ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠠᠶ᠋ᠢᠭᠤᠯᠤᠮᠵᠢ
ᠰᠢᠭᠤᠳ ᠬᠠᠷᠢᠶ᠎ᠠ ᠨᠢᠭᠡᠴᠢ
ᠨᠡᠶ᠋ᠢᠲᠡᠯᠡᠭᠰᠡᠨ ᠴᠠᠭ᠄ 2025-03-20

      (  ᠨᠢᠭᠡ ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ

      ᠭᠣᠣᠯ ᠡᠭᠦᠷᠭᠡ ᠬᠠᠷᠢᠭᠤᠴᠠᠯᠭ᠎ᠠ ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠪᠣᠯ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠰᠠᠯᠠᠭ᠎ᠠ ᠮᠥᠴᠢᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ ᠪᠣᠯᠤᠨ᠎ᠠ᠂ ᠳᠡᠳ᠋ ᠲᠢᠩᠬᠢᠮ᠎ᠤᠨ ᠳᠡᠰ ᠪᠣᠯᠤᠨ᠎ᠠ᠃ ᠪᠦᠬᠦ ᠣᠷᠣᠨ᠎ᠤ ᠭᠢᠨᠳᠠᠨ᠎ᠤ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃

      ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄ ᠠᠯᠪᠠᠨ ᠭᠡᠷ᠂ ᠭᠢᠨᠳᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠭᠠᠵᠠᠷ᠂ ᠰᠤᠷᠭ᠋ᠠᠨ ᠬᠥᠮᠥᠵᠢᠭᠦᠯᠵᠦ ᠥᠭᠡᠷᠡᠴᠢᠯᠡᠬᠦ ᠭᠠᠵᠠᠷ᠂ ᠡᠷᠡᠭᠦᠦ ᠰᠢᠳᠬᠡᠯ ᠭᠦᠢ᠍ᠴᠡᠳᠬᠡᠬᠦ ᠭᠠᠵᠠᠷ᠂ ᠠᠮᠢᠳᠤᠷᠠᠯ ᠡᠷᠡᠭᠦᠯ ᠬᠠᠮᠠᠭ᠋ᠠᠯᠠᠯ᠎ᠤᠨ ᠭᠠᠵᠠᠷ᠂ ᠭᠢᠨᠳᠠᠨ᠎ᠤ ᠳᠣᠲᠣᠷᠠᠬᠢ ᠲᠤᠷᠰᠢᠨ ᠪᠠᠢ᠌ᠴᠠᠭ᠋ᠠᠬᠤ ᠭᠠᠵᠠᠷ᠂ ᠠᠶᠤᠯ ᠦᠭᠡᠢ ᠦᠢ᠍ᠯᠡᠳᠪᠦᠷᠢᠯᠡᠯ ᠪᠠ ᠴᠠᠭᠳᠠᠭ᠋ᠠᠨ᠎ᠤ ᠶᠠᠪᠤᠳᠠᠯ᠎ᠤᠨ ᠬᠢᠨᠠᠨ ᠪᠠᠢ᠌ᠴᠠᠭ᠋ᠠᠬᠤ ᠭᠠᠵᠠᠷ᠂ ᠲᠥᠯᠦᠪᠵᠢᠭᠦᠯᠭᠡ ᠪᠦᠲᠦᠭᠡᠨ ᠪᠠᠢ᠌ᠭᠤᠯᠤᠯᠲᠠ ᠵᠢᠨ ᠭᠠᠵᠠᠷ᠂  ᠵᠡᠪᠰᠡᠭ ᠳᠤᠨᠤᠭᠯᠠᠯ  ᠡᠳ᠋᠎ᠤᠨ ᠶᠠᠪᠤᠳᠠᠯ᠎ᠤᠨ ᠪᠠᠲᠤᠯᠠᠭ᠎ᠠ ᠵᠢᠨ ᠭᠠᠵᠠᠷ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢ ᠵᠢᠨ ᠭᠠᠵᠠᠷ᠂ ᠤᠯᠤᠰ ᠲᠥᠷᠥ ᠵᠢᠨ ᠬᠡᠯᠲᠡᠰ᠂ ᠠᠵᠢᠯ᠎ᠠᠴᠠ᠎ᠪᠠᠨ ᠠᠮᠠᠷᠠᠭᠰᠠᠳ᠎ᠤᠨ ᠠᠵᠢᠯ᠎ᠤᠨ ᠭᠠᠵᠠᠷ (ᠠᠵᠢᠯᠲᠠᠨ᠎ᠤ ᠶᠠᠪᠤᠳᠠᠯ ᠴᠠᠭᠳᠠᠭ᠋ᠠᠨ᠎ᠤ ᠶᠠᠪᠤᠳᠠᠯ᠎ᠤᠨ ᠭᠠᠵᠠᠷ)᠃

      ᠠᠵᠢᠯᠯᠠᠬᠤ ᠭᠠᠵᠠᠷ ᠄ ᠴᠡᠯᠡᠭᠡᠷ ᠲᠠᠯ᠎ᠠ ᠶᠡᠬᠡ ᠵᠡᠭᠡᠯᠢ ᠬᠢᠭᠡᠳ ᠬᠣᠷᠴᠢᠨ ᠲᠦᠷᠭᠡᠨ ᠵᠠᠮ᠎ᠤᠨ ᠠᠭᠤᠯᠵᠠᠷ᠎ᠲᠤ ᠪᠤᠢ ᠃

      ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂

14᠄ 00 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ  ᠪᠠᠭᠲᠠᠬᠤ ᠦᠭᠡᠢ᠃

      ᠬᠠᠷᠢᠯᠴᠠᠬᠤ  ᠤᠲᠠᠰᠤ ᠄ 0471 — 2399942

      ᠬᠠᠷᠢᠭᠤᠴᠠᠯᠭ᠋ᠠᠲᠠᠨ᠄ ᠨᠢᠦ  ᠹᠠᠩ ᠽᠸ

 

      (ᠬᠣᠶᠠᠷ)  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠤᠷ ᠲᠠᠲᠠᠬᠤ ᠵᠢ ᠵᠣᠭᠰᠣᠭ᠋ᠠᠬᠤ ᠬᠠᠮᠢᠶᠠᠷᠤᠯᠲᠠ ᠵᠢᠨ ᠲᠣᠪᠴᠢᠶ᠎ᠠ

       ᠭᠣᠣᠯ ᠡᠭᠦᠷᠭᠡ ᠬᠠᠷᠢᠭᠤᠴᠠᠯᠭ᠎ᠠ᠄  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠤᠷ ᠲᠠᠲᠠᠬᠤ ᠵᠢ ᠵᠣᠭᠰᠣᠭ᠋ᠠᠬᠤ ᠬᠠᠮᠢᠶᠠᠷᠤᠯᠲᠠ ᠵᠢᠨ ᠲᠤᠪᠴᠢᠶ᠎ᠠ ᠪᠣᠯ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠰᠢᠭᠤᠳ ᠬᠠᠷᠢᠶ᠎ᠠ ᠲᠣᠪᠴᠢᠶ᠎ᠠ ᠪᠤᠯᠤᠨ᠎ᠠ᠂ ᠭᠠᠵᠠᠷ᠎ᠤᠨ ᠳᠡᠰ ᠪᠣᠯᠤᠨ᠎ᠠ᠃ ᠠᠯᠪᠠᠳᠠᠯᠭ᠎ᠠ᠎ᠪᠠᠷ ᠲᠤᠰᠠᠭ᠋ᠠᠷᠯᠠᠵᠤ ᠬᠣᠤᠷ ᠲᠠᠲᠠᠬᠤ ᠵᠢ ᠵᠣᠭᠰᠣᠭ᠋ᠠᠬᠤ᠂ ᠬᠣᠤᠷ ᠲᠠᠲᠠᠬᠤ ᠵᠢ ᠵᠤᠭᠰᠤᠭ᠋ᠠᠵᠤ ᠡᠷᠡᠭᠦᠯᠵᠢᠭᠦᠯᠬᠦ ᠠᠵᠢᠯ᠎ᠤᠨ ᠲᠤᠬᠠᠶ ᠨᠠᠮ᠎ᠤᠨ ᠲᠥᠪ ᠬᠣᠷᠢᠶᠠᠨ᠎ᠤ ᠴᠢᠭᠯᠡᠯᠲᠡ ᠲᠥᠷᠥ ᠵᠢᠨ ᠪᠣᠳᠣᠯᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠠᠮᠢᠶ᠎ᠠ ᠪᠦᠬᠦᠢ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠬᠠᠷᠢᠭᠤᠴᠠᠨ᠎ᠠ᠃

       ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄ ᠠᠯᠪᠠᠨ ᠭᠡᠷ᠂ ᠠᠵᠢᠯᠲᠠᠨ᠎ᠤ ᠶᠠᠪᠤᠳᠠᠯ  ᠴᠠᠭᠳᠠᠭ᠋ᠠᠨ᠎ᠤ ᠶᠠᠪᠤᠳᠠᠯ᠎ᠤᠨ ᠰᠠᠯᠠᠭ᠎ᠠ᠂  ᠪᠤᠯᠪᠠᠰᠤᠷᠠᠯ᠎ᠢ  ᠵᠤᠬᠢᠶᠠᠨ ᠪᠠᠢ᠌ᠭᠤᠯᠵᠤ ᠱᠠᠭ᠋ᠠᠷᠳᠠᠨ  ᠪᠠᠢ᠌ᠴᠠᠭ᠋ᠠᠬᠤ ᠰᠠᠯᠠᠭ᠎ᠠ ᠂  ᠬᠠᠤᠯᠢ  ᠳᠦᠷᠢᠮ᠎ᠤᠨ  ᠰᠠᠯᠠᠭ᠎ᠠ᠂ ᠵᠠᠰᠠᠭ ᠵᠠᠬᠢᠷᠭ᠋ᠠᠨ᠎ᠤ ᠬᠠᠮᠢᠶᠠᠷᠤᠯᠲᠠ ᠵᠢᠨ ᠰᠠᠯᠠᠭ᠎ᠠ᠂ ᠰᠤᠷᠭ᠋ᠠᠨ  ᠬᠦᠮᠦᠵᠢᠬᠦᠯᠦᠨ  ᠵᠠᠰᠠᠬᠤ ᠰᠠᠯᠠᠭ᠎ᠠ ᠂  ᠡᠮᠴᠢᠯᠡᠭᠡ ᠪᠠ  ᠠᠮᠢᠳᠤᠷᠠᠯ ᠡᠷᠡᠭᠦᠯ ᠬᠠᠮᠠᠭ᠋ᠠᠯᠠᠯ᠎ᠤᠨ ᠰᠠᠯᠠᠭ᠎ᠠ ᠂ ᠲᠥᠯᠦᠪᠵᠢᠭᠦᠯᠭᠡ ᠪᠠ ᠦᠢ᠍ᠯᠡᠳᠪᠦᠷᠢᠯᠡᠯ᠎ᠤᠨ ᠰᠠᠯᠠᠭ᠎ᠠ᠂ ᠡᠳ᠋᠎ᠤᠨ ᠶᠠᠪᠤᠳᠠᠯ  ᠳᠤᠨᠤᠭᠯᠠᠯ᠎ᠤᠨ  ᠰᠠᠯᠠᠭ᠎ᠠ᠂ ᠰᠢᠨᠵᠢᠯᠡᠬᠦ ᠤᠬᠠᠭ᠋ᠠᠨ  ᠲᠸᠭᠨᠢᠭ ᠮᠡᠷᠭᠡᠵᠢᠯ᠎ᠤᠨ ᠮᠡᠳᠡᠭᠡ ᠵᠠᠩᠭᠢ ᠵᠢᠨ ᠰᠠᠯᠠᠭ᠎ᠠ᠃

      ᠠᠵᠢᠯᠯᠠᠬᠤ ᠭᠠᠵᠠᠷ ᠄ ᠬᠣᠲᠣᠩᠴᠤᠳ᠎ᠤᠨ ᠲᠣᠭᠣᠷᠢᠭ᠎ᠤᠨ ᠰᠢᠨ ᠬᠤᠸᠠ ᠪᠠᠷᠠᠭᠤᠨ ᠵᠡᠭᠡᠯᠢ ᠵᠢᠨ 3 ᠳ᠋ᠤᠭ᠋ᠠᠷ ᠨᠣᠮᠧᠷ᠃

      ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂

14᠄ 00 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ  ᠪᠠᠭᠲᠠᠬᠤ ᠦᠭᠡᠢ᠃

      ᠬᠠᠷᠢᠯᠴᠠᠬᠤ  ᠤᠲᠠᠰᠤ ᠄ 0471-5316809

      ᠬᠠᠷᠢᠭᠤᠴᠠᠯᠭ᠋ᠠᠲᠠᠨ ᠄ ᠸᠠᠩ ᠽᠢ ᠪᠢᠩ

 

      (ᠭᠤᠷᠪᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ  ᠬᠠᠤᠯᠢᠵᠢᠯ᠎ᠤᠨ ᠤᠬᠠᠭᠤᠯᠭ᠎ᠠ ᠵᠢᠨ  ᠲᠥᠪ

