ᠪᠥᠬᠥ ᠣᠷᠣᠨ᠎ᠤ ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠲᠤᠰᠬᠠᠢ ᠠᠵᠢᠯᠯᠠᠭ᠎ᠠ ᠵᠢ ᠵᠢᠷᠤᠮᠵᠢᠭᠤᠯᠵᠤ ᠬᠡᠷᠡᠭᠵᠢᠭᠦᠯᠬᠦ ᠲᠥᠰᠥᠯ᠂ ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠤᠨ ᠲᠡᠭᠦᠨ᠎ᠤ ᠳᠡᠷᠭᠡᠳᠡᠬᠢ ᠪᠣᠳᠠᠲᠤ ᠶᠠᠪᠤᠳᠠᠯ᠎ᠢ ᠠᠬᠢᠭᠤᠯᠬᠤ ᠲᠤᠰᠬᠠᠢ ᠠᠵᠢᠯᠯᠠᠭ᠎ᠠ ᠵᠢᠨ ᠲᠥᠰᠥᠯ᠂ ᠣᠶ ᠰᠢᠭᠤᠢ ᠡᠪᠡᠰᠦ ᠪᠡᠯᠴᠢᠭᠡᠷ᠎ᠢ ᠡᠪᠳᠡᠵᠦ ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠤᠨ ᠲᠥᠰᠥᠯ᠂ ᠣᠷᠴᠢᠨ ᠲᠣᠭᠣᠷᠢᠨ ᠡᠬᠢ ᠪᠠᠶᠠᠯᠢᠭ᠎ᠢ ᠡᠪᠳᠡᠭᠰᠡᠨ ᠬᠠᠤᠯᠢ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠴᠣᠬᠢᠯᠲᠠ ᠥᠭᠬᠦ ᠲᠤᠰᠬᠠᠢ ᠠᠵᠢᠯᠯᠠᠭ᠎ᠠ ᠵᠢ ᠠᠬᠢᠭᠤᠯᠬᠤ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠠᠵᠤ ᠠᠬᠤᠢ᠌ᠯᠠᠯ᠂ ᠣᠶ ᠰᠢᠭᠤᠢ ᠨᠤᠲᠤᠭ ᠪᠡᠯᠴᠢᠭᠡᠷ᠂ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠵᠢ ᠵᠢᠷᠤᠮᠵᠢᠭᠤᠯᠵᠤ᠂ ᠲᠤᠰᠬᠠᠢ ᠠᠵᠢᠯᠯᠠᠭ᠎ᠠ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ᠎ᠤᠨ ᠪᠣᠳᠠᠲᠤ ᠦᠷ᠎ᠡ ᠪᠦᠲᠦᠮᠵᠢ ᠣᠯᠬᠤ ᠵᠢ ᠦᠨᠡᠨᠬᠦ ᠪᠠᠲᠤᠯᠠᠬᠤ ᠵᠢᠨ ᠲᠤᠰᠠᠳᠠ᠂ ᠰᠦᠪᠡᠭᠴᠢ ᠵᠢ ᠵᠠᠭ᠋ᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠮᠠᠶᠢᠭ᠎ᠢ ᠡᠳᠦᠭᠡ ᠳᠣᠣᠷᠠᠬᠢ ᠮᠡᠲᠦ ᠵᠠᠷᠯᠠᠶ᠎ᠠ᠃
