ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ
《ᠦᠪᠦᠷ ᠮᠤᠩᠭᠤᠯ᠎ᠤᠨ ᠦᠪᠡᠷᠳᠡᠬᠡᠨ ᠵᠠᠰᠠᠭ᠍ᠤ ᠤᠷᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠤᠩᠰᠢᠨ ᠲᠠᠶ᠋ᠢᠯᠪᠤᠷᠢᠯᠠᠭ᠍ᠤ ᠠᠵᠢᠯ᠎ᠤᠨ ᠠᠷᠭ᠎ᠠ》 ᠵᠢ ᠲᠠᠷᠤᠮᠠᠯᠯᠠᠨ ᠶᠠᠪᠤᠭᠤᠯᠬᠤ ᠲᠤᠬᠠᠢ ᠦᠪᠦᠷ ᠮᠤᠩᠭᠤᠯ᠎ᠤᠨ ᠦᠪᠡᠷᠳᠡᠬᠡᠨ ᠵᠠᠰᠠᠭ᠍ᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ ᠮᠡᠳᠡᠭᠳᠡᠯ
ᠨᠡᠶ᠋ᠢᠲᠡᠯᠡᠭᠰᠡᠨ ᠴᠠᠭ᠄ 2019-12-14


ᠡᠯ᠎ᠡ ᠠᠶ᠋ᠢᠮᠠᠭ᠎ᠤᠨ ᠵᠠᠬᠢᠷᠭ᠎ᠠ᠂ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠂ ᠦᠪᠡᠷᠳᠡᠬᠡᠨ ᠵᠠᠰᠠᠭ᠍ᠤ ᠤᠷᠤᠨ᠎ᠤ ᠡᠯ᠎ᠡ ᠵᠦᠪᠯᠡᠯ᠂ ᠠᠯᠪᠠᠨ ᠬᠡᠷ᠂ ᠲᠢᠩᠬᠢᠮ᠂ ᠲᠤᠪᠴᠢᠶ᠎ᠡ᠂ ᠡᠯ᠎ᠡ ᠲᠤᠮᠤ ᠠᠵᠦ ᠠᠬᠤᠶ᠋ᠢᠯᠠᠯ᠂ ᠠᠵᠢᠯ ᠦᠢ᠍ᠯᠡᠰ᠎ᠤᠨ ᠨᠢᠬᠡᠴᠡ᠎ᠳᠤ᠄
     《ᠦᠪᠦᠷ ᠮᠤᠩᠭᠤᠯ᠎ᠤᠨ ᠦᠪᠡᠷᠳᠡᠬᠡᠨ ᠵᠠᠰᠠᠭ᠍ᠤ ᠤᠷᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠤᠩᠰᠢᠨ ᠲᠠᠶ᠋ᠢᠯᠪᠤᠷᠢᠯᠠᠭ᠍ᠤ ᠠᠵᠢᠯ᠎ᠤᠨ ᠠᠷᠭ᠎ᠠ》 ᠵᠢ ᠦᠪᠡᠷᠳᠡᠬᠡᠨ ᠵᠠᠰᠠᠭ᠍ᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ ᠵᠶ᠋ᠠᠷ ᠵᠦᠪᠰᠢᠶᠡᠷᠡᠭᠦᠯᠦᠬᠡᠳ᠂ ᠡᠳᠦᠬᠡ ᠲᠠᠨᠠᠷ᠎ᠲᠤ ᠲᠠᠷᠤᠮᠠᠯᠯᠠᠨ ᠶᠠᠪᠤᠭᠤᠯᠤᠯ᠎ᠠ᠂ ᠪᠤᠳᠠᠳᠠᠢ᠎ᠲᠠᠢ᠎ᠪᠠᠨ ᠤᠶᠠᠯᠳᠤᠭᠤᠯᠵᠦ᠂ ᠬᠢᠨᠠᠮᠠᠭ᠋ᠠᠢ ᠲᠤᠤᠱᠯᠠᠭᠤᠯᠤᠨ ᠬᠡᠷᠡᠭᠵᠢᠭᠦᠯᠳᠦᠭᠦᠢ᠃
     2017 ᠤᠨ᠎ᠤ 1 ᠳ᠋ᠤᠬᠡᠷ ᠰᠠᠷ᠎ᠠ ᠵᠢᠨ 4᠎ᠤ ᠡᠳᠦᠷ
     (ᠲᠤᠰ ᠪᠢᠴᠢᠭ ᠮᠠᠲᠸᠷᠢᠶᠠᠯ᠎ᠢ ᠢᠯᠡ ᠨᠡᠶ᠋ᠢᠳᠡᠯᠡᠨ᠎ᠠ)
     
ᠦᠪᠦᠷ ᠮᠤᠩᠭᠤᠯ᠎ᠤᠨ ᠦᠪᠡᠷᠳᠡᠬᠡᠨ ᠵᠠᠰᠠᠭ᠍ᠤ ᠤᠷᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠤᠩᠰᠢᠨ ᠲᠠᠶ᠋ᠢᠯᠪᠤᠷᠢᠯᠠᠭ᠍ᠤ ᠠᠵᠢᠯ᠎ᠤᠨ ᠠᠷᠭ᠎ᠠ

      ᠨᠢᠬᠡᠳᠦᠬᠡᠷ ᠵᠦᠢ᠍ᠯ ᠪᠦᠭᠦ ᠤᠷᠤᠨ᠎ᠤ ᠡᠯ᠎ᠡ ᠱᠠᠳᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠴᠢᠩᠭ᠋ᠠᠳᠬᠠᠨ ᠵᠢᠷᠤᠮᠵᠢᠭᠤᠯᠵᠦ᠂ ᠴᠢᠬᠤᠯᠠ ᠶᠡᠭᠡ ᠰᠶ᠋ᠢᠳᠪᠤᠷᠢᠳᠦ ᠪᠤᠳᠤᠯᠭ᠎ᠠ᠂ ᠴᠢᠬᠤᠯᠠ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢᠨ ᠲᠤᠬᠠᠢ ᠨᠡᠶ᠋ᠢᠬᠡᠮ ᠨᠡᠶ᠋ᠢᠳᠡ ᠵᠢᠨ ᠤᠶ᠋ᠢᠯᠠᠭ᠋ᠠᠯᠳᠠ ᠮᠡᠳᠡᠷᠡᠬᠦᠢ ᠵᠢ ᠤᠯᠠᠮ ᠨᠢᠬᠡ ᠠᠯᠬᠤᠮ ᠨᠡᠮᠡᠭᠳᠡᠭᠦᠯᠦᠨ᠂ ᠵᠠᠰᠠᠭ᠎ᠤᠨ ᠤᠷᠳᠤᠨ᠎ᠤ ᠨᠡᠶ᠋ᠢᠳᠡ ᠵᠢᠨ ᠢᠳᠡᠬᠡᠮᠵᠢ ᠵᠢᠨ ᠭᠦᠴᠦᠨ ᠪᠠ ᠬᠡᠷᠡᠭᠵᠢᠬᠦᠯᠬᠦ ᠭᠦᠴᠦᠨ᠎ᠢ ᠴᠢᠩᠭ᠋ᠠᠳᠬᠠᠬᠤ ᠵᠢᠨ ᠲᠤᠰᠠᠳᠠ᠂ 《〈ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠪᠦᠭᠦ ᠲᠠᠯ᠎ᠠ᠎ᠪᠠᠷ ᠠᠬᠢᠭᠤᠯᠬᠤ ᠲᠤᠬᠠᠢ ᠰᠠᠨᠠᠯ〉᠎ᠢ ᠲᠠᠷᠤᠮᠠᠯᠯᠠᠨ ᠶᠠᠪᠤᠭᠤᠯᠬᠤ ᠲᠤᠬᠠᠢ ᠲᠤᠮᠳᠠᠳᠤ ᠤᠯᠤᠰ᠎ᠤᠨ ᠡᠪ ᠬᠠᠮᠳᠤ ᠨᠠᠮ᠎ᠤᠨ ᠲᠦᠪ ᠬᠤᠷᠢᠶ᠎ᠠ ᠵᠢᠨ ᠠᠯᠪᠠᠨ ᠲᠢᠩᠬᠢᠮ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ》 (ᠲᠦᠪ ᠠᠯᠪᠠᠨ ᠲᠠᠷᠬᠠᠭ᠋ᠠᠨᠨᠰᠠᠨ [2016] 8 ᠳ᠋ᠤᠭ᠋ᠠᠷ ᠲᠤᠭ᠋ᠠᠳᠤ)᠂ 《〈ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠪᠦᠭᠦ ᠲᠠᠯ᠎ᠠ᠎ᠪᠠᠷ ᠠᠬᠢᠭᠤᠯᠬᠤ ᠲᠤᠬᠠᠢ ᠰᠠᠨᠠᠯ〉᠎ᠤᠨ ᠬᠡᠷᠡᠭᠵᠢᠬᠦᠯᠬᠦ ᠨᠠᠷᠢᠨ ᠲᠦᠷᠢᠮ᠎ᠢ ᠲᠠᠷᠤᠮᠠᠯᠯᠠᠨ ᠶᠠᠪᠤᠭᠤᠯᠬᠤ ᠲᠤᠬᠠᠢ ᠲᠦᠷᠦ ᠵᠢᠨ ᠶᠠᠪᠤᠳᠠᠯ᠎ᠤᠨ ᠬᠤᠷᠢᠶ᠎ᠠ ᠵᠢᠨ ᠠᠯᠪᠠᠨ ᠲᠢᠩᠬᠢᠮ᠎ᠤᠨ ᠮᠡᠳᠡᠭᠳᠡᠯ》 (ᠲᠦᠷᠦ ᠠᠯᠪᠠᠨ ᠲᠠᠷᠬᠠᠭ᠋ᠠᠨᠨᠰᠠᠨ [2016] 80 ᠳ᠋ᠤᠭ᠋ᠠᠷ ᠲᠤᠭ᠋ᠠᠳᠤ) ᠪᠠ 《〈ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠠᠵᠢᠯ᠎ᠢ ᠪᠦᠭᠦ ᠲᠠᠯ᠎ᠠ᠎ᠪᠠᠷ ᠠᠬᠢᠭᠤᠯᠬᠤ ᠲᠤᠬᠠᠢ ᠬᠡᠷᠡᠭᠵᠢᠬᠦᠯᠬᠦ ᠰᠠᠨᠠᠯ〉᠎ᠢ ᠲᠠᠷᠤᠮᠠᠯᠯᠠᠨ ᠶᠠᠪᠤᠭᠤᠯᠬᠤ ᠲᠤᠬᠠᠢ ᠦᠪᠦᠷ ᠮᠤᠩᠭᠤᠯ᠎ᠤᠨ ᠦᠪᠡᠷᠳᠡᠬᠡᠨ ᠵᠠᠰᠠᠭ᠍ᠤ ᠤᠷᠤᠨ᠎ᠤ ᠨᠠᠮ᠎ᠤᠨ ᠬᠤᠷᠢᠶ᠎ᠠ ᠵᠢᠨ ᠠᠯᠪᠠᠨ ᠲᠢᠩᠬᠢᠮ ᠦᠪᠡᠷᠳᠡᠬᠡᠨ ᠵᠠᠰᠠᠭ᠍ᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ ᠮᠡᠳᠡᠭᠳᠡᠯ》 (ᠦᠪᠦᠷ ᠨᠠᠮ ᠠᠯᠪᠠᠨ ᠲᠠᠷᠬᠠᠭ᠋ᠠᠨᠨᠰᠠᠨ [2016] 41 ᠳ᠋ᠤᠬᠡᠷ ᠲᠤᠭ᠋ᠠᠳᠤ) ᠵᠡᠷᠬᠡ ᠪᠢᠴᠢᠭ ᠮᠠᠲᠸᠷᠢᠶᠠᠯ᠎ᠤᠨ ᠵᠤᠷᠢᠭ ᠰᠠᠨᠠᠭ᠎ᠠ ᠵᠢ ᠦᠨᠳᠦᠰᠦᠯᠡᠵᠦ᠂ ᠦᠪᠡᠷᠳᠡᠬᠡᠨ ᠵᠠᠰᠠᠭ᠍ᠤ ᠤᠷᠤᠨ᠎ᠤ ᠪᠤᠳᠠᠳᠠᠢ᠎ᠲᠠᠢ ᠤᠶᠠᠯᠳᠤᠭᠤᠯᠤᠨ᠂ ᠲᠤᠰ ᠠᠷᠭ᠎ᠠ ᠵᠢ ᠲᠤᠨᠨᠳᠠᠭ᠋ᠠᠪᠠ᠃