      ᠭᠣᠣᠯ ᠡᠭᠦᠷᠭᠡ ᠬᠠᠷᠢᠭᠤᠴᠠᠯᠭ᠎ᠠ᠄ ᠥᠪᠡᠷᠲᠡᠭᠡᠨ ᠵᠠᠰᠠᠬᠤ ᠣᠷᠣᠨ᠎ᠤ ᠨᠠᠮ᠎ᠤᠨ  ᠬᠣᠷᠢᠶᠠᠨ᠎ᠤ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ  ᠬᠣᠷᠢᠶᠠᠨ᠎ᠤ ᠠᠯᠪᠠᠨ ᠭᠡᠷ ᠪᠠ ᠬᠠᠤᠯᠢ ᠴᠠᠭ᠋ᠠᠵᠠ ᠵᠢᠨ ᠶᠠᠮᠤᠨ᠎ᠤ ᠬᠠᠤᠯᠢ᠎ᠪᠠᠷ  ᠵᠠᠰᠠᠬᠤ ᠤᠬᠠᠭᠤᠯᠭ᠎ᠠ ᠵᠢᠨ ᠲᠥᠪ᠎ᠠᠴᠠ ᠲᠣᠬᠢᠷᠠᠭᠤᠯᠤᠨ ᠪᠠᠢ᠌ᠷᠢᠯᠠᠭᠤᠯᠤᠭᠰᠠᠨ ᠬᠠᠤᠯᠢ ᠲᠦᠭᠡᠮᠡᠯᠵᠢᠭᠦᠯᠬᠦ ᠤᠬᠠᠭᠤᠯᠭ᠎ᠠ ᠵᠢᠨ ᠠᠵᠢᠯ᠎ᠤᠨ ᠡᠭᠦᠷᠭᠡ ᠵᠢ ᠨᠠᠢ᠌ᠳᠠᠪᠤᠷᠢᠵᠢᠭᠤᠯᠵᠤ᠂  ᠬᠠᠤᠯᠢᠵᠢᠯ᠎ᠤᠨ ᠤᠬᠠᠭᠤᠯᠭ᠎ᠠ ᠵᠢᠨ ᠬᠢᠨᠠᠨ ᠬᠡᠮᠵᠢᠬᠦ᠂ ᠵᠠᠳᠠᠯᠬᠤ ᠪᠠ ᠬᠥᠲᠥᠯᠥᠨ ᠵᠢᠯᠤᠭᠣᠳᠬᠤ᠎ᠳᠤ ᠬᠠᠮᠢᠶ᠎ᠠ ᠪᠦᠬᠦᠢ ᠬᠡᠷᠡᠭ ᠶᠠᠪᠤᠳᠠᠯ᠎ᠤᠨ ᠴᠢᠨᠠᠷᠲᠠᠢ ᠲᠤᠰᠠᠯᠠᠬᠤ ᠴᠢᠨᠠᠷᠲᠠᠢ ᠠᠵᠢᠯ᠎ᠢ ᠡᠭᠦᠷᠭᠡᠯᠡᠨ᠎ᠡ;  ᠥᠪᠡᠷᠲᠡᠭᠡᠨ ᠵᠠᠰᠠᠬᠤ ᠣᠷᠣᠨ᠎ᠤ ᠡᠯ᠎ᠡ ᠲᠥᠷᠥᠯ᠎ᠤᠨ  ᠬᠠᠤᠯᠢᠵᠢᠯ᠎ᠤᠨ ᠰᠣᠶᠣᠯ᠎ᠤᠨ ᠪᠦᠲᠦᠭᠡᠭᠳᠡᠬᠦᠨ᠎ᠢ ᠤᠬᠠᠭ᠋ᠠᠯᠠᠨ ᠦᠢ᠍ᠯᠡᠳᠬᠦ ᠬᠠᠮᠢᠶ᠎ᠠ ᠪᠦᠬᠦᠢ ᠬᠡᠷᠡᠭ ᠶᠠᠪᠤᠳᠠᠯ᠎ᠤᠨ ᠴᠢᠨᠠᠷᠲᠠᠢ ᠲᠤᠰᠠᠯᠠᠬᠤ ᠴᠢᠨᠠᠷᠲᠠᠢ ᠠᠵᠢᠯ᠎ᠢ ᠡᠭᠦᠷᠭᠡᠯᠡᠨ᠎ᠡ;  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠰᠢᠨ᠎ᠡ ᠵᠠᠭᠤᠴᠢᠯᠠᠭᠤᠷ᠎ᠤᠨ ᠲᠠᠪᠴᠠᠩ᠎ᠤᠨ ᠮᠡᠳᠡᠭᠡ ᠵᠠᠩᠭᠢ ᠵᠢ ᠬᠢᠨᠠᠨ ᠬᠠᠷᠭᠤᠭᠤᠯᠬᠤ᠂ ᠨᠡᠢ᠌ᠲᠡᠯᠡᠬᠦ᠂ ᠦᠨᠡᠯᠡᠨ ᠬᠦᠷᠭᠡᠬᠦ ᠬᠠᠮᠢᠶ᠎ᠠ ᠪᠦᠬᠦᠢ ᠬᠡᠷᠡᠭ ᠶᠠᠪᠤᠳᠠᠯ᠎ᠤᠨ ᠴᠢᠨᠠᠷᠲᠠᠢ ᠲᠤᠰᠠᠯᠠᠬᠤ ᠴᠢᠨᠠᠷᠲᠠᠢ ᠠᠵᠢᠯ᠎ᠢ ᠡᠭᠦᠷᠭᠡᠯᠡᠨ᠎ᠡ;  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠲᠤᠰᠢᠶᠠᠭᠰᠠᠨ ᠪᠤᠰᠤᠳ ᠡᠭᠦᠷᠭᠡ ᠵᠢ ᠪᠡᠶᠡᠯᠡᠭᠦᠯᠦᠨ᠎ᠡ᠃

      ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄ ᠶᠡᠷᠦᠩᠬᠡᠢ᠌ᠯᠡᠭᠰᠡᠨ ᠰᠠᠯᠠᠭ᠎ᠠ᠂ ᠤᠬᠠᠭᠤᠯᠬᠤ ᠰᠠᠯᠠᠭ᠎ᠠ᠃

      ᠠᠵᠢᠯᠯᠠᠬᠤ  ᠭᠠᠵᠠᠷ ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠧᠷ᠎ᠤᠨ  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 2 ᠳ᠋ᠤᠭ᠋ᠠᠷ  ᠳᠠᠪᠬᠤᠷᠯᠢᠭ᠃

      ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂

14᠄ 00 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ  ᠪᠠᠭᠲᠠᠬᠤ ᠦᠭᠡᠢ᠃

      ᠬᠠᠷᠢᠯᠴᠠᠬᠤ ᠤᠲᠠᠰᠤ ᠄ 0471-5301435

      ᠬᠠᠷᠢᠭᠤᠴᠠᠯᠭ᠋ᠠᠲᠠᠨ ᠄ ᠵᠧᠦ ᠯᠢᠶᠠᠩ ᠬᠣᠩ

 

      (ᠳᠥᠷᠪᠡ) ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ  ᠬᠠᠤᠯᠢ ᠴᠠᠭ᠋ᠠᠵᠠ ᠵᠢᠨ  ᠲᠤᠰᠠᠯᠠᠮᠵᠢ ᠵᠢᠨ  ᠲᠥᠪ

