ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
 ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠤᠯᠤᠰ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠦᠨᠡᠨ ᠬᠦ᠌ ᠴᠢᠩᠭ᠋ᠠᠳᠬᠠᠬᠤ᠂ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠬᠦ ᠲᠤᠬᠠᠶ ᠰᠠᠨᠠᠯ
ᠨᠡᠶ᠋ᠢᠲᠡᠯᠡᠭᠰᠡᠨ ᠴᠠᠭ᠄ 2019-12-14

 ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠠᠴᠠ ᠲᠠᠷᠬᠠᠭ᠋ᠠᠭᠰᠠᠨ [2019] 50 ᠳ᠋ᠤᠭ᠋ᠠᠷ ᠲᠣᠭ᠋ᠠᠲᠤ
ᠡᠯ᠎ᠡ ᠮᠣᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠡᠯ᠎ᠡ ᠰᠠᠯᠠᠭ᠎ᠠ ᠮᠦᠴᠢᠷ᠂ ᠰᠢᠭᠤᠳ ᠬᠠᠷᠢᠶ᠎ᠠ ᠪᠠᠶ᠋ᠢᠭᠤᠯᠤᠮᠵᠢ᠎ᠨᠤᠭᠤᠳ᠎ᠲᠤ᠄
ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠂ ᠢᠯᠠᠩᠭᠤᠶ᠎ᠠ ᠠᠮᠤ ᠪᠤᠳᠠᠭ᠋ᠠᠨ᠎ᠤ ᠬᠠᠩᠭ᠋ᠠᠯᠭ᠎ᠠ ᠵᠢ ᠪᠠᠲᠤᠯᠠᠬᠤ ᠪᠣᠯ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ ᠵᠢᠨ ᠲᠡᠷᠢᠬᠦᠨ ᠴᠢᠬᠤᠯᠠ ᠡᠬᠦᠷᠭᠡ ᠪᠣᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠶ᠋ᠢᠭᠤᠯᠬᠤ ᠪᠣᠯ ᠠᠮᠤ ᠪᠤᠳᠠᠭ᠋ᠠᠨ᠎ᠤ ᠦᠢᠯᠡᠳᠪᠦᠷᠢᠯᠡᠯ᠎ᠤᠨ ᠴᠢᠳᠠᠪᠤᠷᠢ ᠵᠢ ᠪᠡᠬᠢᠵᠢᠭᠦᠯᠦᠨ ᠳᠡᠭᠡᠭᠰᠢᠯᠡᠭᠦᠯᠬᠦ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠵᠠᠩᠭᠢᠯᠠᠭ᠎ᠠ ᠵᠢᠨ ᠠᠷᠭ᠎ᠠ ᠬᠡᠮᠵᠢᠶ᠎ᠡ ᠮᠥᠨ᠃ ᠤᠢ᠌ᠷ᠎ᠠ ᠵᠢᠨ ᠵᠢᠯ᠎ᠠᠴᠠ ᠨᠠᠰᠢ᠂ ᠡᠯ᠎ᠡ ᠭᠠᠵᠠᠷ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠨᠠᠮ᠎ᠤᠨ ᠲᠥᠪ ᠬᠣᠷᠢᠶ᠎ᠠ᠂ ᠲᠥᠷᠦ ᠵᠢᠨ ᠶᠠᠪᠤᠳᠠᠯ᠎ᠤᠨ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠲᠤᠤᠱᠯᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠶᠡᠬᠡᠪᠡᠷ ᠠᠬᠢᠭᠤᠯᠵᠤ᠂ ᠮᠡᠳᠡᠭᠳᠡᠮ᠎ᠡ ᠦᠷ᠎ᠡ ᠪᠦᠲᠦᠮᠵᠢ ᠣᠯᠵᠠᠶ᠃ ᠭᠡᠪᠡᠴᠦ ᠮᠠᠨ᠎ᠤ ᠤᠯᠤᠰ᠎ᠤᠨ ᠲᠠᠷᠢᠶᠠᠯᠠᠩ᠎ᠤᠨ ᠰᠠᠭᠤᠷᠢ ᠲᠥᠬᠥᠭᠡᠷᠦᠮᠵᠢ ᠪᠠᠭᠤᠷᠠᠶ᠂ ᠭᠠᠮᠰᠢᠭ᠎ᠢ ᠰᠡᠷᠭᠡᠶ᠋ᠢᠯᠡᠬᠦ ᠭᠠᠮᠰᠢᠭ᠎ᠢ ᠡᠰᠡᠷᠭᠦᠴᠡᠬᠦ ᠭᠠᠮᠰᠢᠭ᠎ᠢ ᠪᠠᠭ᠋ᠠᠰᠬᠠᠬᠤ ᠴᠢᠳᠠᠪᠤᠷᠢ ᠰᠤᠯᠠ ᠳᠤᠷᠤᠢ ᠪᠠᠢ᠌ᠬᠤ ᠪᠠᠶ᠋ᠢᠳᠠᠯ᠎ᠢ ᠬᠠᠷᠠᠬᠠᠨ ᠦᠨᠳᠦᠰᠦᠨ᠎ᠠᠴᠠ᠎ᠨᠢ ᠬᠤᠪᠢᠷᠠᠭᠤᠯᠵᠤ ᠴᠢᠳᠠᠭ᠋ᠠᠳᠤᠶ᠂ ᠠᠮᠤ ᠪᠤᠳᠠᠭ᠋ᠠᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠰᠠᠭᠤᠷᠢ ᠮᠦᠨ ᠯᠡ ᠪᠡᠬᠡᠵᠢᠭᠡ ᠦᠭᠡᠢ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠦᠨᠡᠨᠬᠦ ᠴᠢᠩᠭ᠋ᠠᠳᠬᠠᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠬᠦ ᠵᠢᠨ ᠲᠤᠰᠠᠳᠠ᠂ ᠲᠥᠷᠥ ᠵᠢᠨ ᠶᠠᠪᠤᠳᠠᠯ᠎ᠤᠨ ᠬᠣᠷᠢᠶ᠎ᠠ᠎ᠪᠠᠷ ᠵᠥᠪᠰᠢᠶᠡᠷᠡᠭᠦᠯᠦᠭᠡᠳ᠂ ᠡᠳᠦᠭᠡ ᠳᠣᠤᠷᠠᠬᠢ ᠮᠡᠲᠦ ᠰᠠᠨᠠᠯ᠎ᠢ ᠳᠤᠷᠠᠳᠪᠠ᠃
ᠨᠢᠭᠡ᠂ ᠶᠡᠷᠦᠩᠬᠡᠶ ᠱᠠᠭ᠋ᠠᠷᠳᠠᠯᠭ᠎ᠠ
(ᠨᠢᠭᠡ) ᠵᠢᠯᠣᠭᠣᠳᠬᠤ ᠦᠵᠡᠯ ᠰᠠᠨᠠᠭ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ᠂ ᠳᠥᠷᠪᠡᠳᠦᠭᠡᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠤᠱᠯᠠᠭᠤᠯᠵᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ᠎ᠲᠠᠢ ᠨᠢᠭᠲᠠ ᠤᠶᠠᠯᠳᠤᠭᠤᠯᠵᠤ᠂ ᠬᠥᠳᠡᠭᠡ ᠠᠵᠤ ᠠᠬᠤᠢ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠱᠠᠭ᠋ᠠᠷᠳᠠᠯᠭ᠎ᠠ ᠶᠣᠰᠣᠭ᠋ᠠᠷ᠂ ᠠᠮᠤ ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠬᠦ᠎ᠳᠤ ᠭᠠᠵᠠᠷ ᠰᠢᠷᠣᠶ᠎ᠳᠤ ᠲᠦᠰᠢᠭᠯᠡᠬᠦ᠂ ᠮᠡᠷᠭᠡᠵᠢᠯ᠎ᠳᠤ ᠲᠦᠰᠢᠭᠯᠡᠬᠦ᠂ ᠠᠮᠤ ᠪᠤᠳᠠᠭ᠋ᠠᠨ᠎ᠤ ᠦᠢᠯᠡᠳᠪᠦᠷᠢᠯᠡᠯ᠎ᠤᠨ ᠴᠢᠳᠠᠪᠤᠷᠢ ᠵᠢ ᠳᠡᠭᠡᠭᠰᠢᠯᠡᠭᠦᠯᠬᠦ᠎ᠪᠠᠷ ᠲᠡᠷᠢᠬᠦᠨ ᠬᠠᠷᠠᠯᠲᠠ ᠪᠣᠯᠭ᠋ᠠᠬᠤ ᠬᠡᠷᠡᠭᠲᠡᠶ᠃ ᠭᠣᠤᠯᠳᠠᠯᠭ᠎ᠠ᠎ᠲᠠᠢ ᠣᠷᠣᠨ ᠪᠦᠰᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠡᠯᠡ ᠮᠥᠩᠭᠥ ᠵᠢ ᠨᠢᠭᠡᠳᠦᠯᠲᠡᠶ ᠲᠥᠯᠥᠪᠯᠡᠨ ᠡᠮᠬᠢᠯᠡᠨ ᠨᠡᠶ᠋ᠢᠯᠡᠭᠦᠯᠵᠦ᠂ ᠣᠷᠣᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠤᠨ᠂ ᠪᠦᠲᠦᠭᠡᠨ ᠪᠠᠶ᠋ᠢᠭᠤᠯᠤᠯᠲᠠ ᠵᠢᠨ ᠠᠭᠤᠯᠭ᠎ᠠ᠎ᠪᠠᠨ ᠲᠡᠭᠦᠯᠳᠡᠷᠵᠢᠭᠦᠯᠵᠦ᠂ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ᠎ᠪᠠᠨ ᠴᠢᠩᠭ᠋ᠠᠳᠬᠠᠨ᠂ ᠲᠠᠷᠢᠶᠠᠨ ᠭᠠᠵᠠᠷ᠎ᠢ ᠬᠠᠮᠠᠭ᠋ᠠᠯᠠᠬᠤ᠂   ᠲᠠᠷᠢᠶᠠᠨ ᠭᠠᠵᠠᠷ᠎ᠤᠨ ᠴᠢᠳᠠᠮᠵᠢ ᠵᠢ ᠳᠡᠭᠡᠭᠰᠢᠯᠡᠭᠦᠯᠬᠦ ᠪᠠ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢ ᠲᠣᠪᠣᠢ᠌ᠮ᠎ᠠ ᠰᠠᠶ᠋ᠢᠲᠤᠷ ᠠᠳᠬᠤᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠶᠡᠬᠡᠪᠡᠷ ᠲᠦᠯᠬᠢᠨ ᠠᠬᠢᠭᠤᠯᠵᠤ᠂ ᠲᠠᠷᠢᠶᠠᠯᠠᠩ᠎ᠤᠨ ᠰᠠᠭᠤᠷᠢ ᠪᠡᠯᠡᠳᠬᠡᠮᠵᠢ ᠵᠢᠨ ᠲᠤᠳᠠᠭᠳᠠᠯ᠎ᠢ ᠲᠦᠷᠭᠡᠳᠬᠡᠨ ᠨᠥᠬᠥᠪᠥᠷᠢᠯᠡᠵᠦ᠂ ᠬᠥᠷᠥᠰᠥ ᠰᠢᠷᠣᠶ ᠵᠢᠨ ᠡᠬᠢ ᠪᠠᠶᠠᠯᠢᠭ᠎ᠢ ᠳᠡᠭᠡᠭᠰᠢᠯᠡᠭᠦᠯᠦᠨ᠂ ᠲᠠᠷᠢᠶᠠᠨ ᠭᠠᠵᠠᠷ᠎ᠤᠨ ᠭᠠᠮᠰᠢᠭ᠎ᠢ ᠰᠡᠷᠭᠡᠶ᠋ᠢᠯᠡᠨ ᠭᠠᠮᠰᠢᠭ᠎ᠲᠠᠢ ᠲᠡᠮᠡᠴᠡᠵᠦ ᠭᠠᠮᠰᠢᠭ᠎ᠢ ᠪᠠᠭ᠋ᠠᠰᠬᠠᠬᠤ ᠴᠢᠳᠠᠪᠤᠷᠢ ᠵᠢ ᠦᠨᠡᠨᠬᠦ ᠨᠡᠮᠡᠭᠳᠡᠭᠦᠯᠵᠦ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠪᠠᠲᠤ ᠪᠡᠬᠢ ᠰᠠᠭᠤᠷᠢ ᠬᠠᠩᠭ᠋ᠠᠨ᠎ᠠ᠃
(ᠬᠣᠶᠠᠷ) ᠦᠨᠳᠦᠰᠦᠨ ᠵᠠᠷᠴᠢᠮ  
ᠰᠠᠭᠤᠷᠢ᠎ᠪᠠᠨ ᠪᠠᠲᠤᠳᠬᠠᠵᠤ᠂ ᠦᠢ᠍ᠯᠡᠳᠪᠦᠷᠢᠯᠡᠯ᠎ᠤᠨ ᠴᠢᠳᠠᠪᠤᠷᠢ ᠵᠢ ᠪᠠᠲᠤᠯᠠᠨ᠎ᠠ᠃ ᠠᠮᠤ ᠪᠤᠳᠠᠭ᠎ᠠ ᠪᠣᠯᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠳᠠᠪᠠᠭᠤᠯᠢᠭ ᠣᠷᠣᠨ᠎ᠢ ᠳᠣᠪᠣᠶ᠋ᠢᠯᠭ᠋ᠠᠵᠤ᠂ ᠲᠠᠷᠢᠶᠠᠨ ᠭᠠᠵᠠᠷ᠎ᠤᠨ ᠰᠠᠭᠤᠷᠢ ᠪᠡᠯᠡᠳᠬᠡᠮᠵᠢ ᠵᠢ ᠬᠦᠴᠦᠯᠡᠨ ᠲᠡᠭᠦᠯᠳᠡᠷᠵᠢᠭᠦᠯᠵᠦ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠳᠡᠭᠡᠭᠰᠢᠯᠡᠭᠦᠯᠦᠨ᠂ ᠲᠠᠷᠢᠶᠠᠯᠠᠩ᠎ᠤᠨ ᠦᠢᠯᠡᠳᠪᠦᠷᠢᠯᠡᠯ᠎ᠤᠨ ᠨᠥᠬᠥᠴᠡᠯ᠎ᠢ ᠦᠷᠭᠦᠯᠵᠢᠯᠡᠨ ᠰᠠᠶ᠋ᠢᠵᠢᠷᠠᠭᠤᠯᠵᠤ᠂ ᠠᠮᠤ ᠪᠤᠳᠠᠭ᠋ᠠᠨ᠎ᠤ ᠦᠢᠯᠡᠳᠪᠦᠷᠢᠯᠡᠯ᠎ᠤᠨ ᠴᠢᠳᠠᠪᠤᠷᠢ ᠵᠢ ᠲᠣᠭᠲᠠᠭᠤᠨ ᠵᠶ᠋ᠠᠷ ᠳᠡᠭᠡᠭᠰᠢᠯᠡᠭᠦᠯᠦᠨ᠂ ᠠᠮᠤ ᠪᠤᠳᠠᠭ᠋ᠠᠨ᠎ᠤ ᠦᠨᠳᠦᠰᠦᠨ ᠠᠶᠤᠯ ᠦᠭᠡᠢ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠡᠶ᠃
ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠤᠬᠢᠷᠠᠭᠤᠯᠤᠨ᠂ ᠶᠡᠷᠦᠩᠬᠡᠶ᠋ᠢᠯᠡᠨ ᠵᠠᠰᠠᠬᠤ ᠬᠡᠷᠡᠭᠲᠡᠶ᠃ ᠠᠮᠢ ᠠᠬᠤᠢ ᠵᠢᠨ ᠬᠠᠮᠠᠭ᠋ᠠᠯᠠᠯᠲᠠ ᠵᠢᠨ ᠬᠤᠷᠢᠭ᠎ᠠ ᠴᠠᠭ᠋ᠠᠵᠠ ᠵᠢ ᠴᠢᠩᠭ᠎ᠠ ᠰᠠᠬᠢᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠤᠭ ᠰᠤᠷᠪᠤᠯᠵᠢ ᠪᠠ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ᠂ ᠤᠰᠤᠨ᠎ᠤ ᠡᠬᠢ ᠪᠠᠶᠠᠯᠢᠭ᠎ᠢ ᠠᠰᠢᠭᠯᠠᠬᠤ ᠵᠡᠷᠭᠡ ᠲᠥᠯᠥᠪᠵᠢᠭᠦᠯᠭᠡ ᠵᠢ ᠦᠨᠳᠦᠰᠦᠯᠡᠨ᠂ ᠡᠯ᠎ᠡ ᠭᠠᠵᠠᠷ᠎ᠤᠨ ᠲᠠᠷᠢᠶᠠᠯᠠᠩ᠎ᠤᠨ ᠦᠢᠯᠡᠳᠪᠦᠷᠢᠯᠡᠯ᠎ᠤᠨ ᠣᠨᠴᠠᠯᠢᠭ᠎ᠢ ᠦᠨᠳᠦᠰᠦᠯᠡᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠪᠠᠶ᠋ᠢᠷᠢᠯᠠᠭᠤᠯᠤᠯᠲᠠ᠂ ᠪᠠᠷᠢᠮᠵᠢᠶ᠎ᠠ ᠪᠠ ᠠᠭᠤᠯᠭ᠎ᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠲᠠᠷᠢᠶᠠᠨ ᠭᠠᠵᠠᠷ ᠤᠰᠤᠨ ᠠᠰᠢᠭᠯᠠᠯᠲᠠ ᠣᠢ ᠰᠢᠭᠤᠶ ᠵᠠᠮ ᠬᠠᠷᠢᠯᠴᠠᠭ᠎ᠠ ᠴᠠᠬᠢᠯᠭ᠋ᠠᠨ᠎ᠤ ᠦᠢ᠍ᠯᠡᠰ᠎ᠤᠨ ᠶᠡᠷᠦᠩᠬᠡᠶ᠋ᠢᠯᠡᠭᠰᠡᠨ ᠢᠵᠢ ᠪᠦᠷᠢᠳᠦᠭᠦᠯᠬᠦ ᠵᠢ ᠲᠦᠯᠬᠢᠨ ᠠᠬᠢᠭᠤᠯᠤᠨ᠎ᠠ᠃
ᠬᠠᠤᠯᠢ ᠶᠣᠰᠣᠭ᠋ᠠᠷ ᠴᠢᠩᠭ᠎ᠠ ᠬᠠᠮᠢᠶᠠᠷᠴᠤ᠂ ᠤᠬᠢ ᠰᠠᠶ᠋ᠢᠨ ᠲᠠᠷᠢᠶ᠎ᠠ ᠵᠢ ᠠᠮᠤ ᠪᠤᠳᠠᠭ᠎ᠠ ᠪᠣᠯᠭ᠋ᠠᠨ ᠬᠡᠷᠡᠭᠯᠡᠬᠦ ᠬᠡᠷᠡᠭᠲᠡᠶ᠃ ᠬᠥᠳᠡᠭᠡ ᠲᠣᠰᠬᠣᠨ᠎ᠤ ᠭᠠᠵᠠᠷ ᠰᠢᠷᠣᠶ ᠵᠢᠨ ᠳᠠᠭ᠋ᠠᠭ᠋ᠠᠴᠢᠯᠠᠯᠲᠠ ᠵᠢᠨ ᠬᠠᠷᠢᠴᠠᠭ᠎ᠠ ᠵᠢ ᠲᠣᠭᠲᠠᠪᠤᠷᠢᠵᠢᠭᠤᠯᠵᠤ᠂ ᠬᠡᠷᠡᠭᠴᠡᠭᠡ ᠵᠢ ᠬᠠᠮᠢᠶᠠᠷᠤᠨ ᠡᠵᠡᠮᠳᠡᠬᠦ ᠵᠢ ᠴᠢᠩᠭ᠋ᠠᠳᠬᠠᠨ᠂ ᠬᠠᠮᠤᠭ᠎ᠤᠨ ᠴᠢᠩᠭ᠎ᠠ ᠬᠠᠮᠠᠭ᠋ᠠᠯᠠᠯᠳᠠ ᠵᠢᠨ ᠠᠷᠭ᠎ᠠ ᠬᠡᠮᠵᠢᠶ᠎ᠠ ᠵᠢ ᠬᠡᠷᠡᠭᠵᠢᠭᠦᠯᠵᠦ᠂ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠲᠡᠭᠦᠯᠳᠡᠷᠵᠢᠭᠦᠯᠦᠨ᠂ ᠦᠷ᠎ᠡ ᠠᠰᠢᠭ᠎ᠢ ᠤᠷᠳᠤ ᠬᠤᠭᠤᠴᠠᠭ᠎ᠠ᠎ᠪᠠᠷ ᠪᠠᠳᠠᠷᠠᠭᠤᠯᠬᠤ ᠵᠢ ᠦᠨᠡᠨ ᠬᠦ᠌ ᠪᠠᠲᠤᠯᠠᠨ᠎ᠠ᠃ ᠤᠷᠮᠠᠰᠢᠭᠤᠯᠬᠤ ᠪᠠ ᠬᠢᠵᠠᠭ᠋ᠠᠷᠯᠠᠬᠤ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠭᠣᠤᠯᠳᠠᠭᠤ ᠠᠮᠤ ᠪᠤᠳᠠᠭ᠋ᠠᠨ᠎ᠤ ᠦᠢᠯᠡᠳᠪᠦᠷᠢᠯᠡᠯ᠎ᠳᠤ ᠬᠡᠷᠡᠭᠯᠡᠬᠦ ᠵᠢ ᠳᠠᠮᠵᠢᠨ᠎ᠠ᠃
ᠵᠠᠰᠠᠭ᠎ᠤᠨ ᠣᠷᠳᠣᠨ ᠵᠶ᠋ᠠᠷ ᠭᠣᠤᠯᠯᠠᠭᠤᠯᠵᠤ᠂ ᠨᠡᠢ᠌ᠭᠡᠮ᠎ᠤᠨ ᠣᠯᠠᠨ ᠲᠠᠯ᠎ᠠ᠎ᠠᠴᠠ ᠣᠷᠣᠯᠴᠠᠨ᠎ᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠬᠠᠷᠢᠭᠤᠴᠠᠯᠭ᠎ᠠ ᠵᠢ ᠦᠨᠡᠨᠬᠦ ᠨᠠᠢ᠌ᠳᠠᠪᠤᠷᠢᠵᠢᠭᠤᠯᠬᠤ᠂ ᠪᠡᠯᠡ ᠮᠥᠩᠭᠥ ᠵᠢᠨ ᠣᠷᠣᠭᠤᠯᠤᠯᠲᠠ᠎ᠪᠠᠨ ᠦᠷᠭᠦᠯᠵᠢᠯᠡᠨ ᠨᠡᠮᠡᠭᠳᠡᠭᠦᠯᠵᠦ᠂ ᠨᠡᠶ᠋ᠢᠭᠡᠮ᠎ᠤᠨ ᠬᠦᠴᠦᠨ᠎ᠢ ᠢᠳᠡᠪᠬᠢᠲᠡᠶ᠎ᠪᠠᠷ ᠬᠥᠲᠥᠯᠥᠨ ᠵᠢᠯᠣᠭᠣᠳᠴᠤ ᠪᠠᠶ᠋ᠢᠭ᠋ᠠᠳ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠬᠦ ᠬᠡᠷᠡᠭᠲᠡᠶ᠃ ᠲᠠᠷᠢᠶᠠᠴᠢᠨ ᠪᠣᠯᠤᠨ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠵᠢᠨ ᠡᠵᠡᠨ ᠮᠡᠳᠡᠵᠦ ᠪᠡᠯᠡ ᠮᠥᠩᠭᠥ ᠴᠤᠭᠯᠠᠭᠤᠯᠤᠨ ᠬᠥᠳᠡᠯᠮᠦᠷᠢ ᠬᠦᠴᠦ ᠣᠷᠣᠭᠤᠯᠵᠤ᠂ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠪᠣᠯᠤᠨ ᠡᠵᠡᠩᠨᠡᠯᠲᠡ ᠬᠠᠮᠢᠶᠠᠷᠤᠯᠲᠠ᠎ᠳᠤ ᠣᠷᠣᠯᠴᠠᠬᠤ ᠵᠢ ᠵᠣᠷᠢᠭᠵᠢᠭᠤᠯᠤᠨ᠎ᠠ᠃
(ᠭᠤᠷᠪᠠ) ᠬᠠᠷᠠᠯᠲᠠ ᠡᠭᠦᠷᠭᠡ᠃ 2020 ᠣᠨ ᠪᠣᠯᠬᠤ᠎ᠳᠤ᠂ ᠪᠦᠬᠦ ᠤᠯᠤᠰ᠎ᠲᠤ 8 ᠳ᠋ᠦᠩᠰᠢᠭᠤᠷ ᠮᠦ᠍ ᠲᠥᠪᠯᠡᠷᠡᠨ ᠵᠠᠯᠭ᠋ᠠᠯᠳᠤᠭᠰᠠᠨ᠂ ᠭᠠᠩᠳᠠᠵᠤ ᠤᠰᠤᠲᠤᠪᠠᠴᠤ ᠬᠤᠷᠢᠶᠠᠯᠲᠠ ᠵᠢ ᠪᠠᠲᠤᠯᠠᠭᠰᠠᠨ᠂ ᠤᠰᠤ ᠠᠷᠪᠢᠯᠠᠬᠤ ᠥᠨᠳᠥᠷ ᠪᠦᠲᠦᠮᠵᠢᠲᠡᠶ᠂ ᠲᠣᠭᠲᠠᠭᠤᠨ ᠪᠥᠭᠡᠳ ᠥᠨᠳᠥᠷ ᠤᠨᠠᠯᠲᠠ᠎ᠲᠠᠢ᠂ ᠠᠮᠢ ᠠᠬᠤᠶ ᠵᠢ ᠬᠠᠮᠠᠭ᠋ᠠᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 8 ᠳ᠋ᠦᠩᠰᠢᠭᠤᠷ ᠮᠦ᠍ ᠪᠠᠶ᠋ᠢᠭᠤᠯᠤᠨ᠎ᠠ; 2022 ᠣᠨ ᠪᠣᠯᠬᠤ᠎ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 10 ᠳ᠋ᠦᠩᠰᠢᠭᠤᠷ ᠮᠤ᠌ ᠪᠠᠶ᠋ᠢᠭᠤᠯᠵᠤ᠂ ᠡᠭᠦᠨ ᠵᠶ᠋ᠠᠷ ᠲᠦᠮᠡᠨ ᠳ᠋ᠦᠩᠰᠢᠭᠤᠷ ᠵᠢᠩ᠎ᠠᠴᠠ ᠳᠡᠭᠡᠭᠰᠢ ᠠᠮᠤ ᠪᠤᠳᠠᠭ᠎ᠠ ᠵᠢ ᠦᠢᠯᠡᠳᠪᠦᠷᠢᠯᠡᠬᠦ ᠴᠢᠳᠠᠪᠤᠷᠢ ᠵᠢ ᠲᠣᠭᠲᠠᠭᠤᠨ ᠵᠶ᠋ᠠᠷ ᠪᠠᠲᠤᠯᠠᠨ᠎ᠠ; 2035 ᠣᠨ ᠪᠣᠯᠬᠤ᠎ᠳᠤ᠂ ᠦᠷᠭᠦᠯᠵᠢᠯᠡᠨ ᠥᠭᠡᠷᠡᠴᠢᠯᠡᠨ ᠳᠡᠭᠡᠭᠰᠢᠯᠡᠭᠦᠯᠬᠦ᠎ᠪᠠᠷ ᠳᠠᠮᠵᠢᠨ᠂ ᠪᠦᠬᠦ ᠤᠯᠤᠰ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠠᠲᠤᠯᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠪᠠᠲᠤᠯᠠᠭ᠎ᠠ ᠵᠢᠨ ᠰᠠᠭᠤᠷᠢ ᠵᠢ ᠲᠠᠰᠤᠷᠠᠯᠲᠠ ᠦᠭᠡᠢ ᠪᠡᠬᠢᠵᠢᠭᠦᠯᠦᠨ᠎ᠡ᠃
ᠬᠣᠶᠠᠷ᠂ ᠲᠥᠪᠯᠡᠷᠡᠩᠭᠦᠶ ᠨᠢᠭᠡᠳᠦᠯᠲᠡᠶ ᠪᠥᠭᠡᠳ ᠥᠨᠳᠥᠷ ᠪᠦᠲᠦᠮᠵᠢᠲᠡᠶ ᠬᠠᠮᠢᠶᠠᠷᠤᠯᠲᠠ ᠵᠢᠨ ᠰᠢᠨ᠎ᠡ ᠪᠠᠶ᠋ᠢᠭᠤᠯᠤᠯ᠎ᠢ ᠪᠠᠶ᠋ᠢᠭᠤᠯᠤᠨ᠎ᠠ
(ᠳᠥᠷᠪᠡᠨ) ᠨᠢᠭᠡᠳᠦᠯᠳᠡᠢ ᠲᠦᠯᠦᠪᠵᠢᠬᠦᠯᠭᠡ ᠪᠠᠶ᠋ᠢᠷᠢᠯᠠᠭᠤᠯᠤᠯᠲᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠲᠤᠰᠬᠠᠶ ᠲᠦᠷᠦᠯ ᠵᠦᠢ᠍ᠯ᠎ᠤᠨ ᠪᠠᠢ᠌ᠴᠠᠭ᠋ᠠᠯᠳᠠ ᠵᠢ ᠥᠷᠨᠢᠭᠦᠯᠵᠦ᠂ ᠡᠯ᠎ᠡ ᠭᠠᠵᠠᠷ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ᠂ ᠶᠠᠰᠤ ᠴᠢᠨᠠᠷ᠂ ᠲᠠᠷᠬᠠᠯᠲᠠ ᠪᠠ ᠠᠰᠢᠭᠯᠠᠯᠲᠠ ᠵᠢᠨ ᠪᠠᠶ᠋ᠢᠳᠠᠯ᠎ᠢ ᠪᠦᠬᠦ ᠲᠠᠯ᠎ᠠ᠎ᠪᠠᠷ ᠤᠢ᠌ᠯᠠᠭ᠋ᠠᠨ᠎ᠠ᠃ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠶ᠂ ᠤᠰᠤᠨ᠎ᠤ ᠡᠬᠢ ᠪᠠᠶᠠᠯᠢᠭ᠎ᠢ ᠠᠰᠢᠭᠯᠠᠬᠤ ᠵᠡᠷᠭᠡ ᠬᠣᠯᠪᠣᠭᠳᠠᠯ ᠪᠦᠬᠦᠢ ᠲᠥᠯᠥᠪᠵᠢᠭᠦᠯᠭᠡ᠎ᠲᠠᠢ ᠤᠶᠠᠯᠳᠤᠭᠤᠯᠤᠨ᠂ ᠪᠦᠬᠦ ᠤᠯᠤᠰ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ᠎ᠳᠤ ᠵᠠᠰᠠᠪᠤᠷᠢ ᠣᠷᠣᠭᠤᠯᠤᠨ ᠨᠠᠶ᠋ᠢᠷᠠᠭᠤᠯᠵᠤ᠂ ᠤᠯᠤᠰ᠂ ᠮᠣᠵᠢ᠂ ᠬᠣᠲᠠ᠂ ᠰᠢᠶᠠᠨ ᠳᠥᠷᠪᠡᠨ ᠱᠠᠲᠤᠨ᠎ᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢᠨ ᠰᠢᠰᠲ᠋ᠧᠮ᠎ᠢ ᠪᠦᠷᠢᠯᠳᠦᠭᠦᠯᠵᠦ᠂   ᠬᠦᠭᠵᠢᠬᠦᠯᠦᠯᠳᠡ ᠵᠢᠨ ᠪᠤᠯᠤᠮᠵᠢ᠎ᠲᠠᠢ ᠣᠷᠣᠨ ᠪᠦᠰᠡ ᠵᠢ ᠤᠨᠤᠪᠴᠢᠳᠠᠢ ᠬᠠᠢ᠌ᠵᠤ᠂ ᠬᠠᠷᠠᠯᠲᠠ ᠡᠭᠦᠷᠭᠡ ᠪᠠ ᠪᠦᠲᠦᠭᠡᠨ ᠪᠠᠶ᠋ᠢᠭᠤᠯᠤᠯᠲᠠ ᠵᠢᠨ ᠪᠠᠶ᠋ᠢᠷᠢᠰᠢᠯ᠎ᠢ ᠲᠣᠳᠣᠷᠬᠠᠶ᠋ᠢᠯᠠᠵᠤ᠂ ᠴᠢᠬᠤᠯᠠ ᠶᠡᠬᠡ ᠢᠨᠵᠧᠨᠧᠷᠢᠩ᠂ ᠭᠣᠤᠯᠳᠠᠯᠭ᠎ᠠ᠎ᠲᠠᠢ ᠲᠦᠷᠦᠯ ᠵᠦᠢ᠍ᠯ ᠪᠠ ᠴᠠᠭ᠎ᠤᠨ ᠳᠠᠷᠠᠭ᠋ᠠᠯᠠᠯ᠎ᠤᠨ ᠲᠣᠬᠢᠷᠠᠭᠤᠯᠤᠯᠲᠠ ᠵᠢ ᠲᠣᠭᠲᠠᠭ᠋ᠠᠨ᠎ᠠ᠃ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠴᠢᠬᠤᠯᠠ ᠠᠭᠤᠯᠭ᠎ᠠ ᠪᠣᠯᠭ᠋ᠠᠵᠤ᠂ ᠨᠢᠭᠡᠳᠦᠯᠲᠡᠶ ᠲᠥᠯᠥᠪᠵᠢᠭᠦᠯᠦᠨ᠂ ᠵᠡᠷᠭᠡ᠎ᠳᠤᠨᠢ ᠬᠡᠷᠡᠭᠵᠢᠬᠦᠯᠦᠨ᠎ᠡ᠃ ᠤᠳᠠᠭ᠋ᠠᠨ ᠬᠤᠭᠤᠴᠠᠭ᠋ᠠᠨ᠎ᠤ ᠦᠨᠳᠦᠰᠦᠨ ᠲᠠᠷᠢᠶᠠᠨ ᠭᠠᠵᠠᠷ᠎ᠤᠨ ᠬᠠᠮᠠᠭ᠋ᠠᠯᠠᠯᠲᠠ ᠵᠢᠨ ᠣᠷᠣᠨ᠂ ᠠᠮᠤ ᠪᠤᠳᠠᠭ᠋ᠠᠨ᠎ᠤ ᠦᠢᠯᠡᠳᠪᠦᠷᠢᠯᠡᠯ᠎ᠤᠨ ᠴᠢᠳᠠᠮᠵᠢᠲᠤ ᠣᠷᠣᠨ᠂ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ᠎ᠤ ᠦᠢᠯᠡᠳᠪᠦᠷᠢᠯᠡᠯ᠎ᠤᠨ ᠬᠠᠮᠠᠭ᠋ᠠᠯᠠᠯᠲᠠ ᠵᠢᠨ ᠣᠷᠣᠨ᠎ᠳᠤ ᠬᠦᠴᠦᠨ ᠵᠶ᠋ᠠᠨ ᠲᠥᠪᠯᠡᠷᠡᠭᠦᠯᠦᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠶ᠋ᠢᠭᠤᠯᠤᠨ᠎ᠠ᠃ ᠠᠮᠤ ᠪᠤᠳᠠᠭ᠋ᠠᠨ᠎ᠤ ᠦᠢᠯᠡᠳᠪᠦᠷᠢᠯᠡᠯ᠎ᠤᠨ ᠭᠣᠤᠯ ᠣᠷᠣᠨ᠎ᠨᠢ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠴᠢᠬᠤᠯᠠ ᠣᠷᠣᠨ ᠪᠦᠰᠡ ᠵᠢ ᠪᠤᠢ ᠪᠤᠯᠭ᠋ᠠᠬᠤ᠎ᠳᠤ ᠰᠠᠭᠤᠷᠢᠯᠠᠵᠤ᠂ ᠤᠷᠤᠨ ᠪᠦᠰᠡᠴᠢᠯᠡᠭᠰᠡᠨ ᠪᠦᠬᠦᠯᠢ ᠴᠣᠭᠴᠠ᠎ᠪᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠵᠢ ᠲᠦᠷᠭᠡᠳᠬᠡᠨ᠎ᠡ᠃ ᠠᠮᠤ ᠪᠤᠳᠠᠭ᠋ᠠᠨ᠎ᠤ ᠭᠣᠤᠯ ᠪᠣᠷᠣᠯᠠᠭᠤᠯᠭ᠎ᠠ ᠵᠢᠨ ᠣᠷᠣᠨ ᠪᠠ ᠣᠷᠣᠨ ᠨᠤᠲᠤᠭ᠎ᠤᠨ ᠲᠡᠩᠴᠡᠭᠦᠷᠢ ᠵᠢ ᠪᠠᠲᠤᠯᠠᠬᠤ ᠣᠷᠣᠨ᠎ᠤ᠎ᠬᠢᠨ ᠨᠢᠭᠡ ᠪᠦᠯᠦᠭ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠲᠦᠷᠭᠡᠪᠴᠢᠯᠡᠨ ᠪᠦᠲᠦᠭᠡᠨ ᠪᠠᠶ᠋ᠢᠭᠤᠯᠵᠤ᠂ ᠠᠮᠤ ᠪᠤᠳᠠᠭ᠎ᠠ ᠵᠢ ᠥᠪᠡᠷ ᠵᠶ᠋ᠡᠨ ᠬᠠᠩᠭ᠋ᠠᠬᠤ ᠨᠣᠷᠮ᠎ᠠ ᠵᠢᠨ ᠪᠠᠲᠤᠯᠠᠨ᠎ᠠ᠃ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠂ ᠶᠠᠳᠠᠭᠤ ᠬᠦᠴᠢᠷᠳᠡᠯᠲᠡᠶ ᠭᠠᠵᠠᠷ ᠣᠷᠣᠨ ᠵᠢᠴᠢ ᠠᠵᠢᠯ᠎ᠤᠨ ᠰᠠᠭᠤᠷᠢ ᠰᠠᠶ᠋ᠢᠲᠠᠶ ᠭᠠᠵᠠᠷ ᠣᠷᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠪᠠᠶ᠋ᠢᠭᠤᠯᠬᠤ ᠵᠢ ᠡᠩ ᠲᠡᠷᠢᠭᠦᠨ᠎ᠳᠤ ᠳᠠᠮᠵᠢᠨ᠎ᠠ᠃ (ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠤᠰᠤᠨ ᠠᠰᠢᠭᠯᠠᠯᠲᠠ ᠵᠢᠨ ᠶᠠᠮᠤᠨ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ᠃ ᠳᠣᠷᠣᠭᠰᠢ ᠴᠥᠮ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠠᠷᠢᠭᠤᠴᠠᠬᠤ ᠬᠡᠷᠡᠭᠲᠡᠶ᠂ ᠳᠠᠬᠢᠵᠤ ᠵᠢᠭᠰᠠᠭ᠋ᠠᠬᠤ ᠦᠭᠡᠢ)
(ᠲᠠᠪᠤ) ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢ ᠨᠢᠭᠡᠳᠬᠡᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠶᠡᠷᠦᠩᠬᠡᠶ ᠳᠦᠷᠢᠮ᠎ᠳᠤ ᠲᠦᠷᠭᠡᠪᠴᠢᠯᠡᠨ ᠵᠠᠰᠠᠪᠤᠷᠢ ᠣᠷᠣᠭᠤᠯᠵᠤ᠂ ᠣᠷᠣᠨ ᠪᠦᠰᠡ ᠬᠤᠪᠢᠶᠠᠭᠰᠠᠨ᠂ ᠲᠥᠷᠥᠯ ᠬᠡᠯᠪᠡᠷᠢ ᠬᠤᠪᠢᠶᠠᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢᠴᠢ ᠲᠣᠭᠲᠠᠭᠰᠠᠨ ᠨᠣᠷᠮ᠎ᠠ ᠵᠢᠨ ᠰᠤᠳᠤᠯᠤᠨ ᠲᠣᠭᠲᠠᠭ᠋ᠠᠵᠤ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠬᠢᠨᠠᠨ ᠬᠡᠮᠵᠢᠵᠦ ᠦᠨᠡᠯᠡᠬᠦ ᠪᠠᠷᠢᠮᠵᠢᠶ᠎ᠠ ᠵᠢ ᠪᠦᠷᠢᠨᠰᠢᠭᠦᠯᠵᠦ᠂ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠪᠠᠷᠢᠮᠵᠢᠶ᠎ᠠ ᠵᠢᠨ ᠰᠢᠰᠲ᠋ᠧᠮ᠎ᠢ ᠪᠠᠶ᠋ᠢᠭᠤᠯᠤᠨ᠎ᠠ᠃ ᠡᠯ᠎ᠡ ᠮᠣᠵᠢ (ᠣᠷᠣᠨ᠂ ᠬᠣᠲᠠ)᠎ᠨᠢ ᠤᠯᠤᠰ᠎ᠤᠨ ᠪᠠᠷᠢᠮᠵᠢᠶ᠎ᠠ ᠵᠢ ᠦᠨᠳᠦᠰᠦᠯᠡᠨ ᠣᠷᠣᠨ ᠨᠤᠲᠤᠭ᠎ᠤᠨ ᠪᠠᠷᠢᠮᠵᠢᠶ᠎ᠠ ᠵᠢ ᠨᠠᠶ᠋ᠢᠷᠠᠭᠤᠯᠤᠨ ᠵᠣᠬᠢᠶᠠᠵᠤ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠤᠬᠢᠷᠠᠭᠤᠯᠤᠨ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠵᠦ ᠪᠣᠯᠤᠨ᠎ᠠ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠠᠭᠤᠯᠭ᠎ᠠ ᠵᠢ ᠲᠡᠭᠦᠯᠳᠡᠷᠵᠢᠭᠦᠯᠵᠦ᠂ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠢᠯᠡᠴᠢᠯᠡᠭᠡ ᠪᠠ ᠪᠠᠶ᠋ᠢᠭᠤᠯᠤᠭᠰᠠᠨ᠎ᠤ ᠳᠠᠷᠠᠭ᠋ᠠᠬᠢ ᠬᠠᠮᠢᠶᠠᠷᠤᠯᠲᠠ ᠬᠠᠮᠠᠭ᠋ᠠᠯᠠᠯᠲᠠ ᠵᠡᠷᠭᠡ ᠱᠠᠭ᠋ᠠᠷᠳᠠᠯᠭ᠎ᠠ ᠵᠢ ᠨᠢᠭᠡᠳᠦᠯᠲᠡᠶ ᠵᠢᠷᠤᠮᠵᠢᠭᠤᠯᠤᠨ᠎ᠠ᠃ ᠲᠠᠷᠢᠶᠠᠯᠠᠩ ᠬᠥᠳᠡᠭᠡ ᠲᠣᠰᠬᠣᠨ᠎ᠤ ᠬᠥᠭᠵᠢᠯᠲᠡ ᠵᠢᠨ ᠱᠠᠭ᠋ᠠᠷᠳᠠᠯᠭ᠎ᠠ᠂ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠬᠤᠪᠢᠷᠠᠯᠲᠠ ᠵᠡᠷᠭᠡ ᠬᠦᠴᠦᠨ ᠵᠦᠢᠯ᠎ᠢ ᠶᠡᠷᠦᠩᠬᠡᠶ᠋ᠢᠯᠡᠨ ᠪᠣᠳᠣᠯᠬᠢᠯᠠᠵᠤ᠂ ᠪᠦᠲᠦᠭᠡᠨ ᠪᠠᠶ᠋ᠢᠭᠤᠯᠤᠯᠲᠠ ᠵᠢᠨ ᠠᠭᠤᠯᠭ᠎ᠠ ᠪᠣᠯᠤᠨ ᠪᠡᠯᠡ ᠣᠷᠣᠭᠤᠯᠤᠯᠲᠠ ᠵᠢᠨ ᠪᠠᠷᠢᠮᠵᠢᠶ᠎ᠠ ᠵᠢ ᠲᠤᠬᠢᠷᠠᠮᠵᠢᠲᠤ ᠴᠠᠭ᠎ᠲᠤᠨᠢ ᠲᠤᠬᠢᠷᠠᠭᠤᠯᠤᠨ᠎ᠠ᠃ ᠰᠢᠨ᠎ᠡ᠎ᠪᠠᠷ ᠨᠡᠮᠡᠭᠳᠡᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠪᠡᠶᠡᠯᠡᠭᠦᠯᠬᠦ ᠵᠢ ᠦᠨᠡᠨᠬᠦ ᠪᠠᠲᠤᠯᠠᠭᠰᠠᠨ ᠰᠠᠭᠤᠷᠢᠨ ᠳᠡᠭᠡᠷ᠎ᠡ᠂ ᠣᠷᠣᠨ ᠨᠤᠲᠤᠭ᠎ᠤᠨ᠎ᠬᠢᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠨᠢᠭᠡᠨᠲᠡ ᠪᠠᠶ᠋ᠢᠭᠤᠯᠤᠭᠰᠠᠨ ᠲᠥᠷᠥᠯ ᠵᠦᠢᠯ᠎ᠤᠨ ᠣᠷᠣᠨ᠎ᠢ ᠥᠭᠡᠷᠡᠴᠢᠯᠡᠨ ᠳᠡᠭᠡᠭᠰᠢᠯᠡᠭᠦᠯᠬᠦ ᠵᠢ ᠵᠣᠷᠢᠭᠵᠢᠭᠤᠯᠤᠨ᠎ᠠ᠃ (ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠤᠰᠤᠨ ᠠᠰᠢᠭᠯᠠᠯᠲᠠ ᠵᠢᠨ ᠶᠠᠮᠤᠨ᠂ ᠤᠯᠤᠰ᠎ᠤᠨ ᠪᠠᠷᠢᠮᠵᠢᠶ᠎ᠠ ᠵᠢᠨ ᠵᠥᠪᠯᠡᠯ ᠡᠭᠦᠷᠭᠡ ᠬᠠᠷᠢᠭᠤᠴᠠᠯᠭ᠎ᠠ ᠵᠢᠨ   ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠵᠢᠷᠭᠤᠭ᠎ᠠ) ᠨᠢᠭᠡᠳᠦᠯᠲᠡᠶ ᠵᠣᠬᠢᠶᠠᠨ ᠪᠠᠶ᠋ᠢᠭᠤᠯᠤᠨ ᠬᠡᠷᠡᠭᠵᠢᠬᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠣᠨ᠎ᠤ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠴᠠᠭ ᠲᠤᠬᠠᠶ᠎ᠳᠤᠨᠢ ᠵᠠᠳᠠᠯᠤᠨ ᠨᠠᠢ᠌ᠳᠠᠪᠤᠷᠢᠵᠢᠭᠤᠯᠬᠤ᠂ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ ᠵᠢ ᠵᠡᠷᠭᠡᠪᠡᠷ ᠬᠥᠭᠵᠢᠭᠦᠯᠦᠨ᠎ᠡ᠃ ᠡᠯ᠎ᠡ ᠠᠷᠭ᠎ᠠ ᠪᠤᠳᠤᠯᠭ᠎ᠠ ᠵᠢᠨ ᠬᠡᠪᠴᠢᠶᠠᠨ᠎ᠳᠤ ᠪᠠᠢ᠌ᠭ᠎ᠠ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠪᠡᠯᠡ ᠮᠥᠩᠭᠥ ᠵᠢ ᠨᠢᠭᠡᠳᠦᠯᠲᠡᠶ ᠲᠥᠯᠥᠪᠯᠡᠨ ᠡᠮᠬᠢᠯᠡᠨ ᠨᠡᠶ᠋ᠢᠯᠡᠭᠦᠯᠵᠦ᠂ ᠪᠡᠯᠡ ᠮᠥᠩᠭᠥ ᠵᠢᠨ ᠬᠡᠷᠡᠭᠯᠡᠯᠲᠡ ᠵᠢᠨ ᠦᠷ᠎ᠡ ᠠᠰᠢᠭ᠎ᠢ ᠲᠡᠭᠡᠭᠰᠢᠯᠡᠬᠦᠯᠦᠨ᠎ᠡ᠃ ᠲᠥᠷᠥᠯ ᠵᠦᠢᠯ᠎ᠤᠨ ᠡᠮᠦᠨᠡᠬᠢ ᠬᠤᠭᠤᠴᠠᠭ᠋ᠠᠨ᠎ᠤ ᠪᠡᠯᠡᠳᠬᠡᠯ᠂ ᠭᠤᠶᠤᠴᠢᠯᠠᠨ ᠮᠡᠳᠡᠭᠦᠯᠵᠦ ᠬᠢᠨᠠᠨ ᠵᠥᠪᠰᠢᠶᠡᠷᠡᠭᠦᠯᠬᠦ᠂ ᠳᠠᠭ᠋ᠠᠭ᠋ᠠᠴᠢᠯᠠᠯᠲᠠ ᠵᠠᠷᠯᠠᠵᠤ ᠳᠠᠭ᠋ᠠᠭ᠋ᠠᠴᠢᠯᠠᠯᠲᠠ ᠬᠦᠯᠢᠶᠡᠬᠦ᠂ ᠢᠨᠵᠸᠨ᠋ᠸᠷᠢᠩ᠎ᠢ ᠬᠡᠷᠡᠭᠵᠢᠬᠦᠯᠬᠦ ᠪᠠ ᠬᠢᠨᠠᠨ ᠬᠠᠮᠢᠶᠠᠷᠬᠤ᠂ ᠢᠨᠵᠸᠨ᠋ᠸᠷᠢᠩ᠎ᠤᠨ ᠦᠷ᠎ᠡ ᠪᠦᠲᠦᠮᠵᠢ ᠵᠢ ᠰᠢᠯᠭ᠋ᠠᠨ ᠠᠪᠬᠤ᠂ ᠬᠢᠨᠠᠯᠲᠠ ᠲᠠᠯᠪᠢᠵᠤ ᠪᠠᠶ᠋ᠢᠴᠠᠭ᠋ᠠᠬᠤ᠂ ᠰᠢᠯᠵᠢᠭᠦᠯᠦᠨ ᠲᠤᠰᠢᠶᠠᠵᠤ ᠬᠠᠮᠢᠶᠠᠷᠤᠭᠤᠯᠬᠤ ᠵᠡᠷᠭᠡ ᠠᠵᠢᠯ᠎ᠢ ᠵᠢᠷᠤᠮᠵᠢᠭᠤᠯᠤᠨ ᠥᠷᠨᠢᠭᠦᠯᠵᠦ᠂ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢᠯ᠎ᠤᠨ ᠲᠥᠪᠯᠡᠷᠡᠩᠭᠦᠶ ᠨᠢᠭᠡᠳᠦᠯᠲᠡᠶ ᠥᠨᠳᠥᠷ ᠦᠷ᠎ᠡ ᠪᠦᠲᠦᠮᠵᠢᠲᠡᠶ ᠬᠠᠮᠢᠶᠠᠷᠤᠯᠲᠠ ᠵᠢ ᠪᠡᠶᠡᠯᠡᠬᠦᠯᠦᠨ᠎ᠡ᠃ ᠪᠦᠲᠦᠭᠡᠨ ᠪᠠᠶ᠋ᠢᠭᠤᠯᠬᠤ ᠪᠠᠷᠢᠮᠵᠢᠶ᠎ᠠ ᠵᠢ ᠴᠢᠩᠭ᠎ᠠ ᠬᠡᠷᠡᠭᠵᠢᠭᠦᠯᠵᠦ᠂ ᠪᠦᠲᠦᠭᠡᠨ ᠪᠠᠶ᠋ᠢᠭᠤᠯᠬᠤ ᠶᠠᠰᠤ ᠴᠢᠨᠠᠷ᠎ᠢ ᠦᠨᠡᠨᠬᠦ ᠪᠠᠲᠤᠯᠠᠨ᠎ᠠ᠃ ᠲᠠᠷᠢᠶᠠᠴᠢᠳ᠎ᠤᠨ ᠭᠣᠤᠯ ᠴᠣᠭᠴᠠ ᠵᠢᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠳᠤ ᠲᠠᠷᠢᠶᠠᠴᠢᠳ᠎ᠤᠨ ᠣᠷᠣᠯᠴᠠᠬᠤ ᠢᠳᠡᠪᠬᠢᠵᠢᠯ᠎ᠢ ᠳᠠᠶ᠋ᠢᠴᠢᠯᠠᠨ᠂ ᠲᠠᠷᠢᠶᠠᠴᠢᠳ᠎ᠤᠨ ᠬᠦᠰᠡᠯ ᠰᠠᠨᠠᠭ᠎ᠠ ᠵᠢ ᠬᠦᠨᠳᠦᠳᠬᠡᠵᠦ᠂ ᠲᠠᠷᠢᠶᠠᠴᠢᠳ᠎ᠤᠨ ᠡᠷᠬᠡ ᠠᠰᠢᠭ᠎ᠢ ᠰᠠᠶ᠋ᠢᠲᠤᠷ ᠬᠠᠮᠠᠭ᠋ᠠᠯᠠᠨ᠎ᠠ᠃ ᠰᠢᠨ᠎ᠡ ᠬᠡᠯᠪᠡᠷᠢ ᠵᠢᠨ ᠲᠠᠷᠢᠶᠠᠯᠠᠩ᠎ᠤᠨ ᠡᠵᠡᠩᠨᠡᠯᠲᠡ ᠵᠢᠨ ᠪᠡᠶᠡᠴᠢ ᠴᠣᠭᠴᠠ ᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠪᠦᠲᠦᠭᠡᠨ ᠪᠠᠶ᠋ᠢᠭᠤᠯᠬᠤ ᠵᠢ ᠢᠳᠡᠪᠬᠢᠲᠡᠢ ᠳᠠᠮᠵᠢᠵᠤ᠂ ᠲᠠᠷᠢᠶᠠᠯᠠᠩ᠎ᠤᠨ ᠵᠣᠬᠢᠰᠲᠠᠶ ᠲᠠᠷᠢᠶᠠᠨ ᠭᠠᠵᠠᠷ᠎ᠢ ᠪᠦᠲᠦᠭᠡᠨ ᠪᠠᠶ᠋ᠢᠭᠤᠯᠬᠤ ᠵᠢ ᠵᠢᠷᠤᠮᠵᠢᠭᠤᠨ ᠪᠥᠭᠡᠳ ᠡᠮᠬᠢ ᠵᠢᠷᠤᠮ᠎ᠲᠠᠢ ᠲᠦᠯᠬᠢᠨ ᠠᠬᠢᠭᠤᠯᠤᠨ᠎ᠠ᠃ (ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠤᠰᠤᠨ ᠠᠰᠢᠭᠯᠠᠯᠲᠠ ᠵᠢᠨ ᠶᠠᠮᠤᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠤᠰᠤᠭ᠋ᠠᠷ ᠬᠠᠷᠢᠭᠤᠴᠠᠨ᠎ᠠ)
(ᠳᠣᠯᠣᠭ᠎ᠠ) ᠰᠢᠯᠭ᠋ᠠᠨ ᠬᠤᠷᠢᠶᠠᠵᠤ ᠰᠢᠯᠭ᠋ᠠᠨ ᠬᠢᠨᠠᠬᠤ ᠵᠢ ᠨᠢᠭᠡᠳᠦᠯᠲᠡᠶ ᠪᠣᠯᠭ᠋ᠠᠨ᠎ᠠ᠃ 《ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠬᠤ᠂ ᠵᠠᠳᠠᠯᠤᠨ ᠰᠢᠨᠵᠢᠬᠦ᠂ ᠪᠣᠯᠵᠣᠨ ᠶᠠᠷᠢᠯᠴᠠᠬᠤ᠂ ᠰᠢᠯᠢᠳᠡᠭ᠎ᠢ᠎ᠨᠢ ᠱᠠᠩᠨᠠᠵᠤ ᠰᠢᠯᠢᠮᠳᠡᠭ᠎ᠢ᠎ᠨᠢ ᠲᠣᠷᠭ᠋ᠠᠬᠤ》 ᠡᠭᠦᠷᠭᠡ ᠵᠢ ᠨᠠᠶ᠋ᠢᠳᠠᠪᠤᠷᠢᠵᠢᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠣᠨ᠎ᠤ ᠪᠦᠲᠦᠭᠡᠨ ᠪᠠᠶ᠋ᠢᠭᠤᠯᠤᠯᠲᠠ ᠵᠢᠨ ᠡᠭᠦᠷᠭᠡ ᠵᠢ ᠬᠤᠭᠤᠴᠠᠭ᠎ᠠ ᠶᠣᠰᠣᠭ᠋ᠠᠷ ᠴᠢᠨᠠᠷ ᠪᠠ ᠲᠣᠭ᠎ᠠ ᠬᠡᠮᠵᠢᠶ᠎ᠡ ᠵᠢ ᠪᠠᠲᠤᠯᠠᠨ ᠪᠡᠶᠡᠯᠡᠭᠦᠯᠬᠦ ᠵᠢ ᠦᠨᠡᠨᠬᠦ ᠪᠠᠲᠤᠯᠠᠨ᠎ᠠ᠃ ᠠᠮᠤ ᠪᠤᠳᠠᠭ᠋ᠠᠨ᠎ᠤ ᠠᠮᠤᠷ ᠲᠦᠪᠰᠢᠨ᠎ᠤ ᠮᠤᠵᠢ ᠵᠢᠨ ᠳᠠᠷᠤᠭ᠎ᠠ ᠵᠢᠨ ᠬᠠᠷᠢᠭᠤᠴᠠᠯᠭ᠎ᠠ ᠵᠢᠨ ᠳᠦᠷᠢᠮ᠎ᠢ ᠬᠢᠨᠠᠨ ᠰᠢᠯᠭ᠋ᠠᠬᠤ ᠱᠠᠭ᠋ᠠᠷᠳᠠᠯᠭ᠎ᠠ ᠶᠣᠰᠣᠭ᠋ᠠᠷ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠦᠨᠡᠯᠡᠬᠦ ᠳᠦᠷᠢᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ ᠦᠨᠡᠯᠡᠯᠲᠡ ᠵᠢᠨ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠡᠭᠦᠷᠭᠡ᠎ᠪᠠᠨ ᠰᠠᠶ᠋ᠢᠨ ᠪᠡᠶᠡᠯᠡᠭᠦᠯᠦᠭᠰᠡᠨ᠎ᠳᠤᠨᠢ ᠢᠯᠡᠭᠦᠬᠡᠨ ᠳᠡᠮᠵᠢᠯᠭᠡ ᠦᠵᠡᠭᠦᠯᠵᠦ᠂ ᠡᠭᠦᠷᠭᠡ᠎ᠪᠠᠨ ᠪᠡᠶᠡᠯᠡᠭᠦᠯᠦᠭᠰᠡᠨ ᠦᠭᠡᠢ ᠵᠢ᠎ᠨᠢ ᠪᠣᠯᠵᠣᠨ ᠶᠠᠷᠢᠯᠴᠠᠵᠤ ᠰᠢᠢᠳᠬᠡᠨ   ᠲᠤᠷᠭ᠋ᠠᠨ᠎ᠠ᠃ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢᠯ᠎ᠤᠨ ᠪᠠᠷᠢᠯᠭ᠎ᠠ ᠳᠠᠭᠤᠰᠤᠭᠰᠠᠨ᠎ᠢ ᠰᠢᠯᠭ᠋ᠠᠨ ᠠᠪᠬᠤ ᠪᠠ ᠦᠨᠡᠯᠡᠬᠦ ᠵᠢ ᠳᠡᠰ ᠳᠠᠷᠠᠭ᠋ᠠᠯᠠᠯ᠎ᠢ ᠴᠢᠩᠭ᠎ᠠ ᠵᠢᠷᠤᠮᠯᠠᠨ ᠥᠷᠨᠢᠭᠦᠯᠵᠦ᠂ ᠨᠡᠶ᠋ᠢᠭᠡᠮ᠎ᠳᠤ ᠨᠢᠭᠡᠳᠦᠯᠲᠡᠶ ᠵᠠᠷᠯᠠᠨ ᠨᠡᠶ᠋ᠢᠲᠡᠯᠡᠵᠦ᠂ ᠨᠡᠶ᠋ᠢᠭᠡᠮ ᠪᠣᠯᠤᠨ ᠣᠯᠠᠨ ᠲᠦᠮᠡᠨ᠎ᠤ ᠬᠢᠨᠠᠯᠲᠠ ᠵᠢ ᠬᠦᠯᠢᠶᠡᠨ᠎ᠡ᠃ (ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠠᠮᠤ ᠪᠤᠳᠠᠭ᠎ᠠ ᠪᠠ ᠨᠥᠭᠡᠴᠡᠯᠡᠬᠦ ᠲᠣᠪᠴᠢᠶ᠎ᠠ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠨᠠᠢ᠍ᠮᠠ)   ᠲᠤᠭ᠋ᠠᠴᠢᠯᠠᠭᠰᠠᠨ ᠬᠦᠮᠦᠷᠭᠡ᠎ᠳᠤ ᠨᠢᠭᠡᠳᠦᠯᠳᠠᠢ ᠤᠷᠤᠭᠤᠯᠤᠨ᠎ᠠ᠃ ᠠᠯᠤᠰ᠎ᠠᠴᠠ ᠬᠢᠨᠠᠨ ᠡᠵᠡᠮᠳᠡᠬᠦ ᠵᠡᠷᠭᠡ ᠮᠡᠷᠭᠡᠵᠢᠯ᠎ᠢ ᠬᠡᠷᠡᠭᠯᠡᠨ᠂ ᠲᠠᠷᠢᠶᠠᠨ ᠭᠠᠵᠠᠷ᠎ᠤᠨ ᠬᠠᠮᠢᠶᠠᠷᠤᠯᠲᠠ ᠵᠢᠨ ᠲᠣᠮᠣ ᠳ᠋ᠠᠶ᠋ᠢᠲ᠋ᠠ ᠵᠢᠨ ᠲᠠᠪᠴᠠᠩ᠎ᠢ ᠪᠠᠶ᠋ᠢᠭᠤᠯᠵᠤ᠂ ᠭᠠᠵᠠᠷ ᠰᠢᠷᠣᠶ ᠠᠰᠢᠭᠯᠠᠵᠤ ᠪᠠᠢ᠌ᠭ᠎ᠠ ᠣᠳᠣᠬᠢ ᠪᠠᠢ᠌ᠳᠠᠯ᠎ᠤᠨ ᠡᠬᠡ ᠵᠢᠷᠤᠭ ᠵᠶ᠋ᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ   ᠪᠠᠢ᠌ᠳᠠᠯ᠎ᠤᠨ ᠦᠩᠭᠡᠷᠡᠭᠰᠡᠨ ᠤᠳᠤᠬᠢ ᠵᠢ ᠪᠥᠬᠥ ᠲᠠᠯ᠎ᠠ᠎ᠪᠠᠷ ᠵᠤᠯᠭ᠋ᠠᠭᠤᠯᠵᠤ᠂ ᠪᠠᠷᠢᠮᠵᠢᠶ᠎ᠠ ᠵᠢᠷᠤᠮᠵᠢᠯ᠂ ᠲᠣᠭ᠎ᠠ ᠪᠠᠷᠢᠮᠲᠠ ᠵᠢᠨ ᠱᠠᠭ᠋ᠠᠷᠳᠠᠯᠭ᠎ᠠ ᠵᠢ ᠨᠢᠭᠡᠳᠬᠡᠵᠦ᠂ ᠡᠯ᠎ᠡ ᠱᠠᠲᠤᠨ᠎ᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢᠯ ᠲᠣᠭᠲᠠᠭ᠋ᠠᠬᠤ᠂ ᠬᠡᠷᠡᠭᠵᠢᠭᠦᠯᠬᠦ᠂ ᠰᠢᠯᠭ᠋ᠠᠨ ᠠᠪᠬᠤ᠂ ᠬᠡᠷᠡᠭᠯᠡᠬᠦ ᠵᠡᠷᠭᠡ ᠡᠯ᠎ᠡ ᠱᠠᠲᠤ ᠦᠶ᠎ᠡ ᠵᠢᠨ ᠬᠠᠮᠢᠶ᠎ᠠ ᠪᠦᠬᠦᠢ ᠮᠡᠳᠡᠭᠡ ᠵᠠᠩᠭᠢ ᠵᠢ ᠵᠢᠷᠤᠭᠯᠠᠵᠤ᠂ ᠪᠥᠬᠥ ᠤᠯᠤᠰ᠎ᠤᠨ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ 《ᠨᠢᠭᠡ ᠬᠠᠭᠤᠳᠠᠰᠤ ᠵᠢᠷᠤᠭ》 ᠪᠠ ᠬᠢᠨᠠᠨ ᠬᠠᠮᠢᠶᠠᠷᠬᠤ ᠰᠢᠰᠲ᠋ᠧᠮ᠎ᠢ ᠪᠠᠶ᠋ᠢᠭᠤᠯᠵᠤ᠂ ᠦᠨᠳᠦᠰᠦ ᠪᠠᠷᠢᠮᠲᠠ᠎ᠲᠠᠢ ᠪᠠᠶ᠋ᠢᠴᠠᠭ᠋ᠠᠬᠤ᠂ ᠪᠥᠬᠥ ᠶᠠᠪᠤᠴᠠ᠎ᠳᠤ ᠬᠢᠨᠠᠨ ᠡᠵᠡᠮᠳᠡᠬᠦ᠂ ᠣᠨᠣᠪᠴᠢᠲᠠᠶ᠎ᠪᠠᠷ ᠬᠠᠮᠢᠶᠠᠷᠬᠤ᠂ ᠡᠬᠢ ᠪᠠᠶᠠᠯᠢᠭ᠎ᠢ ᠬᠠᠮᠲᠤᠪᠠᠷ ᠬᠦᠷᠲᠡᠬᠦ ᠵᠢ ᠪᠡᠶᠡᠯᠡᠭᠦᠯᠦᠨ᠎ᠡ᠃ ᠡᠯ᠎ᠡ ᠭᠠᠵᠠᠷ᠎ᠤᠨ᠎ᠬᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ   ᠵᠢᠷᠤᠭᠯᠠᠵᠤ ᠲᠤᠭ᠋ᠠᠴᠢᠯᠠᠨ ᠬᠦᠮᠦᠷᠭᠡᠯᠡᠬᠦ ᠠᠵᠢᠯ᠎ᠢ ᠲᠦᠷᠭᠡᠳᠬᠡᠨ ᠪᠡᠶᠡᠯᠡᠭᠦᠯᠵᠦ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠬᠠᠮᠢᠶ᠎ᠠ ᠪᠦᠬᠦᠢ ᠲᠣᠭ᠎ᠠ ᠪᠠᠷᠢᠮᠲᠠ ᠵᠢ ᠬᠠᠮᠲᠤᠪᠠᠷ ᠡᠳ᠋ᠯᠡᠬᠦ ᠪᠠ ᠵᠣᠯᠭ᠋ᠠᠭᠤᠯᠵᠤ ᠰᠢᠯᠵᠢᠭᠦᠯᠦᠨ ᠲᠤᠰᠢᠶᠠᠬᠤ ᠵᠡᠷᠭᠡ ᠠᠵᠢᠯ᠎ᠢ ᠰᠠᠶ᠋ᠢᠲᠤᠷ ᠬᠢᠨ᠎ᠡ᠃ (ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠲᠦᠷᠦᠭᠦᠯᠡᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠤᠰᠤᠨ ᠠᠰᠢᠭᠯᠠᠯᠲᠠ ᠵᠢᠨ ᠶᠠᠮᠤᠨ ᠡᠭᠦᠷᠭᠡ ᠬᠠᠷᠢᠭᠤᠴᠠᠯᠭ᠎ᠠ ᠶᠣᠰᠣᠭ᠋ᠠᠷ ᠠᠵᠢᠯ ᠬᠤᠪᠢᠶᠠᠷᠢᠯᠠᠨ ᠬᠠᠷᠢᠭᠤᠴᠠᠨ᠎ᠠ)
