ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠪᠣᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠦᠷᠢᠯᠳᠦᠭᠦᠨ ᠰᠠᠯᠠᠭ᠎ᠠ ᠮᠥᠴᠢᠷ ᠪᠠᠢ᠌ᠵᠤ᠂ ᠵᠢᠩᠬᠢᠨᠢ ᠲᠢᠩᠬᠢᠮ᠎ᠤᠨ ᠲᠠᠰ ᠪᠣᠯᠣᠨ᠎ᠠ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶᠠᠨ᠎ᠤ ᠠᠯᠪᠠᠨ ᠭᠡᠷ᠎ᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠳᠤ ᠪᠠᠢ᠌ᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ᠎ᠤᠨ ᠨᠠᠷᠢᠨ ᠪᠢᠴᠢᠭ᠎ᠤᠨ ᠭᠠᠵᠠᠷ᠎ᠢ ᠪᠠᠢ᠌ᠭᠤᠯᠪᠠ᠃
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠨᠢ ᠨᠠᠮ᠎ᠤᠨ ᠲᠥᠪ ᠬᠤᠷᠢᠶᠠᠨ᠎ᠤ ᠪᠥᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠲᠤᠬᠠᠶ ᠴᠢᠭᠯᠡᠯᠲᠡ ᠲᠥᠷᠥ ᠵᠢᠨ ᠪᠣᠳᠣᠯᠭ᠎ᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠠᠮᠢᠶ᠎ᠠ ᠪᠦᠬᠦᠢ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠬᠠᠷᠢᠭᠤᠴᠠᠵᠤ᠂ ᠡᠭᠦᠷᠭᠡ ᠬᠠᠷᠢᠭᠤᠴᠠᠯᠭ᠎ᠠ᠎ᠪᠠᠨ ᠭ᠋ᠦᠢ᠍ᠴᠡᠳᠬᠡᠬᠦ ᠶᠠᠪᠤᠴᠠ᠎ᠳᠤ ᠪᠥᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠳᠠᠬᠢ ᠨᠠᠮ᠎ᠤᠨ ᠲᠥᠪᠯᠡᠷᠡᠩᠭᠦᠶ ᠨᠢᠭᠡᠳᠦᠯᠲᠡᠶ ᠤᠳᠤᠷᠢᠳᠤᠯᠭ᠎ᠠ ᠵᠢ ᠪᠠᠷᠢᠮᠲᠠᠯᠠᠨ ᠴᠢᠩᠭ᠋ᠠᠳᠬᠠᠨ᠎ᠠ᠃
ᠭᠤᠣᠯ ᠡᠭᠦᠷᠭᠡ ᠬᠠᠷᠢᠭᠤᠴᠠᠯᠭ᠎ᠠ᠄
(ᠨᠢᠭᠡ) ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠴᠢᠬᠤᠯᠠ ᠶᠡᠭᠡ ᠠᠰᠠᠭᠤᠳᠠᠯ᠎ᠤᠨ ᠲᠥᠷᠥ ᠵᠢᠨ ᠪᠣᠳᠣᠯᠭ᠎ᠠ ᠵᠢᠨ ᠰᠤᠳᠤᠯᠤᠯ᠎ᠢ ᠡᠭᠦᠷᠭᠡᠯᠡᠵᠦ᠂ ᠬᠤᠯᠪᠣᠭᠳᠠᠯ ᠪᠦᠬᠦᠢ ᠲᠠᠯ᠎ᠠ ᠵᠢᠨ᠎ᠬᠢᠨ᠎ᠢ ᠵᠣᠬᠢᠴᠠᠭᠤᠯᠤᠨ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠳᠤᠮᠳᠠ ᠪᠠ ᠤᠷᠲᠤ ᠬᠤᠭᠤᠴᠠᠭ᠋ᠠᠨ᠎ᠤ ᠲᠥᠯᠥᠪᠵᠢᠭᠦᠯᠭᠡ ᠵᠢᠨ ᠰᠠᠨᠠᠭᠤᠯᠭ᠎ᠠ ᠳᠤᠷᠠᠳᠴᠤ᠂ ᠬᠤᠯᠪᠣᠭᠳᠠᠯ ᠪᠦᠬᠦᠢ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠱᠠᠯᠠᠪᠳᠠᠭᠤᠯᠤᠨ ᠪᠠᠶ᠋ᠢᠴᠠᠭ᠋ᠠᠬᠤ ᠠᠵᠢᠯ᠎ᠢ ᠬᠠᠷᠢᠭᠤᠴᠠᠨ᠎ᠠ᠃
(ᠬᠤᠶᠠᠷ) ᠣᠷᠣᠨ ᠨᠤᠲᠤᠭ᠎ᠤᠨ ᠬᠠᠤᠯᠢ ᠲᠣᠭᠲᠠᠭ᠋ᠠᠬᠤ ᠠᠵᠢᠯ᠎ᠢ ᠨᠢᠭᠡᠳᠦᠯᠲᠡᠶ ᠲᠥᠯᠥᠪᠵᠢᠭᠦᠯᠬᠦ ᠬᠠᠷᠢᠭᠤᠴᠠᠯᠭ᠎ᠠ ᠵᠢ ᠡᠭᠦᠷᠭᠡᠯᠡᠨ᠎ᠡ᠃ ᠨᠡᠶ᠋ᠢᠭᠡᠮ ᠨᠡᠶ᠋ᠢᠲᠡ᠎ᠠᠴᠠ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠪᠠ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ ᠲᠣᠭᠲᠠᠭ᠋ᠠᠬᠤ ᠲᠥᠷᠥᠯ ᠵᠦᠶᠯ᠎ᠤᠨ ᠰᠠᠨᠠᠭᠤᠯᠭ᠎ᠠ ᠵᠢ ᠴᠤᠭᠯᠠᠭᠤᠯᠬᠤ ᠵᠢ ᠬᠠᠷᠢᠭᠤᠴᠠᠨ᠎ᠠ᠃
(ᠭᠤᠷᠪᠠ) ᠬᠤᠯᠪᠣᠭᠳᠠᠯ ᠪᠦᠬᠦᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠪᠣᠯᠤᠨ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠡᠬᠡ ᠨᠣᠣᠷᠠᠭ᠎ᠢ ᠲᠤᠭᠤᠷᠪᠢᠬᠤ ᠪᠤᠶᠤ ᠵᠣᠬᠢᠶᠠᠨ ᠪᠠᠶ᠋ᠢᠭᠤᠯᠤᠨ ᠲᠤᠭᠤᠷᠪᠢᠬᠤ ᠵᠢ ᠬᠠᠷᠢᠭᠤᠴᠠᠨ᠎ᠠ᠃ ᠬᠠᠤᠯᠢ ᠲᠣᠭᠲᠠᠭ᠋ᠠᠯᠲᠠ ᠵᠢ ᠵᠣᠬᠢᠴᠠᠭᠤᠯᠬᠤ ᠠᠵᠢᠯ᠎ᠢ ᠬᠠᠷᠢᠭᠤᠴᠠᠨ᠎ᠠ᠃
(ᠳᠥᠷᠪᠡ) ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠲᠠᠶ᠋ᠢᠯᠪᠤᠷᠢ᠂ ᠬᠠᠤᠯᠢ ᠲᠣᠭᠲᠠᠭ᠋ᠠᠭᠰᠠᠨ᠎ᠤ ᠳᠠᠷᠠᠭ᠋ᠠᠬᠢ ᠦᠨᠡᠯᠡᠨ ᠵᠢᠱ᠌ᠢᠬᠦ ᠠᠵᠢᠯ᠎ᠢ ᠳᠠᠭ᠋ᠠᠭ᠋ᠠᠨ ᠬᠢᠨ᠎ᠡ᠃ ᠲᠣᠭᠤᠷᠢᠭ ᠪᠠᠶ᠋ᠢᠭᠤᠯᠤᠭᠰᠠᠨ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ ᠪᠠ ᠡᠯ᠎ᠡ ᠠᠶ᠋ᠢᠮᠠᠭ᠎ᠤᠨ ᠵᠠᠬᠢᠷᠭ᠎ᠠ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ᠎ᠤᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠳᠠᠩᠰᠠᠯᠠᠵᠤ ᠬᠢᠨᠠᠨ ᠪᠠᠶ᠋ᠢᠴᠠᠭ᠋ᠠᠬᠤ ᠠᠵᠢᠯ᠎ᠢ ᠬᠠᠷᠢᠭᠤᠴᠠᠨ᠎ᠠ᠃
(ᠲᠠᠪᠤ) ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠨ ᠲᠦᠯᠬᠢᠨ ᠠᠬᠢᠭᠤᠯᠬᠤ ᠬᠠᠷᠢᠭᠤᠴᠠᠯᠭ᠎ᠠ ᠵᠢ ᠡᠭᠦᠷᠭᠡᠯᠡᠨ᠎ᠡ᠃ ᠪᠦᠬᠦ ᠣᠷᠣᠨ᠎ᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠂ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ ᠠᠵᠢᠯ᠎ᠢ ᠵᠢᠯᠣᠭᠤᠳᠤᠨ᠂ ᠬᠢᠨᠠᠯᠲᠠ ᠲᠠᠯᠪᠢᠵᠤ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠂ ᠵᠠᠷᠭᠤ ᠬᠦᠯᠢᠶᠡᠬᠦ ᠬᠡᠷᠡᠭ᠎ᠢ ᠰᠢᠶᠳᠪᠦᠷᠢᠯᠡᠬᠦ ᠠᠵᠢᠯ᠎ᠢ ᠬᠠᠷᠢᠭᠤᠴᠠᠨ᠎ᠠ᠃
(ᠵᠢᠷᠭᠤᠭ᠎ᠠ) ᠬᠠᠤᠯᠢ᠎ᠪᠠᠷ ᠵᠠᠰᠠᠬᠤ ᠨᠡᠶ᠋ᠢᠭᠡᠮ᠎ᠤᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠵᠢᠭᠦᠯᠬᠦ ᠬᠠᠷᠢᠭᠤᠴᠠᠯᠭ᠎ᠠ ᠵᠢ ᠡᠭᠦᠷᠭᠡᠯᠡᠨ᠎ᠡ᠃ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠲᠥᠯᠥᠪᠵᠢᠭᠦᠯᠭᠡ ᠵᠢ ᠲᠤᠭᠤᠷᠪᠢᠬᠤ ᠵᠢ ᠬᠠᠷᠢᠭᠤᠴᠠᠵᠤ᠂ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠠᠷᠠᠳ ᠲᠦᠮᠡᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ᠎ᠳᠤ ᠣᠷᠣᠯᠴᠠᠬᠤ ᠵᠢ ᠲᠦᠯᠬᠢᠨ ᠠᠬᠢᠭᠤᠯᠤᠨ᠎ᠠ᠃ ᠬᠠᠤᠯᠢ ᠶᠣᠰᠣᠭ᠋ᠠᠷ ᠵᠠᠰᠠᠬᠤ ᠪᠠ ᠬᠠᠤᠯᠢᠵᠢᠯ᠎ᠤᠨ ᠡᠭᠦᠳᠦᠨ ᠪᠠᠶ᠋ᠢᠭᠤᠯᠬᠤ ᠠᠵᠢᠯ᠎ᠢ ᠵᠢᠯᠣᠭᠤᠳᠤᠨ᠎ᠠ᠃ ᠡᠶᠡᠳᠡᠭᠦᠯᠬᠦ ᠠᠵᠢᠯ ᠪᠠ ᠠᠷᠠᠳ᠎ᠤᠨ ᠬᠠᠪᠰᠤᠷᠤᠨ ᠰᠢᠭᠦᠭᠴᠢ᠂ ᠠᠷᠠᠳ᠎ᠤᠨ ᠬᠢᠨᠠᠯᠲᠠ ᠲᠠᠯᠪᠢᠭᠴᠢ ᠵᠢ ᠰᠣᠩᠭᠤᠨ ᠲᠣᠮᠢᠯᠠᠬᠤ ᠬᠠᠮᠢᠶᠠᠷᠤᠯᠲᠠ ᠵᠢᠨ ᠠᠵᠢᠯ᠎ᠢ ᠵᠢᠯᠣᠭᠤᠳᠴᠤ᠂ ᠬᠠᠤᠯᠢ ᠴᠠᠭ᠋ᠠᠵᠠ ᠵᠢᠨ ᠭᠠᠵᠠᠷ᠎ᠤᠨ ᠪᠠᠶ᠋ᠢᠭᠤᠯᠤᠯᠲᠠ ᠵᠢ ᠲᠦᠯᠬᠢᠨ ᠠᠬᠢᠭᠤᠯᠤᠨ᠎ᠠ᠃
(ᠳᠣᠯᠤᠭ᠎ᠠ) ᠨᠡᠶ᠋ᠢᠭᠡᠮ ᠲᠣᠭᠤᠷᠢᠭ᠎ᠤᠨ ᠵᠠᠰᠠᠮᠵᠢᠯᠠᠯ᠎ᠤᠨ ᠠᠵᠢᠯ᠎ᠢ ᠬᠠᠷᠢᠭᠤᠴᠠᠨ ᠵᠢᠯᠣᠭᠤᠳᠴᠤ ᠬᠠᠮᠢᠶᠠᠷᠤᠨ᠎ᠠ᠃ ᠡᠷᠡᠭᠦᠦ ᠵᠢᠨ ᠬᠤᠭᠤᠴᠠᠭ᠎ᠠ᠎ᠨᠢ ᠳᠦᠭᠦᠷᠴᠦ ᠰᠤᠯᠠᠯᠠᠭᠳᠠᠭᠰᠠᠨ ᠬᠥᠮᠦᠰ᠎ᠢ ᠬᠠᠪᠰᠤᠷᠤᠨ ᠰᠤᠷᠭ᠋ᠠᠬᠤ ᠲᠥᠪᠬᠢᠨᠡᠭᠦᠯᠬᠦ ᠠᠵᠢᠯ᠎ᠢ ᠵᠢᠯᠣᠭᠤᠳᠤᠨ᠎ᠠ᠃
(ᠨᠠᠢ᠍ᠮᠠ) ᠪᠦᠬᠦ ᠣᠷᠣᠨ᠎ᠤ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠰᠢᠰᠲ᠋ᠧᠮᠵᠢ ᠵᠢᠨ ᠪᠠᠶ᠋ᠢᠭᠤᠯᠤᠯᠲᠠ ᠵᠢᠨ ᠲᠥᠯᠥᠪᠵᠢᠭᠦᠯᠭᠡ ᠵᠢ ᠲᠤᠭᠤᠷᠪᠢᠬᠤ ᠵᠢ ᠬᠠᠷᠢᠭᠤᠴᠠᠬᠤ ᠵᠢᠨ ᠬᠠᠮᠲᠤ ᠵᠢᠯᠣᠭᠤᠳᠤᠨ ᠬᠡᠷᠡᠭᠵᠢᠭᠦᠯᠵᠦ᠂ ᠬᠤᠲᠠ ᠬᠥᠳᠡᠭᠡ᠂ ᠣᠷᠣᠨ ᠪᠦᠰᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠡᠬᠢ ᠪᠠᠶᠠᠯᠢᠭ᠎ᠢ ᠨᠢᠭᠡᠳᠦᠯᠲᠡᠶ ᠲᠥᠯᠥᠪᠯᠡᠬᠦ ᠪᠠ ᠪᠠᠶ᠋ᠢᠷᠢᠯᠠᠭᠤᠯᠤᠨ᠎ᠠ᠃ ᠬᠠᠤᠯᠢ ᠴᠠᠭ᠋ᠠᠵᠠ ᠵᠢᠨ ᠵᠥᠪᠯᠡᠭᠴᠢ᠂ ᠬᠠᠤᠯᠢᠴᠢ᠂ ᠬᠠᠤᠯᠢ ᠴᠠᠭ᠋ᠠᠵᠠ ᠵᠢᠨ ᠲᠤᠰᠠᠯᠠᠮᠵᠢ᠂ ᠬᠠᠣᠯᠢ ᠵᠢᠨ ᠰᠢᠯᠭ᠋ᠠᠨ ᠪᠠᠲᠤᠯᠠᠯᠲᠠ᠂ ᠠᠯᠪᠠᠨ ᠭᠡᠷᠡᠴᠢᠯᠡᠭᠡ᠂ ᠬᠥᠨᠳᠡᠯᠡᠨ᠎ᠠᠴᠠ ᠲᠠᠰᠤᠯᠬᠤ ᠪᠠ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠠᠵᠢᠯ᠎ᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠬᠠᠶ ᠮᠡᠷᠭᠡᠵᠢᠯᠲᠡᠨ᠎ᠤ ᠬᠥᠮᠥᠷᠭᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠥᠪᠯᠡᠭᠴᠢ ᠵᠢ ᠰᠣᠩᠭᠤᠨ ᠤᠷᠢᠬᠤ᠂ ᠵᠣᠬᠢᠶᠠᠨ ᠪᠠᠶ᠋ᠢᠭᠤᠯᠬᠤ᠂ ᠬᠠᠮᠢᠶᠠᠷᠬᠤ ᠠᠵᠢᠯ᠎ᠢ ᠡᠭᠦᠷᠭᠡᠯᠡᠨ᠎ᠡ᠃
(ᠶᠢᠰᠦ) ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠭᠡᠮ᠎ᠤᠨ ᠰᠢᠯᠭ᠋ᠠᠯᠲᠠ ᠵᠢᠨ ᠥᠪᠥᠷ ᠮᠣᠩᠭᠤᠯ᠎ᠤᠨ ᠰᠢᠯᠭ᠋ᠠᠯᠲᠠ ᠵᠢᠨ ᠲᠣᠭᠤᠷᠢᠭ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠠᠵᠢᠯ᠎ᠢ ᠬᠠᠷᠢᠭᠤᠴᠠᠨ᠎ᠠ᠃ ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠭᠡᠮ ᠪᠣᠯᠤᠨ ᠦᠨᠡᠮᠯᠡᠯ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠠᠵᠢᠯᠲᠠᠨ᠎ᠤ ᠠᠵᠢᠯ᠎ᠳᠤ ᠣᠷᠣᠬᠤ᠎ᠠᠴᠠ ᠡᠮᠦᠨᠡᠬᠢ ᠪᠤᠯᠪᠠᠰᠤᠷᠠᠯ᠎ᠢ ᠲᠥᠯᠥᠪᠵᠢᠭᠦᠯᠬᠦ ᠪᠠ ᠵᠢᠯᠣᠭᠤᠳᠬᠤ ᠠᠵᠢᠯ᠎ᠢ ᠬᠠᠷᠢᠭᠤᠴᠠᠨ᠎ᠠ᠃
(ᠠᠷᠪᠠ) ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠫᠤᠤ ᠵᠡᠪᠰᠡᠭ᠂ ᠰᠤᠮᠤ ᠲᠠᠷᠢ᠂ ᠬᠤᠪᠴᠠᠰᠤ ᠬᠤᠨᠠᠷ ᠪᠠ ᠴᠠᠭᠳᠠᠭ᠋ᠠᠨ᠎ᠤ ᠲᠡᠷᠭᠡ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠳ᠋᠎ᠤᠨ ᠶᠠᠪᠤᠳᠠᠯ᠂ ᠲᠣᠨᠣᠭᠯᠠᠯ᠂ ᠲᠥᠬᠦᠭᠡᠷᠦᠮᠵᠢ᠂ ᠲᠠᠯᠠᠪᠤᠷ ᠵᠡᠷᠭᠡ ᠪᠠᠲᠤᠯᠠᠭ᠎ᠠ ᠵᠢᠨ ᠠᠵᠢᠯ᠎ᠢ ᠵᠢᠯᠣᠭᠤᠳᠴᠤ᠂ ᠬᠢᠨᠠᠯᠲᠠ ᠲᠠᠯᠪᠢᠨ᠎ᠠ᠃
(ᠠᠷᠪᠠᠨ ᠨᠢᠭᠡ) ᠪᠦᠬᠦ ᠣᠷᠣᠨ᠎ᠤ ᠬᠠᠤᠯᠢ᠎ᠪᠠᠷ ᠵᠠᠰᠠᠬᠤ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢᠨ ᠬᠠᠮᠢᠶ᠎ᠠ ᠪᠦᠬᠦᠢ ᠠᠵᠢᠯ᠎ᠢ ᠲᠥᠯᠥᠪᠵᠢᠭᠦᠯᠵᠦ᠂ ᠵᠣᠬᠢᠴᠠᠭᠤᠯᠵᠤ᠂ ᠵᠢᠯᠣᠭᠤᠳᠴᠤ᠂ ᠪᠦᠬᠦ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠩᠨᠡᠭᠡᠨ᠎ᠤ ᠪᠠᠶ᠋ᠢᠭᠤᠯᠤᠯᠲᠠ ᠵᠢ ᠵᠢᠯᠣᠭᠤᠳᠬᠤ ᠪᠠ ᠬᠢᠨᠠᠯᠲᠠ ᠲᠠᠯᠪᠢᠨ᠎ᠠ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠴᠠᠭᠳᠠᠭ᠋ᠠᠨ᠎ᠤ ᠶᠠᠪᠤᠳᠠᠯ᠎ᠤᠨ ᠬᠠᠮᠢᠶᠠᠷᠤᠯᠲᠠ ᠪᠠ ᠴᠠᠭᠳᠠᠭ᠋ᠠᠨ᠎ᠤ ᠶᠠᠪᠤᠳᠠᠯ᠎ᠤᠨ ᠱᠠᠭ᠋ᠠᠷᠳᠠᠨ ᠪᠠᠶ᠋ᠢᠴᠠᠭ᠋ᠠᠬᠤ ᠠᠵᠢᠯ᠎ᠢ ᠬᠠᠷᠢᠭᠤᠴᠠᠨ᠎ᠠ᠃ ᠡᠯ᠎ᠡ ᠠᠶ᠋ᠢᠮᠠᠭ ᠬᠤᠲᠠ ᠵᠢᠨ ᠬᠠᠤᠯᠢ ᠴᠠᠭ᠋ᠠᠵᠠ ᠵᠢᠨ ᠲᠣᠪᠴᠢᠶᠠᠨ᠎ᠤ ᠤᠳᠤᠷᠢᠳᠬᠤ ᠺᠠᠳ᠋ᠷ᠎ᠢ ᠬᠠᠮᠵᠢᠨ ᠬᠠᠮᠢᠶᠠᠷᠤᠨ᠎ᠠ᠃
(ᠠᠷᠪᠠᠨ ᠬᠤᠶᠠᠷ) ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠮᠡᠳᠡᠭᠡ ᠵᠠᠩᠭᠢᠴᠢᠯᠠᠯᠲᠠ ᠵᠢᠨ ᠠᠵᠢᠯ᠎ᠢ ᠲᠥᠯᠥᠪᠵᠢᠭᠦᠯᠵᠦ᠂ ᠬᠡᠷᠡᠭᠵᠢᠭᠦᠯᠵᠦ᠂ ᠵᠢᠯᠣᠭᠤᠳᠤᠨ᠎ᠠ᠃
(ᠠᠷᠪᠠᠨ ᠭᠤᠷᠪᠠ) ᠥᠪᠡᠷᠲᠡᠭᠡᠨ ᠵᠠᠰᠠᠬᠤ ᠣᠷᠣᠨ᠎ᠤ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠬᠤᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢ ᠬᠠᠮᠢᠶᠠᠷᠤᠨ᠎ᠠ᠃
(ᠠᠷᠪᠠᠨ ᠳᠥᠷᠪᠡ) ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃
ᠳᠣᠲᠣᠭ᠋ᠠᠳᠤ ᠪᠠᠢ᠌ᠭᠤᠯᠤᠮᠵᠢ
(ᠨᠢᠭᠡ) ᠦᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠵᠦᠪᠯᠡᠯ᠎ᠤᠨ ᠠᠯᠪᠠᠨ ᠭᠡᠷ ᠃ ᠵᠥᠪᠯᠡᠯ᠎ᠤᠨ ᠪᠣᠳᠠᠲᠠᠶ ᠠᠵᠢᠯ᠎ᠢ ᠡᠭᠦᠷᠭᠡᠯᠡᠵᠦ᠂ ᠪᠥᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠴᠢᠬᠤᠯᠠ ᠶᠡᠭᠡ ᠠᠰᠠᠭᠤᠳᠠᠯ᠎ᠤᠨ ᠲᠥᠷᠥ ᠵᠢᠨ ᠪᠣᠳᠣᠯᠭ᠎ᠠ ᠵᠢᠨ ᠰᠤᠳᠤᠯᠭ᠋ᠠᠨ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠬᠤᠯᠪᠣᠭᠳᠠᠯ ᠪᠥᠬᠦᠶ ᠲᠠᠯ᠎ᠠ ᠵᠢᠨ᠎ᠬᠢᠨ᠎ᠤ ᠵᠥᠪᠯᠡᠯ᠎ᠤᠨ ᠠᠵᠢᠯ᠎ᠤᠨ ᠪᠠᠶ᠋ᠢᠷᠢᠯᠠᠭᠤᠯᠤᠯᠲᠠ ᠪᠠ ᠱᠠᠭ᠋ᠠᠷᠳᠠᠯᠭ᠎ᠠ ᠵᠢ ᠨᠠᠶ᠋ᠢᠳᠠᠪᠤᠷᠢᠵᠢᠭᠤᠯᠬᠤ ᠵᠢ ᠵᠣᠬᠢᠴᠠᠭᠤᠯᠤᠨ ᠱᠠᠯᠠᠪᠳᠠᠭᠤᠯᠤᠨ᠎ᠠ᠃ ᠦᠪᠦᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ᠎ᠤᠨ ᠨᠠᠷᠢᠨ ᠪᠢᠴᠢᠭ᠎ᠤᠨ ᠭᠠᠵᠠᠷ᠎ᠢ ᠪᠠᠶ᠋ᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ᠎ᠤᠨ ᠡᠳᠦᠷ ᠲᠤᠲᠤᠮ᠎ᠤᠨ ᠬᠡᠷᠡᠭ ᠶᠠᠪᠤᠳᠠᠯ᠎ᠢ ᠬᠠᠷᠢᠭᠤᠴᠠᠨ ᠰᠢᠢ᠍ᠳᠪᠦᠷᠢᠯᠡᠨ᠎ᠡ᠃
(ᠬᠣᠶᠠᠷ) ᠠᠯᠪᠠᠨ ᠭᠡᠷ ᠃ ᠪᠠᠢ᠌ᠭᠤᠯᠭ᠎ᠠ ᠵᠢᠨ ᠡᠳᠦᠷ ᠲᠤᠳᠤᠮ᠎ᠤᠨ ᠠᠵᠢᠯᠯᠠᠭ᠋ᠠᠨ᠎ᠤ ᠠᠵᠢᠯ᠎ᠢ ᠬᠠᠷᠢᠭᠤᠴᠠᠵᠤ᠂ ᠲᠢᠩᠬᠢᠮ᠎ᠤᠨ ᠨᠠᠮ᠎ᠤᠨ ᠬᠣᠷᠢᠶᠠᠨ᠎ᠤ ᠲᠣᠭᠣᠷᠢᠨ ᠪᠠᠢ᠌ᠴᠠᠭ᠋ᠠᠬᠤ ᠠᠵᠢᠯ᠎ᠤᠨ ᠡᠭᠦᠷᠭᠡ ᠵᠢ ᠡᠭᠦᠷᠭᠡᠯᠡᠵᠦ᠂ ᠲᠣᠭᠣᠷᠢᠨ ᠪᠠᠢ᠌ᠴᠠᠭ᠋ᠠᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂ ᠬᠠᠤᠯᠢ ᠪᠠᠷᠢᠬᠤ ᠵᠠᠰᠠᠭ ᠵᠠᠬᠢᠷᠭ᠋ᠠᠨ᠎ᠤ ᠭᠣᠣᠯᠳᠠᠯᠭ᠎ᠠ᠎ᠲᠠᠢ ᠲᠤᠬᠠᠢ᠌ᠯᠠᠭᠰᠠᠨ ᠠᠵᠢᠯ᠎ᠤᠨ ᠶᠡᠷᠦᠩᠬᠡᠢ᠌ᠯᠡᠭᠰᠡᠨ ᠬᠢᠨᠠᠨ ᠪᠠᠢ᠌ᠴᠠᠭ᠋ᠠᠯᠲᠠ ᠵᠢ ᠵᠣᠬᠢᠶᠠᠨ ᠪᠠᠢ᠌ᠭᠤᠯᠤᠨ ᠥᠷᠨᠢᠭᠦᠯᠦᠨ᠎ᠡ᠃
(ᠭᠤᠷᠪᠠ) ᠤᠯᠤᠰ ᠲᠦᠷᠦ ᠴᠠᠭᠳᠠᠭ᠋ᠠᠨ᠎ᠤ ᠶᠠᠪᠤᠳᠠᠯ᠎ᠤᠨ ᠭᠡᠯᠳᠡᠰ᠎ᠤᠨ ᠠᠵᠢᠯᠲᠠᠨ᠎ᠤ ᠶᠠᠪᠤᠳᠠᠯ᠎ᠤᠨ ᠭᠠᠵᠠᠷ ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡᠨ᠎ᠤ ᠪᠠᠢ᠌ᠭᠤᠯᠤᠯᠲᠠ ᠵᠢᠨ ᠠᠵᠢᠯ᠎ᠤᠨ ᠲᠥᠯᠦᠪᠵᠢᠭᠦᠯᠭᠡ ᠪᠠ ᠲᠥᠯᠥᠪᠯᠡᠭᠡ ᠵᠢ ᠰᠤᠳᠤᠯᠤᠨ ᠲᠣᠭᠲᠠᠭ᠋ᠠᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠩᠨᠡᠭᠡᠨ᠎ᠤ ᠪᠠᠢ᠌ᠭᠤᠯᠤᠯᠲᠠ ᠵᠢ ᠵᠢᠯᠣᠭᠣᠳᠤᠨ᠎ᠠ᠃ ᠪᠠᠢ᠌ᠭᠤᠯᠭ᠎ᠠ ᠪᠠ ᠰᠢᠭᠤᠳ ᠬᠠᠷᠢᠶ᠎ᠠ ᠨᠢᠭᠡᠴᠢ ᠵᠢᠨ ᠠᠵᠢᠯᠲᠠᠨ᠎ᠤ ᠶᠠᠪᠤᠳᠠᠯ᠂ ᠴᠠᠯᠢᠩ᠂ ᠪᠠᠢ᠌ᠭᠤᠯᠤᠮᠵᠢ ᠵᠢᠨ ᠣᠷᠣᠨ ᠲᠣᠭ᠎ᠠ ᠵᠡᠷᠭᠡ ᠠᠵᠢᠯ᠎ᠢ ᠬᠠᠷᠢᠭᠤᠴᠠᠨ᠎ᠠ᠃ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠬᠠᠮᠵᠢᠯᠴᠠᠨ ᠬᠠᠮᠢᠶᠠᠷᠬᠤ ᠺᠠᠳ᠋ᠷ᠎ᠢ ᠰᠢᠯᠭ᠋ᠠᠨ ᠬᠢᠨᠠᠬᠤ ᠠᠵᠢᠯ᠎ᠢ ᠬᠠᠷᠢᠭᠤᠴᠠᠬᠤ ᠵᠢᠨ ᠬᠠᠮᠲᠤ ᠲᠣᠮᠢᠯᠠᠬᠤ ᠪᠠᠭᠤᠯᠭ᠋ᠠᠬᠤ᠂ ᠰᠣᠯᠢᠯᠴᠠᠬᠤ ᠰᠠᠨᠠᠯ ᠵᠶ᠋ᠠᠨ ᠲᠤᠷᠠᠳᠤᠨ᠎ᠠ᠃
(ᠳᠥᠷᠪᠡ) ᠤᠯᠤᠰ ᠲᠥᠷᠥ ᠴᠠᠭᠳᠠᠭ᠋ᠠᠨ᠎ᠤ ᠶᠠᠪᠤᠳᠠᠯ᠎ᠤᠨ ᠭᠡᠯᠳᠡᠰ᠎ᠤᠨ ᠵᠣᠬᠢᠶᠠᠨ ᠪᠠᠢ᠌ᠭᠤᠯᠵᠤ ᠪᠣᠯᠪᠠᠰᠤᠷᠠᠭᠤᠯᠬᠤ ᠭᠠᠵᠠᠷ ᠃ ᠭᠣᠣᠯ ᠡᠭᠦᠷᠭᠡ ᠬᠠᠷᠢᠭᠤᠴᠠᠯᠭ᠎ᠠ᠄ ᠰᠢᠭᠤᠳ ᠬᠠᠷᠢᠶ᠎ᠠ ᠨᠢᠭᠡᠴᠢ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠬᠠᠷᠢᠭᠤᠴᠠᠵᠤ᠂ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠨᠠᠮ᠎ᠤᠨ ᠪᠠᠢ᠌ᠭᠤᠯᠤᠯᠲᠠ ᠵᠢᠨ ᠠᠵᠢᠯ᠎ᠢ ᠵᠢᠯᠣᠭᠣᠳᠤᠨ᠎ᠠ᠃ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠡᠩᠨᠡᠭᠡ ᠵᠢᠨ ᠬᠥᠮᠦᠵᠢᠯ ᠪᠣᠯᠪᠠᠰᠤᠷᠠᠭᠤᠯᠤᠯ᠎ᠤᠨ ᠠᠵᠢᠯ᠎ᠢ ᠵᠢᠯᠤᠭᠤᠳᠤᠨ᠎ᠠ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠲᠡᠷᠢᠭᠦᠨ᠎ᠤ᠎ᠬᠢ ᠵᠢ ᠰᠢᠯᠭ᠋ᠠᠷᠠᠭᠤᠯᠵᠤ ᠰᠢᠯᠢᠳᠡᠭ᠎ᠢ ᠡᠭᠦᠳᠬᠦ᠂ ᠬᠥᠬᠢᠭᠦᠯᠦᠨ ᠱᠠᠩᠨᠠᠬᠤ ᠠᠵᠢᠯ᠎ᠢ ᠡᠭᠦᠷᠭᠡᠯᠡᠨ᠎ᠡ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠳᠣᠲᠣᠭ᠋ᠠᠳᠤ ᠵᠢᠨ ᠤᠬᠠᠭᠤᠯᠬᠤ ᠠᠵᠢᠯ᠎ᠢ ᠡᠭᠦᠷᠭᠡᠯᠡᠨ᠎ᠡ᠃
(ᠲᠠᠪᠤ) ᠤᠯᠤᠰ ᠲᠥᠷᠥ ᠵᠢᠨ ᠴᠠᠭᠳᠠᠭ᠋ᠠᠨ᠎ᠤ ᠶᠠᠪᠤᠳᠠᠯ᠎ᠤᠨ ᠭᠡᠯᠳᠡᠰ᠎ᠤᠨ ᠴᠠᠭᠳᠠᠭ᠋ᠠᠨ᠎ᠤ ᠶᠠᠪᠤᠳᠠᠯ᠎ᠢ ᠱᠠᠭ᠋ᠠᠷᠳᠠᠨ ᠪᠠᠢ᠍ᠴᠠᠭ᠋ᠠᠬᠤ ᠭᠠᠵᠠᠷ ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠴᠠᠭᠳᠠᠭ᠋ᠠᠨ᠎ᠤ ᠶᠠᠪᠤᠳᠠᠯ᠎ᠢ ᠱᠠᠭ᠋ᠠᠷᠳᠠᠨ ᠪᠠᠢ᠍ᠴᠠᠭ᠋ᠠᠬᠤ ᠠᠵᠢᠯ᠎ᠤᠨ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠠᠷᠠᠳ᠎ᠤᠨ ᠴᠠᠭᠳᠠᠭ᠎ᠠ ᠵᠢᠨ ᠲᠤᠰᠢᠶᠠᠯ ᠬᠠᠷᠢᠭᠤᠴᠠᠯᠭ᠎ᠠ᠎ᠪᠠᠨ ᠬᠠᠤᠯᠢ ᠶᠣᠰᠣᠭ᠋ᠠᠷ ᠭᠦᠢ᠍ᠴᠡᠳᠬᠡᠭᠰᠡᠨ ᠪᠠ ᠰᠠᠬᠢᠯᠭ᠎ᠠ ᠪᠠᠲᠤ ᠵᠢ ᠵᠢᠷᠤᠮᠯᠠᠭᠰᠠᠨ ᠪᠠᠶ᠋ᠢᠳᠠᠯ᠎ᠢ ᠵᠢᠯᠣᠭᠤᠳᠤᠨ ᠬᠢᠨᠠᠯᠲᠠ ᠲᠠᠯᠪᠢᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠴᠠᠭᠳᠠᠭ᠋ᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠠᠷᠠᠳ᠎ᠤᠨ ᠴᠠᠭᠳᠠᠭ᠎ᠠ ᠵᠢᠨ ᠵᠦᠢ ᠶᠣᠰᠣᠨ᠎ᠤ ᠬᠠᠤᠯᠢ ᠬᠡᠷᠡᠭᠵᠢᠭᠦᠯᠬᠦ ᠡᠷᠬᠡ ᠠᠰᠢᠭ᠎ᠢ ᠬᠠᠮᠠᠭ᠋ᠠᠯᠠᠬᠤ ᠵᠢ ᠬᠠᠷᠢᠭᠤᠴᠠᠨ᠎ᠠ᠃
