢᠴᠡᠭᠰᠡᠨ᠎ᠳᠤ ᠬᠤᠯᠪᠤᠨᠨᠳᠠᠭ᠍ᠤ ᠬᠤᠯᠪᠤᠨᠨᠳᠠᠯ ᠪᠦᠭᠦᠢ ᠪᠠᠶ᠋ᠢᠳᠠᠯ ᠪᠠ ᠰᠦᠪᠡᠭᠴᠢ ᠵᠢ ᠲᠤᠳᠤᠭ᠋ᠠᠳᠤ ᠵᠢ ᠬᠠᠮᠠᠭ᠋ᠠᠯᠠᠭ᠍ᠤ ᠪᠠᠶ᠋ᠢᠭᠤᠯᠭ᠎ᠠ᠂ ᠲᠤᠤᠷ ᠰᠦᠯᠵᠢᠶ᠎ᠡ ᠵᠢ ᠬᠢᠨᠠᠨ ᠬᠠᠮᠢᠶᠠᠷᠬᠤ ᠰᠠᠯᠠᠭ᠎ᠠ ᠮᠦᠴᠢᠷ᠎ᠲᠤ ᠰᠢᠯᠵᠢᠬᠦᠯᠦᠨ ᠲᠤᠰᠢᠶᠠᠵᠦ ᠪᠠᠶ᠋ᠢᠭ᠋ᠠᠳ ᠬᠠᠤᠯᠢ ᠲᠤᠨᠨᠳᠠᠭ᠋ᠠᠯ ᠶᠤᠰᠤᠭ᠋ᠠᠷ ᠪᠠᠶ᠋ᠢᠴᠠᠭ᠋ᠠᠨ ᠰᠶ᠋ᠢᠳᠪᠦᠷᠢᠯᠡᠬᠦ ᠬᠡᠷᠡᠭᠳᠡᠢ᠃ ᠬᠠᠷᠢᠭᠤ ᠦᠭᠴᠦ ᠭᠦᠳᠦᠯᠦᠨ ᠵᠢᠯᠤᠭᠤᠳᠬᠤ ᠲᠤᠰᠬᠠᠢ ᠠᠵᠢᠯ᠎ᠢ ᠤᠯᠠᠮ ᠨᠢᠬᠡ ᠠᠯᠬᠤᠮ ᠰᠠᠶ᠋ᠢᠳᠤᠷ ᠬᠢᠵᠦ᠂ ᠭᠤᠤᠯᠳᠠᠭᠤ 《ᠬᠤᠶᠠᠷ ᠬᠤᠷᠠᠯ》᠂ ᠠᠵᠦ ᠠᠬᠤᠢ ᠵᠢᠨ ᠲᠤᠭ᠎ᠠ ᠪᠠᠷᠢᠮᠳᠠ ᠵᠢ ᠨᠡᠶ᠋ᠢᠳᠡᠯᠡᠬᠦ ᠪᠠ ᠠᠵᠦ ᠠᠬᠤᠢ ᠵᠢᠨ ᠴᠠᠭ᠎ᠤᠨ ᠪᠠᠶ᠋ᠢᠳᠠᠯ᠂ ᠴᠢᠬᠤᠯᠠ ᠶᠡᠭᠡ ᠦᠬᠡᠷᠡᠴᠢᠯᠡᠯᠳᠡ ᠵᠢᠨ ᠠᠷᠭ᠎ᠠ ᠬᠡᠮᠵᠢᠶ᠎ᠡ᠂ ᠴᠢᠬᠤᠯᠠ ᠶᠡᠭᠡ ᠰᠢᠮᠳᠠᠭᠤᠯᠤᠨ ᠪᠠᠶ᠋ᠢᠴᠠᠭ᠋ᠠᠬᠤ ᠠᠵᠢᠯᠯᠠᠭ᠎ᠠ᠂ ᠴᠢᠬᠤᠯᠠ ᠶᠡᠭᠡ ᠬᠡᠨᠡᠳᠳᠡ ᠵᠢᠨ ᠬᠡᠷᠡᠭ ᠵᠡᠷᠬᠡ ᠵᠢᠨ ᠲᠤᠭᠤᠷᠢᠨ᠎ᠳᠤ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠢ ᠴᠤᠨᠨᠯᠠᠭᠤᠯᠵᠦ᠂ ᠰᠤᠳᠤᠯᠤᠨ ᠮᠠᠭ᠋ᠠᠳᠯᠠᠭ᠍ᠤ ᠪᠠ ᠬᠠᠷᠢᠭᠤ ᠦᠭᠭᠦ ᠠᠵᠢᠯ᠎ᠢ ᠰᠠᠶ᠋ᠢᠳᠤᠷ ᠬᠢᠬᠦ ᠬᠡᠷᠡᠭᠳᠡᠢ᠃
     (ᠲᠦᠷᠪᠡ) ᠬᠠᠷᠢᠭᠤ ᠦᠭᠭᠦ ᠦᠷ᠎ᠡ ᠪᠦᠳᠦᠮᠵᠢ ᠵᠢ ᠲᠡᠬᠡᠭᠰᠢᠯᠡᠬᠦᠯᠬᠦ ᠬᠡᠷᠡᠭᠳᠡᠢ᠃ ᠤᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ᠂ ᠵᠠᠬ᠎ᠠ ᠲᠡᠯᠬᠡᠭᠦᠷ᠎ᠤᠨ ᠵᠢᠱ᠌ᠢᠭᠰᠡᠨ ᠬᠤᠭᠤᠴᠠᠭ᠎ᠠ ᠵᠢ ᠨᠦᠯᠦᠬᠡᠯᠡᠬᠦ ᠪᠠ ᠤᠯᠠᠨ ᠨᠡᠶ᠋ᠢᠳᠡ ᠵᠢᠨ ᠬᠡᠨᠡᠳᠳᠡ ᠵᠢᠨ ᠬᠡᠷᠡᠭ ᠵᠡᠷᠬᠡ᠎ᠳᠤ ᠬᠤᠯᠪᠤᠨᠨᠳᠠᠭ᠍ᠤ ᠭᠤᠤᠯᠳᠠᠯᠭ᠎ᠠ᠎ᠲᠠᠢ ᠵᠦᠢ᠍ᠯᠡᠰ᠎ᠲᠤ ᠴᠠᠭ ᠲᠤᠬᠠᠢ᠎ᠳᠤᠨᠢ ᠮᠡᠳᠡᠭᠡ ᠵᠠᠩᠬᠢ ᠨᠡᠶ᠋ᠢᠳᠡᠯᠡᠬᠦ ᠬᠡᠷᠡᠭᠳᠡᠢ᠃ ᠤᠨᠴᠠ ᠴᠢᠬᠤᠯᠠ ᠶᠡᠭᠡ᠂ ᠴᠢᠬᠤᠯᠠ ᠶᠡᠭᠡ ᠬᠡᠨᠡᠳᠳᠡ ᠵᠢᠨ ᠬᠡᠷᠡᠭ᠎ᠲᠤ ᠬᠤᠯᠪᠤᠨᠨᠳᠠᠭ᠍ᠤ ᠵᠠᠰᠠᠭ᠎ᠤᠨ ᠶᠠᠪᠤᠳᠠᠯ᠎ᠤᠨ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠢ ᠲᠦᠷᠬᠡᠨ ᠵᠶ᠋ᠠᠷ ᠬᠠᠷᠢᠭᠤ ᠲᠤᠰᠬᠠᠵᠦ᠂ ᠬᠠᠮᠤᠭ ᠤᠷᠤᠢ᠎ᠳᠠᠭᠠᠨ 5 ᠴᠠᠭ᠎ᠤᠨ ᠲᠤᠳᠤᠷ᠎ᠠ ᠡᠷᠬᠡ ᠰᠦᠷᠳᠡᠢ ᠮᠡᠳᠡᠭᠡ ᠵᠠᠩᠬᠢ ᠨᠡᠶ᠋ᠢᠳᠡᠯᠡᠨ᠂ 24 ᠴᠠᠭ᠎ᠤᠨ ᠲᠤᠳᠤᠷ᠎ᠠ ᠰᠤᠨᠢᠨ ᠮᠡᠳᠡᠭᠡ ᠨᠡᠶ᠋ᠢᠳᠡᠯᠡᠬᠦ ᠬᠤᠷᠠᠯ ᠬᠤᠷᠠᠯᠳᠤᠭᠤᠯᠬᠤ ᠵᠢᠨ ᠬᠠᠮᠳᠤ ᠠᠵᠢᠯ᠎ᠤᠨ ᠠᠬᠢᠴᠠ ᠵᠢᠨ ᠪᠠᠶ᠋ᠢᠳᠠᠯ᠎ᠢ ᠦᠨᠳᠦᠰᠦᠯᠡᠵᠦ᠂ ᠡᠷᠬᠡ ᠰᠦᠷᠳᠡᠢ ᠮᠡᠳᠡᠭᠡ ᠵᠠᠩᠬᠢ ᠵᠢ ᠦᠷᠬᠦᠯᠵᠢᠯᠡᠨ ᠨᠡᠶ᠋ᠢᠳᠡᠯᠡᠵᠦ᠂ ᠬᠤᠯᠪᠤᠨᠨᠳᠠᠯ ᠪᠦᠭᠦᠢ ᠤᠷᠤᠨ ᠨᠤᠳᠤᠭ ᠪᠠ ᠰᠠᠯᠠᠭ᠎ᠠ ᠮᠦᠴᠢᠷ᠎ᠤᠨ ᠭᠤᠤᠯ ᠬᠠᠷᠢᠭᠤᠴᠠᠯᠭ᠋ᠠᠳᠠᠨ ᠨᠠᠷ ᠲᠦᠷᠦᠭᠦᠯᠡᠨ ᠰᠠᠨᠠᠭ᠋ᠠᠴᠢᠯᠠᠭ᠎ᠠ᠎ᠠᠴᠠ᠎ᠪᠠᠨ ᠲᠤᠤᠭ᠋ᠠᠷᠬᠤ ᠬᠡᠷᠡᠭᠳᠡᠢ᠃ ᠵᠠᠰᠠᠭ᠎ᠤᠨ ᠶᠠᠪᠤᠳᠠᠯ᠎ᠤᠨ ᠴᠢᠬᠤᠯᠠ ᠶᠡᠭᠡ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠳᠤ ᠴᠢᠭᠯᠡᠬᠦᠯᠦᠨ᠂ ᠤᠬᠠᠭᠤᠯᠭ᠎ᠠ᠂ ᠲᠤᠤᠷ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠵᠡᠷᠬᠡ ᠰᠠᠯᠠᠭ᠎ᠠ ᠮᠦᠴᠢᠷ᠎ᠯᠤᠭ᠎ᠠ ᠲᠦᠷᠬᠡᠨ ᠬᠠᠷᠢᠭᠤ ᠲᠤᠰᠬᠠᠬᠤ ᠪᠠ ᠵᠤᠬᠢᠴᠠᠭᠤᠯᠵᠦ ᠬᠠᠮᠳᠤᠷᠠᠨ ᠭᠦᠳᠡᠯᠦᠯᠴᠡᠬᠦ ᠲᠤᠨᠨᠳᠠᠴᠠ ᠵᠢ ᠪᠠᠶ᠋ᠢᠭᠤᠯᠵᠦ᠂ ᠬᠤᠯᠪᠤᠨᠨᠳᠠᠯ ᠪᠦᠭᠦᠢ ᠰᠤᠨᠢᠨ ᠮᠡᠳᠡᠬᠡᠨ᠎ᠤ ᠵᠠᠭᠤᠴᠢᠯᠠᠭᠤᠷ ᠪᠠ ᠰᠦᠯᠵᠢᠶᠡᠨ ᠦᠷᠳᠡᠭᠡ᠎ᠲᠠᠢ ᠨᠡᠪᠳᠡᠷᠡᠯᠴᠡᠨ ᠬᠠᠷᠢᠯᠴᠠᠭ᠍ᠤ᠎ᠪᠠᠨ ᠴᠢᠩᠭ᠋ᠠᠳᠬᠠᠨ᠂ ᠬᠠᠷᠢᠭᠤ ᠦᠭᠭᠦ ᠵᠢᠨ ᠴᠠᠭ ᠲᠤᠬᠠᠶ᠋ᠢᠳᠤ ᠴᠢᠨᠠᠷ᠂ ᠴᠢᠭᠯᠡᠬᠦᠯᠦᠯᠳᠦ ᠴᠢᠨᠠᠷ᠂ ᠪᠦᠳᠦᠮᠵᠢᠳᠦ ᠴᠢᠨᠠᠷ᠎ᠢ ᠭᠦᠴᠦᠯᠡᠨ ᠲᠡᠬᠡᠭᠰᠢᠯᠡᠬᠦᠯᠬᠦ ᠬᠡᠷᠡᠭᠳᠡᠢ᠃ ᠦᠢ᠍ᠯᠡᠴᠢᠯᠡᠭᠡ ᠬᠤᠳᠠᠯᠳᠤᠨ ᠠᠪᠬᠤ᠂ ᠲᠤᠮᠤ ᠳ᠋ᠠᠶ᠋ᠢᠲ᠋ᠠ ᠵᠢᠨ ᠮᠡᠷᠬᠡᠵᠢᠯ᠎ᠤᠨ ᠲᠤᠯᠭ᠋ᠠᠭᠤᠷᠢᠯᠠᠯ᠎ᠢ ᠲᠡᠭᠦᠯᠳᠡᠷᠵᠢᠬᠦᠯᠬᠦ ᠵᠡᠷᠬᠡ ᠠᠷᠭ᠎ᠠ ᠮᠠᠶᠢᠭ ᠵᠶ᠋ᠠᠷ ᠲᠠᠮᠵᠢᠭᠤᠯᠵᠦ᠂ ᠲᠤᠰᠬᠠᠢ ᠮᠡᠷᠬᠡᠵᠢᠯ᠎ᠤᠨ ᠭᠦᠴᠦᠨ ᠴᠢᠳᠠᠯ᠎ᠢ ᠰᠠᠶ᠋ᠢᠳᠤᠷ ᠬᠡᠷᠡᠭᠯᠡᠨ᠂ ᠶᠠᠷᠢᠶ᠎ᠠ ᠬᠡᠯᠡᠯᠴᠡᠬᠡᠨ᠎ᠤ ᠪᠠᠶ᠋ᠢᠳᠠᠯ᠎ᠢ ᠵᠠᠳᠠᠯᠵᠦ ᠰᠶ᠋ᠢᠳᠪᠦᠷᠢᠯᠡᠬᠦ ᠮᠡᠳᠡᠭᠡ ᠵᠠᠩᠬᠢᠵᠢᠯᠳᠠ ᠵᠢᠨ ᠬᠢᠷᠢ ᠬᠡᠮᠵᠢᠶ᠎ᠡ ᠵᠢ ᠲᠡᠬᠡᠭᠰᠢᠯᠡᠬᠦᠯᠬᠦ ᠬᠡᠷᠡᠭᠳᠡᠢ᠃
      ᠲᠦᠷᠪᠡ᠂ ᠲᠡᠪᠴᠡᠩ᠎ᠤᠨ ᠪᠠᠶ᠋ᠢᠭᠤᠯᠤᠯᠳᠠ ᠵᠢ ᠴᠢᠩᠭ᠋ᠠᠳᠬᠠᠨ᠎ᠠ
     (ᠨᠢᠬᠡ) ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢ ᠪᠠᠶ᠋ᠢᠭᠤᠯᠬᠤ ᠪᠠ ᠬᠠᠮᠢᠶᠠᠷᠬᠤ᠎ᠪᠠᠨ ᠴᠢᠩᠭ᠋ᠠᠷᠠᠭᠤᠯᠬᠤ ᠬᠡᠷᠡᠭᠳᠡᠢ᠃ ᠡᠯ᠎ᠡ ᠱᠠᠳᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠬᠢᠮ (ᠬᠡᠷ)᠎ᠨᠢ ᠲᠤᠰ ᠱᠠᠳᠤᠨ᠎ᠤ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢ ᠪᠠᠶ᠋ᠢᠭᠤᠯᠵᠦ ᠬᠠᠮᠢᠶᠠᠷᠬᠤ ᠲᠡᠷᠢᠬᠦᠨ᠎ᠤ ᠬᠠᠷᠢᠭᠤᠴᠠᠯᠭ᠎ᠠ ᠵᠢᠨ ᠭᠤᠤᠯ ᠴᠤᠨᠨᠴᠠ ᠮᠦᠨ᠂ ᠲᠤᠰ ᠱᠠᠳᠤᠨ᠎ᠤ ᠵᠠᠰᠠᠭ᠎ᠤᠨ ᠤᠷᠳᠤᠨ᠎ᠤ ᠫᠣᠷᠲ᠋ᠤᠯ ᠰᠦᠯᠵᠢᠶᠡᠨ ᠦᠷᠳᠡᠭᠡ ᠵᠢ ᠪᠠᠶ᠋ᠢᠭᠤᠯᠬᠤ ᠵᠢᠴᠢ ᠲᠤᠰ ᠭᠠᠵᠠᠷ ᠤᠷᠤᠨ᠎ᠤ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢᠨ ᠬᠢᠨᠠᠯᠳᠠ ᠲᠠᠯᠪᠢᠵᠦ ᠬᠠᠮᠢᠶᠠᠷᠬᠤ ᠵᠢ ᠬᠠᠷᠢᠭᠤᠴᠠᠭ᠍ᠤ ᠬᠡᠷᠡᠭᠳᠡᠢ; ᠲᠤᠤᠷ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ᠂ ᠤᠷᠤᠨ ᠲᠤᠭ᠎ᠠ᠂ ᠠᠵᠦ ᠦᠢ᠍ᠯᠡᠳᠪᠦᠷᠢ ᠪᠠ ᠮᠡᠳᠡᠭᠡ ᠵᠠᠩᠬᠢᠵᠢᠯᠳᠠ᠂ ᠲᠤᠳᠤᠭ᠋ᠠᠳᠤ ᠵᠢ ᠬᠠᠮᠠᠭ᠋ᠠᠯᠠᠭ᠍ᠤ᠂ ᠨᠢᠭᠤᠴᠠ ᠵᠢ ᠬᠠᠮᠠᠭ᠋ᠠᠯᠠᠭ᠍ᠤ ᠵᠡᠷᠬᠡ ᠰᠠᠯᠠᠭ᠎ᠠ ᠮᠦᠴᠢᠷ᠎ᠯᠦᠭᠡ ᠬᠠᠮᠵᠢᠯᠴᠠᠭ᠍ᠤ᠎ᠪᠠᠨ ᠴᠢᠩᠭ᠋ᠠᠳᠬᠠᠵᠦ᠂ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢ ᠡᠷᠬᠢᠯᠡᠨ ᠨᠡᠬᠡᠬᠡᠬᠦ᠂ ᠪᠠᠶ᠋ᠢᠭᠤᠯᠬᠤ᠂ ᠲᠡᠰ ᠲᠤᠨᠨᠳᠠᠭ᠋ᠠᠬᠤ᠂ ᠲᠠᠩᠰᠠᠨ᠎ᠳᠤ ᠲᠡᠮᠳᠡᠭᠯᠡᠬᠦ᠂ ᠠᠵᠢᠯᠯᠠᠭᠤᠯᠵᠦ ᠬᠠᠮᠠᠭ᠋ᠠᠯᠠᠭ᠍ᠤ᠂ ᠲᠡᠰ ᠵᠡᠷᠬᠡ ᠵᠢ ᠬᠠᠮᠠᠭ᠋ᠠᠯᠠᠵᠦ ᠰᠢᠯᠭ᠋ᠠᠨ ᠦᠨᠡᠯᠡᠬᠦ᠂ ᠦᠢ᠍ᠯᠡᠴᠢᠯᠡᠭᠡ᠂ ᠬᠠᠷᠢᠯᠴᠠᠨ ᠭᠦᠳᠡᠯᠦᠯᠴᠡᠬᠦ᠂ ᠠᠮᠤᠷ ᠲᠦᠪᠰᠢᠨ ᠪᠠ ᠬᠠᠭ᠋ᠠᠵᠦ ᠵᠤᠨᠨᠰᠤᠭ᠋ᠠᠬᠤ ᠵᠡᠷᠬᠡ᠎ᠳᠤ ᠬᠢᠨᠠᠯᠳᠠ ᠬᠠᠮᠢᠶᠠᠷᠤᠯᠳᠠ ᠬᠢᠬᠦ ᠬᠡᠷᠡᠭᠳᠡᠢ᠃ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢᠨ ᠡᠳᠦᠷ ᠲᠤᠳᠤᠮ᠎ᠤᠨ ᠰᠢᠯᠭ᠋ᠠᠨ ᠬᠢᠨᠠᠭ᠍ᠤ ᠲᠤᠨᠨᠳᠠᠴᠠ ᠵᠢ ᠪᠠᠶ᠋ᠢᠭᠤᠯᠤᠨ ᠪᠦᠷᠢᠨᠰᠢᠬᠦᠯᠵᠦ᠂ ᠲᠤᠰ ᠭᠠᠵᠠᠷ ᠤᠷᠤᠨ᠂ ᠲᠤᠰ ᠰᠢᠰᠲ᠋ᠤᠮ᠎ᠤᠨ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ᠎ᠳᠤ ᠤᠷᠤᠰᠢᠵᠦ ᠪᠠᠶ᠋ᠢᠭ᠎ᠠ ᠲᠤᠪᠤᠶ᠋ᠢᠮ᠎ᠠ ᠠᠰᠠᠭᠤᠳᠠᠯ᠎ᠢ ᠴᠠᠭ ᠲᠤᠬᠠᠢ᠎ᠳᠤᠨᠢ ᠢᠯᠡᠷᠡᠬᠦᠯᠵᠦ ᠰᠶ᠋ᠢᠳᠪᠦᠷᠢᠯᠡᠬᠦ ᠬᠡᠷᠡᠭᠳᠡᠢ᠃ ᠰᠦᠯᠵᠢᠶᠡᠨ ᠦᠷᠳᠡᠭᠡ ᠵᠢ ᠡᠷᠴᠢᠮᠵᠢᠬᠦᠯᠤᠨ ᠪᠠᠶ᠋ᠢᠭᠤᠯᠬᠤ ᠵᠢ ᠠᠬᠢᠭᠤᠯᠵᠦ᠂ ᠭᠦᠮᠦᠨ᠎ᠤ ᠭᠦᠴᠦᠨ᠂ ᠡᠳ᠋᠎ᠤᠨ ᠭᠦᠴᠦᠨ᠎ᠤ ᠪᠠᠳᠤᠯᠠᠭ᠎ᠠ ᠦᠬᠡᠢ ᠦᠨᠳᠦᠰᠦᠨ ᠱᠠᠳᠤᠨ᠎ᠤ ᠰᠦᠯᠵᠢᠶᠡᠨ ᠦᠷᠳᠡᠭᠡ ᠵᠢ ᠲᠡᠬᠡᠳᠦ ᠱᠠᠳᠤᠨ᠎ᠤ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢᠨ ᠮᠡᠷᠬᠡᠵᠢᠯ᠎ᠤᠨ ᠲᠡᠪᠴᠡᠩ᠎ᠳᠤ ᠰᠢᠯᠵᠢᠬᠦᠯᠦᠨ ᠨᠡᠬᠦᠯᠬᠡᠵᠦ ᠪᠠᠶ᠋ᠢᠭ᠋ᠠᠳ ᠨᠢᠬᠡᠳᠦᠯᠳᠡᠢ ᠠᠵᠢᠯᠯᠠᠭᠤᠯᠤᠨ ᠡᠵᠡᠩᠨᠡᠬᠦ ᠪᠤᠶᠤ ᠠᠮᠤᠷ ᠲᠦᠪᠰᠢᠨ ᠡᠵᠡᠮᠳᠡᠵᠦ ᠪᠤᠯᠬᠤ ᠡᠭᠦᠯᠡᠨ ᠦᠢ᠍ᠯᠡᠴᠢᠯᠡᠬᠡᠨ᠎ᠤ ᠲᠡᠪᠴᠡᠩ᠎ᠳᠤ ᠰᠢᠯᠵᠢᠬᠦᠯᠦᠨ ᠨᠡᠬᠦᠯᠬᠡᠬᠦ ᠬᠡᠷᠡᠭᠳᠡᠢ᠃ ᠪᠦᠭᠦ ᠤᠯᠤᠰ᠎ᠤᠨ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢ ᠭᠦᠭᠵᠢᠬᠦᠯᠬᠦ ᠵᠦᠭᠯᠡᠬᠦᠷ᠎ᠢ ᠲᠦᠷᠬᠡᠳᠬᠡᠨ ᠨᠡᠶ᠋ᠢᠳᠡᠯᠡᠵᠦ᠂ ᠰᠦᠯᠵᠢᠶᠡᠨ ᠦᠷᠳᠡᠭᠡ ᠵᠢᠨ ᠡᠭᠦᠷᠬᠡ ᠴᠢᠳᠠᠮᠵᠢ ᠪᠠᠶ᠋ᠢᠷᠢ ᠲᠤᠨᠨᠳᠠᠭ᠋ᠠᠯᠳᠠ ᠵᠢᠴᠢ ᠬᠠᠮᠢᠶ᠎ᠠ ᠪᠦᠭᠦᠢ ᠪᠠᠷᠢᠮᠵᠢᠶ᠎ᠠ ᠪᠠ ᠱᠠᠭ᠋ᠠᠷᠳᠠᠯᠭ᠎ᠠ ᠵᠢ ᠲᠤᠳᠤᠷᠬᠠᠶ᠋ᠢᠯᠠᠨ᠂ ᠤᠷᠤᠨ ᠪᠦᠰᠡ ᠲᠡᠰ ᠲᠠᠪᠬᠤᠷᠭ᠎ᠠ ᠲᠦᠷᠦᠯ ᠢᠯᠠᠭ᠋ᠠᠯ ᠬᠤᠪᠢᠶᠠᠵᠦ ᠪᠠᠶ᠋ᠢᠭ᠋ᠠᠳ ᠰᠦᠯᠵᠢᠶᠡᠨ ᠦᠷᠳᠡᠭᠡ ᠵᠢ ᠡᠷᠬᠢᠯᠡᠨ ᠨᠡᠬᠡᠬᠡᠭᠰᠡᠨ᠎ᠠᠴᠠ ᠬᠠᠭ᠋ᠠᠵᠦ ᠵᠤᠨᠨᠰᠤᠭ᠋ᠠᠬᠤ ᠭᠦᠷᠳᠡᠯᠡᠬᠢ ᠪᠦᠭᠦ ᠠᠮᠢ ᠨᠠᠰᠤᠨ᠎ᠤ ᠦᠶᠡᠯᠡᠯ᠎ᠢ ᠵᠢᠷᠤᠮᠵᠢᠭᠤᠯᠬᠤ ᠬᠡᠷᠡᠭᠳᠡᠢ᠃
     (ᠬᠤᠶᠠᠷ) ᠰᠦᠯᠵᠢᠶᠡᠨ ᠦᠷᠳᠡᠭᠡ ᠵᠢᠨ ᠬᠤᠭᠤᠷᠤᠨᠳᠤᠬᠢ ᠬᠠᠮᠵᠢᠯᠴᠠᠨ ᠬᠤᠯᠪᠤᠭ᠋ᠠᠯᠠᠨ ᠭᠦᠳᠡᠯᠦᠯᠴᠡᠬᠦ ᠵᠢ ᠴᠢᠩᠭ᠋ᠠᠳᠬᠠᠬᠤ ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠤᠨ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢ ᠴᠢᠯᠦᠬᠡᠳᠡᠢ ᠨᠡᠪᠳᠡᠷᠡᠬᠦᠯᠵᠦ᠂ ᠡᠬᠢ ᠪᠠᠶᠠᠯᠢᠭ᠎ᠢ ᠡᠮᠬᠢᠯᠡᠨ ᠨᠡᠶ᠋ᠢᠯᠡᠬᠦᠯᠬᠦ ᠪᠠ ᠨᠡᠬᠡᠬᠡᠯᠳᠡ ᠬᠢᠵᠦ ᠬᠠᠮᠳᠤ᠎ᠪᠠᠷ ᠬᠦᠷᠲᠡᠬᠦ ᠵᠢ ᠴᠢᠩᠭ᠋ᠠᠳᠬᠠᠨ᠂ ᠰᠦᠯᠵᠢᠶᠡᠨ ᠦᠷᠳᠡᠭᠡ ᠵᠢᠨ ᠪᠦᠬᠡᠮᠨᠡᠷᠡᠯ᠎ᠤᠨ ᠦᠷ᠎ᠡ ᠨᠦᠯᠦᠬᠡ ᠵᠢ ᠲᠡᠬᠡᠭᠰᠢᠯᠡᠬᠦᠯᠵᠦ᠂ ᠨᠢᠬᠡ ᠴᠤᠨᠨᠴᠠᠵᠢᠭᠤᠯᠤᠨᠨᠰᠠᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠬᠡᠨ᠎ᠤ ᠲᠤᠤᠷ ᠰᠦᠯᠵᠢᠶ᠎ᠡ ᠵᠢ ᠪᠦᠷᠢᠯᠳᠦᠬᠦᠯᠬᠦ ᠬᠡᠷᠡᠭᠳᠡᠢ᠃ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠲᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠰᠦᠯᠵᠢᠶ᠎ᠡ᠎ᠪᠠᠷ ᠲᠠᠮᠵᠢᠭᠤᠯᠤᠨ ᠨᠡᠶ᠋ᠢᠳᠡᠯᠡᠭᠰᠡᠨ ᠪᠦᠭᠦ ᠲᠠᠯ᠎ᠠ ᠵᠢᠨ ᠠᠵᠢᠯ᠎ᠳᠤ ᠵᠢᠯᠤᠭᠤᠳᠬᠤ ᠠᠴᠢ ᠬᠤᠯᠪᠤᠨᠨᠳᠠᠯ᠎ᠲᠠᠢ᠂ ᠨᠡᠶ᠋ᠢᠬᠡᠮ᠎ᠠᠴᠠ ᠦᠷᠬᠡᠨ ᠵᠶ᠋ᠠᠷ ᠮᠡᠳᠡᠷᠡᠬᠦ ᠴᠢᠬᠤᠯᠠᠳᠠᠢ ᠴᠢᠬᠤᠯᠠ ᠲᠦᠷᠦ ᠵᠢᠨ ᠪᠤᠳᠤᠯᠭ᠎ᠠ ᠵᠢᠨ ᠮᠡᠳᠡᠭᠡ ᠵᠠᠩᠬᠢ ᠵᠢ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠡᠯ᠎ᠡ ᠰᠠᠯᠠᠭ᠎ᠠ ᠮᠦᠴᠢᠷ ᠪᠤᠯᠤᠨ ᠤᠷᠤᠨ ᠨᠤᠳᠤᠭ᠎ᠤᠨ ᠡᠯ᠎ᠡ ᠱᠠᠳᠤᠨ᠎ᠤ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠴᠠᠭ ᠲᠤᠬᠠᠢ᠎ᠳᠤᠨᠢ ᠭᠦᠢ᠍ᠴᠡᠳ ᠰᠢᠯᠵᠢᠬᠦᠯᠦᠨ ᠪᠠᠭᠤᠯᠭ᠋ᠠᠵᠦ ᠠᠪᠬᠤ ᠬᠡᠷᠡᠭᠳᠡᠢ; ᠶᠠᠮᠠᠷ ᠨᠢᠬᠡᠨ ᠠᠵᠢᠯ ᠲᠦᠷᠦᠯ ᠪᠤᠶᠤ ᠭᠠᠵᠠᠷ ᠤᠷᠤᠨ᠎ᠤ ᠲᠦᠷᠦ ᠵᠢᠨ ᠪᠤᠳᠤᠯᠭ᠎ᠠ ᠵᠢᠨ ᠮᠡᠳᠡᠭᠡ ᠵᠠᠩᠬᠢ᠎ᠳᠤ ᠬᠤᠯᠪᠤᠨᠨᠳᠠᠪᠠᠯ᠂ ᠬᠤᠯᠪᠤᠨᠨᠳᠠᠯ ᠪᠦᠭᠦᠢ ᠰᠠᠯᠠᠭ᠎ᠠ ᠮᠦᠴᠢᠷ ᠪᠠ ᠤᠷᠤᠨ ᠨᠤᠳᠤᠭ᠎ᠤᠨ ᠰᠦᠯᠵᠢᠶᠡᠨ ᠦᠷᠳᠡᠭᠡ᠎ᠨᠢ ᠴᠠᠭ ᠲᠤᠬᠠᠢ᠎ᠳᠤᠨᠢ ᠰᠢᠯᠵᠢᠬᠦᠯᠦᠨ ᠪᠠᠭᠤᠯᠭ᠋ᠠᠵᠦ ᠠᠪᠬᠤ ᠬᠡᠷᠡᠭᠳᠡᠢ᠃ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠨᠢ ᠲᠤᠨᠨᠳᠠᠮᠠᠯ ᠬᠤᠭᠤᠴᠠᠭ᠎ᠠ᠎ᠲᠠᠢ᠎ᠪᠠᠷ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠠᠯᠠᠭ᠎ᠠ ᠮᠦᠴᠢᠷ᠂ ᠮᠤᠵᠢ ᠵᠢᠨ ᠱᠠᠳᠤᠨ᠎ᠤ ᠵᠠᠰᠠᠭ᠎ᠤᠨ ᠤᠷᠳᠤᠨ᠂ ᠬᠤᠳᠠ ᠰᠢᠶᠠᠨ᠎ᠤ ᠵᠠᠰᠠᠭ᠎ᠤᠨ ᠤᠷᠳᠤᠨ᠎ᠤ ᠫᠤᠷᠲ᠋ᠤᠯ ᠰᠦᠯᠵᠢᠶᠡᠨ ᠦᠷᠳᠡᠭᠡ ᠵᠢᠨ ᠰᠢᠯᠵᠢᠭᠦᠯᠦᠨ ᠪᠠᠭᠤᠯᠭ᠋ᠠᠵᠦ ᠠᠪᠤᠨᠨᠰᠠᠨ ᠪᠠᠶ᠋ᠢᠳᠠᠯ᠎ᠢ ᠲᠤᠰᠬᠠᠶ᠋ᠢᠯᠠᠨ ᠪᠠᠶ᠋ᠢᠴᠠᠭ᠋ᠠᠬᠤ ᠬᠡᠷᠡᠭᠳᠡᠢ᠃ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠬᠢᠬᠡᠳ ᠭᠤᠤᠯ ᠪᠤᠯᠬᠤ ᠰᠤᠨᠢᠨ ᠮᠡᠳᠡᠬᠡᠨ᠎ᠤ ᠵᠠᠭᠤᠴᠢᠯᠠᠭᠤᠷ᠂ ᠰᠤᠨᠢᠨ ᠮᠡᠳᠡᠬᠡᠨ᠎ᠤ ᠰᠦᠯᠵᠢᠶᠡᠨ ᠦᠷᠳᠡᠭᠡ᠂ ᠬᠤᠳᠠᠯᠳᠤᠭ᠋ᠠᠨ᠎ᠤ ᠰᠦᠯᠵᠢᠶᠡᠨ ᠦᠷᠳᠡᠭᠡ᠎ᠲᠠᠢ ᠬᠤᠯᠪᠤᠭ᠋ᠠᠯᠠᠨ ᠭᠦᠳᠡᠯᠦᠯᠴᠡᠬᠦ᠎ᠪᠠᠨ ᠴᠢᠩᠭ᠋ᠠᠳᠬᠠᠵᠦ᠂ ᠲᠤᠰᠬᠠᠢ ᠪᠤᠯᠤᠩ ᠲᠤᠰᠬᠠᠢ ᠬᠡᠪᠯᠡᠯ ᠬᠠᠮᠳᠤᠷᠠᠨ ᠡᠷᠬᠢᠯᠡᠬᠦ ᠵᠡᠷᠬᠡ ᠠᠷᠭ᠎ᠠ ᠮᠠᠶᠢᠭ ᠵᠶ᠋ᠠᠷ ᠲᠠᠮᠵᠢᠭᠤᠯᠤᠨ᠂ ᠰᠦᠯᠵᠢᠶᠡᠨ ᠦᠷᠳᠡᠭᠡ ᠵᠢᠨ ᠪᠦᠬᠡᠮᠨᠡᠷᠡᠯ ᠪᠠ ᠦᠷᠬᠡᠳᠬᠡᠨ ᠲᠠᠷᠬᠠᠭ᠋ᠠᠬᠤ ᠦᠷ᠎ᠡ ᠨᠦᠯᠦᠬᠡ ᠵᠢ ᠲᠡᠬᠡᠭᠰᠢᠯᠡᠬᠦᠯᠵᠦ᠂ ᠲᠠᠮᠵᠢᠭᠤᠯᠭ᠎ᠠ ᠵᠢᠨ ᠬᠠᠮᠳᠤᠷᠠᠯ᠎ᠤᠨ ᠭᠦᠴᠦᠨ᠎ᠢ ᠪᠦᠷᠢᠯᠳᠦᠬᠦᠯᠦᠨ᠂ ᠲᠠᠮᠵᠢᠭᠤᠯᠭ᠎ᠠ ᠵᠢᠨ ᠦᠷ᠎ᠡ ᠪᠦᠳᠦᠮᠵᠢ ᠵᠢ ᠲᠡᠬᠡᠭᠰᠢᠯᠡᠬᠦᠯᠬᠦ ᠬᠡᠷᠡᠭᠳᠡᠢ᠃
     (ᠭᠤᠷᠪᠠ) ᠰᠤᠨᠢᠨ ᠮᠡᠳᠡᠬᠡᠨ᠎ᠤ ᠵᠠᠭᠤᠴᠢᠯᠠᠭᠤᠷ᠎ᠤᠨ ᠲᠡᠪᠴᠡᠩ᠎ᠢ ᠭᠦᠢ᠍ᠴᠡᠳ ᠠᠰᠢᠨᠨᠯᠠᠭ᠍ᠤ ᠬᠡᠷᠡᠭᠳᠡᠢ᠃ ᠰᠤᠨᠢᠨ ᠮᠡᠳᠡᠬᠡᠨ᠎ᠤ ᠵᠠᠭᠤᠴᠢᠯᠠᠭᠤᠷ ᠪᠤᠯ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠴᠢᠬᠤᠯᠠ ᠲᠡᠪᠴᠡᠩ ᠪᠤᠯᠤᠨ᠎ᠠ᠃ ᠡᠯ᠎ᠡ ᠱᠠᠳᠤᠨ᠎ᠤ ᠵᠠᠰᠠᠭ᠎ᠤᠨ ᠤᠷᠳᠤᠨ ᠵᠢᠴᠢ ᠰᠠᠯᠠᠭ᠎ᠠ ᠮᠦᠴᠢᠷ᠎ᠨᠢ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ᠂ ᠵᠠᠰᠠᠭ᠎ᠤᠨ ᠶᠠᠪᠤᠳᠠᠯ᠎ᠤᠨ ᠪᠢᠴᠢᠯ ᠪᠦᠷᠬᠡ ᠸᠢᠴᠠᠲ᠂ ᠵᠠᠰᠠᠭ᠎ᠤᠨ ᠶᠠᠪᠤᠳᠠᠯ᠎ᠤᠨ ᠬᠠᠷᠢᠴᠠᠭ᠋ᠠᠨ᠎ᠤ ᠡᠷᠦᠬᠡ ᠵᠢᠨ ᠦᠵᠦᠭᠦᠷ ᠵᠡᠷᠬᠡ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠦᠪᠡᠷ᠎ᠤᠨ ᠲᠡᠪᠴᠡᠩ᠎ᠳᠤ ᠰᠠᠭᠤᠷᠢᠯᠬᠠᠰᠠᠨ ᠰᠠᠭᠤᠷᠢᠨ ᠲᠡᠬᠡᠷ᠎ᠡ᠂ ᠤᠬᠠᠭᠤᠯᠭ᠎ᠠ᠂ ᠲᠤᠤᠷ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠵᠢᠨ ᠰᠠᠯᠠᠭ᠎ᠠ ᠮᠦᠴᠢᠷ ᠵᠢᠴᠢ ᠰᠤᠨᠢᠨ ᠮᠡᠳᠡᠬᠡᠨ᠎ᠤ ᠵᠠᠭᠤᠴᠢᠯᠠᠭᠤᠷ᠎ᠲᠠᠢ ᠨᠡᠪᠳᠡᠷᠡᠯᠴᠡᠵᠦ ᠬᠠᠷᠢᠯᠴᠠᠭ᠍ᠤ᠎ᠪᠠᠨ ᠴᠢᠩᠭ᠋ᠠᠳᠬᠠᠨ᠂ ᠰᠤᠨᠢᠨ ᠮᠡᠳᠡᠬᠡᠨ᠎ᠤ ᠵᠠᠭᠤᠴᠢᠯᠠᠭᠤᠷ᠎ᠤᠨ ᠡᠬᠢ ᠪᠠᠶᠠᠯᠢᠭ᠎ᠢ ᠭᠦᠢ᠍ᠴᠡᠳ ᠬᠡᠷᠡᠭᠯᠡᠵᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠰᠠᠶ᠋ᠢᠳᠤᠷ ᠬᠢᠬᠦ ᠬᠡᠷᠡᠭᠳᠡᠢ᠃ ᠵᠠᠭᠤᠴᠢᠯᠠᠭᠤᠷ᠎ᠲᠤ ᠰᠠᠨᠠᠭ᠋ᠠᠴᠢᠯᠠᠭ᠎ᠠ᠎ᠠᠴᠠ᠎ᠪᠠᠨ ᠪᠤᠷᠤ ᠮᠠᠲᠸᠷᠢᠶᠠᠯ ᠬᠠᠩᠭ᠋ᠠᠬᠤ᠎ᠪᠠᠷ ᠲᠠᠮᠵᠢᠭᠤᠯᠤᠨ᠂ ᠵᠠᠭᠤᠴᠢᠯᠠᠭᠤᠷ᠎ᠤᠨ ᠪᠠᠶ᠋ᠢᠳᠠᠯ ᠵᠶ᠋ᠠᠨ ᠮᠡᠳᠡᠯᠴᠡᠬᠦ ᠬᠤᠷᠠᠯ ᠬᠤᠷᠠᠯᠳᠤᠭᠤᠯᠵᠦ᠂ ᠬᠠᠮᠢᠶ᠎ᠠ ᠪᠦᠭᠦᠢ ᠲᠦᠷᠦ ᠵᠢᠨ ᠪᠤᠳᠤᠯᠭ᠎ᠠ ᠵᠢ ᠡᠵᠡᠮᠰᠢᠨ᠂ ᠬᠠᠮᠢᠶ᠎ᠠ ᠪᠦᠭᠦᠢ ᠭᠦᠷᠢᠶ᠎ᠡ ᠴᠠᠷᠠᠭ᠎ᠠ ᠵᠢᠨ ᠲᠤᠬᠠᠶ᠋ᠢᠯᠬᠠᠰᠠᠨ ᠠᠵᠢᠯ᠎ᠢ ᠲᠤᠳᠤᠷᠬᠠᠢ ᠤᠶ᠋ᠢᠯᠠᠭ᠋ᠠᠬᠤ ᠡᠷᠳᠡᠮᠳᠡᠨ ᠮᠡᠷᠬᠡᠵᠢᠯᠳᠡᠨ᠎ᠢ ᠲᠠᠨᠢᠯᠴᠠᠭᠤᠯᠵᠦ ᠪᠠᠶ᠋ᠢᠭ᠋ᠠᠳ ᠵᠠᠭᠤᠴᠢᠯᠠᠭᠤᠷ᠎ᠤᠨ ᠰᠤᠷᠪᠤᠯᠵᠢᠯᠠᠯ ᠭᠦᠯᠢᠶᠡᠯᠬᠡᠬᠦ ᠵᠡᠷᠬᠡ ᠠᠷᠭ᠎ᠠ ᠮᠠᠶᠢᠭ ᠵᠶ᠋ᠠᠷ ᠵᠠᠭᠤᠴᠢᠯᠠᠭᠤᠷ᠎ᠤᠨ ᠰᠤᠷᠪᠤᠯᠵᠢᠯᠠᠭ᠍ᠤ ᠵᠠᠮ ᠮᠦᠷ᠎ᠢ ᠰᠢᠯᠦᠭᠤᠳᠬᠠᠵᠦ᠂ ᠰᠤᠨᠢᠨ ᠮᠡᠳᠡᠬᠡᠨ᠎ᠤ ᠵᠠᠭᠤᠴᠢᠯᠠᠭᠤᠷ᠎ᠤᠨ ᠢᠯᠡ ᠪᠤᠯᠭ᠋ᠠᠬᠤ ᠲᠡᠪᠴᠡᠩ᠎ᠤᠨ ᠦᠢ᠍ᠯᠡᠳᠦᠯ᠎ᠢ ᠨᠡᠩ ᠰᠠᠶ᠋ᠢᠨ ᠪᠠᠳᠠᠷᠠᠭᠤᠯᠬᠤ ᠬᠡᠷᠡᠭᠳᠡᠢ᠃ ᠲᠦᠪ ᠪᠠ ᠤᠷᠤᠨ ᠨᠤᠳᠤᠭ᠎ᠤᠨ ᠭᠤᠤᠯ ᠤᠷᠤᠰᠬᠠᠯ ᠵᠠᠭᠤᠴᠢᠯᠠᠭᠤᠷ ᠵᠢᠴᠢ ᠰᠢᠨ᠎ᠠ ᠵᠠᠭᠤᠴᠢᠯᠠᠭᠤᠷ᠎ᠤᠨ ᠬᠠᠷᠢᠭᠤᠴᠠᠯᠭ᠋ᠠᠳᠠᠨ᠎ᠢ ᠬᠤᠯᠪᠤᠨᠨᠳᠠᠯ ᠪᠦᠭᠦᠢ ᠬᠤᠷᠠᠯ᠎ᠳᠤ ᠰᠤᠯᠠ ᠤᠷᠤᠯᠴᠠᠭᠤᠯᠬᠤ ᠵᠢ ᠢᠳᠡᠪᠬᠢᠳᠡᠢ ᠲᠤᠬᠢᠷᠠᠭᠤᠯᠵᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠬᠠᠮᠤᠷᠬᠤ ᠬᠡᠪᠴᠢᠶ᠎ᠡ ᠪᠠ ᠨᠦᠯᠦᠬᠡᠯᠡᠬᠦ ᠭᠦᠴᠦᠨ᠎ᠢ ᠤᠯᠠᠮ ᠨᠢᠬᠡ ᠠᠯᠬᠤᠮ ᠦᠷᠬᠡᠳᠬᠡᠬᠦ ᠬᠡᠷᠡᠭᠳᠡᠢ᠃
     (ᠲᠦᠷᠪᠡ) ᠵᠠᠰᠠᠭ᠎ᠤᠨ ᠤᠷᠳᠤᠨ᠎ᠤ ᠠᠯᠪᠠᠨ ᠮᠡᠳᠡᠭᠡ ᠵᠢᠨ ᠪᠠᠷᠢᠮᠵᠢᠶᠠᠳᠤ ᠪᠢᠴᠢᠭ ᠰᠡᠯᠳᠡ ᠵᠢᠨ ᠦᠢ᠍ᠯᠡᠳᠦᠯ᠎ᠢ ᠰᠠᠶ᠋ᠢᠳᠤᠷ ᠪᠠᠳᠠᠷᠠᠭᠤᠯᠬᠤ ᠬᠡᠷᠡᠭᠳᠡᠢ᠃ ᠵᠠᠰᠠᠭ᠎ᠤᠨ ᠤᠷᠳᠤᠨ᠎ᠤ ᠠᠯᠪᠠᠨ ᠮᠡᠳᠡᠭᠡ᠎ᠨᠢ ᠲᠤᠰ ᠱᠠᠳᠤᠨ᠎ᠤ ᠵᠠᠰᠠᠭ᠎ᠤᠨ ᠤᠷᠳᠤᠨ ᠵᠢᠴᠢ ᠰᠠᠯᠠᠭ᠎ᠠ ᠮᠦᠴᠢᠷ᠎ᠤᠨ ᠨᠡᠶ᠋ᠢᠳᠡᠯᠡᠭᠰᠡᠨ ᠲᠦᠷᠢᠮ ᠲᠤᠨᠨᠳᠠᠭ᠋ᠠᠯ ᠪᠠ ᠵᠢᠷᠤᠮᠵᠢᠨᠨᠰᠠᠨ ᠪᠢᠴᠢᠭ ᠮᠠᠲᠸᠷᠢᠶᠠᠯ᠎ᠢ ᠴᠠᠭ ᠲᠤᠬᠠᠢ᠎ᠳᠤᠨᠢ ᠤᠨᠤᠪᠴᠢᠳᠠᠢ ᠨᠡᠶ᠋ᠢᠳᠡᠯᠡᠵᠦ᠂ ᠨᠠᠶ᠋ᠢᠳᠠᠯᠠᠪᠠᠰᠤ ᠵᠤᠬᠢᠬᠤ ᠵᠢ᠎ᠨᠢ ᠤᠷᠬᠢᠬᠳᠠᠯ ᠦᠬᠡᠢ᠎ᠪᠠᠷ ᠨᠡᠶ᠋ᠢᠳᠡᠯᠡᠨ᠂ ᠤᠯᠠᠨ ᠨᠡᠶ᠋ᠢᠳᠡ ᠵᠢᠨ ᠡᠷᠢᠵᠦ ᠦᠵᠡᠬᠦ᠂ ᠬᠠᠤᠯᠢ ᠬᠡᠷᠡᠭᠵᠢᠬᠦᠯᠵᠦ ᠰᠢᠬᠦᠨ ᠲᠠᠰᠤᠯᠬᠤ ᠵᠡᠷᠬᠡ᠎ᠳᠤ ᠪᠦᠳᠦᠮᠵᠢᠳᠡᠢ ᠪᠠᠷᠢᠮᠵᠢᠶᠠᠳᠤ ᠪᠢᠴᠢᠭ ᠰᠡᠯᠳᠡ ᠬᠠᠩᠭ᠋ᠠᠬᠤ ᠬᠡᠷᠡᠭᠳᠡᠢ᠃ ᠡᠯ᠎ᠡ ᠱᠠᠳᠤᠨ᠎ᠤ ᠵᠠᠰᠠᠭ᠎ᠤᠨ ᠤᠷᠳᠤᠨ᠎ᠨᠢ ᠦᠩᠬᠡᠷᠡᠭᠰᠡᠨ᠎ᠤ ᠠᠯᠪᠠᠨ ᠮᠡᠳᠡᠭᠡ ᠵᠢ ᠲᠤᠭ᠋ᠠᠵᠢᠭᠤᠯᠬᠤ ᠠᠵᠢᠯ᠎ᠢ ᠠᠬᠢᠭᠤᠯᠵᠦ᠂ 《13 · 5》 ᠵᠢᠨ ᠬᠤᠭᠤᠴᠠᠭ᠋ᠠᠨ᠎ᠤ ᠰᠡᠭᠦᠯᠴᠢ ᠪᠤᠯᠳᠠᠯ᠎ᠠ᠂ ᠬᠡᠪᠯᠡᠯ ᠡᠬᠢᠯᠡᠭᠰᠡᠨ᠎ᠠᠴᠠ ᠨᠠᠰᠢᠬᠢ ᠲᠤᠰ ᠱᠠᠳᠤᠨ᠎ᠤ ᠵᠠᠰᠠᠭ᠎ᠤᠨ ᠤᠷᠳᠤᠨ᠎ᠤ ᠠᠯᠪᠠᠨ ᠮᠡᠳᠡᠭᠡ᠎ᠳᠤ ᠨᠡᠶ᠋ᠢᠳᠡᠯᠡᠭᠰᠡᠨ ᠠᠭᠤᠯᠭ᠎ᠠ ᠵᠢᠨ ᠳ᠋ᠠᠶ᠋ᠢᠲ᠋ᠠ ᠭᠦᠮᠦᠷᠬᠡ ᠵᠢ ᠪᠠᠶ᠋ᠢᠭᠤᠯᠵᠦ᠂ ᠲᠤᠰ ᠱᠠᠳᠤᠨ᠎ᠤ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠡᠷᠬᠡ᠎ᠳᠤ ᠰᠦᠯᠵᠢᠶᠡᠨ ᠲᠡᠬᠡᠷᠡᠬᠢ ᠦᠢ᠍ᠯᠡᠴᠢᠯᠡᠭᠡ ᠬᠠᠩᠭ᠋ᠠᠵᠦ᠂ ᠤᠯᠠᠨ ᠨᠡᠶ᠋ᠢᠳᠡ ᠵᠢᠨ ᠡᠷᠢᠵᠦ ᠦᠵᠡᠬᠦ᠎ᠳᠤ ᠲᠦᠭᠦᠮ ᠦᠵᠡᠬᠦᠯᠦᠨ᠎ᠠ᠃
      ᠲᠠᠪᠤ᠂ ᠤᠯᠠᠨ ᠨᠡᠶ᠋ᠢᠳᠡ ᠵᠢᠨ ᠤᠷᠤᠯᠴᠠᠯᠭ᠎ᠠ ᠵᠢ ᠦᠷᠬᠡᠳᠬᠡᠨ᠎ᠠ
     (ᠨᠢᠬᠡ) ᠤᠯᠠᠨ ᠨᠡᠶ᠋ᠢᠳᠡ ᠵᠢᠨ ᠤᠷᠤᠯᠴᠠᠯᠭ᠎ᠠ ᠵᠢᠨ ᠵᠦᠢ᠍ᠯᠡᠰ᠎ᠤᠨ ᠬᠡᠪᠴᠢᠶ᠎ᠡ ᠵᠢ ᠲᠤᠳᠤᠷᠬᠠᠶ᠋ᠢᠯᠠᠭ᠍ᠤ ᠬᠡᠷᠡᠭᠳᠡᠢ᠃ ᠵᠠᠰᠠᠭ᠎ᠤᠨ ᠤᠷᠳᠤᠨ᠎ᠤ ᠭᠤᠤᠯᠯᠠᠭ᠍ᠤ ᠠᠵᠢᠯ᠎ᠤᠨ ᠲᠤᠭᠤᠷᠢᠨ᠎ᠳᠤ ᠤᠯᠠᠨ ᠨᠡᠶ᠋ᠢᠳᠡ ᠵᠢᠨ ᠤᠷᠤᠯᠴᠠᠯᠭ᠎ᠠ ᠵᠢᠨ ᠵᠦᠢ᠍ᠯᠡᠰ᠎ᠤᠨ ᠬᠡᠪᠴᠢᠶ᠎ᠡ ᠵᠢ ᠨᠠᠷᠢᠯᠢᠨᠨᠵᠢᠭᠤᠯᠵᠦ᠂ ᠤᠯᠠᠨ ᠨᠡᠶ᠋ᠢᠳᠡ ᠵᠢ ᠲᠦᠷᠦ ᠵᠢᠨ ᠪᠤᠳᠤᠯᠭ᠎ᠠ ᠲᠤᠨᠨᠳᠠᠭ᠋ᠠᠬᠤ᠂ ᠬᠡᠷᠡᠭᠵᠢᠬᠦᠯᠬᠦ ᠪᠠ ᠬᠢᠨᠠᠯᠳᠠ ᠲᠠᠯᠪᠢᠬᠤ᠎ᠳᠤ ᠨᠡᠩ ᠶᠡᠭᠡ ᠬᠡᠮᠵᠢᠶ᠎ᠡ᠎ᠪᠠᠷ ᠤᠷᠤᠯᠴᠠᠭᠤᠯᠬᠤ ᠬᠡᠷᠡᠭᠳᠡᠢ᠃ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠰᠠᠯᠠᠭ᠎ᠠ ᠮᠦᠴᠢᠷ᠎ᠨᠢ ᠭᠤᠤᠯᠳᠠᠭᠤ ᠤᠯᠤᠰ ᠠᠷᠠᠳ᠎ᠤᠨ ᠠᠵᠦ ᠠᠬᠤᠢ ᠪᠠ ᠨᠡᠶ᠋ᠢᠬᠡᠮ᠎ᠤᠨ ᠭᠦᠭᠵᠢᠯᠳᠡ ᠵᠢᠨ ᠲᠦᠯᠦᠪᠯᠡᠭᠡ᠂ ᠴᠢᠬᠤᠯᠠ ᠶᠡᠭᠡ ᠲᠦᠯᠦᠪᠵᠢᠬᠦᠯᠬᠡ᠂ ᠤᠯᠤᠰ ᠪᠠ ᠨᠡᠶ᠋ᠢᠬᠡᠮ᠎ᠤᠨ ᠬᠠᠮᠢᠶᠠᠷᠤᠯᠳᠠ ᠵᠢᠨ ᠴᠢᠬᠤᠯᠠ ᠬᠡᠷᠡᠭ ᠶᠠᠪᠤᠳᠠᠯ᠂ ᠬᠠᠤᠯᠢ ᠴᠠᠭ᠋ᠠᠵᠠ ᠵᠢᠨ ᠵᠦᠪᠯᠡᠬᠦ ᠵᠦᠢ᠍ᠯ ᠪᠠ ᠵᠠᠰᠠᠭ ᠵᠠᠬᠢᠷᠭ᠋ᠠᠨ᠎ᠤ ᠬᠠᠤᠯᠢ ᠲᠤᠨᠨᠳᠠᠭ᠋ᠠᠯ ᠡᠬᠡ ᠲᠦᠰᠦᠯ ᠵᠡᠷᠬᠡ ᠵᠢᠨ ᠲᠤᠭᠤᠷᠢᠨ᠎ᠳᠤ᠂ ᠱᠠᠭ᠋ᠠᠷᠳᠠᠯᠭ᠎ᠠ᠎ᠪᠠᠨ ᠦᠨᠳᠦᠰᠦᠯᠡᠨ ᠡᠯ᠎ᠡ ᠲᠦᠷᠦᠯ᠎ᠤᠨ ᠠᠷᠭ᠎ᠠ ᠮᠠᠶᠢᠭ ᠵᠶ᠋ᠠᠷ ᠲᠠᠮᠵᠢᠭᠤᠯᠵᠦ ᠤᠯᠠᠨ ᠨᠡᠶ᠋ᠢᠳᠡ ᠵᠢᠨ ᠤᠷᠤᠯᠴᠠᠯᠭ᠎ᠠ ᠵᠢ ᠦᠷᠬᠡᠳᠬᠡᠬᠦ ᠬᠡᠷᠡᠭᠳᠡᠢ᠃ ᠮᠤᠵᠢ ᠵᠢᠨ ᠱᠠᠳᠤᠨ᠎ᠤ ᠵᠠᠰᠠᠭ᠎ᠤᠨ ᠤᠷᠳᠤᠨ᠎ᠨᠢ ᠭᠤᠤᠯᠳᠠᠭᠤ ᠤᠯᠤᠰ ᠠᠷᠠᠳ᠎ᠤᠨ ᠠᠵᠦ ᠠᠬᠤᠢ ᠪᠠ ᠨᠡᠶ᠋ᠢᠬᠡᠮ᠎ᠤᠨ ᠭᠦᠭᠵᠢᠯᠳᠡ ᠵᠢᠨ ᠲᠦᠯᠦᠪᠵᠢᠬᠦᠯᠬᠡ᠂ ᠤᠨ᠎ᠤ ᠲᠦᠯᠦᠪᠯᠡᠭᠡ ᠵᠢᠨ ᠲᠤᠭᠤᠷᠢᠨ᠎ᠳᠤ ᠮᠤᠵᠢ ᠵᠢᠨ ᠱᠠᠳᠤᠨ᠎ᠤ ᠨᠡᠶ᠋ᠢᠬᠡᠮ᠎ᠤᠨ ᠬᠠᠮᠢᠶᠠᠷᠤᠯᠳᠠ ᠵᠢᠨ ᠬᠡᠷᠡᠭ ᠶᠠᠪᠤᠳᠠᠯ᠂ ᠵᠠᠰᠠᠭ᠎ᠤᠨ ᠤᠷᠳᠤᠨ᠎ᠤ ᠲᠦᠷᠢᠮ ᠲᠤᠨᠨᠳᠠᠭ᠋ᠠᠯ ᠪᠠ ᠴᠢᠬᠤᠯᠠ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ᠂ ᠴᠢᠬᠤᠯᠠ ᠶᠡᠭᠡ ᠪᠦᠳᠦᠬᠡᠨ ᠪᠠᠶ᠋ᠢᠭᠤᠯᠤᠯᠳᠠ ᠵᠢᠨ ᠲᠦᠷᠦᠯ ᠵᠦᠢ᠍ᠯ ᠵᠡᠷᠬᠡ ᠴᠢᠬᠤᠯᠠ ᠰᠶ᠋ᠢᠳᠪᠦᠷᠢᠳᠦ ᠪᠤᠳᠤᠯᠭ᠎ᠠ ᠲᠤᠨᠨᠳᠠᠭ᠋ᠠᠬᠤ ᠵᠦᠢ᠍ᠯᠡᠰ᠎ᠤᠨ ᠲᠤᠭᠤᠷᠢᠨ᠎ᠳᠤ ᠤᠯᠠᠨ ᠨᠡᠶ᠋ᠢᠳᠡ ᠵᠢᠨ ᠤᠷᠤᠯᠴᠠᠯᠭ᠎ᠠ ᠵᠢᠨ ᠠᠵᠢᠯ᠎ᠢ ᠰᠠᠶ᠋ᠢᠳᠤᠷ ᠭᠦᠴᠦᠯᠡᠨ ᠬᠢᠬᠦ ᠬᠡᠷᠡᠭᠳᠡᠢ᠃ ᠬᠤᠳᠠ ᠰᠢᠶᠠᠨ᠎ᠤ ᠱᠠᠳᠤᠨ᠎ᠤ ᠵᠠᠰᠠᠭ᠎ᠤᠨ ᠤᠷᠳᠤᠨ᠎ᠨᠢ ᠵᠠᠬ᠎ᠠ ᠲᠡᠯᠬᠡᠬᠦᠷ᠎ᠤᠨ ᠬᠢᠨᠠᠯᠳᠠ ᠬᠠᠮᠢᠶᠠᠷᠤᠯᠳᠠ᠂ ᠠᠵᠦ ᠠᠬᠤᠢ ᠨᠡᠶ᠋ᠢᠬᠡᠮ᠎ᠤᠨ ᠭᠦᠭᠵᠢᠯᠳᠡ ᠪᠠ ᠠᠷᠠᠳ᠎ᠲᠤ ᠠᠰᠢᠭ ᠭᠦᠷᠳᠡᠬᠡᠬᠦ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠬᠡᠷᠡᠭᠵᠢᠬᠦᠯᠵᠦ ᠪᠤᠳᠠᠳᠠᠶ᠋ᠢᠵᠢᠭᠤᠯᠬᠤ ᠲᠤᠭᠤᠷᠢᠨ᠎ᠳᠤ ᠡᠷᠬᠡ ᠠᠰᠢᠭ᠎ᠤᠨ ᠬᠠᠮᠢᠶ᠎ᠠ ᠪᠦᠭᠦᠢ ᠲᠠᠯ᠎ᠠ ᠪᠠ ᠨᠡᠶ᠋ᠢᠬᠡᠮ᠎ᠤᠨ ᠤᠯᠠᠨ ᠨᠡᠶ᠋ᠢᠳᠡ ᠵᠢᠨ ᠤᠷᠤᠯᠴᠠᠯᠭ᠎ᠠ ᠵᠢ ᠭᠦᠴᠦᠯᠡᠨ ᠴᠢᠩᠭ᠋ᠠᠳᠬᠠᠬᠤ ᠬᠡᠷᠡᠭᠳᠡᠢ᠃
     (ᠬᠤᠶᠠᠷ) ᠤᠯᠠᠨ ᠨᠡᠶ᠋ᠢᠳᠡ ᠵᠢᠨ ᠤᠷᠤᠯᠴᠠᠯᠭ᠎ᠠ ᠵᠢᠨ ᠠᠷᠭ᠎ᠠ ᠮᠠᠶᠢᠭ᠎ᠢ ᠵᠢᠷᠤᠮᠵᠢᠭᠤᠯᠬᠤ ᠬᠡᠷᠡᠭᠳᠡᠢ᠃ ᠠᠷᠠᠳ᠎ᠤᠨ ᠰᠠᠨᠠᠯ᠎ᠢ ᠬᠤᠷᠢᠶᠠᠨ ᠴᠤᠨᠨᠯᠠᠭᠤᠯᠬᠤ ᠲᠤᠨᠨᠳᠠᠴᠠ ᠵᠢ ᠲᠡᠭᠦᠯᠳᠡᠷᠵᠢᠬᠦᠯᠵᠦ᠂ ᠤᠯᠠᠨ ᠨᠡᠶ᠋ᠢᠳᠡ ᠵᠢᠨ ᠤᠷᠤᠯᠴᠠᠯᠭ᠎ᠠ ᠵᠢᠨ ᠢᠳᠡᠪᠬᠢᠵᠢᠯ᠎ᠢ ᠭᠦᠭᠵᠢᠬᠡᠬᠦ ᠬᠡᠷᠡᠭᠳᠡᠢ᠃ ᠤᠯᠠᠨ ᠨᠡᠶ᠋ᠢᠳᠡ ᠵᠢᠨ ᠴᠢᠬᠤᠯᠠ ᠶᠡᠭᠡ ᠠᠰᠢᠭ ᠲᠤᠰᠠ ᠪᠠ ᠤᠯᠠᠨ ᠨᠡᠶ᠋ᠢᠳᠡ ᠵᠢᠨ ᠡᠷᠬᠡ ᠠᠰᠢᠭ᠎ᠤᠨ ᠴᠢᠬᠤᠯᠠ ᠰᠶ᠋ᠢᠳᠪᠦᠷᠢᠳᠦ ᠪᠤᠳᠤᠯᠭ᠎ᠠ ᠲᠤᠨᠨᠳᠠᠭ᠍ᠤ᠎ᠳᠤ ᠬᠤᠯᠪᠤᠨᠨᠳᠠᠭ᠍ᠤ᠂ ᠬᠠᠤᠯᠢ ᠶᠤᠰᠤᠭ᠋ᠠᠷ ᠨᠢᠭᠤᠴᠠ ᠵᠢ ᠬᠠᠮᠠᠭ᠋ᠠᠯᠠᠭ᠍ᠤ᠎ᠠᠴᠠ ᠭᠠᠳᠠᠨ᠎ᠠ᠂ ᠡᠷᠬᠡᠪᠰᠢ ᠰᠠᠨᠠᠯ ᠬᠤᠷᠢᠶᠠᠭ᠍ᠤ᠂ ᠬᠡᠷᠡᠴᠢᠯᠡᠭᠡ ᠰᠤᠨᠤᠰᠬᠤ ᠰᠠᠭᠤᠳᠠᠯ᠎ᠤᠨ ᠬᠤᠷᠠᠯ᠂ ᠠᠰᠠᠭᠤᠨ ᠯᠠᠪᠯᠠᠵᠦ ᠵᠦᠪᠳᠡᠯᠴᠡᠬᠦ᠂ ᠬᠤᠷᠠᠯ᠎ᠳᠤ ᠰᠤᠯᠠ ᠤᠷᠤᠯᠴᠠᠭ᠍ᠤ᠂ ᠵᠠᠭᠤᠴᠢᠯᠠᠭᠤᠷ ᠵᠶ᠋ᠠᠷ ᠤᠴᠢᠷ ᠶᠠᠪᠤᠳᠠᠯ ᠮᠡᠳᠡᠭᠳᠡᠬᠦ ᠵᠡᠷᠬᠡ ᠠᠷᠭ᠎ᠠ ᠮᠠᠶᠢᠭ ᠵᠶ᠋ᠠᠷ ᠲᠠᠮᠵᠢᠭᠤᠯᠤᠨ ᠤᠯᠠᠨ ᠨᠡᠶ᠋ᠢᠳᠡ ᠵᠢᠨ ᠤᠷᠤᠯᠴᠠᠯᠭ᠎ᠠ ᠵᠢ ᠦᠷᠬᠡᠳᠬᠡᠬᠦ ᠬᠡᠷᠡᠭᠳᠡᠢ᠃ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠬᠠᠤᠯᠢ ᠴᠠᠭ᠋ᠠᠵᠠ ᠬᠠᠤᠯᠢ ᠲᠤᠨᠨᠳᠠᠭ᠋ᠠᠯ᠎ᠳᠤ ᠲᠤᠨᠨᠳᠠᠭ᠋ᠠᠨᠨᠰᠠᠨ ᠬᠡᠷᠡᠴᠢᠯᠡᠭᠡ ᠰᠤᠨᠤᠰᠬᠤ ᠲᠡᠰ ᠲᠠᠷᠠᠭ᠋ᠠᠯᠠᠯ᠎ᠢ ᠨᠠᠶ᠋ᠢᠳᠠᠪᠤᠷᠢᠵᠢᠭᠤᠯᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠬᠦᠯᠦᠯᠳᠡ ᠵᠢᠨ ᠢᠯᠡ ᠪᠤᠯᠭ᠋ᠠᠬᠤ ᠬᠡᠮᠵᠢᠶ᠎ᠡ ᠪᠠ ᠮᠡᠳᠡᠷᠡᠬᠦ ᠬᠡᠮᠵᠢᠶ᠎ᠡ ᠵᠢ ᠲᠡᠬᠡᠭᠰᠢᠯᠡᠬᠦᠯᠬᠦ ᠬᠡᠷᠡᠭᠳᠡᠢ᠃ ᠠᠷᠠᠳ᠎ᠤᠨ ᠲᠦᠯᠦᠬᠡᠯᠡᠭᠴᠢ᠂ ᠤᠯᠤᠰ ᠲᠦᠷᠦ ᠵᠢᠨ ᠵᠦᠪᠯᠡᠯᠬᠡᠨ᠎ᠤ ᠬᠡᠰᠢᠭᠦᠨ᠂ ᠠᠷᠠᠳᠴᠢᠯᠬᠠᠰᠠᠨ ᠨᠠᠮ ᠪᠦᠯᠦᠭ᠂ ᠠᠷᠠᠳ᠎ᠤᠨ ᠪᠦᠯᠭᠦᠮ᠂ ᠨᠡᠶ᠋ᠢᠬᠡᠮ᠎ᠤᠨ ᠤᠯᠠᠨ ᠨᠡᠶ᠋ᠢᠳᠡ᠂ ᠰᠤᠨᠢᠨ ᠮᠡᠳᠡᠭᠡ ᠵᠠᠭᠤᠴᠢᠯᠠᠭᠤᠷ᠎ᠤᠨ ᠬᠢᠨᠠᠯᠳᠠ ᠲᠠᠯᠪᠢᠬᠤ ᠦᠢ᠍ᠯᠡᠳᠦᠯ᠎ᠢ ᠰᠠᠶ᠋ᠢᠳᠤᠷ ᠪᠠᠳᠠᠷᠠᠭᠤᠯᠵᠦ᠂ ᠭᠤᠷᠪᠠᠳᠠᠬᠢ ᠡᠳᠡᠬᠡᠳ᠎ᠤᠨ ᠦᠨᠡᠯᠡᠨ ᠵᠢᠱ᠌ᠢᠬᠦ ᠵᠡᠷᠬᠡ ᠠᠷᠭ᠎ᠠ ᠮᠠᠶᠢᠭ᠎ᠢ ᠢᠳᠡᠪᠬᠢᠳᠡᠢ ᠬᠡᠷᠡᠭᠯᠡᠨ᠂ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢ ᠬᠡᠷᠡᠭᠵᠢᠬᠦᠯᠦᠭᠰᠡᠨ ᠪᠠᠶ᠋ᠢᠳᠠᠯ᠎ᠢ ᠦᠨᠡᠯᠡᠨ ᠵᠢᠱ᠌ᠢᠬᠦ ᠪᠠ ᠬᠢᠨᠠᠯᠳᠠ ᠲᠠᠯᠪᠢᠬᠤ ᠠᠵᠢᠯ᠎ᠢ ᠰᠠᠶ᠋ᠢᠳᠤᠷ ᠬᠢᠬᠦ ᠬᠡᠷᠡᠭᠳᠡᠢ᠃ ᠬᠤᠷᠢᠶᠬᠠᠰᠠᠨ ᠰᠠᠨᠠᠯ᠎ᠢ ᠬᠡᠷᠡᠭᠯᠡᠭᠰᠡᠨ ᠪᠠᠶ᠋ᠢᠳᠠᠯ᠎ᠢ ᠨᠡᠶ᠋ᠢᠳᠡᠯᠡᠵᠦ᠂ ᠲᠦᠪᠯᠡᠷᠡᠩᠭᠦᠢ ᠰᠢᠭ ᠰᠠᠨᠠᠯ ᠰᠠᠨᠠᠭᠤᠯᠭ᠎ᠠ ᠵᠢ ᠬᠡᠷᠡᠭᠯᠡᠭᠰᠡᠨ ᠦᠬᠡᠢ ᠪᠠᠶ᠋ᠢᠪᠠᠯ᠂ ᠨᠡᠶ᠋ᠢᠳᠡᠯᠡᠬᠦ ᠦᠶᠡᠰ᠎ᠲᠡᠭᠡᠨ ᠤᠴᠢᠷ ᠰᠢᠯᠳᠠᠭ᠋ᠠᠨ᠎ᠢ᠎ᠨᠢ ᠲᠤᠳᠤᠷᠬᠠᠶ᠋ᠢᠯᠠᠭ᠍ᠤ ᠬᠡᠷᠡᠭᠳᠡᠢ᠃
     (ᠭᠤᠷᠪᠠ) ᠤᠯᠠᠨ ᠨᠡᠶ᠋ᠢᠳᠡ ᠵᠢᠨ ᠤᠷᠤᠯᠴᠠᠯᠭ᠎ᠠ ᠵᠢᠨ ᠵᠠᠮ ᠮᠦᠷ᠎ᠢ ᠲᠡᠭᠦᠯᠳᠡᠷᠵᠢᠬᠦᠯᠬᠦ ᠬᠡᠷᠡᠭᠳᠡᠢ᠃ ᠤᠯᠠᠨ ᠨᠡᠶ᠋ᠢᠳᠡ ᠵᠢᠨ ᠤᠷᠤᠯᠴᠠᠯᠭ᠎ᠠ ᠵᠢᠨ ᠰᠢᠨ᠎ᠠ ᠵᠬᠠᠪᠤᠷ᠎ᠢ ᠢᠳᠡᠪᠬᠢᠳᠡᠢ ᠰᠦᠪᠡᠭᠴᠢᠯᠡᠵᠦ᠂ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ ᠵᠢᠨ ᠠᠷᠠᠳ᠎ᠤᠨ ᠰᠠᠨᠠᠯ᠎ᠢ ᠬᠤᠷᠢᠶᠠᠨ ᠴᠤᠨᠨᠯᠠᠭᠤᠯᠬᠤ᠂ ᠰᠦᠯᠵᠢᠶᠡᠴᠢᠳ᠎ᠤᠨ ᠦᠯᠡᠳᠡᠬᠡᠭᠰᠡᠨ ᠦᠬᠡ ᠵᠢ ᠰᠶ᠋ᠢᠳᠪᠦᠷᠢᠯᠡᠨ ᠭᠦᠢ᠍ᠴᠡᠳᠬᠡᠬᠦ ᠵᠡᠷᠬᠡ ᠬᠠᠷᠢᠯᠴᠠᠨ ᠭᠦᠳᠡᠯᠦᠯᠴᠡᠬᠦ ᠴᠢᠳᠠᠮᠵᠢ ᠵᠢ ᠲᠠᠰᠤᠷᠠᠯᠳᠠ ᠦᠬᠡᠢ ᠦᠷᠬᠡᠳᠬᠡᠨ᠂ ᠰᠢᠨ᠎ᠠ ᠵᠠᠭᠤᠴᠢᠯᠠᠭᠤᠷ᠎ᠢ ᠢᠳᠡᠪᠬᠢᠳᠡᠢ ᠠᠰᠢᠨᠨᠯᠠᠵᠦ ᠪᠠᠶ᠋ᠢᠭ᠋ᠠᠳ ᠤᠯᠠᠨ ᠨᠡᠶ᠋ᠢᠳᠡ ᠵᠢᠨ ᠤᠷᠤᠯᠴᠠᠯᠭ᠎ᠠ ᠵᠢᠨ ᠰᠢᠨ᠎ᠠ ᠲᠡᠪᠴᠡᠩ᠎ᠢ ᠴᠤᠨᠨᠴᠠᠯᠠᠨ ᠪᠠᠶ᠋ᠢᠭᠤᠯᠵᠦ᠂ ᠵᠠᠰᠠᠭ᠎ᠤᠨ ᠤᠷᠳᠤᠨ᠎ᠤ ᠬᠠᠯᠠᠮᠰᠢᠯ ᠤᠳᠠᠰᠤ᠂ ᠷᠠᠳᠢᠤ᠋ ᠲᠤᠯᠸᠢᠰ ᠵᠶ᠋ᠠᠷ ᠵᠠᠰᠠᠭ᠎ᠤᠨ ᠶᠠᠪᠤᠳᠠᠯ ᠬᠡᠯᠡᠯᠴᠡᠬᠦ᠂ ᠤᠳᠤᠷᠢᠳᠤᠯᠭ᠎ᠠ ᠵᠢᠨ ᠵᠠᠬᠢᠳᠠᠯ᠎ᠤᠨ ᠬᠠᠶ᠋ᠢᠷᠴᠠᠭ᠂ ᠵᠠᠰᠠᠭ᠎ᠤᠨ ᠤᠷᠳᠤᠨ᠎ᠤ ᠨᠡᠬᠡᠬᠡᠯᠳᠡ ᠵᠢᠨ ᠡᠳᠦᠷ ᠵᠡᠷᠬᠡ ᠲᠡᠪᠴᠡᠩ᠎ᠤᠨ ᠪᠠᠶ᠋ᠢᠭᠤᠯᠤᠯᠳᠠ ᠵᠢ ᠴᠢᠩᠭ᠋ᠠᠳᠬᠠᠵᠦ᠂ ᠵᠠᠰᠠᠭ᠎ᠤᠨ ᠤᠷᠳᠤᠨ᠎ᠤ ᠤᠯᠠᠨ ᠨᠡᠶ᠋ᠢᠳᠡ ᠵᠢᠨ ᠲᠦᠷᠦ ᠵᠢᠨ ᠪᠤᠳᠤᠯᠭ᠎ᠠ ᠵᠢᠨ ᠲᠤᠨᠨᠳᠠᠭ᠋ᠠᠯᠳᠠ᠂ ᠤᠯᠠᠨ ᠨᠡᠶ᠋ᠢᠳᠡ ᠵᠢᠨ ᠬᠠᠮᠢᠶᠠᠷᠤᠯᠳᠠ᠂ ᠤᠯᠠᠨ ᠨᠡᠶ᠋ᠢᠳᠡ ᠵᠢᠨ ᠦᠢ᠍ᠯᠡᠴᠢᠯᠡᠭᠡ ᠵᠢᠨ ᠴᠤᠤᠷᠢᠶᠠᠳᠤᠬᠤ ᠬᠤᠷᠳᠤᠴᠠ ᠵᠢ ᠲᠡᠬᠡᠭᠰᠢᠯᠡᠬᠦᠯᠦᠨ᠂ ᠤᠯᠠᠨ ᠨᠡᠶ᠋ᠢᠳᠡ ᠵᠢᠨ ᠵᠠᠰᠠᠭ᠎ᠤᠨ ᠤᠷᠳᠤᠨ᠎ᠤ ᠠᠵᠢᠯ᠎ᠢ ᠮᠡᠳᠡᠷᠡᠵᠦ ᠲᠡᠮᠵᠢᠬᠦ ᠵᠢ ᠨᠡᠮᠡᠭᠳᠡᠬᠦᠯᠦᠨ᠎ᠠ᠃
      ᠵᠢᠷᠭᠤᠭ᠎ᠠ᠂ ᠵᠤᠬᠢᠶᠠᠨ ᠪᠠᠶ᠋ᠢᠭᠤᠯᠤᠯᠳᠠ ᠵᠢᠨ ᠤᠳᠤᠷᠢᠳᠤᠯᠭ᠎ᠠ ᠵᠢ ᠴᠢᠩᠭ᠋ᠠᠳᠬᠠᠨ᠎ᠠ
     (ᠨᠢᠬᠡ) ᠤᠷᠤᠨ ᠨᠤᠳᠤᠭ᠎ᠤᠨ ᠵᠠᠰᠠᠭ᠎ᠤᠨ ᠤᠷᠳᠤᠨ᠎ᠤ ᠬᠠᠷᠢᠭᠤᠴᠠᠯᠭ᠎ᠠ ᠵᠢ ᠴᠢᠩᠭ᠋ᠠᠷᠠᠭᠤᠯᠬᠤ ᠬᠡᠷᠡᠭᠳᠡᠢ᠃ ᠤᠷᠤᠨ ᠨᠤᠳᠤᠭ᠎ᠤᠨ ᠡᠯ᠎ᠡ ᠱᠠᠳᠤᠨ᠎ᠤ ᠵᠠᠰᠠᠭ᠎ᠤᠨ ᠤᠷᠳᠤᠨ᠎ᠨᠢ ᠢᠨᠲ᠋ᠤᠷ ᠰᠦᠯᠵᠢᠶ᠎ᠡ ᠵᠢᠨ ᠤᠷᠴᠢᠨ ᠨᠦᠭᠦᠴᠡᠯ ᠲᠤᠤᠷ᠎ᠠ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠰᠠᠶ᠋ᠢᠳᠤᠷ ᠬᠢᠬᠦ ᠴᠢᠬᠤᠯᠠ ᠶᠡᠭᠡ ᠠᠴᠢ ᠬᠤᠯᠪᠤᠨᠨᠳᠠᠯ᠎ᠢ ᠭᠦᠢ᠍ᠴᠡᠳ ᠲᠠᠨᠢᠵᠦ᠂ ᠤᠨᠤᠯᠵᠢᠬᠤᠨ ᠵᠶ᠋ᠠᠨ ᠬᠤᠪᠢᠷᠠᠭᠤᠯᠵᠦ᠂ ᠲᠠᠨᠢᠯᠳᠠ᠎ᠪᠠᠨ ᠲᠡᠬᠡᠭᠰᠢᠯᠡᠬᠦᠯᠦᠨ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠡᠳᠦᠷ ᠲᠤᠳᠤᠮ᠎ᠤᠨ ᠴᠢᠬᠤᠯᠠ ᠬᠡᠷᠡᠭ ᠵᠦᠪᠯᠡᠬᠦ ᠵᠦᠢ᠍ᠯ᠎ᠳᠡᠭᠡᠨ ᠤᠷᠤᠭᠤᠯᠵᠦ᠂ ᠭᠤᠤᠯ ᠬᠠᠷᠢᠭᠤᠴᠠᠯᠭ᠋ᠠᠳᠠᠨ ᠪᠡᠶ᠎ᠡ᠎ᠪᠠᠷ ᠵᠶ᠋ᠠᠨ ᠠᠳᠬᠤᠵᠦ᠂ ᠬᠤᠪᠢᠳᠠᠨ ᠬᠠᠮᠢᠶᠠᠷᠴᠤ ᠪᠦᠭᠦᠢ ᠨᠢᠬᠡ ᠬᠠᠷᠢᠭᠤᠴᠠᠯᠭ᠋ᠠᠳᠠᠨ᠎ᠤ ᠪᠤᠳᠠᠳᠠᠢ ᠠᠳᠬᠤᠬᠤ ᠵᠢ ᠲᠤᠳᠤᠷᠬᠠᠶ᠋ᠢᠯᠠᠨ᠂ ᠲᠤᠰ ᠭᠠᠵᠠᠷ ᠤᠷᠤᠨ᠎ᠤ ᠡᠯ᠎ᠡ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠮᠡᠳᠡᠭᠡ ᠵᠠᠩᠬᠢ᠎ᠪᠠᠨ ᠢᠯᠡ ᠪᠤᠯᠭ᠋ᠠᠬᠠᠤ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ᠂ ᠠᠩᠬᠠᠷᠴᠤ ᠪᠦᠭᠦᠢ ᠶᠠᠪᠤᠳᠠᠯ᠎ᠳᠤ ᠬᠠᠷᠢᠭᠤ ᠦᠭᠭᠦ ᠵᠡᠷᠬᠡ ᠠᠵᠢᠯ᠎ᠢ ᠰᠠᠶ᠋ᠢᠳᠤᠷ ᠬᠢᠬᠦ ᠵᠢ ᠠᠬᠢᠭᠤᠯᠬᠤ ᠬᠡᠷᠡᠭᠳᠡᠢ᠃ ᠭᠤᠤᠯ ᠬᠠᠷᠢᠭᠤᠴᠠᠯᠭ᠋ᠠᠳᠠᠨ᠎ᠨᠢ ᠵᠢᠯ ᠪᠦᠷᠢ ᠨᠠᠭ᠋ᠠᠳᠤ ᠵᠠᠬ᠎ᠠ᠎ᠳᠠᠭᠠᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠮᠡᠳᠡᠬᠦᠯᠦᠯᠳᠡ ᠵᠢ ᠨᠢᠬᠡ ᠤᠳᠠᠭ᠎ᠠ ᠰᠤᠨᠤᠰᠴᠤ᠂ ᠠᠵᠢᠯ ᠠᠬᠢᠭᠤᠯᠬᠤ ᠵᠢ ᠰᠤᠳᠤᠯᠤᠨ᠂ ᠬᠤᠯᠪᠤᠨᠨᠳᠠᠯ ᠪᠦᠭᠦᠢ ᠪᠠᠶ᠋ᠢᠳᠠᠯ ᠪᠠ ᠬᠤᠪᠢᠳᠠᠨ ᠬᠠᠮᠢᠶᠠᠷᠬᠤ ᠬᠠᠷᠢᠭᠤᠴᠠᠯᠭ᠋ᠠᠳᠠᠨ᠎ᠤ ᠠᠵᠢᠯ᠎ᠤᠨ ᠬᠤᠪᠢᠶᠠᠷᠢᠯᠠᠯ᠎ᠢ ᠭᠠᠳ᠋ᠬᠠᠰᠢ ᠨᠡᠶ᠋ᠢᠳᠡᠯᠡᠬᠦ ᠬᠡᠷᠡᠭᠳᠡᠢ᠃ ᠦᠨᠳᠦᠰᠦᠨ ᠱᠠᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠪᠠᠷᠢᠮᠵᠢᠶᠠᠵᠢᠭᠤᠯᠬᠤ ᠪᠠ ᠵᠢᠷᠤᠮᠵᠢᠭᠤᠯᠬᠤ ᠲᠤᠷᠰᠢᠯᠳᠠ ᠵᠢᠨ ᠴᠢᠬ᠎ᠤᠨ ᠠᠵᠢᠯ᠎ᠢ ᠰᠠᠶ᠋ᠢᠳᠤᠷ ᠵᠤᠬᠢᠶᠠᠨ ᠪᠠᠶ᠋ᠢᠭᠤᠯᠤᠨ ᠬᠡᠷᠡᠭᠵᠢᠬᠦᠯᠵᠦ᠂ ᠵᠠᠰᠠᠭ᠎ᠤᠨ ᠤᠷᠳᠤᠨ᠎ᠤ ᠵᠠᠰᠠᠭ ᠶᠠᠪᠤᠭᠤᠯᠬᠤ ᠵᠢ ᠤᠯᠠᠮ ᠢᠯᠡ ᠲᠤᠳᠤ ᠦᠨᠳᠦᠷ ᠦᠷ᠎ᠡ ᠪᠦᠳᠦᠮᠵᠢᠳᠡᠢ ᠪᠤᠯᠭ᠋ᠠᠵᠦ᠂ ᠠᠵᠦ ᠠᠬᠤᠶ᠋ᠢᠯᠠᠯ ᠪᠠ ᠤᠯᠠᠨ ᠲᠦᠮᠡᠨ᠎ᠤ ᠬᠡᠷᠡᠭ ᠡᠷᠬᠢᠯᠡᠵᠦ ᠠᠳᠠᠯ ᠦᠢ᠍ᠯᠡᠰ ᠴᠤᠨᠨᠴᠠᠯᠠᠭ᠍ᠤ᠎ᠳᠤ ᠲᠦᠭᠦᠮ ᠦᠵᠡᠬᠦᠯᠬᠦ ᠬᠡᠷᠡᠭᠳᠡᠢ᠃
     (ᠬᠤᠶᠠᠷ) ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠤᠳᠤᠷᠢᠳᠬᠤ ᠲᠤᠨᠨᠳᠠᠴᠠ ᠵᠢ ᠪᠠᠶ᠋ᠢᠭᠤᠯᠤᠨ ᠪᠦᠷᠢᠨᠰᠢᠬᠦᠯᠬᠦ ᠬᠡᠷᠡᠭᠳᠡᠢ᠃ ᠪᠦᠭᠦ ᠤᠯᠤᠰ᠎ᠤᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠤᠳᠤᠷᠢᠳᠬᠤ ᠲᠤᠭᠤᠶ᠋ᠢᠯᠠᠩ᠎ᠳᠤ ᠲᠤᠬᠢᠷᠠᠭᠤᠯᠤᠯᠲᠠ ᠬᠢᠵᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠦᠵᠦ ᠲᠦᠯᠦᠪᠯᠡᠭᠡ ᠪᠠ ᠴᠢᠬᠤᠯᠠ ᠶᠡᠭᠡ ᠠᠰᠠᠭᠤᠳᠠᠯ᠎ᠢ ᠵᠤᠬᠢᠴᠠᠭᠤᠯᠤᠨ ᠰᠶ᠋ᠢᠳᠪᠦᠷᠢᠯᠡᠵᠦ᠂ ᠠᠵᠢᠯ ᠠᠬᠢᠭᠤᠯᠬᠤ ᠵᠢ ᠪᠠᠶ᠋ᠢᠷᠢᠯᠠᠭᠤᠯᠤᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠨᠢ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠵᠤᠬᠢᠴᠠᠭᠤᠯᠬᠤ ᠲᠤᠨᠨᠳᠠᠴᠠ ᠵᠢ ᠪᠠᠶ᠋ᠢᠭᠤᠯᠤᠨ ᠪᠦᠷᠢᠨᠰᠢᠬᠦᠯᠦᠨ᠎ᠠ᠃ ᠡᠯ᠎ᠡ ᠱᠠᠳᠤᠨ᠎ᠤ ᠵᠠᠰᠠᠭ᠎ᠤᠨ ᠤᠷᠳᠤᠨ᠎ᠤ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠵᠤᠬᠢᠴᠠᠭᠤᠯᠬᠤ ᠲᠤᠨᠨᠳᠠᠴᠠ ᠵᠢᠨ ᠪᠦᠷᠢᠯᠳᠦᠬᠦᠨ ᠨᠢᠬᠡᠴᠡ᠎ᠨᠢ ᠵᠠᠰᠠᠭ᠎ᠤᠨ ᠤᠷᠳᠤᠨ᠎ᠤ ᠬᠤᠯᠪᠤᠨᠨᠳᠠᠯ ᠪᠦᠭᠦᠢ ᠰᠠᠯᠠᠭ᠎ᠠ ᠮᠦᠴᠢᠷ᠂ ᠤᠬᠠᠭᠤᠯᠭ᠎ᠠ ᠵᠢᠨ ᠰᠠᠯᠠᠭ᠎ᠠ ᠮᠦᠴᠢᠷ᠂ ᠲᠤᠤᠷ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠵᠢᠨ ᠰᠠᠯᠠᠭ᠎ᠠ ᠮᠦᠴᠢᠷ ᠵᠡᠷᠬᠡ᠎ᠪᠠᠷ ᠪᠦᠷᠢᠯᠳᠦᠨ᠎ᠠ᠃
     (ᠭᠤᠷᠪᠠ) ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠲᠤᠨᠨᠳᠠᠴᠠ ᠵᠢ ᠲᠡᠬᠦᠯᠳᠡᠷᠵᠢᠬᠦᠯᠬᠦ ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠨᠢ ᠭᠦᠴᠦᠨ ᠴᠢᠳᠠᠯ ᠵᠶ᠋ᠠᠨ ᠡᠮᠬᠢᠯᠡᠨ ᠨᠡᠶ᠋ᠢᠯᠡᠬᠦᠯᠵᠦ᠂ ᠲᠤᠨᠨᠳᠠᠴᠠ ᠵᠢ ᠰᠢᠯᠤᠭᠤᠳᠬᠠᠨ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠲᠠᠭ᠋ᠠᠭ᠋ᠠᠴᠢᠯᠠᠨ ᠡᠭᠦᠷᠬᠡᠯᠡᠬᠦ ᠪᠠᠶ᠋ᠢᠭᠤᠯᠤᠮᠵᠢ ᠵᠢ ᠲᠤᠳᠤᠷᠬᠠᠶ᠋ᠢᠯᠠᠵᠦ᠂ ᠠᠵᠢᠯᠳᠠᠨ᠎ᠢ ᠭᠦᠢ᠍ᠴᠡᠳ ᠲᠤᠬᠢᠷᠠᠭᠤᠯᠵᠦ ᠰᠢᠯᠢᠳᠡᠭ᠎ᠢ᠎ᠨᠢ ᠲᠤᠬᠢᠷᠠᠭᠤᠯᠤᠨ᠎ᠠ᠃ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠪᠠᠶ᠋ᠢᠭᠤᠯᠤᠮᠵᠢ᠎ᠨᠢ ᠲᠤᠰ ᠭᠠᠵᠠᠷ ᠤᠷᠤᠨ ᠲᠤᠰ ᠰᠢᠰᠲ᠋ᠤᠮ᠎ᠤᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠵᠤᠬᠢᠶᠠᠨ ᠪᠠᠶ᠋ᠢᠭᠤᠯᠤᠨ ᠵᠤᠬᠢᠴᠠᠭᠤᠯᠬᠤ᠂ ᠵᠢᠭ᠋ᠠᠨ ᠵᠢᠯᠤᠭᠤᠳᠴᠤ ᠠᠬᠢᠭᠤᠯᠬᠤ᠂ ᠬᠢᠨᠠᠯᠳᠠ ᠲᠠᠯᠪᠢᠵᠦ ᠪᠠᠶ᠋ᠢᠴᠠᠭ᠋ᠠᠬᠤ ᠵᠢ ᠬᠠᠷᠢᠭᠤᠴᠠᠵᠦ᠂ ᠲᠤᠰ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠮᠡᠳᠡᠭᠡ ᠵᠠᠩᠬᠢ ᠵᠢ ᠢᠯᠡ ᠪᠤᠯᠭ᠋ᠠᠬᠤ᠂ ᠵᠠᠰᠠᠭ᠎ᠤᠨ ᠤᠷᠳᠤᠨ᠎ᠤ ᠰᠦᠯᠵᠢᠶᠡᠨ ᠦᠷᠳᠡᠭᠡ᠂ ᠵᠠᠰᠠᠭ᠎ᠤᠨ ᠤᠷᠳᠤᠨ᠎ᠤ ᠠᠯᠪᠠᠨ ᠮᠡᠳᠡᠭᠡ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ᠂ ᠠᠩᠬᠠᠷᠴᠤ ᠪᠦᠭᠦᠢ ᠶᠠᠪᠤᠳᠠᠯ᠎ᠳᠤ ᠬᠠᠷᠢᠭᠤ ᠦᠭᠭᠦ᠂ ᠤᠯᠠᠨ ᠨᠡᠶ᠋ᠢᠳᠡ ᠵᠢᠨ ᠤᠷᠤᠯᠴᠠᠯᠭ᠎ᠠ ᠵᠡᠷᠬᠡ ᠠᠵᠢᠯ᠎ᠢ ᠰᠠᠶ᠋ᠢᠳᠤᠷ ᠬᠢᠨ᠎ᠠ᠃ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠵᠤᠬᠢᠴᠠᠭᠤᠯᠬᠤ ᠲᠤᠨᠨᠳᠠᠴᠠ ᠲᠤᠤᠷ᠎ᠠ᠂ ᠡᠯ᠎ᠡ ᠱᠠᠳᠤᠨ᠎ᠤ ᠵᠠᠰᠠᠭ᠎ᠤᠨ ᠤᠷᠳᠤᠨ ᠵᠢᠴᠢ ᠰᠠᠯᠠᠭ᠎ᠠ ᠮᠦᠴᠢᠷ᠎ᠨᠢ ᠤᠬᠠᠭᠤᠯᠭ᠎ᠠ ᠵᠢᠨ ᠰᠠᠯᠠᠭ᠎ᠠ ᠮᠦᠴᠢᠷ᠂ ᠲᠤᠤᠷ ᠰᠦᠯᠵᠢᠶ᠎ᠡ ᠵᠢᠨ ᠠᠮᠤᠷ ᠲᠦᠪᠰᠢᠨ ᠪᠠ ᠮᠡᠳᠡᠭᠡ ᠵᠠᠩᠬᠢᠵᠢᠯᠳᠠ ᠵᠢᠨ ᠰᠠᠯᠠᠭ᠎ᠠ ᠮᠦᠴᠢᠷ᠎ᠯᠦᠭᠡ ᠨᠢᠨᠨᠳᠡ ᠬᠠᠮᠵᠢᠯᠴᠠᠵᠦ᠂ ᠭᠤᠤᠯ ᠵᠠᠭᠤᠴᠢᠯᠠᠭᠤᠷ᠂ ᠰᠤᠨᠢᠨ ᠮᠡᠳᠡᠬᠡᠨ᠎ᠤ ᠭᠤᠤᠯᠳᠠᠯᠭ᠎ᠠ᠎ᠲᠠᠢ ᠰᠦᠯᠵᠢᠶᠡᠨ ᠦᠷᠳᠡᠭᠡ ᠪᠠ ᠬᠤᠳᠠᠯᠳᠤᠭ᠋ᠠᠨ᠎ᠤ ᠭᠤᠤᠯ ᠰᠦᠯᠵᠢᠶᠡᠨ ᠦᠷᠳᠡᠭᠡ ᠵᠢ ᠵᠢᠭ᠋ᠠᠨ ᠵᠢᠯᠤᠭᠤᠳᠴᠤ ᠵᠤᠬᠢᠴᠠᠭᠤᠯᠤᠨ᠂ ᠡᠯ᠎ᠡ ᠵᠠᠭᠤᠴᠢᠯᠠᠭᠤᠷ᠎ᠤᠨ ᠲᠡᠪᠴᠡᠩ᠎ᠢ ᠭᠦᠢ᠍ᠴᠡᠳ ᠠᠰᠢᠨᠨᠯᠠᠵᠦ᠂ ᠬᠠᠮ ᠵᠠᠭᠤᠴᠢᠯᠠᠭᠤᠷ᠎ᠤᠨ ᠠᠷᠭ᠎ᠠ ᠠᠪᠴᠠᠯ᠎ᠢ ᠬᠡᠷᠡᠭᠯᠡᠵᠦ ᠪᠠᠶ᠋ᠢᠭ᠋ᠠᠳ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠰᠠᠶ᠋ᠢᠳᠤᠷ ᠬᠢᠨ᠎ᠠ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠨᠢ ᠮᠡᠳᠡᠭᠡ ᠵᠠᠩᠬᠢ ᠨᠡᠶ᠋ᠢᠳᠡᠯᠡᠬᠦ ᠵᠢᠨ ᠵᠤᠬᠢᠴᠠᠭᠤᠯᠬᠤ ᠲᠤᠨᠨᠳᠠᠴᠠ ᠵᠢ ᠲᠡᠭᠦᠯᠳᠡᠷᠵᠢᠬᠦᠯᠵᠦ᠂ ᠪᠤᠰᠤᠳ ᠤᠷᠤᠨ ᠨᠤᠳᠤᠭ᠂ ᠰᠠᠯᠠᠭ᠎ᠠ ᠮᠦᠴᠢᠷ᠎ᠲᠤ ᠬᠤᠯᠪᠤᠨᠨᠳᠠᠭ᠍ᠤ ᠵᠠᠰᠠᠭ᠎ᠤᠨ ᠤᠷᠳᠤᠨ᠎ᠤ ᠮᠡᠳᠡᠭᠡ ᠵᠠᠩᠬᠢ ᠵᠢ ᠬᠤᠯᠪᠤᠨᠨᠳᠠᠯ ᠪᠦᠭᠦᠢ ᠨᠢᠬᠡᠴᠡ᠎ᠯᠦᠭᠡ ᠨᠡᠪᠳᠡᠷᠡᠯᠴᠡᠵᠦ ᠲᠤᠨᠨᠳᠠᠭ᠋ᠠᠨ᠂ ᠨᠡᠶ᠋ᠢᠳᠡᠯᠡᠭᠰᠡᠨ ᠮᠡᠳᠡᠭᠡ ᠵᠠᠩᠬᠢ ᠵᠢᠨ ᠤᠨᠤᠪᠴᠢᠳᠠᠢ ᠨᠢᠬᠡᠳᠦᠯᠳᠡᠢ ᠪᠠᠶ᠋ᠢᠬᠤ ᠵᠢ ᠦᠨᠡᠨᠬᠦ ᠪᠠᠳᠤᠯᠠᠭ᠍ᠤ ᠬᠡᠷᠡᠭᠳᠡᠢ᠃
     (ᠲᠦᠷᠪᠡ) ᠦᠷ᠎ᠡ ᠪᠦᠳᠦᠮᠵᠢ ᠵᠢ ᠦᠨᠡᠯᠡᠨ ᠵᠢᠱ᠌ᠢᠬᠦ ᠲᠤᠨᠨᠳᠠᠴᠠ ᠵᠢ ᠪᠠᠶ᠋ᠢᠭᠤᠯᠬᠤ ᠬᠡᠷᠡᠭᠳᠡᠢ᠃ ᠵᠠᠰᠠᠭ᠎ᠤᠨ ᠤᠷᠳᠤᠨ᠎ᠤ ᠠᠯᠪᠠᠨ ᠲᠢᠩᠬᠢᠮ (ᠬᠡᠷ)᠎ᠨᠢ ᠰᠢᠨᠵᠢᠯᠡᠬᠦ ᠤᠬᠠᠭ᠋ᠠᠨᠴᠢ᠂ ᠵᠦᠢ ᠵᠤᠬᠢᠰᠳᠠᠢ᠂ ᠦᠷ᠎ᠡ ᠪᠦᠳᠦᠮᠵᠢᠳᠡᠢ ᠪᠤᠳᠠᠳᠠᠶ᠋ᠢᠵᠢᠭᠤᠯᠤᠨ ᠦᠨᠡᠯᠡᠨ ᠵᠢᠱ᠌ᠢᠬᠦ ᠭᠦᠢ᠍ᠴᠡᠳᠬᠡᠯ ᠲᠤᠭ᠋ᠠᠨ᠎ᠤ ᠰᠢᠰᠲ᠋ᠤᠮᠵᠢ ᠵᠢ ᠪᠠᠶ᠋ᠢᠭᠤᠯᠤᠨ ᠪᠦᠷᠢᠨᠰᠢᠬᠦᠯᠵᠦ᠂ ᠴᠠᠭ᠎ᠲᠤᠨᠢ ᠲᠤᠬᠢᠷᠠᠭᠤᠯᠤᠨ ᠭᠤᠷᠪᠠᠳᠠᠬᠢ ᠡᠳᠡᠬᠡᠳ᠎ᠠᠴᠠ ᠦᠨᠡᠯᠡᠨ ᠵᠢᠱ᠌ᠢᠬᠦ᠂ ᠠᠷᠠᠳ᠎ᠤᠨ ᠰᠠᠨᠠᠯ᠎ᠢ ᠪᠠᠶ᠋ᠢᠴᠠᠭ᠋ᠠᠬᠤ ᠵᠡᠷᠬᠡ ᠠᠷᠭ᠎ᠠ ᠮᠠᠶᠢᠭ ᠵᠶ᠋ᠠᠷ ᠲᠠᠮᠵᠢᠭᠤᠯᠤᠨ᠂ ᠮᠡᠳᠡᠭᠡ ᠵᠠᠩᠬᠢ ᠵᠢ ᠢᠯᠡ ᠪᠤᠯᠭ᠋ᠠᠬᠤ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ᠂ ᠠᠩᠬᠠᠷᠴᠤ ᠪᠦᠭᠦᠢ ᠶᠠᠪᠤᠳᠠᠯ᠎ᠳᠤ ᠬᠠᠷᠢᠭᠤ ᠦᠭᠭᠦ᠂ ᠵᠠᠭᠤᠴᠢᠯᠠᠭᠤᠷ ᠤᠷᠤᠯᠴᠠᠭ᠍ᠤ ᠵᠡᠷᠬᠡ ᠲᠠᠯ᠎ᠠ᠎ᠳᠤ ᠦᠨᠡᠯᠡᠨ ᠵᠢᠱ᠌ᠢᠬᠦ᠎ᠪᠠᠨ ᠴᠢᠩᠭ᠋ᠠᠳᠬᠠᠬᠤ ᠵᠢᠨ ᠬᠠᠮᠳᠤ ᠦᠨᠡᠯᠡᠨ ᠵᠢᠱ᠌ᠢᠭᠰᠡᠨ ᠦᠷ᠎ᠡ ᠳ᠋ᠦ᠍ᠢ᠍ᠩ᠎ᠢ ᠦᠨᠳᠦᠰᠦᠯᠡᠨ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠠᠷᠭ᠎ᠠ ᠮᠠᠶᠢᠭ ᠠᠷᠭ᠎ᠠ ᠪᠠᠷᠢᠯ᠎ᠢ ᠲᠠᠰᠤᠷᠠᠯᠳᠠ ᠦᠬᠡᠢ ᠲᠤᠬᠢᠷᠠᠭᠤᠯᠤᠨ ᠰᠢᠯᠢᠳᠡᠭᠵᠢᠬᠦᠯᠬᠦ ᠬᠡᠷᠡᠭᠳᠡᠢ᠃ ᠦᠨᠡᠯᠡᠨ ᠵᠢᠱ᠌ᠢᠭᠰᠡᠨ ᠦᠷ᠎ᠡ ᠳ᠋ᠦ᠍ᠢ᠍ᠩ᠎ᠢ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠠᠵᠢᠯ᠎ᠤᠨ ᠠᠮᠵᠢᠯᠳᠠ ᠪᠦᠳᠦᠮᠵᠢ ᠵᠢ ᠰᠢᠯᠭ᠋ᠠᠨ ᠬᠢᠨᠠᠭ᠍ᠤ ᠴᠢᠬᠤᠯᠠ ᠯᠠᠪᠯᠠᠯᠳᠠ ᠪᠤᠯᠭ᠋ᠠᠬᠤ ᠬᠡᠷᠡᠭᠳᠡᠢ᠃
     (ᠲᠠᠪᠤ) ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠭᠦᠮᠦᠵᠢᠯ ᠪᠤᠯᠪᠠᠰᠤᠷᠠᠭᠤᠯᠤᠯ᠎ᠢ ᠴᠢᠩᠭ᠋ᠠᠳᠬᠠᠬᠤ ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠨᠢ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠲᠤᠰᠬᠠᠢ ᠲᠦᠷᠦᠯ᠎ᠤᠨ ᠲᠤᠬᠠᠶ᠋ᠢᠯᠬᠠᠰᠠᠨ ᠠᠵᠢᠯ᠎ᠤᠨ ᠪᠤᠯᠪᠠᠰᠤᠷᠠᠭᠤᠯᠤᠯ᠎ᠤᠨ ᠲᠦᠯᠦᠪᠯᠡᠭᠡ ᠲᠤᠨᠨᠳᠠᠭ᠋ᠠᠵᠦ᠂ ᠲᠤᠬᠠᠶ᠋ᠢᠯᠬᠠᠰᠠᠨ ᠠᠵᠢᠯ᠎ᠤᠨ ᠪᠤᠯᠪᠠᠰᠤᠷᠠᠭᠤᠯᠤᠯ ᠪᠠ ᠰᠤᠳᠤᠯᠤᠨ ᠶᠠᠷᠢᠯᠴᠠᠭ᠍ᠤ ᠰᠤᠯᠢᠯᠴᠠᠭ᠍ᠤ ᠵᠢ ᠵᠤᠬᠢᠶᠠᠨ ᠪᠠᠶ᠋ᠢᠭᠤᠯᠤᠨ ᠦᠷᠨᠢᠬᠦᠯᠵᠦ᠂ 2018 ᠤᠨ᠎ᠤ ᠵᠢᠯ᠎ᠤᠨ ᠰᠡᠭᠦᠯᠴᠢ᠎ᠠᠴᠠ ᠡᠮᠤᠨ᠎ᠠ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯᠳᠠᠨ᠎ᠢ ᠨᠢᠬᠡ ᠤᠳᠠᠭ᠎ᠠ ᠨᠡᠶ᠋ᠢᠳᠡᠮ ᠡᠬᠡᠯᠵᠢᠯᠡᠨ ᠪᠤᠯᠪᠠᠰᠤᠷᠠᠭᠤᠯᠤᠨ᠎ᠠ᠃ ᠡᠯ᠎ᠡ ᠱᠠᠳᠤᠨ᠎ᠤ ᠵᠠᠰᠠᠭ ᠵᠠᠬᠢᠷᠭ᠋ᠠᠨ᠎ᠤ ᠲᠡᠬᠡᠳᠦ ᠰᠤᠷᠭ᠋ᠠᠭᠤᠯᠢ ᠵᠡᠷᠬᠡ ᠺᠠᠳ᠋ᠷ ᠪᠤᠯᠪᠠᠰᠤᠷᠠᠭᠤᠯᠬᠤ ᠭᠦᠷᠢᠶᠡᠯᠡᠩ ᠰᠤᠷᠭ᠋ᠠᠭᠤᠯᠢ᠎ᠨᠢ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢ ᠺᠠᠳ᠋ᠷ᠎ᠢ ᠪᠤᠯᠪᠠᠰᠤᠷᠠᠭᠤᠯᠬᠤ ᠬᠢᠴᠢᠶᠡᠯᠯᠡᠭᠡ᠎ᠳᠤ ᠤᠷᠤᠭᠤᠯᠵᠦ᠂ ᠡᠯ᠎ᠡ ᠱᠠᠳᠤᠨ᠎ᠤ ᠤᠳᠤᠷᠢᠳᠬᠤ ᠺᠠᠳ᠋ᠷ᠎ᠤᠨ ᠢᠨᠲ᠋ᠤᠷ ᠰᠦᠯᠵᠢᠶᠡᠨ᠎ᠤ ᠤᠷᠴᠢᠨ ᠨᠦᠭᠦᠴᠡᠯ ᠲᠤᠤᠷᠠᠬᠢ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠤᠨᠤᠯᠵᠢᠬᠤᠨ᠎ᠢ ᠭᠦᠴᠦᠯᠡᠨ ᠴᠢᠩᠭ᠋ᠠᠷᠠᠭᠤᠯᠵᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠴᠢᠳᠠᠪᠤᠷᠢ ᠪᠠ ᠬᠢᠷᠢ ᠬᠡᠮᠵᠢᠶ᠎ᠡ ᠵᠢ ᠵᠢᠭ᠋ᠠᠨ ᠵᠢᠯᠤᠭᠤᠳᠴᠤ ᠠᠬᠢᠭᠤᠯᠬᠤ ᠵᠢ ᠲᠡᠬᠡᠭᠰᠢᠯᠡᠬᠦᠯᠬᠦ ᠬᠡᠷᠡᠭᠳᠡᠢ᠃ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯᠳᠠᠨ᠎ᠨᠢ ᠲᠦᠷᠦ ᠵᠢᠨ ᠪᠤᠳᠤᠯᠭ᠎ᠠ ᠤᠨᠤᠯ ᠰᠤᠷᠤᠯᠴᠠᠯᠭ᠎ᠠ ᠪᠠ ᠲᠤᠬᠠᠶ᠋ᠢᠯᠬᠠᠰᠠᠨ ᠠᠵᠢᠯ᠎ᠤᠨ ᠰᠤᠳᠤᠯᠭ᠋ᠠᠨ ᠵᠶ᠋ᠠᠨ ᠴᠢᠩᠭ᠋ᠠᠳᠬᠠᠵᠦ᠂ ᠲᠦᠷᠦ ᠵᠢᠨ ᠪᠤᠳᠤᠯᠭ᠎ᠠ ᠵᠢᠨ ᠵᠤᠷᠢᠭ ᠰᠠᠨᠠᠭ᠎ᠠ ᠵᠢ ᠤᠨᠤᠪᠴᠢᠳᠠᠢ ᠡᠵᠡᠮᠰᠢᠵᠦ᠂ ᠲᠤᠰᠬᠠᠢ ᠮᠡᠷᠬᠡᠵᠢᠯ᠎ᠤᠨ ᠬᠡᠪ ᠴᠢᠨᠠᠷ ᠵᠶ᠋ᠠᠨ ᠴᠢᠩᠭ᠋ᠠᠳᠬᠠᠬᠤ ᠬᠡᠷᠡᠭᠳᠡᠢ᠃
