ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
ᠲᠥᠷᠦ ᠵᠢᠨ ᠶᠠᠪᠤᠳᠠᠯ᠎ᠤᠨ ᠬᠣᠷᠢᠶᠠᠨ᠎ᠤ ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠦᠷᠨᠢᠬᠦᠯᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2019-12-14

ᠲᠥᠷᠥ ᠵᠢᠨ ᠶᠠᠪᠤᠳᠠᠯ᠎ᠤᠨ ᠬᠤᠷᠢᠶ᠎ᠠ᠎ᠠᠴᠠ ᠲᠠᠷᠬᠠᠭ᠋ᠠᠭᠰᠠᠨ [2019] 24   ᠳ᠋ᠦ᠍ᠭᠡᠷ ᠲᠣᠭ᠋ᠠᠲᠤ
ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠯ᠎ᠡ ᠶᠠᠮᠦᠨ ᠵᠦᠪᠯᠡᠯ᠂ ᠰᠢᠭᠤᠳ ᠬᠠᠷᠢᠶ᠎ᠠ ᠪᠠᠶ᠋ᠢᠭᠤᠯᠤᠮᠵᠢ᠎ᠨᠤᠭᠤᠳ᠎ᠲᠤ᠄
《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ》 ᠪᠣᠯᠤᠨ 《ᠪᠦᠬᠦ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠳᠦᠷᠢᠮ》᠎ᠤᠨ ᠲᠣᠭᠲᠠᠭ᠋ᠠᠯ᠎ᠢ ᠦᠨᠳᠦᠰᠦᠯᠡᠨ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ 2020 ᠣᠨ᠎ᠳᠤ ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ᠎ᠪᠠᠷ ᠲᠣᠭᠲᠠᠪᠠ᠃ ᠡᠳᠦᠭᠡ ᠬᠣᠯᠪᠣᠭᠳᠠᠯ ᠪᠦᠬᠦᠢ ᠤᠴᠢᠷ᠎ᠢ ᠳᠣᠤᠷᠠᠬᠢ ᠮᠡᠲᠦ ᠮᠡᠳᠡᠭᠳᠡᠶ᠎ᠡ᠄
ᠨᠢᠭᠡ᠂ ᠶᠡᠷᠦᠩᠬᠡᠶ ᠱᠠᠭ᠋ᠠᠷᠳᠠᠯᠭ᠎ᠠ
(ᠨᠢᠭᠡ) ᠵᠢᠯᠣᠭᠣᠳᠬᠤ ᠦᠵᠡᠯ ᠰᠠᠨᠠᠭ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠤᠨ᠂ ᠲᠣᠭ᠎ᠠ ᠪᠦᠷᠢᠳᠬᠡᠯ᠎ᠤᠨ ᠥᠭᠡᠷᠡᠴᠢᠯᠡᠯᠲᠡ ᠬᠥᠭᠵᠢᠯᠲᠡ ᠵᠢᠨ ᠲᠤᠬᠠᠶ ᠨᠠᠮ᠎ᠤᠨ ᠲᠥᠪ ᠬᠣᠷᠢᠶ᠎ᠠ᠂ ᠲᠥᠷᠦ ᠵᠢᠨ ᠶᠠᠪᠤᠳᠠᠯ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠦᠨᠡᠨ᠎ᠠᠴᠠ ᠵᠥᠪ᠎ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠪᠠᠷᠢᠮᠲᠠᠯᠠᠨ᠂ ᠰᠢᠨᠵᠢᠯᠡᠬᠦ ᠤᠬᠠᠭ᠋ᠠᠨᠴᠢ᠎ᠪᠠᠷ ᠵᠢᠷᠤᠵᠤ ᠲᠥᠯᠥᠪᠯᠡᠨ᠂ ᠨᠠᠷᠢᠨ ᠨᠢᠮᠪᠠᠶ ᠵᠣᠬᠢᠶᠠᠨ ᠪᠠᠶ᠋ᠢᠭᠤᠯᠵᠤ᠂ ᠨᠠᠷᠢᠨ ᠨᠢᠮᠪᠠᠶ ᠪᠠᠶ᠋ᠢᠷᠢᠯᠠᠭᠤᠯᠤᠨ᠂ ᠬᠠᠤᠯᠢ ᠶᠣᠰᠣᠭ᠋ᠠᠷ ᠬᠡᠷᠡᠭᠵᠢᠭᠦᠯᠵᠦ᠂ ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠦᠨᠡᠨ ᠪᠣᠳᠠᠲᠠᠶ ᠵᠥᠪ ᠣᠨᠣᠪᠴᠢᠲᠠᠶ ᠪᠠᠶ᠋ᠢᠬᠤ ᠵᠢ ᠦᠨᠡᠨ ᠬᠦ᠌ ᠪᠠᠲᠤᠯᠠᠵᠤ᠂ ᠮᠠᠨ᠎ᠤ ᠤᠯᠤᠰ᠎ᠤᠨ ᠬᠥᠮᠦᠨ ᠠᠮᠠ ᠵᠢᠨ ᠬᠥᠭᠵᠢᠯᠲᠡ ᠵᠢᠨ ᠪᠠᠶ᠋ᠢᠳᠠᠯ᠎ᠢ ᠪᠦᠬᠦ ᠲᠠᠯ᠎ᠠ᠎ᠪᠠᠷ ᠪᠤᠰᠤᠳᠴᠢ᠎ᠪᠠᠷ ᠲᠤᠰᠬᠠᠬᠤ ᠵᠢ ᠪᠠᠷᠢᠮᠳᠠᠯᠠᠨ᠎ᠠ᠃
ᠬᠣᠶᠠᠷ ᠨᠡᠶ᠋ᠢᠳᠡᠮ ᠪᠠᠶ᠋ᠢᠴᠠᠭ᠋ᠠᠯᠲᠠ ᠵᠢᠨ ᠵᠣᠷᠢᠯᠭ᠎ᠠ᠃ ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠪᠣᠯ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ ᠰᠢᠨ᠎ᠡ ᠴᠠᠭ ᠣᠢᠶ᠎ᠠ᠎ᠳᠤ ᠥᠷᠨᠢᠭᠦᠯᠦᠭᠰᠡᠨ ᠤᠯᠤᠰ᠎ᠤᠨ ᠪᠠᠢ᠌ᠳᠠᠯ ᠤᠯᠤᠰ᠎ᠤᠨ ᠬᠦᠴᠦᠨ᠎ᠤ ᠴᠢᠬᠤᠯᠠ ᠶᠡᠬᠡ ᠪᠠᠶ᠋ᠢᠴᠠᠭ᠋ᠠᠯᠲᠠ ᠮᠥᠨ᠂ ᠲᠡᠷᠡ᠎ᠨᠢ ᠮᠠᠨ᠎ᠤ ᠤᠯᠤᠰ᠎ᠤᠨ ᠬᠥᠮᠦᠨ ᠠᠮᠠ ᠵᠢᠨ ᠲᠣᠭ᠎ᠠ᠂ ᠪᠦᠲᠦᠴᠡ᠂ ᠲᠠᠷᠬᠠᠯᠲᠠ᠂ ᠬᠣᠲᠠ ᠬᠥᠳᠡᠭᠡ ᠵᠢᠨ ᠣᠷᠣᠨ ᠰᠠᠭᠤᠴᠠ ᠵᠡᠷᠭᠡ ᠲᠠᠯ᠎ᠠ ᠵᠢᠨ ᠪᠠᠶ᠋ᠢᠳᠠᠯ᠎ᠢ ᠪᠦᠬᠦ ᠲᠠᠯ᠎ᠠ᠎ᠪᠠᠷ ᠪᠠᠶ᠋ᠢᠴᠠᠭ᠋ᠠᠨ ᠲᠣᠳᠣᠯᠠᠵᠤ᠂ ᠬᠥᠮᠦᠨ ᠠᠮᠠ ᠵᠢᠨ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠪᠠ ᠲᠥᠷᠦ ᠵᠢᠨ ᠪᠣᠳᠣᠯᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠦᠨ᠂ ᠬᠥᠮᠦᠨ ᠠᠮᠠ ᠵᠢᠨ ᠤᠷᠳᠤ ᠬᠤᠭᠤᠴᠠᠭ᠋ᠠᠨ᠎ᠤ ᠲᠡᠩᠴᠡᠭᠦᠷᠢᠲᠡᠶ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠠᠵᠤ ᠠᠬᠤᠢ ᠵᠢᠨ ᠴᠢᠨᠠᠷ ᠰᠠᠶ᠋ᠢᠲᠠᠶ ᠬᠥᠭᠵᠢᠯᠲᠡ ᠵᠢ ᠲᠦᠯᠬᠢᠨ ᠠᠬᠢᠭᠤᠯᠵᠤ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠰᠢᠨ᠎ᠡ ᠠᠶᠠᠯᠠᠯ᠎ᠢ ᠡᠬᠢᠯᠡᠭᠦᠯᠵᠦ᠂ ᠬᠣᠶᠠᠳᠤᠭ᠋ᠠᠷ ᠵᠠᠭᠤᠨ ᠵᠢᠯ᠎ᠤᠨ ᠲᠡᠮᠡᠴᠡᠯ᠎ᠤᠨ ᠬᠠᠷᠠᠯᠲᠠ ᠲᠡᠶ᠋ᠢᠰᠢ ᠤᠷᠤᠭᠰᠢᠯᠠᠬᠤ᠎ᠳᠤ ᠰᠢᠨᠵᠢᠯᠡᠬᠦ ᠤᠬᠠᠭ᠋ᠠᠨᠴᠢ ᠣᠨᠣᠪᠴᠢᠲᠠᠶ ᠲᠣᠭ᠎ᠠ ᠪᠦᠷᠢᠳᠬᠡᠯ᠎ᠤᠨ ᠮᠡᠳᠡᠭᠡ ᠵᠠᠩᠭᠢ ᠵᠢᠨ ᠳᠡᠮᠵᠢᠯᠭᠡ ᠬᠠᠩᠭ᠋ᠠᠬᠤ ᠪᠣᠯᠤᠨ᠎ᠠ᠃
ᠬᠣᠶᠠᠷ᠂ ᠨᠡᠶ᠋ᠢᠳᠡᠮ ᠪᠠᠶ᠋ᠢᠴᠠᠭ᠋ᠠᠯᠲᠠ ᠵᠢᠨ ᠪᠠᠢ᠌ᠴᠠᠭ᠋ᠠᠭᠳᠠᠬᠤ ᠡᠲᠡᠭᠡᠳ᠂ ᠠᠭᠤᠯᠭ᠎ᠠ ᠪᠠ ᠴᠠᠭ ᠬᠤᠭᠤᠴᠠᠭ᠎ᠠ
ᠨᠡᠶ᠋ᠢᠳᠡᠮ ᠪᠠᠶ᠋ᠢᠴᠠᠭ᠋ᠠᠯᠲᠠ ᠵᠢᠨ ᠪᠠᠢ᠌ᠴᠠᠭ᠋ᠠᠭᠳᠠᠬᠤ ᠡᠲᠡᠭᠡᠳ ᠪᠣᠯ ᠨᠡᠶ᠋ᠢᠳᠡᠮ ᠪᠠᠶ᠋ᠢᠴᠠᠭ᠋ᠠᠯᠲᠠ ᠵᠢᠨ ᠪᠠᠷᠢᠮᠵᠢᠶ᠎ᠠ ᠴᠠᠭ ᠬᠤᠭᠤᠴᠠᠭ᠋ᠠᠨ᠎ᠳᠤ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷ᠎ᠠ ᠪᠠᠢ᠌ᠭ᠎ᠠ ᠪᠠᠶ᠋ᠢᠭ᠋ᠠᠯᠢ ᠬᠥᠮᠦᠨ ᠵᠢᠴᠢ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠭᠠᠳᠠᠨᠠᠬᠢ ᠰᠠᠭᠤᠷᠢᠰᠢᠭ᠎ᠠ ᠦᠭᠡᠢ ᠳᠤᠮᠳᠠᠳᠤ ᠤᠯᠤᠰ᠎ᠤᠨ ᠠᠷᠠᠳ ᠢᠷᠭᠡᠨ ᠪᠣᠯᠤᠨ᠎ᠠ᠂ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷ᠎ᠠ ᠣᠬᠣᠷ ᠬᠤᠭᠤᠴᠠᠭ᠎ᠠ᠎ᠪᠠᠷ ᠰᠠᠭᠤᠭ᠎ᠠ ᠬᠢᠯᠢ ᠵᠢᠨ ᠭᠠᠳᠠᠨᠠᠬᠢ ᠬᠥᠮᠦᠰ᠎ᠢ ᠪᠠᠭᠲᠠᠭ᠋ᠠᠬᠤ ᠦᠭᠡᠢ᠃
ᠨᠡᠶ᠋ᠢᠳᠡᠮ ᠪᠠᠶ᠋ᠢᠴᠠᠭ᠋ᠠᠯᠲᠠ᠎ᠳᠤ ᠭᠣᠤᠯᠳᠠᠭᠤ ᠬᠥᠮᠦᠨ ᠠᠮᠠ ᠪᠣᠯᠤᠨ ᠰᠠᠭᠤᠭ᠋ᠠᠯᠢ ᠡᠷᠦᠬᠡ ᠵᠢᠨ ᠦᠨᠳᠦᠰᠦᠨ ᠪᠠᠶ᠋ᠢᠳᠠᠯ᠎ᠢ ᠪᠠᠶ᠋ᠢᠴᠠᠭ᠋ᠠᠨ᠎ᠠ᠂ ᠠᠭᠤᠯᠭ᠎ᠠ᠎ᠳᠤ᠄ ᠣᠪᠣᠭ ᠨᠡᠷ᠎ᠡ᠂ ᠠᠷᠠᠳ ᠢᠷᠭᠡᠳ᠎ᠤᠨ ᠪᠡᠶ᠎ᠡ ᠵᠢᠨ ᠦᠨᠡᠮᠯᠡᠯ᠎ᠤᠨ ᠨᠣᠮᠧᠷ᠂ ᠬᠦᠢᠰᠦ ᠵᠢᠨ ᠢᠯᠭ᠋ᠠᠯ᠂ ᠨᠠᠰᠤ ᠵᠢᠯ᠂ ᠦᠨᠳᠦᠰᠦᠲᠡᠨ᠂ ᠰᠤᠷᠭ᠋ᠠᠨ ᠬᠥᠮᠦᠵᠢᠯ ᠬᠦᠷᠲᠡᠭᠰᠡᠨ ᠬᠡᠮᠵᠢᠶ᠎ᠡ᠂ ᠠᠵᠢᠯ ᠲᠥᠷᠥᠯ᠂ ᠡᠷᠬᠢᠯᠡᠭᠰᠡᠨ ᠠᠵᠢᠯ᠂ ᠨᠡᠭᠦᠵᠦ ᠰᠢᠯᠵᠢᠭᠰᠡᠨ ᠪᠠᠢ᠌ᠳᠠᠯ᠂ ᠭᠡᠷ ᠪᠦᠯᠢ ᠦᠷ᠎ᠡ ᠬᠡᠦᠬᠡᠳ᠂ ᠨᠦᠭᠴᠢᠭᠰᠡᠳ᠂ ᠣᠷᠣᠨ ᠰᠠᠭᠤᠴᠠ ᠵᠢᠨ ᠪᠠᠢ᠌ᠳᠠᠯ ᠵᠡᠷᠭᠡ ᠪᠠᠭᠲᠠᠨ᠎ᠠ᠃
ᠨᠡᠶ᠋ᠢᠳᠡᠮ ᠪᠠᠶ᠋ᠢᠴᠠᠭ᠋ᠠᠯᠲᠠ ᠵᠢᠨ ᠪᠠᠷᠢᠮᠵᠢᠶ᠎ᠠ ᠴᠠᠭ ᠪᠣᠯ 2020 ᠣᠨ᠎ᠤ 11   ᠳ᠋ᠦ᠍ᠭᠡᠷ ᠰᠠᠷ᠎ᠠ ᠵᠢᠨ 1᠎ᠤ ᠡᠳᠦᠷ᠎ᠤᠨ ᠳᠠᠩ ᠴᠠᠭ ᠪᠣᠯᠤᠨ᠎ᠠ᠃
