ᠰᠢᠨᠬᠤᠸᠠ ᠬᠣᠷᠢᠶᠠᠨ᠎ᠤ ᠪᠡᠭᠡᠵᠢᠩ᠎ᠤᠨ 11 ᠰᠠᠷ᠎ᠠ ᠵᠢᠨ 11᠎ᠤ ᠴᠠᠬᠢᠯᠭ᠋ᠠᠨ ᠮᠡᠳᠡᠭᠡ ᠤᠢ᠌ᠷ᠎ᠠ ᠵᠢᠨ ᠡᠳᠦᠷ᠂ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ 《2019 — 2023 ᠣᠨ᠎ᠤ ᠪᠦᠬᠦ ᠤᠯᠤᠰ᠎ᠤᠨ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠯ᠎ᠤᠨ ᠠᠵᠢᠯ ᠵᠢᠨ ᠲᠥᠯᠥᠪᠵᠢᠭᠦᠯᠪᠡ》 ᠵᠢ ᠳᠠᠷᠤᠮᠠᠯᠯᠠᠨ ᠲᠠᠷᠬᠠᠭ᠋ᠠᠭᠰᠠᠨ ᠪᠥᠭᠡᠳ ᠮᠡᠳᠡᠭᠳᠡᠯ ᠪᠠᠭᠤᠯᠭ᠋ᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠨᠠᠷᠢᠨ ᠬᠢᠨᠠᠮᠠᠭ᠋ᠠᠶ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃
《2019 — 2023 ᠣᠨ᠎ᠤ ᠪᠦᠬᠦ ᠤᠯᠤᠰ᠎ᠤᠨ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠯ᠎ᠤᠨ ᠠᠵᠢᠯ ᠵᠢᠨ ᠲᠥᠯᠥᠪᠵᠢᠭᠦᠯᠪᠡ》 ᠵᠢᠨ ᠪᠦᠬᠦ ᠠᠭᠤᠯᠭ᠎ᠠ᠎ᠨᠢ ᠳᠣᠤᠷᠠᠬᠢ ᠮᠡᠲᠦ᠃
ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠪᠠ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠤᠱᠯᠠᠭᠤᠯᠵᠤ᠂ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠤᠨ ᠠᠵᠢᠯ᠎ᠤᠨ ᠶᠠᠰᠤ ᠴᠢᠨᠠᠷ᠎ᠢ ᠦᠨᠡᠨ ᠬᠦ᠌ ᠳᠡᠭᠡᠭᠰᠢᠯᠡᠭᠦᠯᠦᠨ᠂ ᠮᠠᠷᠺᠰ᠎ᠤᠨ ᠦᠵᠡᠯ᠎ᠤᠨ ᠰᠤᠷᠤᠯᠴᠠᠯᠭ᠎ᠠ ᠵᠢ ᠬᠦᠨᠳᠦᠳᠬᠡᠬᠦ ᠬᠡᠯᠪᠡᠷᠢᠲᠤ ᠲᠥᠷᠥ ᠵᠢᠨ ᠨᠠᠮ᠎ᠤᠨ ᠪᠠᠶ᠋ᠢᠭᠤᠯᠤᠯᠲᠠ ᠵᠢ ᠲᠦᠯᠬᠢᠨ ᠠᠬᠢᠭᠤᠯᠬᠤ ᠵᠢᠨ ᠲᠥᠯᠥᠭᠡ᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》 ᠪᠠ ᠨᠠᠮ᠎ᠤᠨ ᠳᠣᠲᠣᠭ᠋ᠠᠳᠤ ᠵᠢᠨ ᠬᠣᠯᠪᠣᠭᠳᠠᠯ ᠪᠦᠬᠦᠢ ᠬᠠᠤᠯᠢ ᠲᠣᠭᠲᠠᠭ᠋ᠠᠯ᠎ᠢ ᠦᠨᠳᠦᠰᠦᠯᠡᠨ᠂ ᠲᠤᠰ ᠲᠥᠯᠥᠪᠵᠢᠭᠦᠯᠭᠡ ᠵᠢ ᠲᠣᠭᠲᠠᠭ᠋ᠠᠪᠠ᠃
ᠨᠢᠭᠡ᠂ ᠶᠡᠷᠦᠩᠬᠡᠶ ᠱᠠᠭ᠋ᠠᠷᠳᠠᠯᠭ᠎ᠠ
ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠯ᠎ᠤᠨ ᠠᠵᠢᠯ᠎ᠨᠢ ᠮᠠᠷᠺᠰ ᠯᠧᠨᠢᠨ᠎ᠤ ᠦᠵᠡᠯ᠂ ᠮᠠᠤ ᠽᠦ᠍ ᠳ᠋ᠦᠩ᠎ᠤᠨ ᠦᠵᠡᠯ ᠰᠠᠨᠠᠭ᠎ᠠ᠂ ᠳ᠋ᠧᠩ ᠰᠢᠶᠣᠤ ᠫᠢᠩ᠎ᠤᠨ ᠣᠨᠣᠯ᠂ 《ᠭᠤᠷᠪᠠ ᠵᠢ ᠲᠥᠯᠥᠭᠡᠯᠡᠬᠦ》 ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭ᠋ᠠᠨᠴᠢ ᠬᠥᠭᠵᠢᠯᠲᠡ ᠵᠢᠨ ᠦᠵᠡᠯᠲᠡ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠤᠯᠭ᠎ᠠ ᠪᠣᠯᠭ᠋ᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠪᠠᠶ᠋ᠢᠭᠤᠯᠤᠯᠲᠠ ᠵᠢᠨ ᠶᠡᠷᠦᠩᠬᠡᠶ ᠱᠠᠭ᠋ᠠᠷᠳᠠᠯᠭ᠎ᠠ ᠵᠢ ᠨᠠᠷᠢᠨ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠤᠱᠯᠠᠭᠤᠯᠬᠤ ᠵᠢ ᠲᠡᠷᠢᠭᠦᠨ ᠴᠢᠬᠤᠯᠠ ᠤᠯᠤᠰ ᠲᠥᠷᠦ ᠵᠢᠨ ᠡᠭᠦᠷᠭᠡ ᠪᠤᠯᠭ᠋ᠠᠵᠤ᠂ ᠢᠲᠡᠭᠡᠯ ᠪᠢᠰᠢᠷᠡᠯ ᠵᠶ᠋ᠠᠨ ᠪᠠᠲᠤᠳᠬᠠᠬᠤ᠂ ᠨᠠᠮᠴᠢ ᠴᠢᠨᠠᠷ ᠵᠶ᠋ᠠᠨ ᠪᠠᠷᠢᠮᠲᠠᠯᠠᠬᠤ᠂ ᠥᠨᠳᠥᠷ ᠬᠡᠪ ᠴᠢᠨᠠᠷ᠎ᠢ ᠳᠡᠭᠡᠭᠰᠢᠯᠡᠭᠦᠯᠬᠦ᠎ᠪᠠᠷ ᠭᠣᠤᠯᠳᠠᠯᠭ᠎ᠠ ᠪᠣᠯᠭ᠋ᠠᠵᠤ᠂ ᠦᠵᠡᠯ ᠰᠠᠨᠠᠭ᠎ᠠ᠎ᠪᠠᠷ ᠨᠠᠮ ᠪᠠᠶ᠋ᠢᠭᠤᠯᠬᠤ᠂ ᠣᠨᠣᠯ ᠵᠶ᠋ᠠᠷ ᠨᠠᠮ᠎ᠢ ᠬᠦᠴᠦᠷᠬᠡᠭᠵᠢᠭᠦᠯᠬᠦ᠂ ᠨᠠᠮ᠎ᠢ ᠴᠢᠩᠭ᠎ᠠ ᠵᠠᠰᠠᠬᠤ ᠵᠢ ᠪᠠᠷᠢᠮᠲᠠᠯᠠᠵᠤ᠂ ᠭᠣᠤᠯᠳᠠᠯᠭ᠎ᠠ ᠵᠢᠨ ᠲᠣᠭᠣᠷᠢᠨ᠎ᠳᠤ᠂ ᠲᠥᠷᠥᠯ ᠬᠤᠪᠢᠶᠠᠨ ᠵᠢᠯᠣᠭᠣᠳᠬᠤ᠂ ᠬᠡᠷᠡᠭᠴᠡᠭᠡ ᠶᠣᠰᠣᠭ᠋ᠠᠷ ᠵᠢᠭ᠋ᠠᠨ ᠰᠤᠷᠭ᠋ᠠᠬᠤ ᠵᠢ ᠪᠠᠷᠢᠮᠲᠠᠯᠠᠵᠤ᠂ ᠪᠣᠳᠠᠲᠠᠶ᠎ᠲᠠᠢ ᠤᠶᠠᠯᠳᠤᠭᠤᠯᠤᠨ᠂ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠳᠥᠭᠥᠮ ᠳᠥᠲᠡ ᠬᠢᠯᠪᠠᠷ ᠬᠡᠷᠡᠭᠵᠢᠭᠦᠯᠬᠦ᠂ ᠪᠣᠳᠠᠲᠠᠶ ᠵᠢ ᠡᠷᠬᠢᠮᠯᠡᠨ ᠦᠢᠯᠡᠳᠦᠯ ᠦᠵᠡᠭᠦᠯᠬᠦ ᠵᠢ ᠪᠠᠷᠢᠮᠲᠠᠯᠠᠵᠤ᠂ ᠬᠠᠨᠳᠤᠯᠭ᠋ᠠᠲᠤ ᠴᠢᠨᠠᠷ ᠪᠠ ᠪᠦᠲᠦᠮᠵᠢᠲᠤ ᠴᠢᠨᠠᠷ᠎ᠢ ᠲᠠᠰᠤᠷᠠᠯᠲᠠ ᠦᠭᠡᠢ ᠴᠢᠩᠭ᠋ᠠᠳᠬᠠᠬᠤ ᠬᠡᠷᠡᠭᠲᠡᠶ᠃ ᠨᠠᠮ᠎ᠤᠨ ᠭᠡᠰᠢᠭᠦᠨ᠎ᠢ ᠬᠥᠲᠥᠯᠥᠨ ᠵᠢᠯᠣᠭᠣᠳᠴᠤ 《ᠳᠥᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠤᠯᠤᠰ ᠲᠥᠷᠥ ᠵᠢᠨ ᠲᠠᠯ᠎ᠠ᠎ᠪᠠᠷ ᠬᠢᠷᠢ ᠲᠡᠩᠴᠡᠭᠰᠡᠨ᠂ ᠰᠠᠬᠢᠯᠭ᠎ᠠ ᠪᠠᠲᠤ ᠵᠢ ᠬᠡᠷᠡᠭᠵᠢᠭᠦᠯᠬᠦ ᠲᠠᠯ᠎ᠠ᠎ᠪᠠᠷ ᠬᠢᠷᠢ ᠲᠡᠩᠴᠡᠭᠰᠡᠨ᠂ ᠶᠣᠰᠣ ᠮᠣᠷᠠᠯ᠎ᠤᠨ ᠲᠠᠯ᠎ᠠ᠎ᠪᠠᠷ ᠬᠢᠷᠢ ᠲᠡᠩᠴᠡᠭᠰᠡᠨ᠂ ᠦᠢᠯᠡᠳᠦᠯ ᠵᠶ᠋ᠠᠨ ᠪᠠᠳᠠᠷᠠᠭᠤᠯᠬᠤ ᠲᠠᠯ᠎ᠠ᠎ᠪᠠᠷ ᠬᠢᠷᠢ ᠲᠡᠩᠴᠡᠭᠰᠡᠨ ᠨᠠᠮ᠎ᠤᠨ ᠬᠡᠰᠢᠬᠦᠨ᠎ᠤ ᠡᠩᠨᠡᠭᠡ ᠵᠢ ᠴᠢᠷᠮᠠᠢ᠌ᠨ ᠪᠠᠢ᠌ᠭᠤᠯᠬᠤ ᠬᠡᠷᠡᠭᠳᠡᠢ᠃
2019 ᠣᠨ᠎ᠠᠴᠠ ᠡᠬᠢᠯᠡᠨ᠂ 5 ᠵᠢᠯ᠎ᠤᠨ ᠬᠤᠭᠤᠴᠠᠭ᠎ᠠ ᠵᠢ ᠬᠡᠷᠡᠭᠯᠡᠵᠦ᠂ ᠲᠥᠯᠥᠪᠯᠡᠭᠡ᠎ᠲᠠᠢ ᠲᠡᠰ ᠳᠠᠪᠬᠤᠷᠭ᠎ᠠ ᠬᠤᠪᠢᠶᠠᠨ ᠴᠢᠨᠠᠷ ᠰᠠᠶ᠋ᠢᠲᠠᠶ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠯ᠎ᠢ ᠥᠷᠨᠢᠭᠦᠯᠵᠦ᠂ ᠪᠦᠬᠦ ᠨᠠᠮ᠎ᠤᠨ ᠭᠡᠰᠢᠭᠦᠨ᠎ᠢ ᠨᠡᠶ᠋ᠢᠳᠡᠮ᠎ᠳᠤᠨᠢ ᠨᠢᠭᠡ ᠤᠳᠠᠭ᠎ᠠ ᠬᠦᠮᠦᠵᠢᠯ ᠪᠤᠯᠪᠠᠰᠤᠷᠠᠭᠤᠯᠤᠯ ᠬᠦᠷᠳᠡᠭᠡᠵᠤ᠂ ᠳᠣᠤᠷᠠᠬᠢ ᠮᠡᠲᠦ ᠠᠵᠢᠯ ᠵᠢᠨ ᠬᠠᠷᠠᠯᠲᠠ ᠵᠢ ᠪᠡᠶᠡᠯᠡᠭᠦᠯᠦᠨ᠎ᠡ᠃
— ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠤᠷᠤᠯᠴᠠᠯᠭ᠎ᠠ ᠬᠥᠮᠦᠵᠢᠯ᠎ᠳᠤ ᠨᠠᠩ ᠯᠠᠪᠳᠠᠭᠤᠨ ᠪᠠᠲᠤᠲᠠᠶ ᠭᠦᠨᠵᠡᠭᠡᠶ᠋ᠢᠷᠡᠵᠦ᠂ ᠨᠠᠮ᠎ᠤᠨ ᠰᠢᠨ᠎ᠡ ᠡᠭᠦᠳᠦᠯᠲᠡ ᠵᠢᠨ ᠤᠨᠤᠯ᠎ᠢ ᠨᠠᠩ ᠰᠡᠳᠬᠢᠯ ᠵᠢᠷᠦᠬᠡᠨ᠎ᠳᠡᠭᠡᠨ ᠬᠠᠳᠠᠩᠰᠢᠭᠤᠯᠵᠤ᠂ ᠥᠷᠭᠡᠨ ᠣᠯᠠᠨ ᠨᠠᠮ᠎ᠤᠨ ᠭᠡᠰᠢᠭᠦᠨ ᠤᠬᠠᠮᠰᠠᠷ᠎ᠠᠴᠠ᠎ᠪᠠᠨ ᠰᠢᠨ᠎ᠡ ᠦᠵᠡᠯ ᠰᠠᠨᠠᠭ᠎ᠠ ᠵᠢ ᠦᠢᠯᠡᠳᠦᠯᠭᠡᠵᠢᠭᠦᠯᠵᠦ᠂ ᠰᠢᠨ᠎ᠡ ᠴᠠᠭ ᠣᠢᠶ᠎ᠠ᠎ᠳᠤ ᠵᠣᠬᠢᠴᠠᠵᠤ᠂ ᠰᠢᠨ᠎ᠡ ᠵᠢᠳᠬᠦᠯ ᠴᠢᠷᠮᠠᠶ᠋ᠢᠯᠭ᠎ᠠ ᠭᠠᠷᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠵᠢᠯᠣᠭᠣᠳᠤᠯᠭ᠎ᠠ ᠳᠣᠤᠷ᠎ᠠ᠂ ᠵᠣᠷᠢᠭ ᠰᠠᠨᠠᠭ᠎ᠠ᠎ᠪᠠᠨ ᠨᠢᠭᠡᠳᠬᠡᠵᠦ᠂ ᠦᠢ᠍ᠯᠡ ᠠᠵᠢᠯᠯᠠᠭ᠎ᠠ᠎ᠪᠠᠨ ᠨᠢᠭᠡᠳᠬᠡᠵᠦ᠂ ᠠᠯᠬᠤᠮ ᠨᠢᠭᠡᠲᠡᠢ ᠤᠷᠤᠭᠰᠢᠯᠠᠨ᠎ᠠ᠃
— — ᠬᠥᠮᠦᠵᠢᠯ ᠪᠣᠯᠪᠠᠰᠤᠷᠠᠭᠤᠯᠤᠯ᠎ᠤᠨ ᠦᠷ᠎ᠡ ᠪᠦᠲᠦᠮᠵᠢ ᠨᠠᠩ ᠢᠯᠡᠷᠬᠡᠶ ᠪᠣᠯᠵᠤ᠂ ᠥᠷᠭᠡᠨ ᠣᠯᠠᠨ ᠨᠠᠮ᠎ᠤᠨ ᠭᠡᠰᠢᠭᠦᠨ᠎ᠤ ᠬᠦᠰᠡᠯᠡᠩ ᠢᠲᠡᠭᠡᠯ ᠵᠣᠷᠢᠭ ᠤᠯᠠᠮ ᠨᠢᠭᠡ ᠠᠯᠬᠤᠮ ᠪᠠᠲᠤᠵᠢᠵᠤ᠂ ᠨᠠᠮᠴᠢ ᠴᠢᠨᠠᠷ᠎ᠤᠨ ᠦᠵᠡᠯᠲᠡ ᠤᠯᠠᠮ ᠨᠢᠭᠡ ᠠᠯᠬᠤᠮ ᠴᠢᠩᠭ᠋ᠠᠷᠠᠵᠤ᠂ ᠢᠳᠡᠭᠡᠯ ᠵᠤᠷᠢᠭ᠎ᠤᠨ ᠤᠬᠠᠮᠰᠠᠷ ᠤᠯᠠᠮ ᠨᠢᠭᠡ ᠠᠯᠬᠤᠮ ᠴᠢᠩᠭ᠋ᠠᠷᠠᠵᠤ᠂ ᠴᠢᠳᠠᠪᠤᠷᠢ ᠬᠡᠪ ᠴᠢᠨᠠᠷ ᠤᠯᠠᠮ ᠨᠢᠭᠡ ᠠᠯᠬᠤᠮ ᠳᠡᠭᠡᠭᠰᠢᠯᠡᠵᠦ᠂ ᠰᠠᠬᠢᠯᠭ᠎ᠠ ᠪᠠᠲᠤ ᠣᠪᠣᠷ ᠰᠤᠷᠲᠠᠯ ᠤᠯᠠᠮ ᠨᠢᠭᠡ ᠠᠯᠬᠤᠮ ᠴᠢᠩᠭ᠋ᠠᠷᠠᠵᠤ᠂ ᠬᠣᠰᠢᠭᠤᠴᠢ ᠴᠢᠨᠠᠷ ᠵᠶ᠋ᠠᠨ ᠤᠯᠠᠮ ᠨᠢᠭᠡ ᠠᠯᠬᠤᠮ ᠪᠠᠳᠠᠷᠠᠭᠤᠯᠤᠨ᠎ᠠ᠃
— ᠰᠢᠨ᠎ᠡ ᠴᠠᠭ ᠦᠶ᠎ᠡ ᠵᠢᠨ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠯ᠎ᠤᠨ ᠰᠢᠰᠲ᠋ᠧᠮ᠎ᠢ ᠨᠠᠩ ᠲᠡᠭᠦᠯᠳᠡᠷᠵᠢᠭᠦᠯᠵᠦ᠂ ᠲᠥᠪᠯᠡᠷᠡᠩᠭᠦᠶ ᠪᠣᠯᠪᠠᠰᠤᠷᠠᠯ᠎ᠢ ᠠᠯᠬᠤᠮ ᠠᠯᠬᠤᠮ ᠵᠶ᠋ᠠᠷ ᠪᠠᠶ᠋ᠢᠩᠭᠤᠵᠢᠭᠤᠯᠵᠤ᠂ ᠡᠳᠦᠷ ᠲᠣᠲᠤᠮ᠎ᠤᠨ ᠬᠥᠮᠦᠵᠢᠯ᠎ᠢ ᠨᠠᠩ ᠵᠢᠷᠤᠮᠵᠢᠭᠤᠯᠵᠤ᠂ ᠬᠥᠮᠦᠵᠢᠯ ᠪᠠ ᠬᠠᠮᠢᠶᠠᠷᠤᠯᠲᠠ᠂ ᠬᠢᠨᠠᠯᠲᠠ᠂ ᠦᠢᠯᠡᠴᠢᠯᠡᠭᠡ ᠵᠢ ᠣᠷᠭ᠋ᠠᠨᠢᠭ ᠵᠶ᠋ᠠᠷ ᠤᠶᠠᠯᠳᠤᠭᠤᠯᠤᠭᠰᠠᠨ ᠪᠦᠲᠦᠭᠡᠨ ᠪᠠᠶ᠋ᠢᠭᠤᠯᠤᠯᠲᠠ ᠵᠢᠨ ᠠᠵᠢᠯ ᠵᠢᠨ ᠪᠦᠷᠢᠯᠳᠦᠬᠦ ᠵᠢ ᠠᠬᠢᠭᠤᠯᠤᠨ᠎ᠠ᠃