      ᠬᠤᠶᠠᠳᠤᠭ᠋ᠠᠷ ᠵᠦᠢ᠍ᠯ ᠦᠪᠡᠷᠳᠡᠬᠡᠨ ᠵᠠᠰᠠᠭ᠍ᠤ ᠤᠷᠤᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠠᠴᠠ ᠪᠦᠭᠦ ᠤᠷᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠠᠬᠢᠭᠤᠯᠤᠨ᠂ ᠵᠢᠯᠤᠭᠤᠳᠬᠤ᠂ ᠵᠤᠬᠢᠴᠠᠭᠤᠯᠬᠤ᠂ ᠬᠢᠨᠠᠯᠳᠠ ᠲᠠᠯᠪᠢᠬᠤ ᠵᠢ ᠬᠠᠷᠢᠭᠤᠴᠠᠨ᠎ᠠ᠃ ᠦᠪᠡᠷᠳᠡᠬᠡᠨ ᠵᠠᠰᠠᠭ᠍ᠤ ᠤᠷᠤᠨ᠎ᠤ ᠵᠠᠰᠠᠭ᠎ᠤᠨ ᠤᠷᠳᠤᠨ᠎ᠤ ᠬᠠᠤᠯᠢ ᠲᠦᠷᠢᠮ᠎ᠤᠨ ᠠᠯᠪᠠᠨ ᠬᠡᠷ᠂ ᠰᠤᠨᠢᠨ ᠮᠡᠳᠡᠬᠡᠨ᠎ᠤ ᠠᠯᠪᠠᠨ ᠬᠡᠷ᠂ ᠪᠢᠴᠢᠭ ᠮᠠᠲᠸᠷᠢᠶᠠᠯ ᠲᠤᠭᠤᠷᠪᠢᠬᠤ ᠪᠠ ᠬᠡᠷᠡᠭᠵᠢᠬᠦᠯᠬᠦ ᠰᠠᠯᠠᠭ᠎ᠠ ᠮᠦᠴᠢᠷ᠎ᠠᠴᠠ ᠡᠭᠦᠷᠬᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠨ ᠦᠨᠳᠦᠰᠦᠯᠡᠵᠦ᠂ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠤᠩᠰᠢᠨ ᠲᠠᠶ᠋ᠢᠯᠪᠤᠷᠢᠯᠠᠭ᠍ᠤ ᠬᠠᠮᠢᠶ᠎ᠠ ᠪᠦᠭᠦᠢ ᠠᠵᠢᠯ᠎ᠢ ᠬᠠᠮᠵᠢᠯᠴᠠᠨ ᠠᠬᠢᠭᠤᠯᠬᠤ ᠬᠡᠷᠡᠭᠳᠡᠢ᠃
      ᠭᠤᠷᠪᠠᠳᠤᠭ᠋ᠠᠷ ᠵᠦᠢ᠍ᠯ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠲᠤᠨᠨᠳᠠᠭ᠋ᠠᠬᠤ ᠬᠢᠬᠡᠳ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠲᠦᠰᠦᠯ᠎ᠢ ᠵᠡᠷᠬᠡ᠎ᠪᠠᠷ ᠵᠤᠬᠢᠶᠠᠨ ᠪᠠᠶ᠋ᠢᠭᠤᠯᠵᠦ᠂ ᠵᠡᠷᠬᠡ᠎ᠪᠠᠷ ᠬᠢᠨᠠᠨ ᠭᠠᠷ᠎ᠤᠨ ᠦᠰᠦᠭ ᠵᠢᠷᠤᠵᠦ᠂ ᠵᠡᠷᠬᠡ᠎ᠪᠠᠷ ᠪᠠᠶ᠋ᠢᠷᠢᠯᠠᠭᠤᠯᠬᠤ ᠬᠡᠷᠡᠭᠳᠡᠢ᠃ ᠤᠩᠰᠢᠨ ᠲᠠᠶ᠋ᠢᠯᠪᠤᠷᠢᠯᠠᠭ᠍ᠤ ᠲᠦᠰᠦᠯ᠎ᠳᠤ ᠤᠩᠰᠢᠨ ᠲᠠᠶ᠋ᠢᠯᠪᠤᠷᠢᠯᠠᠭ᠍ᠤ ᠭᠦᠳᠦᠯᠪᠦᠷᠢ᠂ ᠤᠩᠰᠢᠨ ᠲᠠᠶ᠋ᠢᠯᠪᠤᠷᠢᠯᠠᠭ᠍ᠤ ᠬᠡᠯᠪᠡᠷᠢ ᠮᠠᠶᠢᠭ᠂ ᠤᠩᠰᠢᠨ ᠲᠠᠶ᠋ᠢᠯᠪᠤᠷᠢᠯᠠᠭ᠍ᠤ ᠠᠷᠭ᠎ᠠ ᠵᠠᠮ᠂ ᠤᠩᠰᠢᠨ ᠲᠠᠶ᠋ᠢᠯᠪᠤᠷᠢᠯᠠᠭ᠍ᠤ ᠴᠠᠭ ᠵᠡᠷᠬᠡ ᠤᠩᠰᠢᠨ ᠲᠠᠶ᠋ᠢᠯᠪᠤᠷᠢᠯᠠᠭ᠍ᠤ ᠠᠭᠤᠯᠭ᠎ᠠ ᠵᠢ ᠪᠠᠭᠳᠠᠭ᠋ᠠᠬᠤ ᠬᠡᠷᠡᠭᠳᠡᠢ᠃
      ᠲᠦᠷᠪᠡᠳᠦᠬᠡᠷ ᠵᠦᠢ᠍ᠯ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠨᠡᠶ᠋ᠢᠳᠡᠯᠡᠬᠦ᠎ᠠᠴᠠ ᠡᠮᠤᠨ᠎ᠠ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠬᠠᠷᠢᠭᠤᠴᠠᠵᠦ ᠪᠠᠶ᠋ᠢᠭ᠎ᠠ ᠰᠠᠯᠠᠭ᠎ᠠ ᠮᠦᠴᠢᠷ᠎ᠠᠴᠠ ᠲᠦᠷᠦ ᠵᠢᠨ ᠪᠤᠳᠤᠯᠭ᠎ᠠ ᠵᠢ ᠮᠡᠳᠡᠭᠳᠡᠨ ᠤᠩᠰᠢᠨ ᠲᠠᠶ᠋ᠢᠯᠪᠤᠷᠢᠯᠠᠭ᠍ᠤ ᠪᠠ ᠵᠢᠱ᠌ᠢᠭᠰᠡᠨ ᠬᠤᠭᠤᠴᠠᠭ᠎ᠠ᠎ᠲᠠᠢ ᠭᠦᠳᠦᠯᠦᠨ ᠵᠢᠯᠤᠭᠤᠳᠬᠤ ᠵᠢ ᠰᠠᠶ᠋ᠢᠳᠤᠷ ᠬᠢᠬᠦ ᠬᠡᠷᠡᠭᠳᠡᠢ; ᠨᠡᠶ᠋ᠢᠳᠡᠯᠡᠬᠦ ᠦᠶᠡᠰ᠂ ᠬᠠᠮᠢᠶ᠎ᠠ ᠪᠦᠭᠦᠢ ᠤᠩᠰᠢᠨ ᠲᠠᠶ᠋ᠢᠯᠪᠤᠷᠢᠯᠠᠭ᠍ᠤ ᠮᠠᠲᠸᠷᠢᠶᠠᠯ᠎ᠢ ᠪᠢᠴᠢᠭ ᠮᠠᠲᠸᠷᠢᠶᠠᠯ᠎ᠲᠠᠢ ᠵᠡᠷᠬᠡ᠎ᠪᠠᠷ ᠵᠠᠰᠠᠭ᠎ᠤᠨ ᠤᠷᠳᠤᠨ᠎ᠤ ᠰᠦᠯᠵᠢᠶ᠎ᠡ᠂ ᠵᠠᠰᠠᠭ᠎ᠤᠨ ᠶᠠᠪᠤᠳᠠᠯ᠎ᠤᠨ ᠨᠡᠶ᠋ᠢᠳᠡ ᠵᠢᠨ ᠨᠡᠷᠡᠶ᠋ᠢᠳᠦᠯ ᠪᠠ ᠰᠤᠨᠢᠨ ᠮᠡᠳᠡᠬᠡᠨ᠎ᠤ ᠭᠤᠤᠯ ᠵᠠᠭᠤᠴᠢᠯᠠᠭᠤᠷ᠎ᠲᠤ ᠨᠡᠶ᠋ᠢᠳᠡᠯᠡᠬᠦ ᠬᠡᠷᠡᠭᠳᠡᠢ᠃ ᠲᠦᠷᠦ ᠵᠢᠨ ᠪᠤᠳᠤᠯᠭ᠎ᠠ ᠵᠢ ᠬᠡᠷᠡᠭᠵᠢᠬᠦᠯᠬᠦ ᠶᠠᠪᠤᠴᠠ᠎ᠳᠤ᠂ ᠶᠠᠷᠢᠶ᠎ᠠ ᠬᠡᠯᠡᠯᠴᠡᠭᠡ ᠵᠢ ᠨᠢᠨᠨᠳᠡ ᠴᠢᠩᠭ᠎ᠠ ᠮᠦᠷᠳᠡᠵᠦ᠂ ᠤᠩᠰᠢᠨ ᠲᠠᠶ᠋ᠢᠯᠪᠤᠷᠢᠯᠠᠭ᠍ᠤ ᠵᠢ ᠬᠡᠰᠡᠭ ᠬᠤᠪᠢᠶᠠᠨ᠂ ᠤᠯᠠᠨ ᠤᠳᠠᠭ᠎ᠠ᠂ ᠦᠷᠭᠦᠯᠵᠢᠯᠡᠨ ᠦᠷᠨᠢᠬᠦᠯᠵᠦ᠂ ᠴᠠᠭ ᠲᠤᠬᠠᠢ᠎ᠳᠤᠨᠢ ᠠᠰᠠᠭᠤᠯᠳᠠ ᠵᠢ ᠬᠠᠷᠢᠭᠤᠯᠵᠦ ᠮᠠᠳᠠᠭ᠎ᠢ ᠠᠯᠳᠠᠷᠠᠭ᠋ᠠᠬᠤ ᠬᠡᠷᠡᠭᠳᠡᠢ᠃
      ᠲᠠᠪᠤᠳᠤᠭ᠋ᠠᠷ ᠵᠦᠢ᠍ᠯ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ ᠪᠤᠯ ᠲᠦᠷᠦ ᠵᠢᠨ ᠪᠤᠳᠤᠯᠭ᠎ᠠ ᠵᠢᠨ ᠠᠷᠭ᠎ᠠ ᠬᠡᠮᠵᠢᠶ᠎ᠡ ᠵᠢᠨ ᠠᠬᠤᠢ ᠪᠠᠶ᠋ᠢᠳᠠᠯ᠎ᠤᠨ ᠦᠨᠳᠦᠰᠦᠯᠡᠯ᠂ ᠬᠠᠷᠠᠯᠳᠠᠳᠤ ᠡᠭᠦᠷᠬᠡ᠂ ᠭᠤᠤᠯ ᠠᠭᠤᠯᠭ᠎ᠠ᠂ ᠬᠤᠯᠪᠤᠨᠨᠳᠠᠭ᠍ᠤ ᠬᠡᠪᠴᠢᠶ᠎ᠡ᠂ ᠬᠡᠷᠡᠭᠵᠢᠬᠦᠯᠬᠦ ᠪᠠᠷᠢᠮᠵᠢᠶ᠎ᠠ᠂ ᠵᠢᠴᠢ ᠠᠩᠬᠠᠷᠬᠤ ᠵᠦᠢ᠍ᠯᠡᠰ᠂ ᠵᠠᠩᠬᠢᠯᠠᠭ᠎ᠠ ᠵᠢᠨ ᠦᠬᠡ ᠵᠢ ᠲᠤᠳᠤᠷᠬᠠᠶ᠋ᠢᠯᠠᠭ᠍ᠤ᠂ ᠠᠷᠠᠳ᠎ᠢ ᠬᠠᠷᠠᠭ᠋ᠠᠯᠵᠠᠵᠦ ᠠᠷᠠᠳ᠎ᠲᠤ ᠠᠰᠢᠭ ᠭᠦᠷᠳᠡᠬᠡᠬᠦ ᠠᠷᠭ᠎ᠠ ᠪᠠᠷᠢᠯ᠂ ᠰᠢᠨ᠎ᠠ ᠬᠠᠭᠤᠴᠢᠨ ᠲᠦᠷᠦ ᠵᠢᠨ ᠪᠤᠳᠤᠯᠭ᠎ᠠ ᠵᠢᠨ ᠵᠦᠷᠢᠶ᠎ᠡ ᠢᠯᠭ᠋ᠠᠯ ᠵᠡᠷᠬᠡ ᠵᠢ ᠭᠤᠤᠯᠳᠠᠯᠭ᠎ᠠ᠎ᠲᠠᠢ ᠤᠩᠰᠢᠨ ᠲᠠᠶ᠋ᠢᠯᠪᠤᠷᠢᠯᠠᠵᠦ᠂ ᠲᠦᠷᠦ ᠵᠢᠨ ᠪᠤᠳᠤᠯᠭ᠎ᠠ ᠵᠢᠨ ᠠᠭᠤᠯᠤᠨᠨᠳᠠᠭ᠍ᠤᠨ᠎ᠢ ᠢᠯᠡ ᠲᠤᠳᠤ ᠪᠤᠯᠭ᠋ᠠᠨ᠂ ᠲᠠᠶ᠋ᠢᠯᠤᠮᠵᠢ ᠵᠢᠨ ᠲᠠᠯ᠎ᠠ᠎ᠪᠠᠷ ᠠᠳᠡᠬᠦᠦ ᠤᠶ᠋ᠢᠯᠠᠭ᠋ᠠᠮᠵᠢ ᠭᠠᠷᠬᠤ᠎ᠠᠴᠠ ᠵᠠᠶ᠋ᠢᠯᠠᠰᠬᠢᠬᠤ ᠬᠡᠷᠡᠭᠳᠡᠢ᠃
     (ᠨᠢᠬᠡ) ᠵᠠᠰᠠᠭ᠎ᠤᠨ ᠤᠷᠳᠤᠨ᠂ ᠵᠠᠰᠠᠭ᠎ᠤᠨ ᠤᠷᠳᠤᠨ᠎ᠤ ᠠᠯᠪᠠᠨ ᠲᠢᠩᠬᠢᠮ (ᠬᠡᠷ)᠎ᠤᠨ ᠨᠡᠷ᠎ᠡ᠎ᠪᠠᠷ ᠲᠠᠷᠤᠮᠠᠯᠯᠠᠨ ᠶᠠᠪᠤᠭᠤᠯᠤᠨᠨᠰᠠᠨ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠂ ᠲᠦᠷᠦᠭᠦᠯᠡᠨ ᠲᠤᠭᠤᠷᠪᠢᠨᠨᠰᠠᠨ ᠰᠠᠯᠠᠭ᠎ᠠ ᠮᠦᠴᠢᠷ᠎ᠠᠴᠠ ᠤᠷᠤᠯᠠᠨ ᠨᠤᠤᠷᠬᠠᠯᠬᠠᠰᠠᠨ ᠡᠬᠡ ᠪᠢᠴᠢᠭ᠎ᠢ ᠲᠡᠬᠡᠭᠰᠢ ᠮᠡᠳᠡᠬᠦᠯᠬᠦ ᠦᠶ᠎ᠡ᠎ᠳᠤ᠂ ᠤᠩᠰᠢᠨ ᠲᠠᠶ᠋ᠢᠯᠪᠤᠷᠢᠯᠠᠭ᠍ᠤ ᠲᠦᠰᠦᠯ᠎ᠢ ᠬᠠᠮᠳᠤ᠎ᠳᠤᠨᠢ ᠮᠡᠳᠡᠬᠦᠯᠦᠨ ᠭᠦᠷᠬᠡᠵᠦ᠂ ᠤᠩᠰᠢᠨ ᠲᠠᠶ᠋ᠢᠯᠪᠤᠷᠢᠯᠠᠭ᠍ᠤ ᠲᠦᠰᠦᠯ᠎ᠤᠨ ᠠᠭᠤᠯᠭ᠎ᠠ᠎ᠨᠢ ᠪᠦᠷᠢᠨ ᠪᠤᠰᠤ ᠪᠤᠶᠤ ᠵᠢᠷᠤᠮᠵᠢᠯ ᠦᠬᠡᠢ ᠪᠠᠶ᠋ᠢᠪᠠᠯ᠂ ᠵᠠᠰᠠᠭ᠎ᠤᠨ ᠤᠷᠳᠤᠨ᠎ᠤ ᠠᠯᠪᠠᠨ ᠲᠢᠩᠬᠢᠮ (ᠬᠡᠷ)᠎ᠨᠢ ᠬᠤᠯᠪᠤᠨᠨᠳᠠᠯ ᠪᠦᠭᠦᠢ ᠲᠤᠨᠨᠳᠠᠭ᠋ᠠᠯ ᠶᠤᠰᠤᠭ᠋ᠠᠷ ᠪᠢᠴᠢᠭ ᠮᠠᠲᠸᠷᠢᠶᠠᠯ᠎ᠢ ᠪᠤᠴᠠᠭ᠋ᠠᠵᠦ᠂ ᠴᠠᠭ ᠬᠢᠵᠠᠭ᠋ᠠᠷᠯᠠᠨ ᠨᠦᠭᠦᠪᠦᠷᠢᠯᠡᠵᠦ ᠵᠠᠯᠠᠷᠠᠭᠤᠯᠬᠤ ᠬᠡᠷᠡᠭᠳᠡᠢ᠃ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲ᠋ᠧᠷᠢᠶᠠᠯ᠎ᠢ ᠬᠢᠨᠠᠵᠦ ᠭᠠᠷ᠎ᠤᠨ ᠦᠰᠦᠭ ᠵᠢᠷᠤᠨᠨᠰᠠᠨ᠎ᠤ ᠲᠠᠷᠠᠭ᠎ᠠ ᠲᠤᠭᠤᠷᠪᠢᠨᠨᠰᠠᠨ ᠰᠠᠯᠠᠭ᠎ᠠ ᠮᠦᠴᠢᠷ᠎ᠨᠢ ᠤᠩᠰᠢᠨ ᠲᠠᠶ᠋ᠢᠯᠪᠤᠷᠢᠯᠠᠭ᠍ᠤ ᠲᠦᠰᠦᠯ᠎ᠤᠨ ᠶᠤᠰᠤᠭ᠋ᠠᠷ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠰᠠᠶ᠋ᠢᠳᠤᠷ ᠬᠢᠬᠦ ᠬᠡᠷᠡᠭᠳᠡᠢ᠃
     (ᠬᠤᠶᠠᠷ) ᠰᠠᠯᠠᠭ᠎ᠠ ᠮᠦᠴᠢᠷ᠎ᠤᠨ ᠨᠡᠷ᠎ᠡ᠎ᠪᠠᠷ ᠲᠠᠷᠤᠮᠠᠯᠯᠠᠨ ᠶᠠᠪᠤᠭᠤᠯᠤᠨᠨᠰᠠᠨ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠮᠡᠳᠡᠬᠦᠯᠦᠨ ᠵᠦᠪᠰᠢᠶᠡᠷᠡᠭᠦᠯᠭᠦ ᠦᠶᠡᠰ ᠤᠩᠰᠢᠨ ᠲᠠᠶ᠋ᠢᠯᠪᠤᠷᠢᠯᠠᠭ᠍ᠤ ᠲᠦᠰᠦᠯ᠎ᠲᠠᠢ ᠬᠠᠮᠳᠤ᠎ᠳᠤᠨᠢ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ᠎ᠳᠤ ᠮᠡᠳᠡᠬᠦᠯᠦᠨ ᠬᠢᠨᠠᠭᠤᠯᠵᠦ ᠭᠠᠷ᠎ᠤᠨ ᠦᠰᠦᠭ ᠵᠢᠷᠤᠭᠤᠯᠬᠤ ᠬᠡᠷᠡᠭᠳᠡᠢ᠃ ᠬᠢᠨᠠᠵᠦ ᠭᠠᠷ᠎ᠤᠨ ᠦᠰᠦᠭ ᠵᠢᠷᠤᠨᠨᠰᠠᠨ᠎ᠤ ᠲᠠᠷᠠᠭ᠎ᠠ ᠤᠩᠰᠢᠨ ᠲᠠᠶ᠋ᠢᠯᠪᠤᠷᠢᠯᠠᠭ᠍ᠤ ᠲᠦᠰᠦᠯ ᠶᠤᠰᠤᠭ᠋ᠠᠷ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠰᠠᠶ᠋ᠢᠳᠤᠷ ᠬᠢᠬᠦ ᠬᠡᠷᠡᠭᠳᠡᠢ᠃
      ᠵᠢᠷᠭᠤᠳᠤᠭ᠋ᠠᠷ ᠵᠦᠢ᠍ᠯ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠤᠩᠰᠢᠨ ᠲᠠᠶ᠋ᠢᠯᠪᠤᠷᠢᠯᠠᠭ᠍ᠤ ᠠᠵᠢᠯ᠎ᠳᠤ ᠲᠤᠤᠷᠠᠬᠢ ᠮᠡᠳᠦ ᠮᠠᠶᠢᠭ᠎ᠢ ᠠᠪᠴᠤ ᠪᠤᠯᠤᠨ᠎ᠠ᠄
     (ᠨᠢᠬᠡ) ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠲᠤᠭᠤᠷᠪᠢᠬᠤ ᠰᠠᠯᠠᠭ᠎ᠠ ᠮᠦᠴᠢᠷ᠎ᠤᠨ ᠬᠠᠷᠢᠭᠤᠴᠠᠯᠭ᠋ᠠᠳᠠᠨ᠎ᠨᠢ ᠰᠤᠨᠢᠨ ᠮᠡᠳᠡᠭᠡ ᠨᠡᠶ᠋ᠢᠳᠡᠯᠡᠬᠦ ᠬᠤᠷᠠᠯ᠂ ᠶᠠᠷᠢᠯᠴᠠᠭ᠋ᠠᠨ᠎ᠤ ᠰᠤᠷᠪᠤᠯᠵᠢᠯᠠᠭ᠎ᠠ ᠭᠦᠯᠢᠶᠡᠬᠦ᠂ ᠵᠤᠬᠢᠶᠠᠯ ᠨᠡᠶ᠋ᠢᠳᠡᠯᠡᠬᠦ ᠵᠡᠷᠬᠡ ᠠᠷᠭ᠎ᠠ ᠮᠠᠶᠢᠭ ᠵᠶ᠋ᠠᠷ ᠲᠦᠷᠦ ᠵᠢᠨ ᠪᠤᠳᠤᠯᠭ᠎ᠠ ᠵᠢ ᠤᠬᠠᠭᠤᠯᠤᠨ ᠰᠤᠷᠳᠠᠯᠴᠢᠯᠠᠵᠦ ᠪᠤᠯᠤᠨ᠎ᠠ᠃