(ᠵᠢᠷᠭᠤᠭ᠎ᠠ) ᠬᠠᠤᠯᠢ᠎ᠪᠠᠷ ᠵᠠᠰᠠᠬᠤ ᠵᠢ ᠪᠠᠢ᠌ᠴᠠᠭ᠋ᠠᠨ ᠰᠤᠳᠤᠯᠬᠤ ᠭᠠᠵᠠᠷ ᠃ ᠪᠥᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠣᠨᠣᠯ ᠬᠢᠭᠡᠳ ᠦᠢ᠍ᠯᠡᠳᠦᠯᠭᠡ ᠵᠢᠨ ᠪᠠᠶ᠋ᠢᠴᠠᠭ᠋ᠠᠨ ᠰᠤᠳᠤᠯᠬᠤ ᠠᠵᠢᠯ᠎ᠢ ᠥᠷᠨᠢᠭᠦᠯᠵᠦ᠂ ᠲᠥᠷᠥ ᠵᠢᠨ ᠪᠣᠳᠣᠯᠭ᠎ᠠ ᠵᠢᠨ ᠰᠠᠨᠠᠭᠤᠯᠭ᠎ᠠ ᠳᠤᠷᠠᠳᠤᠨ᠎ᠠ᠃ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠤᠨ ᠲᠥᠯᠥᠪᠵᠢᠭᠦᠯᠭᠡ ᠵᠢᠨ ᠰᠠᠨᠠᠭᠤᠯᠭ᠎ᠠ ᠵᠢ ᠵᠣᠬᠢᠴᠠᠭᠤᠯᠬᠤ ᠠᠵᠢᠯ᠎ᠢ ᠳᠠᠭ᠋ᠠᠭ᠋ᠠᠨ ᠭᠦᠢ᠍ᠴᠡᠳᠬᠡᠨ᠎ᠡ ᠃ ᠬᠠᠤᠯᠢ ᠲᠣᠭᠲᠠᠭ᠋ᠠᠬᠤ ᠲᠥᠯᠥᠪᠵᠢᠭᠦᠯᠭᠡ ᠪᠠ ᠣᠨ᠎ᠤ ᠬᠠᠤᠯᠢ ᠲᠣᠭᠲᠠᠭ᠋ᠠᠬᠤ ᠲᠥᠯᠥᠪᠯᠡᠭᠡ ᠵᠢᠨ ᠰᠠᠨᠠᠭᠤᠯᠭ᠎ᠠ ᠵᠢ ᠵᠣᠬᠢᠴᠠᠭᠤᠯᠬᠤ ᠠᠵᠢᠯ᠎ᠢ ᠳᠠᠭ᠋ᠠᠭ᠋ᠠᠨ ᠭᠦᠢ᠍ᠴᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠣᠨ᠎ᠤ ᠬᠠᠤᠯᠢ ᠲᠣᠭᠲᠠᠭ᠋ᠠᠬᠤ ᠠᠵᠢᠯ᠎ᠤᠨ ᠲᠥᠯᠥᠪᠯᠡᠭᠡ ᠵᠢᠨ ᠰᠠᠨᠠᠭᠤᠯᠭ᠎ᠠ ᠵᠢ ᠵᠣᠬᠢᠶᠠᠨ ᠪᠠᠶ᠋ᠢᠭᠤᠯᠤᠨ ᠲᠣᠭᠲᠠᠭ᠋ᠠᠨ᠎ᠠ᠃ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠤᠯᠪᠣᠭᠳᠠᠯ ᠪᠦᠬᠦᠢ ᠴᠢᠬᠤᠯᠠ ᠪᠢᠴᠢᠭ ᠮᠠᠲ᠋ᠧᠷᠢᠶᠠᠯ᠎ᠢ ᠵᠣᠬᠢᠶᠠᠨ ᠪᠠᠶ᠋ᠢᠭᠤᠯᠤᠨ ᠲᠤᠭᠤᠷᠪᠢᠨ᠎ᠠ᠃ ᠬᠠᠤᠯᠢᠵᠢᠯ᠎ᠤᠨ ᠵᠠᠰᠠᠭ᠎ᠤᠨ ᠣᠷᠳᠣᠨ᠎ᠢ ᠪᠠᠶ᠋ᠢᠭᠤᠯᠬᠤ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠠᠬᠢᠭᠤᠯᠬᠤ ᠰᠠᠨᠠᠯ ᠪᠠ ᠠᠷᠭ᠎ᠠ ᠬᠡᠮᠵᠢᠶ᠎ᠡ ᠵᠢ ᠰᠤᠳᠤᠯᠤᠨ ᠳᠤᠷᠠᠳᠤᠨ᠎ᠠ᠃ ᠨᠡᠶ᠋ᠢᠭᠡᠮ ᠨᠡᠶ᠋ᠢᠲᠡ᠎ᠠᠴᠠ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠪᠣᠯᠤᠨ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ ᠲᠣᠭᠲᠠᠭ᠋ᠠᠬᠤ ᠲᠥᠷᠥᠯ ᠵᠦᠢ᠍ᠯ᠎ᠤᠨ ᠰᠠᠨᠠᠭᠤᠯᠭ᠎ᠠ ᠵᠢᠨ ᠬᠤᠯᠪᠣᠭᠳᠠᠯ ᠪᠦᠬᠦᠢ ᠠᠵᠢᠯ᠎ᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ ᠨᠠᠶ᠋ᠢᠷᠠᠭᠤᠯᠬᠤ ᠠᠵᠢᠯ᠎ᠢ ᠬᠠᠷᠢᠭᠤᠴᠠᠵᠤ᠂ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠡᠮᠬᠢᠳᠬᠡᠯ᠎ᠤᠨ ᠵᠢᠩᠬᠢᠨᠢ ᠬᠡᠪᠯᠡᠯ᠎ᠢ ᠨᠠᠶ᠋ᠢᠷᠠᠭᠤᠯᠤᠨ ᠬᠡᠪᠯᠡᠭᠦᠯᠦᠨ᠎ᠡ᠃ ᠪᠦᠬᠦ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠳᠤᠮᠳᠠ ᠪᠠ ᠤᠷᠲᠤ ᠬᠤᠭᠤᠴᠠᠭ᠋ᠠᠨ᠎ᠤ ᠲᠥᠯᠥᠪᠵᠢᠭᠦᠯᠭᠡ᠂ ᠴᠢᠬᠤᠯᠠ ᠶᠡᠭᠡ ᠲᠥᠷᠥ ᠵᠢᠨ ᠪᠣᠳᠣᠯᠭ᠎ᠠ ᠵᠢ ᠬᠠᠷᠢᠭᠤᠴᠠᠨ ᠲᠤᠭᠤᠷᠪᠢᠨ ᠲᠣᠭᠲᠠᠭ᠋ᠠᠨ᠎ᠠ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠥᠭᠡᠷᠡᠴᠢᠯᠡᠯᠲᠡ ᠪᠠ ᠰᠤᠳᠤᠯᠭ᠋ᠠᠨ᠎ᠤ ᠠᠵᠢᠯ᠎ᠢ ᠬᠠᠷᠢᠭᠤᠴᠠᠨ ᠠᠬᠢᠭᠤᠯᠤᠨ᠎ᠠ᠃
(ᠳᠣᠯᠣᠭ᠎ᠠ) ᠬᠠᠤᠯᠢ᠎ᠪᠠᠷ ᠵᠠᠰᠠᠬᠤ ᠵᠢ ᠱᠠᠭ᠋ᠠᠷᠳᠠᠨ ᠪᠠᠢ᠍ᠴᠠᠭ᠋ᠠᠬᠤ ᠭᠠᠵᠠᠷ ᠃ ᠪᠥᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢᠨ ᠣᠨ᠎ᠤ ᠱᠠᠭ᠋ᠠᠷᠳᠠᠨ ᠪᠠᠶ᠋ᠢᠴᠠᠭ᠋ᠠᠬᠤ ᠠᠵᠢᠯ᠎ᠤᠨ ᠲᠥᠯᠥᠪᠯᠡᠭᠡ ᠪᠠ ᠰᠢᠯᠭ᠋ᠠᠨ ᠬᠢᠨᠠᠬᠤ ᠭᠦᠢ᠍ᠴᠡᠳᠬᠡᠯ ᠲᠤᠭ᠎ᠠ ᠵᠢ ᠬᠠᠷᠢᠭᠤᠴᠠᠨ ᠲᠣᠭᠲᠠᠭ᠋ᠠᠵᠤ᠂ ᠴᠢᠬᠤᠯᠠ ᠶᠡᠭᠡ ᠲᠤᠰᠬᠠᠶ ᠲᠦᠷᠦᠯ᠎ᠤᠨ ᠱᠠᠭ᠋ᠠᠷᠳᠠᠨ ᠪᠠᠶ᠋ᠢᠴᠠᠭ᠋ᠠᠬᠤ ᠪᠠ ᠣᠨ᠎ᠤ ᠦᠨᠡᠯᠡᠨ ᠰᠢᠯᠭ᠋ᠠᠬᠤ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠱᠠᠭ᠋ᠠᠷᠳᠠᠨ ᠪᠠᠶ᠋ᠢᠴᠠᠭ᠋ᠠᠬᠤ᠂ ᠰᠢᠯᠭ᠋ᠠᠨ ᠬᠢᠨᠠᠬᠤ ᠰᠠᠨᠠᠯ ᠪᠠ ᠬᠠᠷᠢᠭᠤᠴᠠᠯᠭ᠎ᠠ ᠨᠡᠬᠡᠮᠵᠢᠯᠡᠬᠦ ᠰᠠᠨᠠᠭᠤᠯᠭ᠎ᠠ ᠳᠤᠷᠠᠳᠤᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠬᠠᠤᠯᠢ᠎ᠪᠠᠷ ᠵᠠᠰᠠᠬᠤ ᠠᠵᠢᠯ᠎ᠤᠨ ᠴᠢᠬᠤᠯᠠ ᠲᠣᠭᠲᠠᠭ᠋ᠠᠯ ᠪᠠ ᠲᠥᠰᠦᠯ᠎ᠤᠨ ᠳᠠᠩᠰᠠᠯᠠᠭᠤᠯᠤᠯᠲᠠ ᠵᠢ ᠬᠦᠯᠢᠶᠡᠨ ᠠᠪᠤᠨ᠎ᠠ᠃
(ᠨᠠᠢ᠍ᠮᠠ) ᠬᠠᠤᠯᠢ ᠲᠣᠭᠲᠠᠭ᠋ᠠᠬᠤ ᠨᠢᠭᠡᠳᠦᠭᠡᠷ ᠭᠠᠵᠠᠷ ᠃ ᠥᠪᠡᠷᠲᠡᠭᠡᠨ ᠵᠠᠰᠠᠬᠤ ᠣᠷᠣᠨ᠎ᠤ ᠤᠯᠤᠰ ᠲᠥᠷᠥ᠂ ᠨᠡᠶ᠋ᠢᠭᠡᠮ ᠪᠣᠯᠤᠨ ᠰᠣᠶᠣᠯ᠎ᠤᠨ ᠪᠠᠶ᠋ᠢᠭᠤᠯᠤᠯᠲᠠ ᠵᠢᠨ ᠲᠠᠯ᠎ᠠ ᠵᠢᠨ ᠬᠠᠤᠯᠢ ᠲᠣᠭᠲᠠᠭ᠋ᠠᠬᠤ ᠠᠵᠢᠯ᠎ᠢ ᠬᠠᠷᠢᠭᠤᠴᠠᠵᠤ᠂ ᠵᠣᠬᠢᠴᠠᠩᠭᠤᠶ ᠪᠦᠬᠦᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠪᠣᠯᠤᠨ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠲᠥᠰᠦᠯ᠎ᠢ ᠵᠣᠬᠢᠶᠠᠨ ᠪᠠᠶ᠋ᠢᠭᠤᠯᠤᠨ ᠲᠤᠭᠤᠷᠪᠢᠬᠤ᠂ ᠬᠢᠨᠠᠨ ᠪᠠᠶ᠋ᠢᠴᠠᠭ᠋ᠠᠬᠤ ᠪᠠ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠢ ᠲᠠᠶ᠋ᠢᠯᠪᠤᠷᠢᠯᠠᠬᠤ᠂ ᠪᠣᠳᠠᠲᠠᠶ ᠬᠡᠷᠡᠭᠯᠡᠬᠦ ᠠᠰᠠᠭᠤᠳᠠᠯ᠎ᠳᠤ ᠬᠠᠷᠢᠭᠤᠯᠲᠠ ᠥᠭᠬᠦ ᠠᠵᠢᠯ᠎ᠢ ᠡᠭᠦᠷᠭᠡᠯᠡᠨ᠎ᠡ᠃ ᠬᠠᠮᠢᠶ᠎ᠠ ᠪᠦᠬᠦᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠪᠣᠯᠤᠨ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠬᠠᠤᠯᠢ ᠲᠣᠭᠲᠠᠭ᠋ᠠᠭᠰᠠᠨ᠎ᠤ ᠳᠠᠷᠠᠭ᠋ᠠᠬᠢ ᠦᠨᠡᠯᠡᠨ ᠵᠢᠱ᠌ᠢᠬᠦ ᠠᠵᠢᠯ᠎ᠢ ᠬᠠᠷᠢᠭᠤᠴᠠᠨ᠎ᠠ᠃ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠲᠥᠰᠦᠯ᠎ᠳᠤ ᠰᠠᠨᠠᠯ ᠬᠤᠷᠢᠶᠠᠬᠤ ᠠᠵᠢᠯ᠎ᠢ ᠳᠠᠭ᠋ᠠᠭ᠋ᠠᠨ ᠭᠦᠢ᠍ᠴᠡᠳᠬᠡᠨ᠎ᠡ ᠃
(ᠶᠢᠰᠦ) ᠬᠠᠤᠯᠢ ᠳᠤᠭᠳᠠᠭ᠋ᠠᠬᠤ ᠬᠤᠶᠠᠳᠤᠭ᠋ᠠᠷ ᠭᠠᠵᠠᠷ ᠃ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠪᠠ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢᠨ ᠲᠠᠯ᠎ᠠ᠎ᠪᠠᠷ᠎ᠬᠢ ᠬᠠᠤᠯᠢ ᠲᠣᠭᠲᠠᠭ᠋ᠠᠬᠤ ᠠᠵᠢᠯ᠎ᠢ ᠬᠠᠷᠢᠭᠤᠴᠠᠵᠤ᠂ ᠬᠠᠷᠠᠭ᠋ᠠᠯᠵᠠᠭᠰᠠᠨ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠪᠠ ᠵᠠᠰᠠᠭ᠎ᠤᠨ ᠣᠷᠳᠣᠨ᠎ᠤ ᠲᠦᠷᠢᠮ ᠲᠣᠭᠲᠠᠭ᠋ᠠᠯ᠎ᠤᠨ ᠲᠥᠰᠦᠯ᠎ᠢ ᠵᠣᠬᠢᠶᠠᠨ ᠪᠠᠶ᠋ᠢᠭᠤᠯᠤᠨ ᠲᠤᠭᠤᠷᠪᠢᠬᠤ᠂ ᠬᠢᠨᠠᠨ ᠪᠠᠶ᠋ᠢᠴᠠᠭ᠋ᠠᠬᠤ ᠪᠠ ᠵᠠᠰᠠᠭ᠎ᠤᠨ ᠣᠷᠳᠣᠨ᠎ᠤ ᠲᠦᠷᠢᠮ ᠲᠣᠭᠲᠠᠭ᠋ᠠᠯ᠎ᠢ ᠲᠠᠶ᠋ᠢᠯᠪᠤᠷᠢᠯᠠᠬᠤ᠂ ᠪᠣᠳᠠᠲᠠᠶ ᠬᠡᠷᠡᠭᠯᠡᠬᠦ ᠠᠰᠠᠭᠤᠳᠠᠯ᠎ᠳᠤ ᠬᠠᠷᠢᠭᠤᠯᠲᠠ ᠥᠭᠬᠦ ᠠᠵᠢᠯ᠎ᠢ ᠡᠭᠦᠷᠭᠡᠯᠡᠨ᠎ᠡ᠃ ᠬᠠᠮᠢᠶ᠎ᠠ ᠪᠦᠬᠦᠢ ᠣᠷᠣᠨ ᠨᠤᠲᠤᠭ᠎ᠤᠨ ᠴᠢᠨᠠᠷᠲᠠᠶ ᠬᠠᠤᠯᠢ ᠲᠣᠭᠲᠠᠭ᠋ᠠᠯ ᠪᠣᠯᠤᠨ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠤᠨ ᠬᠠᠤᠯᠢ ᠲᠣᠭᠲᠠᠭ᠋ᠠᠭᠰᠠᠨ᠎ᠤ ᠳᠠᠷᠠᠭ᠋ᠠᠬᠢ ᠦᠨᠡᠯᠡᠨ ᠵᠢᠱ᠌ᠢᠬᠦ ᠠᠵᠢᠯ᠎ᠢ ᠬᠠᠷᠢᠭᠤᠴᠠᠨ᠎ᠠ᠃ ᠬᠠᠮᠢᠶ᠎ᠠ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠤᠨ ᠲᠥᠰᠦᠯ᠎ᠳᠤ ᠰᠠᠨᠠᠯ ᠬᠤᠷᠢᠶᠠᠬᠤ ᠠᠵᠢᠯ᠎ᠢ ᠳᠠᠭ᠋ᠠᠭ᠋ᠠᠨ ᠭᠦᠢ᠍ᠴᠡᠳᠬᠡᠨ᠎ᠡ ᠃
(ᠠᠷᠪᠠ) ᠨᠡᠶ᠋ᠢᠭᠡᠮ ᠲᠤᠭᠤᠷᠢᠭ᠎ᠤᠨ ᠵᠠᠯᠬᠠᠭ᠋ᠠᠨ ᠵᠠᠰᠠᠬᠤ ᠬᠠᠮᠢᠶᠠᠷᠤᠯᠲᠠ ᠵᠢᠨ ᠲᠤᠪᠴᠢᠶ᠎ᠠ ᠃ ᠨᠡᠶ᠋ᠢᠭᠡᠮ ᠲᠣᠭᠤᠷᠢᠭ᠎ᠤᠨ ᠵᠠᠯᠬᠠᠭ᠋ᠠᠨ ᠵᠠᠰᠠᠬᠤ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠲᠦᠷᠦ ᠵᠢᠨ ᠪᠤᠳᠤᠯᠭ᠎ᠠ ᠵᠢᠨ ᠭᠦᠢ᠍ᠴᠡᠳᠬᠡᠬᠦ ᠠᠵᠢᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ ᠵᠢ ᠬᠠᠷᠢᠭᠤᠴᠠᠨ᠎ᠠ᠃ ᠨᠡᠶ᠋ᠢᠭᠡᠮ ᠲᠣᠭᠤᠷᠢᠭ᠎ᠤᠨ ᠵᠠᠯᠬᠠᠭ᠋ᠠᠨ ᠵᠠᠰᠠᠬᠤ ᠡᠲᠡᠭᠡᠳ᠎ᠤᠨ ᠡᠷᠡᠭᠦᠦ ᠰᠢᠢ᠍ᠳᠬᠡᠯ᠎ᠢ ᠬᠡᠷᠡᠭᠵᠢᠭᠦᠯᠬᠦ᠂ ᠬᠠᠮᠢᠶᠠᠷᠴᠤ ᠬᠥᠮᠦᠵᠢᠭᠦᠯᠬᠦ ᠪᠠ ᠬᠠᠪᠰᠤᠷᠤᠨ ᠲᠡᠳᠬᠦᠬᠦ ᠠᠵᠢᠯ᠎ᠢ ᠵᠢᠯᠣᠭᠤᠳᠴᠤ᠂ ᠬᠢᠨᠠᠯᠲᠠ ᠲᠠᠯᠪᠢᠨ᠎ᠠ᠃ ᠨᠡᠶ᠋ᠢᠭᠡᠮ᠎ᠤᠨ ᠬᠦᠴᠦᠨ ᠪᠠ ᠰᠠᠶ᠋ᠢᠨ ᠳᠤᠷ᠎ᠠ ᠵᠢᠨ ᠠᠵᠢᠯᠯᠠᠭᠴᠢ ᠵᠢᠨ ᠨᠡᠶ᠋ᠢᠭᠡᠮ ᠲᠣᠭᠤᠷᠢᠭ᠎ᠤᠨ ᠵᠠᠯᠬᠠᠭ᠋ᠠᠨ ᠵᠠᠰᠠᠬᠤ ᠠᠵᠢᠯ᠎ᠳᠤ ᠣᠷᠣᠯᠴᠠᠬᠤ ᠵᠢ ᠵᠢᠯᠣᠭᠤᠳᠤᠨ᠎ᠠ᠃