      ᠭᠣᠣᠯ ᠡᠭᠦᠷᠭᠡ ᠬᠠᠷᠢᠭᠤᠴᠠᠯᠭ᠎ᠠ᠄ ᠪᠥᠬᠥ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠮᠢᠶ᠎ᠠ ᠪᠦᠬᠦᠢ ᠠᠵᠢᠯ ᠥᠷᠨᠢᠭᠦᠯᠬᠦ ᠵᠢ ᠠᠬᠢᠭᠤᠯᠤᠨ᠎ᠠ;  ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ ᠪᠥᠬᠥ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠤᠨ ᠡᠯ᠎ᠡ ᠵᠦᠢ᠍ᠯ᠎ᠤᠨ ᠳᠦᠷᠢᠮ ᠪᠠ ᠠᠵᠢᠯᠯᠠᠭ᠋ᠠᠨ᠎ᠤ ᠵᠢᠷᠤᠮᠵᠢᠯ᠎ᠢ ᠲᠣᠭᠲᠠᠭ᠋ᠠᠨ᠎ᠠ;  ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠭᠤᠶᠤᠴᠢᠯᠠᠯ᠎ᠢ  ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠪᠠᠢ᠌ᠭᠤᠯᠤᠮᠵᠢ ᠵᠢᠴᠢ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠢ ᠵᠢᠭ᠋ᠠᠨ ᠲᠣᠮᠢᠯᠠᠵᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ  ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠪᠣᠳᠠᠲᠤ ᠴᠣᠭᠴᠠ ᠵᠢᠨ ᠲᠠᠪᠴᠠᠩ᠂ 12348 ᠬᠠᠯᠠᠮᠰᠢᠯ ᠤᠲᠠᠰᠤ ᠵᠢᠨ ᠲᠠᠪᠴᠠᠩ᠂ ᠰᠦᠯᠵᠢᠶᠡᠨ᠎ᠤ ᠲᠠᠪᠴᠠᠩ᠎ᠤᠨ ᠪᠠᠢ᠌ᠭᠤᠯᠤᠯᠲᠠ᠂ ᠠᠵᠢᠯᠯᠠᠭ᠋ᠠᠨ᠎ᠤ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ;  ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠳᠦᠷᠢᠮ᠎ᠤᠨ ᠤᠬᠠᠭᠤᠯᠭ᠎ᠠ ᠵᠢᠨ  ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭ᠎ᠤᠨ ᠶᠠᠰᠤ ᠴᠢᠨᠠᠷ᠎ᠢ ᠦᠨᠡᠯᠡᠨ ᠵᠢᠱ᠌ᠢᠬᠦ ᠪᠠ ᠭᠠᠳᠠᠭ᠋ᠠᠳᠤ᠎ᠲᠠᠢ ᠬᠠᠮᠲᠤᠷᠠᠯᠴᠠᠨ ᠰᠣᠯᠢᠯᠴᠠᠬᠤ ᠬᠣᠯᠪᠣᠭᠳᠠᠯ ᠪᠦᠬᠦᠢ ᠠᠵᠢᠯ ᠶᠠᠪᠤᠳᠠᠯ᠎ᠤᠨ ᠴᠢᠨᠠᠷᠲᠠᠢ ᠲᠤᠰᠠᠯᠠᠬᠤ ᠴᠢᠨᠠᠷᠲᠠᠢ ᠠᠵᠢᠯ᠎ᠢ ᠡᠭᠦᠷᠭᠡᠯᠡᠨ᠎ᠡ;  ᠪᠤᠰᠤᠳ ᠡᠭᠦᠷᠭᠡ ᠵᠢ

ᠡᠭᠦᠷᠭᠡᠯᠡᠨ᠎ᠡ᠃

      ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ ᠄ ᠶᠡᠷᠦᠩᠬᠡᠢ᠌ᠯᠡᠭᠰᠡᠨ ᠰᠠᠯᠠᠭ᠎ᠠ ᠂ ᠲᠤᠬᠠᠢ᠌ᠯᠠᠭᠰᠠᠨ ᠠᠵᠢᠯ᠎ᠤᠨ

ᠰᠠᠯᠠᠭ᠎ᠠ᠃

      ᠠᠵᠢᠯᠯᠠᠬᠤ  ᠭᠠᠵᠠᠷ ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 1  ᠳ᠋ᠦ᠍ᠭᠡᠷ  ᠳᠠᠪᠬᠤᠷᠯᠢᠭ᠃

      ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂

14᠄ 00 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ ᠡᠭᠦᠨ᠎ᠳᠤ ᠪᠠᠭᠲᠠᠬᠤ ᠦᠭᠡᠢ᠃

      ᠬᠠᠷᠢᠯᠴᠠᠬᠤ ᠤᠲᠠᠰᠤ ᠄ 0471 — 5301463

      ᠬᠠᠷᠢᠭᠤᠴᠠᠯᠭ᠋ᠠᠲᠠᠨ ᠄ ᠴᠢᠶᠠᠨ  ᠶᠢᠦ  ᠰᠢᠤᠸᠠᠢ

 

      (ᠲᠠᠪᠤ) ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ   ᠬᠠᠤᠯᠢᠵᠢᠯ᠎ᠤᠨ ᠪᠤᠯᠪᠠᠰᠤᠷᠠᠯ᠎ᠤᠨ ᠲᠥᠪ

      ᠭᠣᠣᠯ ᠡᠭᠦᠷᠭᠡ ᠬᠠᠷᠢᠭᠤᠴᠠᠯᠭ᠎ᠠ᠄ ᠤᠯᠤᠰ᠂ ᠥᠪᠡᠷᠲᠡᠭᠡᠨ ᠵᠠᠰᠠᠬᠤ ᠣᠷᠣᠨ᠎ᠤ ᠰᠤᠷᠭ᠋ᠠᠨ ᠬᠥᠮᠦᠵᠢᠯ   ᠪᠤᠯᠪᠠᠰᠤᠷᠠᠯ᠎ᠲᠠᠢ  ᠬᠣᠯᠪᠣᠭᠳᠠᠯ ᠪᠦᠬᠦᠢ ᠲᠣᠭᠲᠠᠭ᠋ᠠᠯ᠎ᠢ  ᠲᠤᠭᠤᠰᠢᠯᠠᠭᠤᠯᠤᠨ ᠬᠡᠷᠡᠭᠵᠢᠭᠦᠯᠵᠦ᠂ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠬᠠᠮᠢᠶ᠎ᠠ ᠪᠦᠬᠦᠢ  ᠪᠤᠯᠪᠠᠰᠤᠷᠠᠯ᠎ᠤᠨ ᠡᠭᠦᠷᠭᠡ ᠵᠢ ᠡᠭᠦᠷᠭᠡᠯᠡᠨ᠎ᠡ;  ᠰᠤᠷᠭ᠋ᠠᠨ ᠬᠥᠮᠦᠵᠢᠯ ᠪᠤᠯᠪᠠᠰᠤᠷᠠᠯ᠎ᠤᠨ ᠲᠥᠯᠦᠪᠵᠢᠭᠦᠯᠭᠡ᠂ ᠲᠥᠯᠥᠪᠯᠡᠭᠡ ᠵᠢ ᠲᠤᠭᠤᠷᠪᠢᠨ ᠲᠣᠭᠲᠠᠭ᠋ᠠᠬᠤ ᠪᠠ ᠨᠠᠢ᠌ᠳᠠᠪᠤᠷᠢᠵᠢᠭᠤᠯᠬᠤ ᠬᠠᠮᠢᠶ᠎ᠠ ᠪᠦᠬᠦᠢ ᠠᠵᠢᠯ ᠎ᠢ  ᠡᠭᠦᠷᠭᠡᠯᠡᠨ᠎ᠡ;  ᠪᠥᠬᠥ ᠣᠷᠣᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ ᠪᠠ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ᠎ᠳᠤ ᠬᠢᠨᠠᠯᠲᠠ ᠲᠠᠯᠪᠢᠬᠤ ᠠᠵᠢᠯᠲᠠᠨ᠎ᠤ ᠪᠤᠯᠪᠠᠰᠤᠷᠠᠯ᠎ᠤᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ;  ᠪᠥᠬᠥ ᠣᠷᠣᠨ᠎ᠤ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ ᠣᠯᠣᠭᠰᠠᠨ ᠬᠥᠮᠥᠰ᠎ᠤᠨ ᠠᠵᠢᠯ᠎ᠳᠤ ᠣᠷᠣᠬᠤ ᠎ᠠᠴᠠ ᠡᠮᠦᠨᠡᠬᠢ  ᠪᠤᠯᠪᠠᠰᠤᠷᠠᠯ᠎ᠤᠨ ᠬᠠᠮᠢᠶ᠎ᠠ ᠪᠦᠬᠦᠢ ᠠᠵᠢᠯ᠎ᠢ  ᠡᠭᠦᠷᠭᠡᠯᠡᠨ᠎ᠡ ;  ᠪᠥᠬᠥ ᠣᠷᠣᠨ᠎ᠤ ᠭᠢᠨᠳᠠᠨ᠂ ᠬᠣᠣᠷ ᠲᠠᠲᠠᠬᠤ ᠵᠢ ᠵᠣᠭᠰᠤᠭ᠋ᠠᠬᠤ ᠺᠠᠳ᠋ᠷ ᠴᠠᠭᠳᠠᠭ᠎ᠠ ᠪᠣᠯᠣᠨ ᠨᠡᠢ᠌ᠭᠡᠮ ᠲᠣᠭᠣᠷᠢᠭ᠎ᠤᠨ ᠵᠠᠯᠠᠷᠠᠭᠤᠯᠭ᠎ᠠ ᠵᠢᠨ ᠬᠠᠤᠯᠢ ᠬᠡᠷᠡᠭᠵᠢᠭᠦᠯᠬᠦ ᠡᠩᠨᠡᠭᠡ ᠵᠢᠨ ᠪᠤᠯᠪᠠᠰᠤᠷᠠᠯ᠎ᠤᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ;  ᠬᠢᠨᠠᠨ ᠬᠠᠮᠢᠶᠠᠷᠬᠤ᠂ ᠵᠠᠯᠠᠷᠠᠭᠤᠯᠤᠨ ᠵᠠᠰᠠᠬᠤ᠂ ᠬᠠᠪᠰᠤᠷᠤᠨ ᠰᠤᠷᠭ᠋ᠠᠬᠤ ᠡᠲᠡᠭᠡᠳ᠎ᠤᠨ ᠠᠵᠢᠯ ᠮᠡᠷᠭᠡᠵᠢᠯ᠎ᠤᠨ ᠤᠷ᠎ᠠ ᠴᠢᠳᠠᠪᠤᠷᠢ ᠵᠢᠨ  ᠪᠤᠯᠪᠠᠰᠤᠷᠠᠯ᠎ᠲᠠᠢ  ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ;  ᠰᠣᠷᠣᠭᠴᠢ ᠪᠠ ᠪᠠᠭᠰᠢ ᠠᠵᠢᠯᠲᠠᠨ᠎ᠤ ᠰᠤᠷᠭ᠋ᠠᠨ ᠬᠥᠮᠦᠵᠢᠯ᠎ᠤᠨ ᠬᠠᠮᠢᠶᠠᠷᠤᠯᠲᠠ ᠵᠢᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ;  ᠪᠤᠰᠤᠳ ᠡᠭᠦᠷᠭᠡ ᠵᠢ ᠪᠡᠶᠡᠯᠡᠭᠦᠯᠦᠨ᠎ᠡ᠃

      ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄ ᠶᠡᠷᠦᠩᠬᠡᠢ᠌ᠯᠡᠭᠰᠡᠨ ᠬᠡᠯᠲᠡᠰ᠂ ᠬᠢᠴᠢᠶᠡᠯ ᠬᠥᠮᠦᠵᠢᠯ᠎ᠤᠨ ᠬᠡᠯᠲᠡᠰ᠂ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠤᠨ  ᠵᠢᠭ᠋ᠠᠬᠤ ᠵᠢ  ᠰᠤᠳᠤᠯᠬᠤ ᠨᠢᠭᠡᠳᠦᠭᠡᠷ ᠬᠡᠯᠲᠡᠰ᠂ ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠤᠨ  ᠵᠢᠭ᠋ᠠᠬᠤ ᠵᠢ  ᠰᠤᠳᠤᠯᠬᠤ ᠬᠣᠶᠠᠳᠤᠭ᠋ᠠᠷ ᠬᠡᠯᠲᠡᠰ᠂ ᠴᠠᠭᠳᠠᠭ᠋ᠠᠨ ᠎ᠤ  ᠠᠵᠢᠯ ᠮᠡᠷᠭᠡᠵᠢᠯ᠎ᠤᠨ  ᠵᠢᠭ᠋ᠠᠬᠤ ᠵᠢ  ᠰᠤᠳᠤᠯᠬᠤ ᠬᠡᠯᠲᠡᠰ᠂ ᠴᠠᠭᠳᠠᠭ᠋ᠠᠨ᠎ᠤ ᠶᠠᠪᠤᠳᠠᠯ᠎ᠤᠨ ᠮᠡᠷᠭᠡᠵᠢᠯ ᠴᠢᠳᠠᠪᠤᠷᠢ ᠵᠢᠨ  ᠵᠢᠭ᠋ᠠᠬᠤ ᠵᠢ ᠰᠤᠳᠤᠯᠬᠤ ᠬᠡᠯᠲᠡᠰ᠂ ᠠᠵᠢᠯ ᠮᠡᠷᠭᠡᠵᠢᠯ᠎ᠤᠨ  ᠤᠷ᠎ᠠ  ᠴᠢᠳᠠᠪᠤᠷᠢ ᠵᠢᠨ  ᠵᠢᠭ᠋ᠠᠬᠤ ᠵᠢ  ᠰᠤᠳᠤᠯᠬᠤ ᠬᠡᠯᠲᠡᠰ᠂ ᠴᠠᠭᠳᠠᠭ᠋ᠠᠨ ᠎ᠤ  ᠰᠡᠳᠬᠢᠴᠡ ᠵᠢᠨ ᠮᠡᠷᠭᠡᠵᠢᠯ᠎ᠤᠨ ᠬᠡᠷᠡᠭᠯᠡᠭᠡᠨ᠎ᠤ   ᠵᠢᠭ᠋ᠠᠬᠤ ᠵᠢ  ᠰᠤᠳᠤᠯᠬᠤ ᠬᠡᠯᠲᠡᠰ᠃

      ᠠᠵᠢᠯᠯᠠᠬᠤ  ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠃

      ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂

14᠄ 00 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ  ᠪᠠᠭᠲᠠᠬᠤ

ᠦᠭᠡᠢ᠃

      ᠬᠠᠷᠢᠯᠴᠠᠬᠤ ᠤᠲᠠᠰᠤ ᠄ 0471 — 5301322

      ᠬᠠᠷᠢᠭᠤᠴᠠᠯᠭ᠋ᠠᠲᠠᠨ ᠄ ᠹᠧᠩ ᠯᠢᠦ ᠯᠢᠨ

 

      (ᠵᠢᠷᠭᠤᠭ᠎ᠠ) ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ  ᠬᠠᠤᠯᠢᠴᠢ ᠵᠢᠨ ᠨᠡᠢ᠌ᠭᠡᠮᠯᠢᠭ