     (ᠬᠤᠶᠠᠷ) ᠰᠦᠯᠵᠢᠶᠡᠨ᠎ᠳᠤ ᠶᠠᠷᠢᠯᠴᠠᠭ᠋ᠠᠨ᠎ᠤ ᠰᠤᠷᠪᠤᠯᠵᠢᠯᠠᠭ᠎ᠠ ᠭᠦᠯᠢᠶᠡᠬᠦ᠂ ᠵᠠᠭᠤᠴᠢᠯᠠᠭᠤᠷ᠎ᠤᠨ ᠲᠤᠰᠬᠠᠢ ᠰᠤᠷᠪᠤᠯᠵᠢᠯᠠᠭ᠎ᠠ᠂ ᠰᠤᠷᠪᠤᠯᠵᠢᠯᠬᠠᠴᠢ ᠵᠢᠨ ᠠᠰᠠᠭᠤᠯᠳᠠ ᠵᠢ ᠬᠠᠷᠢᠭᠤᠯᠬᠤ᠂ ᠲᠦᠷᠦ ᠵᠢᠨ ᠪᠤᠳᠤᠯᠭ᠎ᠠ ᠵᠢ ᠮᠡᠳᠡᠭᠳᠡᠬᠦ ᠬᠤᠷᠠᠯ ᠵᠡᠷᠬᠡ ᠬᠡᠯᠪᠡᠷᠢ᠎ᠪᠠᠷ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠵᠦ ᠪᠤᠯᠤᠨ᠎ᠠ᠃
     (ᠭᠤᠷᠪᠠ) ᠲᠦᠷᠦ ᠵᠢᠨ ᠪᠤᠳᠤᠯᠭ᠎ᠠ ᠵᠢ ᠲᠤᠨᠨᠳᠠᠭ᠋ᠠᠬᠤ᠎ᠳᠤ ᠤᠷᠤᠯᠴᠬᠠᠴᠢ᠂ ᠬᠤᠯᠪᠤᠨᠨᠳᠠᠯ ᠪᠦᠭᠦᠢ ᠭᠦᠷᠢᠶ᠎ᠡ ᠴᠠᠷᠠᠭ᠎ᠠ ᠵᠢᠨ ᠲᠤᠬᠠᠶ᠋ᠢᠯᠬᠠᠰᠠᠨ ᠠᠵᠢᠯ᠎ᠳᠤ ᠴᠠᠭ᠋ᠠᠷᠬᠠᠰᠠᠨ ᠲᠤᠰᠬᠠᠢ ᠮᠡᠷᠬᠡᠵᠢᠯᠳᠡᠨ ᠡᠷᠳᠡᠮᠳᠡᠨ᠎ᠢ ᠵᠤᠬᠢᠶᠠᠨ ᠪᠠᠶ᠋ᠢᠭᠤᠯᠵᠦ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠤᠩᠰᠢᠨ ᠲᠠᠶ᠋ᠢᠯᠪᠤᠷᠢᠯᠠᠭ᠍ᠤ ᠬᠡᠷᠡᠭᠳᠡᠢ᠃
     (ᠲᠦᠷᠪᠡ) ᠲᠤᠭ᠋ᠠᠵᠢᠭᠤᠯᠬᠤ᠂ ᠵᠢᠷᠤᠭ ᠭᠦᠰᠦᠨᠦᠭᠳᠦ ᠵᠢᠨ ᠲᠠᠶ᠋ᠢᠯᠤᠮᠵᠢ᠂ ᠠᠪᠢᠶ᠎ᠠ ᠲᠦᠷᠰᠦ ᠵᠢᠨ ᠬᠠᠷᠠᠭ᠋ᠠᠨ ᠲᠠᠪᠳᠠᠮᠵᠢ ᠵᠡᠷᠬᠡ ᠦᠵᠡᠵᠦ᠂ ᠤᠩᠰᠢᠵᠦ᠂ ᠰᠡᠷᠡᠵᠦ ᠪᠤᠯᠬᠤ ᠠᠷᠭ᠎ᠠ ᠮᠠᠶᠢᠭ ᠵᠶ᠋ᠠᠷ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠬᠡᠷᠡᠭᠳᠡᠢ᠃
      ᠲᠤᠯᠤᠳᠤᠭ᠋ᠠᠷ ᠵᠦᠢ᠍ᠯ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠲᠤᠤᠷᠠᠬᠢ ᠮᠡᠳᠦ ᠤᠯᠠᠮᠵᠢᠯᠠᠭ᠍ᠤ ᠠᠷᠭ᠎ᠠ ᠵᠠᠮ ᠵᠶ᠋ᠠᠷ ᠦᠷᠨᠢᠬᠦᠯᠬᠦ ᠬᠡᠷᠡᠭᠳᠡᠢ᠄
     (ᠨᠢᠬᠡ) ᠡᠯ᠎ᠡ ᠱᠠᠳᠤᠨ᠎ᠤ ᠵᠠᠰᠠᠭ᠎ᠤᠨ ᠤᠷᠳᠤᠨ᠎ᠤ ᠰᠦᠯᠵᠢᠶ᠎ᠡ᠎ᠨᠢ ᠲᠦᠷᠦ ᠵᠢᠨ ᠪᠤᠳᠤᠯᠭ᠎ᠠ ᠵᠢ ᠨᠡᠶ᠋ᠢᠳᠡᠯᠡᠵᠦ ᠤᠩᠰᠢᠨ ᠲᠠᠶ᠋ᠢᠯᠪᠤᠷᠢᠯᠠᠭ᠍ᠤ ᠠᠩᠬᠠᠨ᠎ᠤ ᠲᠡᠪᠴᠡᠩ ᠪᠤᠯᠤᠨᠨᠰᠠᠨ᠎ᠤ ᠬᠤᠪᠢ᠎ᠳᠤ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠪᠠ ᠰᠦᠯᠵᠢᠶᠡᠨ᠎ᠳᠤ ᠶᠠᠷᠢᠯᠴᠠᠨ ᠰᠤᠷᠪᠤᠯᠵᠢᠯᠠᠭ᠍ᠤ ᠲᠤᠰᠬᠠᠢ ᠪᠤᠯᠤᠩ ᠨᠡᠬᠡᠬᠡᠵᠦ᠂ ᠤᠩᠰᠢᠨ ᠲᠠᠶ᠋ᠢᠯᠪᠤᠷᠢᠯᠬᠠᠰᠠᠨ ᠮᠡᠳᠡᠭᠡ ᠵᠠᠩᠬᠢ᠎ᠪᠠᠨ ᠲᠦᠪᠯᠡᠷᠡᠭᠦᠯᠦᠨ ᠨᠡᠶ᠋ᠢᠳᠡᠯᠡᠬᠦ ᠬᠡᠷᠡᠭᠳᠡᠢ᠃
     (ᠬᠤᠶᠠᠷ) ᠠᠷᠠᠳ᠎ᠤᠨ ᠠᠮᠢᠳᠤᠷᠠᠯ᠎ᠤᠨ ᠴᠢᠬᠤᠯᠠ ᠶᠡᠭᠡ ᠠᠰᠠᠭᠤᠳᠠᠯ᠂ ᠨᠡᠶ᠋ᠢᠬᠡᠮ᠎ᠤᠨ ᠬᠠᠯᠠᠮᠰᠢᠯ ᠶᠡᠬᠡᠳᠡᠢ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠳᠤ ᠬᠤᠯᠪᠤᠨᠨᠳᠠᠪᠠᠯ᠂ ᠰᠤᠨᠢᠨ ᠮᠡᠳᠡᠭᠡ ᠨᠡᠶ᠋ᠢᠳᠡᠯᠡᠬᠦ ᠬᠤᠷᠠᠯ᠎ᠤᠨ ᠬᠡᠯᠪᠡᠷᠢ ᠮᠠᠶᠢᠭ ᠵᠶ᠋ᠠᠷ ᠲᠦᠷᠦ ᠵᠢᠨ ᠪᠤᠳᠤᠯᠭ᠎ᠠ ᠵᠢ ᠴᠠᠭ ᠲᠤᠬᠠᠢ᠎ᠳᠤᠨᠢ ᠤᠩᠰᠢᠨ ᠲᠠᠶ᠋ᠢᠯᠪᠤᠷᠢᠯᠠᠭ᠍ᠤ ᠬᠡᠷᠡᠭᠳᠡᠢ᠃