ᠬᠣᠶᠠᠷ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠠᠴᠠ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠬᠥᠮᠦᠵᠢᠯ ᠪᠣᠯᠪᠠᠰᠤᠷᠠᠯ
(ᠨᠢᠭᠡ) ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠤᠱᠯᠠᠭᠤᠯᠬᠤ ᠵᠢ ᠲᠡᠷᠢᠭᠦᠨ ᠴᠢᠬᠤᠯᠠ ᠤᠯᠤᠰ ᠲᠥᠷᠦ ᠵᠢᠨ ᠡᠭᠦᠷᠭᠡ ᠪᠣᠯᠭ᠋ᠠᠨ᠎ᠠ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠤᠷᠤᠯᠴᠠᠯᠭ᠎ᠠ ᠬᠥᠮᠦᠵᠢᠯ᠎ᠢ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠳᠤ ᠬᠠᠮᠤᠭ᠎ᠠᠴᠠ ᠲᠤᠪᠤᠢ᠌ᠮ᠎ᠠ ᠪᠠᠢ᠌ᠷᠢᠨ᠎ᠳᠤ ᠲᠠᠯᠪᠢᠬᠤ ᠬᠡᠷᠡᠭᠲᠡᠶ᠂ ᠰᠢᠶᠠᠨ᠎ᠤ ᠱᠠᠲᠤᠨ᠎ᠠᠴᠠ ᠳᠡᠭᠡᠭᠰᠢᠬᠢ ᠨᠠᠮ᠎ᠤᠨ ᠬᠣᠷᠢᠶ᠎ᠠ ᠵᠢᠯ ᠪᠦᠷᠢ ᠰᠤᠷᠤᠯᠴᠠᠬᠤ ᠲᠥᠯᠥᠪᠯᠡᠭᠡ ᠲᠣᠭᠲᠠᠭ᠋ᠠᠵᠤ᠂ ᠵᠠᠪᠠᠯ ᠤᠩᠰᠢᠬᠤ ᠨᠣᠮ᠎ᠤᠨ ᠭᠠᠷᠴᠠᠭ ᠪᠠ ᠵᠣᠬᠢᠶᠠᠯ᠎ᠤᠨ ᠭᠠᠷᠴᠠᠭ᠎ᠢ ᠵᠢᠭᠰᠠᠭ᠋ᠠᠵᠤ᠂ ᠰᠤᠷᠤᠯᠴᠠᠬᠤ ᠱᠠᠭ᠋ᠠᠷᠳᠠᠯᠭ᠎ᠠ ᠵᠢ ᠲᠣᠳᠣᠷᠬᠠᠶ᠋ᠢᠯᠠᠨ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠨᠢ ᠨᠠᠮ᠎ᠤᠨ ᠭᠡᠰᠢᠭᠦᠨ᠎ᠤ ᠡᠳᠦᠷ ᠲᠤᠲᠤᠮ᠎ᠤᠨ ᠬᠥᠮᠦᠵᠢᠯ ᠬᠠᠮᠢᠶᠠᠷᠤᠯᠲᠠ᠎ᠲᠠᠢ ᠤᠶᠠᠯᠳᠤᠭᠤᠯᠤᠨ ᠬᠢᠨᠠᠮᠠᠭ᠋ᠠᠶ ᠰᠠᠶ᠋ᠢᠲᠤᠷ ᠠᠳᠬᠤᠵᠤ ᠨᠠᠶ᠋ᠢᠳᠠᠪᠤᠷᠢᠵᠢᠭᠤᠯᠬᠤ ᠬᠡᠷᠡᠭᠲᠡᠶ᠃ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠯ᠎ᠤᠨ ᠪᠠᠢ᠌ᠭᠤᠯᠤᠮᠵᠢ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠭᠣᠤᠯ ᠬᠢᠴᠢᠶᠡᠯ ᠪᠣᠯᠭ᠋ᠠᠵᠤ᠂ ᠵᠢᠭ᠋ᠠᠨ ᠰᠤᠷᠭ᠋ᠠᠯᠲᠠ ᠵᠢᠨ ᠲᠥᠯᠥᠪᠯᠡᠭᠡ ᠪᠠ ᠵᠢᠭ᠋ᠠᠨ ᠰᠤᠷᠭ᠋ᠠᠯᠲᠠ ᠵᠢᠨ ᠪᠠᠶ᠋ᠢᠷᠢᠰᠢᠭᠤᠯᠤᠯᠲᠠ᠎ᠳᠤ ᠪᠦᠬᠦ ᠲᠠᠯ᠎ᠠ᠎ᠪᠠᠷ ᠣᠷᠣᠭᠤᠯᠬᠤ ᠬᠡᠷᠡᠭᠲᠡᠶ᠃ ᠨᠠᠮ᠎ᠤᠨ ᠭᠡᠰᠢᠭᠦᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠠᠪᠠᠯ ᠰᠤᠷᠬᠤ ᠬᠢᠴᠢᠶᠡᠯ ᠪᠣᠯᠭ᠋ᠠᠵᠤ᠂ ᠤᠭ ᠵᠣᠬᠢᠶᠠᠯ᠎ᠢ᠎ᠨᠢ ᠤᠩᠰᠢᠵᠤ᠂ ᠤᠭ ᠵᠣᠬᠢᠶᠠᠯ᠎ᠢ᠎ᠨᠢ ᠰᠤᠷᠤᠯᠴᠠᠵᠤ᠂ ᠤᠭ ᠶᠣᠰᠣ ᠵᠢ᠎ᠨᠢ ᠣᠶ᠋ᠢᠯᠠᠭ᠋ᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢᠨ ᠴᠢᠬᠤᠯᠠ ᠶᠡᠬᠡ ᠠᠴᠢ ᠬᠣᠯᠪᠣᠭᠳᠠᠯ᠂ ᠰᠢᠨᠵᠢᠯᠡᠬᠦ ᠤᠬᠠᠭ᠋ᠠᠨᠴᠢ ᠰᠢᠰᠲ᠋ᠧᠮ᠂ ᠪᠠᠶᠠᠯᠢᠭ ᠠᠭᠤᠯᠤᠭᠳᠠᠬᠤᠨ᠂ ᠭᠦᠨ ᠠᠭᠤᠯᠤᠭᠳᠠᠬᠤᠨ᠂ ᠦᠢᠯᠡᠳᠦᠯᠭᠡ ᠵᠢᠨ ᠱᠠᠭ᠋ᠠᠷᠳᠠᠯᠭ᠎ᠠ ᠵᠢ ᠭᠦᠨᠵᠡᠭᠡᠶ ᠣᠶ᠋ᠢᠯᠠᠭ᠋ᠠᠵᠤ᠂ ᠲᠡᠭᠦᠨ᠎ᠤ ᠳᠣᠲᠣᠷ᠎ᠠ ᠲᠤᠤᠱᠯᠠᠭᠳᠠᠵᠤ ᠪᠠᠢ᠌ᠭ᠎ᠠ ᠮᠠᠷᠺᠰ᠎ᠤᠨ ᠦᠵᠡᠯ᠎ᠤᠨ ᠵᠣᠭᠰᠣᠯᠲᠠ᠂ ᠦᠵᠡᠯᠲᠡ᠂ ᠠᠷᠭ᠎ᠠ ᠵᠢ ᠡᠵᠡᠮᠰᠢᠵᠦ᠂ ᠤᠯᠤᠰ ᠲᠥᠷᠦ ᠵᠢᠨ ᠤᠬᠠᠮᠰᠠᠷ᠂ ᠤᠨᠤᠯ᠎ᠤᠨ ᠢᠲᠡᠭᠡᠯ᠂ ᠬᠠᠶ᠋ᠢᠷ᠎ᠠ ᠰᠡᠳᠬᠢᠯᠭᠡ ᠵᠢᠨ ᠠᠭᠤᠰᠤᠯᠴᠠᠯ᠎ᠢ ᠴᠢᠩᠭ᠋ᠠᠳᠬᠠᠵᠤ᠂ ᠦᠨᠡᠨ ᠬᠦ᠌ ᠰᠤᠷᠤᠯᠴᠠᠵᠤ᠂ ᠦᠨᠡᠨ ᠬᠦ᠌ ᠣᠶ᠋ᠢᠯᠠᠭ᠋ᠠᠵᠤ᠂ ᠦᠨᠡᠨ ᠬᠦ᠌ ᠢᠲᠡᠭᠡᠵᠦ᠂ ᠦᠨᠡᠨ ᠬᠦ᠌ ᠬᠡᠷᠡᠭᠯᠡᠬᠦ ᠵᠢ ᠪᠡᠶᠡᠯᠡᠭᠦᠯᠬᠦ ᠬᠡᠷᠡᠭᠲᠡᠶ᠃
(ᠬᠣᠶᠠᠷ) ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠤᠷᠤᠯᠴᠠᠯᠭ᠎ᠠ ᠬᠥᠮᠦᠵᠢᠯ᠎ᠤᠨ ᠤᠷᠳᠤ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠭᠣᠤᠯ ᠠᠭᠤᠯᠭ᠎ᠠ ᠪᠣᠯᠭ᠋ᠠᠵᠤ᠂ ᠨᠡᠯᠢᠶᠡᠳ ᠪᠦᠷᠢᠨ ᠲᠡᠭᠦᠯᠳᠡᠷ ᠬᠢᠴᠢᠶᠡᠯ᠎ᠤᠨ ᠰᠢᠰᠲ᠋ᠧᠮ᠎ᠢ ᠪᠠᠶ᠋ᠢᠭᠤᠯᠤᠨ᠎ᠠ᠃ ᠤᠨᠤᠯ᠎ᠤᠨ ᠬᠥᠮᠦᠵᠢᠯ᠎ᠤᠨ ᠣᠨᠴᠠᠯᠢᠭ ᠪᠠ ᠵᠢᠮ᠎ᠡ ᠶᠣᠰᠣᠨ᠎ᠤ ᠰᠤᠳᠤᠯᠭ᠋ᠠᠨ᠎ᠢ ᠴᠢᠩᠭ᠋ᠠᠳᠬᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠰᠤᠷᠤᠯᠴᠠᠨ ᠲᠤᠤᠱᠯᠠᠭᠤᠯᠬᠤ ᠨᠢᠭᠡ ᠪᠦᠯᠦᠭ ᠵᠢᠭ᠋ᠠᠨ ᠰᠤᠷᠭ᠋ᠠᠯᠲᠠ ᠵᠢᠨ ᠬᠡᠷᠡᠭ᠎ᠤᠨ ᠵᠢᠱ᠌ᠢᠶ᠎ᠡ ᠪᠠ ᠲᠤᠬᠠᠶ ᠵᠢᠨ ᠲᠠᠯᠠᠪᠤᠷ᠎ᠤᠨ ᠵᠢᠭ᠋ᠠᠨ ᠰᠤᠷᠭ᠋ᠠᠯᠲᠠ ᠵᠢᠨ ᠴᠡᠭ᠎ᠢ ᠨᠡᠭᠡᠭᠡᠨ ᠬᠥᠭᠵᠢᠭᠦᠯᠦᠨ᠎ᠡ᠃ ᠲᠤᠰᠬᠠᠶ ᠰᠡᠳᠦᠪᠲᠦ ᠢᠯᠡᠳᠬᠡᠯ᠂ ᠬᠠᠷᠢᠭᠤ ᠮᠡᠳᠡᠬᠦᠯᠦᠯᠳᠡ ᠵᠢᠨ ᠬᠤᠷᠠᠯ᠂ ᠰᠤᠷᠤᠯᠴᠠᠯᠭ᠎ᠠ ᠶᠠᠷᠢᠶᠠᠨ᠎ᠤ ᠲᠠᠪᠴᠠᠩ ᠵᠡᠷᠭᠡ ᠣᠯᠠᠨ ᠵᠦᠢᠯ᠎ᠤᠨ ᠬᠡᠯᠪᠡᠷᠢ᠎ᠪᠠᠷ ᠳᠠᠮᠵᠢᠭᠤᠯᠤᠨ ᠭᠦᠨᠵᠡᠭᠡᠶ ᠪᠥᠭᠡᠳ ᠣᠢ᠌ᠯᠠᠭ᠋ᠠᠮᠵᠢᠲᠠᠢ ᠲᠠᠶ᠋ᠢᠯᠤᠮᠵᠢ ᠬᠢᠵᠦ ᠲᠣᠳᠣᠷᠬᠠᠶ᠋ᠢᠯᠠᠨ ᠥᠭᠦᠯᠡᠵᠦ᠂ ᠤᠳᠤᠷᠢᠳᠬᠤ ᠺᠠᠳ᠋ᠷᠴᠤᠳ ᠬᠤᠪᠢᠳᠠᠨ ᠬᠠᠮᠢᠶᠠᠷᠴᠤ ᠪᠦᠬᠦᠢ ᠬᠦᠷᠢᠶ᠎ᠡ᠂ ᠬᠤᠪᠢᠳᠠᠨ ᠬᠠᠮᠢᠶᠠᠷᠴᠤ ᠪᠦᠬᠦᠢ ᠠᠵᠢᠯ᠎ᠲᠠᠢ᠎ᠪᠠᠨ ᠤᠶᠠᠯᠳᠤᠭᠤᠯᠤᠨ ᠬᠤᠰᠢᠭᠤᠴᠢᠯᠠᠨ ᠤᠬᠠᠭᠤᠯᠤᠨ ᠲᠠᠶ᠋ᠢᠯᠪᠤᠷᠢᠯᠠᠬᠤ ᠬᠡᠷᠡᠭᠲᠡᠶ᠃ 《ᠪᠢᠴᠢᠯ ᠪᠦᠷᠭᠡ》 ᠵᠡᠷᠭᠡ ᠰᠢᠨ᠎ᠡ ᠵᠠᠭᠤᠴᠢᠯᠠᠭᠤᠷ᠎ᠤᠨ ᠳᠠᠪᠠᠭᠤᠯᠢᠭ᠎ᠢ ᠪᠠᠳᠠᠷᠠᠭᠤᠯᠵᠤ᠂ ᠨᠠᠮ᠎ᠤᠨ ᠭᠡᠰᠢᠭᠦᠨ᠎ᠤ ᠰᠦᠯᠵᠢᠶᠡᠨ ᠳᠡᠭᠡᠷ᠎ᠡ ᠰᠤᠷᠤᠯᠴᠠᠬᠤ ᠵᠢ ᠵᠣᠬᠢᠶᠠᠨ ᠪᠠᠶ᠋ᠢᠭᠤᠯᠤᠨ᠎ᠠ᠃ ᠨᠠᠮ᠎ᠤᠨ ᠡᠭᠦᠷ᠎ᠤᠨ ᠨᠠᠮ᠎ᠤᠨ ᠭᠡᠰᠢᠭᠦᠨ᠎ᠢ ᠰᠢᠭᠤᠳ ᠬᠥᠮᠦᠵᠢᠭᠦᠯᠬᠦ ᠦᠢᠯᠡᠳᠦᠯ᠎ᠢ ᠪᠠᠳᠠᠷᠠᠭᠤᠯᠬᠤ ᠵᠢ ᠴᠢᠬᠤᠯᠠᠴᠢᠯᠠᠵᠤ᠂ 《ᠭᠤᠷᠪᠠᠨ ᠬᠤᠷᠠᠯ ᠨᠢᠭᠡ ᠬᠢᠴᠢᠶᠡᠯ》 ᠵᠡᠷᠭᠡ ᠳᠦᠷᠢᠮ᠎ᠢ ᠨᠠᠢ᠌ᠳᠠᠪᠤᠷᠢᠵᠢᠭᠤᠯᠵᠤ᠂ ᠨᠠᠮ᠎ᠤᠨ ᠭᠡᠰᠢᠭᠦᠨ᠎ᠳᠤ ᠪᠠᠶ᠋ᠢᠩᠭᠤ ᠵᠢᠨ ᠴᠢᠨᠠᠷᠲᠠᠶ ᠬᠥᠮᠦᠵᠢᠯ ᠥᠷᠨᠢᠭᠦᠯᠦᠨ᠎ᠡ᠃ ᠤᠨᠤᠯ᠎ᠤᠨ ᠰᠤᠷᠤᠯᠴᠠᠯᠭ᠎ᠠ ᠵᠢ ᠬᠢᠨᠠᠨ ᠰᠢᠯᠭ᠋ᠠᠵᠤ ᠦᠨᠡᠯᠡᠬᠦ ᠳᠦᠷᠢᠮ᠎ᠢ ᠲᠡᠭᠦᠯᠳᠡᠷᠵᠢᠭᠦᠯᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠨᠠᠮ᠎ᠤᠨ ᠭᠡᠰᠢᠭᠦᠨ᠎ᠤ ᠰᠤᠷᠤᠯᠴᠠᠬᠤ ᠬᠠᠯᠠᠭᠤᠨ ᠰᠡᠳᠬᠢᠯᠭᠡ ᠵᠢ ᠬᠥᠭᠵᠢᠭᠡᠵᠦ᠂ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠬᠦ᠂ ᠰᠡᠳᠬᠢᠯ᠎ᠳᠡᠭᠡᠨ ᠬᠠᠳᠠᠩᠰᠢᠭᠤᠯᠵᠤ᠂ ᠪᠣᠳᠠᠲᠠᠶ᠋ᠢᠵᠢᠭᠤᠯᠬᠤ ᠵᠢ ᠠᠬᠢᠭᠤᠯᠬᠤ ᠬᠡᠷᠡᠭᠲᠡᠶ᠃
(ᠭᠤᠷᠪᠠ) ᠨᠠᠮ᠎ᠤᠨ ᠭᠡᠰᠢᠭᠦᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠤᠬᠠᠮᠰᠠᠷ᠎ᠠᠴᠠ᠎ᠪᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠡᠷᠡᠰ ᠪᠠᠲᠤ ᠬᠠᠮᠠᠭ᠋ᠠᠯᠠᠭᠴᠢ ᠪᠠ ᠦᠨᠡᠨᠴᠢ ᠰᠢᠳᠤᠷᠭᠤ ᠦᠢᠯᠡᠳᠦᠯᠭᠡᠵᠢᠭᠦᠯᠦᠭᠴᠢ ᠪᠣᠯᠭ᠋ᠠᠨ᠎ᠠ᠃ ᠣᠨᠣᠯ᠎ᠢ ᠪᠣᠳᠠᠲᠠᠶ᠎ᠲᠠᠢ ᠤᠶᠠᠯᠳᠤᠭᠤᠯᠬᠤ ᠮᠠᠷᠺᠰ᠎ᠤᠨ ᠦᠵᠡᠯ᠎ᠢ ᠪᠠᠳᠠᠷᠠᠭᠤᠯᠵᠤ᠂ ᠨᠠᠮ᠎ᠤᠨ ᠭᠡᠰᠢᠭᠦᠨ᠎ᠢ ᠬᠥᠲᠥᠯᠥᠨ ᠵᠢᠯᠣᠭᠣᠳᠴᠤ ᠪᠠᠢ᠌ᠭ᠋ᠠᠳ ᠥᠪᠡᠷ ᠤᠨ ᠪᠡᠶ᠎ᠡ᠎ᠠᠴᠠ᠎ᠪᠠᠨ ᠭᠠᠷᠳᠠᠵᠤ᠂ ᠡᠭᠦᠷᠭᠡ ᠬᠠᠷᠢᠭᠤᠴᠠᠯᠭ᠎ᠠ᠎ᠪᠠᠨ ᠲᠤᠳᠤᠷᠬᠠᠢ᠌ᠯᠠᠵᠤ᠂ ᠠᠵᠢᠯ᠎ᠳᠠᠭᠠᠨ ᠦᠢ᠍ᠯᠡᠳᠦᠯᠭᠡᠵᠢᠭᠦᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠲᠠᠢ ᠬᠠᠷᠢᠴᠠᠭᠤᠯᠤᠨ ᠦᠵᠡᠯ ᠰᠠᠨᠠᠭ᠎ᠠ ᠦᠭᠡ ᠶᠠᠷᠢᠶ᠎ᠠ ᠦᠢ᠍ᠯᠡ ᠠᠵᠢᠯᠯᠠᠭ᠎ᠠ᠎ᠪᠠᠨ ᠪᠠᠢ᠌ᠴᠠᠭ᠋ᠠᠨ ᠦᠵᠡᠵᠦ᠂ ᠰᠤᠷᠤᠯᠴᠠᠬᠤ ᠰᠡᠳᠬᠢᠬᠦ ᠬᠡᠷᠡᠭᠯᠡᠬᠦ ᠵᠢ ᠨᠡᠪᠲᠡᠷᠡᠯᠴᠡᠭᠦᠯᠵᠦ᠂ ᠤᠢ᠌ᠯᠠᠭ᠋ᠠᠬᠤ ᠢᠲᠡᠭᠡᠬᠦ ᠬᠢᠬᠦ ᠵᠢ ᠨᠢᠭᠡᠳᠬᠡᠨ᠎ᠡ᠃ ᠨᠠᠮ᠎ᠤᠨ ᠭᠡᠰᠢᠭᠦᠨ᠎ᠢ ᠬᠥᠲᠥᠯᠥᠨ ᠵᠢᠯᠣᠭᠣᠳᠴᠤ ᠪᠠᠢ᠌ᠭ᠋ᠠᠳ ᠠᠵᠢᠯ ᠵᠢᠨ ᠪᠠᠶ᠋ᠢᠷᠢ ᠵᠢᠨ ᠡᠭᠦᠷᠭᠡ ᠬᠠᠷᠢᠭᠤᠴᠠᠯᠭ᠎ᠠ᠎ᠲᠠᠢ᠎ᠪᠠᠨ ᠤᠶᠠᠯᠳᠤᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠲᠣᠰ ᠰᠠᠯᠠᠭ᠎ᠠ ᠮᠥᠴᠢᠷ ᠲᠣᠰ ᠠᠵᠢᠯ ᠲᠥᠷᠥᠯ ᠲᠣᠰ ᠬᠦᠷᠢᠶᠡᠨ᠎ᠤ ᠠᠵᠢᠯ ᠵᠢᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠶ ᠰᠤᠷᠤᠯᠴᠠᠨ ᠲᠤᠤᠱᠯᠠᠭᠤᠯᠵᠤ᠂ ᠰᠢᠨᠵᠢᠯᠡᠬᠦ ᠤᠬᠠᠭ᠋ᠠᠨᠴᠢ ᠣᠨᠣᠯ ᠵᠶ᠋ᠠᠷ ᠪᠣᠳᠠᠲᠠᠶ ᠠᠰᠠᠭᠤᠳᠠᠯ᠎ᠢ ᠰᠢᠢᠳᠪᠦᠷᠢᠯᠡᠬᠦ ᠴᠢᠳᠠᠪᠤᠷᠢ᠎ᠪᠠᠨ ᠳᠡᠭᠡᠭᠰᠢᠯᠡᠭᠦᠯᠵᠦ᠂ ᠠᠵᠢᠯ ᠦᠢ᠍ᠯᠡᠰ᠎ᠤᠨ ᠬᠥᠭᠵᠢᠯᠲᠡ ᠵᠢ ᠨᠠᠩ ᠰᠠᠶ᠋ᠢᠲᠤᠷ ᠠᠬᠢᠭᠤᠯᠤᠨ᠎ᠠ᠃ ᠨᠠᠮ᠎ᠤᠨ ᠭᠡᠰᠢᠭᠦᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠤᠬᠠᠮᠰᠠᠷ᠎ᠠᠴᠠ᠎ᠪᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠲᠠᠷᠢᠬᠢ ᠲᠣᠯᠣᠭ᠋ᠠᠶ᠎ᠪᠠᠨ ᠵᠡᠪᠰᠡᠭᠯᠡᠵᠦ᠂ ᠦᠢᠯᠡᠳᠦᠯᠭᠡ᠎ᠪᠠᠨ ᠵᠢᠯᠣᠭᠣᠳᠤᠭᠤᠯᠵᠤ᠂ ᠠᠵᠢᠯ ᠵᠶ᠋ᠠᠨ ᠲᠦᠯᠬᠢᠨ ᠠᠬᠢᠭᠤᠯᠤᠨ᠎ᠠ᠃ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ ᠨᠠᠩ ᠥᠨᠳᠥᠷ ᠪᠠᠷᠢᠮᠵᠢᠶ᠎ᠠ᠂ ᠨᠠᠩ ᠴᠢᠩᠭ᠎ᠠ ᠱᠠᠭ᠋ᠠᠷᠳᠠᠯᠭ᠎ᠠ ᠵᠢ ᠪᠠᠷᠢᠮᠲᠠᠯᠠᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢ ᠬᠤᠰᠢᠭᠤᠴᠢᠯᠠᠨ ᠰᠤᠷᠤᠯᠴᠠᠵᠤ ᠦᠢᠯᠡᠳᠦᠯᠭᠡᠵᠢᠭᠦᠯᠬᠦ ᠬᠡᠷᠡᠭᠲᠡᠶ᠃