ᠨᠢᠭᠡ᠂ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠴᠤ ᠰᠢᠢ᠍ᠳᠪᠦᠷᠢᠯᠡᠬᠦ ᠬᠦᠷᠢᠶ᠎ᠡ ᠬᠡᠪᠴᠢᠶ᠎ᠡ
(ᠨᠢᠭᠡ) ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ ᠠᠰᠠᠭᠤᠳᠠᠯ᠃ ᠲᠣᠭᠲᠠᠭ᠋ᠠᠯ᠎ᠢ ᠵᠥᠷᠢᠴᠡᠨ ᠰᠦᠢ᠍ᠳᠬᠡᠯ ᠬᠤᠷᠢᠶᠠᠬᠤ ᠲᠥᠷᠥᠯ ᠵᠦᠢ᠍ᠯ᠎ᠢ ᠪᠠᠢ᠌ᠭᠤᠯᠵᠤ᠂ ᠲᠥᠷᠥᠯ ᠵᠦᠢ᠍ᠯ᠎ᠤᠨ ᠰᠦᠢ᠍ᠳᠬᠡᠯ ᠬᠤᠷᠢᠶᠠᠬᠤ᠎ᠨᠢ ᠵᠢᠷᠤᠮᠵᠢᠯ ᠦᠭᠡᠢ ᠪᠠᠢ᠌ᠬᠤ ᠵᠢ ᠵᠠᠷᠯᠠᠨ ᠨᠡᠢ᠌ᠲᠡᠯᠡᠵᠦ᠂ ᠰᠦᠢ᠍ᠳᠬᠡᠯ ᠬᠤᠷᠢᠶᠠᠬᠤ ᠪᠠᠷᠢᠮᠵᠢᠶ᠎ᠠ ᠵᠢ ᠳᠡᠭᠡᠭᠰᠢᠯᠡᠭᠦᠯᠦᠭᠰᠡᠨ; ᠬᠡᠯᠪᠡᠷᠢ ᠵᠢ᠎ᠨᠢ ᠥᠭᠡᠷᠡᠲᠦᠭᠦᠯᠦᠨ ᠵᠠᠰᠠᠭ ᠵᠠᠬᠢᠷᠭ᠋ᠠᠨ᠎ᠤ ᠬᠠᠷᠢᠴᠠᠩᠭᠤᠢ ᠬᠥᠮᠥᠨ᠎ᠢ ᠠᠯᠪᠠᠳᠠᠵᠤ ᠪᠠᠢ᠌ᠭ᠋ᠠᠳ ᠲᠥᠯᠥᠪᠦᠷᠢᠲᠦ ᠦᠢ᠍ᠯᠡᠴᠢᠯᠡᠭᠡ ᠬᠦᠯᠢᠶᠡᠯᠭᠡᠵᠦ᠂ ᠬᠤᠳᠠᠯᠳᠤᠨ ᠠᠪᠤᠭᠤᠯᠬᠤ᠎ᠪᠠᠷ ᠵᠢᠭ᠋ᠠᠨ ᠲᠣᠭᠲᠠᠭ᠋ᠠᠯᠭ᠋ᠠᠭᠰᠠᠨ; ᠤᠯᠤᠰ᠎ᠤᠨ ᠪᠠ ᠣᠷᠣᠨ ᠨᠤᠲᠤᠭ᠎ᠤᠨ ᠨᠢᠭᠡᠨᠲᠡ ᠨᠡᠢ᠌ᠲᠡᠯᠡᠭᠰᠡᠨ ᠠᠵᠤ ᠠᠬᠤᠢ᠌ᠯᠠᠯ᠎ᠳᠤ ᠠᠰᠢᠭ ᠬᠦᠷᠲᠡᠭᠡᠬᠦ ᠰᠦᠢ᠍ᠳᠬᠡᠯ ᠬᠤᠷᠢᠶᠠᠬᠤ ᠲᠥᠷᠥ ᠵᠢᠨ ᠪᠣᠳᠣᠯᠭ᠎ᠠ ᠵᠢ ᠱᠠᠭ᠋ᠠᠷᠳᠠᠯᠭ᠎ᠠ ᠶᠣᠰᠣᠭ᠋ᠠᠷ ᠬᠡᠷᠡᠭᠵᠢᠭᠦᠯᠦᠭᠰᠡᠨ ᠦᠭᠡᠢ ᠵᠡᠷᠭᠡ ᠪᠠᠢ᠌ᠳᠠᠯ᠃