      ᠭᠣᠣᠯ ᠲᠤᠰᠢᠶᠠᠯ ᠬᠠᠷᠢᠭᠤᠴᠠᠯᠭ᠎ᠠ ᠄ ᠬᠠᠤᠯᠢᠴᠢ ᠵᠢᠨ ᠬᠠᠤᠯᠢ ᠶᠣᠰᠣᠭ᠋ᠠᠷ ᠠᠵᠢᠯ ᠡᠷᠬᠢᠯᠡᠬᠦ ᠵᠢ ᠪᠠᠲᠤᠯᠠᠵᠤ ᠂ ᠬᠠᠤᠯᠢᠴᠢ ᠵᠢᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠵᠤ ᠂ ᠬᠠᠤᠯᠢᠴᠢ ᠵᠢᠨ ᠠᠵᠢᠯ᠎ᠤᠨ ᠲᠤᠷᠰᠢᠯᠭ᠎ᠠ ᠵᠢ ᠳ᠋ᠦᠩᠨᠡᠨ ᠰᠣᠯᠢᠯᠴᠠᠵᠤ ᠂   ᠬᠠᠤᠯᠢᠴᠢ ᠵᠢᠨ ᠲᠤᠬᠠᠢ᠌ᠯᠠᠭᠰᠠᠨ ᠠᠵᠢᠯ᠎ᠤᠨ  ᠪᠤᠯᠪᠠᠰᠤᠷᠠᠯ᠎ᠢ ᠵᠣᠬᠢᠶᠠᠨ ᠪᠠᠢ᠌ᠭᠤᠯᠵᠤ ᠂ ᠭᠠᠳᠠᠭ᠋ᠠᠳᠤ᠎ᠲᠠᠢ ᠰᠣᠯᠢᠯᠴᠠᠭ᠎ᠠ ᠬᠢᠵᠦ ᠬᠠᠮᠲᠤᠷᠠᠨ ᠠᠵᠢᠯᠯᠠᠬᠤ ᠵᠢ ᠥᠷᠨᠢᠭᠦᠯᠵᠦ ᠂ ᠳᠠᠳᠤᠯᠭ᠎ᠠ ᠵᠢᠨ ᠬᠠᠤᠯᠢᠴᠢ ᠵᠢᠨ ᠬᠢᠨᠠᠨ ᠰᠢᠯᠭ᠋ᠠᠯᠲᠠ ᠵᠢ ᠵᠣᠬᠢᠶᠠᠨ ᠪᠠᠢ᠌ᠭᠤᠯᠤᠨ᠎ᠠ᠃

      ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄ ᠠᠯᠪᠠᠨ ᠭᠡᠷ᠂ ᠭᠡᠰᠢᠭᠦᠳ᠎ᠤᠨ ᠬᠡᠯᠲᠡᠰ᠂ ᠤᠬᠠᠭᠤᠯᠭ᠎ᠠ   ᠪᠤᠯᠪᠠᠰᠤᠷᠠᠯ᠎ᠤᠨ ᠬᠡᠯᠲᠡᠰ᠂ ᠪᠠᠢ᠌ᠭᠤᠯᠭ᠎ᠠ ᠵᠢᠨ ᠨᠠᠮ᠎ᠤᠨ ᠬᠣᠷᠢᠶ᠎ᠠ᠃

      ᠠᠵᠢᠯᠯᠠᠬᠤ  ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 7 ᠳ᠋ᠤᠭ᠋ᠠᠷ  ᠳᠠᠪᠬᠤᠷᠯᠢᠭ᠃

      ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂

14᠄ 00 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ   ᠪᠠᠭᠲᠠᠬᠤ

ᠦᠭᠡᠢ᠃

      ᠬᠠᠷᠢᠯᠴᠠᠬᠤ ᠤᠲᠠᠰᠤ ᠄ 0471-5301272

      ᠬᠠᠷᠢᠭᠤᠴᠠᠯᠭ᠋ᠠᠲᠠᠨ ᠄  ᠬᠥᠬᠡᠠ᠋ᠭᠤᠯᠠ

 

      (ᠲᠤᠯᠤᠭ᠎ᠠ) ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ  ᠬᠠᠤᠯᠢ ᠴᠠᠭ᠋ᠠᠵᠠ ᠵᠢᠨ ᠲᠢᠩᠬᠢᠮ᠎ᠤᠨ  ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ

      ᠭᠣᠣᠯ ᠡᠭᠦᠷᠭᠡ ᠬᠠᠷᠢᠭᠤᠴᠠᠯᠭ᠎ᠠ᠄ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠠᠷᠤ ᠲᠠᠯ᠎ᠠ ᠵᠢᠨ ᠦᠢ᠍ᠯᠡᠴᠢᠯᠡᠭᠡᠨ᠎ᠤ ᠪᠠᠲᠤᠯᠠᠭ᠎ᠠ᠂ ᠠᠳᠠᠯ ᠠᠬᠤᠢ ᠵᠢᠨ ᠬᠠᠮᠢᠶᠠᠷᠤᠯᠲᠠ᠂ ᠠᠮᠤᠷ ᠲᠦᠪᠰᠢᠨ᠎ᠤ ᠰᠡᠷᠭᠡᠢ᠌ᠯᠡᠯᠲᠡ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠵᠢᠨ ᠬᠠᠮᠢᠶᠠᠷᠤᠯᠲᠠ᠂ ᠬᠣᠷᠢᠭᠤᠯ᠎ᠤᠨ ᠭᠠᠵᠠᠷ᠎ᠤᠨ ᠠᠮᠤᠷ ᠲᠦᠪᠰᠢᠨ᠎ᠤ ᠰᠡᠷᠭᠡᠢ᠌ᠯᠡᠯᠲᠡ ᠪᠠ ᠬᠢᠨᠠᠨ ᠡᠵᠡᠮᠳᠡᠬᠦ ᠰᠢᠰᠲ᠋ᠧᠮ᠎ᠤᠨ ᠪᠠᠢ᠌ᠭᠤᠯᠤᠯᠲᠠ ᠵᠢᠨ ᠪᠠᠲᠤᠯᠠᠭ᠎ᠠ ᠵᠢᠨ ᠬᠠᠮᠢᠶ᠎ᠠ ᠪᠦᠬᠦᠢ ᠠᠵᠢᠯ ᠪᠠ ᠬᠠᠤᠯᠢ ᠴᠠᠭ᠋ᠠᠵᠠ ᠵᠢᠨ ᠲᠢᠩᠬᠢᠮ᠎ᠤᠨ ᠲᠤᠰᠢᠶᠠᠨ ᠰᠢᠢ᠍ᠳᠪᠦᠷᠢᠯᠡᠭᠦᠯᠦᠭᠰᠡᠨ ᠪᠤᠰᠤᠳ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ᠃

      ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄ ᠶᠡᠷᠦᠩᠬᠡᠢ ᠶᠠᠪᠤᠳᠠᠯ᠎ᠤᠨ ᠰᠠᠯᠠᠭ᠎ᠠ᠂ ᠮᠡᠳᠡᠭᠡ ᠵᠠᠩᠭᠢ ᠵᠢᠨ ᠪᠠᠲᠤᠯᠠᠭ᠎ᠠ ᠵᠢᠨ ᠰᠠᠯᠠᠭ᠎ᠠ᠃

      ᠠᠵᠢᠯᠯᠠᠬᠤ  ᠭᠠᠵᠠᠷ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠧᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 4   ᠳ᠋ᠦ᠍ᠭᠡᠷ  ᠳᠠᠪᠬᠤᠷᠭ᠎ᠠ᠃

      ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂

14᠄ 00 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ   ᠪᠠᠭᠲᠠᠬᠤ

ᠦᠭᠡᠢ᠃

      ᠬᠠᠷᠢᠯᠴᠠᠬᠤ ᠤᠲᠠᠰᠤ ᠄ 0471 — 5301498

      ᠬᠠᠷᠢᠭᠤᠴᠠᠯᠭ᠋ᠠᠲᠠᠨ ᠄ ᠬᠤ᠌ ᠯᠢ ᠮᠸᠢ

 

      (ᠨᠠᠢ᠍ᠮᠠ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠢᠨᠳᠠᠨ᠎ᠤ ᠬᠠᠮᠢᠶᠠᠷᠤᠯᠲᠠ ᠵᠢᠨ  ᠳᠤᠪᠴᠢᠶᠠᠨ᠎ᠤ ᠶᠡᠷᠦᠩᠬᠡᠢ᠌ᠯᠡᠭᠰᠡᠨ ᠪᠠᠳᠤᠯᠠᠭ᠋ᠠᠨ᠎ᠤ ᠲᠦᠪ

      ᠭᠣᠣᠯ ᠡᠭᠦᠷᠭᠡ ᠬᠠᠷᠢᠭᠤᠴᠠᠯᠭ᠎ᠠ᠄ ᠪᠥᠬᠥ ᠣᠷᠣᠨ᠎ᠤ ᠭᠢᠨᠳᠠᠨ᠎ᠤ ᠰᠢᠰᠲ᠋ᠧᠮ᠎ᠤᠨ ᠣᠯᠠᠨ ᠨᠡᠶ᠋ᠢᠲᠡ ᠵᠢᠨ ᠡᠨᠧᠷᠭᠢ ᠠᠷᠪᠢᠯᠠᠬᠤ᠂ ᠡᠯ᠎ᠡ ᠲᠥᠷᠥᠯ᠎ᠤᠨ ᠭᠡᠷ ᠪᠠᠢ᠌ᠰᠢᠩ᠎ᠤᠨ ᠬᠠᠮᠢᠶᠠᠷᠤᠯᠲᠠ᠂ ᠠᠯᠪᠠᠨ ᠶᠠᠪᠤᠳᠠᠯ᠎ᠳᠤ ᠬᠡᠷᠡᠭᠯᠡᠬᠦ ᠲᠡᠷᠭᠡ ᠵᠢᠨ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ;  ᠪᠥᠬᠥ ᠣᠷᠣᠨ᠎ᠤ ᠭᠢᠨᠳᠠᠨ᠎ᠤ ᠰᠢᠰᠲ᠋ᠧᠮ᠎ᠤᠨ ᠪᠥᠬᠥ ᠣᠷᠣᠨ᠎ᠤ ᠴᠢᠨᠠᠷᠲᠠᠢ ᠵᠢᠴᠢ ᠲᠣᠪᠴᠢᠶ᠎ᠠ ᠵᠢᠨ ᠪᠠᠢ᠌ᠭᠤᠯᠭ᠎ᠠ ᠵᠢᠨ ᠬᠤᠷᠠᠯ᠂ ᠬᠥᠮᠦᠵᠢᠯ ᠪᠣᠯᠪᠠᠰᠤᠷᠠᠭᠤᠯᠤᠯ᠎ᠤᠨ ᠬᠠᠮᠢᠶ᠎ᠠ ᠪᠦᠬᠦᠢ ᠠᠵᠢᠯ᠎ᠢ ᠡᠭᠦᠷᠭᠡᠯᠡᠨ᠎ᠡ;  ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ ᠪᠠᠢ᠌ᠭᠤᠯᠭ᠎ᠠ ᠵᠢᠨ ᠠᠵᠢᠯᠯᠠᠬᠤ ᠲᠣᠭᠣᠷᠢᠭ᠎ᠤᠨ ᠠᠷᠤ ᠲᠠᠯ᠎ᠠ ᠵᠢᠨ ᠪᠠᠲᠤᠯᠠᠭ᠎ᠠ ᠪᠠ ᠠᠳᠠᠯ ᠠᠬᠤᠢ ᠵᠢᠨ ᠬᠠᠮᠢᠶᠠᠷᠤᠯᠲᠠ ᠵᠡᠷᠭᠡ  ᠠᠵᠢᠯ᠎ᠢ ᠬᠠᠷᠢᠭᠤᠴᠠᠨ᠎ᠠ᠃

      ᠪᠠᠢ᠌ᠭᠤᠯᠤᠮᠵᠢ ᠵᠢᠨ ᠲᠣᠬᠢᠷᠠᠭᠤᠯᠤᠯᠲᠠ᠄ ᠠᠯᠪᠠᠨ ᠭᠡᠷ᠂ ᠶᠡᠷᠦᠩᠬᠡᠢ ᠶᠠᠪᠤᠳᠠᠯ᠎ᠤᠨ ᠰᠠᠯᠠᠭ᠎ᠠ᠂ ᠡᠳ᠋᠎ᠤᠨ ᠶᠠᠪᠤᠳᠠᠯ᠎ᠤᠨ ᠰᠠᠯᠠᠭ᠎ᠠ᠂ ᠦᠨᠳᠦᠰᠦᠨ ᠪᠦᠲᠦᠭᠡᠨ ᠪᠠᠢ᠌ᠭᠤᠯᠤᠯᠲᠠ ᠵᠢᠨ ᠬᠠᠮᠢᠶᠠᠷᠤᠯᠲᠠ ᠵᠢᠨ ᠰᠠᠯᠠᠭ᠎ᠠ᠂ ᠡᠳ᠋ ᠬᠥᠷᠥᠩᠭᠡ ᠵᠢᠨ  ᠬᠠᠮᠢᠶᠠᠷᠤᠯᠲᠠ ᠵᠢᠨ  ᠰᠠᠯᠠᠭ᠎ᠠ᠂ ᠬᠥᠮᠦᠵᠢᠯ  ᠪᠤᠯᠪᠠᠰᠤᠷᠠᠯ᠎ᠤᠨ ᠬᠠᠮᠢᠶᠠᠷᠤᠯᠲᠠ ᠵᠢᠨ ᠰᠠᠯᠠᠭ᠎ᠠ᠂ ᠪᠤᠤ ᠠᠨ ᠵᠤᠤ ᠭᠠᠵᠠᠷ ᠤᠷᠤᠨ᠎ᠤ ᠶᠡᠷᠦᠩᠬᠡᠢ᠌ᠯᠡᠭᠰᠡᠨ ᠬᠠᠮᠢᠶᠠᠷᠤᠯᠲᠠ ᠵᠢᠨ ᠰᠠᠯᠠᠭ᠎ᠠ᠃

      ᠠᠵᠢᠯᠯᠠᠬᠤ  ᠭᠠᠵᠠᠷ᠄  ᠥᠪᠥᠷ ᠮᠣᠩᠭᠣᠯ᠎ᠤᠨ  ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠠᠢ᠌ᠬᠠᠨ ᠲᠣᠭᠣᠷᠢᠭ᠎ᠤᠨ ᠴᠡᠯᠡᠭᠡᠷ ᠲᠠᠯ᠎ᠠ ᠶᠡᠬᠡ ᠵᠡᠭᠡᠯᠢ ᠬᠢᠭᠡᠳ ᠬᠣᠷᠴᠢᠨ ᠵᠠᠮ᠎ᠤᠨ ᠠᠭᠤᠯᠵᠠᠷ ᠎ᠲᠤ ᠎ᠬᠢ  ᠭᠢᠨᠳᠠᠨ᠎ᠤ ᠬᠠᠮᠢᠶᠠᠷᠤᠯᠲᠠ ᠵᠢᠨ ᠲᠣᠪᠴᠢᠶ᠎ᠠ ᠵᠢᠨ 905 ᠲᠠᠰᠤᠭ᠃

      ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂

14᠄ 00 — 17᠄ 00᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ   ᠪᠠᠭᠲᠠᠬᠤ

ᠦᠭᠡᠢ᠃

       ᠬᠠᠷᠢᠯᠴᠠᠬᠤ ᠤᠲᠠᠰᠤ ᠄ 0471 — 2399555

      ᠬᠠᠷᠢᠭᠤᠴᠠᠯᠭ᠋ᠠᠲᠠᠨ ᠄ ᠰᠢᠦᠢ ᠬᠤᠢ

 

      (ᠶᠢᠰᠦ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ  ᠲᠣᠪᠴᠢᠶᠠᠨ᠎ᠤ ᠶᠡᠷᠦᠩᠬᠡᠢ᠌ᠯᠡᠭᠰᠡᠨ ᠪᠠᠲᠤᠯᠠᠭ᠎ᠠ ᠵᠢᠨ ᠲᠥᠪ

      ᠭᠣᠣᠯ ᠡᠭᠦᠷᠭᠡ ᠬᠠᠷᠢᠭᠤᠴᠠᠯᠭ᠎ᠠ᠄ ᠬᠣᠣᠷ ᠲᠠᠲᠠᠬᠤ ᠵᠢ ᠵᠣᠭᠰᠤᠭ᠋ᠠᠬᠤ ᠬᠠᠮᠢᠶᠠᠷᠤᠯᠲᠠ ᠵᠢᠨ ᠲᠣᠪᠴᠢᠶ᠎ᠠ ᠵᠢᠨ ᠪᠠᠢ᠌ᠭᠤᠯᠭ᠎ᠠ ᠵᠢᠨ ᠮᠡᠳᠡᠭᠡ ᠵᠠᠩᠭᠢ ᠵᠢᠨ ᠵᠢᠯᠤᠭᠣᠳᠬᠤ ᠲᠥᠪ ᠵᠢᠴᠢ ᠪᠥᠬᠥ ᠣᠷᠣᠨ᠎ᠤ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠬᠣᠣᠷ ᠲᠠᠲᠠᠬᠤ ᠵᠢ ᠵᠣᠭᠰᠤᠭ᠋ᠠᠬᠤ ᠰᠢᠰᠲ᠋ᠧᠮ᠎ᠤᠨ ᠮᠡᠳᠡᠭᠡ ᠵᠠᠩᠭᠢ ᠵᠢ ᠬᠢᠨᠠᠨ ᠡᠵᠡᠮᠳᠡᠵᠦ ᠵᠢᠯᠤᠭᠣᠳᠬᠤ ᠰᠢᠰᠲ᠋ᠧᠮ᠎ᠤᠨ ᠡᠳᠦᠷ ᠲᠤᠲᠤᠮ᠎ᠤᠨ ᠬᠠᠮᠠᠭ᠋ᠠᠯᠠᠯᠲᠠ ᠪᠠ ᠮᠡᠷᠭᠡᠵᠢᠯ᠎ᠤᠨ ᠳᠡᠮᠵᠢᠯᠭᠡ  ᠵᠢᠨ  ᠠᠵᠢᠯ᠎ᠢ  ᠡᠭᠦᠷᠭᠡᠯᠡᠨ᠎ᠡ;  ᠲᠣᠪᠴᠢᠶ᠎ᠠ ᠵᠢᠨ  ᠪᠠᠢ᠌ᠭᠤᠯᠭ᠎ᠠ ᠵᠢᠨ ᠴᠠᠭᠳᠠᠭ᠋ᠠᠨ᠎ᠤ ᠲᠡᠷᠭᠡ ᠬᠥᠰᠬᠡ ᠵᠢᠨ ᠬᠠᠮᠢᠶᠠᠷᠤᠯᠲᠠ᠂ ᠠᠯᠪᠠᠨ ᠶᠠᠪᠤᠳᠠᠯ᠎ᠳᠤ ᠬᠡᠷᠡᠭᠯᠡᠬᠦ  ᠭᠡᠷ ᠪᠠᠢ᠌ᠰᠢᠩ᠎ᠤᠨ ᠬᠠᠮᠢᠶᠠᠷᠤᠯᠲᠠ᠂ ᠠᠳᠠᠯ ᠠᠬᠤᠢ ᠵᠢᠨ ᠬᠠᠮᠢᠶᠠᠷᠤᠯᠲᠠ᠂ ᠠᠮᠤᠷ ᠲᠦᠪᠰᠢᠨ᠎ᠤ ᠬᠠᠮᠠᠭ᠋ᠠᠯᠠᠯᠲᠠ ᠵᠡᠷᠭᠡ ᠬᠠᠮᠢᠶ᠎ᠠ ᠪᠦᠬᠦᠢ ᠠᠵᠢᠯ᠎ᠢ  ᠬᠠᠷᠢᠭᠤᠴᠠᠨ᠎ᠠ᠃

      ᠪᠠᠢ᠌ᠭᠤᠯᠤᠮᠵᠢ ᠵᠢᠨ ᠪᠠᠢ᠌ᠷᠢᠯᠠᠭᠤᠯᠤᠯᠲᠠ᠄ ᠮᠡᠷᠭᠡᠵᠢᠯ᠎ᠤᠨ ᠦᠢ᠍ᠯᠡᠴᠢᠯᠡᠭᠡᠨ᠎ᠤ ᠰᠠᠯᠠᠭ᠎ᠠ᠂ ᠶᠡᠷᠦᠩᠬᠡᠢ᠌ᠯᠡᠭᠰᠡᠨ ᠪᠠᠲᠤᠯᠠᠭ᠎ᠠ ᠵᠢᠨ ᠰᠠᠯᠠᠭ᠎ᠠ᠃

      ᠠᠵᠢᠯᠯᠠᠬᠤ ᠭᠠᠵᠠᠷ ᠄ ᠬᠣᠲᠣᠩᠴᠤᠳ᠎ᠤᠨ ᠲᠣᠭᠣᠷᠢᠭ᠎ᠤᠨ ᠰᠢᠨ ᠬᠤᠸᠠ ᠪᠠᠷᠠᠭᠤᠨ ᠵᠡᠭᠡᠯᠢ ᠵᠢᠨ 3 ᠳ᠋ᠤᠭ᠋ᠠᠷ ᠨᠣᠮᠧᠷ᠃

       ᠠᠵᠢᠯᠯᠠᠬᠤ ᠴᠠᠭ᠄ ᠭᠠᠷᠠᠭ᠎ᠤᠨ ᠨᠢᠭᠡᠨ᠎ᠠᠴᠠ ᠭᠠᠷᠠᠭ᠎ᠤᠨ ᠲᠠᠪᠤᠨ᠎ᠤ 9᠄ 00 — 12᠄ 00᠂

14᠄ 00 — 17᠄ 30᠂ ᠬᠠᠤᠯᠢ᠎ᠪᠠᠷ ᠲᠣᠭᠲᠠᠭ᠋ᠠᠭᠰᠠᠨ ᠪᠠᠶᠠᠷ ᠳᠤᠷᠠᠰᠬᠠᠯ ᠠᠮᠠᠷᠠᠯᠲᠠ ᠵᠢᠨ ᠡᠳᠦᠷ  ᠪᠠᠭᠲᠠᠬᠤ

ᠦᠭᠡᠢ᠃

      ᠬᠠᠷᠢᠯᠴᠠᠬᠤ ᠤᠲᠠᠰᠤ ᠄ 0471 — 6292761

      ᠬᠠᠷᠢᠭᠤᠴᠠᠯᠭ᠋ᠠᠲᠠᠨ᠄ ᠲᠢᠶᠠᠨ ᠴᠢᠶᠠᠩ 

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
ᠳᠤᠲᠤᠭ᠋ᠠᠳᠤ ᠪᠠᠢ᠌ᠭᠤᠯᠤᠮᠵᠢ
ᠥᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠲᠣᠶ᠋ᠢᠮᠤ ᠪᠠᠶ᠋ᠢᠳᠠᠯ
 
            