(ᠠᠷᠪᠠᠨ ᠨᠢᠭᠡ) ᠵᠠᠰᠠᠭ ᠵᠠᠬᠢᠷᠭ᠋ᠠᠨ᠎ᠤ ᠳᠠᠬᠢᠨ ᠵᠦᠪᠯᠡᠬᠦ ᠨᠢᠭᠡᠳᠦᠭᠡᠷ ᠭᠠᠵᠠᠷ ᠃ ᠲᠥᠪ ᠪᠠ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠥᠭᠡᠷᠡᠴᠢᠯᠡᠯᠲᠡ ᠵᠢᠨ ᠲᠥᠷᠥ ᠵᠢᠨ ᠪᠣᠳᠣᠯᠭ᠎ᠠ ᠵᠢᠨ ᠱᠠᠭ᠋ᠠᠷᠳᠠᠯᠭ᠎ᠠ ᠵᠢᠨ ᠨᠠᠢ᠌ᠳᠠᠪᠤᠷᠢᠵᠢᠭᠤᠯᠤᠯᠳᠠ ᠵᠢ ᠬᠠᠷᠢᠭᠤᠴᠠᠵᠤ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ ᠲᠦᠷᠢᠮ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠦᠨ᠎ᠡ; ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠂ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ ᠬᠡᠷᠡᠭ᠎ᠤᠨ ᠵᠡᠷᠭᠡ ᠳᠡᠰ᠎ᠢ ᠰᠠᠯᠭ᠋ᠠᠨ ᠭᠦᠢ᠍ᠴᠡᠳᠬᠡᠬᠦ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ ᠠᠵᠢᠯᠳᠠᠨ᠎ᠤ ᠬᠠᠮᠢᠶᠠᠷᠤᠯᠳᠠ ᠵᠢ ᠬᠠᠷᠢᠭᠤᠴᠠᠨ᠎ᠠ; ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ ᠲᠤᠬᠠᠶ᠋ᠢᠯᠠᠭᠰᠠᠨ ᠠᠵᠢᠯ᠎ᠤᠨ ᠪᠤᠯᠪᠠᠰᠤᠷᠠᠯ᠂ ᠪᠦᠷᠢᠳᠬᠡᠨ ᠵᠠᠳᠠᠯᠬᠤ᠂ ᠬᠡᠷᠡᠭ᠎ᠤᠨ ᠡᠪᠬᠡᠮᠡᠯ᠎ᠢ ᠡᠮᠬᠢᠯᠡᠨ ᠲᠠᠩᠰᠠ ᠡᠪᠬᠡᠮᠡᠯ᠎ᠳᠤ ᠣᠷᠣᠭᠤᠯᠬᠤ᠂ ᠲᠠᠪᠴᠠᠩ᠎ᠤᠨ ᠬᠡᠷᠡᠭᠯᠡᠭᠡᠨ᠎ᠤ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠨ᠎ᠡ; ᠪᠥᠬᠦ ᠣᠷᠣᠨ᠎ᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠ ᠵᠠᠰᠠᠭ ᠵᠠᠬᠢᠷᠭ᠋ᠠᠨ᠎ᠤ ᠵᠠᠷᠭᠤ ᠬᠦᠯᠢᠶᠡᠬᠦ ᠠᠵᠢᠯ᠎ᠢ ᠬᠢᠨᠠᠯᠲᠠ ᠲᠠᠯᠪᠢᠨ ᠵᠢᠯᠣᠭᠤᠳᠴᠤ᠂ ᠬᠠᠮᠢᠶ᠎ᠠ ᠪᠦᠬᠦᠢ ᠣᠨᠣᠯ᠎ᠤᠨ ᠰᠤᠳᠤᠯᠭ᠋ᠠᠨ᠂ ᠤᠬᠠᠭᠤᠯᠭ᠎ᠠ ᠪᠠ ᠭᠠᠳᠠᠭ᠋ᠠᠳᠤ᠎ᠲᠠᠢ ᠬᠠᠷᠢᠯᠴᠠᠵᠤ ᠵᠣᠬᠢᠴᠠᠭᠤᠯᠬᠤ ᠵᠡᠷᠭᠡ ᠠᠵᠢᠯ᠎ᠢ ᠬᠠᠷᠢᠭᠤᠴᠠᠨ᠎ᠠ᠃
(ᠠᠷᠪᠠᠨ ᠬᠣᠶᠠᠷ) ᠵᠠᠰᠠᠭ ᠵᠠᠬᠢᠷᠭ᠋ᠠᠨ᠎ᠤ ᠳᠠᠬᠢᠨ ᠵᠦᠪᠯᠡᠬᠦ ᠬᠤᠶᠠᠳᠤᠭ᠋ᠠᠷ ᠭᠠᠵᠠᠷ ᠃ ᠭᠤᠶᠤᠴᠢᠯᠠᠭᠳᠠᠭᠴᠢ ᠵᠢᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ ᠬᠡᠷᠡᠭ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠲᠠᠰᠤᠯᠤᠨ ᠲᠣᠭᠲᠠᠭ᠋ᠠᠭᠰᠠᠨ ᠬᠡᠷᠡᠭ ᠪᠠ ᠳᠡᠭᠢᠨ ᠵᠥᠪᠯᠡᠵᠦ ᠬᠢᠨᠠᠯᠲᠠ ᠲᠠᠯᠪᠢᠬᠤ ᠬᠡᠷᠡᠭ᠎ᠢ ᠬᠠᠷᠢᠭᠤᠴᠠᠨ ᠰᠢᠢ᠍ᠳᠪᠦᠷᠢᠯᠡᠵᠦ ᠂ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ᠎ᠪᠠᠷ ᠳᠠᠮᠵᠢᠵᠤ ᠵᠠᠷᠭᠤ ᠬᠦᠯᠢᠶᠡᠭᠰᠡᠨ ᠬᠡᠷᠡᠭ᠎ᠤᠨ ᠬᠠᠷᠢᠭᠤ ᠮᠠᠷᠭᠤᠵᠤ ᠭᠡᠷᠡᠴᠢ ᠬᠠᠩᠭ᠋ᠠᠬᠤ ᠪᠠ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠬᠦ ᠠᠵᠢᠯ᠎ᠢ ᠬᠠᠷᠢᠭᠤᠴᠠᠨ᠎ᠠ᠃
(ᠠᠷᠪᠠᠨ ᠭᠤᠷᠪᠠ) ᠵᠠᠰᠠᠭ ᠵᠠᠬᠢᠷᠭ᠋ᠠᠨ᠎ᠤ ᠳᠠᠬᠢᠨ ᠵᠦᠪᠯᠡᠬᠦ ᠭᠤᠷᠪᠠᠳᠤᠭ᠋ᠠᠷ ᠭᠠᠵᠠᠷ ᠃ ᠭᠤᠶᠤᠴᠢᠯᠠᠭᠳᠠᠭᠴᠢ ᠵᠢᠨ ᠡᠯ᠎ᠡ ᠠᠶ᠋ᠢᠮᠠᠭ ᠬᠣᠲᠠ ᠵᠢᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠡᠯ᠎ᠡ ᠰᠠᠯᠠᠭ᠎ᠠ ᠮᠥᠴᠢᠷ ᠵᠢᠴᠢ ᠲᠣᠮᠢᠯᠠᠭᠰᠠᠨ ᠪᠠᠶ᠋ᠢᠭᠤᠯᠤᠮᠵᠢ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠪᠤᠶᠤ ᠵᠠᠰᠠᠭ᠎ᠤᠨ ᠣᠷᠳᠣᠨ᠎ᠤ ᠠᠵᠢᠯ᠎ᠤᠨ ᠰᠠᠯᠠᠭ᠎ᠠ ᠮᠥᠴᠢᠷ᠎ᠤᠨ ᠬᠠᠮᠢᠶᠠᠷᠴᠤ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠤᠨ ᠡᠷᠬᠡ ᠣᠯᠭᠣᠭᠰᠠᠨ ᠵᠣᠬᠢᠶᠠᠨ ᠪᠠᠶ᠋ᠢᠭᠤᠯᠤᠯᠲᠠ ᠵᠢᠨ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ ᠬᠡᠷᠡᠭ᠎ᠢ ᠰᠢᠢ᠍ᠳᠪᠦᠷᠢᠯᠡᠬᠦ ᠵᠢ ᠬᠠᠷᠢᠭᠤᠴᠠᠵᠤ᠂ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ ᠵᠠᠬᠢᠳᠠᠯ ᠰᠤᠷᠪᠤᠯᠵᠢᠯᠠᠭ᠎ᠠ ᠂ ᠵᠠᠭ᠋ᠠᠯᠳᠤᠯᠭ᠎ᠠ ᠵᠢᠨ ᠬᠡᠷᠡᠭ᠎ᠢ ᠰᠢᠢ᠍ᠳᠪᠦᠷᠢᠯᠡᠵᠦ ᠂ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ ᠭᠤᠶᠤᠴᠢᠯᠠᠯ ᠬᠦᠯᠢᠶᠡᠭᠰᠡᠨ ᠬᠡᠷᠡᠭ᠎ᠤᠨ ᠬᠠᠷᠢᠭᠤ ᠮᠠᠷᠭᠤᠵᠤ ᠭᠡᠷᠡᠴᠢ ᠬᠠᠩᠭ᠋ᠠᠬᠤ ᠪᠠ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠬᠦ ᠠᠵᠢᠯ᠎ᠢ ᠬᠠᠷᠢᠭᠤᠴᠠᠨ᠎ᠠ᠃
(ᠠᠷᠪᠠᠨ ᠳᠥᠷᠪᠡ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠳᠡ ᠵᠢ ᠵᠣᠬᠢᠴᠠᠭᠤᠯᠤᠨ ᠬᠢᠨᠠᠬᠤ ᠭᠠᠵᠠᠷ ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠶᠡᠷᠦᠩᠬᠡᠶ᠋ᠢᠯᠡᠨ ᠵᠣᠬᠢᠴᠠᠭᠤᠯᠬᠤ ᠠᠵᠢᠯ᠎ᠢ ᠬᠠᠷᠢᠭᠤᠴᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯ᠎ᠢ ᠵᠢᠯᠤᠭᠤᠳᠴᠤ ᠂ ᠬᠢᠨᠠᠯᠲᠠ ᠲᠠᠯᠪᠢᠵᠤ᠂ ᠴᠢᠩᠭ᠎ᠠ ᠵᠢᠷᠤᠮᠵᠢᠯ᠎ᠲᠠᠢ ᠲᠥᠪ ᠭᠤᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠠᠬᠢᠭᠤᠯᠤᠨ᠎ᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠪᠠᠶ᠋ᠢᠭᠤᠯᠤᠯ᠎ᠤᠨ ᠥᠭᠡᠷᠡᠴᠢᠯᠡᠯᠲᠡ ᠵᠢ ᠠᠬᠢᠭᠤᠯᠬᠤ ᠵᠢ ᠬᠠᠷᠢᠭᠤᠴᠠᠵᠤ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠲᠦᠭᠡᠮᠡᠯ ᠴᠢᠨᠠᠷᠲᠠᠶ ᠴᠢᠬᠤᠯᠠ ᠴᠢᠨᠠᠷᠲᠠᠶ ᠠᠰᠠᠭᠤᠳᠠᠯ᠎ᠢ ᠵᠣᠬᠢᠴᠠᠭᠤᠯᠤᠨ᠎ᠠ᠃ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠤᠣᠯ ᠴᠣᠭᠴᠠ ᠪᠣᠯᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠠᠵᠢᠯᠲᠠᠨ᠎ᠤ ᠬᠢᠷᠢ ᠬᠡᠮ᠎ᠢ ᠬᠢᠨᠠᠨ ᠬᠠᠷᠭᠤᠭᠤᠯᠬᠤ ᠪᠠ ᠦᠨᠡᠮᠯᠡᠯ᠎ᠤᠨ ᠬᠠᠮᠢᠶᠠᠷᠤᠯᠲᠠ ᠵᠢᠨ ᠠᠵᠢᠯ᠎ᠢ ᠡᠭᠦᠷᠭᠡᠯᠡᠵᠦ᠂ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠬᠠᠷᠢᠭᠤᠴᠠᠯᠭ᠎ᠠ ᠵᠢᠨ ᠳᠦᠷᠢᠮ᠎ᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢᠨ ᠬᠠᠤᠯᠢ ᠳᠦᠷᠢᠮ᠎ᠢ ᠵᠣᠬᠢᠴᠠᠭᠤᠯᠬᠤ ᠠᠵᠢᠯ᠎ᠢ ᠬᠠᠷᠢᠭᠤᠴᠠᠨ᠎ᠠ᠃ ᠲᠣᠭᠤᠷᠢᠭ ᠪᠠᠶ᠋ᠢᠭᠤᠯᠤᠭᠰᠠᠨ ᠬᠤᠲᠠ ᠵᠢᠨ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠢ ᠳᠠᠩᠰᠠᠯᠠᠵᠤ ᠬᠢᠨᠠᠨ ᠪᠠᠶ᠋ᠢᠴᠠᠭ᠋ᠠᠬᠤ ᠪᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠢ ᠴᠡᠭᠴᠡᠯᠡᠬᠦ ᠠᠵᠢᠯ᠎ᠢ ᠬᠠᠷᠢᠭᠤᠴᠠᠨ᠎ᠠ᠃ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠳᠠᠩᠰᠠᠯᠠᠬᠤ᠎ᠳᠤ ᠬᠢᠨᠠᠯᠲᠠ ᠲᠠᠯᠪᠢᠬᠤ ᠪᠠ ᠣᠨᠳᠣᠤ ᠰᠠᠨᠠᠯ ᠭᠤᠶᠤᠴᠢᠯᠠᠬᠤ ᠠᠵᠢᠯ᠎ᠢ ᠬᠠᠷᠢᠭᠤᠴᠠᠨ᠎ᠠ᠃
(ᠠᠷᠪᠠᠨ ᠲᠠᠪᠤ) ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠪᠠ ᠬᠠᠤᠯᠢ᠎ᠪᠠᠷ ᠵᠠᠰᠠᠬᠤ ᠭᠠᠵᠠᠷ ᠃ ᠪᠥᠬᠦ ᠣᠷᠣᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠬᠥᠮᠦᠵᠢᠯ᠎ᠤᠨ ᠲᠥᠯᠥᠪᠵᠢᠭᠦᠯᠭᠡ ᠵᠢ ᠲᠤᠭᠤᠷᠪᠢᠨ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢ ᠬᠠᠷᠢᠭᠤᠴᠠᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ 《ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠲᠦᠭᠡᠮᠡᠯᠵᠢᠭᠦᠯᠬᠦ》 ᠬᠠᠤᠯᠢ ᠲᠦᠭᠡᠮᠡᠯᠵᠢᠭᠦᠯᠬᠦ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠬᠤ ᠠᠵᠢᠯ᠎ᠢ ᠵᠢᠯᠣᠭᠤᠳᠤᠨ᠂ ᠬᠢᠨᠠᠯᠲᠠ ᠲᠠᠯᠪᠢᠵᠤ᠂ ᠪᠥᠬᠦ ᠠᠷᠠᠳ᠎ᠲᠤ ᠬᠠᠤᠯᠢ ᠲᠦᠭᠡᠮᠡᠯᠵᠢᠭᠦᠯᠬᠦ ᠠᠵᠢᠯ᠎ᠢ ᠠᠬᠢᠭᠤᠯᠤᠨ᠎ᠠ᠃ ᠪᠥᠬᠦ ᠣᠷᠣᠨ᠎ᠤ ᠲᠥᠷᠥ ᠵᠢᠨ ᠠᠯᠪᠠᠳᠠᠨ᠎ᠤ ᠬᠠᠤᠯᠢ ᠵᠢ ᠰᠤᠷᠴᠤ ᠬᠠᠤᠯᠢ ᠵᠢ ᠬᠡᠷᠡᠭᠯᠡᠬᠦ ᠠᠵᠢᠯ᠎ᠢ ᠵᠢᠯᠤᠭᠤᠳᠴᠤ ᠬᠢᠨᠠᠯᠲᠠ ᠲᠠᠯᠪᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ ᠠᠵᠢᠯ ᠲᠦᠷᠦᠯ᠎ᠤᠨ ᠬᠠᠤᠯᠢ ᠶᠣᠰᠣᠭ᠋ᠠᠷ ᠵᠠᠰᠠᠬᠤ ᠪᠠ ᠬᠠᠤᠯᠢ᠎ᠪᠠᠷ ᠵᠠᠰᠠᠬᠤ ᠵᠢ ᠡᠭᠦᠳᠦᠨ ᠪᠠᠶ᠋ᠢᠭᠤᠯᠬᠤ ᠠᠵᠢᠯ᠎ᠢ ᠵᠢᠯᠣᠭᠤᠳᠤᠨ᠎ᠠ᠃ ᠨᠡᠶ᠋ᠢᠭᠡᠮ ᠵᠢᠷᠤᠮ᠎ᠤᠨ ᠬᠠᠤᠯᠢ᠎ᠪᠠᠷ ᠵᠠᠰᠠᠬᠤ ᠰᠣᠶᠣᠯ᠎ᠤᠨ ᠪᠠᠶ᠋ᠢᠭᠤᠯᠤᠯᠲᠠ ᠵᠢᠨ ᠠᠵᠢᠯ᠎ᠢ ᠵᠢᠯᠣᠭᠤᠳᠤᠨ᠎ᠠ᠃
