ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠪᠠᠢ᠌ᠭᠤᠯᠤᠮᠵᠢ ᠵᠢᠨ ᠢᠲᠡᠭᠡᠮᠵᠢ ᠵᠢᠨ ᠲᠠᠰ᠎ᠢ ᠦᠨᠡᠯᠡᠨ ᠵᠢᠱ᠌ᠢᠭᠰᠡᠨ ᠦᠷ᠎ᠡ ᠳ᠋ᠦᠩ᠎ᠢ ᠨᠡᠢ᠌ᠲᠡᠯᠡᠬᠦ ᠲᠤᠬᠠᠢ ᠵᠠᠷᠯᠠᠯ
ᠨᠡᠶ᠋ᠢᠲᠡᠯᠡᠭᠰᠡᠨ ᠴᠠᠭ᠄ 2025-04-11

      《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠬᠤ ᠪᠠᠢ᠌ᠭᠤᠯᠤᠮᠵᠢ ᠵᠢᠨ ᠢᠲᠡᠭᠡᠮᠵᠢ ᠵᠢᠨ ᠲᠠᠰ᠎ᠤᠨ  ᠦᠨᠡᠯᠡᠨ  ᠵᠢᠱ᠌ᠢᠯᠳᠡ ᠵᠢ  ᠬᠡᠷᠡᠭᠵᠢᠭᠦᠯᠬᠦ ᠨᠠᠷᠢᠨ ᠳᠦᠷᠢᠮ (ᠲᠤᠷᠰᠢᠨ ᠬᠡᠷᠡᠭᠵᠢᠭᠦᠯᠬᠦ)》 (ᠥᠪᠥᠷ  ᠬᠠᠤᠯᠢ ᠮᠡᠳᠡᠭᠳᠡᠯ [2023] 7 ᠳ᠋ᠤᠭ᠋ᠠᠷ ᠲᠣᠭ᠋ᠠᠲᠤ) (ᠳᠣᠷᠣᠭᠰᠢ 《ᠨᠠᠷᠢᠨ ᠳᠦᠷᠢᠮ》  ᠭᠡᠵᠦ ᠲᠣᠪᠴᠢᠯᠠᠨ᠎ᠠ)  ᠵᠢᠴᠢ 《2024 ᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠬᠤ ᠪᠠᠢ᠌ᠭᠤᠯᠤᠮᠵᠢ ᠵᠢᠨ ᠢᠲᠡᠭᠡᠮᠵᠢ ᠵᠢᠨ ᠲᠠᠰ᠎ᠢ ᠦᠨᠡᠯᠡᠨ ᠵᠢᠱ᠌ᠢᠬᠦ ᠠᠵᠢᠯ᠎ᠢ ᠥᠷᠨᠢᠭᠦᠯᠬᠦ ᠲᠤᠬᠠᠢ ᠮᠡᠳᠡᠭᠳᠡᠯ》 (ᠥᠪᠥᠷ ᠬᠠᠤᠯᠢ ᠮᠡᠳᠡᠭᠳᠡᠯ [2024] 138 ᠳ᠋ᠤᠭ᠋ᠠᠷ ᠲᠣᠭ᠋ᠠᠲᠤ)᠎ᠤᠨ ᠲᠣᠭᠲᠠᠭ᠋ᠠᠯ᠎ᠢ ᠦᠨᠳᠦᠰᠦᠯᠡᠵᠦ᠂  ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠠᠩᠬ᠎ᠠ ᠰᠢᠯᠭ᠋ᠠᠷᠠᠭᠤᠯᠤᠯᠲᠠ᠎ᠪᠠᠷ ᠳᠠᠮᠵᠢᠭ᠋ᠠᠳ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠶᠡᠷᠦᠩᠬᠡᠢ᠌ᠯᠡᠨ ᠦᠨᠡᠯᠡᠵᠦ᠂ ᠡᠯ᠎ᠡ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠪᠠᠢ᠌ᠭᠤᠯᠤᠮᠵᠢ ᠵᠢᠨ ᠨᠠᠮ᠎ᠤᠨ ᠪᠠᠢ᠌ᠭᠤᠯᠤᠯᠲᠠ ᠵᠢᠨ ᠠᠵᠢᠯ᠂ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠂ ᠳᠦᠷᠢᠮ ᠲᠣᠭᠲᠠᠭ᠋ᠠᠯ ᠪᠠ ᠳᠦᠷᠢᠮᠵᠢᠯ᠎ᠤᠨ ᠴᠢᠨᠠᠷ᠎ᠢ  ᠵᠢᠷᠤᠮᠯᠠᠬᠤ᠂ ᠲᠤᠬᠠᠢ᠌ᠯᠠᠭᠰᠠᠨ ᠠᠵᠢᠯ᠎ᠤᠨ ᠶᠣᠰᠣ ᠮᠣᠷᠠᠯ ᠪᠠ ᠠᠵᠢᠯ ᠡᠷᠬᠢᠯᠡᠬᠦ ᠰᠠᠬᠢᠯᠭ᠎ᠠ ᠪᠠᠲᠤ ᠵᠢ  ᠵᠢᠷᠤᠮᠯᠠᠬᠤ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠵᠢᠷᠤᠮ᠂ ᠪᠠᠷᠢᠮᠵᠢᠶ᠎ᠠ ᠪᠠ ᠮᠡᠷᠭᠡᠵᠢᠯ᠎ᠤᠨ ᠵᠢᠷᠤᠮᠵᠢᠯ᠎ᠤᠨ ᠬᠡᠷᠡᠭᠵᠢᠭᠦᠯᠦᠯᠲᠡ᠂ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠂ ᠠᠵᠢᠯ ᠲᠦᠷᠦᠯ᠎ᠤᠨ ᠨᠡᠢ᠌ᠭᠡᠮᠯᠢᠭ᠎ᠤᠨ ᠬᠠᠮᠢᠶᠠᠷᠤᠯᠲᠠ ᠬᠢᠨᠠᠯᠲᠠ ᠵᠢ  ᠬᠦᠯᠢᠶᠡᠬᠦ᠂ ᠳᠣᠲᠣᠭ᠋ᠠᠳᠤ ᠵᠢᠨ ᠬᠠᠮᠢᠶᠠᠷᠤᠯᠲᠠ ᠵᠢᠨ ᠲᠤᠰᠢᠶᠠᠯ ᠬᠠᠷᠢᠭᠤᠴᠠᠯᠭ᠎ᠠ᠎ᠪᠠᠨ  ᠭᠦᠢ᠍ᠴᠡᠳᠬᠡᠬᠦ᠂ ᠠᠵᠢᠯ ᠡᠷᠬᠢᠯᠡᠬᠦ ᠵᠢ ᠵᠠᠷᠯᠠᠨ ᠨᠡᠢ᠌ᠲᠡᠯᠡᠬᠦ ᠵᠡᠷᠭᠡ᠎ᠳᠤ ᠶᠡᠷᠦᠩᠬᠡᠢ᠌ᠯᠡᠭᠰᠡᠨ ᠦᠨᠡᠯᠡᠯᠲᠡ ᠬᠢᠭᠰᠡᠨ ᠪᠥᠭᠡᠳ ᠨᠡᠢ᠌ᠭᠡᠮ ᠨᠡᠶ᠋ᠢᠲᠡ᠎ᠳᠤ ᠵᠠᠷᠯᠠᠨ ᠨᠡᠢ᠌ᠲᠡᠯᠡᠭᠰᠡᠨ᠎ᠤ ᠳᠠᠷᠠᠭ᠎ᠠ ᠵᠡᠷᠭᠡ ᠳᠡᠰ᠎ᠢ᠎ᠨᠢ ᠲᠣᠭᠲᠠᠭ᠋ᠠᠪᠠ᠃ ᠡᠳᠦᠭᠡ ᠪᠥᠬᠥ ᠣᠷᠣᠨ᠎ᠤ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠯᠲᠠ ᠵᠢᠨ ᠪᠠᠢ᠌ᠭᠤᠯᠤᠮᠵᠢ ᠵᠢᠨ 2024 ᠣᠨ᠎ᠤ ᠦᠨᠡᠨᠴᠢ ᠢᠲᠡᠭᠡᠮᠵᠢ ᠵᠢᠨ ᠲᠠᠰ᠎ᠢ ᠦᠨᠡᠯᠡᠨ ᠵᠢᠱ᠌ᠢᠭᠰᠡᠨ ᠦᠷ᠎ᠡ ᠳ᠋ᠦᠩ᠎ᠢ ᠳᠣᠣᠷᠠᠬᠢ ᠮᠡᠲᠦ ᠵᠠᠷᠯᠠᠶ᠎ᠠ᠃


                    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ

                                    2025 ᠣᠨ᠎ᠤ 4 ᠰᠠᠷ᠎ᠠ ᠵᠢᠨ 11᠎ᠤ ᠡᠳᠦᠷ 

 

       ᠳᠠᠭ᠋ᠠᠯᠳᠤᠭᠤᠯᠤᠯ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠬᠢᠨᠠᠨ  ᠲᠣᠭᠲᠠᠭ᠋ᠠᠬᠤ ᠪᠠᠢ᠌ᠭᠤᠯᠤᠮᠵᠢ ᠵᠢᠨ 2024 ᠣᠨ᠎ᠤ ᠦᠨᠡᠨᠴᠢ ᠢᠲᠡᠭᠡᠮᠵᠢ ᠵᠢᠨ ᠲᠠᠰ᠎ᠢ ᠦᠨᠡᠯᠡᠨ ᠵᠢᠱ᠌ᠢᠭᠰᠡᠨ ᠦᠷ᠎ᠡ ᠳ᠋ᠦᠩ

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            