ᠭᠤᠷᠪᠠ᠂ ᠪᠠᠯᠠ ᠮᠥᠩᠭᠥ ᠵᠢᠨ ᠣᠷᠣᠭᠤᠯᠤᠯᠲᠠ ᠪᠠ ᠲᠣᠭᠲᠠᠴᠠ ᠵᠢᠨ ᠰᠢᠨ᠎ᠡ ᠵᠢ ᠡᠭᠦᠳᠬᠦ ᠵᠢ ᠴᠢᠩᠭ᠋ᠠᠷᠠᠭᠤᠯᠤᠨ᠎ᠠ
(ᠶᠢᠰᠦ) ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠨ᠎ᠠ᠃ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠣᠷᠣᠭᠤᠯᠤᠯᠲᠠ ᠵᠢ ᠲᠣᠭᠲᠠᠭᠤᠨ ᠵᠶ᠋ᠠᠷ ᠨᠡᠮᠡᠭᠳᠡᠭᠦᠯᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠦᠨ᠎ᠡ᠃ ᠡᠯ᠎ᠡ ᠭᠠᠵᠠᠷ᠎ᠤᠨ᠎ᠬᠢᠨ ᠡᠳ᠋᠎ᠤᠨ ᠵᠠᠰᠠᠭ᠎ᠤᠨ ᠵᠠᠷᠤᠯᠭ᠎ᠠ ᠵᠢᠨ ᠪᠦᠲᠦᠴᠡ᠎ᠪᠠᠨ ᠰᠢᠯᠢᠳᠡᠭᠵᠢᠭᠦᠯᠵᠦ᠂ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠭᠣᠤᠯᠳᠠᠯᠭ᠎ᠠ᠎ᠲᠠᠢ ᠵᠦᠢᠯᠡᠰ ᠪᠣᠯᠭ᠋ᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ᠂ ᠪᠠᠷᠢᠮᠵᠢᠶ᠎ᠠ ᠪᠣᠯᠤᠨ ᠥᠪᠡᠷ᠎ᠤᠨ ᠥᠷᠲᠡᠭ᠎ᠤᠨ ᠬᠤᠪᠢᠷᠠᠯᠲᠠ ᠵᠢ ᠦᠨᠳᠦᠰᠦᠯᠡᠨ᠂ ᠡᠳ᠋᠎ᠤᠨ ᠵᠠᠰᠠᠭ᠎ᠤᠨ ᠪᠡᠯᠡ ᠮᠥᠩᠭᠥ ᠵᠢᠨ ᠣᠷᠣᠭᠤᠯᠤᠯᠲᠠ ᠵᠢ ᠵᠦᠶ ᠵᠣᠬᠢᠰᠲᠠᠶ ᠪᠠᠲᠤᠯᠠᠨ᠎ᠠ᠃ ᠭᠠᠵᠠᠷ ᠰᠢᠷᠣᠶ ᠵᠢᠨ ᠲᠦᠷᠢᠶᠡᠰᠦᠯᠡᠭᠰᠡᠨ ᠣᠷᠣᠯᠭ᠎ᠠ ᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠳᠡᠮᠵᠢᠬᠦ ᠡᠷᠴᠢᠮ᠎ᠢ ᠨᠡᠮᠡᠭᠳᠡᠭᠦᠯᠦᠨ᠎ᠡ᠃ ᠡᠯ᠎ᠡ ᠭᠠᠵᠠᠷ᠎ᠤᠨ᠎ᠬᠢᠨ ᠲᠣᠭᠲᠠᠭ᠋ᠠᠯ ᠶᠣᠰᠣᠭ᠋ᠠᠷ ᠣᠷᠣᠨ ᠨᠤᠲᠤᠭ᠎ᠤᠨ ᠵᠠᠷᠤᠯᠭ᠎ᠠ ᠵᠢᠨ ᠬᠠᠷᠢᠭᠤᠴᠠᠯᠭ᠎ᠠ ᠵᠢ ᠴᠠᠭ ᠲᠤᠬᠠᠶ᠎ᠳᠤᠨᠢ ᠨᠠᠢ᠌ᠳᠠᠪᠤᠷᠢᠵᠢᠭᠤᠯᠬᠤ᠂ ᠮᠤᠵᠢ ᠵᠢᠨ ᠱᠠᠲᠤᠨ᠎ᠤ ᠡᠳ᠋᠎ᠤᠨ ᠵᠠᠰᠠᠭ᠎ᠠᠴᠠ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠣᠷᠣᠭᠤᠯᠤᠯᠲᠠ ᠵᠢᠨ ᠭᠣᠤᠯ ᠵᠠᠷᠤᠯᠭ᠎ᠠ ᠵᠢᠨ ᠬᠠᠷᠢᠭᠤᠴᠠᠯᠭ᠎ᠠ ᠵᠢ ᠡᠬᠦᠷᠭᠡᠯᠡᠨ᠎ᠡ᠃ ᠨᠥᠬᠥᠴᠡᠯ᠎ᠲᠠᠢ ᠭᠠᠵᠠᠷ ᠣᠷᠣᠨ᠎ᠢ ᠵᠣᠷᠢᠭᠵᠢᠭᠤᠯᠤᠨ ᠤᠯᠤᠰ᠎ᠤᠨ   ᠲᠣᠭᠲᠠᠭ᠋ᠠᠭᠰᠠᠨ ᠪᠡᠯᠡ ᠣᠷᠣᠭᠤᠯᠤᠯᠲᠠ ᠵᠢᠨ ᠪᠠᠷᠢᠮᠵᠢᠶ᠎ᠠ ᠵᠢᠨ ᠰᠠᠭᠤᠷᠢᠨ ᠳᠡᠭᠡᠷ᠎ᠡ᠂ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠣᠷᠣᠭᠤᠯᠤᠯᠲᠠ ᠵᠢ ᠤᠯᠠᠮ ᠨᠢᠭᠡ ᠠᠯᠬᠤᠮ ᠨᠡᠮᠡᠭᠳᠡᠭᠦᠯᠵᠦ᠂ ᠲᠥᠷᠥᠯ ᠵᠦᠢᠯ᠎ᠤᠨ ᠪᠡᠯᠡ ᠣᠷᠣᠭᠤᠯᠤᠯᠲᠠ ᠵᠢᠨ ᠪᠠᠷᠢᠮᠵᠢᠶ᠎ᠠ ᠵᠢ ᠲᠡᠭᠡᠭᠰᠢᠯᠡᠬᠦᠯᠦᠨ᠎ᠡ᠃ (ᠡᠳ᠋᠎ᠤᠨ ᠵᠠᠰᠠᠭ᠎ᠤᠨ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠡᠭᠦᠷᠭᠡ ᠬᠠᠷᠢᠭᠤᠴᠠᠯᠭ᠎ᠠ ᠵᠢᠨ   ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠ) ᠪᠡᠯᠡ ᠣᠷᠣᠭᠤᠯᠵᠤ ᠪᠡᠯᠡ ᠲᠣᠬᠢᠷᠠᠭᠤᠯᠬᠤ ᠵᠠᠭᠪᠤᠷ᠎ᠤᠨ ᠰᠢᠨ᠎ᠡ ᠵᠢ ᠡᠭᠦᠳᠦᠨ᠎ᠡ᠃ ᠵᠠᠰᠠᠭ᠎ᠤᠨ ᠣᠷᠳᠣᠨ᠎ᠤ ᠣᠷᠣᠭᠤᠯᠤᠯᠲᠠ ᠵᠢᠨ ᠬᠥᠲᠥᠯᠥᠨ ᠵᠢᠯᠣᠭᠣᠳᠬᠤ ᠪᠠ ᠬᠥᠰᠢᠭᠦᠷᠭᠡ ᠵᠢᠨ ᠦᠢᠯᠡᠳᠦᠯ᠎ᠢ ᠪᠠᠳᠠᠷᠠᠭᠤᠯᠵᠤ᠂ ᠪᠡᠯᠡ ᠣᠷᠣᠭᠤᠯᠤᠯᠲᠠ ᠵᠢᠨ ᠨᠥᠬᠥᠪᠥᠷᠢ ᠥᠭᠬᠦ᠂ ᠱᠠᠩᠨᠠᠯ ᠵᠶ᠋ᠠᠷ ᠨᠥᠬᠥᠪᠥᠷᠢ ᠵᠢ ᠣᠷᠣᠯᠠᠭᠤᠯᠬᠤ᠂ ᠡᠳ᠋᠎ᠤᠨ ᠵᠠᠰᠠᠭ᠎ᠤᠨ ᠳᠠᠮ ᠬᠦᠤ ᠮᠥᠩᠭᠥ ᠥᠭᠬᠦ ᠵᠡᠷᠭᠡ ᠣᠯᠠᠨ ᠵᠦᠢᠯ᠎ᠤᠨ ᠠᠷᠭ᠎ᠠ ᠮᠠᠶᠢᠭ᠎ᠢ ᠠᠪᠴᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠳᠠᠮᠵᠢᠨ᠎ᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠮᠥᠩᠭᠥᠨ ᠭᠦᠢᠯᠭᠡᠭᠡ ᠪᠠ ᠨᠡᠶ᠋ᠢᠭᠡᠮ᠎ᠤᠨ ᠬᠥᠷᠥᠩᠭᠡ ᠵᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠳᠤ ᠣᠷᠣᠯᠴᠠᠬᠤ ᠵᠢ ᠡᠮᠬᠢ ᠵᠢᠷᠤᠮ᠎ᠲᠠᠢ᠎ᠪᠠᠷ ᠬᠥᠲᠥᠯᠥᠨ ᠵᠢᠯᠣᠭᠣᠳᠬᠤ ᠵᠢ ᠵᠣᠷᠢᠭᠵᠢᠭᠤᠯᠤᠨ᠎ᠠ᠃ ᠵᠠᠰᠠᠭ ᠎ᠤᠨ ᠣᠷᠳᠣᠨ᠎ᠤ ᠥᠷᠢ ᠥᠭᠴᠡᠭᠡ ᠵᠢᠨ ᠬᠠᠮᠢᠶᠠᠷᠤᠯᠲᠠ ᠵᠢ ᠴᠢᠩᠭ᠎ᠠ ᠵᠢᠷᠤᠮᠵᠢᠭᠤᠯᠬᠤ ᠵᠢᠨ ᠬᠠᠮᠲᠤ᠂ ᠨᠡᠭᠡᠭᠡᠨ ᠬᠥᠭᠵᠢᠭᠦᠯᠬᠦ ᠴᠢᠨᠠᠷᠲᠠᠶ᠂ ᠲᠥᠷᠥ ᠵᠢᠨ ᠪᠣᠳᠣᠯᠭ᠎ᠠ ᠵᠢᠨ ᠴᠢᠨᠠᠷᠲᠠᠶ ᠮᠥᠩᠭᠥᠨ ᠭᠦᠢᠯᠭᠡᠭᠡᠨ᠎ᠤ ᠪᠠᠶ᠋ᠢᠭᠤᠯᠤᠮᠵᠢ ᠡᠭᠦᠷᠭᠡ ᠴᠢᠳᠠᠪᠤᠷᠢ ᠵᠢᠨ ᠪᠠᠢ᠌ᠷᠢ ᠲᠤᠭᠳᠠᠭ᠋ᠠᠯᠳᠠ ᠪᠠ ᠲᠤᠬᠠᠢ᠌ᠯᠠᠭᠰᠠᠨ ᠠᠵᠢᠯ᠎ᠤᠨ ᠬᠦᠷᠢᠶ᠎ᠡ ᠬᠡᠪᠴᠢᠶ᠎ᠠ᠎ᠲᠠᠢ᠎ᠪᠠᠨ ᠤᠶᠠᠯᠳᠤᠭᠤᠯᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠳᠡᠮᠵᠢᠬᠦ ᠵᠢ ᠵᠣᠷᠢᠭᠵᠢᠭᠤᠯᠵᠤ᠂ ᠬᠤᠳᠠᠯᠳᠤᠭ᠋ᠠᠨ᠎ᠤ ᠮᠥᠩᠭᠥᠨ ᠭᠦᠢᠯᠭᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠢᠲᠡᠭᠡᠮᠵᠢᠲᠦ ᠵᠢᠭᠡᠯᠡᠯᠭᠡ ᠲᠠᠯᠪᠢᠬᠤ ᠡᠷᠴᠢᠮ᠎ᠢ ᠴᠢᠩᠭ᠋ᠠᠷᠠᠭᠤᠯᠤᠨ᠎ᠠ᠃ ᠵᠠᠰᠠᠭ᠎ᠤᠨ ᠪᠠᠢ᠌ᠭᠤᠯᠤᠯᠭ᠎ᠠ ᠪᠠᠩᠬᠢ ᠳᠠᠭ᠋ᠠᠭ᠋ᠠᠴᠢᠯᠠᠭᠰᠠᠨ ᠬᠠᠮᠲᠤᠷᠠᠯᠴᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠢᠲᠡᠭᠡᠮᠵᠢᠲᠦ ᠵᠢᠭᠡᠯᠡᠯᠭᠡ ᠵᠢᠨ ᠳᠠᠭ᠋ᠠᠭ᠋ᠠᠯᠲᠠ ᠵᠡᠷᠭᠡ ᠲᠥᠷᠦ ᠵᠢᠨ ᠪᠣᠳᠣᠯᠭ᠎ᠠ᠎ᠲᠠᠢ ᠵᠣᠯᠭ᠋ᠠᠭᠤᠯᠬᠤ ᠵᠢ ᠴᠢᠩᠭ᠋ᠠᠳᠬᠠᠨ᠎ᠠ᠃ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ   ᠲᠤᠭᠳᠠᠭᠰᠨᠨ ᠲᠤᠭ᠎ᠠ ᠬᠡᠮᠵᠢᠶᠠᠨ᠎ᠤ ᠳᠣᠲᠣᠷ᠎ᠠ ᠵᠢᠭᠡᠯᠡᠯᠭᠡ ᠵᠢᠨ ᠲᠡᠮᠳᠡᠭᠲᠦ ᠲᠠᠷᠬᠠᠭ᠋ᠠᠵᠤ ᠨᠥᠬᠥᠴᠡᠯ᠎ᠳᠤ ᠨᠡᠶ᠋ᠢᠴᠡᠬᠦ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠳᠡᠮᠵᠢᠬᠦ ᠵᠢ ᠵᠣᠷᠢᠭᠵᠢᠭᠤᠯᠤᠨ᠎ᠠ᠃ ᠨᠥᠬᠥᠴᠡᠯ᠎ᠲᠠᠢ ᠭᠠᠵᠠᠷ ᠣᠷᠣᠨ᠎ᠨᠢ ᠵᠢᠭᠡᠯᠡᠯᠭᠡ ᠵᠢᠨ ᠲᠡᠮᠳᠡᠭᠲᠦ ᠵᠢ ᠲᠠᠷᠬᠠᠭ᠋ᠠᠵᠤ ᠳᠠᠭᠤᠰᠬᠤ᠎ᠠᠴᠠ ᠡᠮᠦᠨ᠎ᠡ᠂ ᠲᠥᠰᠦᠪ᠎ᠲᠤ ᠨᠢᠭᠡᠨᠲᠡ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠥ ᠵᠢ ᠲᠣᠬᠢᠷᠠᠭᠤᠯᠤᠭᠰᠠᠨ ᠲᠦᠷᠦᠯ ᠵᠦᠢ᠍ᠯ᠎ᠳᠤ ᠤᠷᠢᠳᠠᠪᠠᠷ ᠬᠥᠮᠥᠷᠭᠡ ᠵᠢᠨ ᠵᠣᠭᠣᠰ᠎ᠢ ᠲᠤᠬᠢᠷᠠᠭᠤᠯᠤᠨ ᠪᠦᠲᠦᠭᠡᠨ ᠪᠠᠶ᠋ᠢᠭᠤᠯᠤᠯᠲᠠ ᠥᠷᠨᠢᠭᠦᠯᠵᠦ ᠪᠣᠯᠤᠨ᠎ᠠ᠂ ᠵᠢᠭᠡᠯᠡᠯᠭᠡ ᠵᠢᠨ ᠲᠡᠮᠳᠡᠭᠲᠦ ᠵᠢ ᠲᠠᠷᠬᠠᠭ᠋ᠠᠭᠰᠠᠨ᠎ᠤ ᠲᠠᠷᠠᠭ᠎ᠠ ᠴᠠᠭ ᠲᠤᠬᠠᠶ᠎ᠳᠤᠨᠢ ᠪᠡᠯᠡᠨ ᠮᠥᠩᠭᠥ ᠵᠢ ᠪᠤᠴᠠᠭ᠋ᠠᠨ᠎ᠠ᠃ ᠣᠯᠠᠨ ᠤᠯᠤᠰ᠎ᠤᠨ ᠬᠠᠮᠲᠤᠷᠠᠯᠴᠠᠭ᠎ᠠ ᠪᠠ ᠰᠣᠯᠢᠯᠴᠠᠭ᠎ᠠ ᠵᠢ ᠴᠢᠩᠭ᠋ᠠᠳᠬᠠᠵᠤ᠂ ᠭᠠᠳᠠᠭ᠋ᠠᠳᠤ ᠵᠢᠨ ᠵᠢᠭᠡᠯᠡᠯᠭᠡ ᠵᠢ ᠠᠰᠢᠭᠯᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠬᠦ ᠵᠢ ᠬᠠᠶ᠋ᠢᠨ ᠰᠦᠪᠡᠭᠴᠢᠯᠡᠨ᠎ᠡ᠃ (ᠡᠳ᠋᠎ᠤᠨ ᠵᠠᠰᠠᠭ᠎ᠤᠨ ᠶᠠᠮᠤᠨ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠳᠤᠮᠳᠠᠳᠤ ᠤᠯᠤᠰ᠎ᠤᠨ ᠪᠠᠩᠬᠢ ᠪᠠ ᠳᠠᠭ᠋ᠠᠳᠬᠠᠯ᠎ᠤᠨ ᠲᠢᠩᠬᠢᠮ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠷ ᠬᠠᠷᠢᠭᠤᠴᠠᠨ᠎ᠠ)