(ᠠᠷᠪᠠᠨ ᠵᠢᠷᠭᠤᠭ᠎ᠠ) ᠠᠷᠠᠳ ᠲᠦᠮᠡᠨ᠎ᠢ ᠤᠷᠤᠯᠴᠠᠭᠤᠯᠬᠤ ᠪᠠ ᠬᠠᠤᠯᠢ᠎ᠪᠠᠷ ᠵᠠᠰᠠᠬᠤ ᠵᠢ ᠠᠬᠢᠭᠤᠯᠬᠤ ᠭᠠᠵᠠᠷ ᠃ ᠠᠷᠠᠳ ᠣᠯᠠᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ᠎ᠳᠤ ᠣᠷᠣᠯᠴᠠᠬᠤ᠂ ᠠᠬᠢᠭᠤᠯᠬᠤ᠂ ᠬᠢᠨᠠᠯᠲᠠ ᠲᠠᠯᠪᠢᠬᠤ ᠵᠢ ᠪᠠᠲᠤᠯᠠᠬᠤ ᠲᠦᠷᠢᠮ ᠠᠷᠭ᠎ᠠ ᠬᠡᠮᠵᠢᠶ᠎ᠡ ᠵᠢ ᠲᠣᠭᠲᠠᠭ᠋ᠠᠬᠤ ᠵᠢ ᠬᠠᠷᠢᠭᠤᠴᠠᠬᠤ ᠵᠢᠨ ᠬᠠᠮᠲᠤ ᠵᠣᠬᠢᠶᠠᠨ ᠪᠠᠶ᠋ᠢᠭᠤᠯᠵᠤ ᠬᠡᠷᠡᠭᠵᠢᠭᠦᠯᠦᠨ᠎ᠡ᠃ ᠠᠷᠠᠳ᠎ᠤᠨ ᠪᠦᠯᠬᠦᠮ᠂ ᠤᠯᠠᠨ ᠲᠦᠮᠡᠨ᠎ᠤ ᠥᠪᠡᠷᠲᠡᠭᠡᠨ ᠵᠠᠰᠠᠬᠤ ᠵᠣᠬᠢᠶᠠᠨ ᠪᠠᠶ᠋ᠢᠭᠤᠯᠤᠯᠲᠠ ᠪᠠ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠠᠤᠯᠢ᠎ᠪᠠᠷ ᠵᠠᠰᠠᠬᠤ ᠨᠡᠶ᠋ᠢᠭᠡᠮ᠎ᠤᠨ ᠪᠠᠶ᠋ᠢᠭᠤᠯᠤᠯᠲᠠ ᠵᠢᠨ ᠠᠵᠢᠯ᠎ᠳᠤ ᠣᠷᠣᠯᠴᠠᠬᠤ ᠪᠠ ᠲᠡᠭᠦᠨ᠎ᠢ ᠳᠡᠮᠵᠢᠬᠦ ᠵᠢ ᠵᠢᠯᠣᠭᠤᠳᠤᠨ᠎ᠠ᠃ ᠬᠠᠤᠯᠢ ᠴᠠᠭ᠋ᠠᠵᠠ ᠵᠢᠨ ᠭᠠᠵᠠᠷ᠎ᠤᠨ ᠪᠠᠶ᠋ᠢᠭᠤᠯᠤᠯᠲᠠ ᠵᠢ ᠠᠬᠢᠭᠤᠯᠬᠤ ᠵᠢ ᠵᠢᠯᠣᠭᠤᠳᠤᠨ᠎ᠠ᠃ ᠠᠷᠠᠳ᠎ᠤᠨ ᠡᠶᠡᠳᠡᠭᠦᠯᠭᠡ᠂ ᠵᠠᠰᠠᠭ ᠵᠠᠬᠢᠷᠭ᠋ᠠᠨ᠎ᠤ ᠡᠶᠡᠳᠡᠭᠦᠯᠭᠡ ᠪᠠ ᠠᠵᠢᠯ ᠲᠥᠷᠥᠯ᠎ᠤᠨ ᠴᠢᠨᠠᠷᠲᠠᠶ ᠲᠤᠰᠬᠠᠶ ᠮᠡᠷᠭᠡᠵᠢᠯ᠎ᠤᠨ ᠴᠢᠨᠠᠷᠲᠠᠶ ᠡᠶᠡᠳᠡᠭᠦᠯᠭᠡ ᠵᠢᠨ ᠠᠵᠢᠯ᠎ᠢ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠡᠶᠡᠳᠡᠭᠦᠯᠬᠦ ᠨᠡᠶ᠋ᠢᠭᠡᠮᠯᠢᠭ ᠵᠡᠷᠭᠡ ᠠᠵᠢᠯ ᠲᠥᠷᠥᠯ᠎ᠤᠨ ᠨᠡᠶ᠋ᠢᠭᠡᠮᠯᠢᠭ᠎ᠤᠨ ᠠᠵᠢᠯ᠎ᠢ ᠵᠢᠯᠣᠭᠤᠳᠤᠨ᠎ᠠ᠃ ᠠᠷᠠᠳ᠎ᠤᠨ ᠬᠠᠪᠰᠤᠷᠤᠨ ᠰᠢᠭᠦᠭᠴᠢ᠂ ᠠᠷᠠᠳ᠎ᠤᠨ ᠬᠢᠨᠠᠯᠲᠠ ᠲᠠᠯᠪᠢᠭᠴᠢ ᠵᠢ ᠰᠣᠩᠭᠤᠨ ᠲᠣᠮᠢᠯᠠᠬᠤ ᠬᠠᠮᠢᠶᠠᠷᠤᠯᠲᠠ ᠵᠢᠨ ᠠᠵᠢᠯ᠎ᠢ ᠵᠢᠯᠣᠭᠤᠳᠤᠨ᠎ᠠ᠃ ᠬᠠᠪᠰᠤᠷᠤᠨ ᠰᠤᠷᠭ᠋ᠠᠵᠤ ᠲᠥᠪᠬᠢᠨᠡᠭᠦᠯᠬᠦ ᠠᠵᠢᠯ᠎ᠢ ᠵᠢᠯᠣᠭᠤᠳᠤᠨ᠎ᠠ᠃
(ᠠᠷᠪᠠᠨ ᠳᠣᠯᠣᠭ᠎ᠠ) ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠠᠮᠢᠶᠠᠷᠤᠯᠲᠠ ᠵᠢᠨ ᠲᠤᠪᠴᠢᠶ᠎ᠠ ᠃ ᠪᠥᠬᠦ ᠣᠷᠣᠨ᠎ᠤ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠰᠢᠰᠲ᠋ᠧᠮᠵᠢ ᠪᠠ ᠲᠠᠪᠴᠠᠩ᠎ᠤᠨ ᠪᠠᠶ᠋ᠢᠭᠤᠯᠤᠯᠲᠠ ᠵᠢᠨ ᠠᠵᠢᠯ᠎ᠢ ᠲᠥᠯᠥᠪᠵᠢᠭᠦᠯᠬᠦ ᠪᠠ ᠠᠬᠢᠭᠤᠯᠬᠤ ᠵᠢ ᠬᠠᠷᠢᠭᠤᠴᠠᠨ᠎ᠠ᠃ ᠬᠠᠤᠯᠢ ᠴᠠᠭ᠋ᠠᠵᠠ ᠵᠢᠨ ᠲᠤᠰᠠᠯᠠᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ᠂ ᠠᠯᠪᠠᠨ ᠭᠡᠷᠡᠴᠢᠯᠡᠭᠡ᠂ ᠬᠥᠨᠳᠡᠯᠡᠨ᠎ᠠᠴᠠ ᠲᠠᠰᠤᠯᠬᠤ ᠠᠵᠢᠯ᠎ᠢ ᠵᠢᠯᠣᠭᠤᠳᠴᠤ᠂ ᠬᠠᠮᠢᠶᠠᠷᠴᠤ᠂ ᠬᠢᠨᠠᠯᠲᠠ ᠲᠠᠯᠪᠢᠨ᠎ᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ᠂ ᠠᠯᠪᠠᠨ ᠭᠡᠷᠡᠴᠢᠯᠡᠭᠡ᠂ ᠬᠥᠨᠳᠡᠯᠡᠨ᠎ᠠᠴᠠ ᠲᠠᠰᠤᠯᠬᠤ ᠨᠡᠷᠡᠰ᠎ᠤᠨ ᠳᠡᠪᠲᠡᠷ᠎ᠢ ᠨᠠᠶ᠋ᠢᠷᠠᠭᠤᠯᠤᠨ ᠵᠣᠬᠢᠶᠠᠬᠤ ᠵᠢᠨ ᠬᠠᠮᠲᠤ ᠵᠠᠷᠯᠠᠨ ᠨᠡᠶ᠋ᠢᠲᠡᠯᠡᠨ᠎ᠡ᠃ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠪᠠ ᠰᠠᠶ᠋ᠢᠨ ᠳᠤᠷ᠎ᠠ ᠵᠢᠨ ᠠᠵᠢᠯᠯᠠᠭᠴᠢ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯ ᠥᠷᠨᠢᠭᠦᠯᠬᠦ ᠵᠢ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠳᠤᠭᠳᠠᠭ᠋ᠠᠯᠳᠠ ᠵᠢᠨ ᠨᠡᠶ᠋ᠢᠭᠡᠮᠯᠢᠭ᠂ ᠠᠯᠪᠠᠨ ᠭᠡᠷᠡᠴᠢᠯᠡᠭᠡ ᠵᠢᠨ ᠨᠡᠶ᠋ᠢᠭᠡᠮᠯᠢᠭ ᠵᠡᠷᠭᠡ ᠠᠵᠢᠯ ᠲᠥᠷᠥᠯ᠎ᠤᠨ ᠨᠡᠶ᠋ᠢᠭᠡᠮᠯᠢᠭ᠎ᠤᠨ ᠠᠵᠢᠯ᠎ᠢ ᠵᠢᠯᠣᠭᠤᠳᠤᠨ᠎ᠠ᠃
(ᠠᠷᠪᠠᠨ ᠨᠠᠢ᠍ᠮᠠ) ᠬᠠᠤᠯᠢᠴᠢ ᠵᠢᠨ ᠠᠵᠢᠯ᠎ᠤᠨ ᠭᠠᠵᠠᠷ ᠃ ᠬᠠᠤᠯᠢᠴᠢ ᠵᠢᠨ ᠠᠵᠢᠯ᠎ᠢ ᠵᠢᠯᠣᠭᠤᠳᠴᠤ᠂ ᠬᠢᠨᠠᠯᠲᠠ ᠲᠠᠯᠪᠢᠨ᠎ᠠ᠃ ᠪᠦᠬᠦ ᠣᠷᠣᠨ᠎ᠤ ᠬᠠᠤᠯᠢᠴᠢ ᠵᠢᠨ ᠬᠡᠷᠡᠭ ᠡᠷᠬᠢᠯᠡᠬᠦ ᠭᠠᠵᠠᠷ ᠵᠢᠴᠢ ᠬᠠᠤᠯᠢᠴᠢ ᠵᠢᠨ ᠠᠵᠢᠯ ᠡᠷᠬᠢᠯᠡᠬᠦ ᠵᠢ ᠬᠢᠨᠠᠨ ᠵᠥᠪᠰᠢᠶᠡᠷᠡᠬᠦ ᠪᠠ ᠬᠢᠨᠠᠨ ᠬᠠᠮᠢᠶᠠᠷᠬᠤ ᠠᠵᠢᠯ᠎ᠢ ᠬᠠᠷᠢᠭᠤᠴᠠᠨ᠎ᠠ᠃ ᠨᠠᠮ ᠵᠠᠰᠠᠭ᠎ᠤᠨ ᠪᠠᠶ᠋ᠢᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠢᠨ ᠬᠠᠤᠯᠢ ᠴᠠᠭ᠋ᠠᠵᠠ ᠵᠢᠨ ᠵᠥᠪᠯᠡᠭᠴᠢ ᠵᠢᠨ ᠠᠵᠢᠯ᠎ᠢ ᠵᠢᠯᠣᠭᠤᠳᠤᠨ᠂ ᠬᠢᠨᠠᠯᠲᠠ ᠲᠠᠯᠪᠢᠨ᠎ᠠ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠬᠠᠶ ᠮᠡᠷᠭᠡᠵᠢᠯᠲᠡᠨ᠎ᠤ ᠬᠥᠮᠥᠷᠭᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭ᠋ᠠᠵᠠ ᠵᠢᠨ ᠵᠥᠪᠯᠡᠭᠴᠢ ᠵᠢ ᠰᠣᠩᠭᠤᠨ ᠤᠷᠢᠬᠤ᠂ ᠵᠣᠬᠢᠶᠠᠨ ᠪᠠᠶ᠋ᠢᠭᠤᠯᠬᠤ᠂ ᠬᠠᠮᠢᠶᠠᠷᠬᠤ ᠠᠵᠢᠯ᠎ᠢ ᠬᠠᠷᠢᠭᠤᠴᠠᠨ᠎ᠠ᠃ ᠠᠯᠪᠠᠨ ᠲᠤᠰᠢᠶᠠᠯᠲᠤ ᠬᠠᠤᠯᠢᠴᠢ᠂ ᠺᠣᠮᠫᠠᠨᠢ ᠵᠢᠨ ᠬᠠᠤᠯᠢᠴᠢ ᠪᠠ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯ᠎ᠢ ᠵᠢᠯᠣᠭᠤᠳᠤᠨ᠎ᠠ᠃ ᠥᠪᠡᠷᠲᠡᠭᠡᠨ ᠵᠠᠰᠠᠬᠤ ᠣᠷᠣᠨ᠎ᠤ ᠬᠠᠤᠯᠢᠴᠢ ᠵᠢᠨ ᠨᠡᠶ᠋ᠢᠭᠡᠮᠯᠢᠭ᠂ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠤ ᠨᠡᠶ᠋ᠢᠭᠡᠮᠯᠢᠭ᠎ᠤᠨ ᠠᠵᠢᠯ᠎ᠢ ᠵᠢᠯᠣᠭᠤᠳᠤᠨ᠎ᠠ᠃
(ᠠᠷᠪᠠ ᠶᠢᠰᠦ) ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠭᠡᠮ᠎ᠤᠨ ᠬᠠᠮᠢᠶᠠᠷᠤᠯᠲᠠ ᠵᠢᠨ ᠭᠠᠵᠠᠷ ᠃ ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠥᠪᠥᠷ ᠮᠣᠩᠭᠤᠯ᠎ᠤᠨ ᠰᠢᠯᠭ᠋ᠠᠯᠲᠠ ᠵᠢᠨ ᠲᠣᠭᠤᠷᠢᠭ᠎ᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠠᠵᠢᠯ᠎ᠢ ᠬᠠᠷᠢᠭᠤᠴᠠᠨ᠎ᠠ᠃ ᠤᠯᠤᠰ᠎ᠤᠨ ᠨᠢᠭᠡᠳᠦᠯᠲᠡᠶ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠢ ᠬᠢᠨᠠᠨ ᠬᠠᠷᠭᠤᠭᠤᠯᠬᠤ ᠪᠠ ᠬᠢᠷᠢ ᠬᠡᠮ᠎ᠤᠨ ᠦᠨᠡᠮᠯᠡᠯ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠠᠵᠢᠯᠲᠠᠨ᠎ᠤ ᠠᠵᠢᠯ᠎ᠳᠤ ᠣᠷᠣᠬᠤ᠎ᠠᠴᠠ ᠡᠮᠦᠨᠡᠬᠢ ᠪᠣᠯᠪᠠᠰᠤᠷᠠᠯ᠎ᠤᠨ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠲᠣᠭᠲᠠᠭ᠋ᠠᠬᠤ ᠵᠢ ᠬᠠᠷᠢᠭᠤᠴᠠᠨ᠎ᠠ ᠃
(ᠬᠣᠷᠢ) ᠵᠡᠪᠰᠡᠭ ᠲᠣᠨᠣᠭᠯᠠᠯ ᠡᠳ᠋᠎ᠤᠨ ᠶᠠᠪᠤᠳᠠᠯ᠎ᠤᠨ ᠪᠠᠲᠤᠯᠠᠭ᠎ᠠ ᠵᠢᠨ ᠭᠠᠵᠠᠷ ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠡᠳ᠋᠎ᠤᠨ ᠶᠠᠪᠤᠳᠠᠯ᠂ ᠡᠳ᠋ ᠪᠣᠳᠠᠰ ᠲᠣᠨᠤᠭ ᠲᠥᠬᠦᠭᠡᠷᠦᠮᠵᠢ ᠪᠠ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠬᠠᠮᠢᠶᠠᠷᠤᠯᠲᠠ ᠵᠢᠨ ᠠᠵᠢᠯ᠎ᠢ ᠵᠢᠯᠣᠭᠤᠳᠤᠨ᠎ᠠ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠲᠥᠪ᠎ᠤᠨ ᠤᠯᠤᠰ ᠲᠥᠷᠥ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠤᠰᠬᠠᠶ ᠵᠣᠭᠤᠰ ᠪᠣᠯᠤᠨ ᠦᠨᠳᠦᠰᠦᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ᠎ᠳᠤ ᠬᠡᠷᠡᠭᠯᠡᠬᠦ ᠠᠵᠢᠯ᠎ᠢ ᠵᠢᠯᠣᠭᠤᠳᠴᠤ᠂ ᠬᠢᠨᠠᠯᠲᠠ ᠲᠠᠯᠪᠢᠨ᠎ᠠ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠫᠤᠤ ᠵᠡᠪᠰᠡᠭ᠂ ᠰᠤᠮᠤ ᠳᠠᠷᠢ᠂ ᠬᠤᠪᠴᠠᠰᠤ ᠬᠤᠨᠠᠷ ᠪᠠ ᠴᠠᠭᠳᠠᠭ᠋ᠠᠨ᠎ᠤ ᠲᠡᠷᠭᠡ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠪᠠᠢ᠌ᠭᠤᠯᠭ᠎ᠠ ᠬᠢᠭᠡᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠲᠥᠰᠦᠪ ᠪᠠ ᠲᠥᠰᠦᠪ᠎ᠤᠨ ᠭᠦᠢ᠍ᠴᠡᠳᠬᠡᠯ᠂ ᠡᠳ᠋᠎ᠤᠨ ᠶᠠᠪᠤᠳᠠᠯ᠎ᠤᠨ ᠬᠠᠮᠢᠶᠠᠷᠤᠯᠲᠠ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠠᠮᠢᠶᠠᠷᠤᠯᠲᠠ᠂ ᠬᠢᠨᠠᠨ ᠪᠣᠳᠣᠬᠤ ᠪᠠ ᠵᠠᠰᠠᠭ᠎ᠤᠨ ᠣᠷᠳᠣᠨ ᠠᠴᠠ ᠬᠤᠳᠠᠯᠳᠤᠨ ᠠᠪᠬᠤ ᠵᠡᠷᠭᠡ ᠠᠵᠢᠯ᠎ᠢ ᠬᠠᠷᠢᠭᠤᠴᠠᠵᠤ᠂ ᠭᠢᠨᠳᠠᠨ᠂ ᠰᠢᠭᠤᠳ ᠬᠠᠷᠢᠶ᠎ᠠ ᠬᠣᠤᠷ ᠲᠠᠲᠠᠬᠤ ᠵᠢ ᠵᠣᠭᠰᠣᠭ᠋ᠠᠬᠤ ᠰᠢᠰᠲ᠋ᠧᠮ᠎ᠤᠨ ᠲᠣᠨᠣᠭ ᠲᠥᠬᠥᠭᠡᠷᠦᠮᠵᠢ ᠵᠢᠨ ᠡᠳ᠋᠎ᠤᠨ ᠶᠠᠪᠤᠳᠠᠯ᠎ᠤᠨ ᠪᠠᠲᠤᠯᠠᠭ᠎ᠠ ᠵᠢᠨ ᠠᠵᠢᠯ᠎ᠢ ᠨᠢᠭᠡᠳᠦᠯᠲᠡᠶ ᠲᠥᠯᠥᠪᠯᠡᠨ ᠵᠢᠯᠣᠭᠣᠳᠤᠨ᠎ᠠ᠃