     (ᠵᠢᠷᠭᠤᠭ᠎ᠠ) ᠰᠢᠯᠭ᠋ᠠᠨ ᠬᠢᠨᠠᠵᠦ ᠬᠠᠷᠢᠭᠤᠴᠠᠯᠭ᠎ᠠ ᠬᠡᠯᠡᠯᠴᠡᠬᠦ ᠲᠤᠨᠨᠳᠠᠴᠠ ᠵᠢ ᠴᠢᠩᠭ᠋ᠠᠷᠠᠭᠤᠯᠬᠤ ᠬᠡᠷᠡᠭᠳᠡᠢ᠃ ᠡᠯ᠎ᠡ ᠭᠠᠵᠠᠷ ᠤᠷᠤᠨ ᠡᠯ᠎ᠡ ᠰᠠᠯᠠᠭ᠎ᠠ ᠮᠦᠴᠢᠷ᠎ᠨᠢ ᠮᠡᠳᠡᠭᠡ ᠵᠠᠩᠬᠢ ᠵᠢ ᠢᠯᠡ ᠪᠤᠯᠭ᠋ᠠᠬᠤ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ᠂ ᠠᠩᠬᠠᠷᠴᠤ ᠪᠦᠭᠦᠢ ᠶᠠᠪᠤᠳᠠᠯ᠎ᠳᠤ ᠬᠠᠷᠢᠭᠤ ᠦᠭᠭᠦ᠂ ᠵᠠᠭᠤᠴᠢᠯᠠᠭᠤᠷ ᠤᠷᠤᠯᠴᠠᠭ᠍ᠤ ᠵᠡᠷᠬᠡ ᠲᠠᠯ᠎ᠠ ᠵᠢᠨ ᠪᠠᠶ᠋ᠢᠳᠠᠯ᠎ᠢ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠵᠢᠨ ᠴᠢᠬᠤᠯᠠ ᠠᠭᠤᠯᠭ᠎ᠠ ᠪᠤᠯᠭ᠋ᠠᠵᠦ ᠠᠵᠢᠯ᠎ᠤᠨ ᠠᠮᠵᠢᠯᠳᠠ ᠪᠦᠳᠦᠮᠵᠢ ᠵᠢ ᠰᠢᠯᠭ᠋ᠠᠨ ᠬᠢᠨᠠᠭ᠍ᠤ ᠰᠢᠰᠲ᠋ᠤᠮᠵᠢ᠎ᠳᠤ ᠤᠷᠤᠭᠤᠯᠤᠨ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠨᠤᠨᠨᠳᠠᠭ᠍ᠤ ᠦᠷᠳᠡᠭ᠎ᠤᠨ ᠬᠠᠷᠢᠴᠠᠯ᠎ᠢ 4%᠎ᠠᠴᠠ ᠲᠤᠤᠷ᠎ᠠ ᠪᠠᠶ᠋ᠢᠯᠭ᠋ᠠᠵᠦ ᠪᠤᠯᠬᠤ ᠦᠬᠡᠢ᠃ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠤᠨ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠭ᠋ᠠᠷᠠᠭᠤᠯᠵᠦ᠂ ᠲᠤᠨᠨᠳᠠᠮᠠᠯ ᠬᠤᠭᠤᠴᠠᠭ᠎ᠠ᠎ᠲᠠᠢ᠎ᠪᠠᠷ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠦᠷᠨᠢᠬᠦᠯᠵᠦ ᠪᠠᠶ᠋ᠢᠭ᠎ᠠ ᠪᠠᠶ᠋ᠢᠳᠠᠯ᠎ᠳᠤ ᠰᠢᠮᠳᠠᠭᠤᠯᠤᠨ ᠪᠠᠶ᠋ᠢᠴᠠᠭ᠋ᠠᠯᠳᠠ ᠬᠢᠵᠦ᠂ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠠᠬᠢᠭᠤᠯᠤᠨᠨᠰᠠᠨ᠎ᠨᠢ ᠭᠦᠴᠦᠳᠡᠢ᠂ ᠢᠳᠡᠪᠬᠢᠳᠡᠢ ᠤᠷᠤᠯᠴᠬᠠᠰᠠᠨ ᠨᠢᠬᠡᠴᠡ ᠪᠠ ᠬᠤᠪᠢ ᠭᠦᠮᠦᠨ᠎ᠢ ᠬᠤᠯᠪᠤᠨᠨᠳᠠᠯ ᠪᠦᠭᠦᠢ ᠲᠤᠨᠨᠳᠠᠭ᠋ᠠᠯ ᠶᠤᠰᠤᠭ᠋ᠠᠷ ᠰᠠᠶ᠋ᠢᠰᠢᠶᠠᠨ ᠭᠦᠬᠢᠬᠦᠯᠬᠦ ᠬᠡᠷᠡᠭᠳᠡᠢ; ᠴᠢᠬᠤᠯᠡ ᠮᠡᠳᠡᠭᠡ ᠵᠠᠩᠬᠢ ᠵᠢ ᠦᠯᠦ ᠨᠡᠶ᠋ᠢᠳᠡᠯᠡᠬᠦ᠂ ᠴᠢᠬᠤᠯᠠ ᠶᠡᠭᠡ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠦᠬᠡᠢ᠂ ᠬᠠᠯᠠᠮᠰᠢᠯ ᠠᠰᠠᠭᠤᠳᠠᠯ᠎ᠳᠤ ᠴᠠᠭ ᠲᠤᠬᠠᠢ᠎ᠳᠤᠨᠢ ᠬᠠᠷᠢᠭᠤ ᠦᠭᠭᠦᠭᠰᠡᠨ ᠦᠬᠡᠢ ᠪᠠᠶ᠋ᠢᠪᠠᠯ ᠴᠢᠩᠭ᠎ᠠ ᠰᠢᠭᠦᠮᠵᠢᠯᠡᠵᠦ᠂ ᠢᠯᠡ᠎ᠪᠠᠷ ᠨᠡᠪᠲᠡᠷᠡᠭᠦᠯᠦᠨ ᠮᠡᠳᠡᠭᠦᠯᠬᠦ ᠬᠡᠷᠡᠭᠳᠡᠢ᠃ ᠬᠤᠳᠠᠯ ᠬᠠᠭᠤᠷᠮᠠᠭ ᠶᠠᠭᠤᠮ᠎ᠠ ᠵᠤᠬᠢᠶᠠᠭ᠍ᠤ᠂ ᠪᠤᠳᠠᠳᠠᠢ ᠪᠠᠶ᠋ᠢᠳᠠᠯ᠎ᠢ ᠨᠢᠭᠤᠨ ᠲᠠᠯᠳᠠᠯᠠᠭ᠍ᠤ᠂ ᠤᠯᠠᠨ ᠨᠡᠶ᠋ᠢᠳᠡ ᠵᠢ ᠬᠠᠭᠤᠷᠤᠨ ᠮᠡᠬᠡᠯᠡᠵᠦ᠂ ᠨᠡᠶ᠋ᠢᠬᠡᠮ ᠨᠡᠶ᠋ᠢᠳᠡ᠎ᠳᠤ ᠭᠦᠨᠳᠦ ᠨᠤᠴᠢᠳᠠᠢ ᠨᠦᠯᠦᠬᠡ ᠤᠴᠠᠷᠠᠭᠤᠯᠤᠨᠨᠰᠠᠨ ᠪᠠᠶ᠋ᠢᠪᠠᠯ᠂ ᠰᠠᠬᠢᠯᠭ᠎ᠠ ᠪᠠᠳᠤ ᠬᠠᠤᠯᠢ ᠴᠠᠭ᠋ᠠᠵᠠ ᠶᠤᠰᠤᠭ᠋ᠠᠷ ᠬᠠᠮᠢᠶ᠎ᠠ ᠪᠦᠭᠦᠢ ᠨᠢᠬᠡᠴᠡ ᠪᠠ ᠬᠤᠪᠢ ᠭᠦᠮᠦᠨ᠎ᠠᠴᠠ ᠬᠠᠷᠢᠭᠤᠴᠠᠯᠭ᠎ᠠ ᠨᠡᠬᠡᠮᠵᠢᠯᠡᠬᠦ ᠬᠡᠷᠡᠭᠳᠡᠢ᠃
      ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠪᠤᠯ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠰᠶ᠋ᠢᠳᠪᠦᠷᠢᠳᠦ ᠪᠤᠳᠤᠯᠭ᠎ᠠ ᠲᠤᠨᠨᠳᠠᠭ᠋ᠠᠬᠤ᠂ ᠬᠡᠷᠡᠭᠵᠢᠬᠦᠯᠬᠦ᠂ ᠬᠠᠮᠢᠶᠠᠷᠬᠤ᠂ ᠦᠢ᠍ᠯᠡᠴᠢᠯᠡᠬᠦ᠂ ᠦᠷ᠎ᠡ ᠳ᠋ᠦ᠍ᠢ᠍ᠩ᠎ᠢ ᠪᠦᠭᠦ ᠶᠠᠪᠤᠴᠠ᠎ᠳᠤ ᠢᠯᠡ ᠪᠤᠯᠭ᠋ᠠᠬᠤ ᠵᠢ ᠪᠦᠭᠦ ᠲᠠᠯ᠎ᠠ᠎ᠪᠠᠷ ᠠᠬᠢᠭᠤᠯᠵᠦ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ᠂ ᠠᠩᠬᠠᠷᠴᠤ ᠪᠦᠭᠦᠢ ᠶᠠᠪᠤᠳᠠᠯ᠎ᠳᠤ ᠬᠠᠷᠢᠭᠤ ᠦᠭᠭᠦ᠂ ᠲᠡᠪᠴᠡᠩ᠎ᠤᠨ ᠪᠠᠶ᠋ᠢᠭᠤᠯᠤᠯᠳᠠ᠂ ᠲᠤᠭ᠎ᠠ ᠪᠠᠷᠢᠮᠳᠠ ᠵᠢ ᠴᠢᠯᠦᠬᠡᠳᠡᠢ ᠪᠠᠶ᠋ᠢᠯᠭ᠋ᠠᠬᠤ ᠵᠢ ᠴᠢᠩᠭ᠋ᠠᠳᠬᠠᠨ᠂ ᠤᠯᠠᠨ ᠨᠡᠶ᠋ᠢᠳᠡ ᠵᠢᠨ ᠪᠠᠶ᠋ᠢᠳᠠᠯ᠎ᠢ ᠮᠡᠳᠡᠬᠦ ᠡᠷᠬᠡ᠂ ᠤᠷᠤᠯᠴᠠᠭ᠍ᠤ ᠡᠷᠬᠡ᠂ ᠢᠯᠡᠳᠬᠡᠬᠦ ᠡᠷᠬᠡ ᠪᠠ ᠬᠢᠨᠠᠯᠳᠠ ᠲᠠᠯᠪᠢᠬᠤ ᠡᠷᠬᠡ ᠵᠢ ᠪᠠᠳᠤᠯᠠᠵᠦ᠂ ᠵᠠᠰᠠᠭ᠎ᠤᠨ ᠤᠷᠳᠤᠨ᠎ᠤ ᠤᠯᠠᠨ ᠨᠡᠶ᠋ᠢᠳᠡ ᠵᠢ ᠢᠳᠡᠬᠡᠬᠦᠯᠬᠦ ᠭᠦᠴᠦᠨ ᠪᠠ ᠬᠡᠷᠡᠭᠵᠢᠬᠦᠯᠬᠦ ᠭᠦᠴᠦᠨ᠎ᠢ ᠴᠢᠩᠭ᠋ᠠᠷᠠᠭᠤᠯᠤᠨ᠂ ᠵᠠᠰᠠᠭ᠎ᠤᠨ ᠤᠷᠳᠤᠨ᠎ᠤ ᠵᠠᠰᠠᠯᠳᠠ ᠵᠢᠨ ᠴᠢᠳᠠᠪᠤᠷᠢ ᠵᠢ ᠲᠡᠬᠡᠭᠰᠢᠯᠡᠬᠦᠯᠬᠦ ᠵᠢᠨ ᠲᠦᠷᠢᠮ᠎ᠤᠨ ᠲᠤᠬᠢᠷᠠᠭᠤᠯᠤᠯᠳᠠ ᠪᠤᠯᠤᠨ᠎ᠠ᠃ ᠡᠯ᠎ᠡ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠂ ᠬᠠᠤᠯᠢ ᠴᠠᠭ᠋ᠠᠵᠠ ᠬᠠᠤᠯᠢ ᠲᠤᠨᠨᠳᠠᠭ᠋ᠠᠯ᠎ᠠᠴᠠ ᠡᠷᠬᠡ ᠤᠯᠭᠤᠨᠨᠰᠠᠨ ᠤᠯᠠᠨ ᠨᠡᠶ᠋ᠢᠳᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠬᠡ ᠴᠢᠳᠠᠪᠤᠷᠢ᠎ᠲᠠᠢ ᠵᠤᠬᠢᠶᠠᠨ ᠪᠠᠶ᠋ᠢᠭᠤᠯᠤᠯᠳᠠ ᠪᠤᠯ 《ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠪᠦᠭᠦ ᠲᠠᠯ᠎ᠠ᠎ᠪᠠᠷ ᠠᠬᠢᠭᠤᠯᠬᠤ ᠲᠤᠬᠠᠢ ᠰᠠᠨᠠᠯ》᠎ᠳᠤ ᠲᠤᠬᠢᠷᠠᠭ᠍ᠤ ᠭᠤᠤᠯ ᠴᠤᠨᠨᠴᠠ ᠪᠤᠯᠤᠨ᠎ᠠ᠂ ᠤᠯᠠᠨ ᠨᠡᠶ᠋ᠢᠳᠡ ᠵᠢᠨ ᠠᠵᠦ ᠠᠬᠤᠶ᠋ᠢᠯᠠᠯ ᠠᠵᠢᠯ ᠦᠢ᠍ᠯᠡᠰ᠎ᠤᠨ ᠨᠢᠬᠡᠴᠡ᠎ᠨᠢ ᠯᠠᠪᠯᠠᠯᠳᠠ ᠪᠤᠯᠭ᠋ᠠᠨ ᠬᠡᠷᠡᠭᠵᠢᠬᠦᠯᠬᠦ ᠬᠡᠷᠡᠭᠳᠡᠢ᠃ ᠠᠷᠠᠳ ᠢᠷᠬᠡᠳ᠂ ᠬᠠᠤᠯᠢ ᠵᠢᠨ ᠡᠷᠬᠡᠲᠡᠨ ᠪᠠ ᠪᠤᠰᠤᠳ ᠵᠤᠬᠢᠶᠠᠨ ᠪᠠᠶ᠋ᠢᠭᠤᠯᠤᠯᠳᠠ᠎ᠨᠤᠭᠤᠳ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠠᠴᠠ ᠵᠠᠰᠠᠭ᠎ᠤᠨ ᠤᠷᠳᠤᠨ᠎ᠤ ᠬᠠᠮᠢᠶ᠎ᠠ ᠪᠦᠭᠦᠢ ᠮᠡᠳᠡᠭᠡ ᠵᠠᠩᠬᠢ ᠵᠢ ᠤᠯᠬᠤ᠎ᠪᠠᠷ ᠭᠤᠶᠤᠴᠢᠯᠠᠪᠠᠯ᠂ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ 《ᠪᠦᠭᠦᠳᠡ ᠨᠠᠶ᠋ᠢᠷᠠᠮᠳᠠᠭ᠍ᠤ ᠲᠤᠮᠳᠠᠳᠤ ᠠᠷᠠᠳ ᠤᠯᠤᠰ᠎ᠤᠨ ᠵᠠᠰᠠᠭ᠎ᠤᠨ ᠤᠷᠳᠤᠨ᠎ᠤ ᠮᠡᠳᠡᠭᠡ ᠵᠠᠩᠬᠢ ᠵᠢ ᠢᠯᠡ ᠪᠤᠯᠭ᠋ᠠᠬᠤ ᠲᠦᠷᠢᠮ》᠎ᠤᠨ ᠲᠤᠨᠨᠳᠠᠭ᠋ᠠᠯ ᠶᠤᠰᠤᠭ᠋ᠠᠷ ᠲᠤᠬᠢᠳᠠᠢ ᠰᠶ᠋ᠢᠳᠪᠦᠷᠢᠯᠡᠬᠦ ᠬᠡᠷᠡᠭᠳᠡᠢ᠃


ᠢᠷᠡᠯᠲᠡ᠄
          
ᠬᠠᠮᠢᠶ᠎ᠡ ᠪᠦᠬᠦᠢ ᠰᠣᠨᠢᠨ
 
            