(ᠠᠷᠪᠠᠨ ᠨᠢᠭᠡ) ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠤᠨ ᠭᠦᠢᠴᠡᠳᠬᠡᠯ ᠲᠣᠭ᠎ᠠ ᠵᠢ ᠲᠣᠬᠢᠷᠠᠭᠤᠯᠵᠤ ᠠᠰᠢᠭ ᠣᠷᠣᠯᠭ᠎ᠠ ᠵᠢ ᠬᠡᠷᠡᠭᠯᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ ᠪᠠ ᠰᠢᠨ᠎ᠡ᠎ᠪᠠᠷ ᠨᠡᠮᠡᠭᠳᠡᠭᠰᠡᠨ ᠦᠢᠯᠡᠳᠪᠦᠷᠢᠯᠡᠬᠦ ᠴᠢᠳᠠᠪᠤᠷᠢ ᠵᠢ ᠬᠢᠨᠠᠨ ᠲᠣᠭᠲᠠᠭ᠋ᠠᠬᠤ ᠴᠤᠪᠤᠷᠠᠯ᠂ ᠬᠢᠨᠠᠨ ᠲᠣᠭᠲᠠᠭ᠋ᠠᠬᠤ ᠠᠷᠭ᠎ᠠ ᠵᠢ ᠰᠢᠯᠢᠳᠡᠭᠵᠢᠭᠦᠯᠦᠨ᠎ᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠤᠨ ᠭᠦᠢᠴᠡᠳᠬᠡᠯ ᠲᠣᠭ᠎ᠠ ᠵᠢ ᠬᠢᠨᠠᠨ ᠲᠣᠭᠲᠠᠭ᠋ᠠᠭᠰᠠᠨ᠎ᠤ ᠳᠠᠷᠠᠭ᠎ᠠ᠂ ᠲᠠᠷᠢᠶᠠᠨ ᠭᠠᠵᠠᠷ᠎ᠤᠨ ᠭᠦᠢᠴᠡᠳᠬᠡᠯ ᠲᠣᠭ᠎ᠠ ᠵᠢᠨ ᠬᠥᠮᠥᠷᠭᠡ᠎ᠳᠤ ᠴᠠᠭ ᠲᠤᠬᠠᠶ᠎ᠳᠤᠨᠢ ᠨᠦᠬᠦᠪᠦᠷᠢᠯᠡᠨ ᠣᠷᠣᠭᠤᠯᠵᠤ᠂ ᠲᠤᠰ ᠣᠷᠣᠨ ᠪᠦᠰᠡ ᠵᠢᠨ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠶ ᠪᠠᠶ᠋ᠢᠯᠭ᠋ᠠᠬᠤ ᠬᠡᠷᠡᠭᠴᠡᠭᠡ ᠵᠢ ᠬᠠᠩᠭ᠋ᠠᠭᠰᠠᠨ ᠪᠠᠢ᠌ᠳᠠᠯ ᠳᠣᠤᠷ᠎ᠠ᠂ ᠣᠷᠣᠨ ᠪᠦᠰᠡ ᠠᠯᠤᠰᠯᠠᠭᠰᠠᠨ ᠲᠠᠷᠢᠶᠠᠨ ᠭᠠᠵᠠᠷ᠎ᠢ ᠡᠵᠡᠯᠡᠬᠦ ᠪᠠ ᠨᠥᠬᠥᠪᠥᠷᠢᠯᠡᠬᠦ ᠵᠢ ᠲᠡᠩᠴᠡᠭᠦᠷᠢᠲᠡᠶ ᠲᠣᠬᠢᠷᠠᠭᠤᠯᠬᠤ᠎ᠳᠤ ᠬᠡᠷᠡᠭᠯᠡᠵᠦ ᠪᠣᠯᠤᠨ᠎ᠠ᠃ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠤᠨ ᠭᠦᠢᠴᠡᠳᠬᠡᠯ ᠲᠣᠭ᠎ᠠ ᠵᠢ ᠣᠷᠣᠨ ᠪᠦᠰᠡ ᠠᠯᠤᠰᠯᠠᠨ ᠲᠣᠬᠢᠷᠠᠭᠤᠯᠵᠤ ᠨᠢᠭᠡᠳᠦᠯᠲᠡᠶ ᠲᠥᠯᠥᠪᠯᠡᠬᠦ ᠪᠠ ᠠᠰᠢᠭ ᠣᠷᠣᠯᠭ᠎ᠠ ᠵᠢ ᠲᠤᠬᠢᠷᠠᠭᠤᠯᠤᠨ ᠬᠤᠪᠢᠶᠠᠷᠢᠯᠠᠬᠤ ᠵᠢ ᠴᠢᠩᠭ᠋ᠠᠳᠬᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠪᠡᠯᠡ ᠮᠥᠩᠭᠥ ᠵᠢᠨ ᠣᠷᠣᠭᠤᠯᠤᠯᠲᠠ ᠵᠢᠨ ᠠᠷᠭ᠎ᠠ ᠵᠠᠮ᠎ᠢ ᠥᠷᠭᠡᠳᠬᠡᠨ᠎ᠡ᠃ ᠭᠠᠵᠠᠷ ᠰᠢᠷᠣᠶ ᠵᠢᠨ ᠭᠦᠢᠴᠡᠳᠬᠡᠯ ᠲᠣᠭ᠎ᠠ ᠵᠢ ᠮᠣᠵᠢ ᠣᠷᠣᠨ ᠠᠯᠤᠰᠯᠠᠨ ᠲᠣᠬᠢᠷᠠᠭᠤᠯᠤᠭᠰᠠᠨ ᠠᠰᠢᠭ ᠣᠷᠣᠯᠭ᠎ᠠ ᠵᠢ ᠲᠣᠭᠲᠠᠭ᠋ᠠᠯ ᠶᠣᠰᠣᠭ᠋ᠠᠷ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠣᠷᠣᠭᠤᠯᠤᠯᠲᠠ ᠵᠢ ᠨᠡᠮᠡᠭᠳᠡᠭᠦᠯᠬᠦ᠎ᠳᠤ ᠬᠡᠷᠡᠭᠯᠡᠨ᠎ᠡ᠃ ᠡᠯ᠎ᠡ ᠭᠠᠵᠠᠷ᠎ᠤᠨ᠎ᠬᠢᠨ ᠮᠤᠵᠢ ᠵᠢᠨ ᠬᠡᠪᠴᠢᠶᠡᠨ᠎ᠳᠠᠬᠢ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠤᠨ ᠭᠦᠢᠴᠡᠳᠬᠡᠯ ᠲᠣᠭ᠎ᠠ ᠵᠢ ᠲᠣᠬᠢᠷᠠᠭᠤᠯᠤᠭᠰᠠᠨ ᠠᠰᠢᠭ ᠣᠷᠣᠯᠭ᠎ᠠ ᠵᠢ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠳᠠᠬᠢᠨ ᠣᠷᠣᠭᠤᠯᠤᠯᠲᠠ ᠪᠠ ᠵᠢᠭᠡᠯᠡᠯᠭᠡ ᠵᠢᠨ ᠲᠡᠮᠳᠡᠭᠲᠦ ᠵᠢ ᠲᠥᠯᠥᠬᠦ᠂ ᠳᠡᠮ ᠬᠦᠤ ᠮᠥᠩᠭᠥ ᠵᠡᠷᠭᠡ᠎ᠳᠤ ᠤᠷᠢᠳᠠᠪᠠᠷ ᠬᠡᠷᠡᠭᠯᠡᠨ᠎ᠡ᠃ (ᠡᠳ᠋᠎ᠤᠨ ᠵᠠᠰᠠᠭ᠎ᠤᠨ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠬᠣᠶᠠᠷ) ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ ᠵᠢ ᠴᠢᠩᠭ᠋ᠠᠳᠬᠠᠨ᠎ᠠ᠃ ᠪᠣᠬᠢᠷᠲᠤᠯ ᠦᠭᠡᠢ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠵᠢᠱ᠌ᠢᠶ᠎ᠡ ᠦᠵᠡᠭᠦᠯᠬᠦ ᠠᠵᠢᠯ᠎ᠢ ᠥᠷᠨᠢᠭᠦᠯᠵᠦ᠂ ᠲᠠᠷᠢᠶᠠᠨ ᠭᠠᠵᠠᠷ᠎ᠤᠨ ᠶᠠᠰᠤ ᠴᠢᠨᠠᠷ᠎ᠢ ᠬᠠᠮᠠᠭ᠋ᠠᠯᠠᠨ ᠲᠡᠭᠡᠭᠰᠢᠯᠡᠬᠦᠯᠬᠦ᠂ ᠠᠮᠢ ᠠᠬᠤᠶ ᠵᠢᠨ ᠪᠠᠭᠳᠠᠭ᠋ᠠᠮᠵᠢ᠂ ᠲᠠᠷᠢᠶᠠᠯᠠᠩ᠎ᠤᠨ ᠣᠯᠠᠨ ᠡᠬᠢᠲᠦ ᠪᠣᠬᠢᠷᠲᠤᠯ᠎ᠢ ᠰᠡᠷᠭᠡᠶ᠋ᠢᠯᠡᠨ ᠵᠠᠰᠠᠬᠤ ᠪᠠ ᠲᠠᠷᠢᠶᠠᠨ ᠭᠠᠵᠠᠷ᠎ᠤᠨ ᠠᠮᠢ ᠠᠬᠤᠶ ᠵᠢ ᠰᠠᠶ᠋ᠢᠵᠢᠷᠠᠭᠤᠯᠬᠤ ᠵᠢ ᠣᠷᠭ᠋ᠠᠨᠢᠭ ᠵᠶ᠋ᠠᠷ ᠠᠭᠤᠰᠤᠯᠴᠠᠭᠤᠯᠬᠤ ᠵᠢ ᠠᠬᠢᠭᠤᠯᠵᠤ᠂ ᠲᠠᠷᠢᠶᠠᠨ ᠭᠠᠵᠠᠷ᠎ᠤᠨ ᠠᠮᠢ ᠠᠬᠤᠢ ᠵᠢᠨ ᠴᠢᠳᠠᠮᠵᠢ ᠵᠢ ᠳᠡᠭᠡᠭᠰᠢᠯᠡᠭᠦᠯᠦᠨ᠎ᠡ᠃ ᠨᠢᠭᠡ ᠪᠦᠯᠦᠭ ᠬᠥᠷᠥᠰᠥ ᠰᠢᠷᠣᠶ ᠬᠤᠵᠢᠷᠰᠢᠬᠤ᠂ ᠬᠦᠴᠢᠯᠵᠢᠬᠦ᠂ ᠮᠠᠭᠤᠵᠢᠷᠠᠬᠤ ᠪᠠ ᠢᠨᠵᠧᠨᠧᠷᠢᠩ᠎ᠤᠨ ᠴᠢᠨᠠᠷᠲᠠᠶ ᠤᠰᠤ ᠳᠤᠲᠠᠭᠳᠠᠬᠤ ᠵᠡᠷᠭᠡ ᠣᠷᠣᠨ ᠪᠦᠰᠡ ᠵᠢ ᠰᠣᠩᠭᠣᠨ ᠠᠪᠴᠤ᠂ ᠲᠠᠷᠢᠶᠠᠯᠠᠩ᠎ᠤᠨ ᠦᠢᠯᠡᠳᠪᠦᠷᠢᠯᠡᠯ᠎ᠳᠤ ᠣᠷᠣᠰᠢᠵᠤ ᠪᠠᠢ᠌ᠭ᠎ᠠ ᠭᠣᠤᠯ ᠬᠦᠴᠦᠨ ᠵᠦᠢᠯ᠎ᠳᠤ ᠴᠢᠭᠯᠡᠭᠦᠯᠦᠨ᠂ ᠲᠤᠰᠬᠠᠶ ᠵᠦᠢᠯ᠎ᠤᠨ ᠢᠨᠵᠧᠨᠧᠷᠢᠩ᠎ᠤᠨ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠥᠷᠨᠢᠭᠦᠯᠵᠦ᠂ ᠠᠳᠠᠯᠢ ᠲᠥᠷᠥᠯ ᠬᠡᠯᠪᠡᠷᠢ ᠵᠢᠨ ᠣᠷᠣᠨ ᠪᠦᠰᠡ ᠵᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠳᠤ ᠲᠤᠷᠰᠢᠯᠲᠠ ᠬᠢᠵᠦ ᠵᠢᠱ᠌ᠢᠶ᠎ᠡ   ᠦᠵᠡᠬᠦᠯᠦᠨ᠎ᠡ᠃ ᠬᠦᠭᠵᠢᠬᠦᠯᠦᠯᠳᠡ ᠵᠢᠨ ᠪᠤᠯᠤᠮᠵᠢ᠎ᠪᠠᠷ ᠶᠡᠬᠡ᠂ ᠰᠠᠭᠤᠷᠢ ᠨᠥᠬᠥᠴᠡᠯ ᠵᠶ᠋ᠠᠷ ᠰᠠᠶ᠋ᠢᠨ᠂ ᠢᠳᠡᠪᠬᠢᠵᠢᠯ ᠵᠶ᠋ᠠᠷ ᠥᠨᠳᠥᠷ ᠭᠠᠵᠠᠷ ᠣᠷᠣᠨ᠎ᠳᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠪᠦᠬᠦ ᠰᠢᠶᠠᠨ ᠵᠶ᠋ᠠᠷ ᠵᠢᠱ᠌ᠢᠶ᠎ᠡ ᠦᠵᠡᠭᠦᠯᠬᠦ ᠵᠢ ᠲᠦᠯᠬᠢᠨ ᠠᠬᠢᠭᠤᠯᠤᠨ᠎ᠠ᠃ (ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠠᠮᠢ ᠠᠬᠤᠶ ᠣᠷᠴᠢᠨ ᠲᠣᠭᠣᠷᠢᠨ᠎ᠤ ᠶᠠᠮᠤᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠭᠤᠷᠪᠠ) ᠢᠨᠵᠧᠨᠧᠷᠢᠩ᠎ᠤᠨ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠪᠦᠷᠢᠨᠰᠢᠭᠦᠯᠦᠨ᠎ᠡ᠃ ᠬᠥᠳᠡᠭᠡ ᠲᠣᠰᠬᠣᠨ᠎ᠤ ᠬᠠᠮᠲᠤ ᠵᠢᠨ ᠦᠮᠴᠢᠯᠡᠯ᠎ᠤᠨ ᠲᠦᠷᠢᠮ ᠪᠠ ᠲᠠᠷᠢᠶᠠᠯᠠᠩ᠎ᠤᠨ ᠤᠰᠤᠨ᠎ᠤ ᠦᠨ᠎ᠡ ᠵᠢᠨ ᠶᠡᠷᠦᠩᠬᠡᠶ᠋ᠢᠯᠡᠭᠰᠡᠨ ᠥᠭᠡᠷᠡᠴᠢᠯᠡᠯᠲᠡ᠎ᠲᠠᠢ ᠤᠶᠠᠯᠳᠤᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠬᠠᠮᠢᠶᠠᠷᠴᠤ ᠬᠠᠮᠠᠭ᠋ᠠᠯᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠬᠠᠮᠢᠶᠠᠷᠴᠤ ᠬᠠᠮᠠᠭ᠋ᠠᠯᠠᠬᠤ ᠭᠣᠤᠯ ᠴᠣᠭᠴᠠ ᠵᠢ ᠲᠣᠳᠣᠷᠬᠠᠶ᠋ᠢᠯᠠᠨ᠂ ᠬᠠᠮᠢᠶᠠᠷᠴᠤ ᠬᠠᠮᠠᠭ᠋ᠠᠯᠠᠬᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠤᠨ᠎ᠠ᠃  ᠡᠯ᠎ᠡ ᠭᠠᠵᠠᠷ᠎ᠤᠳ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢᠯ᠎ᠤᠨ ᠬᠠᠮᠢᠶᠠᠷᠴᠤ ᠬᠠᠮᠠᠭ᠋ᠠᠯᠠᠬᠤ ᠵᠠᠷᠤᠳᠠᠯ᠎ᠤᠨ ᠵᠦᠶ ᠵᠣᠬᠢᠰᠲᠠᠶ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠵᠤ᠂ ᠠᠰᠢᠭ ᠬᠦᠷᠲᠡᠬᠦ ᠭᠣᠤᠯ ᠴᠣᠭᠴᠠ ᠵᠢᠨ ᠬᠠᠮᠢᠶᠠᠷᠴᠤ ᠬᠠᠮᠠᠭ᠋ᠠᠯᠠᠬᠤ ᠢᠳᠡᠪᠬᠢᠵᠢᠯ᠎ᠢ ᠳᠠᠶ᠋ᠢᠴᠢᠯᠠᠨ᠂ ᠪᠠᠶ᠋ᠢᠭᠤᠯᠤᠭᠰᠠᠨ ᠪᠠᠷᠢᠯᠭ᠎ᠠ   ᠲᠦᠬᠦᠭᠡᠷᠤᠮᠵᠢ ᠵᠢᠨ ᠬᠡᠪ᠎ᠤᠨ ᠶᠣᠰᠣᠭ᠋ᠠᠷ ᠠᠵᠢᠯᠯᠠᠬᠤ ᠵᠢ ᠦᠨᠡᠨᠬᠦ ᠪᠠᠲᠤᠯᠠᠨ᠎ᠠ᠃ ᠪᠠᠶ᠋ᠢᠭᠤᠯᠤᠭᠰᠠᠨ᠎ᠤ ᠳᠠᠷᠠᠭ᠋ᠠᠬᠢ ᠬᠠᠮᠢᠶᠠᠷᠴᠤ ᠬᠠᠮᠠᠭ᠋ᠠᠯᠠᠬᠤ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠣᠨ᠎ᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠦᠨᠡᠯᠡᠬᠦ ᠬᠡᠪᠴᠢᠶᠡᠨ᠎ᠳᠤ   ᠤᠷᠤᠭᠤᠯᠤᠨ᠎ᠠ᠃ (ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠤᠰᠤᠨ ᠠᠰᠢᠭᠯᠠᠯᠲᠠ ᠵᠢᠨ ᠶᠠᠮᠤᠨ ᠡᠭᠦᠷᠭᠡ ᠬᠠᠷᠢᠭᠤᠴᠠᠯᠭ᠎ᠠ ᠶᠣᠰᠣᠭ᠋ᠠᠷ ᠠᠵᠢᠯ ᠬᠤᠪᠢᠶᠠᠷᠢᠯᠠᠨ ᠬᠠᠷᠢᠭᠤᠴᠠᠨ᠎ᠠ)