(ᠬᠣᠷᠢᠨ ᠨᠢᠭᠡ) ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢᠴᠢᠯᠠᠯᠳᠠ ᠵᠢᠨ ᠭᠠᠵᠠᠷ ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠮᠡᠳᠡᠭᠡ ᠵᠠᠩᠭᠢᠴᠢᠯᠠᠯᠲᠠ ᠵᠢᠨ ᠪᠠᠶ᠋ᠢᠭᠤᠯᠤᠯᠲᠠ ᠵᠢᠨ ᠶᠡᠷᠦᠩᠬᠡᠶ ᠲᠥᠯᠥᠪᠵᠢᠭᠦᠯᠭᠡ ᠵᠢ ᠲᠣᠭᠲᠠᠭ᠋ᠠᠬᠤ ᠵᠢᠨ ᠬᠠᠮᠲᠤ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠮᠡᠳᠡᠭᠡ ᠵᠠᠩᠭᠢᠵᠢᠯᠲᠠ ᠵᠢᠨ ᠰᠢᠰᠲ᠋ᠧᠮ᠂ ᠵᠥᠭᠡᠯᠡᠨ ᠲᠣᠨᠤᠭ᠂ ᠲᠠᠪᠴᠠᠩ᠎ᠢ ᠵᠢᠷᠤᠵᠤ ᠲᠥᠯᠥᠪᠯᠡᠬᠦ᠂ ᠰᠤᠳᠤᠯᠤᠨ ᠨᠡᠭᠡᠭᠡᠬᠦ᠂ ᠪᠦᠲᠦᠭᠡᠨ ᠪᠠᠶ᠋ᠢᠭᠤᠯᠬᠤ᠂ ᠬᠡᠷᠡᠭᠯᠡᠬᠦ ᠪᠠ ᠬᠠᠮᠠᠭ᠋ᠠᠯᠠᠬᠤ ᠠᠵᠢᠯ᠎ᠢ ᠵᠢᠯᠣᠭᠤᠳᠤᠨ᠎ᠠ᠃ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠰᠢᠰᠲ᠋ᠧᠮ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠨ ᠵᠢᠯᠣᠭᠤᠳᠬᠤ᠂ ᠶᠠᠷᠢᠶ᠎ᠠ ᠬᠡᠯᠡᠯᠴᠡᠭᠡᠨ᠎ᠤ ᠪᠠᠶ᠋ᠢᠳᠠᠯ᠎ᠢ ᠰᠢᠢ᠍ᠳᠪᠦᠷᠢᠯᠡᠬᠦ ᠪᠠ ᠶᠡᠷᠦᠩᠬᠡᠶ᠋ᠢᠯᠡᠨ ᠵᠣᠬᠢᠴᠠᠭᠤᠯᠤᠨ ᠲᠣᠬᠢᠷᠠᠭᠤᠯᠬᠤ ᠠᠵᠢᠯ᠎ᠢ ᠡᠭᠦᠷᠭᠡᠯᠡᠵᠦ᠂ ᠬᠤᠷᠢᠭᠤᠯ᠎ᠤᠨ ᠭᠠᠵᠠᠷ᠎ᠤᠨ ᠠᠮᠤᠷ ᠲᠦᠪᠰᠢᠨ᠎ᠤ ᠰᠡᠷᠭᠡᠶ᠋ᠢᠯᠡᠯᠲᠡ ᠪᠠ ᠬᠢᠨᠠᠨ ᠡᠵᠡᠮᠳᠡᠬᠦ ᠰᠢᠰᠲ᠋ᠧᠮ᠎ᠤᠨ ᠪᠠᠶ᠋ᠢᠭᠤᠯᠤᠯᠲᠠ ᠵᠢᠨ ᠠᠵᠢᠯ᠎ᠢ ᠵᠢᠯᠣᠭᠤᠳᠤᠨ᠎ᠠ᠃
(ᠬᠣᠷᠢᠨ ᠬᠣᠶᠠᠷ) ᠪᠠᠶ᠋ᠢᠭᠤᠯᠭ᠎ᠠ ᠵᠢᠨ ᠨᠠᠮ᠎ᠤᠨ ᠬᠤᠷᠢᠶ᠎ᠠ ᠃ ᠪᠠᠶ᠋ᠢᠭᠤᠯᠭ᠎ᠠ ᠵᠢᠴᠢ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠨᠠᠮ ᠪᠠ ᠣᠯᠠᠨ ᠲᠦᠮᠡᠨ᠂ ᠰᠠᠬᠢᠯᠭ᠎ᠠ ᠪᠠᠲᠤ ᠪᠠᠶ᠋ᠢᠴᠠᠭ᠋ᠠᠬᠤ ᠵᠡᠷᠭᠡ ᠠᠵᠢᠯ᠎ᠢ ᠬᠠᠷᠢᠭᠤᠴᠠᠨ᠎ᠠ᠃
(ᠬᠤᠷᠢᠨ ᠭᠤᠷᠪᠠ) ᠠᠵᠢᠯ᠎ᠠᠴᠠ᠎ᠪᠠᠨ ᠠᠮᠠᠷᠠᠭᠰᠠᠳ ᠪᠠᠭᠤᠭᠰᠠᠳ᠎ᠤᠨ ᠠᠵᠢᠯ᠎ᠤᠨ ᠭᠠᠵᠠᠷ ᠃ ᠪᠠᠶ᠋ᠢᠭᠤᠯᠭ᠎ᠠ ᠵᠢᠴᠢ ᠰᠢᠭᠤᠳ ᠬᠠᠷᠢᠶ᠎ᠠ ᠠᠵᠢᠯ ᠦᠢ᠍ᠯᠡᠰ᠎ᠤᠨ ᠨᠢᠭᠡᠴᠢ ᠵᠢᠨ ᠠᠵᠢᠯ᠎ᠠᠴᠠ᠎ᠪᠠᠨ ᠠᠮᠠᠷᠠᠭᠰᠠᠳ ᠪᠠᠭᠤᠭᠰᠠᠳ᠎ᠤᠨ ᠠᠵᠢᠯ᠎ᠢ ᠬᠠᠷᠢᠭᠤᠴᠠᠨ᠎ᠠ᠃
ᠠᠵᠢᠯᠯᠠᠬᠤ ᠭᠠᠵᠠᠷ᠄ ᠬᠥᠬᠡᠬᠤᠲᠠ ᠵᠢᠨ ᠰᠢᠨ᠎ᠡ ᠬᠤᠲᠠ ᠲᠣᠭᠤᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠸᠷ
ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂
14᠄ 00 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠡᠭᠦᠨ᠎ᠳᠤ ᠪᠠᠭᠲᠠᠬᠤ ᠦᠭᠡᠢ
ᠬᠠᠷᠢᠯᠴᠠᠬᠤ ᠤᠲᠠᠰᠤ᠄ 0471 - 5301222
ᠬᠠᠷᠢᠭᠤᠴᠠᠯᠭ᠋ᠠᠲᠠᠨ᠄ ᠪᠠᠢ ᠶᠦᠩ ᠫᠢᠩ
ᠰᠢᠭᠤᠳ ᠬᠠᠷᠢᠶ᠎ᠠ ᠨᠢᠭᠡᠴᠢ
( ᠨᠢᠭᠡ ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠪᠣᠯ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠰᠠᠯᠠᠭ᠎ᠠ ᠮᠥᠴᠢᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠪᠣᠯᠤᠨ᠎ᠠ᠂ ᠳᠡᠳ᠋ ᠲᠢᠩᠬᠢᠮ᠎ᠤᠨ ᠳᠡᠰ ᠃ ᠪᠦᠬᠦ ᠣᠷᠣᠨ᠎ᠤ ᠭᠢᠨᠳᠠᠨ᠎ᠤ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄ ᠠᠯᠪᠠᠨ ᠭᠡᠷ᠂ ᠭᠢᠨᠳᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠭᠠᠵᠠᠷ᠂ ᠰᠤᠷᠭ᠋ᠠᠨ ᠬᠥᠮᠥᠵᠢᠭᠦᠯᠵᠦ ᠥᠭᠡᠷᠡᠴᠢᠯᠡᠬᠦ ᠭᠠᠵᠠᠷ᠂ ᠡᠷᠡᠭᠦᠦ ᠰᠢᠳᠬᠡᠯ ᠭᠦᠢ᠍ᠴᠡᠳᠬᠡᠬᠦ ᠭᠠᠵᠠᠷ᠂ ᠠᠮᠢᠳᠤᠷᠠᠯ ᠡᠷᠡᠭᠦᠯ ᠬᠠᠮᠠᠭ᠋ᠠᠯᠠᠯ᠎ᠤᠨ ᠭᠠᠵᠠᠷ᠂ ᠭᠢᠨᠳᠠᠨ᠎ᠤ ᠳᠣᠲᠣᠷᠠᠬᠢ ᠲᠤᠷᠰᠢᠨ ᠪᠠᠢ᠌ᠴᠠᠭ᠋ᠠᠬᠤ ᠭᠠᠵᠠᠷ᠂ ᠠᠶᠤᠯ ᠦᠭᠡᠢ ᠦᠢ᠍ᠯᠡᠳᠪᠦᠷᠢᠯᠡᠯ ᠪᠠ ᠴᠠᠭᠳᠠᠭ᠋ᠠᠨ᠎ᠤ ᠶᠠᠪᠤᠳᠠᠯ᠎ᠤᠨ ᠬᠢᠨᠠᠨ ᠪᠠᠢ᠌ᠴᠠᠭ᠋ᠠᠬᠤ ᠭᠠᠵᠠᠷ᠂ ᠲᠥᠯᠦᠪᠵᠢᠭᠦᠯᠭᠡ ᠪᠦᠲᠦᠭᠡᠨ ᠪᠠᠢ᠌ᠭᠤᠯᠤᠯᠲᠠ ᠵᠢᠨ ᠭᠠᠵᠠᠷ᠂ ᠵᠡᠪᠰᠡᠭ ᠳᠤᠨᠤᠭᠯᠠᠯ ᠡᠳ᠋᠎ᠤᠨ ᠶᠠᠪᠤᠳᠠᠯ᠎ᠤᠨ ᠪᠠᠲᠤᠯᠠᠭ᠎ᠠ ᠵᠢᠨ ᠭᠠᠵᠠᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢ ᠵᠢᠨ ᠭᠠᠵᠠᠷ᠂ ᠤᠯᠤᠰ ᠲᠥᠷᠥ ᠵᠢᠨ ᠬᠡᠯᠲᠡᠰ ᠂ ᠠᠵᠢᠯ᠎ᠠᠴᠠ᠎ᠪᠠᠨ ᠠᠮᠠᠷᠠᠭᠰᠠᠳ᠎ᠤᠨ ᠠᠵᠢᠯ᠎ᠤᠨ ᠭᠠᠵᠠᠷ (ᠠᠵᠢᠯᠲᠠᠨ᠎ᠤ ᠶᠠᠪᠤᠳᠠᠯ ᠴᠠᠭᠳᠠᠭ᠋ᠠᠨ᠎ᠤ ᠶᠠᠪᠤᠳᠠᠯ᠎ᠤᠨ ᠭᠠᠵᠠᠷ)᠃
ᠠᠵᠢᠯᠯᠠᠬᠤ ᠭᠠᠵᠠᠷ ᠄ ᠴᠡᠯᠡᠭᠡᠷ ᠲᠠᠯ᠎ᠠ ᠶᠡᠬᠡ ᠵᠡᠭᠡᠯᠢ ᠬᠢᠭᠡᠳ ᠬᠣᠷᠴᠢᠨ ᠲᠦᠷᠭᠡᠨ ᠵᠠᠮ᠎ᠤᠨ ᠠᠭᠤᠯᠵᠠᠷ᠎ᠲᠤ ᠪᠤᠢ ᠃
ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂
14᠄ 00 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠪᠠᠭᠲᠠᠬᠤ ᠦᠭᠡᠢ᠃
ᠬᠠᠷᠢᠯᠴᠠᠬᠤ ᠤᠲᠠᠰᠤ ᠄ 0471 — 2399942
ᠬᠠᠷᠢᠭᠤᠴᠠᠯᠭ᠋ᠠᠲᠠᠨ᠄ ᠨᠢᠦ ᠹᠠᠩ ᠽᠸ
(ᠬᠣᠶᠠᠷ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠤᠷ ᠲᠠᠲᠠᠬᠤ ᠵᠢ ᠵᠣᠭᠰᠣᠭ᠋ᠠᠬᠤ ᠬᠠᠮᠢᠶᠠᠷᠤᠯᠲᠠ ᠵᠢᠨ ᠲᠣᠪᠴᠢᠶ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠤᠷ ᠲᠠᠲᠠᠬᠤ ᠵᠢ ᠵᠣᠭᠰᠣᠭ᠋ᠠᠬᠤ ᠬᠠᠮᠢᠶᠠᠷᠤᠯᠲᠠ ᠵᠢᠨ ᠲᠤᠪᠴᠢᠶ᠎ᠠ ᠪᠣᠯ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠰᠢᠭᠤᠳ ᠬᠠᠷᠢᠶ᠎ᠠ ᠲᠣᠪᠴᠢᠶ᠎ᠠ ᠪᠤᠯᠤᠨ᠎ᠠ᠂ ᠭᠠᠵᠠᠷ᠎ᠤᠨ ᠳᠡᠰ ᠪᠣᠯᠤᠨ᠎ᠠ᠃ ᠠᠯᠪᠠᠳᠠᠯᠭ᠎ᠠ᠎ᠪᠠᠷ ᠲᠤᠰᠠᠭ᠋ᠠᠷᠯᠠᠵᠤ ᠬᠣᠤᠷ ᠲᠠᠲᠠᠬᠤ ᠵᠢ ᠵᠣᠭᠰᠣᠭ᠋ᠠᠬᠤ᠂ ᠬᠣᠤᠷ ᠲᠠᠲᠠᠬᠤ ᠵᠢ ᠵᠤᠭᠰᠤᠭ᠋ᠠᠵᠤ ᠡᠷᠡᠭᠦᠯᠵᠢᠭᠦᠯᠬᠦ ᠠᠵᠢᠯ᠎ᠤᠨ ᠲᠤᠬᠠᠶ ᠨᠠᠮ᠎ᠤᠨ ᠲᠥᠪ ᠬᠣᠷᠢᠶᠠᠨ᠎ᠤ ᠴᠢᠭᠯᠡᠯᠲᠡ ᠲᠥᠷᠥ ᠵᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠠᠮᠢᠶ᠎ᠠ ᠪᠦᠬᠦᠢ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠬᠠᠷᠢᠭᠤᠴᠠᠨ᠎ᠠ᠃
ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄ ᠠᠯᠪᠠᠨ ᠭᠡᠷ᠂ ᠠᠵᠢᠯᠲᠠᠨ᠎ᠤ ᠶᠠᠪᠤᠳᠠᠯ ᠴᠠᠭᠳᠠᠭ᠋ᠠᠨ᠎ᠤ ᠶᠠᠪᠤᠳᠠᠯ᠎ᠤᠨ ᠰᠠᠯᠠᠭ᠎ᠠ᠂ ᠪᠤᠯᠪᠠᠰᠤᠷᠠᠯ᠎ᠢ ᠵᠤᠬᠢᠶᠠᠨ ᠪᠠᠢ᠌ᠭᠤᠯᠵᠤ ᠱᠠᠭ᠋ᠠᠷᠳᠠᠨ ᠪᠠᠢ᠌ᠴᠠᠭ᠋ᠠᠬᠤ ᠰᠠᠯᠠᠭ᠎ᠠ ᠂ ᠬᠠᠤᠯᠢ ᠳᠦᠷᠢᠮ᠎ᠤᠨ ᠰᠠᠯᠠᠭ᠎ᠠ᠂ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ᠂ ᠰᠤᠷᠭ᠋ᠠᠨ ᠬᠦᠮᠦᠵᠢᠬᠦᠯᠦᠨ ᠵᠠᠰᠠᠬᠤ ᠰᠠᠯᠠᠭ᠎ᠠ ᠂ ᠡᠮᠴᠢᠯᠡᠭᠡ ᠪᠠ ᠠᠮᠢᠳᠤᠷᠠᠯ ᠡᠷᠡᠭᠦᠯ ᠬᠠᠮᠠᠭ᠋ᠠᠯᠠᠯ᠎ᠤᠨ ᠰᠠᠯᠠᠭ᠎ᠠ ᠂ ᠲᠥᠯᠦᠪᠵᠢᠭᠦᠯᠭᠡ ᠪᠠ ᠦᠢ᠍ᠯᠡᠳᠪᠦᠷᠢᠯᠡᠯ᠎ᠤᠨ ᠰᠠᠯᠠᠭ᠎ᠠ᠂ ᠡᠳ᠋᠎ᠤᠨ ᠶᠠᠪᠤᠳᠠᠯ ᠳᠤᠨᠤᠭᠯᠠᠯ᠎ᠤᠨ ᠰᠠᠯᠠᠭ᠎ᠠ᠂ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠮᠡᠳᠡᠭᠡ ᠵᠠᠩᠭᠢ ᠵᠢᠨ ᠰᠠᠯᠠᠭ᠎ᠠ᠃
ᠠᠵᠢᠯᠯᠠᠬᠤ ᠭᠠᠵᠠᠷ ᠄ ᠬᠣᠲᠣᠩᠴᠤᠳ᠎ᠤᠨ ᠲᠣᠭᠣᠷᠢᠭ᠎ᠤᠨ ᠰᠢᠨ ᠬᠤᠸᠠ ᠪᠠᠷᠠᠭᠤᠨ ᠵᠡᠭᠡᠯᠢ ᠵᠢᠨ 3 ᠳ᠋ᠤᠭ᠋ᠠᠷ ᠨᠣᠮᠧᠷ ᠃
ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂
14᠄ 00 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠪᠠᠭᠲᠠᠬᠤ ᠦᠭᠡᠢ᠃
ᠬᠠᠷᠢᠯᠴᠠᠬᠤ ᠤᠲᠠᠰᠤ ᠄ 0471-5316809
ᠬᠠᠷᠢᠭᠤᠴᠠᠯᠭ᠋ᠠᠲᠠᠨ ᠄ ᠸᠠᠩ ᠽᠢ ᠪᠢᠩ
(ᠭᠤᠷᠪᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢᠵᠢᠯ᠎ᠤᠨ ᠤᠬᠠᠭᠤᠯᠭ᠎ᠠ ᠵᠢᠨ ᠲᠥᠪ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶᠠᠨ᠎ᠤ ᠠᠯᠪᠠᠨ ᠭᠡᠷ ᠪᠠ ᠬᠠᠤᠯᠢ ᠴᠠᠭ᠋ᠠᠵᠠ ᠵᠢᠨ ᠶᠠᠮᠤᠨ᠎ᠤ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠲᠥᠪ᠎ᠠᠴᠠ ᠲᠣᠬᠢᠷᠠᠭᠤᠯᠤᠨ ᠪᠠᠢ᠌ᠷᠢᠯᠠᠭᠤᠯᠤᠭᠰᠠᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯ᠎ᠤᠨ ᠡᠭᠦᠷᠭᠡ ᠵᠢ ᠨᠠᠢ᠌ᠳᠠᠪᠤᠷᠢᠵᠢᠭᠤᠯᠵᠤ᠂ ᠬᠠᠤᠯᠢᠵᠢᠯ᠎ᠤᠨ ᠤᠬᠠᠭᠤᠯᠭ᠎ᠠ ᠵᠢᠨ ᠬᠢᠨᠠᠨ ᠬᠡᠮᠵᠢᠬᠦ᠂ ᠵᠠᠳᠠᠯᠬᠤ ᠪᠠ ᠬᠥᠲᠥᠯᠥᠨ ᠵᠢᠯᠤᠭᠣᠳᠬᠤ᠎ᠳᠤ ᠬᠠᠮᠢᠶ᠎ᠠ ᠪᠦᠬᠦᠢ ᠬᠡᠷᠡᠭ ᠶᠠᠪᠤᠳᠠᠯ᠎ᠤᠨ ᠴᠢᠨᠠᠷᠲᠠᠢ ᠲᠤᠰᠠᠯᠠᠬᠤ ᠴᠢᠨᠠᠷᠲᠠᠢ ᠠᠵᠢᠯ᠎ᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠡᠯ᠎ᠡ ᠲᠥᠷᠥᠯ᠎ᠤᠨ ᠬᠠᠤᠯᠢᠵᠢᠯ᠎ᠤᠨ ᠰᠣᠶᠣᠯ᠎ᠤᠨ ᠪᠦᠲᠦᠭᠡᠭᠳᠡᠬᠦᠨ᠎ᠢ ᠤᠬᠠᠭ᠋ᠠᠯᠠᠨ ᠦᠢ᠍ᠯᠡᠳᠬᠦ ᠬᠠᠮᠢᠶ᠎ᠠ ᠪᠦᠬᠦᠢ ᠬᠡᠷᠡᠭ ᠶᠠᠪᠤᠳᠠᠯ᠎ᠤᠨ ᠴᠢᠨᠠᠷᠲᠠᠢ ᠲᠤᠰᠠᠯᠠᠬᠤ ᠴᠢᠨᠠᠷᠲᠠᠢ ᠠᠵᠢᠯ᠎ᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠰᠢᠨ᠎ᠡ ᠵᠠᠭᠤᠴᠢᠯᠠᠭᠤᠷ᠎ᠤᠨ ᠲᠠᠪᠴᠠᠩ᠎ᠤᠨ ᠮᠡᠳᠡᠭᠡ ᠵᠠᠩᠭᠢ ᠵᠢ ᠬᠢᠨᠠᠨ ᠬᠠᠷᠭᠤᠭᠤᠯᠬᠤ᠂ ᠨᠡᠢ᠌ᠲᠡᠯᠡᠬᠦ᠂ ᠦᠨᠡᠯᠡᠨ ᠬᠦᠷᠭᠡᠬᠦ ᠬᠠᠮᠢᠶ᠎ᠠ ᠪᠦᠬᠦᠢ ᠬᠡᠷᠡᠭ ᠶᠠᠪᠤᠳᠠᠯ᠎ᠤᠨ ᠴᠢᠨᠠᠷᠲᠠᠢ ᠲᠤᠰᠠᠯᠠᠬᠤ ᠴᠢᠨᠠᠷᠲᠠᠢ ᠠᠵᠢᠯ᠎ᠢ ᠡᠭᠦᠷᠭᠡᠯᠡᠨ᠎ᠡ; ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃
ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄ ᠶᠡᠷᠦᠩᠬᠡᠢ᠌ᠯᠡᠭᠰᠡᠨ ᠰᠠᠯᠠᠭ᠎ᠠ᠂ ᠤᠬᠠᠭᠤᠯᠬᠤ ᠰᠠᠯᠠᠭ᠎ᠠ᠃
ᠠᠵᠢᠯᠯᠠᠬᠤ ᠭᠠᠵᠠᠷ ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠧᠷ᠎ᠤᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 2 ᠳ᠋ᠤᠭ᠋ᠠᠷ ᠳᠠᠪᠬᠤᠷᠭ᠎ᠠ ᠃
ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂
14᠄ 00 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠪᠠᠭᠲᠠᠬᠤ ᠦᠭᠡᠢ᠃
ᠬᠠᠷᠢᠯᠴᠠᠬᠤ ᠤᠲᠠᠰᠤ ᠄ 0471-5301435
ᠬᠠᠷᠢᠭᠤᠴᠠᠯᠭ᠋ᠠᠲᠠᠨ ᠄ ᠵᠧᠦ ᠯᠢᠶᠠᠩ ᠬᠣᠩ
(ᠳᠥᠷᠪᠡ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ
ᠪᠥᠬᠥ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠮᠢᠶ᠎ᠠ ᠪᠦᠬᠦᠢ ᠠᠵᠢᠯ ᠥᠷᠨᠢᠭᠦᠯᠬᠦ ᠵᠢ ᠠᠬᠢᠭᠤᠯᠤᠨ᠎ᠠ; ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ ᠪᠥᠬᠥ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠤᠨ ᠡᠯ᠎ᠡ ᠵᠦᠢ᠍ᠯ᠎ᠤᠨ ᠳᠦᠷᠢᠮ ᠪᠠ ᠠᠵᠢᠯᠯᠠᠭ᠋ᠠᠨ᠎ᠤ ᠵᠢᠷᠤᠮᠵᠢᠯ᠎ᠢ ᠲᠣᠭᠲᠠᠭ᠋ᠠᠨ᠎ᠠ; ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠭᠤᠶᠤᠴᠢᠯᠠᠯ᠎ᠢ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠴᠢ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠢ ᠵᠢᠭ᠋ᠠᠨ ᠲᠣᠮᠢᠯᠠᠵᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠪᠣᠳᠠᠲᠤ ᠴᠣᠭᠴᠠ ᠵᠢᠨ ᠲᠠᠪᠴᠠᠩ᠂ 12348 ᠬᠠᠯᠠᠮᠰᠢᠯ ᠤᠲᠠᠰᠤ ᠵᠢᠨ ᠲᠠᠪᠴᠠᠩ᠂ ᠰᠦᠯᠵᠢᠶᠡᠨ᠎ᠤ ᠲᠠᠪᠴᠠᠩ᠎ᠤᠨ ᠪᠠᠢ᠌ᠭᠤᠯᠤᠯᠲᠠ᠂ ᠠᠵᠢᠯᠯᠠᠭ᠋ᠠᠨ᠎ᠤ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ; ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠳᠦᠷᠢᠮ᠎ᠤᠨ ᠤᠬᠠᠭᠤᠯᠭ᠎ᠠ ᠵᠢᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭ᠎ᠤᠨ ᠶᠠᠰᠤ ᠴᠢᠨᠠᠷ᠎ᠢ ᠦᠨᠡᠯᠡᠨ ᠵᠢᠱ᠌ᠢᠬᠦ ᠪᠠ ᠭᠠᠳᠠᠭ᠋ᠠᠳᠤ᠎ᠲᠠᠢ ᠬᠠᠮᠲᠤᠷᠠᠯᠴᠠᠨ ᠰᠣᠯᠢᠯᠴᠠᠬᠤ ᠬᠣᠯᠪᠣᠭᠳᠠᠯ ᠪᠦᠬᠦᠢ ᠠᠵᠢᠯ ᠶᠠᠪᠤᠳᠠᠯ᠎ᠤᠨ ᠴᠢᠨᠠᠷᠲᠠᠢ ᠲᠤᠰᠠᠯᠠᠬᠤ ᠴᠢᠨᠠᠷᠲᠠᠢ ᠠᠵᠢᠯ᠎ᠢ ᠡᠭᠦᠷᠭᠡᠯᠡᠨ᠎ᠡ; ᠪᠤᠰᠤᠳ ᠡᠭᠦᠷᠭᠡ ᠵᠢ ᠡᠭᠦᠷᠭᠡᠯᠡᠨ᠎ᠡ ᠃
ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ ᠄ ᠶᠡᠷᠦᠩᠬᠡᠢ᠌ᠯᠡᠭᠰᠡᠨ ᠰᠠᠯᠠᠭ᠎ᠠ ᠂ ᠲᠤᠬᠠᠢ᠌ᠯᠠᠭᠰᠠᠨ ᠠᠵᠢᠯ᠎ᠤᠨ
ᠰᠠᠯᠠᠭ᠎ᠠ ᠃
ᠠᠵᠢᠯᠯᠠᠬᠤ ᠭᠠᠵᠠᠷ ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 1 ᠳ᠋ᠦ᠍ᠭᠡᠷ ᠳᠠᠪᠬᠤᠷᠭ᠎ᠠ ᠃
ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂
14᠄ 00 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠡᠭᠦᠨ᠎ᠳᠤ ᠪᠠᠭᠲᠠᠬᠤ ᠦᠭᠡᠢ᠃
ᠬᠠᠷᠢᠯᠴᠠᠬᠤ ᠤᠲᠠᠰᠤ ᠄ 0471 — 5301463
ᠬᠠᠷᠢᠭᠤᠴᠠᠯᠭ᠋ᠠᠲᠠᠨ ᠄ ᠴᠢᠶᠠᠨ ᠶᠢᠦ ᠰᠢᠤᠸᠠᠢ
(ᠲᠠᠪᠤ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢᠵᠢᠯ᠎ᠤᠨ ᠪᠤᠯᠪᠠᠰᠤᠷᠠᠯ᠎ᠤᠨ ᠲᠥᠪ
ᠤᠯᠤᠰ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ ᠪᠤᠯᠪᠠᠰᠤᠷᠠᠯ᠎ᠲᠠᠢ ᠬᠣᠯᠪᠣᠭᠳᠠᠯ ᠪᠦᠬᠦᠢ ᠲᠣᠭᠲᠠᠭ᠋ᠠᠯ᠎ᠢ ᠲᠤᠭᠤᠰᠢᠯᠠᠭᠤᠯᠤᠨ ᠬᠡᠷᠡᠭᠵᠢᠭᠦᠯᠵᠦ᠂ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠬᠠᠮᠢᠶ᠎ᠠ ᠪᠦᠬᠦᠢ ᠪᠤᠯᠪᠠᠰᠤᠷᠠᠯ᠎ᠤᠨ ᠡᠭᠦᠷᠭᠡ ᠵᠢ ᠡᠭᠦᠷᠭᠡᠯᠡᠨ᠎ᠡ; ᠰᠤᠷᠭ᠋ᠠᠨ ᠬᠥᠮᠦᠵᠢᠯ ᠪᠤᠯᠪᠠᠰᠤᠷᠠᠯ᠎ᠤᠨ ᠲᠥᠯᠦᠪᠵᠢᠭᠦᠯᠭᠡ᠂ ᠲᠥᠯᠥᠪᠯᠡᠭᠡ ᠵᠢ ᠲᠤᠭᠤᠷᠪᠢᠨ ᠲᠣᠭᠲᠠᠭ᠋ᠠᠬᠤ ᠪᠠ ᠨᠠᠢ᠌ᠳᠠᠪᠤᠷᠢᠵᠢᠭᠤᠯᠬᠤ ᠬᠠᠮᠢᠶ᠎ᠠ ᠪᠦᠬᠦᠢ ᠠᠵᠢᠯ ᠢ ᠡᠭᠦᠷᠭᠡᠯᠡᠨ᠎ᠡ; ᠪᠥᠬᠥ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠠᠵᠢᠯᠲᠠᠨ᠎ᠤ ᠪᠤᠯᠪᠠᠰᠤᠷᠠᠯ᠎ᠤᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ; ᠪᠥᠬᠥ ᠣᠷᠣᠨ᠎ᠤ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ ᠣᠯᠣᠭᠰᠠᠨ ᠬᠥᠮᠥᠰ᠎ᠤᠨ ᠠᠵᠢᠯ᠎ᠳᠤ ᠣᠷᠣᠬᠤ ᠠᠴᠠ ᠡᠮᠦᠨᠡᠬᠢ ᠪᠤᠯᠪᠠᠰᠤᠷᠠᠯ᠎ᠤᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ ; ᠪᠥᠬᠥ ᠣᠷᠣᠨ᠎ᠤ ᠭᠢᠨᠳᠠᠨ᠂ ᠬᠣᠣᠷ ᠲᠠᠲᠠᠬᠤ ᠵᠢ ᠵᠣᠭᠰᠤᠭ᠋ᠠᠬᠤ ᠺᠠᠳ᠋ᠷ ᠴᠠᠭᠳᠠᠭ᠎ᠠ ᠪᠣᠯᠣᠨ ᠨᠡᠢ᠌ᠭᠡᠮ ᠲᠣᠭᠣᠷᠢᠭ᠎ᠤᠨ ᠵᠠᠯᠠᠷᠠᠭᠤᠯᠭ᠎ᠠ ᠵᠢᠨ ᠬᠠᠤᠯᠢ ᠬᠡᠷᠡᠭᠵᠢᠭᠦᠯᠬᠦ ᠡᠩᠨᠡᠭᠡ ᠵᠢᠨ ᠪᠤᠯᠪᠠᠰᠤᠷᠠᠯ᠎ᠤᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ; ᠬᠢᠨᠠᠨ ᠬᠠᠮᠢᠶᠠᠷᠬᠤ᠂ ᠵᠠᠯᠠᠷᠠᠭᠤᠯᠤᠨ ᠵᠠᠰᠠᠬᠤ᠂ ᠬᠠᠪᠰᠤᠷᠤᠨ ᠰᠤᠷᠭ᠋ᠠᠬᠤ ᠡᠲᠡᠭᠡᠳ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠪᠤᠯᠪᠠᠰᠤᠷᠠᠯ᠎ᠲᠠᠢ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ; ᠰᠣᠷᠣᠭᠴᠢ ᠪᠠ ᠪᠠᠭᠰᠢ ᠠᠵᠢᠯᠲᠠᠨ᠎ᠤ ᠰᠤᠷᠭ᠋ᠠᠨ ᠬᠥᠮᠦᠵᠢᠯ᠎ᠤᠨ ᠬᠠᠮᠢᠶᠠᠷᠤᠯᠲᠠ ᠵᠢᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ; ᠪᠤᠰᠤᠳ ᠡᠭᠦᠷᠭᠡ ᠵᠢ
ᠪᠡᠶᠡᠯᠡᠭᠦᠯᠦᠨ᠎ᠡ᠃
ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄ ᠶᠡᠷᠦᠩᠬᠡᠢ᠌ᠯᠡᠭᠰᠡᠨ ᠬᠡᠯᠲᠡᠰ᠂ ᠬᠢᠴᠢᠶᠡᠯ ᠬᠥᠮᠦᠵᠢᠯ᠎ᠤᠨ ᠬᠡᠯᠲᠡᠰ᠂ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠤᠨ ᠵᠢᠭ᠋ᠠᠬᠤ ᠵᠢ ᠰᠤᠳᠤᠯᠬᠤ ᠨᠢᠭᠡᠳᠦᠭᠡᠷ ᠬᠡᠯᠲᠡᠰ᠂ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠤᠨ ᠵᠢᠭ᠋ᠠᠬᠤ ᠵᠢ ᠰᠤᠳᠤᠯᠬᠤ ᠬᠣᠶᠠᠳᠤᠭ᠋ᠠᠷ ᠬᠡᠯᠲᠡᠰ᠂ ᠴᠠᠭᠳᠠᠭ᠋ᠠᠨ ᠤ ᠠᠵᠢᠯ ᠮᠡᠷᠭᠡᠵᠢᠯ᠎ᠤᠨ ᠵᠢᠭ᠋ᠠᠬᠤ ᠵᠢ ᠰᠤᠳᠤᠯᠬᠤ ᠬᠡᠯᠲᠡᠰ᠂ ᠴᠠᠭᠳᠠᠭ᠋ᠠᠨ᠎ᠤ ᠶᠠᠪᠤᠳᠠᠯ᠎ᠤᠨ ᠮᠡᠷᠭᠡᠵᠢᠯ ᠴᠢᠳᠠᠪᠤᠷᠢ ᠵᠢᠨ ᠵᠢᠭ᠋ᠠᠬᠤ ᠵᠢ ᠰᠤᠳᠤᠯᠬᠤ ᠬᠡᠯᠲᠡᠰ᠂ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ ᠵᠢᠭ᠋ᠠᠬᠤ ᠵᠢ ᠰᠤᠳᠤᠯᠬᠤ ᠬᠡᠯᠲᠡᠰ᠂ ᠴᠠᠭᠳᠠᠭ᠋ᠠᠨ ᠤ ᠰᠡᠳᠬᠢᠴᠡ ᠵᠢᠨ ᠮᠡᠷᠭᠡᠵᠢᠯ᠎ᠤᠨ ᠬᠡᠷᠡᠭᠯᠡᠭᠡᠨ᠎ᠤ ᠵᠢᠭ᠋ᠠᠬᠤ ᠵᠢ ᠰᠤᠳᠤᠯᠬᠤ ᠬᠡᠯᠲᠡᠰ᠃
ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠃
ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂
14᠄ 00 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠪᠠᠭᠲᠠᠬᠤ ᠦᠭᠡᠢ᠃
ᠬᠠᠷᠢᠯᠴᠠᠬᠤ ᠤᠲᠠᠰᠤ ᠄ 0471 — 5301322
ᠬᠠᠷᠢᠭᠤᠴᠠᠯᠭ᠋ᠠᠲᠠᠨ ᠄ ᠹᠧᠩ ᠯᠢᠦ ᠯᠢᠨ
(ᠵᠢᠷᠭᠤᠭ᠎ᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢᠴᠢ ᠵᠢᠨ ᠨᠡᠢ᠌ᠭᠡᠮᠯᠢᠭ
ᠬᠠᠤᠯᠢᠴᠢ ᠵᠢᠨ ᠬᠠᠤᠯᠢ ᠶᠣᠰᠣᠭ᠋ᠠᠷ ᠠᠵᠢᠯ ᠡᠷᠬᠢᠯᠡᠬᠦ ᠵᠢ ᠪᠠᠲᠤᠯᠠᠵᠤ ᠂ ᠬᠠᠤᠯᠢᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ ᠂ ᠬᠠᠤᠯᠢᠴᠢ ᠵᠢᠨ ᠠᠵᠢᠯ᠎ᠤᠨ ᠲᠤᠷᠰᠢᠯᠭ᠎ᠠ ᠵᠢ ᠳ᠋ᠦᠩᠨᠡᠨ ᠰᠣᠯᠢᠯᠴᠠᠵᠤ ᠂ ᠬᠠᠤᠯᠢᠴᠢ ᠵᠢᠨ ᠲᠤᠬᠠᠢ᠌ᠯᠠᠭᠰᠠᠨ ᠠᠵᠢᠯ᠎ᠤᠨ ᠪᠤᠯᠪᠠᠰᠤᠷᠠᠯ᠎ᠢ ᠵᠣᠬᠢᠶᠠᠨ ᠪᠠᠢ᠌ᠭᠤᠯᠵᠤ ᠂ ᠭᠠᠳᠠᠭ᠋ᠠᠳᠤ᠎ᠲᠠᠢ ᠰᠣᠯᠢᠯᠴᠠᠭ᠎ᠠ ᠬᠢᠵᠦ ᠬᠠᠮᠲᠤᠷᠠᠨ ᠠᠵᠢᠯᠯᠠᠬᠤ ᠵᠢ ᠥᠷᠨᠢᠭᠦᠯᠵᠦ ᠂ ᠳᠠᠳᠤᠯᠭ᠎ᠠ ᠵᠢᠨ ᠬᠠᠤᠯᠢᠴᠢ ᠵᠢᠨ ᠬᠢᠨᠠᠨ ᠰᠢᠯᠭ᠋ᠠᠯᠲᠠ ᠵᠢ ᠵᠣᠬᠢᠶᠠᠨ ᠪᠠᠢ᠌ᠭᠤᠯᠤᠨ᠎ᠠ ᠃
ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄ ᠠᠯᠪᠠᠨ ᠭᠡᠷ᠂ ᠭᠡᠰᠢᠭᠦᠳ᠎ᠤᠨ ᠬᠡᠯᠲᠡᠰ᠂ ᠤᠬᠠᠭᠤᠯᠭ᠎ᠠ ᠪᠤᠯᠪᠠᠰᠤᠷᠠᠯ᠎ᠤᠨ ᠬᠡᠯᠲᠡᠰ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ ᠃
ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 7 ᠳ᠋ᠤᠭ᠋ᠠᠷ ᠳᠠᠪᠬᠤᠷᠭ᠎ᠠ ᠃
ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂
14᠄ 00 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠪᠠᠭᠲᠠᠬᠤ ᠦᠭᠡᠢ᠃
ᠬᠠᠷᠢᠯᠴᠠᠬᠤ ᠤᠲᠠᠰᠤ ᠄ 0471-5301498
ᠬᠠᠷᠢᠭᠤᠴᠠᠯᠭ᠋ᠠᠲᠠᠨ ᠄ ᠬᠤ᠌ ᠯᠢ ᠮᠸᠢ
(ᠲᠤᠯᠤᠭ᠎ᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ
ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ᠂ ᠠᠳᠠᠯ ᠠᠬᠤᠢ ᠵᠢᠨ ᠬᠠᠮᠢᠶᠠᠷᠤᠯᠲᠠ᠂ ᠠᠮᠤᠷ ᠲᠦᠪᠰᠢᠨ᠎ᠤ ᠰᠡᠷᠭᠡᠢ᠌ᠯᠡᠯᠲᠡ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠠᠮᠢᠶᠠᠷᠤᠯᠲᠠ᠂ ᠬᠣᠷᠢᠭᠤᠯ᠎ᠤᠨ ᠭᠠᠵᠠᠷ᠎ᠤᠨ ᠠᠮᠤᠷ ᠲᠦᠪᠰᠢᠨ᠎ᠤ ᠰᠡᠷᠭᠡᠢ᠌ᠯᠡᠯᠲᠡ ᠪᠠ ᠬᠢᠨᠠᠨ ᠡᠵᠡᠮᠳᠡᠬᠦ ᠰᠢᠰᠲ᠋ᠧᠮ᠎ᠤᠨ ᠪᠠᠢ᠌ᠭᠤᠯᠤᠯᠲᠠ ᠵᠢᠨ ᠪᠠᠲᠤᠯᠠᠭ᠎ᠠ ᠵᠢᠨ ᠬᠠᠮᠢᠶ᠎ᠠ ᠪᠦᠬᠦᠢ ᠠᠵᠢᠯ ᠪᠠ ᠬᠠᠤᠯᠢ ᠴᠠᠭ᠋ᠠᠵᠠ ᠵᠢᠨ ᠲᠢᠩᠬᠢᠮ᠎ᠤᠨ ᠲᠤᠰᠢᠶᠠᠨ ᠰᠢᠢ᠍ᠳᠪᠦᠷᠢᠯᠡᠭᠦᠯᠦᠭᠰᠡᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃
ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄ ᠶᠡᠷᠦᠩᠬᠡᠢ ᠶᠠᠪᠤᠳᠠᠯ᠎ᠤᠨ ᠰᠠᠯᠠᠭ᠎ᠠ᠂ ᠮᠡᠳᠡᠭᠡ ᠵᠠᠩᠭᠢ ᠵᠢᠨ ᠪᠠᠲᠤᠯᠠᠭ᠎ᠠ ᠵᠢᠨ ᠰᠠᠯᠠᠭ᠎ᠠ᠃
ᠠᠵᠢᠯᠯᠠᠬᠤ ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 4 ᠳ᠋ᠦ᠍ᠭᠡᠷ ᠳᠠᠪᠬᠤᠷᠭ᠎ᠠ ᠃
ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂
14᠄ 00 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠪᠠᠭᠲᠠᠬᠤ ᠦᠭᠡᠢ᠃
ᠬᠠᠷᠢᠯᠴᠠᠬᠤ ᠤᠲᠠᠰᠤ ᠄ 0471 — 5301412
ᠬᠠᠷᠢᠭᠤᠴᠠᠯᠭ᠋ᠠᠲᠠᠨ ᠄ ᠸᠠᠩ ᠬᠣᠩ ᠢᠦᠢ
(ᠨᠠᠢ᠍ᠮᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠢᠨᠳᠠᠨ᠎ᠤ ᠬᠠᠮᠢᠶᠠᠷᠤᠯᠲᠠ ᠵᠢᠨ ᠳᠤᠪᠴᠢᠶᠠᠨ᠎ᠤ ᠶᠡᠷᠦᠩᠬᠡᠢ᠌ᠯᠡᠭᠰᠡᠨ ᠪᠠᠳᠤᠯᠠᠭ᠋ᠠᠨ᠎ᠤ ᠲᠦᠪ
ᠪᠥᠬᠥ ᠣᠷᠣᠨ᠎ᠤ ᠭᠢᠨᠳᠠᠨ᠎ᠤ ᠰᠢᠰᠲ᠋ᠧᠮ᠎ᠤᠨ ᠣᠯᠠᠨ ᠨᠡᠶ᠋ᠢᠲᠡ ᠵᠢᠨ ᠡᠨᠧᠷᠭᠢ ᠠᠷᠪᠢᠯᠠᠬᠤ᠂ ᠡᠯ᠎ᠡ ᠲᠥᠷᠥᠯ᠎ᠤᠨ ᠭᠡᠷ ᠪᠠᠢ᠌ᠰᠢᠩ᠎ᠤᠨ ᠬᠠᠮᠢᠶᠠᠷᠤᠯᠲᠠ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ; ᠪᠥᠬᠥ ᠣᠷᠣᠨ᠎ᠤ ᠭᠢᠨᠳᠠᠨ᠎ᠤ ᠰᠢᠰᠲ᠋ᠧᠮ᠎ᠤᠨ ᠪᠥᠬᠥ ᠣᠷᠣᠨ᠎ᠤ ᠴᠢᠨᠠᠷᠲᠠᠢ ᠵᠢᠴᠢ ᠲᠣᠪᠴᠢᠶ᠎ᠠ ᠵᠢᠨ ᠪᠠᠢ᠌ᠭᠤᠯᠭ᠎ᠠ ᠵᠢᠨ ᠬᠤᠷᠠᠯ᠂ ᠬᠥᠮᠦᠵᠢᠯ ᠪᠣᠯᠪᠠᠰᠤᠷᠠᠭᠤᠯᠤᠯ᠎ᠤᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ; ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠪᠠᠢ᠌ᠭᠤᠯᠭ᠎ᠠ ᠵᠢᠨ ᠠᠵᠢᠯᠯᠠᠬᠤ ᠲᠣᠭᠣᠷᠢᠭ᠎ᠤᠨ ᠠᠷᠤ ᠲᠠᠯ᠎ᠠ ᠵᠢᠨ ᠪᠠᠲᠤᠯᠠᠭ᠎ᠠ ᠪᠠ ᠠᠳᠠᠯ ᠠᠬᠤᠢ ᠵᠢᠨ ᠬᠠᠮᠢᠶᠠᠷᠤᠯᠲᠠ ᠵᠡᠷᠭᠡ ᠠᠵᠢᠯ᠎ᠢ ᠬᠠᠷᠢᠭᠤᠴᠠᠨ᠎ᠠ᠃
ᠪᠠᠢ᠌ᠭᠤᠯᠤᠮᠵᠢ ᠵᠢᠨ ᠲᠣᠬᠢᠷᠠᠭᠤᠯᠤᠯᠲᠠ᠄ ᠠᠯᠪᠠᠨ ᠭᠡᠷ᠂ ᠶᠡᠷᠦᠩᠬᠡᠢ ᠶᠠᠪᠤᠳᠠᠯ᠎ᠤᠨ ᠰᠠᠯᠠᠭ᠎ᠠ᠂ ᠡᠳ᠋᠎ᠤᠨ ᠶᠠᠪᠤᠳᠠᠯ᠎ᠤᠨ ᠰᠠᠯᠠᠭ᠎ᠠ᠂ ᠦᠨᠳᠦᠰᠦᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠰᠠᠯᠠᠭ᠎ᠠ᠂ ᠡᠳ᠋ ᠬᠥᠷᠥᠩᠭᠡ ᠵᠢᠨ ᠬᠠᠮᠢᠶᠠᠷᠤᠯᠲᠠ ᠵᠢᠨ ᠰᠠᠯᠠᠭ᠎ᠠ᠂ ᠬᠥᠮᠦᠵᠢᠯ ᠪᠤᠯᠪᠠᠰᠤᠷᠠᠯ᠎ᠤᠨ ᠬᠠᠮᠢᠶᠠᠷᠤᠯᠲᠠ ᠵᠢᠨ ᠰᠠᠯᠠᠭ᠎ᠠ᠂ ᠪᠤᠤ ᠠᠨ ᠵᠤᠤ ᠭᠠᠵᠠᠷ ᠤᠷᠤᠨ᠎ᠤ ᠶᠡᠷᠦᠩᠬᠡᠢ᠌ᠯᠡᠭᠰᠡᠨ ᠬᠠᠮᠢᠶᠠᠷᠤᠯᠲᠠ ᠵᠢᠨ ᠰᠠᠯᠠᠭ᠎ᠠ᠃
ᠠᠵᠢᠯᠯᠠᠬᠤ ᠭᠠᠵᠠᠷ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ ᠬᠢᠭᠡᠳ ᠬᠣᠷᠴᠢᠨ ᠵᠠᠮ᠎ᠤᠨ ᠠᠭᠤᠯᠵᠠᠷ ᠲᠤ ᠬᠢ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ 905 ᠲᠠᠰᠤᠭ᠃
ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂
14᠄ 00 — 17᠄ 00᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠪᠠᠭᠲᠠᠬᠤ ᠦᠭᠡᠢ᠃
ᠬᠠᠷᠢᠯᠴᠠᠬᠤ ᠤᠲᠠᠰᠤ ᠄ 0471 — 2399555
ᠬᠠᠷᠢᠭᠤᠴᠠᠯᠭ᠋ᠠᠲᠠᠨ ᠄ ᠰᠢᠦᠢ ᠬᠤᠢ
(ᠶᠢᠰᠦ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶᠠᠨ᠎ᠤ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ
ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠪᠠᠢ᠌ᠭᠤᠯᠭ᠎ᠠ ᠵᠢᠨ ᠮᠡᠳᠡᠭᠡ ᠵᠠᠩᠭᠢ ᠵᠢᠨ ᠵᠢᠯᠤᠭᠣᠳᠬᠤ ᠲᠥᠪ ᠵᠢᠴᠢ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠣᠣᠷ ᠲᠠᠲᠠᠬᠤ ᠵᠢ ᠵᠣᠭᠰᠤᠭ᠋ᠠᠬᠤ ᠰᠢᠰᠲ᠋ᠧᠮ᠎ᠤᠨ ᠮᠡᠳᠡᠭᠡ ᠵᠠᠩᠭᠢ ᠵᠢ ᠬᠢᠨᠠᠨ ᠡᠵᠡᠮᠳᠡᠵᠦ ᠵᠢᠯᠤᠭᠣᠳᠬᠤ ᠰᠢᠰᠲ᠋ᠧᠮ᠎ᠤᠨ ᠡᠳᠦᠷ ᠲᠤᠲᠤᠮ᠎ᠤᠨ ᠬᠠᠮᠠᠭ᠋ᠠᠯᠠᠯᠲᠠ ᠪᠠ ᠮᠡᠷᠭᠡᠵᠢᠯ᠎ᠤᠨ ᠳᠡᠮᠵᠢᠯᠭᠡ ᠵᠢᠨ ᠠᠵᠢᠯ᠎ᠢ ᠡᠭᠦᠷᠭᠡᠯᠡᠨ᠎ᠡ ; ᠲᠣᠪᠴᠢᠶ᠎ᠠ ᠵᠢᠨ ᠪᠠᠢ᠌ᠭᠤᠯᠭ᠎ᠠ ᠵᠢᠨ ᠴᠠᠭᠳᠠᠭ᠋ᠠᠨ᠎ᠤ ᠲᠡᠷᠭᠡ ᠬᠥᠰᠬᠡ ᠵᠢᠨ ᠬᠠᠮᠢᠶᠠᠷᠤᠯᠲᠠ᠂ ᠠᠯᠪᠠᠨ ᠶᠠᠪᠤᠳᠠᠯ᠎ᠳᠤ ᠬᠡᠷᠡᠭᠯᠡᠬᠦ ᠭᠡᠷ ᠪᠠᠢ᠌ᠰᠢᠩ᠎ᠤᠨ ᠬᠠᠮᠢᠶᠠᠷᠤᠯᠲᠠ᠂ ᠠᠳᠠᠯ ᠠᠬᠤᠢ ᠵᠢᠨ ᠬᠠᠮᠢᠶᠠᠷᠤᠯᠲᠠ᠂ ᠠᠮᠤᠷ ᠲᠦᠪᠰᠢᠨ᠎ᠤ ᠬᠠᠮᠠᠭ᠋ᠠᠯᠠᠯᠲᠠ ᠵᠡᠷᠭᠡ ᠬᠠᠮᠢᠶ᠎ᠠ ᠪᠦᠬᠦᠢ ᠠᠵᠢᠯ᠎ᠢ ᠬᠠᠷᠢᠭᠤᠴᠠᠨ᠎ᠠ᠃
ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄ ᠮᠡᠷᠭᠡᠵᠢᠯ᠎ᠤᠨ ᠦᠢ᠍ᠯᠡᠴᠢᠯᠡᠭᠡᠨ᠎ᠤ ᠰᠠᠯᠠᠭ᠎ᠠ᠂ ᠶᠡᠷᠦᠩᠬᠡᠢ᠌ᠯᠡᠭᠰᠡᠨ ᠪᠠᠲᠤᠯᠠᠭ᠎ᠠ ᠵᠢᠨ ᠰᠠᠯᠠᠭ᠎ᠠ᠃
ᠠᠵᠢᠯᠯᠠᠬᠤ ᠭᠠᠵᠠᠷ ᠄ ᠬᠣᠲᠣᠩᠴᠤᠳ᠎ᠤᠨ ᠲᠣᠭᠣᠷᠢᠭ᠎ᠤᠨ ᠰᠢᠨ ᠬᠤᠸᠠ ᠪᠠᠷᠠᠭᠤᠨ ᠵᠡᠭᠡᠯᠢ ᠵᠢᠨ 3 ᠳ᠋ᠤᠭ᠋ᠠᠷ ᠨᠣᠮᠧᠷ ᠃
ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂
14᠄ 00 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠪᠠᠭᠲᠠᠬᠤ ᠦᠭᠡᠢ᠃
ᠬᠠᠷᠢᠯᠴᠠᠬᠤ ᠤᠲᠠᠰᠤ ᠄ 0471 — 6292761
ᠬᠠᠷᠢᠭᠤᠴᠠᠯᠭ᠋ᠠᠲᠠᠨ᠄ ᠲᠢᠶᠠᠨ ᠴᠢᠶᠠᠩ