ᠭᠤᠷᠪᠠ᠂ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ
ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠬᠣᠯᠪᠣᠭᠳᠠᠬᠤ ᠬᠡᠪᠴᠢᠶ᠎ᠡ ᠥᠷᠭᠡᠨ᠂ ᠣᠷᠣᠯᠴᠠᠬᠤ ᠰᠠᠯᠠᠭ᠎ᠠ ᠮᠥᠴᠢᠷ ᠣᠯᠠᠨ᠂ ᠮᠡᠷᠭᠡᠵᠢᠯ᠎ᠤᠨ ᠱᠠᠭ᠋ᠠᠷᠳᠠᠯᠭ᠎ᠠ ᠥᠨᠳᠥᠷ᠂ ᠠᠵᠢᠯ᠎ᠤᠨ ᠬᠦᠴᠢᠷᠳᠡᠯ ᠶᠡᠬᠡ ᠪᠣᠯᠬᠣᠷ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ 《ᠪᠦᠬᠦ ᠤᠯᠤᠰ᠎ᠲᠤ ᠨᠢᠭᠡᠳᠦᠯᠲᠡᠶ ᠤᠳᠤᠷᠢᠳᠬᠤ᠂ ᠰᠠᠯᠠᠭ᠎ᠠ ᠮᠥᠴᠢᠷ᠎ᠤᠳ ᠠᠵᠢᠯ ᠵᠶ᠋ᠠᠨ ᠬᠤᠪᠢᠳᠠᠨ ᠬᠠᠮᠵᠢᠯᠴᠠᠬᠤ᠂ ᠣᠷᠣᠨ ᠨᠤᠲᠤᠭ ᠱᠠᠲᠤ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠵᠢᠨ᠎ᠬᠢᠨ ᠬᠠᠮᠲᠤᠪᠠᠷ ᠣᠷᠣᠯᠴᠠᠬᠤ》 ᠵᠠᠷᠴᠢᠮ᠎ᠤᠨ ᠶᠣᠰᠣᠭ᠋ᠠᠷ᠂ ᠨᠡᠶ᠋ᠢᠳᠡᠮ ᠪᠠᠶ᠋ᠢᠴᠠᠭ᠋ᠠᠯᠲᠠ ᠵᠢᠨ ᠤᠬᠠᠭᠤᠯᠤᠨ ᠳᠠᠶ᠋ᠢᠴᠢᠯᠠᠬᠤ ᠪᠠ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠠᠵᠢᠯ᠎ᠢ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠶ᠃
ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠵᠢᠨ ᠲᠤᠰᠠᠳᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ ᠪᠠᠶ᠋ᠢᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠶᠠᠪᠤᠭᠳᠠᠭᠤᠯᠬᠤ ᠳᠤᠮᠳᠠᠬᠢ ᠴᠢᠬᠤᠯᠠ ᠶᠡᠬᠡ ᠠᠰᠠᠭᠤᠳᠠᠯ᠎ᠢ ᠰᠤᠳᠤᠯᠬᠤ ᠪᠠ ᠰᠢᠢᠳᠪᠦᠷᠢᠲᠦ ᠪᠣᠳᠣᠯᠭ᠎ᠠ ᠲᠣᠭᠲᠠᠭ᠋ᠠᠬᠤ ᠵᠢ ᠬᠠᠷᠢᠭᠤᠴᠠᠭᠤᠯᠬᠤ᠎ᠪᠠᠷ ᠲᠣᠭᠲᠠᠭ᠋ᠠᠪᠠ᠃ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠳᠤ ᠭᠠᠷᠭ᠋ᠠᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠢ ᠪᠣᠳᠠᠲᠠᠶ ᠬᠠᠷᠢᠭᠤᠴᠠᠭᠤᠯᠬᠤ ᠬᠡᠷᠡᠭᠲᠡᠶ᠃ ᠡᠯ᠎ᠡ ᠪᠦᠷᠢᠯᠳᠦᠬᠦᠨ ᠨᠢᠭᠡᠴᠡ᠎ᠨᠦᠭᠦᠳ ᠡᠭᠦᠷᠭᠡ ᠴᠢᠳᠠᠪᠤᠷᠢ ᠵᠢᠨ ᠬᠤᠪᠢᠶᠠᠷᠢᠯᠠᠯ ᠶᠣᠰᠣᠭ᠋ᠠᠷ᠂ ᠲᠣᠰ ᠲᠣᠰ᠎ᠤᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠨᠢᠭᠲᠠ ᠬᠠᠮᠵᠢᠯᠴᠠᠨ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠬᠠᠮᠲᠤᠪᠠᠷ ᠰᠠᠶ᠋ᠢᠲᠤᠷ ᠬᠢᠬᠦ ᠬᠡᠷᠡᠭᠲᠡᠶ᠃ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠳᠤᠮᠳᠠ ᠲᠤᠯᠭ᠋ᠠᠷᠠᠭᠰᠠᠨ ᠬᠦᠴᠢᠷᠳᠡᠯ ᠪᠣᠯᠤᠨ ᠠᠰᠠᠭᠤᠳᠠᠯ᠎ᠢ ᠴᠠᠭ ᠲᠤᠬᠠᠶ᠎ᠳᠤᠨᠢ ᠠᠷᠭ᠎ᠠ ᠬᠡᠮᠵᠢᠶ᠎ᠡ ᠠᠪᠴᠤ ᠰᠢᠢᠳᠪᠦᠷᠢᠯᠡᠬᠦ ᠬᠡᠷᠡᠭᠲᠡᠶ᠃
ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ   ᠵᠤᠬᠢᠴᠠᠭᠰᠠᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ ᠵᠢᠴᠢ ᠠᠯᠪᠠᠨ ᠭᠡᠷ ᠪᠠᠶ᠋ᠢᠭᠤᠯᠵᠤ᠂ ᠲᠣᠰ ᠭᠠᠵᠠᠷ ᠣᠷᠣᠨ᠎ᠤ᠎ᠪᠠᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠶ᠃ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠪᠣᠯᠤᠨ ᠰᠢᠶᠠᠩ ᠪᠠᠯᠭ᠋ᠠᠰᠤ ᠵᠢᠨ ᠵᠠᠰᠠᠭ᠎ᠤᠨ ᠣᠷᠳᠣᠨ᠂ ᠰᠠᠭᠤᠭ᠋ᠠᠯᠢ ᠠᠷᠠᠳ᠎ᠤᠨ ᠵᠥᠪᠯᠡᠯ ᠪᠣᠯᠤᠨ ᠲᠣᠰᠬᠣᠨ᠎ᠤ ᠠᠷᠠᠳ᠎ᠤᠨ ᠵᠥᠪᠯᠡᠯ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠨᠡᠶ᠋ᠢᠭᠡᠮ᠎ᠤᠨ ᠬᠦᠴᠦᠨ᠎ᠢ ᠥᠷᠭᠡᠨ ᠵᠶ᠋ᠠᠷ ᠬᠥᠲᠥᠯᠥᠨ ᠵᠢᠯᠣᠭᠣᠳᠴᠤ᠂ ᠳᠠᠶ᠋ᠢᠴᠢᠯᠠᠬᠤ ᠪᠠ ᠵᠣᠬᠢᠶᠠᠨ ᠪᠠᠶ᠋ᠢᠭᠤᠯᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠳᠤ ᠢᠳᠡᠪᠬᠢᠲᠡᠢ ᠣᠷᠣᠯᠴᠠᠭᠤᠯᠬᠤ ᠵᠢᠨ ᠬᠠᠮᠲᠤ ᠬᠢᠨᠠᠮᠠᠭ᠋ᠠᠶ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠶ᠃
ᠣᠷᠣᠨ ᠨᠤᠲᠤᠭ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠢ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠨᠥᠬᠥᠴᠡᠯ᠎ᠳᠤ ᠨᠡᠶ᠋ᠢᠴᠡᠬᠦ ᠨᠡᠶ᠋ᠢᠳᠡᠮ ᠪᠠᠶ᠋ᠢᠴᠠᠭ᠋ᠠᠯᠲᠠ ᠵᠢᠨ ᠵᠢᠭ᠋ᠠᠨ ᠵᠢᠯᠣᠭᠣᠳᠣᠭᠴᠢ ᠪᠣᠯᠤᠨ ᠨᠡᠶ᠋ᠢᠳᠡᠮ ᠪᠠᠶ᠋ᠢᠴᠠᠭ᠋ᠠᠭᠴᠢ ᠵᠢ ᠤᠷᠢᠨ ᠬᠡᠷᠡᠭᠯᠡᠬᠦ ᠪᠤᠶᠤ ᠬᠣᠯᠪᠣᠭᠳᠠᠯ ᠪᠦᠬᠦᠢ ᠨᠢᠭᠡᠴᠡ᠎ᠠᠴᠠ ᠵᠢᠭᠡᠯᠡᠨ ᠬᠡᠷᠡᠭᠯᠡᠵᠦ ᠪᠣᠯᠤᠨ᠎ᠠ᠃ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠡᠩᠨᠡᠭᠡ ᠵᠢ ᠲᠣᠭᠲᠠᠭᠤᠨ ᠪᠠᠶ᠋ᠢᠯᠭ᠋ᠠᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠤᠷᠤᠭᠰᠢᠲᠠᠶ ᠶᠠᠪᠤᠭᠳᠠᠬᠤ ᠵᠢ ᠦᠨᠡᠨᠬᠦ ᠪᠠᠲᠤᠯᠠᠬᠤ ᠵᠢᠨ ᠲᠤᠰᠠᠳᠠ᠂ ᠤᠷᠢᠨ ᠬᠡᠷᠡᠭᠯᠡᠬᠦ ᠬᠥᠮᠦᠰ᠎ᠤᠨ ᠬᠥᠳᠡᠯᠮᠦᠷᠢ ᠵᠢᠨ ᠬᠥᠯᠥᠰᠥ ᠣᠯᠭᠣᠮᠵᠢ ᠵᠢ ᠴᠠᠭ ᠲᠤᠬᠠᠶ᠎ᠳᠤᠨᠢ ᠣᠯᠭᠣᠵᠤ᠂ ᠵᠢᠭᠡᠯᠡᠵᠦ ᠠᠵᠢᠯᠯᠠᠭᠤᠯᠬᠤ ᠬᠥᠮᠦᠰ᠎ᠤᠨ ᠤᠤᠯ᠎ᠤᠨ ᠨᠢᠭᠡᠴᠡ᠎ᠳᠠᠬᠢ ᠴᠠᠯᠢᠩ᠂ ᠠᠰᠠᠷᠠᠮᠵᠢ ᠵᠢᠴᠢ ᠪᠤᠰᠤᠳ ᠣᠯᠭᠣᠮᠵᠢ ᠵᠢ᠎ᠨᠢ ᠬᠤᠪᠢᠷᠠᠭᠤᠯᠬᠤ ᠦᠭᠡᠢ ᠪᠠᠶ᠋ᠢᠯᠭ᠋ᠠᠬᠤ ᠵᠢᠨ ᠬᠠᠮᠲᠤ ᠤᠤᠯ᠎ᠤᠨ ᠠᠵᠢᠯ᠎ᠤᠨ ᠪᠠᠶ᠋ᠢᠷᠢ ᠵᠢ᠎ᠨᠢ ᠦᠯᠡᠳᠡᠭᠡᠬᠦ ᠬᠡᠷᠡᠭᠲᠡᠶ᠃
ᠳᠦᠷᠪᠡ᠂ ᠵᠠᠷᠤᠳᠠᠯ᠎ᠤᠨ ᠪᠠᠲᠤᠯᠠᠭ᠎ᠠ
ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ᠎ᠳᠤ ᠬᠡᠷᠡᠭᠰᠡᠬᠦ ᠵᠠᠷᠤᠳᠠᠯ᠎ᠢ ᠲᠥᠪ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠠᠮᠲᠤᠪᠠᠷ ᠡᠭᠦᠷᠭᠡᠯᠡᠬᠦ ᠵᠢᠨ ᠬᠠᠮᠲᠤ ᠣᠨ᠎ᠤ ᠡᠳ᠋᠎ᠤᠨ ᠵᠠᠰᠠᠭ᠎ᠤᠨ ᠲᠥᠰᠦᠪ᠎ᠲᠡᠭᠡᠨ ᠣᠷᠣᠭᠤᠯᠵᠤ᠂ ᠬᠤᠭᠤᠴᠠᠭ᠎ᠠ ᠶᠣᠰᠣᠭ᠋ᠠᠷ ᠰᠠᠯᠭ᠋ᠠᠨ ᠥᠭᠴᠦ᠂ ᠪᠣᠳᠠᠲᠠᠶ᠋ᠢᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠶ᠃
ᠲᠠᠪᠤ᠂ ᠠᠵᠢᠯ᠎ᠤᠨ ᠱᠠᠭ᠋ᠠᠷᠳᠠᠯᠭ᠎ᠠ