 ᠳᠦᠷᠪᠡ᠂ ᠪᠠᠲᠤᠯᠠᠭ᠎ᠠ ᠵᠢᠨ ᠠᠷᠭ᠎ᠠ ᠬᠡᠮᠵᠢᠶ᠎ᠡ
(ᠠᠷᠪᠠᠨ ᠲᠦᠷᠪᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠎ᠠ᠃ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ᠎ᠳᠤ ᠲᠥᠪ᠎ᠤᠨ ᠨᠢᠭᠡᠳᠦᠯᠲᠡᠶ ᠲᠥᠯᠥᠪᠯᠡᠬᠦ᠂ ᠮᠤᠵᠢ᠎ᠠᠴᠠ ᠶᠡᠷᠦᠩᠬᠡᠶ ᠬᠠᠷᠢᠭᠤᠴᠠᠯᠭ᠎ᠠ ᠵᠢ ᠬᠠᠷᠢᠭᠤᠴᠠᠬᠤ᠂ ᠬᠤᠳᠠ ᠰᠢᠶᠠᠨ᠎ᠠᠴᠠ ᠨᠠᠶ᠋ᠢᠳᠠᠪᠤᠷᠢᠵᠢᠭᠤᠯᠤᠯᠲᠠ ᠵᠢ ᠠᠳᠬᠤᠬᠤ᠂ ᠣᠯᠠᠨ ᠲᠦᠮᠡᠨ ᠣᠷᠣᠯᠴᠠᠬᠤ ᠠᠵᠢᠯ᠎ᠤᠨ ᠲᠣᠭᠲᠠᠴᠠ ᠵᠢ   ᠬᠡᠷᠡᠭᠵᠢᠬᠦᠯᠦᠨ᠎ᠡ᠃ ᠮᠤᠵᠢ ᠵᠢᠨ ᠱᠠᠲᠤᠨ᠎ᠤ ᠵᠠᠰᠠᠭ᠎ᠤᠨ ᠣᠷᠳᠣᠨ᠎ᠤ ᠶᠡᠷᠦᠩᠬᠡᠢ ᠤᠳᠤᠷᠢᠳᠤᠯᠭ᠎ᠠ ᠶᠡᠷᠦᠩᠬᠡᠶ ᠬᠠᠷᠢᠭᠤᠴᠠᠯᠭ᠎ᠠ ᠡᠭᠦᠷᠭᠡᠯᠡᠬᠦ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠰᠢᠭᠤᠳ ᠬᠠᠷᠢᠭᠤᠴᠠᠬᠤ ᠬᠠᠷᠢᠭᠤᠴᠠᠯᠭ᠎ᠠ ᠵᠢᠨ ᠳᠦᠷᠢᠮ᠎ᠢ ᠴᠢᠩᠭ᠋ᠠᠷᠠᠭᠤᠯᠵᠤ᠂ ᠲᠥᠯᠥᠪᠵᠢᠭᠦᠯᠭᠡ ᠵᠢ ᠬᠡᠷᠡᠭᠵᠢᠭᠦᠯᠬᠦ᠂ ᠡᠭᠦᠷᠭᠡ ᠵᠢ ᠨᠠᠶ᠋ᠢᠳᠠᠪᠤᠷᠢᠵᠢᠭᠤᠯᠬᠤ᠂ ᠪᠡᠯᠡ ᠮᠥᠩᠭᠥ ᠵᠢ ᠪᠠᠲᠤᠯᠠᠬᠤ᠂ ᠬᠢᠨᠠᠯᠲᠠ ᠲᠠᠯᠪᠢᠵᠤ ᠦᠨᠡᠯᠡᠬᠦ ᠪᠠ ᠠᠵᠢᠯᠯᠠᠭᠤᠯᠵᠤ ᠬᠠᠮᠢᠶᠠᠷᠬᠤ ᠵᠡᠷᠭᠡ ᠠᠵᠢᠯ᠎ᠢ ᠰᠠᠶ᠋ᠢᠲᠤᠷ ᠠᠳᠬᠤᠨ᠎ᠠ᠃ ᠲᠠᠷᠢᠶᠠᠯᠠᠩ ᠬᠥᠳᠡᠭᠡ ᠲᠣᠰᠬᠣᠨ᠎ᠤ ᠰᠠᠯᠠᠭ᠎ᠠ ᠮᠥᠴᠢᠷ᠎ᠤᠳ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠲᠥᠪᠯᠡᠷᠡᠩᠭᠦᠶ ᠨᠢᠭᠡᠳᠦᠯᠲᠡᠶ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠪᠥᠬᠥ ᠲᠠᠯ᠎ᠠ᠎ᠪᠠᠷ ᠰᠠᠶ᠋ᠢᠲᠤᠷ ᠭᠦᠢᠴᠡᠳᠬᠡᠵᠦ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋᠎ᠤᠨ ᠵᠠᠰᠠᠭ᠂ ᠪᠠᠶ᠋ᠢᠭ᠋ᠠᠯᠢ ᠵᠢᠨ ᠡᠬᠢ ᠪᠠᠶᠠᠯᠢᠭ᠂ ᠤᠰᠤᠨ ᠠᠰᠢᠭᠯᠠᠯᠲᠠ᠂ ᠠᠷᠠᠳ᠎ᠤᠨ ᠪᠠᠩᠬᠢ᠂ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠨᠢᠭᠲᠠ ᠬᠠᠮᠵᠢᠯᠴᠠᠨ᠂ ᠲᠥᠯᠥᠪᠵᠢᠭᠦᠯᠦᠨ ᠵᠢᠯᠣᠭᠣᠳᠬᠤ᠂ ᠪᠠᠯᠠ ᠮᠥᠩᠭᠥ ᠵᠢᠨ ᠣᠷᠣᠭᠤᠯᠤᠯᠲᠠ ᠬᠢᠬᠦ᠂ ᠰᠢᠨ᠎ᠡ᠎ᠪᠠᠷ ᠨᠡᠮᠡᠭᠳᠡᠭᠰᠡᠨ ᠲᠠᠷᠢᠶᠠᠨ ᠭᠠᠵᠠᠷ᠎ᠢ ᠬᠠᠷᠭᠤᠭᠤᠯᠤᠨ ᠲᠣᠭᠲᠠᠭ᠋ᠠᠬᠤ᠂ ᠤᠰᠤᠨ᠎ᠤ ᠡᠬᠢ ᠪᠠᠶᠠᠯᠢᠭ᠎ᠢ ᠠᠰᠢᠭᠯᠠᠬᠤ ᠪᠠ ᠬᠠᠮᠢᠶᠠᠷᠬᠤ᠂ ᠮᠥᠩᠭᠥᠨ ᠭᠦᠢᠯᠭᠡᠭᠡᠨ᠎ᠤ ᠳᠡᠮᠵᠢᠯᠭᠡ ᠦᠵᠡᠭᠦᠯᠬᠦ ᠵᠡᠷᠭᠡ ᠠᠵᠢᠯ᠎ᠢ ᠰᠠᠶ᠋ᠢᠲᠤᠷ ᠬᠢᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠬᠠᠮᠵᠢᠯᠴᠠᠨ ᠠᠬᠢᠭᠤᠯᠬᠤ ᠬᠡᠷᠡᠭᠲᠡᠶ᠃ ᠰᠠᠶ᠋ᠢᠨ ᠲᠤᠷᠰᠢᠯᠭ᠎ᠠ ᠰᠠᠶ᠋ᠢᠨ ᠠᠷᠭ᠎ᠠ ᠪᠠᠷᠢᠯ᠎ᠢ ᠴᠠᠭ ᠲᠤᠬᠠᠶ᠎ᠳᠤᠨᠢ ᠳ᠋ᠦᠩᠨᠡᠨ ᠳᠡᠯᠭᠡᠷᠡᠭᠦᠯᠵᠦ᠂ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢ ᠪᠠᠶ᠋ᠢᠭᠤᠯᠬᠤ ᠬᠡᠷᠡᠭᠲᠡᠶ᠃ (ᠲᠠᠷᠢᠶᠠᠯᠠᠩ ᠬᠥᠳᠡᠭᠡ ᠲᠣᠰᠬᠣᠨ᠎ᠤ ᠶᠠᠮᠤᠨ ᠲᠦᠷᠦᠭᠦᠯᠡᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠤᠰᠤᠨ ᠠᠰᠢᠭᠯᠠᠯᠲᠠ ᠵᠢᠨ ᠶᠠᠮᠤᠨ᠂ ᠳᠤᠮᠳᠠᠳᠤ ᠤᠯᠤᠰ᠎ᠤᠨ ᠠᠷᠠᠳ᠎ᠤᠨ ᠪᠠᠩᠬᠢ᠂ ᠳᠤᠮᠳᠠᠳᠤ ᠤᠯᠤᠰ᠎ᠤᠨ ᠪᠠᠩᠬᠢ ᠪᠠ ᠳᠠᠭ᠋ᠠᠳᠬᠠᠯ᠎ᠤᠨ ᠲᠢᠩᠬᠢᠮ ᠡᠭᠦᠷᠭᠡ ᠬᠠᠷᠢᠭᠤᠴᠠᠯᠭ᠎ᠠ ᠵᠢᠨ   ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠲᠠᠪᠤ) ᠰᠠᠭᠤᠷᠢ ᠲᠤᠯᠭ᠋ᠠᠭᠤᠷᠢᠯᠠᠯ᠎ᠢ ᠴᠢᠩᠭ᠋ᠠᠷᠠᠭᠤᠯᠤᠨ᠎ᠠ᠃ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠬᠠᠤᠯᠢ ᠲᠣᠭᠲᠠᠭ᠋ᠠᠯ ᠳᠦᠷᠢᠮ᠎ᠤᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠲᠥᠷᠥᠯ ᠵᠦᠢᠯ᠎ᠤᠨ ᠬᠠᠮᠢᠶᠠᠷᠤᠯᠲᠠ᠂ ᠪᠡᠯᠡ ᠮᠥᠩᠭᠥ ᠵᠢᠨ ᠬᠠᠮᠢᠶᠠᠷᠤᠯᠲᠠ᠂ ᠬᠢᠨᠠᠯᠲᠠ ᠲᠠᠯᠪᠢᠵᠤ ᠦᠨᠡᠯᠡᠨ ᠵᠢᠱ᠌ᠢᠬᠦ ᠪᠠ ᠬᠢᠨᠠᠨ ᠬᠡᠮᠵᠢᠵᠦ ᠦᠨᠡᠯᠡᠬᠦ ᠵᠡᠷᠭᠡ ᠠᠷᠭ᠎ᠠ ᠵᠢ ᠲᠣᠭᠲᠠᠭ᠋ᠠᠨ ᠲᠡᠭᠦᠯᠳᠡᠷᠵᠢᠭᠦᠯᠬᠦ ᠬᠡᠷᠡᠭᠲᠡᠶ᠃ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠪᠠ ᠮᠡᠷᠭᠡᠵᠢᠯ᠎ᠤᠨ ᠦᠢᠯᠡᠴᠢᠯᠡᠭᠡᠨ᠎ᠤ ᠰᠢᠰᠲ᠋ᠧᠮᠵᠢ ᠵᠢᠨ ᠡᠩᠨᠡᠭᠡᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠣᠶᠠᠷ ᠱᠠᠲᠤᠨ᠎ᠤ ᠠᠵᠢᠯ᠎ᠤᠨ ᠬᠦᠴᠦᠨ᠎ᠢ ᠭᠣᠤᠯᠳᠠᠯᠭ᠎ᠠ᠎ᠲᠠᠢ ᠲᠤᠬᠢᠷᠠᠭᠤᠯᠤᠨ ᠴᠢᠩᠭ᠋ᠠᠷᠠᠭᠤᠯᠵᠤ᠂ ᠲᠤᠬᠠᠶ ᠵᠢᠨ ᠭᠠᠵᠠᠷ᠎ᠤᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠡᠭᠦᠷᠭᠡ᠎ᠯᠦᠭᠡ ᠬᠠᠷᠢᠯᠴᠠᠨ ᠲᠣᠬᠢᠷᠠᠯᠴᠠᠭᠤᠯᠤᠨ᠎ᠠ᠃ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠬᠦᠨᠳᠦ ᠬᠡᠴᠡᠭᠦᠤ ᠠᠰᠠᠭᠤᠳᠠᠯ᠎ᠤᠨ ᠲᠣᠭᠣᠷᠢᠨ᠎ᠳᠤ ᠰᠢᠨᠵᠢᠯᠡᠬᠦ ᠤᠬᠠᠭ᠋ᠠᠨ᠎ᠤ ᠰᠤᠳᠤᠯᠤᠯ᠎ᠢ ᠥᠷᠨᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠵᠣᠬᠢᠶᠠᠨ ᠪᠠᠶ᠋ᠢᠭᠤᠯᠬᠤ ᠬᠡᠷᠡᠭᠲᠡᠶ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠲᠡᠷᠢᠭᠦᠨ᠎ᠤ ᠬᠡᠷᠡᠭᠯᠡᠭᠡᠨ᠎ᠤ ᠮᠡᠷᠭᠡᠵᠢᠯ᠎ᠢ ᠶᠡᠬᠡᠪᠡᠷ ᠣᠷᠣᠭᠤᠯᠤᠨ ᠠᠪᠴᠢᠷᠠᠵᠤ ᠳᠡᠯᠭᠡᠷᠡᠭᠦᠯᠦᠨ᠂ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠬᠢᠭᠡᠳ ᠲᠠᠷᠢᠶᠠᠯᠠᠩ᠎ᠤᠨ ᠮᠠᠰᠢᠨ ᠲᠠᠷᠢᠶᠠᠯᠠᠩ᠎ᠤᠨ ᠤᠷ᠎ᠠ ᠮᠡᠷᠭᠡᠵᠢᠯ᠎ᠤᠨ ᠮᠡᠷᠭᠡᠵᠢᠯ᠎ᠤᠨ ᠬᠤᠷᠠᠮᠳᠤᠯ ᠪᠠ ᠬᠡᠷᠡᠭᠯᠡᠯᠲᠡ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠬᠢᠭᠡᠳ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠲᠦᠯᠬᠢᠨ ᠠᠬᠢᠭᠤᠯᠤᠨ᠎ᠠ᠃ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ ᠲᠥᠷᠥᠯ᠎ᠤᠨ ᠬᠠᠮᠢᠶᠠᠷᠤᠯᠲᠠ ᠦᠢᠯᠡᠴᠢᠯᠡᠭᠡᠨ᠎ᠢ ᠴᠢᠩᠭ᠋ᠠᠳᠬᠠᠨ᠂ ᠬᠠᠮᠢᠶ᠎ᠠ ᠪᠦᠬᠦᠢ ᠮᠡᠷᠭᠡᠵᠢᠯ᠎ᠤᠨ ᠪᠤᠯᠪᠠᠰᠤᠷᠠᠭᠤᠯᠤᠯ᠎ᠤᠨ ᠡᠷᠴᠢᠮ ᠵᠶ᠋ᠠᠨ ᠨᠡᠮᠡᠭᠳᠡᠭᠦᠯᠵᠦ᠂ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠮᠡᠷᠭᠡᠵᠢᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃ (ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠠᠮᠤᠨ᠂ ᠡᠳ᠋᠎ᠤᠨ ᠵᠠᠰᠠᠭ᠎ᠤᠨ ᠶᠠᠮᠤᠨ᠂ ᠤᠰᠤᠨ ᠠᠰᠢᠭᠯᠠᠯᠲᠠ ᠵᠢᠨ ᠶᠠᠮᠤᠨ ᠡᠭᠦᠷᠭᠡ ᠬᠠᠷᠢᠭᠤᠴᠠᠯᠭ᠎ᠠ ᠵᠢᠨ   ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠵᠢᠷᠭᠤᠭ᠎ᠠ) ᠬᠠᠮᠠᠭ᠋ᠠᠯᠠᠨ ᠠᠰᠢᠭᠯᠠᠬᠤ ᠵᠢ ᠴᠢᠩᠳᠠᠯᠠᠨ᠎ᠠ᠃ ᠪᠠᠶ᠋ᠢᠭᠤᠯᠤᠭᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠤᠷᠳᠤ ᠬᠤᠭᠤᠴᠠᠭ᠋ᠠᠨ᠎ᠤ ᠦᠨᠳᠦᠰᠦᠨ ᠲᠠᠷᠢᠶᠠᠨ ᠭᠠᠵᠠᠷ ᠪᠣᠯᠭ᠋ᠠᠨ ᠵᠠᠭ᠋ᠠᠭᠯᠠᠨ ᠲᠣᠭᠲᠠᠭ᠋ᠠᠵᠤ᠂ ᠣᠨᠴᠠᠭ᠋ᠠᠢ ᠬᠠᠮᠠᠭ᠋ᠠᠯᠠᠯᠲᠠ ᠬᠢᠵᠦ᠂ 《ᠲᠠᠷᠢᠶᠠᠯᠠᠩ᠎ᠤᠨ ᠪᠤᠰᠤ》 ᠪᠣᠯᠬᠤ᠎ᠠᠴᠠ ᠰᠡᠷᠭᠡᠶ᠋ᠢᠯᠡᠬᠦ ᠬᠡᠷᠡᠭᠲᠡᠶ᠂ ᠶᠠᠮᠠᠷᠪᠠ   ᠨᠢᠭᠡᠴᠡ ᠪᠠ ᠬᠤᠪᠢ ᠬᠥᠮᠦᠨ ᠲᠡᠭᠦᠨ᠎ᠢ ᠡᠪᠳᠡᠨ ᠰᠦᠢᠳᠬᠡᠵᠦ᠂ ᠳᠤᠷ᠎ᠠ᠎ᠪᠠᠷ ᠵᠶ᠋ᠠᠨ ᠡᠵᠡᠯᠡᠨ ᠬᠡᠷᠡᠭᠯᠡᠬᠦ ᠪᠤᠶᠤ ᠬᠡᠷᠡᠭᠴᠡᠭᠡ ᠵᠢ᠎ᠨᠢ ᠬᠤᠪᠢᠷᠠᠭᠤᠯᠵᠤ ᠪᠣᠯᠬᠤ ᠦᠭᠡᠢ᠃ ᠲᠠᠷᠢᠶᠠᠨ ᠭᠠᠵᠠᠷ᠎ᠢ ᠡᠵᠡᠯᠡᠨ ᠬᠡᠷᠡᠭᠯᠡᠬᠦ ᠵᠢ ᠬᠢᠨᠠᠨ ᠵᠥᠪᠰᠢᠶᠡᠷᠡᠬᠦ ᠵᠢ ᠴᠢᠩᠳᠠᠯᠠᠵᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠬᠠᠤᠯᠢ ᠶᠣᠰᠣᠭ᠋ᠠᠷ ᠵᠥᠪᠰᠢᠶᠡᠷᠡᠭᠦᠯᠦᠭᠡᠳ ᠡᠵᠡᠯᠡᠨ ᠬᠡᠷᠡᠭᠯᠡᠭᠰᠡᠨ ᠪᠣᠯ ᠴᠠᠭ ᠲᠤᠬᠠᠶ᠎ᠳᠤᠨᠢ ᠨᠥᠬᠥᠪᠥᠷᠢᠯᠡᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠣᠭ᠎ᠠ ᠬᠡᠮᠵᠢᠶ᠎ᠡ ᠵᠢ ᠪᠠᠭ᠋ᠠᠰᠬᠠᠬᠤ ᠦᠭᠡᠢ᠂ ᠶᠠᠰᠤ ᠴᠢᠨᠠᠷ᠎ᠢ ᠪᠠᠭᠤᠷᠠᠭᠤᠯᠬᠤ ᠦᠭᠡᠢ ᠪᠠᠶ᠋ᠢᠬᠤ ᠵᠢ ᠦᠨᠡᠨᠬᠦ ᠪᠠᠲᠤᠯᠠᠬᠤ ᠬᠡᠷᠡᠭᠲᠡᠶ᠃ ᠤᠰᠤᠨ᠎ᠳᠤ ᠡᠪᠳᠡᠭᠳᠡᠭᠰᠡᠨ ᠵᠡᠷᠭᠡ ᠠᠶᠠᠨᠳᠠᠭ᠋ᠠᠨ ᠡᠪᠳᠡᠭᠳᠡᠭᠰᠡᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠣᠨ᠎ᠤ ᠪᠦᠲᠦᠭᠡᠨ ᠪᠠᠶ᠋ᠢᠭᠤᠯᠤᠯᠲᠠ ᠵᠢᠨ ᠡᠭᠦᠷᠭᠡ᠎ᠳᠤ ᠣᠷᠣᠭᠤᠯᠵᠤ᠂ ᠴᠠᠭ ᠲᠤᠬᠠᠶ᠎ᠳᠤᠨᠢ ᠰᠡᠯᠪᠢᠨ ᠵᠠᠰᠠᠬᠤ ᠪᠤᠶᠤ ᠨᠥᠬᠥᠪᠥᠷᠢᠯᠡᠬᠦ ᠬᠡᠷᠡᠭᠲᠡᠶ᠃ ᠠᠮᠤ ᠪᠤᠳᠠᠭ᠋ᠠᠨ᠎ᠤ ᠠᠰᠢᠭ ᠲᠤᠰᠠ ᠵᠢᠨ ᠨᠥᠬᠥᠪᠥᠷᠢ ᠵᠢᠨ ᠲᠣᠭᠲᠠᠴᠠ ᠪᠠ ᠤᠷᠮᠠᠰᠢᠭᠤᠯᠤᠨ ᠵᠣᠷᠢᠭᠵᠢᠭᠤᠯᠬᠤ ᠲᠥᠷᠦ ᠵᠢᠨ ᠪᠣᠳᠣᠯᠭ᠎ᠠ ᠵᠢ ᠲᠡᠭᠦᠯᠳᠡᠷᠵᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ ᠬᠥᠲᠥᠯᠥᠨ ᠵᠢᠯᠣᠭᠣᠳᠴᠤ ᠴᠢᠬᠤᠯᠠ ᠲᠠᠷᠢᠶᠠᠯᠠᠩ᠎ᠤᠨ ᠪᠦᠲᠦᠭᠡᠭᠳᠡᠬᠦᠨ ᠢᠯᠠᠩᠭᠤᠶ᠎ᠠ ᠠᠮᠤ ᠪᠤᠳᠠᠭ᠋ᠠᠨ᠎ᠤ ᠦᠢᠯᠡᠳᠪᠦᠷᠢᠯᠡᠯ᠎ᠳᠤ ᠲᠥᠪᠯᠡᠷᠡᠭᠦᠯᠦᠨ ᠬᠡᠷᠡᠭᠯᠡᠭᠦᠯᠦᠨ᠎ᠡ᠃ ᠵᠦᠶ ᠵᠣᠬᠢᠰᠲᠠᠶ ᠲᠠᠷᠢᠶᠠᠯᠠᠬᠤ ᠳᠦᠷᠢᠮ᠎ᠢ ᠬᠠᠶ᠋ᠢᠨ ᠰᠦᠪᠡᠭᠴᠢᠯᠡᠵᠦ᠂ ᠲᠠᠷᠢᠶᠠᠨ ᠭᠠᠵᠠᠷ ᠬᠡᠷᠡᠭᠯᠡᠬᠦ ᠲᠠᠷᠢᠶᠠᠨ ᠭᠠᠵᠠᠷ ᠬᠠᠮᠠᠭ᠋ᠠᠯᠠᠬᠤ ᠵᠢ ᠬᠠᠷᠢᠯᠴᠠᠨ ᠤᠶᠠᠯᠳᠤᠭᠤᠯᠬᠤ ᠵᠢ ᠬᠡᠷᠡᠭᠵᠢᠭᠦᠯᠵᠦ᠂ ᠪᠤᠷᠳᠤᠭᠤᠷ ᠵᠶ᠋ᠠᠷ ᠪᠤᠢ᠌ᠵᠢᠭᠤᠯᠬᠤ ᠵᠢ ᠴᠢᠩᠭ᠋ᠠᠳᠬᠠᠨ᠂ ᠭᠠᠵᠠᠷ᠎ᠤᠨ   ᠬᠡᠷᠡᠭᠯᠡᠭᠡᠨ᠎ᠤ ᠴᠢᠳᠠᠪᠬᠢ ᠪᠠᠭᠤᠷᠠᠬᠤ ᠵᠢ ᠰᠡᠷᠭᠡᠶ᠋ᠢᠯᠡᠬᠦ ᠬᠡᠷᠡᠭᠲᠡᠶ᠃ ᠪᠠᠷᠢᠮᠵᠢᠶ᠎ᠠ᠎ᠳᠤ ᠬᠦᠷᠬᠦ ᠦᠭᠡᠢ ᠪᠣᠬᠢᠷ ᠤᠰᠤ ᠵᠢ ᠲᠠᠷᠢᠶᠠᠨ ᠭᠠᠵᠠᠷ᠎ᠲᠤ ᠣᠷᠣᠭᠤᠯᠬᠤ ᠵᠢ ᠴᠢᠩᠭ᠎ᠠ ᠴᠠᠭ᠋ᠠᠵᠠᠯᠠᠵᠤ᠂ ᠠᠮᠢᠳᠤᠷᠠᠯ᠎ᠤᠨ ᠬᠣᠭ ᠨᠣᠪᠰᠢ᠂ ᠠᠵᠤ ᠦᠢᠯᠡᠳᠪᠦᠷᠢ ᠵᠢᠨ ᠬᠠᠶᠠᠭᠳᠠᠮᠠᠯ ᠪᠣᠳᠠᠰ ᠵᠡᠷᠭᠡ ᠵᠢ ᠲᠠᠷᠢᠶᠠᠨ ᠭᠠᠵᠠᠷ᠎ᠲᠤ ᠴᠢᠳᠬᠤᠬᠤ᠂ ᠭᠠᠳᠠᠭᠰᠢᠯᠠᠭᠤᠯᠬᠤ᠂ ᠣᠪᠣᠭ᠋ᠠᠯᠠᠵᠤ ᠬᠠᠳᠠᠭ᠋ᠠᠯᠠᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃ (ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠪᠠᠶ᠋ᠢᠭ᠋ᠠᠯᠢ ᠵᠢᠨ ᠡᠬᠢ ᠪᠠᠶᠠᠯᠢᠭ᠎ᠤᠨ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ᠂ ᠠᠮᠢ ᠠᠬᠤᠶ ᠣᠷᠴᠢᠨ ᠲᠣᠭᠣᠷᠢᠨ᠎ᠤ ᠶᠠᠮᠤᠨ ᠡᠭᠦᠷᠭᠡ ᠬᠠᠷᠢᠭᠤᠴᠠᠯᠭ᠎ᠠ ᠵᠢᠨ   ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
(ᠠᠷᠪᠠᠨ ᠳᠣᠯᠣᠭ᠎ᠠ) ᠲᠦᠭᠰᠢᠭᠦᠷᠢ ᠵᠢ ᠰᠡᠷᠭᠡᠶ᠋ᠢᠯᠡᠨ ᠡᠵᠡᠮᠳᠡᠬᠦ ᠵᠢ ᠴᠢᠩᠭ᠋ᠠᠳᠬᠠᠨ᠎ᠠ᠃ ᠰᠠᠶ᠋ᠢᠨ ᠰᠠᠶ᠋ᠢᠬᠠᠨ ᠰᠤᠷᠲᠠᠯ᠎ᠢ ᠪᠤᠢ ᠪᠣᠯᠭ᠋ᠠᠵᠤ᠂ ᠠᠵᠢᠯ᠎ᠤᠨ ᠰᠠᠬᠢᠯᠭ᠎ᠠ ᠪᠠᠲᠤ ᠵᠢ ᠴᠢᠩᠳᠠᠯᠠᠨ᠂ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠲᠦᠭᠰᠢᠭᠦᠷᠢ ᠵᠢ ᠦᠨᠡᠨᠬᠦ ᠰᠡᠷᠭᠡᠶ᠋ᠢᠯᠡᠬᠦ ᠬᠡᠷᠡᠭᠲᠡᠶ᠃ ᠲᠠᠷᠢᠶᠠᠨ ᠭᠠᠵᠠᠷ᠎ᠤᠨ ᠪᠦᠲᠦᠭᠡᠨ ᠪᠠᠶ᠋ᠢᠭᠤᠯᠤᠯᠲᠠ ᠵᠢᠨ ᠪᠡᠯᠡ ᠮᠥᠩᠭᠥ ᠵᠢᠨ ᠪᠦᠬᠦ ᠶᠠᠪᠤᠴᠠ ᠵᠢᠨ ᠠᠮᠵᠢᠯᠲᠠ ᠪᠦᠲᠦᠮᠵᠢ ᠵᠢᠨ ᠬᠠᠮᠢᠶᠠᠷᠤᠯᠲᠠ ᠵᠢ ᠴᠢᠩᠭ᠋ᠠᠳᠬᠠᠵᠤ᠂ ᠠᠮᠵᠢᠯᠲᠠ ᠪᠦᠲᠦᠮᠵᠢ ᠵᠢᠨ ᠬᠠᠷᠠᠯᠲᠠ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠠᠮᠵᠢᠯᠲᠠ ᠪᠦᠲᠦᠮᠵᠢ ᠵᠢᠨ ᠠᠵᠢᠯᠯᠠᠭ᠋ᠠᠨ᠎ᠢ ᠬᠢᠨᠠᠨ ᠡᠵᠡᠮᠳᠡᠬᠦ ᠪᠠ ᠦᠨᠡᠯᠡᠬᠦ ᠠᠵᠢᠯ᠎ᠢ ᠰᠠᠶ᠋ᠢᠲᠤᠷ ᠬᠢᠵᠦ᠂ ᠦᠷ᠎ᠡ ᠳ᠋ᠦᠩ᠎ᠤᠨ ᠬᠡᠷᠡᠭᠯᠡᠯᠲᠡ ᠵᠢ ᠴᠢᠩᠭ᠋ᠠᠷᠠᠭᠤᠯᠬᠤ ᠬᠡᠷᠡᠭᠲᠡᠶ᠃ ᠠᠵᠢᠯ᠎ᠤᠨ ᠵᠢᠯᠣᠭᠣᠳᠤᠯᠭ᠎ᠠ᠎ᠪᠠᠨ ᠴᠢᠩᠭ᠋ᠠᠳᠬᠠᠵᠤ᠂ ᠣᠯᠵᠤ ᠮᠡᠳᠡᠭᠰᠡᠨ ᠠᠰᠠᠭᠤᠳᠠᠯ᠎ᠢ ᠴᠠᠭ ᠲᠤᠬᠠᠶ᠎ᠳᠤᠨᠢ ᠰᠢᠮᠳᠠᠭᠤᠯᠤᠨ ᠴᠡᠭᠴᠡᠯᠡᠨ ᠥᠭᠡᠷᠡᠴᠢᠯᠡᠭᠦᠯᠬᠦ ᠬᠡᠷᠡᠭᠲᠡᠶ᠃ ᠮᠥᠷᠳᠡᠨ ᠬᠠᠷᠢᠭᠤᠴᠠᠯᠭ᠎ᠠ ᠨᠡᠬᠡᠮᠵᠢᠯᠡᠬᠦ ᠵᠢ ᠴᠢᠩᠳᠠᠯᠠᠵᠤ᠂ ᠲᠤᠰᠢᠶᠠᠯ ᠬᠠᠷᠢᠭᠤᠴᠠᠯᠭ᠎ᠠ᠎ᠪᠠᠨ ᠰᠠᠶ᠋ᠢᠲᠤᠷ ᠭᠦᠢᠴᠡᠳᠬᠡᠭᠰᠡᠨ ᠦᠭᠡᠢ᠂ ᠬᠢᠨᠠᠯᠲᠠ ᠬᠠᠮᠢᠶᠠᠷᠤᠯᠲᠠ ᠴᠢᠩᠭ᠎ᠠ ᠪᠢᠰᠢ᠂ ᠬᠠᠷᠢᠭᠤᠴᠠᠯᠭ᠎ᠠ᠎ᠪᠠᠨ ᠠᠯᠳᠠᠵᠤ ᠲᠤᠰᠢᠶᠠᠯ ᠵᠶ᠋ᠠᠨ ᠭᠤᠲᠤᠭ᠋ᠠᠭᠰᠠᠨ ᠪᠠᠢ᠌ᠪᠠᠯ᠂ ᠬᠠᠤᠯᠢ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠬᠥᠮᠦᠰ᠎ᠤᠨ ᠬᠠᠷᠢᠭᠤᠴᠠᠯᠭ᠎ᠠ ᠵᠢ ᠨᠡᠬᠡᠮᠵᠢᠯᠡᠨ᠎ᠡ᠃ (ᠲᠠᠷᠢᠶᠠᠯᠠᠩ ᠬᠥᠳᠡᠭᠡ ᠲᠣᠰᠬᠣᠨ᠎ᠤ ᠶᠠᠮᠤᠨ᠂ ᠤᠯᠤᠰ᠎ᠤᠨ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠡᠳ᠋᠎ᠤᠨ ᠵᠠᠰᠠᠭ᠎ᠤᠨ ᠶᠠᠮᠤᠨ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠬᠠᠷᠢᠭᠤᠴᠠᠨ᠎ᠠ)
ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠄
2019 ᠣᠨ 11 ᠰᠠᠷ᠎ᠠ ᠵᠢᠨ 13᠎ᠤ ᠡᠳᠦᠷ
(ᠲᠣᠰ ᠪᠢᠴᠢᠭ ᠮᠠᠲ᠋ᠧᠷᠢᠶᠠᠯ᠎ᠢ ᠢᠯᠡ᠎ᠪᠠᠷ ᠨᠡᠶ᠋ᠢᠲᠡᠯᠡᠪᠡ)

ᠢᠷᠡᠯᠲᠡ᠄
          
ᠬᠠᠮᠢᠶ᠎ᠡ ᠪᠦᠬᠦᠢ ᠰᠣᠨᠢᠨ
 
            