     (ᠭᠤᠷᠪᠠ) ᠵᠠᠰᠠᠭ᠎ᠤᠨ ᠶᠠᠪᠤᠳᠠᠯ᠎ᠤᠨ ᠪᠢᠴᠢᠯ ᠪᠦᠷᠬᠡ ᠸᠢᠴᠠᠲ ᠪᠠ ᠨᠡᠬᠦᠳᠡᠯ ᠬᠤᠯᠪᠤᠭ᠎ᠠ ᠵᠢᠨ ᠬᠠᠷᠢᠴᠠᠭ᠋ᠠᠨ᠎ᠤ ᠡᠷᠦᠬᠡ ᠵᠢᠨ ᠦᠵᠦᠭᠦᠷ ᠵᠡᠷᠬᠡ ᠰᠢᠨ᠎ᠠ ᠵᠠᠭᠤᠴᠢᠯᠠᠭᠤᠷ᠎ᠤᠨ ᠲᠡᠪᠴᠡᠩ᠎ᠢ ᠨᠢᠬᠡᠳᠦᠯᠳᠡᠢ ᠲᠦᠯᠦᠪᠵᠢᠬᠦᠯᠦᠨ ᠬᠡᠷᠡᠭᠯᠡᠵᠦ ᠪᠠᠶ᠋ᠢᠭ᠋ᠠᠳ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠤᠩᠰᠢᠨ ᠲᠠᠶ᠋ᠢᠯᠪᠤᠷᠢᠯᠠᠭ᠍ᠤ ᠮᠡᠳᠡᠭᠡ ᠵᠠᠩᠬᠢ ᠵᠢ ᠨᠡᠶ᠋ᠢᠳᠡᠯᠡᠨ᠂ ᠤᠩᠰᠢᠨ ᠲᠠᠶ᠋ᠢᠯᠪᠤᠷᠢᠯᠠᠭ᠍ᠤ ᠮᠡᠳᠡᠭᠡ ᠵᠠᠩᠬᠢ ᠵᠢᠨ ᠭᠦᠯᠢᠶᠡᠨ ᠠᠪᠬᠤ ᠬᠡᠪᠴᠢᠶ᠎ᠡ ᠵᠢ ᠦᠷᠬᠡᠳᠬᠡᠬᠦ ᠬᠡᠷᠡᠭᠳᠡᠢ᠃
    ᠨᠠᠢ᠍ᠮᠠᠳᠤᠭ᠋ᠠᠷ ᠵᠦᠢ᠍ᠯ ᠤᠯᠠᠨ ᠲᠦᠮᠡᠨ᠎ᠤ ᠲᠤᠰ ᠪᠡᠶ᠎ᠡ ᠵᠢᠨ ᠠᠰᠢᠭ ᠲᠤᠰᠠ᠂ ᠵᠠᠬ᠎ᠠ ᠲᠡᠯᠬᠡᠭᠦᠷ᠎ᠤᠨ ᠵᠢᠱ᠌ᠢᠯᠳᠡ ᠵᠢ ᠨᠦᠯᠦᠬᠡᠯᠡᠬᠦ ᠵᠡᠷᠬᠡ ᠴᠢᠬᠤᠯᠠ ᠶᠡᠭᠡ ᠲᠦᠷᠦ ᠵᠢᠨ ᠪᠤᠳᠤᠯᠭ᠎ᠠ᠎ᠳᠤ ᠬᠤᠯᠪᠤᠨᠨᠳᠠᠪᠠᠯ᠂ ᠡᠯ᠎ᠡ ᠱᠠᠳᠤᠨ᠎ᠤ ᠵᠠᠰᠠᠭ᠎ᠤᠨ ᠤᠷᠳᠤᠨ ᠵᠢᠴᠢ ᠰᠠᠯᠠᠭ᠎ᠠ ᠮᠦᠴᠢᠷ᠎ᠤᠳ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠵᠢ ᠴᠠᠭ ᠲᠤᠬᠠᠢ᠎ᠳᠤᠨᠢ ᠦᠷᠨᠢᠬᠦᠯᠵᠦ᠂ ᠵᠠᠰᠠᠭ᠎ᠤᠨ ᠤᠷᠳᠤᠨ ᠬᠢᠬᠡᠳ ᠵᠠᠬ᠎ᠠ ᠲᠡᠯᠬᠡᠭᠦᠷ᠂ ᠨᠡᠶ᠋ᠢᠬᠡᠮ᠎ᠯᠦᠭᠡ ᠨᠡᠪᠳᠡᠷᠡᠯᠴᠡᠬᠦ ᠠᠵᠢᠯ᠎ᠢ ᠰᠠᠶ᠋ᠢᠳᠤᠷ ᠬᠢᠵᠦ᠂ ᠲᠦᠷᠦ ᠵᠢᠨ ᠪᠤᠳᠤᠯᠭ᠎ᠠ ᠵᠢᠨ ᠵᠤᠷᠢᠯᠳᠠ ᠵᠢ ᠴᠠᠭ ᠲᠤᠬᠠᠢ᠎ᠳᠤᠨᠢ ᠤᠨᠤᠪᠴᠢᠳᠠᠢ ᠲᠠᠮᠵᠢᠭᠤᠯᠬᠤ ᠬᠡᠷᠡᠭᠳᠡᠢ᠃ ᠲᠦᠷᠦ ᠵᠢᠨ ᠪᠤᠳᠤᠯᠭ᠎ᠠ ᠵᠢ ᠬᠡᠷᠡᠭᠵᠢᠬᠦᠯᠬᠦ ᠶᠠᠪᠤᠴᠠ᠎ᠳᠤ᠂ ᠨᠡᠶ᠋ᠢᠬᠡᠮ᠎ᠤᠨ ᠶᠠᠷᠢᠶ᠎ᠠ ᠬᠡᠯᠡᠯᠴᠡᠭᠡ ᠪᠠ ᠵᠠᠬ᠎ᠠ ᠲᠡᠯᠬᠡᠭᠦᠷ᠎ᠤᠨ ᠬᠠᠷᠢᠭᠤ ᠲᠤᠰᠬᠠᠯ᠎ᠤᠨ ᠮᠡᠳᠡᠭᠡ ᠵᠠᠩᠬᠢ ᠵᠢ ᠴᠤᠨᠨᠯᠠᠭᠤᠯᠬᠤ ᠵᠢ ᠴᠢᠬᠤᠯᠠᠴᠢᠯᠠᠵᠦ᠂ ᠵᠠᠬ᠎ᠠ ᠲᠡᠯᠬᠡᠭᠦᠷ ᠪᠠ ᠨᠡᠶ᠋ᠢᠬᠡᠮ᠎ᠤᠨ ᠬᠠᠯᠠᠮᠵᠢᠯᠠᠵᠦ ᠪᠦᠭᠦᠢ ᠵᠦᠢ᠍ᠯᠡᠰ᠎ᠲᠤ ᠴᠢᠭᠯᠡᠬᠦᠯᠦᠨ᠂ ᠲᠦᠷᠦ ᠵᠢᠨ ᠪᠤᠳᠤᠯᠭ᠎ᠠ ᠵᠢ ᠤᠩᠰᠢᠨ ᠲᠠᠶ᠋ᠢᠯᠪᠤᠷᠢᠯᠠᠭ᠍ᠤ ᠵᠢ ᠰᠠᠶ᠋ᠢᠳᠤᠷ ᠬᠢᠵᠦ᠂ ᠠᠳᠡᠬᠦᠦ ᠦᠢ᠍ᠯᠠᠭ᠋ᠠᠯᠳᠠ ᠰᠡᠵᠢᠭ ᠲᠠᠭ᠋ᠠᠮᠠᠭ᠎ᠢ ᠪᠠᠭ᠋ᠠᠰᠬᠠᠨ᠂ ᠵᠢᠱ᠌ᠢᠯᠳᠡ ᠵᠢ ᠲᠤᠨᠨᠳᠠᠪᠤᠷᠢᠵᠢᠭᠤᠯᠬᠤ ᠬᠡᠷᠡᠭᠳᠡᠢ᠃