ᠭᠤᠷᠪᠠ᠂ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠤᠨ ᠭᠣᠤᠯ ᠠᠭᠤᠯᠭ᠎ᠠ
(ᠨᠢᠭᠡ) ᠦᠨᠳᠦᠰᠦᠨ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠦᠨ᠎ᠡ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠭᠡᠰᠢᠭᠦᠨ᠎ᠤ ᠬᠥᠮᠦᠵᠢᠯ ᠬᠠᠮᠢᠶᠠᠷᠤᠯᠲᠠ ᠵᠢᠨ ᠠᠵᠢᠯ᠎ᠤᠨ ᠳᠦᠷᠢᠮ》᠎ᠢ ᠦᠨᠳᠦᠰᠦᠯᠡᠨ᠂ ᠰᠢᠨ᠎ᠡ ᠴᠠᠭ ᠦᠶ᠎ᠡ ᠵᠢᠨ ᠪᠦᠲᠦᠭᠡᠨ ᠪᠠᠶ᠋ᠢᠭᠤᠯᠤᠯᠲᠠ ᠵᠢᠨ ᠬᠡᠷᠡᠭᠴᠡᠭᠡ᠎ᠳᠤ ᠵᠣᠬᠢᠴᠠᠭᠤᠯᠵᠤ᠂ ᠤᠯᠤᠰ ᠲᠥᠷᠥ ᠵᠢᠨ ᠴᠢᠳᠠᠮᠵᠢ ᠵᠢ ᠳᠣᠪᠣᠶ᠋ᠢᠯᠭ᠋ᠠᠨ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠬᠥᠮᠦᠵᠢᠯ ᠪᠣᠯᠪᠠᠰᠤᠷᠠᠭᠤᠯᠤᠯ᠎ᠢ ᠦᠨᠡᠨ ᠬᠦ᠌ ᠰᠠᠶ᠋ᠢᠲᠤᠷ ᠠᠳᠬᠤᠵᠤ᠂ ᠤᠯᠤᠰ ᠲᠥᠷᠦ ᠵᠢᠨ ᠤᠨᠤᠯ᠎ᠤᠨ ᠬᠥᠮᠦᠵᠢᠯ᠂ ᠤᠯᠤᠰ ᠲᠥᠷᠦ ᠵᠢᠨ ᠬᠥᠮᠦᠵᠢᠯ ᠪᠠ ᠤᠯᠤᠰ ᠲᠥᠷᠦ ᠵᠢᠨ ᠪᠣᠯᠪᠠᠰᠤᠷᠠᠯ᠂ ᠨᠠᠮ᠎ᠤᠨ ᠳᠦᠷᠢᠮ᠂ ᠨᠠᠮ᠎ᠤᠨ ᠰᠠᠬᠢᠯᠭ᠎ᠠ ᠪᠠᠲᠤ ᠵᠢᠨ ᠬᠥᠮᠦᠵᠢᠯ᠂ ᠨᠠᠮ᠎ᠤᠨ ᠵᠣᠷᠢᠯᠲᠠ ᠵᠢᠨ ᠬᠥᠮᠦᠵᠢᠯ᠂ ᠬᠤᠪᠢᠰᠬᠠᠯᠲᠤ ᠤᠯᠠᠮᠵᠢᠯᠠᠯ᠎ᠤᠨ ᠬᠥᠮᠦᠵᠢᠯ᠂ ᠴᠠᠭ᠎ᠤᠨ ᠪᠠᠢ᠌ᠳᠠᠯ ᠲᠥᠷᠦ ᠵᠢᠨ ᠪᠣᠳᠣᠯᠭ᠎ᠠ ᠵᠢᠨ ᠬᠥᠮᠦᠵᠢᠯ᠂ ᠮᠡᠳᠡᠯᠭᠡ ᠤᠷ᠎ᠠ ᠴᠢᠳᠠᠪᠤᠷᠢ ᠵᠢᠨ ᠬᠥᠮᠦᠵᠢᠯ ᠵᠡᠷᠭᠡ 7 ᠲᠠᠯ᠎ᠠ ᠵᠢᠨ ᠦᠨᠳᠦᠰᠦᠨ ᠡᠭᠦᠷᠭᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ᠂ ᠨᠠᠮᠴᠢ ᠴᠢᠨᠠᠷ᠎ᠤᠨ ᠬᠥᠮᠦᠵᠢᠯ ᠪᠠ ᠬᠦᠰᠡᠯᠡᠩ ᠢᠲᠡᠭᠡᠯ ᠪᠢᠰᠢᠷᠡᠯ᠎ᠤᠨ ᠬᠥᠮᠦᠵᠢᠯ᠎ᠢ ᠢᠮᠠᠭᠲᠠ ᠲᠤᠤᠱᠯᠠᠭᠤᠯᠤᠨ᠎ᠠ᠃ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠶ᠋ᠢᠭᠡᠮ ᠵᠢᠷᠤᠮ᠎ᠤᠨ ᠪᠠᠶ᠋ᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠬᠦ᠂ ᠲᠥᠷᠥ ᠵᠢ ᠵᠠᠰᠠᠬᠤ ᠰᠢᠰᠲ᠋ᠧᠮ ᠪᠠ ᠵᠠᠰᠠᠬᠤ ᠴᠢᠳᠠᠪᠤᠷᠢ ᠵᠢᠨ ᠣᠳᠣᠬᠢᠴᠢᠯᠠᠯᠲᠠ ᠵᠢ ᠲᠦᠯᠬᠢᠨ ᠠᠬᠢᠭᠤᠯᠬᠤ᠎ᠪᠠᠷ ᠬᠠᠷᠠᠯᠲᠠ ᠪᠣᠯᠭ᠋ᠠᠵᠤ᠂ ᠨᠠᠮ᠎ᠤᠨ ᠭᠡᠰᠢᠭᠦᠳ᠎ᠲᠤ ᠰᠢᠰᠲ᠋ᠧᠮ᠎ᠲᠠᠢ ᠬᠥᠮᠦᠵᠢᠯ ᠪᠣᠯᠪᠠᠰᠤᠷᠠᠭᠤᠯᠤᠯ ᠬᠢᠨ᠎ᠡ᠃
(ᠬᠣᠶᠠᠷ) ᠭᠣᠤᠯ ᠠᠵᠢᠯ᠎ᠤᠨ ᠲᠣᠭᠣᠷᠢᠨ᠎ᠳᠤ ᠠᠵᠢᠯᠯᠠᠨ᠎ᠠ᠃ 《ᠲᠠᠪᠤ ᠵᠢ ᠨᠢᠭᠡ ᠴᠣᠭᠴᠠᠵᠢᠭᠤᠯᠬᠤ》 ᠶᠡᠷᠦᠩᠬᠡᠶ ᠪᠠᠶ᠋ᠢᠷᠢᠯᠠᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠬᠤ ᠪᠠ 《ᠳᠥᠷᠪᠡᠨ ᠪᠦᠬᠦ ᠲᠠᠯ᠎ᠠ》 ᠵᠢᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠵᠣᠬᠢᠴᠠᠩᠭᠤᠶ ᠲᠦᠯᠬᠢᠨ ᠠᠬᠢᠭᠤᠯᠬᠤ ᠵᠢ ᠪᠣᠳᠣᠯᠬᠢᠯᠠᠵᠤ᠂ ᠬᠣᠶ᠋ᠢᠰᠢᠳᠠ ᠵᠢᠨ 5 ᠵᠢᠯ᠎ᠳᠤ ᠨᠠᠮ ᠪᠠ ᠤᠯᠤᠰ᠎ᠤᠨ ᠴᠢᠬᠤᠯᠠ ᠶᠡᠬᠡ ᠰᠢᠢᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ᠂ ᠴᠢᠬᠤᠯᠠ ᠬᠤᠷᠠᠯᠳᠤᠭ᠋ᠠᠨ᠎ᠤ ᠠᠵᠢᠯᠯᠠᠭ᠎ᠠ᠂ ᠴᠢᠬᠤᠯᠠ ᠴᠠᠭ ᠬᠤᠭᠤᠴᠠᠭ᠎ᠠ ᠵᠢᠨ ᠵᠠᠩᠭᠢᠯᠠᠭ᠎ᠠ ᠵᠢᠨ ᠴᠡᠭ᠎ᠢ ᠪᠣᠳᠣᠯᠬᠢᠯᠠᠨ᠂ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠢ ᠬᠠᠨᠳᠤᠯᠭ᠋ᠠᠲᠤ ᠴᠢᠨᠠᠷᠲᠠᠶ᠎ᠪᠠᠷ ᠥᠷᠨᠢᠭᠦᠯᠦᠨ᠎ᠡ᠃ 《ᠤᠭ ᠰᠠᠨᠠᠭ᠎ᠠ᠎ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ᠎ᠪᠠᠨ ᠪᠠᠲᠤ ᠴᠡᠭᠡᠵᠢᠯᠡᠬᠦ》 ᠭᠣᠤᠯ ᠰᠡᠳᠦᠪᠲᠦ ᠬᠥᠮᠦᠵᠢᠯ᠎ᠲᠠᠢ ᠤᠶᠠᠯᠳᠤᠭᠤᠯᠵᠤ᠂ ᠨᠠᠮ᠎ᠤᠨ ᠤᠨᠤᠯ᠎ᠤᠨ ᠰᠢᠨ᠎ᠡ ᠵᠢ ᠡᠭᠦᠳᠬᠦ᠂ ᠬᠦᠰᠡᠯᠡᠩ ᠢᠲᠡᠭᠡᠯ ᠪᠢᠰᠢᠷᠡᠯ᠂ ᠤᠯᠤᠰ ᠲᠥᠷᠦ ᠵᠢᠨ ᠰᠠᠬᠢᠯᠭ᠎ᠠ ᠪᠠᠲᠤ ᠪᠠ ᠤᠯᠤᠰ ᠲᠥᠷᠦ ᠵᠢᠨ ᠶᠣᠰᠣ ᠳᠦᠷᠢᠮ ᠵᠡᠷᠭᠡ ᠬᠥᠮᠦᠵᠢᠯ ᠪᠣᠯᠪᠠᠰᠤᠷᠠᠯ᠎ᠢ ᠭᠣᠤᠯᠳᠠᠯᠭ᠎ᠠ᠎ᠲᠠᠢ ᠴᠢᠩᠭ᠋ᠠᠳᠬᠠᠬᠤ ᠬᠡᠷᠡᠭᠲᠡᠶ; ᠰᠢᠨ᠎ᠡ ᠬᠥᠭᠵᠢᠯᠲᠡ ᠵᠢᠨ ᠣᠢ᠌ᠯᠠᠭ᠋ᠠᠭᠳᠠᠬᠤᠨ᠎ᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ᠂ ᠤᠯᠤᠰ᠎ᠤᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ᠂ ᠭᠤᠷᠪᠠᠨ ᠶᠡᠬᠡ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠬᠦ ᠵᠡᠷᠭᠡ᠎ᠪᠠᠷ ᠭᠣᠤᠯᠳᠠᠭᠤᠯᠵᠤ᠂ ᠨᠠᠮ᠎ᠤᠨ ᠱᠤᠭᠤᠮ ᠴᠢᠭᠯᠡᠯᠲᠡ ᠲᠥᠷᠦ ᠵᠢᠨ ᠪᠣᠳᠣᠯᠭ᠎ᠠ᠂ ᠳᠡᠯᠡᠬᠡᠶ ᠵᠢᠨ ᠪᠠᠢ᠌ᠳᠠᠯ ᠤᠯᠤᠰ᠎ᠤᠨ ᠪᠠᠢ᠌ᠳᠠᠯ ᠨᠠᠮ᠎ᠤᠨ ᠪᠠᠢ᠌ᠳᠠᠯ᠂ ᠤᠯᠤᠰ᠎ᠤᠨ ᠶᠡᠷᠦᠩᠬᠡᠶ ᠠᠮᠦᠷ ᠲᠦᠪᠰᠢᠨ᠎ᠤ ᠪᠠᠢ᠌ᠳᠠᠯ ᠵᠡᠷᠭᠡ ᠵᠢᠨ ᠤᠢ᠌ᠯᠠᠭ᠋ᠠᠭᠳᠠᠬᠤᠨᠤ ᠬᠥᠮᠦᠵᠢᠯ ᠪᠣᠯᠪᠠᠰᠤᠷᠠᠯ᠎ᠢ ᠭᠣᠤᠯᠳᠠᠯᠭ᠎ᠠ᠎ᠲᠠᠢ ᠴᠢᠩᠭ᠋ᠠᠳᠬᠠᠬᠤ ᠬᠡᠷᠡᠭᠲᠡᠶ; ᠴᠢᠨᠡᠭᠡᠯᠢᠭ ᠨᠡᠶ᠋ᠢᠭᠡᠮ᠎ᠢ ᠪᠦᠬᠦ ᠲᠠᠯ᠎ᠠ᠎ᠪᠠᠷ ᠪᠠᠶ᠋ᠢᠭᠤᠯᠤᠨ ᠪᠦᠲᠦᠭᠡᠬᠦ᠂ ᠳᠤᠮᠳᠠᠳᠤ ᠤᠯᠤᠰ᠎ᠤᠨ ᠡᠪ ᠬᠠᠮᠲᠤ ᠨᠠᠮ ᠪᠠᠶ᠋ᠢᠭᠤᠯᠤᠭᠳᠠᠭᠰᠠᠨ 100 ᠵᠢᠯ᠎ᠤᠨ ᠤᠢ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠠᠮ᠎ᠤᠨ ᠲᠡᠦᠬᠡ᠂ ᠰᠢᠨ᠎ᠡ ᠳᠤᠮᠳᠠᠳᠤ ᠤᠯᠤᠰ᠎ᠤᠨ ᠲᠡᠤᠬᠡ᠂ ᠨᠠᠮ᠎ᠤᠨ ᠰᠢᠯᠢᠳᠡᠭ ᠤᠯᠠᠮᠵᠢᠯᠠᠯ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠂ ᠨᠡᠶ᠋ᠢᠭᠡᠮ ᠵᠢᠷᠤᠮ᠎ᠤᠨ ᠭᠣᠤᠯᠯᠠᠬᠤ ᠥᠷᠲᠡᠭ᠎ᠤᠨ ᠦᠵᠡᠯᠲᠡ᠂ ᠡᠬᠡ ᠣᠷᠣᠨᠴᠢ ᠦᠵᠡᠯ ᠵᠡᠷᠭᠡ ᠬᠥᠮᠦᠵᠢᠯ ᠪᠣᠯᠪᠠᠰᠤᠷᠠᠭᠤᠯᠤᠯᠲᠠ ᠵᠢ ᠭᠣᠤᠯᠳᠠᠯᠭ᠎ᠠ᠎ᠲᠠᠢ ᠴᠢᠩᠭ᠋ᠠᠳᠬᠠᠵᠤ᠂ ᠨᠠᠮ᠎ᠤᠨ ᠭᠡᠰᠢᠭᠦᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠰᠢᠢᠳᠪᠦᠷᠢᠲᠦ ᠪᠣᠳᠣᠯᠭ᠎ᠠ ᠪᠠᠶ᠋ᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠢᠮᠠᠭᠲᠠ ᠲᠡᠮᠡᠴᠡᠯ᠎ᠤᠨ ᠵᠣᠷᠢᠭ ᠰᠠᠨᠠᠭ᠎ᠠ ᠪᠠ ᠬᠤᠪᠢᠰᠬᠠᠯᠲᠤ ᠵᠣᠷᠢᠭ ᠰᠠᠨᠠᠭ᠎ᠠ ᠵᠢ ᠪᠠᠷᠢᠮᠲᠠᠯᠠᠨ᠂ ᠵᠣᠷᠢᠭᠲᠠᠶ᠎ᠪᠠᠷ ᠲᠡᠮᠡᠴᠡᠵᠦ᠂ ᠴᠢᠳᠠᠮᠠᠭ᠋ᠠᠶ᠎ᠪᠠᠷ ᠲᠡᠮᠡᠴᠡᠵᠦ᠂ ᠴᠠᠭ ᠦᠶ᠎ᠡ ᠵᠢᠨ ᠶᠡᠬᠡ ᠤᠷᠤᠰᠬᠠᠯ ᠳᠤᠮᠳᠠ ᠭᠠᠪᠢᠶ᠎ᠠ ᠪᠠᠶ᠋ᠢᠭᠤᠯᠤᠨ ᠦᠢᠯᠡᠰ ᠪᠦᠲᠦᠭᠡᠬᠦ ᠪᠣᠯᠭ᠋ᠠᠨ᠎ᠠ᠃
(ᠭᠤᠷᠪᠠ) ᠠᠳᠠᠯᠢ ᠪᠤᠰᠤ ᠬᠦᠷᠢᠶ᠎ᠡ ᠬᠡᠪᠴᠢᠶ᠎ᠡ ᠪᠠ ᠬᠠᠮᠲᠤᠯᠢᠭ᠎ᠤᠨ ᠣᠨᠴᠠᠯᠢᠭ᠎ᠢ ᠢᠯᠡᠷᠡᠭᠦᠯᠦᠨ᠎ᠡ᠃ ᠬᠥᠳᠡᠭᠡ ᠲᠣᠰᠬᠣᠨ᠎ᠳᠤ᠂ ᠭᠣᠤᠯᠳᠠᠭᠤ ᠶᠡᠷᠦᠩᠬᠡᠶ ᠱᠦᠵᠢ ᠰᠢ ᠵᠢᠨ ᠫᠢᠩ᠎ᠤᠨ 《ᠬᠥᠳᠡᠭᠡ ᠠᠵᠤ ᠠᠬᠤᠶ ᠬᠥᠳᠡᠭᠡ ᠲᠣᠰᠬᠣᠨ ᠲᠠᠷᠢᠶᠠᠴᠢᠨ》᠎ᠤ ᠠᠵᠢᠯ ᠵᠢᠨ ᠲᠤᠬᠠᠶ ᠴᠢᠬᠤᠯᠠ ᠥᠭᠦᠯᠡᠯᠲᠡ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ᠂ ᠶᠠᠳᠠᠭᠤ᠎ᠠᠴᠠ ᠠᠩᠭᠢᠵᠢᠷᠠᠭᠤᠯᠬᠤ ᠪᠣᠭᠣᠮᠲᠠ ᠰᠢᠪᠲᠤᠯᠬᠤ ᠳᠠᠶ᠋ᠢᠯᠠᠯᠳᠤᠭ᠋ᠠᠨ᠎ᠤ ᠢᠯᠠᠯᠲᠠ ᠵᠢ ᠣᠯᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠬᠦ᠂ ᠬᠥᠳᠡᠭᠡ ᠠᠵᠤ ᠠᠬᠤᠶ ᠬᠥᠳᠡᠭᠡ ᠲᠣᠰᠬᠣᠨ᠎ᠤ ᠣᠳᠣᠬᠢᠴᠢᠯᠠᠯᠲᠠ ᠵᠢ ᠠᠬᠢᠭᠤᠯᠬᠤ᠎ᠪᠠᠷ ᠭᠣᠤᠯᠳᠠᠭᠤᠯᠵᠤ᠂ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠯ᠎ᠢ ᠥᠷᠨᠢᠭᠦᠯᠦᠨ᠎ᠡ᠃ ᠵᠡᠭᠡᠯᠢ ᠭᠤᠳᠤᠮᠵᠢ ᠨᠡᠶ᠋ᠢᠭᠡᠮ ᠲᠣᠭᠣᠷᠢᠭ᠎ᠲᠤ᠂ ᠨᠠᠮ᠎ᠤᠨ ᠬᠣᠲᠠ᠎ᠳᠤ ᠲᠥᠷᠥ ᠪᠠᠷᠢᠬᠤ ᠰᠠᠭᠤᠷᠢ ᠵᠢ ᠪᠡᠬᠢᠵᠢᠭᠦᠯᠬᠦ᠂ ᠬᠣᠲᠠ ᠵᠢᠨ ᠵᠠᠰᠠᠯᠲᠠ ᠵᠢ ᠴᠢᠩᠭ᠋ᠠᠳᠬᠠᠬᠤ᠂ ᠨᠡᠶ᠋ᠢᠭᠡᠮ ᠲᠣᠭᠣᠷᠢᠭ᠎ᠤᠨ ᠣᠯᠠᠨ ᠲᠦᠮᠡᠨ᠎ᠳᠤ ᠦᠢᠯᠡᠴᠢᠯᠡᠬᠦ᠂ ᠰᠠᠶ᠋ᠢᠨ ᠰᠠᠶ᠋ᠢᠬᠠᠨ ᠭᠡᠷ ᠣᠷᠣᠨ᠎ᠢ ᠪᠦᠲᠦᠭᠡᠨ ᠪᠠᠶ᠋ᠢᠭᠤᠯᠬᠤ ᠵᠢᠨ ᠲᠣᠭᠣᠷᠢᠨ᠎ᠳᠤ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠢ ᠭᠣᠤᠯᠳᠠᠯᠭ᠎ᠠ᠎ᠲᠠᠢ ᠥᠷᠨᠢᠭᠦᠯᠦᠨ᠎ᠡ᠃ ᠪᠠᠶ᠋ᠢᠭᠤᠯᠭ᠎ᠠ᠎ᠳᠤ᠂ ᠭᠣᠤᠯᠳᠠᠭᠤ ᠨᠠᠮ᠎ᠤᠨ ᠲᠥᠪ ᠬᠣᠷᠢᠶ᠎ᠠ ᠵᠢ ᠰᠠᠨᠠᠭ᠎ᠠ ᠠᠮᠤᠷ᠂ ᠠᠷᠠᠳ ᠤᠯᠠᠨ᠎ᠢ ᠰᠡᠳᠬᠢᠯ ᠬᠠᠨᠤᠮᠵᠢᠲᠠᠶ ᠵᠢᠱ᠌ᠢᠶᠡᠴᠢ ᠪᠠᠶ᠋ᠢᠭᠤᠯᠭ᠎ᠠ ᠵᠢ ᠪᠠᠶ᠋ᠢᠭᠤᠯᠬᠤ ᠵᠢᠨ ᠲᠣᠭᠣᠷᠢᠨ᠎ᠳᠤ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠯ᠎ᠢ ᠥᠷᠨᠢᠭᠦᠯᠦᠨ᠎ᠡ᠃ ᠠᠵᠢᠯ ᠦᠢ᠍ᠯᠡᠰ᠎ᠤᠨ ᠨᠢᠭᠡᠴᠡ᠎ᠳᠤ᠂ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠠᠮᠵᠢᠯᠲᠠ ᠪᠦᠲᠦᠮᠵᠢ ᠵᠢ ᠳᠡᠭᠡᠭᠰᠢᠯᠡᠭᠦᠯᠬᠦ᠂ ᠠᠵᠢᠯ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠵᠢᠨ ᠲᠣᠭᠣᠷᠢᠨ᠎ᠳᠤ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠢ ᠭᠣᠤᠯᠳᠠᠯᠭ᠎ᠠ᠎ᠲᠠᠢ ᠥᠷᠨᠢᠭᠦᠯᠵᠦ᠂ ᠰᠤᠷᠭ᠋ᠠᠭᠤᠯᠢ᠎ᠨᠢ ᠮᠠᠷᠺᠰ᠎ᠤᠨ ᠦᠵᠡᠯ᠎ᠤᠨ ᠵᠢᠯᠣᠭᠣᠳᠬᠤ ᠪᠠᠶ᠋ᠢᠷᠢ ᠰᠠᠭᠤᠷᠢ ᠵᠢ ᠪᠠᠷᠢᠮᠲᠠᠯᠠᠬᠤ᠂ ᠶᠤᠰᠤ ᠰᠤᠷᠳᠠᠬᠤᠨ ᠵᠶ᠋ᠠᠷ ᠬᠥᠮᠦᠨ᠎ᠢ ᠬᠥᠮᠦᠵᠢᠭᠦᠯᠬᠦ ᠦᠨᠳᠦᠰᠦᠨ ᠡᠭᠦᠷᠭᠡ ᠵᠢ ᠨᠠᠶ᠋ᠢᠳᠠᠪᠤᠷᠢᠵᠢᠭᠤᠯᠬᠤ᠂ ᠨᠡᠶ᠋ᠢᠭᠡᠮ ᠵᠢᠷᠤᠮ᠎ᠤᠨ ᠪᠦᠲᠦᠭᠡᠨ ᠪᠠᠶ᠋ᠢᠭᠤᠯᠤᠭᠴᠢ ᠪᠠ ᠵᠠᠯᠭ᠋ᠠᠮᠵᠢᠯᠠᠭᠴᠢ ᠵᠢ ᠬᠥᠮᠦᠵᠢᠭᠦᠯᠬᠦ ᠵᠢᠨ ᠲᠣᠭᠣᠷᠢᠨ᠎ᠳᠤ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠢ ᠭᠣᠤᠯᠳᠠᠯᠭ᠎ᠠ᠎ᠲᠠᠢ ᠥᠷᠨᠢᠭᠦᠯᠦᠨ᠎ᠡ᠃ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯ᠎ᠳᠤ ᠭᠣᠤᠯᠳᠠᠭᠤ ᠤᠯᠤᠰ᠎ᠤᠨ ᠥᠮᠴᠢᠯᠡᠯ᠎ᠤᠨ ᠠᠵᠤ ᠠᠬᠤᠢ᠌ᠯᠠᠯᠲᠠᠬᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠬᠤ᠂ ᠤᠯᠤᠰ᠎ᠤᠨ ᠥᠮᠴᠢᠯᠡᠯ᠎ᠤᠨ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ᠂ ᠤᠯᠤᠰ᠎ᠤᠨ ᠥᠮᠴᠢᠯᠡᠯ᠎ᠤᠨ ᠡᠳ᠋ ᠬᠥᠷᠥᠩᠭᠡ ᠵᠢᠨ ᠨᠡᠮᠡᠭᠳᠡᠯ ᠥᠷᠲᠡᠭ᠎ᠢ ᠪᠡᠶᠡᠯᠡᠭᠦᠯᠬᠦ᠎ᠲᠠᠢ ᠤᠶᠠᠯᠳᠤᠭᠤᠯᠤᠨ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠢ ᠥᠷᠨᠢᠭᠦᠯᠦᠨ᠎ᠡ᠃ ᠨᠡᠢ᠌ᠲᠡ ᠵᠢᠨ ᠥᠮᠴᠢᠯᠡᠯ᠎ᠤᠨ ᠪᠤᠰᠤ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ᠎ᠳᠤ᠂ ᠭᠣᠤᠯᠳᠠᠯᠭ᠎ᠠ᠎ᠲᠠᠢ ᠲᠥᠷᠥ ᠵᠢᠨ ᠪᠣᠳᠣᠯᠭ᠎ᠠ ᠵᠢ ᠲᠤᠤᠱᠯᠠᠭᠤᠯᠬᠤ᠂ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠴᠢᠩᠭ᠎ᠠ ᠵᠢᠷᠤᠮᠯᠠᠬᠤ᠂ ᠠᠵᠢᠯᠳᠠᠨ ᠠᠵᠢᠯᠴᠢᠨ ᠤᠯᠠᠨ ᠲᠦᠮᠡᠨ᠎ᠢ ᠪᠦᠯᠬᠦᠮᠳᠡᠨ ᠨᠢᠭᠲᠠᠷᠠᠭᠤᠯᠬᠤ᠂ ᠡᠯ᠎ᠡ ᠲᠠᠯ᠎ᠠ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ᠂ ᠠᠵᠤ ᠠᠬᠤᠶ᠋ᠢᠯᠠᠯ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠵᠢᠨ ᠲᠣᠭᠣᠷᠢᠨ᠎ᠳᠤ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠢ ᠥᠷᠨᠢᠭᠦᠯᠦᠨ᠎ᠡ᠃ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠳᠤ᠂ ᠤᠯᠤᠰ ᠲᠥᠷᠥ ᠵᠢᠨ ᠵᠥᠪ ᠴᠢᠭᠯᠡᠯ᠎ᠢ ᠪᠠᠷᠢᠮᠲᠠᠯᠠᠬᠤ᠂ ᠨᠡᠶ᠋ᠢᠭᠡᠮ᠎ᠤᠨ ᠵᠠᠰᠠᠯᠲᠠ᠎ᠳᠤ ᠡᠮᠬᠢ ᠵᠢᠷᠤᠮ᠎ᠲᠠᠢ᠎ᠪᠠᠷ ᠣᠷᠣᠯᠴᠠᠬᠤ᠂ ᠣᠯᠠᠨ ᠨᠡᠢ᠌ᠲᠡ ᠵᠢᠨ ᠦᠢᠯᠡᠴᠢᠯᠡᠭᠡ ᠬᠠᠩᠭ᠋ᠠᠬᠤ᠂ ᠨᠡᠶ᠋ᠢᠭᠡᠮ᠎ᠤᠨ ᠬᠠᠷᠢᠭᠤᠴᠠᠯᠭ᠎ᠠ ᠵᠢ ᠡᠭᠦᠷᠭᠡᠯᠡᠬᠦ᠎ᠪᠠᠷ ᠭᠣᠤᠯᠳᠠᠯᠭ᠎ᠠ ᠪᠣᠯᠭ᠋ᠠᠨ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠢ ᠥᠷᠨᠢᠭᠦᠯᠦᠨ᠎ᠡ᠃ ᠦᠨᠳᠦᠰᠦᠲᠡᠨ᠎ᠤ ᠭᠠᠵᠠᠷ ᠣᠷᠣᠨ᠎ᠨᠤᠭᠤᠳ ᠨᠠᠮ᠎ᠤᠨ ᠦᠨᠳᠦᠰᠦᠲᠡᠨ᠎ᠤ ᠲᠥᠷᠥ ᠵᠢᠨ ᠪᠣᠳᠣᠯᠭ᠎ᠠ ᠵᠢ ᠲᠤᠤᠱᠯᠠᠭᠤᠯᠬᠤ᠂ ᠦᠨᠳᠦᠰᠦᠲᠡᠨ᠎ᠤ ᠠᠵᠢᠯ᠎ᠢ ᠰᠠᠶ᠋ᠢᠲᠤᠷ ᠬᠢᠬᠦ ᠲᠣᠭᠣᠷᠢᠨ᠎ᠳᠤ᠂ ᠨᠠᠮ᠎ᠤᠨ ᠭᠡᠰᠢᠭᠦᠨ᠎ᠤ ᠨᠠᠮ᠎ᠤᠨ ᠦᠵᠡᠯ ᠤᠬᠠᠮᠰᠠᠷ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠦᠵᠡᠯ ᠤᠬᠠᠮᠰᠠᠷ ᠪᠣᠯᠤᠨ ᠮᠠᠷᠺᠰ᠎ᠤᠨ ᠦᠵᠡᠯ᠎ᠤᠨ ᠲᠦᠷᠦ ᠵᠢᠨ ᠤᠢ᠌ᠯᠠᠭ᠋ᠠᠭᠳᠠᠬᠤᠨ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠡᠷᠭᠡ ᠬᠥᠮᠦᠵᠢᠯ ᠪᠣᠯᠪᠠᠰᠤᠷᠠᠭᠤᠯᠤᠯ᠎ᠢ ᠴᠢᠩᠭ᠋ᠠᠳᠬᠠᠬᠤ ᠬᠡᠷᠡᠭᠲᠡᠶ᠃
ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ᠎ᠳᠤ᠂ ᠨᠠᠮ᠎ᠤᠨ ᠰᠢᠨ᠎ᠡ ᠵᠢ ᠡᠭᠦᠳᠬᠦ ᠣᠨᠣᠯ᠂ ᠨᠠᠮ᠎ᠤᠨ ᠪᠠᠶ᠋ᠢᠭᠤᠯᠤᠯᠲᠠ ᠵᠢᠨ ᠠᠵᠢᠯ ᠵᠢᠨ ᠪᠣᠳᠠᠲᠤ ᠶᠠᠪᠤᠳᠠᠯ᠂ ᠣᠯᠠᠨ ᠲᠦᠮᠡᠨ᠎ᠤ ᠠᠵᠢᠯ᠂ ᠦᠨᠳᠦᠰᠦᠨ ᠱᠠᠲᠤᠨ᠎ᠤ ᠵᠠᠰᠠᠯᠲᠠ ᠵᠡᠷᠭᠡ ᠬᠥᠮᠦᠵᠢᠯ ᠪᠣᠯᠪᠠᠰᠤᠷᠠᠯ᠎ᠢ ᠭᠣᠤᠯᠳᠠᠯᠭ᠎ᠠ᠎ᠲᠠᠢ ᠥᠷᠨᠢᠭᠦᠯᠵᠦ᠂ ᠢᠲᠡᠭᠡᠯ ᠪᠢᠰᠢᠷᠡᠯ ᠵᠶ᠋ᠠᠨ ᠪᠠᠷᠢᠮᠲᠠᠯᠠᠳᠠᠭ᠂ ᠬᠤᠪᠢ ᠨᠡᠮᠡᠷᠢ ᠦᠵᠡᠭᠦᠯᠬᠦ ᠵᠢ ᠡᠷᠬᠢᠮᠯᠡᠳᠡᠭ᠂ ᠴᠢᠳᠠᠪᠤᠷᠢ᠎ᠲᠠᠢ᠂ ᠡᠭᠦᠷᠭᠡ ᠬᠠᠷᠢᠭᠤᠴᠠᠯᠭ᠎ᠠ ᠵᠢ ᠬᠦᠨᠳᠦᠳᠬᠡᠨ ᠦᠵᠡᠳᠡᠭ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠳᠠᠭ᠋ᠠᠭᠤᠯᠤᠭᠴᠢ ᠵᠢᠨ ᠡᠩᠨᠡᠭᠡ ᠵᠢ ᠴᠢᠷᠮᠠᠶ᠋ᠢᠨ ᠪᠠᠢ᠌ᠭᠤᠯᠤᠨ᠎ᠠ᠃ ᠰᠢᠨ᠎ᠡ ᠨᠠᠮ᠎ᠤᠨ ᠭᠡᠰᠢᠭᠦᠨ᠎ᠳᠤ᠂ ᠨᠠᠮ᠎ᠤᠨ ᠦᠨᠳᠦᠰᠦᠨ ᠮᠡᠳᠡᠯᠭᠡ᠂ ᠨᠠᠮᠴᠢ ᠴᠢᠨᠠᠷ ᠨᠠᠮ᠎ᠤᠨ ᠰᠤᠷᠲᠠᠯ ᠨᠠᠮ᠎ᠤᠨ ᠰᠠᠬᠢᠯᠭ᠎ᠠ ᠪᠠᠲᠤ᠂ ᠨᠠᠮ᠎ᠤᠨ ᠰᠢᠯᠢᠳᠡᠭ ᠤᠯᠠᠮᠵᠢᠯᠠᠯ ᠵᠡᠷᠭᠡ ᠬᠥᠮᠦᠵᠢᠯ ᠪᠣᠯᠪᠠᠰᠤᠷᠠᠯ᠎ᠢ ᠭᠣᠤᠯᠳᠠᠯᠭ᠎ᠠ᠎ᠲᠠᠢ ᠥᠷᠨᠢᠭᠦᠯᠵᠦ᠂ ᠦᠵᠡᠯ ᠰᠠᠨᠠᠭ᠎ᠠ᠎ᠪᠠᠷ ᠨᠠᠮ᠎ᠳᠤ ᠣᠷᠣᠬᠤ ᠵᠢ ᠴᠢᠩᠭ᠋ᠠᠳᠬᠠᠵᠤ᠂ ᠲᠡᠳᠡᠨ᠎ᠤ ᠦᠵᠡᠯ ᠰᠠᠨᠠᠭ᠎ᠠ ᠪᠠ ᠤᠨᠤᠯ᠎ᠤᠨ ᠪᠣᠯᠪᠠᠰᠤᠷᠠᠯ᠎ᠢ ᠳᠡᠭᠡᠭᠰᠢᠯᠡᠭᠦᠯᠦᠨ᠎ᠡ᠃ ᠵᠠᠯᠠᠭᠤ ᠨᠠᠮ᠎ᠤᠨ ᠭᠡᠰᠢᠭᠦᠨ᠎ᠳᠤ ᠰᠢᠰᠲ᠋ᠧᠮ᠎ᠲᠠᠢ ᠤᠨᠤᠯ᠎ᠤᠨ ᠬᠥᠮᠦᠵᠢᠯ ᠪᠠ ᠨᠠᠮᠴᠢ ᠴᠢᠨᠠᠷ᠎ᠤᠨ ᠴᠢᠩᠭ᠎ᠠ ᠪᠣᠯᠪᠠᠰᠤᠷᠠᠯ ᠬᠢᠵᠦ᠂ ᠲᠡᠳᠡᠨ᠎ᠢ ᠬᠥᠳᠡᠯᠦᠨ ᠵᠢᠯᠣᠭᠣᠳᠴᠤ ᠪᠠᠢ᠌ᠭ᠋ᠠᠳ ᠬᠤᠪᠢᠰᠬᠠᠯᠲᠤ ᠤᠳᠤᠮᠰᠢᠯ᠎ᠢ ᠤᠯᠠᠮᠵᠢᠯᠠᠵᠤ᠂ ᠲᠡᠮᠡᠴᠡᠯ᠎ᠤᠨ ᠵᠣᠷᠢᠭ ᠰᠠᠨᠠᠭ᠎ᠠ ᠵᠢ ᠬᠥᠮᠦᠵᠢᠭᠦᠯᠵᠦ᠂ ᠴᠠᠭ᠋ᠠᠷᠠᠭᠰᠠᠨ ᠴᠢᠳᠠᠪᠤᠷᠢ ᠵᠢ᠎ᠨᠢ ᠪᠣᠯᠪᠠᠰᠤᠷᠠᠭᠤᠯᠬᠤ ᠬᠡᠷᠡᠭᠲᠡᠶ᠃ ᠠᠬᠠᠮᠠᠳ ᠨᠠᠮ᠎ᠤᠨ ᠭᠡᠰᠢᠭᠦᠨ᠎ᠳᠤ᠂ ᠨᠠᠮ᠎ᠤᠨ ᠰᠢᠨ᠎ᠡ ᠵᠢ ᠡᠭᠦᠳᠬᠦ ᠣᠨᠣᠯ᠂ ᠴᠠᠭ᠎ᠤᠨ ᠪᠠᠢ᠌ᠳᠠᠯ ᠲᠥᠷᠦ ᠵᠢᠨ ᠪᠣᠳᠣᠯᠭ᠎ᠠ ᠵᠡᠷᠭᠡ ᠬᠥᠮᠦᠵᠢᠯ ᠪᠣᠯᠪᠠᠰᠤᠷᠠᠯ᠎ᠢ ᠭᠣᠤᠯᠳᠠᠯᠭ᠎ᠠ᠎ᠲᠠᠢ ᠥᠷᠨᠢᠭᠦᠯᠵᠦ᠂ ᠲᠡᠳᠡᠨ᠎ᠢ ᠬᠥᠳᠡᠯᠦᠨ ᠵᠢᠯᠣᠭᠣᠳᠴᠤ ᠪᠠᠢ᠌ᠭ᠋ᠠᠳ ᠬᠤᠪᠢᠰᠬᠠᠯ ᠬᠢᠬᠦ ᠵᠢ ᠪᠠᠲᠤᠯᠠᠵᠤ᠂ ᠤᠯᠠᠮᠵᠢᠯᠠᠬᠤ ᠬᠠᠪᠰᠤᠷᠬᠤ ᠳᠠᠭ᠋ᠠᠭᠤᠯᠬᠤ ᠦᠢᠯᠡᠳᠦᠯ᠎ᠢ᠎ᠨᠢ ᠪᠠᠳᠠᠷᠠᠭᠤᠯᠬᠤ ᠬᠡᠷᠡᠭᠲᠡᠶ᠃ ᠨᠡᠭᠦᠳᠡᠯ ᠨᠠᠮ᠎ᠤᠨ ᠭᠡᠰᠢᠭᠦᠨ᠎ᠳᠤ ᠨᠠᠮ᠎ᠤᠨ ᠭᠡᠰᠢᠭᠦᠨ᠎ᠤ ᠤᠬᠠᠮᠰᠠᠷ᠂ ᠵᠣᠬᠢᠶᠠᠨ ᠪᠠᠶ᠋ᠢᠭᠤᠯᠤᠯᠲᠠ ᠵᠢᠨ ᠦᠵᠡᠯᠲᠡ᠂ ᠰᠠᠬᠢᠯᠭ᠎ᠠ ᠪᠠᠲᠤ ᠶᠣᠰᠣ ᠳᠦᠷᠢᠮ ᠵᠡᠷᠭᠡ ᠵᠢᠨ ᠬᠥᠮᠦᠵᠢᠯ ᠪᠣᠯᠪᠠᠰᠤᠷᠠᠯ᠎ᠢ ᠭᠣᠤᠯᠳᠠᠯᠭ᠎ᠠ᠎ᠲᠠᠢ ᠥᠷᠨᠢᠭᠦᠯᠵᠦ᠂ ᠲᠡᠳᠡᠨ᠎ᠢ ᠬᠥᠲᠥᠯᠥᠨ ᠵᠢᠯᠣᠭᠣᠳᠴᠤ ᠪᠠᠢ᠌ᠭ᠋ᠠᠳ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠬᠥᠮᠦᠵᠢᠯ ᠬᠠᠮᠢᠶᠠᠷᠤᠯᠲᠠ ᠵᠢ ᠰᠠᠨᠠᠭ᠋ᠠᠴᠢᠯᠠᠭ᠎ᠠ᠎ᠠᠴᠠ᠎ᠪᠠᠨ ᠬᠦᠯᠢᠶᠡᠯᠭᠡᠵᠦ᠂ ᠤᠬᠠᠮᠰᠠᠷ᠎ᠠᠴᠠ᠎ᠪᠠᠨ ᠲᠡᠭᠦᠨ᠎ᠳᠤ ᠣᠷᠣᠯᠴᠠᠭᠤᠯᠵᠤ᠂ ᠦᠢᠯᠡᠳᠦᠯ᠎ᠢ᠎ᠨᠢ ᠭᠦᠢᠴᠡᠳ ᠪᠠᠳᠠᠷᠠᠭᠤᠯᠬᠤ ᠬᠡᠷᠡᠭᠲᠡᠶ᠃ ᠠᠵᠢᠯ᠎ᠤᠨ ᠪᠠᠶ᠋ᠢᠷᠢ᠎ᠠᠴᠠ᠎ᠪᠠᠨ ᠪᠠᠭᠤᠵᠤ ᠠᠵᠢᠯ ᠠᠯᠳᠠᠭᠰᠠᠨ ᠬᠥᠮᠦᠰ᠎ᠤᠨ ᠳᠣᠲᠣᠷᠠᠬᠢ ᠨᠠᠮ᠎ᠤᠨ ᠭᠡᠰᠢᠭᠦᠳ᠎ᠲᠤ ᠨᠠᠮ᠎ᠤᠨ ᠣᠨᠣᠯ᠎ᠤᠨ ᠬᠥᠮᠦᠵᠢᠯ ᠪᠣᠯᠤᠨ ᠨᠠᠮᠴᠢ ᠴᠢᠨᠠᠷ᠎ᠤᠨ ᠬᠥᠮᠦᠵᠢᠯ᠎ᠢ ᠲᠥᠷᠥ ᠵᠢᠨ ᠪᠣᠳᠣᠯᠭ᠎ᠠ ᠵᠢᠨ ᠰᠤᠷᠤᠯᠴᠠᠯᠭ᠎ᠠ ᠪᠣᠯᠤᠨ ᠮᠡᠷᠭᠡᠵᠢᠯ᠎ᠤᠨ ᠴᠢᠳᠠᠪᠤᠷᠢ ᠵᠢᠨ ᠪᠣᠯᠪᠠᠰᠤᠷᠠᠭᠤᠯᠤᠯ ᠥᠷᠨᠢᠭᠦᠯᠬᠦᠯᠦᠭᠡ ᠤᠶᠠᠯᠳᠤᠭᠤᠯᠵᠤ᠂ ᠲᠡᠳᠡᠨ᠎ᠢ ᠬᠠᠪᠰᠤᠷᠤᠨ ᠠᠵᠢᠯ ᠣᠯᠵᠤ ᠠᠳᠠᠯ ᠦᠢᠯᠡᠰ ᠪᠣᠰᠬᠠᠬᠤ ᠢᠲᠡᠭᠡᠯ ᠵᠣᠷᠢᠭ ᠪᠣᠯᠤᠨ ᠴᠢᠳᠠᠪᠤᠷᠢᠢᠨᠢ ᠨᠡᠮᠡᠭᠳᠡᠭᠦᠯᠬᠦ ᠬᠡᠷᠡᠭᠲᠡᠶ᠃
ᠲᠦᠷᠪᠡ᠂ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠯ᠎ᠤᠨ ᠠᠷᠭ᠎ᠠ ᠬᠡᠯᠪᠡᠷᠢ
(ᠨᠢᠭᠡ) ᠵᠣᠬᠢᠶᠠᠨ ᠪᠠᠶ᠋ᠢᠭᠤᠯᠤᠯᠲᠠ ᠵᠢᠨ ᠬᠡᠯᠪᠡᠷᠢ ᠵᠢ ᠲᠡᠭᠦᠯᠳᠡᠷᠵᠢᠭᠦᠯᠦᠨ᠎ᠡ᠃ ᠲᠥᠪᠯᠡᠷᠡᠭᠦᠯᠦᠨ ᠪᠣᠯᠪᠠᠰᠤᠷᠠᠭᠤᠯᠬᠤ᠂ ᠬᠠᠮᠲᠤ᠎ᠪᠠᠷ ᠰᠤᠷᠤᠯᠴᠠᠬᠤ᠂ ᠦᠪᠡᠷᠳᠡᠭᠡᠨ ᠰᠤᠷᠤᠯᠴᠠᠬᠤ ᠪᠠ ᠵᠤᠬᠢᠶᠠᠨ ᠪᠠᠢ᠌ᠭᠤᠯᠤᠨ ᠰᠤᠷᠤᠯᠴᠠᠬᠤ᠂ ᠦᠢᠯᠡᠳᠦᠯᠭᠡ ᠪᠣᠯᠪᠠᠰᠤᠷᠠᠯ ᠬᠢᠬᠦ ᠵᠢ ᠣᠷᠭ᠋ᠠᠨᠢᠭ ᠵᠶ᠋ᠠᠷ ᠤᠶᠠᠯᠳᠤᠭᠤᠯᠬᠤ ᠵᠢ ᠪᠠᠷᠢᠮᠲᠠᠯᠠᠵᠤ᠂ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠯ᠎ᠤᠨ ᠠᠵᠢᠯ᠎ᠤᠨ ᠳᠦᠷᠢᠮᠵᠢᠯᠳᠦ ᠴᠢᠨᠠᠷ᠂ ᠬᠠᠨᠳᠤᠯᠭ᠋ᠠᠲᠤ ᠴᠢᠨᠠᠷ᠂ ᠰᠢᠰᠲ᠋ᠧᠮᠲᠦ ᠴᠢᠨᠠᠷ᠎ᠢ ᠴᠢᠩᠭ᠋ᠠᠳᠬᠠᠨ᠎ᠠ᠃ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠭᠣᠤᠯᠳᠠᠯᠭ᠎ᠠ᠎ᠲᠠᠢ ᠲᠥᠷᠥᠯ ᠵᠦᠢᠯ᠂ ᠬᠠᠨᠳᠤᠯᠭ᠎ᠠ ᠵᠢᠨ ᠡᠲᠡᠭᠡᠳ ᠪᠠ ᠲᠤᠰᠬᠠᠶ ᠰᠡᠳᠦᠪ᠎ᠢ ᠰᠤᠳᠤᠯᠤᠨ ᠲᠣᠭᠲᠠᠭ᠋ᠠᠵᠤ᠂ ᠮᠤᠵᠢ ᠵᠢᠨ ᠱᠠᠲᠤᠨ᠎ᠤ ᠵᠢᠱ᠌ᠢᠶ᠎ᠡ ᠦᠵᠡᠭᠦᠯᠬᠦ ᠪᠣᠯᠪᠠᠰᠤᠷᠠᠭᠤᠯᠤᠯ᠂ ᠬᠣᠲᠠ ᠵᠢᠨ ᠱᠠᠲᠤᠨ᠎ᠤ ᠭᠣᠤᠯᠳᠠᠯᠭ᠎ᠠ᠎ᠲᠠᠢ ᠪᠣᠯᠪᠠᠰᠤᠷᠠᠭᠤᠯᠤᠯ᠂ ᠰᠢᠶᠠᠨ᠎ᠤ ᠱᠠᠲᠤᠨ᠎ᠤ ᠨᠡᠶ᠋ᠢᠳᠡᠮ ᠪᠣᠯᠪᠠᠰᠤᠷᠠᠭᠤᠯᠤᠯ᠂ ᠦᠨᠳᠦᠰᠦᠨ ᠱᠠᠲᠤᠨ᠎ᠤ ᠨᠠᠮ᠎ᠤᠨ ᠬᠣᠷᠢᠶ᠎ᠠ ᠵᠢᠨ ᠦᠨᠳᠦᠰᠦᠨ ᠵᠦᠢᠯ᠎ᠢ ᠪᠠᠲᠤᠯᠠᠬᠤ ᠪᠣᠯᠪᠠᠰᠤᠷᠠᠭᠤᠯᠤᠯ᠎ᠤᠨ ᠬᠡᠯᠪᠡᠷᠢ᠎ᠪᠠᠷ ᠨᠠᠮ᠎ᠤᠨ ᠭᠡᠰᠢᠭᠦᠨ᠎ᠤ ᠲᠥᠪᠯᠡᠷᠡᠩᠭᠦᠶ ᠪᠣᠯᠪᠠᠰᠤᠷᠠᠭᠤᠯᠤᠯ᠎ᠢ ᠥᠷᠨᠢᠭᠦᠯᠬᠦ ᠬᠡᠷᠡᠭᠲᠡᠶ᠃ ᠲᠦᠪ᠎ᠤᠨ ᠵᠤᠬᠢᠶᠠᠨ ᠪᠠᠢ᠌ᠭᠤᠯᠤᠯᠳᠠ ᠵᠢᠨ ᠶᠠᠮᠦᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠵᠢᠯ ᠪᠦᠷᠢ ᠪᠦᠬᠦ ᠤᠯᠤᠰ᠎ᠤᠨ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠤᠨ ᠵᠢᠱ᠌ᠢᠶ᠎ᠡ ᠦᠵᠡᠭᠦᠯᠬᠦ ᠠᠩᠭᠢ ᠡᠷᠬᠢᠯᠡᠬᠦ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢ᠌ᠭᠤᠯᠤᠯᠲᠠ ᠣᠨᠣᠯ᠎ᠤᠨ ᠰᠤᠷᠤᠯᠴᠠᠯᠭ᠎ᠠ᠂ ᠭᠣᠤᠯ ᠳᠤᠭᠤᠢ᠌ᠯᠠᠩ᠎ᠤᠨ ᠰᠤᠷᠤᠯᠴᠠᠯᠭ᠎ᠠ᠂ 《ᠭᠤᠷᠪᠠᠨ ᠬᠤᠷᠠᠯ ᠨᠢᠭᠡ ᠬᠢᠴᠢᠶᠡᠯ》᠂ ᠭᠣᠤᠯ ᠰᠡᠳᠦᠪᠲᠦ ᠨᠠᠮ᠎ᠤᠨ ᠡᠳᠦᠷ ᠵᠡᠷᠭᠡ᠎ᠪᠠᠷ ᠳᠠᠮᠵᠢᠭᠤᠯᠵᠤ᠂ ᠬᠠᠮᠲᠤ ᠵᠢᠨ ᠰᠤᠷᠤᠯᠴᠠᠯᠭ᠎ᠠ ᠵᠢ ᠪᠣᠳᠠᠲᠠᠶ ᠠᠳᠬᠤᠬᠤ ᠬᠡᠷᠡᠭᠲᠡᠶ᠃ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ ᠦᠨᠳᠦᠰᠦᠨ ᠱᠠᠲᠤᠨ᠎ᠤ ᠨᠠᠮ᠎ᠤᠨ ᠭᠡᠰᠢᠭᠦᠨ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠨᠠᠮ᠎ᠤᠨ ᠬᠢᠴᠢᠶᠡᠯ ᠣᠷᠣᠵᠤ ᠥᠭᠬᠦ ᠬᠡᠷᠡᠭᠲᠡᠶ᠃ ᠨᠠᠮ᠎ᠤᠨ ᠭᠡᠰᠢᠭᠦᠨ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠲᠤᠰ ᠪᠡᠶ᠎ᠡ ᠵᠢᠨ ᠪᠣᠳᠠᠲᠤ ᠪᠠᠢ᠌ᠳᠠᠯ ᠪᠠ ᠠᠵᠢᠯ᠎ᠤᠨ ᠬᠡᠷᠡᠭᠴᠡᠭᠡ ᠵᠢ᠎ᠨᠢ ᠦᠨᠳᠦᠰᠦᠯᠡᠨ᠂ ᠠᠵᠢᠯ᠎ᠤᠨ ᠴᠢᠯᠥᠭᠡᠨ᠎ᠤ ᠴᠠᠭ᠎ᠢ ᠠᠰᠢᠭᠯᠠ ᠰᠤᠷᠤᠯᠴᠠᠯᠭ᠎ᠠ ᠵᠢ ᠦᠷᠨᠢᠬᠦᠯᠬᠦ ᠬᠡᠷᠡᠭᠲᠡᠶ᠃ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠠ ᠵᠤᠬᠢᠶᠠᠨ ᠪᠠᠢ᠌ᠭᠤᠯᠤᠯᠳᠠ ᠵᠢᠨ ᠠᠮᠢᠳᠤᠷᠠᠯ᠎ᠤᠨ ᠬᠤᠷᠠᠯ᠂ ᠠᠷᠠᠳᠴᠢᠯᠠᠯ ᠵᠶ᠋ᠠᠷ ᠨᠠᠮ᠎ᠤᠨ ᠭᠡᠰᠢᠭᠦᠨ᠎ᠢ ᠦᠨᠡᠯᠡᠬᠦ᠂ ᠰᠡᠳᠬᠢᠯ᠎ᠤᠨ ᠦᠭᠡ᠎ᠪᠠᠨ ᠶᠠᠷᠢᠯᠴᠠᠬᠤ ᠵᠡᠷᠭᠡ ᠳᠦᠷᠢᠮ᠎ᠢ ᠪᠠᠷᠢᠮᠲᠠᠯᠠᠵᠤ᠂ ᠰᠢᠬᠦᠮᠵᠢᠯᠡᠯ ᠪᠠ ᠥᠪᠡᠷ᠎ᠤᠨ ᠰᠢᠭᠦᠮᠵᠢᠯᠡᠯ᠎ᠢ ᠨᠠᠷᠢᠨ ᠬᠢᠨᠠᠮᠠᠭ᠋ᠠᠢ ᠬᠢᠵᠦ᠂ ᠴᠦᠬᠦᠷᠡᠰᠢ ᠦᠭᠡᠢ᠎ᠪᠠᠷ ᠨᠠᠮ᠎ᠤᠨ ᠭᠡᠰᠢᠭᠦᠳ᠎ᠢ ᠬᠥᠮᠦᠵᠢᠭᠦᠯᠦᠨ ᠳᠡᠭᠡᠭᠰᠢᠯᠡᠭᠦᠯᠬᠦ ᠦᠢᠯᠡᠳᠦᠯ ᠵᠶ᠋ᠠᠨ ᠦᠨᠡᠨ ᠬᠦ᠌ ᠪᠠᠳᠠᠷᠠᠭᠤᠯᠬᠤ ᠬᠡᠷᠡᠭᠲᠡᠶ᠃ ᠠᠵᠢᠯ᠎ᠤᠨ ᠪᠠᠶ᠋ᠢᠷᠢ ᠭᠠᠷᠭ᠋ᠠᠵᠤ ᠬᠠᠷᠢᠭᠤᠴᠠᠯᠭ᠎ᠠ ᠲᠣᠭᠲᠠᠭ᠋ᠠᠬᠤ᠂ ᠠᠮᠠᠯᠠᠯᠲᠠ᠎ᠪᠠᠨ ᠦᠢ᠍ᠯᠡᠳᠦᠯᠭᠡᠵᠢᠯᠬᠦᠯᠬᠦᠪᠠᠷ ᠳᠠᠮᠵᠢᠭᠤᠯᠤᠨ᠂ ᠨᠠᠮ᠎ᠤᠨ ᠭᠡᠰᠢᠭᠦᠨ᠎ᠤ ᠠᠵᠢᠯ᠎ᠤᠨ ᠪᠠᠶ᠋ᠢᠷᠢ᠎ᠳᠠᠭᠠᠨ ᠰᠠᠭᠤᠷᠢᠯᠠᠨ᠂ ᠲᠡᠷᠢᠭᠦᠨ᠎ᠤ᠎ᠬᠢ ᠵᠢ ᠡᠭᠦᠳᠴᠦ ᠰᠢᠯᠢᠳᠡᠭ ᠪᠣᠯᠬᠤ᠎ᠪᠠᠷ ᠴᠢᠷᠮᠠᠶ᠋ᠢᠬᠤ ᠵᠢ ᠬᠥᠲᠥᠯᠥᠨ ᠵᠢᠯᠣᠭᠣᠳᠤᠨ᠎ᠠ᠃ ᠨᠠᠮ᠎ᠤᠨ ᠭᠡᠰᠢᠭᠦᠨ᠎ᠤ ᠬᠠᠪᠰᠤᠷᠤᠨ ᠲᠡᠳᠬᠦᠬᠦ᠎ᠳᠤ ᠬᠠᠮᠵᠢᠯᠴᠢᠨ᠂ ᠰᠠᠶ᠋ᠢᠨ ᠳᠤᠷ᠎ᠠ ᠵᠢᠨ ᠦᠢᠯᠡᠴᠢᠯᠡᠭᠡ ᠵᠡᠷᠭᠡ᠎ᠳᠤ ᠣᠷᠣᠯᠴᠠᠬᠤ ᠵᠢ ᠵᠣᠷᠢᠭᠵᠢᠭᠤᠯᠬᠤ ᠪᠠ ᠬᠥᠲᠥᠯᠥᠨ ᠵᠢᠯᠣᠭᠣᠳᠴᠤ᠂ ᠨᠠᠮ᠎ᠤᠨ ᠭᠡᠰᠢᠭᠦᠨ᠎ᠳᠤ ᠦᠢᠯᠡᠳᠦᠯᠭᠡ ᠵᠢᠨ ᠪᠣᠯᠪᠠᠰᠤᠷᠠᠯ᠎ᠤᠨ ᠲᠠᠪᠴᠠᠩ᠎ᠢ ᠪᠠᠶ᠋ᠢᠭᠤᠯᠵᠤ ᠥᠭᠭᠦᠨ᠎ᠡ᠃ ᠰᠡᠳᠬᠢᠴᠡ ᠵᠢᠨ ᠵᠢᠯᠣᠭᠣᠳᠤᠯᠭ᠎ᠠ ᠪᠠ ᠬᠥᠮᠦᠯᠢᠭ ᠬᠠᠯᠠᠮᠵᠢᠯᠠᠯ᠎ᠢ ᠴᠢᠬᠤᠯᠠᠴᠢᠯᠠᠵᠤ᠂ ᠪᠣᠳᠠᠲᠠᠶ ᠠᠰᠠᠭᠤᠳᠠᠯ᠎ᠢ ᠬᠠᠪᠰᠤᠷᠤᠨ ᠰᠢᠢᠳᠪᠦᠷᠢᠯᠡᠵᠦ᠂ ᠨᠠᠮ᠎ᠤᠨ ᠭᠡᠰᠢᠭᠦᠨ᠎ᠤ ᠤᠯᠤᠰ ᠲᠥᠷᠦ ᠵᠢᠨ ᠢᠷᠠᠭᠤ ᠠᠯᠳᠠᠷᠲᠤ ᠰᠡᠳᠬᠢᠯᠭᠡ᠂ ᠵᠣᠬᠢᠶᠠᠨ ᠪᠠᠶ᠋ᠢᠭᠤᠯᠤᠯᠲᠠ ᠵᠢᠨ ᠬᠠᠷᠢᠶᠠᠯᠠᠯ᠎ᠤᠨ ᠰᠡᠳᠬᠢᠯᠭᠡ ᠵᠢ ᠨᠡᠮᠡᠭᠳᠡᠭᠦᠯᠦᠨ᠎ᠡ᠃
(ᠬᠣᠶᠠᠷ) ᠵᠢᠭ᠋ᠠᠨ ᠰᠤᠷᠭ᠋ᠠᠬᠤ ᠠᠷᠭ᠎ᠠ ᠮᠠᠶᠢᠭ ᠵᠶ᠋ᠠᠨ ᠪᠠᠶᠠᠯᠢᠭᠵᠢᠭᠤᠯᠬᠤ ᠬᠡᠷᠡᠭᠲᠡᠶ᠃ ᠲᠠᠶ᠋ᠢᠯᠪᠤᠷᠢᠯᠠᠨ ᠵᠢᠭ᠋ᠠᠬᠤ ᠬᠡᠯᠪᠡᠷᠢ᠂ ᠰᠤᠳᠤᠯᠤᠨ ᠶᠠᠷᠢᠯᠴᠠᠬᠤ ᠬᠡᠯᠪᠡᠷᠢ᠂ ᠳᠠᠭᠤᠷᠢᠶᠠᠮᠠᠯ ᠬᠡᠯᠪᠡᠷᠢ᠂ ᠬᠠᠷᠢᠯᠴᠠᠨ ᠶᠠᠷᠢᠯᠴᠠᠬᠤ ᠬᠡᠯᠪᠡᠷᠢ᠂ ᠦᠵᠡᠭᠦᠯᠦᠯᠭᠡ ᠵᠢᠨ ᠬᠡᠯᠪᠡᠷᠢ᠂ ᠪᠠᠶᠡᠴᠢᠯᠡᠨ ᠤᠷᠤᠯᠴᠠᠬᠤ ᠬᠡᠯᠪᠡᠷᠢ ᠵᠡᠷᠭᠡ ᠵᠢᠭ᠋ᠠᠨ ᠰᠤᠷᠭ᠋ᠠᠬᠤ ᠠᠷᠭ᠎ᠠ ᠵᠢ ᠠᠮᠢᠳᠤᠯᠢᠭ ᠬᠡᠷᠡᠭᠯᠡᠨ᠂ 《ᠬᠢᠴᠢᠶᠡᠯ᠎ᠤᠨ ᠲᠠᠩᠬᠢᠮ + ᠰᠠᠭᠤᠷᠢᠨ ᠭᠠᠵᠠᠷ》᠎ᠤᠨ ᠪᠣᠳᠠᠲᠠᠶ ᠪᠣᠯᠪᠠᠰᠤᠷᠠᠭᠤᠯᠤᠯ᠎ᠤᠨ ᠵᠠᠭᠪᠤᠷ᠎ᠢ ᠬᠠᠶ᠋ᠢᠨ ᠰᠦᠪᠡᠭᠴᠢᠯᠡᠵᠦ᠂ ᠬᠥᠮᠦᠵᠢᠯ ᠪᠣᠯᠪᠠᠰᠤᠷᠠᠭᠤᠯᠤᠯ᠎ᠤᠨ ᠲᠠᠲᠠᠬᠤ ᠬᠦᠴᠦᠨ ᠪᠠ ᠨᠥᠯᠥᠭᠡᠯᠡᠬᠦ ᠬᠦᠴᠦᠨ᠎ᠢ ᠨᠡᠮᠡᠭᠳᠡᠭᠦᠯᠬᠦ ᠬᠡᠷᠡᠭᠲᠡᠶ᠃ ᠬᠡᠷᠡᠭ᠎ᠤᠨ ᠵᠢᠱ᠌ᠢᠶ᠎ᠡ ᠵᠢᠨ ᠪᠣᠯᠪᠠᠰᠤᠷᠠᠭᠤᠯᠤᠯ᠎ᠢ ᠴᠢᠩᠭ᠋ᠠᠳᠬᠠᠵᠤ᠂ ᠡᠯ᠎ᠡ ᠬᠦᠷᠢᠶ᠎ᠡ ᠡᠯ᠎ᠡ ᠠᠵᠢᠯ ᠲᠥᠷᠥᠯ᠎ᠤᠨ ᠠᠮᠢᠳᠤᠯᠢᠭ ᠬᠡᠷᠡᠭ᠎ᠤᠨ ᠵᠢᠱ᠌ᠢᠶ᠎ᠡ ᠵᠢ ᠰᠠᠶ᠋ᠢᠲᠤᠷ ᠰᠣᠩᠭᠣᠵᠤ ᠰᠠᠶ᠋ᠢᠲᠤᠷ ᠬᠡᠷᠡᠭᠯᠡᠨ᠎ᠡ᠃ ᠨᠡᠶ᠋ᠢᠲᠡᠯᠢᠭ ᠵᠢᠱ᠌ᠢᠶ᠎ᠡ ᠵᠢᠨ ᠬᠥᠮᠦᠵᠢᠯ᠎ᠢ ᠥᠷᠨᠢᠭᠦᠯᠵᠦ᠂ ᠨᠠᠮ᠎ᠤᠨ ᠭᠡᠰᠢᠭᠦᠨ᠎ᠤ ᠴᠢᠬᠤᠯᠠ ᠶᠡᠬᠡ ᠦᠯᠢᠭᠡᠷ ᠳᠠᠭᠤᠷᠢᠶᠠᠯ ᠪᠠ ᠳᠡᠷᠭᠡᠳᠡᠬᠢ ᠦᠯᠢᠭᠡᠷ ᠳᠠᠭᠤᠷᠢᠶᠠᠯ᠎ᠢ ᠰᠤᠷᠤᠯᠴᠠᠬᠤ ᠵᠢ ᠬᠥᠲᠥᠯᠥᠨ ᠵᠢᠯᠣᠭᠣᠳᠴᠤ᠂ ᠰᠦᠬᠡᠷᠡᠬᠦ ᠲᠠᠯ᠎ᠠ ᠵᠢᠨ ᠵᠢᠭ᠋ᠠᠬᠤ ᠮᠠᠲ᠋ᠧᠷᠢᠶᠠᠯ᠎ᠢ ᠬᠡᠷᠡᠭᠯᠡᠨ ᠰᠡᠷᠡᠮᠵᠢᠯᠡᠭᠦᠯᠬᠦ ᠬᠥᠮᠦᠵᠢᠯ᠎ᠢ ᠴᠢᠩᠭ᠋ᠠᠳᠬᠠᠬᠤ ᠬᠡᠷᠡᠭᠲᠡᠶ᠃ ᠨᠠᠮ᠎ᠤᠨ ᠭᠡᠰᠢᠭᠦᠨ᠎ᠢ ᠵᠣᠬᠢᠶᠠᠨ ᠪᠠᠢ᠌ᠭᠤᠯᠵᠤ ᠤᠢ᠌ᠷ᠎ᠠ ᠬᠠᠪᠢ ᠵᠢᠨ ᠬᠤᠪᠢᠰᠬᠠᠯ᠎ᠤᠨ ᠰᠠᠭᠤᠷᠢᠨ ᠭᠠᠵᠠᠷ᠎ᠲᠤ ᠬᠦᠷᠴᠦ ᠰᠤᠷᠤᠯᠴᠠᠵᠤ᠂ ᠨᠠᠮ᠎ᠳᠤ ᠣᠷᠣᠬᠤ ᠲᠠᠩᠭ᠋ᠠᠷᠢᠭ᠎ᠤᠨ ᠦᠭᠡᠰ ᠵᠶ᠋ᠡᠨ ᠳᠠᠬᠢᠨ ᠡᠷᠭᠢᠴᠡᠭᠦᠯᠵᠦ᠂ 《ᠤᠯᠤᠰ ᠲᠥᠷᠦ ᠵᠢᠨ ᠲᠥᠷᠥᠭᠰᠡᠨ ᠡᠳᠦᠷ》᠎ᠢ ᠲᠤᠷᠠᠰᠬᠠᠨᠠ᠃