ᠨᠢᠭᠡ ᠬᠠᠤᠯᠢ ᠶᠣᠰᠣᠭ᠋ᠠᠷ ᠨᠡᠶ᠋ᠢᠳᠡᠮ ᠪᠠᠶ᠋ᠢᠴᠠᠭ᠋ᠠᠯᠲᠠ ᠬᠢᠬᠦ ᠵᠢ ᠪᠠᠷᠢᠮᠲᠠᠯᠠᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ》᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ ᠵᠢ ᠬᠡᠷᠡᠭᠵᠢᠭᠦᠯᠬᠦ ᠳᠦᠷᠢᠮ》᠂ 《ᠪᠦᠬᠦ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠳᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠱᠠᠭ᠋ᠠᠷᠳᠠᠯᠭ᠎ᠠ ᠶᠣᠰᠣᠭ᠋ᠠᠷ᠂ ᠨᠡᠶ᠋ᠢᠳᠡᠮ ᠪᠠᠶ᠋ᠢᠴᠠᠭ᠋ᠠᠯᠲᠠ ᠵᠢᠨ ᠡᠯ᠎ᠡ ᠵᠦᠢᠯ᠎ᠤᠨ ᠠᠵᠢᠯ᠎ᠢ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠶ᠃ ᠨᠡᠶ᠋ᠢᠳᠡᠮ ᠪᠠᠶ᠋ᠢᠴᠠᠭ᠋ᠠᠯᠲᠠ᠎ᠳᠤ ᠣᠯᠤᠭᠰᠠᠨ ᠲᠣᠭ᠎ᠠ ᠪᠠᠷᠢᠮᠲᠠ ᠵᠢ ᠨᠡᠶ᠋ᠢᠳᠡᠮ ᠪᠠᠶ᠋ᠢᠴᠠᠭ᠋ᠠᠯᠲᠠ ᠵᠢᠨ ᠵᠣᠷᠢᠯᠭ᠎ᠠ᠎ᠳᠤ ᠬᠠᠷᠢᠶᠠᠯᠠᠭᠤᠯᠬᠤ ᠵᠢ ᠴᠢᠩᠭ᠎ᠠ ᠬᠢᠵᠠᠭ᠋ᠠᠷᠯᠠᠨ ᠲᠣᠭᠲᠠᠭ᠋ᠠᠵᠤ᠂ ᠶᠠᠮᠠᠷᠪᠠ ᠰᠠᠯᠠᠭ᠎ᠠ ᠮᠥᠴᠢᠷ ᠪᠣᠯᠤᠨ ᠨᠢᠭᠡᠴᠡ ᠵᠢᠨ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠠᠵᠢᠯ᠎ᠢ ᠬᠢᠨᠠᠨ ᠰᠢᠯᠭ᠋ᠠᠬᠤ᠂ ᠱᠠᠩᠨᠠᠵᠤ ᠲᠣᠷᠭ᠋ᠠᠬᠤ ᠵᠢᠨ ᠦᠨᠳᠦᠰᠦᠯᠡᠯ ᠪᠣᠯᠭ᠋ᠠᠵᠤ ᠪᠣᠯᠬᠤ ᠦᠭᠡᠢ᠃ ᠨᠡᠶ᠋ᠢᠳᠡᠮ ᠪᠠᠶ᠋ᠢᠴᠠᠭ᠋ᠠᠯᠲᠠ ᠵᠢᠨ ᠳᠤᠮᠳᠠ ᠣᠯᠤᠭᠰᠠᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠢ᠌ᠴᠠᠭ᠋ᠠᠭᠳᠠᠬᠤ ᠡᠲᠡᠭᠡᠳ᠎ᠤᠨ ᠪᠡᠶ᠎ᠡ ᠵᠢᠨ ᠭᠠᠷᠤᠯ᠎ᠢ ᠢᠯᠭ᠋ᠠᠨ ᠲᠠᠨᠢᠬᠤ ᠪᠤᠶᠤ ᠵᠦᠢᠴᠢᠯᠡᠨ ᠮᠠᠭ᠋ᠠᠳᠯᠠᠬᠤ ᠮᠠᠲ᠋ᠧᠷᠢᠶᠠᠯ᠎ᠢ ᠨᠡᠶ᠋ᠢᠳᠡᠮ ᠪᠠᠶ᠋ᠢᠴᠠᠭ᠋ᠠᠯᠲᠠ ᠵᠢᠨ ᠪᠠᠢ᠌ᠴᠠᠭ᠋ᠠᠭᠳᠠᠬᠤ ᠡᠲᠡᠭᠡᠳ᠎ᠢ ᠰᠢᠢᠳᠬᠡᠨ ᠲᠣᠷᠭ᠋ᠠᠬᠤ ᠵᠡᠷᠭᠡ ᠪᠣᠳᠠᠲᠠᠶ ᠵᠠᠰᠠᠭ ᠵᠠᠬᠢᠷᠭ᠋ᠠᠨ᠎ᠤ ᠦᠢ᠍ᠯᠡ ᠠᠵᠢᠯᠯᠠᠭ᠎ᠠ ᠵᠢᠨ ᠦᠨᠳᠦᠰᠦᠯᠡᠯ ᠪᠣᠯᠭ᠋ᠠᠵᠤ ᠪᠣᠯᠬᠤ ᠦᠭᠡᠢ᠃
(ᠬᠣᠶᠠᠷ) ᠳ᠋ᠠᠶ᠋ᠢᠲ᠋ᠠ ᠵᠢᠨ ᠶᠠᠰᠤ ᠴᠢᠨᠠᠷ᠎ᠢ ᠦᠨᠡᠨᠬᠦ ᠪᠠᠲᠤᠯᠠᠨ᠎ᠠ᠃ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠮᠥᠷᠳᠡᠨ ᠤᠬᠤᠴᠢᠯᠠᠬᠤ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠤᠭᠤᠳ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠳᠤᠮᠳᠠᠬᠢ ᠰᠠᠬᠢᠯᠭ᠎ᠠ ᠪᠠᠲᠤ ᠵᠢ ᠵᠥᠷᠢᠴᠡᠵᠦ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢᠳᠪᠦᠷᠢᠯᠡᠬᠦ ᠪᠠ ᠵᠠᠷᠯᠠᠨ ᠢᠯᠡᠴᠢᠯᠡᠬᠦ ᠡᠷᠴᠢᠮ ᠵᠶ᠋ᠠᠨ ᠨᠡᠮᠡᠭᠳᠡᠭᠦᠯᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠵᠣᠷᠢᠭᠤᠳᠠ ᠬᠠᠷᠰᠢᠯᠠᠬᠤ ᠦᠵᠡᠭᠳᠡᠯ᠎ᠢ ᠡᠷᠡᠰ ᠬᠣᠷᠢᠭᠯᠠᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠤᠷᠤᠭᠰᠢᠲᠠᠶ ᠶᠠᠪᠤᠭᠳᠠᠬᠤ ᠪᠠ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠦᠨᠡᠨ ᠪᠣᠳᠠᠲᠠᠶ ᠣᠨᠣᠪᠴᠢᠲᠠᠶ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠡᠶ᠃ ᠨᠡᠶ᠋ᠢᠳᠡᠮ ᠪᠠᠶ᠋ᠢᠴᠠᠭ᠋ᠠᠯᠲᠠ ᠵᠢᠨ ᠳᠤᠮᠳᠠ ᠣᠯᠵᠤ ᠮᠡᠳᠡᠭᠰᠡᠨ ᠨᠠᠮ᠎ᠤᠨ ᠰᠠᠬᠢᠯᠭ᠎ᠠ ᠪᠠᠲᠤ ᠵᠠᠰᠠᠭ᠎ᠤᠨ ᠶᠠᠪᠤᠳᠠᠯ᠎ᠤᠨ ᠰᠢᠢᠳᠬᠡᠯ ᠪᠤᠶᠤ ᠵᠣᠬᠢᠶᠠᠨ ᠪᠠᠶ᠋ᠢᠭᠤᠯᠤᠯᠲᠠ᠎ᠠᠴᠠ   ᠰᠢᠢ᠍ᠳᠪᠦᠷᠢᠯᠡᠭᠰᠡᠨ ᠲᠣᠭ᠎ᠠ ᠪᠦᠷᠢᠳᠬᠡᠯ᠎ᠤᠨ ᠰᠠᠬᠢᠯᠭ᠎ᠠ ᠪᠠᠲᠤ᠎ᠠᠴᠠ ᠵᠥᠷᠢᠴᠡᠵᠦ ᠬᠠᠤᠯᠢ᠎ᠠᠴᠠ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠭᠴᠢ᠎ᠳᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠲᠣᠭᠲᠠᠭ᠋ᠠᠯ ᠶᠣᠰᠣᠭ᠋ᠠᠷ ᠰᠢᠢᠳᠬᠡᠯ ᠥᠭᠴᠦ ᠰᠢᠢᠳᠪᠦᠷᠢᠯᠡᠬᠦ ᠰᠠᠨᠠᠭᠤᠯᠭ᠎ᠠ ᠳᠤᠷᠠᠳᠬᠤ ᠵᠢᠨ ᠬᠠᠮᠲᠤ ᠲᠣᠮᠢᠯᠠᠵᠤ ᠪᠠᠭᠤᠯᠭ᠋ᠠᠬᠤ ᠪᠠᠶ᠋ᠢᠭᠤᠯᠤᠯᠭ᠎ᠠ᠂ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠤᠯᠭ᠎ᠠ ᠪᠤᠶᠤ ᠵᠣᠬᠢᠶᠠᠨ ᠪᠠᠶ᠋ᠢᠭᠤᠯᠬᠤ (ᠠᠵᠢᠯᠲᠠᠨ᠎ᠤ ᠶᠠᠪᠤᠳᠠᠯ) ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠰᠢᠯᠵᠢᠭᠦᠯᠦᠨ ᠬᠦᠷᠭᠡᠬᠦ ᠬᠡᠷᠡᠭᠲᠡᠶ᠃
(ᠭᠤᠷᠪᠠ) ᠮᠡᠳᠡᠭᠡ ᠵᠠᠩᠭᠢᠵᠢᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃   ᠠᠲ᠋ᠤᠴᠢᠯᠠᠭᠰᠠᠨ ᠠᠷᠭ᠎ᠠ ᠮᠠᠶᠢᠭ ᠵᠶ᠋ᠠᠷ ᠨᠡᠶ᠋ᠢᠳᠡᠮ ᠪᠠᠶ᠋ᠢᠴᠠᠭ᠋ᠠᠯᠲᠠ ᠵᠢᠨ ᠳᠠᠩᠰᠠᠯᠠᠨ ᠲᠡᠮᠳᠡᠭᠯᠡᠬᠦ ᠵᠢ ᠥᠷᠨᠢᠭᠦᠯᠵᠦ᠂ ᠤᠶᠤᠨᠲᠤ ᠭᠠᠷ ᠤᠲᠠᠰᠤ ᠵᠢ ᠬᠡᠷᠡᠭᠯᠡᠨ ᠲᠣᠭ᠎ᠠ ᠪᠠᠷᠢᠮᠲᠠ ᠴᠤᠭᠯᠠᠭᠤᠯᠬᠤ ᠵᠢ ᠰᠦᠪᠡᠭᠴᠢᠯᠡᠨ᠎ᠡ᠃ ᠰᠠᠯᠠᠭ᠎ᠠ ᠮᠦᠴᠢᠷ᠎ᠤᠨ ᠵᠠᠰᠠᠭ ᠵᠠᠬᠢᠷᠭ᠋ᠠᠨ᠎ᠤ ᠲᠡᠮᠳᠡᠭᠯᠡᠯ᠎ᠢ ᠦᠷᠭᠡᠨ ᠵᠶ᠋ᠡᠷ ᠬᠡᠷᠡᠭᠯᠡᠵᠦ᠂ ᠲᠣᠮᠣ ᠳ᠋ᠠᠶ᠋ᠢᠲ᠋ᠠ ᠵᠢᠨ ᠨᠡᠶ᠋ᠢᠳᠡᠮ ᠪᠠᠶ᠋ᠢᠴᠠᠭ᠋ᠠᠯᠲᠠ ᠳᠤᠮᠳᠠᠬᠢ ᠬᠡᠷᠡᠭᠯᠡᠯᠲᠡ ᠵᠢ ᠲᠦᠯᠬᠢᠨ ᠠᠬᠢᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠴᠤᠭᠯᠠᠭᠤᠯᠤᠨ ᠰᠢᠢᠳᠪᠦᠷᠢᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ᠃ ᠪᠦᠬᠦ ᠶᠠᠪᠤᠴᠠ᠎ᠳᠤ ᠠᠷᠠᠳ ᠢᠷᠭᠡᠳ᠎ᠤᠨ ᠬᠤᠪᠢ ᠬᠥᠮᠦᠨ᠎ᠤ ᠮᠡᠳᠡᠭᠡ ᠵᠠᠩᠭᠢ ᠵᠢᠨ ᠬᠠᠮᠠᠭ᠋ᠠᠯᠠᠯᠲᠠ ᠵᠢ ᠴᠢᠩᠭ᠋ᠠᠳᠬᠠᠵᠤ᠂ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠵᠢᠴᠢ ᠲᠡᠭᠦᠨ᠎ᠤ ᠠᠵᠢᠯᠲᠠᠳ ᠡᠷᠬᠡᠪᠰᠢ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠴᠢᠩᠭ᠎ᠠ ᠭᠦᠢᠴᠡᠳᠬᠡᠵᠦ᠂ ᠶᠠᠮᠠᠷᠪᠠ ᠪᠠᠶ᠋ᠢᠭᠤᠯᠤᠮᠵᠢ᠂ ᠨᠢᠭᠡᠴᠡ᠂ ᠬᠤᠪᠢ ᠬᠥᠮᠦᠨ᠎ᠳᠤ ᠠᠷᠠᠳ ᠢᠷᠭᠡᠳ᠎ᠤᠨ ᠬᠤᠪᠢ ᠬᠥᠮᠦᠨ᠎ᠤ ᠮᠡᠳᠡᠭᠡ ᠵᠠᠩᠭᠢ ᠵᠢ ᠵᠠᠳᠠᠷᠠᠭᠤᠯᠬᠤ ᠪᠤᠶᠤ ᠬᠤᠳᠠᠯᠳᠤᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃
(ᠳᠦᠷᠪᠡ) ᠤᠬᠠᠭᠤᠯᠭ᠎ᠠ ᠵᠢᠨ ᠠᠵᠢᠯ᠎ᠢ ᠴᠢᠩᠭ᠋ᠠᠳᠬᠠᠬᠤ ᠬᠡᠷᠡᠭᠲᠡᠶ᠃ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠤᠭᠤᠳ ᠤᠬᠠᠭᠤᠯᠬᠤ ᠰᠠᠯᠠᠭ᠎ᠠ ᠮᠥᠴᠢᠷ᠎ᠲᠠᠢ ᠬᠠᠮᠲᠤᠷᠠᠨ ᠨᠡᠶ᠋ᠢᠳᠡᠮ ᠪᠠᠶ᠋ᠢᠴᠠᠭ᠋ᠠᠯᠲᠠ ᠵᠢᠨ ᠤᠬᠠᠭᠤᠯᠭ᠎ᠠ ᠵᠢ ᠲᠥᠰᠦᠪᠯᠡᠬᠦ ᠪᠠ ᠵᠣᠬᠢᠶᠠᠨ ᠪᠠᠶ᠋ᠢᠭᠤᠯᠬᠤ ᠠᠵᠢᠯ᠎ᠢ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠶ᠃ ᠣᠯᠠᠨ ᠵᠦᠢᠯ᠎ᠤᠨ ᠠᠷᠭ᠎ᠠ ᠪᠠᠷᠢᠯ᠎ᠢ ᠬᠡᠷᠡᠭᠯᠡᠨ᠂ ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠴᠢᠬᠤᠯᠠ ᠠᠴᠢ ᠬᠣᠯᠪᠣᠭᠳᠠᠯ ᠪᠣᠯᠤᠨ ᠱᠠᠭ᠋ᠠᠷᠳᠠᠯᠭ᠎ᠠ ᠵᠢ ᠥᠷᠭᠡᠨ ᠳᠡᠯᠭᠡᠷ ᠭᠦᠨᠵᠡᠭᠡᠶ ᠤᠬᠠᠭᠤᠯᠵᠤ᠂ ᠥᠷᠭᠡᠨ ᠣᠯᠠᠨ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠨᠡᠶ᠋ᠢᠳᠡᠮ ᠪᠠᠶ᠋ᠢᠴᠠᠭ᠋ᠠᠯᠲᠠ᠎ᠳᠤ ᠬᠠᠤᠯᠢ ᠶᠣᠰᠣᠭ᠋ᠠᠷ ᠬᠠᠮᠵᠢᠯᠴᠠᠭᠤᠯᠤᠨ᠂ ᠨᠡᠶ᠋ᠢᠳᠡᠮ ᠪᠠᠶ᠋ᠢᠴᠠᠭ᠋ᠠᠯᠲᠠ ᠵᠢᠨ ᠲᠥᠷᠥᠯ ᠵᠦᠢᠯ᠎ᠢ ᠦᠨᠡᠨ ᠪᠣᠳᠠᠲᠠᠶ᠎ᠪᠠᠷ ᠮᠡᠳᠡᠭᠦᠯᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠤᠷᠤᠭᠰᠢᠲᠠᠶ ᠶᠠᠪᠤᠭᠳᠠᠬᠤ᠎ᠳᠤ ᠰᠠᠶ᠋ᠢᠨ ᠰᠠᠶ᠋ᠢᠬᠠᠨ ᠶᠠᠷᠢᠶ᠎ᠠ ᠬᠡᠯᠡᠯᠴᠡᠭᠡᠨ᠎ᠤ ᠣᠷᠴᠢᠨ ᠲᠣᠭᠣᠷᠢᠨ᠎ᠢ ᠪᠤᠢ ᠪᠣᠯᠭ᠋ᠠᠬᠤ ᠬᠡᠷᠡᠭᠲᠡᠶ᠃
ᠳᠠᠭ᠋ᠠᠯᠳᠤᠭᠤᠯᠤᠯ᠄ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠎ᠤ ᠨᠡᠷᠡᠰ
ᠲᠥᠷᠥ ᠵᠢᠨ ᠶᠠᠪᠤᠳᠠᠯ᠎ᠤᠨ ᠬᠣᠷᠢᠶ᠎ᠠ
2019 ᠣᠨ 10 ᠰᠠᠷ᠎ᠠ ᠵᠢᠨ 31᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ᠎ᠪᠠᠷ ᠨᠡᠶ᠋ᠢᠲᠡᠯᠡᠪᠡ)
ᠳᠠᠭ᠋ᠠᠯᠳᠤᠭᠤᠯᠤᠯ
ᠲᠥᠷᠦ ᠵᠢᠨ ᠶᠠᠪᠤᠳᠠᠯ᠎ᠤᠨ ᠬᠣᠷᠢᠶᠠᠨ᠎ᠤ ᠳᠣᠯᠣᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ
ᠤᠳᠤᠷᠢᠳᠬᠤ ᠪᠠᠭ᠎ᠠ ᠳᠤᠭᠤᠢ᠌ᠯᠠᠩ᠎ᠤᠨ ᠪᠦᠷᠢᠯᠳᠦᠬᠦᠨ᠎ᠤ ᠨᠡᠷᠡᠰ
ᠳᠤᠭᠤᠶ᠋ᠢᠯᠠᠩ᠎ᠤᠨ ᠳᠠᠷᠤᠭ᠎ᠠ᠄ ᠬᠠᠨ ᠵᠧᠩ   ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠡᠳ᠋ ᠶᠡᠷᠦᠩᠬᠡᠶ ᠰᠠᠶ᠋ᠢᠳ
ᠳ᠋ᠢᠩ ᠰᠢᠤᠸᠠᠢ ᠳ᠋ᠦᠩ   ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠡᠳ᠋ ᠨᠠᠷᠢᠨ ᠪᠢᠴᠢᠭ᠎ᠤᠨ ᠳᠠᠷᠤᠭ᠎ᠠ
ᠨᠢᠩ ᠵᠢᠶ ᠵᠧ   ᠲᠣᠭ᠎ᠠ ᠪᠦᠷᠢᠳᠬᠡᠯ᠎ᠤᠨ ᠲᠣᠪᠴᠢᠶᠠᠨ᠎ᠤ ᠲᠤᠪᠴᠢᠶᠠᠨ ᠳᠠᠷᠤᠭ᠎ᠠ
ᠯᠢᠶᠠᠨ ᠸᠧᠶ ᠯᠢᠶᠠᠩ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠳᠡᠳ᠋ ᠡᠷᠬᠢᠯᠡᠭᠴᠢ
ᠰᠦᠨ ᠯᠢ ᠵᠢᠶᠦ᠋ᠨ ᠳᠣᠲᠣᠭ᠋ᠠᠳᠤ ᠵᠢ ᠬᠠᠮᠠᠭ᠋ᠠᠯᠠᠬᠤ ᠶᠠᠮᠤᠨ᠎ᠤ ᠳᠡᠳ᠋ ᠰᠠᠶ᠋ᠢᠳ
ᠸᠠᠩ ᠭᠤᠸᠠᠩ ᠬᠤᠸᠠ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠎ᠤ ᠳᠡᠳ᠋ ᠰᠠᠶ᠋ᠢᠳ
᠎ᠨᠢ ᠬᠣᠩ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠶᠠᠮᠤᠨ᠎ᠤ ᠳᠡᠳ᠋ ᠰᠠᠶ᠋ᠢᠳ
ᠢᠦᠶ ᠰᠢᠤᠸᠠᠢ ᠵᠢᠶᠦ᠋ᠨ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠤᠨ ᠳᠡᠳ᠋ ᠡᠷᠬᠢᠯᠡᠭᠴᠢ