      ᠶᠢᠰᠦᠳᠦᠬᠡᠷ ᠵᠦᠢ᠍ᠯ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠎ᠤᠳ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠵᠦ᠂ ᠲᠦᠷᠦ ᠵᠢᠨ ᠪᠤᠳᠤᠯᠭ᠎ᠠ ᠵᠢ ᠲᠤᠨᠨᠳᠠᠭ᠋ᠠᠬᠤ᠎ᠳᠤ ᠤᠷᠤᠯᠴᠬᠠᠴᠢ᠂ ᠲᠤᠰᠬᠠᠢ ᠮᠡᠷᠬᠡᠵᠢᠯᠳᠡᠨ ᠡᠷᠳᠡᠮᠳᠡᠨ᠂ ᠰᠤᠨᠢᠨ ᠮᠡᠳᠡᠬᠡᠨ᠎ᠤ ᠰᠢᠭᠦᠮᠵᠢᠯᠡᠭᠴᠢ᠂ ᠵᠠᠭᠤᠴᠢᠯᠠᠭᠤᠷ᠎ᠤᠨ ᠰᠤᠷᠪᠤᠯᠵᠢᠯᠬᠠᠴᠢ ᠵᠡᠷᠬᠡ᠎ᠪᠠᠷ ᠪᠦᠷᠢᠯᠳᠦᠭᠰᠡᠨ ᠤᠩᠰᠢᠨ ᠲᠠᠶ᠋ᠢᠯᠪᠤᠷᠢᠯᠠᠭ᠍ᠤ ᠲᠤᠰᠬᠠᠢ ᠮᠡᠷᠬᠡᠵᠢᠯᠳᠡᠨ᠎ᠤ ᠡᠩᠨᠡᠭᠡ ᠵᠢ ᠵᠤᠬᠢᠶᠠᠨ ᠪᠠᠶ᠋ᠢᠭᠤᠯᠵᠦ᠂ ᠵᠠᠭᠤᠴᠢᠯᠠᠭᠤᠷ ᠪᠠ ᠲᠤᠰᠬᠠᠢ ᠪᠠᠶ᠋ᠢᠭᠤᠯᠤᠮᠵᠢ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠲᠦᠷᠦ ᠵᠢᠨ ᠪᠤᠳᠤᠯᠭ᠎ᠠ ᠤᠩᠰᠢᠨ ᠲᠠᠶ᠋ᠢᠯᠬᠤ ᠵᠢᠨ ᠰᠢᠨᠵᠢᠯᠡᠬᠦ ᠤᠬᠠᠭ᠋ᠠᠨᠴᠢ ᠴᠢᠨᠠᠷ᠂ ᠡᠷᠬᠡ ᠰᠦᠷᠳᠦ ᠴᠢᠨᠠᠷ ᠪᠠ ᠪᠦᠳᠦᠮᠵᠢᠳᠡᠢ ᠴᠢᠨᠠᠷ᠎ᠢ ᠲᠡᠬᠡᠭᠰᠢᠯᠡᠬᠦᠯᠬᠦ ᠬᠡᠷᠡᠭᠳᠡᠢ᠃
      ᠠᠷᠪᠠᠳᠤᠭ᠋ᠠᠷ ᠵᠦᠢ᠍ᠯ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ᠎ᠤᠳ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠤᠩᠰᠢᠨ ᠲᠠᠶ᠋ᠢᠯᠪᠤᠷᠢᠯᠠᠭ᠍ᠤ ᠠᠵᠢᠯ᠎ᠤᠨ ᠲᠤᠨᠨᠳᠠᠴᠠ ᠪᠠ ᠲᠠᠷᠠᠭ᠋ᠠᠯᠠᠯ᠎ᠢ ᠪᠠᠶ᠋ᠢᠭᠤᠯᠤᠨ ᠪᠦᠷᠢᠨᠰᠢᠬᠦᠯᠵᠦ᠂ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠪᠤᠯᠪᠠᠰᠤᠷᠠᠭᠤᠯᠤᠯ᠎ᠤᠨ ᠲᠦᠯᠦᠪᠯᠡᠭᠡ᠎ᠳᠤ ᠤᠷᠤᠭᠤᠯᠤᠨ᠂ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠲᠤᠭᠤᠷᠪᠢᠬᠤ᠂ ᠬᠢᠨᠠᠨ ᠬᠠᠷᠭᠤᠭᠤᠯᠬᠤ᠂ ᠨᠡᠶ᠋ᠢᠳᠡᠯᠡᠬᠦ᠂ ᠤᠩᠰᠢᠨ ᠲᠠᠶ᠋ᠢᠯᠪᠤᠷᠢᠯᠠᠭ᠍ᠤ ᠠᠵᠢᠯᠳᠠᠨ᠎ᠤ ᠠᠵᠢᠯᠯᠠᠭ᠍ᠤ ᠴᠢᠳᠠᠪᠤᠷᠢ ᠪᠠ ᠬᠢᠷᠢ ᠬᠡᠮᠵᠢᠶ᠎ᠡ ᠵᠢ ᠲᠠᠰᠤᠷᠠᠯᠳᠠ ᠦᠬᠡᠢ ᠲᠡᠬᠡᠭᠰᠢᠯᠡᠬᠦᠯᠬᠦ ᠬᠡᠷᠡᠭᠳᠡᠢ᠃ ᠲᠦᠷᠦ ᠵᠢᠨ ᠪᠤᠳᠤᠯᠭ᠎ᠠ ᠵᠢᠨ ᠴᠢᠨᠠᠷᠳᠠᠢ ᠪᠢᠴᠢᠭ ᠮᠠᠲᠸᠷᠢᠶᠠᠯ᠎ᠢ ᠤᠩᠰᠢᠨ ᠲᠠᠶ᠋ᠢᠯᠪᠤᠷᠢᠯᠠᠭ᠍ᠤ ᠠᠵᠢᠯ᠎ᠢ ᠵᠠᠰᠠᠭ᠎ᠤᠨ ᠶᠠᠪᠤᠳᠠᠯ᠎ᠢ ᠢᠯᠡ ᠪᠤᠯᠭ᠋ᠠᠬᠤ ᠤᠨ᠎ᠤ ᠰᠢᠯᠭ᠋ᠠᠨ ᠬᠢᠨᠠᠭ᠍ᠤ ᠬᠡᠪᠴᠢᠶ᠎ᠡ᠎ᠳᠤ ᠤᠷᠤᠭᠤᠯᠬᠤ ᠬᠡᠷᠡᠭᠳᠡᠢ᠃
      ᠠᠷᠪᠠᠨ ᠨᠢᠬᠡᠳᠦᠬᠡᠷ ᠵᠦᠢ᠍ᠯ ᠲᠤᠰ ᠠᠷᠭ᠎ᠠ ᠵᠢ ᠨᠡᠶ᠋ᠢᠳᠡᠯᠡᠭᠰᠡᠨ ᠡᠳᠦᠷ᠎ᠠᠴᠠ ᠡᠬᠢᠯᠡᠨ ᠬᠡᠷᠡᠭᠵᠢᠬᠦᠯᠦᠨ᠎ᠠ᠃


ᠢᠷᠡᠯᠲᠡ᠄
          
ᠬᠠᠮᠢᠶ᠎ᠡ ᠪᠦᠬᠦᠢ ᠰᠣᠨᠢᠨ
 
            