(ᠭᠤᠷᠪᠠ) ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ᠎ᠤᠨ ᠰᠢᠨ᠎ᠡ ᠵᠢ ᠡᠭᠦᠳᠦᠨ ᠬᠡᠷᠡᠭᠯᠡᠨ᠎ᠡ᠃ ᠨᠠᠮ᠎ᠤᠨ ᠭᠡᠰᠢᠭᠦᠨ᠎ᠤ ᠰᠤᠷᠭ᠋ᠠᠨ ᠬᠥᠮᠦᠵᠢᠯ᠎ᠤᠨ ᠮᠡᠳᠡᠭᠡ ᠵᠠᠩᠭᠢᠵᠢᠯᠲᠠ ᠵᠢᠨ ᠲᠠᠪᠴᠠᠩ ᠤᠨ ᠨᠢᠭᠡ ᠴᠣᠭᠴᠠᠵᠢᠭᠰᠠᠨ ᠪᠠᠶ᠋ᠢᠭᠤᠯᠤᠯᠲᠠ ᠵᠢ ᠠᠬᠢᠭᠤᠯᠵᠤ᠂ ᠰᠤᠷᠴᠤ ᠬᠡᠷᠡᠭᠯᠡᠬᠦ ᠴᠢᠳᠠᠮᠵᠢ ᠵᠢ ᠲᠡᠭᠦᠯᠳᠡᠷᠵᠢᠭᠦᠯᠦᠨ᠂ ᠨᠠᠩ ᠳᠥᠭᠥᠮ ᠳᠥᠲᠡ ᠥᠨᠳᠥᠷ ᠪᠦᠲᠦᠮᠵᠢᠲᠡᠶ ᠰᠦᠯᠵᠢᠶᠡᠨ᠎ᠤ ᠰᠤᠷᠤᠯᠴᠠᠯᠭ᠎ᠠ ᠵᠢᠨ ᠵᠢᠭᠰᠠᠭ᠋ᠠᠯ᠎ᠤᠨ ᠭᠠᠵᠠᠷ᠎ᠢ ᠪᠠᠶ᠋ᠢᠭᠤᠯᠤᠨ᠎ᠠ᠃ ᠪᠦᠬᠦ ᠤᠯᠤᠰ᠎ᠤᠨ ᠨᠠᠮ᠎ᠤᠨ ᠭᠡᠰᠢᠭᠦᠨ᠎ᠤ ᠬᠥᠮᠦᠵᠢᠯ᠎ᠤᠨ ᠡᠬᠢ ᠪᠠᠶᠠᠯᠢᠭ᠎ᠤᠨ ᠬᠥᠮᠥᠷᠭᠡ ᠵᠢ ᠪᠠᠢ᠌ᠭᠤᠯᠵᠤ᠂ ᠨᠠᠮᠴᠢ ᠴᠢᠨᠠᠷ᠎ᠤᠨ ᠬᠥᠮᠦᠵᠢᠯ᠎ᠤᠨ ᠰᠠᠭᠤᠷᠢᠨ ᠭᠠᠵᠠᠷ᠎ᠤᠨ ᠰᠦᠯᠵᠢᠶᠡᠨ ᠳᠡᠭᠡᠷᠡᠬᠢ ᠲᠠᠪᠴᠠᠩ᠎ᠢ ᠪᠠᠢ᠌ᠭᠤᠯᠵᠤ᠂ ᠪᠦᠬᠦ ᠤᠯᠤᠰ᠎ᠤᠨ ᠨᠠᠮ᠎ᠤᠨ ᠪᠠᠶ᠋ᠢᠭᠤᠯᠤᠯᠲᠠ ᠵᠢᠨ ᠰᠦᠯᠵᠢᠶᠡᠨ᠎ᠤ ᠥᠷᠲᠡᠭᠡ ᠵᠢᠨ ᠬᠣᠯᠪᠣᠭ᠎ᠠ ᠵᠢᠨ ᠦᠢᠯᠡᠳᠦᠯ᠎ᠢ ᠪᠠᠳᠠᠷᠠᠭᠤᠯᠵᠤ᠂ 《ᠡᠪ ᠬᠠᠮᠲᠤ ᠨᠠᠮ᠎ᠤᠨ ᠭᠡᠰᠢᠭᠦᠨ》᠎ᠤ ᠬᠥᠮᠦᠵᠢᠯ᠎ᠤᠨ ᠲᠠᠪᠴᠠᠩ᠂ 《ᠰᠤᠷᠤᠯᠴᠠᠯᠭ᠎ᠠ ᠵᠢᠨ ᠬᠦᠴᠦᠷᠬᠡᠭ ᠤᠯᠤᠰ》᠎ᠤᠨ ᠰᠤᠷᠤᠯᠴᠠᠯᠭ᠎ᠠ ᠵᠢᠨ ᠲᠠᠪᠴᠠᠩ ᠵᠡᠷᠭᠡ ᠠᠴᠢᠶᠠᠯᠠᠪᠤᠷᠢ ᠵᠢ ᠰᠠᠶ᠋ᠢᠲᠤᠷ ᠬᠡᠷᠡᠭᠯᠡᠨ᠎ᠡ᠃ ᠪᠦᠬᠦ ᠤᠯᠤᠰ᠎ᠤᠨ ᠨᠠᠮ᠎ᠤᠨ ᠭᠡᠰᠢᠭᠦᠨ᠎ᠤ ᠬᠠᠮᠢᠶᠠᠷᠤᠯᠲᠠ ᠵᠢᠨ ᠮᠡᠳᠡᠭᠡ ᠵᠠᠩᠭᠢᠵᠢᠯᠲᠠ ᠵᠢᠨ ᠢᠨᠵᠧᠨᠧᠷᠢᠩ᠎ᠲᠤ ᠲᠦᠰᠢᠭᠯᠡᠨ᠂ ᠨᠠᠮ᠎ᠤᠨ ᠭᠡᠰᠢᠭᠦᠨ᠎ᠤ ᠰᠤᠷᠤᠯᠴᠠᠯᠭ᠎ᠠ ᠵᠢᠨ ᠡᠯᠧᠺᠲᠷᠣᠨ ᠳᠠᠩᠰᠠ ᠡᠪᠬᠡᠮᠡᠯ᠎ᠢ ᠬᠠᠶ᠋ᠢᠨ ᠰᠦᠪᠡᠭᠴᠢᠯᠡᠨ᠎ᠡ᠃ ᠨᠠᠮ᠎ᠤᠨ ᠭᠡᠰᠢᠭᠦᠨ᠎ᠤ ᠰᠤᠷᠭ᠋ᠠᠨ ᠬᠥᠮᠦᠵᠢᠯ᠎ᠤᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢᠨ ᠪᠦᠬᠦᠯᠢ ᠴᠣᠭᠴᠠ ᠵᠢᠨ ᠵᠢᠷᠤᠭ ᠲᠥᠯᠥᠪᠯᠡᠭᠡ ᠵᠢ ᠴᠢᠬᠤᠯᠠᠴᠢᠯᠠᠵᠤ᠂ ᠳᠠᠪᠬᠤᠷᠳᠠᠭᠤᠯᠤᠨ ᠪᠦᠲᠦᠭᠡᠨ ᠪᠠᠶ᠋ᠢᠭᠤᠯᠬᠤ᠎ᠠᠴᠠ ᠵᠠᠶ᠋ᠢᠯᠠᠰᠬᠢᠨ᠎ᠡ᠃ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠵᠢ ᠤᠶᠠᠯᠳᠤᠭᠤᠯᠬᠤ ᠵᠢ ᠪᠠᠷᠢᠮᠲᠠᠯᠠᠵᠤ᠂ ᠮᠡᠳᠡᠭᠡ ᠵᠠᠩᠭᠢᠵᠢᠯᠲᠠ ᠵᠢᠨ ᠬᠥᠭᠵᠢᠯᠲᠡ ᠵᠢᠨ ᠬᠠᠨᠳᠤᠰᠢ ᠪᠠ ᠬᠦᠯᠢᠶᠡᠨ ᠠᠪᠤᠭᠴᠢᠳ᠎ᠤᠨ ᠣᠨᠴᠠᠯᠢᠭᠲᠤ ᠵᠣᠬᠢᠴᠠᠭᠰᠠᠨ ᠬᠥᠮᠦᠵᠢᠯ ᠪᠣᠯᠪᠠᠰᠤᠷᠠᠭᠤᠯᠤᠯ᠎ᠤᠨ ᠪᠦᠲᠦᠮᠵᠢᠲᠡᠶ ᠠᠷᠭ᠎ᠠ ᠮᠠᠶᠢᠭ᠎ᠢ ᠬᠠᠶ᠋ᠢᠨ ᠰᠦᠪᠡᠭᠴᠢᠯᠡᠵᠦ᠂ ᠲᠣᠮᠣ ᠳ᠋ᠠᠶ᠋ᠢᠲ᠋ᠠ ᠵᠢ ᠬᠡᠷᠡᠭᠯᠡᠨ ᠨᠠᠮ᠎ᠤᠨ ᠭᠡᠰᠢᠭᠦᠨ᠎ᠤ ᠰᠤᠷᠤᠯᠴᠠᠭᠰᠠᠨ ᠪᠠᠢ᠌ᠳᠠᠯ᠎ᠳᠤ ᠬᠥᠳᠡᠯᠦᠩᠭᠦᠶ ᠵᠠᠳᠠᠯᠤᠯᠲᠠ ᠬᠢᠬᠦ ᠵᠢ ᠴᠢᠬᠤᠯᠠᠴᠢᠯᠠᠵᠤ᠂ ᠰᠤᠷᠭ᠋ᠠᠨ ᠬᠥᠮᠦᠵᠢᠯ᠎ᠤᠨ ᠠᠭᠤᠯᠭ᠎ᠠ ᠵᠢ ᠲᠤᠢ᠌ᠯ᠎ᠤᠨ ᠣᠨᠣᠪᠴᠢᠲᠠᠶ᠎ᠪᠠᠷ ᠲᠠᠨᠢᠯᠴᠠᠭᠤᠯᠤᠨ ᠬᠦᠷᠭᠡᠵᠦ᠂ ᠨᠠᠮ᠎ᠤᠨ ᠭᠡᠰᠢᠭᠦᠨ᠎ᠤ ᠰᠠᠨᠠᠭ᠋ᠠᠴᠢᠯᠠᠭ᠎ᠠ᠎ᠠᠴᠠ᠎ᠪᠠᠨ ᠰᠦᠯᠵᠢᠶ᠎ᠡ ᠬᠡᠷᠡᠭᠯᠡᠬᠦ ᠰᠦᠯᠵᠢᠶᠡᠨ ᠲᠡᠭᠡᠷ᠎ᠡ ᠰᠤᠷᠤᠯᠴᠠᠬᠤ ᠵᠢ ᠬᠥᠲᠥᠯᠥᠨ ᠵᠢᠯᠣᠭᠣᠳᠤᠨ᠎ᠠ᠃ ᠰᠢᠨ᠎ᠡ ᠴᠠᠭ ᠦᠶ᠎ᠡ ᠵᠢᠨ ᠨᠠᠮ᠎ᠤᠨ ᠭᠡᠰᠢᠭᠦᠨ᠎ᠤ ᠰᠤᠷᠭ᠋ᠠᠨ ᠬᠥᠮᠦᠵᠢᠯ᠎ᠤᠨ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢᠯᠣᠭᠣᠳᠬᠤ ᠰᠠᠨᠠᠯ᠎ᠢ ᠰᠤᠳᠤᠯᠤᠨ ᠲᠣᠭᠲᠠᠭ᠋ᠠᠵᠤ᠂ ᠠᠯᠤᠰ᠎ᠠᠴᠠ ᠵᠢᠭ᠋ᠠᠬᠤ ᠰᠤᠷᠭ᠋ᠠᠨ ᠬᠥᠮᠦᠵᠢᠯ᠂ ᠠᠲ᠋ᠤᠴᠢᠯᠠᠭᠰᠠᠨ ᠰᠤᠷᠭ᠋ᠠᠨ ᠬᠥᠮᠦᠵᠢᠯ᠂ ᠰᠦᠯᠵᠢᠶ᠎ᠡ ᠰᠢᠨ᠎ᠡ ᠵᠠᠭᠤᠴᠢᠯᠠᠭᠤᠷ᠎ᠤᠨ ᠲᠠᠪᠴᠠᠩ᠎ᠤᠨ ᠰᠤᠷᠭ᠋ᠠᠨ ᠬᠥᠮᠦᠵᠢᠯ᠎ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠨᠠᠮ᠎ᠤᠨ ᠭᠡᠰᠢᠭᠦᠨ᠎ᠤ ᠰᠤᠷᠭ᠋ᠠᠨ ᠬᠥᠮᠦᠵᠢᠯ ᠪᠣᠯᠪᠠᠰᠤᠷᠠᠭᠤᠯᠤᠯ᠎ᠤᠨ ᠣᠳᠣᠬᠢᠴᠢᠯᠠᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠬᠡᠷᠡᠭᠲᠡᠶ᠃
( ᠳᠦᠷᠪᠡ) ᠪᠣᠯᠪᠠᠰᠤᠷᠠᠭᠤᠯᠤᠯ᠎ᠤᠨ ᠳᠦᠷᠢᠮ᠎ᠢ ᠪᠦᠷᠢᠨᠰᠢᠭᠦᠯᠬᠦ ᠬᠡᠷᠡᠭᠲᠡᠢ᠃ ᠬᠡᠷᠡᠭᠴᠡᠭᠡ ᠱᠠᠭ᠋ᠠᠷᠳᠠᠯᠭ᠎ᠠ ᠵᠢᠨ ᠪᠠᠶ᠋ᠢᠴᠠᠭ᠋ᠠᠨ ᠰᠤᠳᠤᠯᠤᠯᠲᠠ ᠬᠢᠬᠦ ᠳᠦᠷᠢᠮ᠎ᠢ ᠲᠡᠭᠦᠯᠳᠡᠷᠵᠢᠭᠦᠯᠵᠦ᠂ ᠠᠰᠠᠭᠤᠯᠲᠠ ᠵᠢᠨ ᠬᠠᠭᠤᠳᠠᠰᠤ᠎ᠪᠠᠷ ᠪᠠᠶ᠋ᠢᠴᠠᠭ᠋ᠠᠬᠤ᠂ ᠰᠡᠳᠬᠢᠯ᠎ᠤᠨ ᠦᠭᠡ᠎ᠪᠠᠨ ᠶᠠᠷᠢᠯᠴᠠᠬᠤ᠂ ᠰᠤᠷᠪᠤᠯᠵᠢᠯᠠᠨ ᠪᠠᠶ᠋ᠢᠴᠠᠭ᠋ᠠᠨ ᠰᠤᠳᠤᠯᠤᠯᠲᠠ ᠬᠢᠬᠦ᠂ ᠲᠣᠮᠣ ᠳ᠋ᠠᠶ᠋ᠢᠲ᠋ᠠ ᠵᠢᠨ ᠵᠠᠳᠠᠯᠤᠯᠲᠠ ᠬᠢᠬᠦ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ᠂ ᠨᠠᠮ᠎ᠤᠨ ᠭᠡᠰᠢᠭᠦᠨ᠎ᠤ ᠰᠤᠷᠤᠯᠴᠠᠬᠤ ᠬᠡᠷᠡᠭᠴᠡᠭᠡ ᠪᠠ ᠪᠣᠯᠪᠠᠰᠤᠷᠠᠯ᠎ᠳᠤ ᠣᠷᠣᠯᠴᠠᠬᠤ ᠬᠦᠰᠡᠯ ᠰᠠᠨᠠᠭ᠎ᠠ ᠵᠢ ᠣᠨᠣᠪᠴᠢᠲᠠᠶ ᠡᠵᠡᠮᠰᠢᠨ᠎ᠡ᠃ ᠲᠥᠪᠯᠡᠷᠡᠭᠦᠯᠦᠨ ᠪᠣᠯᠪᠠᠰᠤᠷᠠᠭᠤᠯᠬᠤ ᠳᠦᠷᠢᠮ᠎ᠢ ᠪᠠᠷᠢᠮᠲᠠᠯᠠᠵᠤ᠂ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠯ ᠪᠦᠷᠢ ᠨᠠᠮ᠎ᠤᠨ ᠭᠡᠰᠢᠭᠦᠨ᠎ᠢ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ᠎ᠳᠤ ᠲᠣᠬᠢᠷᠠᠭᠤᠯᠤᠯᠲᠠ ᠬᠢᠵᠦ᠂ ᠬᠤᠭᠤᠴᠠᠭ᠎ᠠ ᠪᠦᠯᠦᠭ ᠬᠤᠪᠢᠶᠠᠨ ᠵᠣᠬᠢᠶᠠᠨ ᠪᠠᠶ᠋ᠢᠭᠤᠯᠤᠨ ᠬᠡᠷᠡᠭᠵᠢᠬᠦᠯᠦᠨ᠎ᠡ; ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠵᠢ ᠵᠣᠬᠢᠶᠠᠨ ᠪᠠᠶ᠋ᠢᠭᠤᠯᠵᠤ ᠵᠢᠯ ᠪᠦᠷᠢ ᠨᠠᠭ᠋ᠠᠳᠤ ᠵᠠᠬ᠎ᠠ᠎ᠳᠠᠭᠠᠨ ᠨᠢᠭᠡ ᠤᠳᠠᠭ᠎ᠠ ᠰᠢᠶᠠᠨ᠎ᠤ ᠱᠠᠲᠤᠨ᠎ᠠᠴᠠ ᠳᠡᠭᠡᠭᠰᠢᠬᠢ ᠨᠠᠮ᠎ᠤᠨ ᠬᠣᠷᠢᠶᠠᠨ᠎ᠤ ᠡᠷᠬᠢᠯᠡᠭᠰᠡᠨ ᠲᠥᠪᠯᠡᠷᠡᠭᠦᠯᠦᠨ ᠪᠣᠯᠪᠠᠰᠤᠷᠠᠭᠤᠯᠬᠤ ᠠᠵᠢᠯ᠎ᠳᠤ ᠣᠷᠣᠯᠴᠠᠭᠤᠯᠵᠤ᠂ ᠰᠢᠨ᠎ᠡ ᠠᠵᠢᠯ᠎ᠤᠨ ᠪᠠᠢ᠌ᠷᠢ᠎ᠳᠤ ᠭᠠᠷᠤᠭᠰᠠᠨ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠵᠢ ᠡᠩ᠎ᠤᠨ ᠪᠠᠢ᠌ᠳᠠᠯ᠎ᠳᠤ ᠬᠠᠭ᠋ᠠᠰ ᠵᠢᠯ᠎ᠤᠨ ᠳᠣᠲᠣᠷ᠎ᠠ ᠲᠤᠰᠢᠶᠠᠯ ᠡᠭᠦᠷᠭᠡᠯᠡᠬᠦ ᠪᠣᠯᠪᠠᠰᠤᠷᠠᠯ ᠬᠢᠯᠭᠡᠬᠦ ᠬᠡᠷᠡᠭᠲᠡᠶ; ᠨᠠᠮ᠎ᠤᠨ ᠪᠡᠯᠡᠳᠬᠡᠯ ᠭᠡᠰᠢᠭᠦᠨ ᠪᠡᠯᠡᠳᠬᠡᠯ ᠬᠤᠭᠤᠴᠠᠭ᠋ᠠᠨ ᠳᠣᠲᠣᠷ᠎ᠠ ᠪᠠ ᠵᠢᠩᠬᠢᠨᠢ᠎ᠪᠠᠷ ᠠᠵᠢᠯᠯᠠᠭᠰᠠᠨ᠎ᠤ ᠳᠠᠷᠠᠭ᠋ᠠᠬᠢ 1 ᠵᠢᠯ᠎ᠤᠨ ᠳᠣᠲᠣᠷ᠎ᠠ ᠡᠩ᠎ᠤᠨ ᠪᠠᠢ᠌ᠳᠠᠯ᠎ᠳᠤ ᠲᠤᠰ ᠪᠦᠷᠢ 1 ᠤᠳᠠᠭ᠎ᠠ ᠳᠡᠭᠡᠲᠤ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠠᠴᠠ ᠵᠣᠬᠢᠶᠠᠨ ᠪᠠᠶ᠋ᠢᠭᠤᠯᠤᠭᠰᠠᠨ ᠲᠥᠪᠯᠡᠷᠡᠭᠦᠯᠦᠨ ᠪᠣᠯᠪᠠᠰᠤᠷᠠᠭᠤᠯᠬᠤ ᠪᠣᠯᠪᠠᠰᠤᠷᠠᠯ᠎ᠳᠤ ᠣᠷᠣᠯᠴᠠᠬᠤ ᠬᠡᠷᠡᠭᠲᠡᠶ; ᠬᠥᠳᠡᠭᠡ ᠲᠣᠰᠬᠣᠨ᠎ᠤ ᠨᠠᠮ᠎ᠤᠨ ᠭᠡᠰᠢᠭᠦᠨ᠎ᠤ ᠬᠠᠪᠤᠷ᠎ᠤᠨ ᠤᠯᠠᠷᠢᠯ᠎ᠤᠨ ᠪᠣᠯᠪᠠᠰᠤᠷᠠᠯ ᠪᠠ ᠡᠪᠦᠯ᠎ᠤᠨ ᠤᠯᠠᠷᠢᠯ᠎ᠤᠨ ᠪᠣᠯᠪᠠᠰᠤᠷᠠᠯ᠎ᠢ ᠶᠡᠬᠡᠪᠡᠷ ᠬᠡᠷᠡᠭᠵᠢᠭᠦᠯᠦᠨ᠎ᠡ᠃ ᠬᠢᠴᠢᠶᠡᠯ᠎ᠤᠨ ᠴᠠᠭ᠎ᠤᠨ ᠳᠦᠷᠢᠮ᠎ᠢ ᠨᠠᠢ᠌ᠳᠠᠪᠤᠷᠢᠵᠢᠭᠤᠯᠵᠤ᠂ ᠨᠠᠮ᠎ᠤᠨ ᠭᠡᠰᠢᠭᠦᠨ᠎ᠤ ᠵᠢᠯ ᠪᠦᠷᠢ ᠵᠢᠨ ᠲᠥᠪᠯᠡᠷᠡᠭᠦᠯᠦᠨ ᠪᠣᠯᠪᠠᠰᠤᠷᠠᠭᠤᠯᠬᠤ ᠪᠠ ᠬᠠᠮᠲᠤ᠎ᠪᠠᠷ ᠰᠤᠷᠤᠯᠴᠠᠬᠤ ᠴᠠᠭ᠎ᠢ ᠡᠩ᠎ᠤᠨ ᠪᠠᠢ᠌ᠳᠠᠯ᠎ᠳᠤ 32 ᠬᠢᠴᠢᠶᠡᠯ᠎ᠤᠨ ᠴᠠᠭ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠨ ᠱᠦᠵᠢ ᠪᠠ ᠪᠠᠭ᠎ᠤᠨ ᠪᠦᠷᠢᠯᠳᠦᠬᠦᠨ᠎ᠤ ᠵᠢᠯ ᠪᠦᠷᠢ ᠵᠢᠨ ᠲᠥᠪᠯᠡᠷᠡᠭᠦᠯᠦᠨ ᠪᠣᠯᠪᠠᠰᠤᠷᠠᠭᠤᠯᠬᠤ ᠪᠠ ᠬᠠᠮᠲᠤ᠎ᠪᠠᠷ ᠰᠤᠷᠤᠯᠴᠠᠬᠤ ᠴᠠᠭ᠎ᠢ 56 ᠬᠢᠴᠢᠶᠡᠯ᠎ᠤᠨ ᠴᠠᠭ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠢ᠂ ᠨᠠᠭ᠋ᠠᠳᠤ ᠵᠠᠬ᠎ᠠ᠎ᠳᠠᠭᠠᠨ 1 ᠤᠳᠠᠭ᠎ᠠ ᠲᠥᠪᠯᠡᠷᠡᠭᠦᠯᠦᠨ ᠪᠣᠯᠪᠠᠰᠤᠷᠠᠭᠤᠯᠬᠤ᠎ᠳᠤ ᠣᠷᠣᠯᠴᠠᠬᠤ ᠬᠡᠷᠡᠭᠲᠡᠶ᠃ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ ᠺᠠᠳ᠋ᠷ᠎ᠤᠨ ᠬᠥᠮᠦᠵᠢᠯ ᠪᠣᠯᠪᠠᠰᠤᠷᠠᠭᠤᠯᠤᠯ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠬᠡᠷᠡᠭᠵᠢᠭᠦᠯᠬᠦ᠎ᠠᠴᠠ ᠭᠠᠳᠠᠨ᠎ᠠ᠂ ᠪᠠᠢ᠌ᠭ᠎ᠠ ᠨᠢᠭᠡᠴᠡ ᠵᠢᠨ ᠵᠶ᠋ᠠᠨ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠳᠤ ᠲᠦᠷᠦᠭᠦᠯᠡᠨ ᠣᠷᠣᠯᠴᠠᠬᠤ ᠬᠡᠷᠡᠭᠲᠡᠶ᠃
ᠲᠠᠪᠤ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠪᠠ ᠰᠠᠭᠤᠷᠢ ᠪᠠᠲᠤᠯᠠᠭ᠎ᠠ
(ᠨᠢᠭᠡ) ᠤᠳᠤᠷᠢᠳᠤᠯᠭ᠎ᠠ ᠵᠢᠨ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠨᠠᠮ᠎ᠤᠨ ᠪᠠᠶ᠋ᠢᠭᠤᠯᠤᠯᠲᠠ ᠵᠢᠨ ᠭᠣᠤᠯ ᠴᠣᠭᠴᠠ ᠵᠢᠨ ᠬᠠᠷᠢᠭᠤᠴᠠᠯᠭ᠎ᠠ᠎ᠪᠠᠨ ᠨᠠᠷᠢᠨ ᠬᠢᠨᠠᠮᠠᠭ᠋ᠠᠶ ᠭᠦᠢᠴᠡᠳᠬᠡᠵᠦ᠂ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ) ᠵᠢᠨ ᠱᠦᠵᠢ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢᠴᠡᠳᠬᠡᠵᠦ᠂ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠯ᠎ᠤᠨ ᠠᠵᠢᠯ ᠵᠢᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠲᠡᠶ᠃ ᠨᠠᠮ᠎ᠤᠨ ᠡᠭᠦᠷ ᠨᠠᠮ᠎ᠤᠨ ᠭᠡᠰᠢᠭᠦᠨ᠎ᠤ ᠡᠳᠦᠷ ᠲᠤᠲᠤᠮ᠎ᠤᠨ ᠬᠥᠮᠦᠵᠢᠯ᠎ᠤᠨ ᠠᠵᠢᠯ᠎ᠢ ᠠᠳᠬᠤᠬᠤ ᠰᠢᠭᠤᠳ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠬᠤ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠭᠡᠰᠢᠭᠦᠨ᠎ᠤ ᠬᠥᠮᠦᠵᠢᠯ ᠬᠠᠮᠢᠶᠠᠷᠤᠯᠲᠠ ᠵᠢᠨ ᠠᠵᠢᠯ᠎ᠢ ᠵᠣᠬᠢᠴᠠᠭᠤᠯᠬᠤ ᠪᠠᠶ᠋ᠢᠭᠤᠯᠤᠮᠵᠢ᠎ᠨᠤᠭᠤᠳ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠤᠨ ᠬᠠᠮᠲᠤᠷᠠᠭᠰᠠᠨ ᠬᠤᠷᠠᠯ᠎ᠤᠨ ᠳᠦᠷᠢᠮ᠎ᠢ ᠨᠠᠢ᠌ᠳᠠᠪᠤᠷᠢᠵᠢᠭᠤᠯᠵᠤ᠂ ᠬᠤᠰᠢᠭᠤᠴᠢᠯᠠᠨ ᠠᠳᠬᠤᠬᠤ ᠶᠡᠷᠦᠩᠬᠡᠶ ᠦᠢᠯᠡᠳᠦᠯ᠎ᠢ ᠪᠠᠳᠠᠷᠠᠭᠤᠯᠤᠨ᠂ ᠬᠠᠮᠢᠶ᠎ᠠ ᠪᠦᠬᠦᠢ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠤᠳ ᠨᠢᠭᠲᠠ ᠬᠠᠮᠵᠢᠯᠴᠠᠨ᠂ ᠠᠵᠢᠯ᠎ᠤᠨ ᠨᠢᠭᠳᠠᠷᠠᠭᠰᠠᠨ ᠬᠦᠴᠦᠨ᠎ᠢ ᠪᠤᠢ ᠪᠣᠯᠭ᠋ᠠᠬᠤ ᠬᠡᠷᠡᠭᠲᠡᠶ᠃
(ᠬᠣᠶᠠᠷ) ᠰᠠᠭᠤᠷᠢ ᠪᠠᠲᠤᠯᠠᠭ᠎ᠠ ᠵᠢ ᠪᠡᠬᠢᠵᠢᠭᠦᠯᠦᠨ᠎ᠡ᠃ ᠡᠯ᠎ᠡ ᠱᠠᠲᠤᠨ᠎ᠤ ᠵᠤᠬᠢᠶᠠᠨ ᠪᠠᠢ᠌ᠭᠤᠯᠤᠯᠳᠠ ᠵᠢᠨ ᠬᠡᠯᠳᠡᠰ ᠪᠤᠯᠤᠨ ᠨᠠᠮ᠎ᠤᠨ ᠭᠡᠰᠢᠭᠦᠨ ᠤ ᠬᠥᠮᠦᠵᠢᠯ ᠪᠣᠯᠪᠠᠰᠤᠷᠠᠭᠤᠯᠤᠯ᠎ᠤᠨ ᠪᠠᠶ᠋ᠢᠭᠤᠯᠤᠮᠵᠢ᠎ᠨᠤᠭᠤᠳ ᠨᠡᠭᠡᠭᠡᠯᠲᠡ᠎ᠲᠠᠢ ᠨᠠᠮ᠎ᠤᠨ ᠭᠡᠰᠢᠭᠦᠨ ᠤ ᠬᠥᠮᠦᠵᠢᠯ ᠪᠣᠯᠪᠠᠰᠤᠷᠠᠭᠤᠯᠤᠯ᠎ᠤᠨ ᠪᠠᠭᠰᠢ ᠵᠢᠨ ᠬᠢᠷᠢ ᠭᠡᠮ᠎ᠤᠨ ᠬᠥᠮᠥᠷᠭᠡ ᠪᠠᠶ᠋ᠢᠭᠤᠯᠬᠤ ᠬᠡᠷᠡᠭᠲᠡᠢ᠃ ᠨᠠᠮ᠎ᠤᠨ ᠭᠡᠰᠢᠭᠦᠨ᠎ᠤ ᠰᠤᠷᠭ᠋ᠠᠨ ᠬᠥᠮᠦᠵᠢᠯ᠎ᠤᠨ ᠯᠧᠺᠲ᠋ᠣᠷ ᠤᠷᠢᠵᠤ ᠬᠡᠷᠡᠭᠯᠡᠬᠦ ᠲᠦᠷᠢᠮ᠎ᠢ ᠨᠠᠢ᠌ᠳᠠᠪᠤᠷᠢᠵᠢᠭᠤᠯᠵᠤ᠂ ᠰᠢᠶᠠᠨ᠎ᠤ ᠱᠠᠲᠤᠨ᠎ᠠᠴᠠ ᠳᠡᠭᠡᠭᠰᠢᠬᠢ ᠨᠠᠮ᠎ᠤᠨ ᠬᠣᠷᠢᠶ᠎ᠠ ᠨᠢᠭᠡ ᠪᠦᠯᠦᠭ ᠰᠢᠯᠭ᠋ᠠᠷᠠᠭᠰᠠᠨ᠂ ᠦᠢᠯᠡᠳᠦᠯᠭᠡ ᠵᠢᠨ ᠲᠤᠷᠰᠢᠯᠭ᠎ᠠ᠎ᠪᠠᠷ ᠪᠠᠶᠠᠯᠢᠭ᠂ ᠣᠨᠣᠯ᠎ᠤᠨ ᠬᠢᠷᠢ ᠬᠡᠮᠵᠢᠶ᠎ᠡ᠎ᠪᠠᠷ ᠨᠡᠯᠢᠶᠡᠳ ᠥᠨᠳᠥᠷ ᠨᠠᠮ᠎ᠤᠨ ᠭᠡᠰᠢᠭᠦᠨ᠎ᠢ ᠰᠣᠩᠭᠣᠨ ᠤᠷᠢᠵᠤ᠂ ᠬᠥᠳᠡᠯᠦᠩᠭᠦᠶ ᠬᠠᠮᠢᠶᠠᠷᠤᠯᠲᠠ ᠵᠢ ᠬᠡᠷᠡᠭᠵᠢᠭᠦᠯᠦᠨ᠂ ᠨᠠᠮ᠎ᠤᠨ ᠭᠡᠰᠢᠭᠦᠨ᠎ᠤ ᠰᠤᠷᠭ᠋ᠠᠨ ᠬᠥᠮᠦᠵᠢᠯ᠎ᠤᠨ ᠯᠧᠺᠲ᠋ᠣᠷ᠎ᠤᠨ ᠢᠳᠡᠪᠬᠢᠵᠢᠯ᠂ ᠰᠠᠨᠠᠭ᠋ᠠᠴᠢᠯᠠᠭ᠋ᠠᠲᠤ ᠴᠢᠨᠠᠷ᠂ ᠪᠦᠲᠦᠭᠡᠯᠴᠢ ᠴᠢᠨᠠᠷ᠎ᠢ ᠪᠠᠳᠠᠷᠠᠭᠤᠯᠬᠤ ᠵᠢ ᠴᠢᠬᠤᠯᠠᠴᠢᠯᠠᠨ᠎ᠠ᠃ ᠨᠠᠮ᠎ᠤᠨ ᠭᠡᠰᠢᠭᠦᠨ᠎ᠤ ᠬᠦᠮᠦᠵᠢᠯ ᠪᠤᠯᠪᠠᠰᠤᠠᠭᠤᠯᠤᠯᠤᠨ ᠰᠠᠶ᠋ᠢᠨ ᠳᠤᠷ᠎ᠠ ᠵᠢᠨ ᠯᠧᠺᠲ᠋ᠣᠷ᠎ᠤᠨ ᠡᠩᠨᠡᠭᠡ ᠵᠢ ᠬᠥᠮᠦᠵᠢᠭᠦᠯᠦᠨ ᠪᠣᠯᠪᠠᠰᠤᠷᠠᠭᠤᠯᠬᠤ ᠵᠢ ᠵᠣᠷᠢᠭᠵᠢᠭᠤᠯᠤᠨ᠎ᠠ᠃ ᠨᠠᠮ᠎ᠤᠨ ᠭᠡᠰᠢᠭᠦᠨ᠎ᠤ ᠰᠤᠷᠭ᠋ᠠᠨ ᠬᠥᠮᠦᠵᠢᠯ᠎ᠤᠨ ᠠᠵᠢᠯᠲᠠᠨ᠎ᠤ ᠲᠤᠰᠬᠠᠶ᠋ᠢᠵᠢᠭᠰᠠᠨ ᠴᠢᠳᠠᠪᠤᠷᠢ ᠵᠢᠨ ᠪᠣᠯᠪᠠᠰᠤᠷᠠᠭᠤᠯᠤᠯ᠎ᠢ ᠰᠠᠶ᠋ᠢᠲᠤᠷ ᠠᠳᠬᠤᠨ᠎ᠠ᠃ ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠤ ᠰᠤᠷᠭ᠋ᠠᠭᠤᠯᠢ) ᠵᠢᠨ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠳᠠᠬᠢ ᠭᠣᠤᠯ ᠠᠷᠭ᠎ᠠ ᠵᠠᠮ᠂ ᠭᠣᠤᠯ ᠵᠢᠭᠰᠠᠭ᠋ᠠᠯ᠎ᠤᠨ ᠭᠠᠵᠠᠷ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ᠂ ᠰᠢᠶᠠᠨ᠎ᠤ ᠱᠠᠲᠤᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠰᠤᠷᠭ᠋ᠠᠭᠤᠯᠢ)᠎ᠨᠢ ᠨᠠᠮ᠎ᠤᠨ ᠭᠡᠰᠢᠭᠦᠨ᠎ᠤ ᠲᠥᠪᠯᠡᠷᠡᠩᠭᠦᠶ ᠪᠣᠯᠪᠠᠰᠤᠷᠠᠭᠤᠯᠤᠯ᠎ᠢ ᠴᠢᠬᠤᠯᠠ ᠡᠭᠦᠷᠭᠡ ᠪᠣᠯᠭ᠋ᠠᠬᠤ ᠬᠡᠷᠡᠭᠲᠡᠶ᠃ ᠰᠢᠶᠠᠩ ᠪᠠᠯᠭ᠋ᠠᠰᠤ᠂ ᠵᠡᠭᠡᠯᠢ ᠭᠤᠳᠤᠮᠵᠢ ᠵᠡᠷᠭᠡ ᠦᠨᠳᠦᠰᠦᠨ ᠱᠠᠲᠤᠨ᠎ᠤ ᠨᠠᠮ᠎ᠤᠨ ᠰᠤᠷᠭ᠋ᠠᠭᠤᠯᠢ ᠪᠠ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠤᠨ ᠰᠠᠭᠤᠷᠢᠨ ᠭᠠᠵᠠᠷ᠂ ᠲᠤᠬᠠᠶ ᠵᠢᠨ ᠲᠠᠯᠠᠪᠤᠷ᠎ᠤᠨ ᠵᠢᠭ᠋ᠠᠨ ᠰᠤᠷᠭ᠋ᠠᠬᠤ ᠴᠢᠭ᠎ᠤᠨ ᠪᠠᠶ᠋ᠢᠭᠤᠯᠤᠯᠲᠠ ᠵᠢ ᠴᠢᠩᠭ᠋ᠠᠳᠬᠠᠨ ᠵᠢᠷᠤᠮᠵᠢᠭᠤᠯᠤᠨ᠎ᠠ᠃ ᠨᠠᠮ᠎ᠤᠨ ᠭᠡᠰᠢᠭᠦᠨ᠎ᠤ ᠠᠵᠢᠯᠯᠠᠭ᠋ᠠᠨ᠎ᠤ ᠲᠠᠰᠤᠭ᠂ ᠨᠠᠮ ᠪᠠ ᠣᠯᠠᠨ ᠲᠦᠮᠡᠨ᠎ᠤ ᠦᠢᠯᠡᠴᠢᠯᠡᠭᠡᠨ᠎ᠤ ᠲᠥᠪ᠂ ᠠᠯᠤᠰ᠎ᠠᠴᠠ ᠵᠢᠭ᠋ᠠᠬᠤ ᠰᠤᠷᠭ᠋ᠠᠨ ᠬᠥᠮᠦᠵᠢᠯ᠎ᠤᠨ ᠥᠷᠲᠡᠭᠡ ᠴᠡᠭ᠂ ᠰᠢᠨ᠎ᠡ ᠴᠠᠭ ᠦᠶ᠎ᠡ ᠵᠢᠨ ᠪᠣᠯᠪᠠᠰᠤᠨ᠎ᠤ ᠦᠢᠯᠡᠳᠦᠯᠭᠡ ᠵᠢᠨ ᠲᠥᠪ ᠵᠡᠷᠭᠡ ᠵᠢ ᠠᠰᠢᠭᠯᠠ ᠨᠠᠮ᠎ᠤᠨ ᠭᠡᠰᠢᠭᠦᠨ᠎ᠤ ᠡᠳᠦᠷ ᠲᠤᠲᠤᠮ᠎ᠤᠨ ᠬᠥᠮᠦᠵᠢᠯ ᠪᠣᠯᠪᠠᠰᠤᠷᠠᠭᠤᠯᠤᠯ᠎ᠢ ᠥᠷᠨᠢᠭᠦᠯᠦᠨ᠎ᠡ᠃ ᠲᠦᠪ᠎ᠤᠨ ᠵᠤᠬᠢᠶᠠᠨ ᠪᠠᠢ᠌ᠭᠤᠯᠤᠯᠳᠠ ᠵᠢᠨ ᠬᠡᠯᠳᠡᠰ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠪᠦᠬᠦ ᠤᠯᠤᠰ᠎ᠤᠨ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠤᠨ ᠵᠢᠭ᠋ᠠᠬᠤ ᠮᠠᠲ᠋ᠧᠷᠢᠶᠠᠯ᠎ᠤᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠴᠢᠩᠭ᠋ᠠᠳᠬᠠᠵᠤ᠂ ᠰᠢᠨ᠎ᠡ ᠴᠠᠭ ᠦᠶ᠎ᠡ ᠵᠢᠨ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠤᠨ ᠦᠨᠳᠦᠰᠦᠨ ᠵᠢᠭ᠋ᠠᠬᠤ ᠮᠠᠲ᠋ᠧᠷᠢᠶᠠᠯ᠎ᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠪᠢᠴᠢᠵᠦ᠂ ᠴᠢᠬᠤᠯᠠ ᠶᠡᠬᠡ ᠲᠤᠰᠬᠠᠶ ᠰᠡᠳᠦᠪᠲᠦ ᠰᠤᠷᠭ᠋ᠠᠨ ᠬᠥᠮᠦᠵᠢᠯ᠎ᠤᠨ ᠲᠧᠯᠸᠢᠰ ᠹᠢᠯᠢᠮ ᠰᠡᠭᠦᠳᠡᠷᠯᠡᠨ ᠦᠢᠯᠡᠳᠴᠦ᠂ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠤᠨ ᠵᠢᠭ᠋ᠠᠬᠤ ᠮᠠᠲ᠋ᠧᠷᠢᠶᠠᠯ᠎ᠢ ᠳᠡᠯᠭᠡᠨ ᠦᠵᠡᠭᠦᠯᠵᠦ ᠰᠣᠯᠢᠯᠴᠠᠬᠤ ᠠᠵᠢᠯᠯᠠᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠬᠦ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠵᠢᠨ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ)᠎ᠨᠢ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ᠂ ᠡᠯ᠎ᠡ ᠵᠦᠢᠯ᠎ᠤᠨ ᠦᠪᠡᠷᠮᠢᠴᠡ ᠤᠨᠴᠠᠯᠢᠭᠲᠤ᠂ ᠪᠤᠳᠠᠳᠤ ᠬᠡᠷᠡᠭᠯᠡᠭᠡᠨ᠎ᠤ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠯ᠎ᠤᠨ ᠵᠢᠭ᠋ᠠᠬᠤ ᠮᠠᠲ᠋ᠧᠷᠢᠶᠠᠯ᠎ᠢ ᠨᠡᠭᠡᠭᠡᠨ ᠠᠰᠢᠭᠯᠠᠵᠤ ᠪᠣᠯᠤᠨ᠎ᠠ᠃ ᠴᠥᠭᠡᠨ ᠲᠣᠭ᠋ᠠᠲᠤ ᠦᠨᠳᠦᠰᠦᠲᠡᠨ᠎ᠤ ᠬᠡᠯᠡᠨ᠎ᠤ ᠵᠢᠭ᠋ᠠᠬᠤ ᠮᠠᠲ᠋ᠧᠷᠢᠶᠠᠯ᠎ᠢ ᠦᠢᠯᠡᠳᠬᠦ ᠪᠠ ᠣᠷᠴᠢᠭᠤᠯᠤᠨ ᠦᠢᠯᠡᠳᠬᠦ ᠠᠵᠢᠯ᠎ᠢ ᠰᠠᠶ᠋ᠢᠲᠤᠷ ᠠᠳᠬᠤᠵᠤ᠂ ᠦᠨᠳᠦᠰᠦᠲᠡᠨ᠎ᠤ ᠭᠠᠵᠠᠷ ᠣᠷᠣᠨ᠎ᠤ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠤᠨ ᠬᠣᠤᠰ ᠬᠡᠯᠡᠨ᠎ᠤ ᠵᠢᠭ᠋ᠠᠬᠤ ᠮᠠᠲ᠋ᠧᠷᠢᠶᠠᠯ᠎ᠢ ᠨᠡᠭᠡᠭᠡᠨ ᠬᠥᠭᠵᠢᠭᠦᠯᠦᠨ᠎ᠡ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ᠎ᠨᠢ ᠨᠠᠮ᠎ᠤᠨ ᠭᠡᠰᠢᠭᠦᠳ᠎ᠲᠤ ᠰᠤᠷᠤᠯᠴᠠᠬᠤ ᠨᠣᠮ ᠪᠢᠴᠢᠭ᠎ᠤᠨ ᠭᠠᠷᠴᠠᠭ᠎ᠢ ᠲᠠᠨᠢᠯᠴᠠᠭᠤᠯᠵᠤ᠂ ᠰᠤᠷᠤᠯᠴᠠᠬᠤ ᠮᠠᠲ᠋ᠧᠷᠢᠶᠠᠯ᠎ᠢ ᠬᠠᠩᠭ᠋ᠠᠬᠤ ᠬᠡᠷᠡᠭᠲᠡᠶ᠃ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠭᠡᠰᠢᠭᠦᠨ᠎ᠤ ᠬᠥᠮᠦᠵᠢᠯ ᠬᠠᠮᠢᠶᠠᠷᠤᠯᠲᠠ ᠵᠢᠨ ᠠᠵᠢᠯ᠎ᠤᠨ ᠳᠦᠷᠢᠮ》᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ᠂ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠤᠨ ᠵᠠᠷᠤᠳᠠᠯ᠎ᠢ ᠨᠠᠢ᠌ᠳᠠᠪᠤᠷᠢᠵᠢᠭᠤᠯᠵᠤ᠂ ᠠᠵᠢᠯ᠎ᠤᠨ ᠬᠡᠷᠡᠭᠴᠡᠭᠡ ᠵᠢ ᠪᠠᠲᠤᠯᠠᠬᠤ ᠬᠡᠷᠡᠭᠲᠡᠶ᠃ ᠬᠤᠪᠢᠰᠬᠠᠯ᠎ᠤᠨ ᠬᠠᠭᠤᠴᠢᠨ ᠰᠠᠭᠤᠷᠢᠨ ᠭᠠᠵᠠᠷ᠂ ᠦᠨᠳᠦᠰᠦᠲᠡᠨ᠎ᠤ ᠭᠠᠵᠠᠷ ᠣᠷᠣᠨ᠂ ᠶᠠᠳᠠᠭᠤ ᠬᠦᠴᠢᠷᠳᠡᠯ᠎ᠲᠠᠢ ᠭᠠᠵᠠᠷ ᠣᠷᠣᠨ᠎ᠤ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠤᠨ ᠠᠵᠢᠯ᠎ᠢ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠤᠨ᠎ᠠ᠃
(ᠭᠤᠷᠪᠠ) ᠰᠤᠷᠤᠯᠴᠠᠬᠤ ᠠᠭᠤᠷ ᠠᠮᠢᠰᠬᠤᠯ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠨᠠᠮ᠎ᠤᠨ ᠲᠥᠪ ᠬᠣᠷᠢᠶᠠᠨ᠎ᠤ ᠰᠤᠷᠤᠯᠴᠠᠬᠤ ᠠᠭᠤᠷ ᠠᠮᠢᠰᠬᠤᠯ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠱᠠᠭ᠋ᠠᠷᠳᠠᠯᠭ᠎ᠠ ᠵᠢ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠵᠢᠭ᠋ᠠᠨ ᠵᠢᠯᠣᠭᠣᠳᠬᠤ ᠪᠠ ᠬᠢᠨᠠᠯᠲᠠ ᠲᠠᠯᠪᠢᠬᠤ᠎ᠪᠠᠨ ᠴᠢᠩᠭ᠋ᠠᠳᠬᠠᠨ᠂ ᠠᠵᠢᠯ᠎ᠤᠨ ᠰᠠᠬᠢᠯᠭ᠎ᠠ ᠪᠠᠲᠤ ᠵᠢ ᠴᠢᠩᠳᠠᠯᠠᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠨ᠂ ᠬᠥᠮᠦᠵᠢᠯ ᠪᠣᠯᠪᠠᠰᠤᠷᠠᠭᠤᠯᠤᠯ᠎ᠢ ᠬᠢᠯᠪᠠᠷᠴᠢᠯᠠᠬᠤ᠂ ᠲᠣᠮᠢᠶᠠᠴᠢᠯᠠᠬᠤ᠂ ᠪᠣᠯᠬᠢᠴᠢᠯᠠᠬᠤ ᠵᠢ ᠰᠡᠷᠭᠡᠶ᠋ᠢᠯᠡᠨ ᠬᠣᠷᠢᠭᠯᠠᠵᠤ᠂ ᠰᠤᠷᠬᠤ ᠬᠡᠷᠡᠭᠯᠡᠬᠦ᠎ᠨᠢ ᠰᠠᠯᠤᠩᠭᠢᠷᠠᠬᠤ᠂ ᠬᠡᠢ ᠬᠣᠭᠣᠰᠣᠨ ᠨᠣᠮᠯᠠᠬᠤ ᠵᠢ ᠰᠡᠷᠭᠡᠶ᠋ᠢᠯᠡᠨ ᠬᠣᠷᠢᠭᠯᠠᠵᠤ᠂ ᠳᠡᠰ ᠳᠠᠪᠬᠤᠷᠭ᠎ᠠ ᠢᠯᠭ᠋ᠠᠬᠤ ᠦᠭᠡᠢ ᠡᠲᠡᠭᠡᠳ᠎ᠢ 《ᠨᠢᠭᠡ ᠯᠡ ᠠᠳᠠᠯᠢ᠎ᠪᠠᠷ ᠱᠠᠭ᠋ᠠᠷᠳᠠᠬᠤ》᠂ 《ᠨᠢᠭᠡ ᠯᠡ ᠠᠳᠠᠯᠢ᠎ᠪᠠᠷ ᠰᠢᠢᠳᠪᠦᠷᠢᠯᠡᠬᠦ》 ᠵᠢ ᠰᠡᠷᠭᠡᠶ᠋ᠢᠯᠡᠨ ᠬᠣᠷᠢᠭᠯᠠᠵᠤ᠂ ᠣᠯᠠᠨ ᠲᠠᠯ᠎ᠠ᠎ᠳᠤ ᠰᠢᠯᠵᠢᠭᠦᠯᠦᠨ ᠪᠣᠯᠪᠠᠰᠤᠷᠠᠭᠤᠯᠬᠤ᠂ ᠳᠠᠪᠬᠤᠷᠳᠠᠭᠤᠯᠤᠨ ᠪᠣᠯᠪᠠᠰᠤᠷᠠᠭᠤᠯᠬᠤ᠂ ᠤᠷᠳᠤ ᠬᠤᠭᠤᠴᠠᠭ᠎ᠠ᠎ᠪᠠᠷ ᠪᠣᠯᠪᠠᠰᠤᠷᠠᠭᠤᠯᠬᠤ ᠦᠭᠡᠢ ᠪᠠᠶ᠋ᠢᠬᠤ ᠵᠢ ᠰᠡᠷᠭᠡᠶ᠋ᠢᠯᠡᠨ ᠬᠣᠷᠢᠭᠯᠠᠵᠤ᠂ ᠬᠡᠲᠦ ᠠᠷᠪᠢᠨ ᠪᠠᠶ᠋ᠢᠴᠠᠭ᠋ᠠᠬᠤ᠂ ᠬᠡᠲᠦ ᠣᠯᠠᠨ ᠣᠷᠣ ᠮᠥᠷ ᠦᠯᠡᠳᠡᠭᠡᠬᠦ ᠵᠢ ᠰᠡᠷᠭᠡᠶ᠋ᠢᠯᠡᠨ ᠬᠣᠷᠢᠭᠯᠠᠬᠤ ᠬᠡᠷᠡᠭᠲᠡᠶ᠃ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠯ᠎ᠤᠨ ᠪᠠᠢ᠌ᠭᠤᠯᠤᠮᠵᠢ ᠰᠤᠷᠭ᠋ᠠᠭᠤᠯᠢ ᠵᠢ ᠴᠢᠩᠭ᠎ᠠ ᠵᠠᠰᠠᠬᠤ᠂ ᠰᠤᠷᠭ᠋ᠠᠨ ᠬᠥᠮᠦᠵᠢᠯ᠎ᠢ ᠴᠢᠩᠭ᠎ᠠ ᠵᠠᠰᠠᠬᠤ᠂ ᠰᠤᠷᠭ᠋ᠠᠭᠤᠯᠢ ᠵᠢ ᠴᠢᠩᠭ᠎ᠠ ᠵᠠᠰᠠᠬᠤ ᠵᠢ ᠪᠠᠷᠢᠮᠲᠠᠯᠠᠬᠤ ᠬᠡᠷᠡᠭᠲᠡᠶ᠃ ᠨᠠᠮ᠎ᠤᠨ ᠭᠡᠰᠢᠭᠦᠨ ᠰᠤᠷᠤᠯᠴᠠᠬᠤ ᠣᠪᠣᠷ ᠵᠶ᠋ᠠᠷ ᠰᠠᠬᠢᠯᠭ᠎ᠠ ᠪᠠᠲᠤ ᠵᠢ ᠪᠣᠯᠪᠠᠰᠤᠷᠠᠭᠤᠯᠬᠤ ᠬᠡᠷᠡᠭᠲᠡᠶ᠃ ᠨᠠᠮ᠎ᠤᠨ ᠭᠡᠰᠢᠭᠦᠨ ᠤᠳᠤᠷᠢᠳᠬᠤ ᠺᠠᠳ᠋ᠷᠴᠤᠳ ᠤᠷᠢᠳᠠᠪᠠᠷ ᠰᠤᠷᠤᠯᠴᠠᠵᠤ᠂ ᠭᠦᠨᠵᠡᠭᠡᠶ ᠰᠤᠷᠤᠯᠴᠠᠵᠤ᠂ ᠦᠯᠢᠭᠡᠷ ᠳᠠᠭᠤᠷᠢᠶᠠᠯ ᠪᠣᠯᠬᠤ ᠦᠢᠯᠡᠳᠦᠯ ᠵᠶ᠋ᠠᠨ ᠪᠠᠳᠠᠷᠠᠭᠤᠯᠬᠤ ᠬᠡᠷᠡᠭᠲᠡᠶ᠃
( ᠲᠦᠷᠪᠡ) ᠬᠢᠨᠠᠨ ᠰᠢᠯᠭ᠋ᠠᠵᠤ ᠦᠨᠡᠯᠡᠨ ᠵᠢᠱ᠌ᠢᠬᠦ ᠵᠢ ᠴᠢᠩᠳᠠᠯᠠᠬᠤ ᠬᠡᠷᠡᠭᠲᠡᠶ᠃ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠤᠨ ᠠᠵᠢᠯ᠎ᠢ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠱᠦᠵᠢ ᠵᠢᠨ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ ᠠᠵᠢᠯ᠎ᠢ ᠠᠳᠬᠤᠭᠰᠠᠨ ᠲᠤᠰᠢᠶᠠᠯ᠎ᠤᠨ ᠮᠡᠳᠡᠭᠦᠯᠦᠯᠲᠡ ᠬᠢᠵᠦ ᠦᠨᠡᠯᠡᠨ ᠰᠢᠯᠭ᠋ᠠᠬᠤ ᠴᠢᠬᠤᠯᠠ ᠠᠭᠤᠯᠭ᠎ᠠ ᠪᠣᠯᠭ᠋ᠠᠬᠤ ᠬᠡᠷᠡᠭᠲᠡᠶ᠃ ᠵᠤᠬᠢᠶᠠᠨ ᠪᠠᠢ᠌ᠭᠤᠯᠤᠯᠳᠠ ᠵᠢᠨ ᠠᠮᠢᠳᠤᠷᠠᠯ᠎ᠤᠨ ᠬᠤᠷᠠᠯ᠂ ᠠᠷᠠᠳᠴᠢᠯᠠᠯ ᠵᠶ᠋ᠠᠷ ᠨᠠᠮ᠎ᠤᠨ ᠭᠡᠰᠢᠭᠦᠨ᠎ᠢ ᠦᠨᠡᠯᠡᠬᠦ ᠬᠤᠷᠠᠯ ᠵᠡᠷᠭᠡ᠎ᠲᠠᠢ ᠤᠶᠠᠯᠳᠤᠭᠤᠯᠤᠨ᠂ ᠨᠠᠮ᠎ᠤᠨ ᠭᠡᠰᠢᠭᠦᠨ᠎ᠢ ᠵᠤᠬᠢᠶᠠᠨ ᠪᠠᠢ᠌ᠭᠤᠯᠵᠤ᠂ ᠰᠤᠷᠤᠯᠴᠠᠯᠭ᠎ᠠ ᠵᠢᠨ ᠲᠣᠭ᠋ᠠᠴᠢᠯᠲᠠ ᠪᠠ ᠰᠤᠷᠤᠯᠴᠠᠯᠭ᠎ᠠ ᠵᠢᠨ ᠦᠨᠡᠯᠡᠯᠲᠡ ᠬᠢᠯᠭᠡᠨ᠎ᠡ᠃ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠭᠤᠯᠤᠯ᠎ᠤᠨ ᠬᠢᠨᠠᠨ ᠰᠢᠯᠭ᠋ᠠᠭᠰᠠᠨ ᠦᠷ᠎ᠡ ᠳ᠋ᠦᠩ᠎ᠢ ᠨᠠᠮ᠎ᠤᠨ ᠵᠣᠬᠢᠶᠠᠨ ᠪᠠᠶ᠋ᠢᠭᠤᠯᠤᠯᠲᠠ ᠪᠠ ᠨᠠᠮ᠎ᠤᠨ ᠭᠡᠰᠢᠭᠦᠨ᠎ᠤ ᠲᠡᠷᠢᠭᠦᠨ᠎ᠤ᠎ᠬᠢ ᠵᠢ ᠰᠢᠯᠭ᠋ᠠᠷᠠᠭᠤᠯᠤᠨ ᠰᠢᠯᠢᠳᠡᠭ᠎ᠢ ᠰᠢᠯᠭ᠋ᠠᠷᠠᠭᠤᠯᠬᠤ ᠵᠢᠨ ᠥᠴᠦᠬᠡᠨ ᠠᠰᠢᠭ ᠪᠣᠯᠭ᠋ᠠᠬᠤ ᠬᠡᠷᠡᠭᠲᠡᠶ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠵᠢᠨ ᠨᠠᠮ᠎ᠤᠨ ᠬᠣᠷᠢᠶ᠎ᠠ (ᠨᠠᠮ᠎ᠤᠨ ᠤᠳᠤᠷᠢᠳᠬᠤ ᠳᠤᠭᠤᠢ᠌ᠯᠠᠩ)᠎ᠨᠢ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠤᠨ ᠲᠣᠰ ᠲᠥᠯᠥᠪᠵᠢᠭᠦᠯᠭᠡ ᠵᠢ ᠲᠤᠤᠱᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ ᠬᠡᠷᠡᠭᠲᠡᠶ᠃ ᠲᠣᠰ ᠲᠥᠯᠥᠪᠵᠢᠭᠦᠯᠭᠡ ᠵᠢ ᠬᠡᠷᠡᠭᠵᠢᠭᠦᠯᠦᠭᠰᠡᠨ ᠪᠠᠢ᠌ᠳᠠᠯ᠎ᠳᠤ ᠳᠤᠮᠳᠠ ᠬᠤᠭᠤᠴᠠᠭ᠋ᠠᠨ᠎ᠤ ᠪᠠ 5 ᠵᠢᠯ᠎ᠤᠨ ᠳ᠋ᠦᠩᠨᠡᠯᠲᠡ ᠬᠢᠵᠦ ᠦᠨᠡᠯᠡᠨ ᠵᠢᠱ᠌ᠢᠬᠦ ᠠᠵᠢᠯ᠎ᠢ ᠥᠷᠨᠢᠭᠦᠯᠬᠦ ᠬᠡᠷᠡᠭᠲᠡᠶ᠃
ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ ᠪᠣᠯᠤᠨ ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ᠎ᠤᠨ ᠨᠠᠮ᠎ᠤᠨ ᠭᠡᠰᠢᠭᠦᠨ᠎ᠤ ᠬᠥᠮᠦᠵᠢᠯ ᠪᠣᠯᠪᠠᠰᠤᠷᠠᠯ᠎ᠤᠨ ᠠᠵᠢᠯ᠎ᠢ ᠲᠥᠪ᠎ᠤᠨ ᠴᠡᠷᠢᠭ᠎ᠤᠨ ᠶᠠᠪᠤᠳᠠᠯ᠎ᠤᠨ ᠬᠣᠷᠢᠶ᠎ᠠ᠎ᠠᠴᠠ ᠲᠤᠰ ᠲᠥᠯᠥᠪᠵᠢᠭᠦᠯᠭᠡ ᠵᠢᠨ ᠵᠣᠷᠢᠭ ᠰᠠᠨᠠᠭ᠎ᠠ ᠵᠢ ᠦᠨᠳᠦᠰᠦᠯᠡᠨ ᠬᠡᠷᠡᠭᠵᠢᠭᠦᠯᠬᠦ ᠰᠠᠨᠠᠯ᠎ᠢ ᠲᠣᠭᠲᠠᠭ᠋ᠠᠨ᠎ᠠ᠃