ᠭᠡᠰᠢᠭᠦᠨ᠄ ᠯᠢᠶᠠᠩ ᠶᠠᠨ ᠱᠦᠨ᠂ ᠲᠦᠪ᠎ᠤᠨ ᠤᠬᠠᠭᠤᠯᠭ᠎ᠠ ᠵᠢᠨ ᠶᠠᠮᠤᠨ᠎ᠤ ᠳᠡᠳ᠋ ᠬᠡᠯᠲᠡᠰ᠎ᠤᠨ ᠳᠠᠷᠤᠭ᠎ᠠ
ᠶᠠᠩ ᠰᠢᠶᠣᠤ ᠸᠧᠶ ᠲᠥᠪ᠎ᠤᠨ ᠢᠨᠲ᠋ᠧᠷ ᠰᠦᠯᠵᠢᠶᠡᠨ᠎ᠤ ᠮᠡᠳᠡᠭᠡ ᠵᠠᠩᠭᠢ ᠵᠢᠨ ᠠᠯᠪᠠᠨ ᠭᠡᠷ᠎ᠤᠨ ᠳᠡᠳ᠋ ᠡᠷᠬᠢᠯᠡᠭᠴᠢ
ᠵᠠᠩ ᠢᠦᠶ ᠬᠠᠩ ᠳᠤᠮᠳᠠᠳᠤ ᠤᠯᠤᠰ᠎ᠤᠨ ᠰᠢᠭᠤᠳ ᠬᠠᠷᠢᠶ᠎ᠠ ᠬᠠᠮᠢᠶᠠᠷᠤᠯᠲᠠ ᠵᠢᠨ ᠲᠣᠪᠴᠢᠶᠠᠨ᠎ᠤ ᠳᠡᠳ᠋ ᠲᠤᠪᠴᠢᠶᠠᠨ ᠳᠠᠷᠤᠭ᠎ᠠ
ᠰᠦᠨ ᠶᠣᠣ ᠰᠤᠷᠭ᠋ᠠᠨ ᠬᠥᠮᠦᠵᠢᠯ᠎ᠤᠨ ᠶᠠᠮᠤᠨ᠎ᠤ ᠳᠡᠳ᠋ ᠰᠠᠶ᠋ᠢᠳ
 ᠵᠣᠤ ᠶᠦᠩ ᠤᠯᠤᠰ᠎ᠤᠨ ᠦᠨᠳᠦᠰᠦᠲᠡᠨ᠎ᠤ ᠬᠡᠷᠡᠭ ᠡᠬᠢᠯᠡᠬᠦ ᠵᠦᠪᠯᠡᠯ᠎ᠤ ᠳᠡᠳ᠋ ᠡᠷᠬᠢᠯᠡᠭᠴᠢ
ᠭᠤᠤ ᠰᠢᠶᠣᠤ ᠪᠢᠩ ᠠᠷᠠᠳ᠎ᠤᠨ ᠶᠠᠪᠤᠳᠠᠯ᠎ᠤᠨ ᠶᠠᠮᠤᠨ᠎ᠤ ᠳᠡᠳ᠋ ᠰᠠᠶ᠋ᠢᠳ
ᠯᠢᠦ ᠵᠤᠤ   ᠬᠠᠤᠯᠢ ᠴᠠᠭ᠋ᠠᠵᠠ ᠵᠢᠨ ᠶᠠᠮᠤᠨ᠎ᠤ ᠳᠡᠳ᠋ ᠰᠠᠶ᠋ᠢᠳ
ᠴᠧᠩ ᠯᠢ ᠬᠤᠸᠠ ᠡᠳ᠋᠎ᠤᠨ ᠵᠠᠰᠠᠭ᠎ᠤᠨ ᠶᠠᠮᠤᠨ᠎ᠤ ᠳᠡᠳ᠋ ᠰᠠᠶ᠋ᠢᠳ
ᠳᠠᠩ ᠲᠤᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠳᠡᠳ᠋ ᠰᠠᠶ᠋ᠢᠳ
ᠢᠦᠶ ᠺᠠᠩ ᠵᠧᠨ ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠎ᠤ ᠳᠡᠳ᠋ ᠰᠠᠶ᠋ᠢᠳ
ᠳᠠᠩ ᠵᠢᠶᠦ᠋ᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶᠠᠨ᠎ᠤ ᠳᠡᠳ᠋ ᠲᠤᠪᠴᠢᠶᠠᠨ ᠳᠠᠷᠤᠭ᠎ᠠ
ᠹᠠᠨ ᠸᠧᠶ ᠫᠢᠩ ᠷᠠᠳᠢᠣ᠋ ᠲᠧᠯᠸᠢᠰ᠎ᠤᠨ ᠶᠡᠷᠦᠩᠬᠡᠶ ᠲᠣᠪᠴᠢᠶᠠᠨ᠎ᠤ ᠳᠡᠳ᠋ ᠲᠤᠪᠴᠢᠶᠠᠨ ᠳᠠᠷᠤᠭ᠎ᠠ
ᠯᠢ ᠰᠢᠶᠣᠤ ᠴᠤᠤ ᠲᠣᠭ᠎ᠠ ᠪᠦᠷᠢᠳᠬᠡᠯ᠎ᠤᠨ ᠲᠣᠪᠴᠢᠶᠠᠨ᠎ᠤ ᠳᠡᠳ᠋ ᠲᠤᠪᠴᠢᠶᠠᠨ ᠳᠠᠷᠤᠭ᠎ᠠ
ᠵᠤᠤ ᠹᠧᠩ ᠲᠤᠤ ᠤᠯᠤᠰ᠎ᠤᠨ ᠬᠠᠮᠢᠶᠠᠷᠤᠯᠲᠠ ᠵᠢᠨ ᠲᠣᠪᠴᠢᠶᠠᠨ᠎ᠤ ᠳᠡᠳ᠋ ᠲᠤᠪᠴᠢᠶᠠᠨ ᠳᠠᠷᠤᠭ᠎ᠠ
ᠳ᠋ᠧᠩ ᠵᠦᠩ ᠬᠤᠸᠠ ᠰᠢᠶᠠᠩᠭ᠋ᠠᠩ ᠣᠣᠮᠧᠨ᠎ᠤ ᠠᠯᠪᠠᠨ ᠭᠡᠷ᠎ᠤᠨ ᠳᠡᠳ᠋ ᠡᠷᠬᠢᠯᠡᠭᠴᠢ
ᠭᠦᠸᠧ ᠸᠧᠶ ᠤᠯᠤᠰ᠎ᠤᠨ ᠰᠤᠳᠤᠯᠬᠤ ᠲᠠᠰᠤᠭ᠎ᠤᠨ ᠳᠡᠳ᠋ ᠡᠷᠬᠢᠯᠡᠭᠴᠢ
ᠯᠦᠩ ᠮᠢᠩ ᠪᠢᠶᠤᠤ ᠲᠠᠢ᠌ᠸᠠᠨ᠎ᠤ ᠠᠯᠪᠠᠨ ᠭᠡᠷ᠎ᠤᠨ ᠳᠡᠳ᠋ ᠡᠷᠬᠢᠯᠡᠭᠴᠢ
ᠶᠢᠨ ᠴᠧᠩ ᠵᠢᠶ ᠨᠡᠭᠦᠲᠡᠯ ᠠᠷᠠᠳ᠎ᠤᠨ ᠲᠣᠪᠴᠢᠶᠠᠨ᠎ᠤ ᠳᠡᠳ᠋ ᠲᠤᠪᠴᠢᠶᠠᠨ ᠳᠠᠷᠤᠭ᠎ᠠ
ᠾᠧ ᠬᠣᠩ ᠵᠢᠶᠦ᠋ᠨ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠤᠯᠤᠰ ᠲᠥᠷᠥ ᠵᠢᠨ ᠠᠵᠢᠯ᠎ᠤᠨ ᠬᠡᠯᠲᠡᠰ᠎ᠤᠨ ᠳᠡᠳ᠋ ᠡᠷᠬᠢᠯᠡᠭᠴᠢ
ᠴᠢᠶᠠᠨ ᠢ ᠫᠢᠩ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶᠠᠨ᠎ᠤ ᠠᠷᠤ ᠲᠠᠯ᠎ᠠ ᠵᠢᠨ ᠪᠠᠲᠤᠯᠠᠭ᠎ᠠ ᠵᠢᠨ ᠬᠡᠯᠲᠡᠰ᠎ᠤᠨ ᠳᠡᠳ᠋ ᠳᠠᠷᠤᠭ᠎ᠠ
ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠡᠷᠬᠢᠯᠡᠭᠴᠢ ᠵᠢᠨ ᠲᠤᠰᠢᠶᠠᠯ᠎ᠢ ᠲᠣᠭ᠎ᠠ ᠪᠦᠷᠢᠳᠬᠡᠯ᠎ᠤᠨ ᠲᠣᠪᠴᠢᠶᠠᠨ᠎ᠤ ᠳᠡᠳ᠋ ᠳᠠᠷᠤᠭ᠎ᠠ ᠯᠢ ᠰᠢᠶᠣᠤ ᠴᠤᠤ ᠬᠠᠪᠰᠤᠷᠭ᠋ᠠᠨ ᠡᠭᠦᠷᠭᠡᠯᠡᠪᠡ᠃

ᠢᠷᠡᠯᠲᠡ᠄
          
ᠬᠠᠮᠢᠶ᠎ᠡ ᠪᠦᠬᠦᠢ ᠰᠣᠨᠢᠨ
 
            