(ᠬᠣᠶᠠᠷ) ᠳᠤᠷ᠎ᠠ᠎ᠪᠠᠷ ᠵᠶ᠋ᠠᠨ ᠵᠣᠭᠣᠰ ᠵᠶ᠋ᠠᠷ ᠲᠣᠷᠭ᠋ᠠᠬᠤ ᠠᠰᠠᠭᠤᠳᠠᠯ᠃ ᠬᠠᠤᠯᠢ᠎ᠳᠤ ᠲᠣᠭᠲᠠᠭ᠋ᠠᠭᠰᠠᠨ ᠡᠷᠬᠡ ᠵᠢᠨ ᠬᠡᠪᠴᠢᠶ᠎ᠡ ᠪᠤᠶᠤ ᠬᠡᠪᠴᠢᠶ᠎ᠡ᠎ᠠᠴᠠ ᠳᠠᠪᠠᠭᠤᠯᠤᠨ ᠵᠣᠭᠣᠰ ᠵᠶ᠋ᠠᠷ ᠲᠣᠷᠭ᠋ᠠᠬᠤ; ᠲᠠᠰᠤᠯᠤᠯᠲᠠ ᠵᠢᠨ ᠡᠷᠬᠡ ᠵᠢᠨ ᠰᠠᠭᠤᠷᠢ ᠪᠠᠷᠢᠮᠵᠢᠶ᠎ᠠ ᠵᠢ ᠵᠢᠷᠤᠮᠵᠢᠭᠤᠯᠤᠨ ᠬᠡᠷᠡᠭᠵᠢᠭᠦᠯᠦᠭᠰᠡᠨ ᠦᠭᠡᠢ᠎ᠪᠠᠷ ᠳᠤᠷ᠎ᠠ᠎ᠪᠠᠷ ᠵᠶ᠋ᠠᠨ ᠶᠡᠬᠡ ᠲᠣᠭ᠎ᠠ᠎ᠪᠠᠷ ᠲᠤᠯᠭ᠋ᠠᠨ ᠰᠢᠢ᠍ᠳᠬᠡᠭᠰᠡᠨ; ᠳᠠᠪᠬᠤᠷ ᠰᠢᠢ᠍ᠳᠬᠡᠬᠦ; ᠲᠣᠷᠭ᠋ᠠᠵᠤ ᠬᠤᠷᠢᠶᠠᠮᠵᠢᠯᠠᠭᠰᠠᠨ ᠣᠷᠣᠯᠭ᠎ᠠ ᠬᠡᠪ᠎ᠤᠨ ᠪᠤᠰᠤ᠎ᠪᠠᠷ ᠨᠡᠮᠡᠭᠳᠡᠭᠰᠡᠨ; ᠬᠡᠲᠦᠷᠬᠡᠢ ᠲᠣᠷᠭ᠋ᠠᠵᠤ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠬᠡᠷᠡᠭᠯᠡᠨ ᠬᠥᠩᠭᠡᠷᠡᠭᠦᠯᠦᠨ ᠰᠢᠢ᠍ᠳᠬᠡᠬᠦ᠂ ᠰᠢᠢ᠍ᠳᠬᠡᠯ᠎ᠠᠴᠠ ᠬᠡᠯᠲᠦᠷᠢᠭᠦᠯᠬᠦ᠂ ᠠᠳᠠᠯᠢ ᠲᠦᠷᠦᠯ᠎ᠤᠨ ᠬᠡᠷᠡᠭ᠎ᠢ ᠠᠳᠠᠯᠢ ᠪᠤᠰᠤ᠎ᠪᠠᠷ ᠰᠢᠢ᠍ᠳᠬᠡᠬᠦ᠂ ᠬᠡᠲᠦᠷᠡᠭᠦᠯᠦᠨ ᠰᠢᠢ᠍ᠳᠬᠡᠬᠦ᠎ᠨᠢ ᠠᠳᠠᠯᠢ ᠦᠭᠡᠢ᠂ ᠬᠡᠳᠦ ᠬᠥᠩᠭᠡᠨ ᠬᠡᠳᠦ ᠬᠦᠨᠳᠦ ᠵᠡᠷᠭᠡ ᠪᠠᠢ᠌ᠳᠠᠯ᠃
(ᠭᠤᠷᠪᠠ) ᠠᠰᠠᠭᠤᠳᠠᠯ᠎ᠢ ᠳᠤᠷ᠎ᠠ᠎ᠪᠠᠷ ᠵᠶ᠋ᠠᠨ ᠪᠠᠢ᠌ᠴᠠᠭ᠋ᠠᠬᠤ᠃ ᠪᠠᠢ᠌ᠴᠠᠭ᠋ᠠᠯᠲᠠ ᠵᠢᠨ ᠪᠡᠶᠡᠴᠢ ᠴᠣᠭᠴᠠ᠎ᠨᠢ ᠬᠢᠷᠢ ᠬᠡᠮ᠎ᠳᠤ ᠨᠡᠢ᠌ᠴᠡᠬᠦ ᠦᠭᠡᠢ; ᠬᠠᠤᠯᠢ᠎ᠪᠠᠷ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ᠎ᠠᠴᠠ ᠳᠠᠪᠠᠵᠤ ᠪᠠᠢ᠌ᠴᠠᠭ᠋ᠠᠯᠲᠠ ᠬᠢᠬᠦ; ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠵᠦᠢ᠍ᠯᠡᠰ᠎ᠢ ᠨᠡᠢ᠌ᠲᠡᠯᠡᠭᠰᠡᠨ ᠦᠭᠡᠢ; ᠬᠠᠤᠯᠢ ᠬᠡᠷᠡᠭᠵᠢᠭᠦᠯᠬᠦ᠎ᠳᠡᠭᠡᠨ ᠠᠵᠤ ᠠᠬᠤᠢ᠌ᠯᠠᠯ᠎ᠢ ᠬᠠᠷᠰᠢᠯᠠᠵᠤ᠂ ᠤᠯᠠᠨ ᠲᠠᠯ᠎ᠠ᠎ᠠᠴᠠ ᠪᠠᠢ᠌ᠴᠠᠭ᠋ᠠᠬᠤ᠂ ᠤᠯᠠᠨ ᠳᠠᠪᠬᠤᠷᠭ᠎ᠠ᠎ᠠᠴᠠ ᠪᠠᠢ᠌ᠴᠠᠭ᠋ᠠᠬᠤ᠂ ᠳᠠᠪᠬᠤᠷᠳᠠᠭᠤᠯᠤᠨ ᠪᠠᠢ᠌ᠴᠠᠭ᠋ᠠᠬᠤ᠂ ᠠᠳᠠᠯᠢ ᠨᠢᠭᠡᠨ ᠪᠡᠶᠡᠴᠢ ᠴᠣᠭᠴᠠ᠎ᠳᠤ ᠪᠠᠢ᠌ᠴᠠᠭ᠋ᠠᠯᠲᠠ ᠬᠢᠬᠦ᠎ᠨᠢ ᠵᠦᠢ ᠵᠣᠬᠢᠰᠲᠠᠢ ᠤᠳᠠᠭ᠎ᠠ ᠤᠳᠠᠭ᠎ᠠ᠎ᠠᠴᠠ ᠢᠯᠡᠳᠲᠡ ᠳᠠᠪᠠᠭᠰᠠᠨ; ᠳᠤᠷ᠎ᠠ᠎ᠪᠠᠷ ᠵᠶ᠋ᠠᠨ ᠪᠠᠢ᠌ᠴᠠᠭ᠋ᠠᠬᠤ᠂ ᠪᠠᠢ᠌ᠴᠠᠭ᠋ᠠᠬᠤ ᠵᠢᠷᠤᠮ᠎ᠨᠢ ᠬᠠᠤᠯᠢ᠎ᠳᠤ ᠨᠡᠢ᠌ᠴᠡᠬᠦ ᠦᠭᠡᠢ᠂ 《ᠶᠣᠰᠣᠨ ᠲᠡᠳᠦᠢ ᠥᠩᠭᠡᠷᠡᠭᠦᠯᠬᠦ》᠂ ᠬᠥᠳᠡᠯᠭᠡᠭᠡᠨ᠎ᠤ ᠮᠠᠶᠢᠭ ᠵᠶ᠋ᠠᠷ ᠪᠠᠢ᠌ᠴᠠᠭ᠋ᠠᠬᠤ ᠵᠡᠷᠭᠡ ᠪᠠᠢ᠌ᠳᠠᠯ᠃
(ᠳᠥᠷᠪᠡ) ᠳᠤᠷ᠎ᠠ᠎ᠪᠠᠷ ᠵᠶ᠋ᠠᠨ ᠪᠠᠢ᠌ᠴᠠᠭ᠋ᠠᠨ ᠪᠢᠲᠡᠭᠦᠮᠵᠢᠯᠡᠭᠰᠡᠨ ᠠᠰᠠᠭᠤᠳᠠᠯ᠃ ᠵᠠᠰᠠᠭ ᠵᠠᠬᠢᠷᠭ᠋ᠠᠨ᠎ᠤ ᠠᠯᠪᠠᠳᠠᠯᠭ᠎ᠠ ᠵᠢᠨ ᠠᠷᠭ᠎ᠠ ᠬᠡᠮᠵᠢᠶ᠎ᠡ ᠵᠢ ᠳᠤᠷ᠎ᠠ᠎ᠪᠠᠷ ᠵᠶ᠋ᠠᠨ ᠬᠡᠷᠡᠭᠯᠡᠵᠦ᠂ ᠡᠷᠬᠡ ᠵᠢᠨ ᠬᠡᠪᠴᠢᠶ᠎ᠡ᠎ᠠᠴᠠ ᠳᠠᠪᠠᠭᠰᠠᠨ᠂ ᠬᠡᠪᠴᠢᠶ᠎ᠡ᠎ᠠᠴᠠ ᠳᠠᠪᠠᠭᠰᠠᠨ᠂ ᠬᠡᠮᠵᠢᠶ᠎ᠡ᠎ᠠᠴᠠ ᠳᠠᠪᠠᠭᠰᠠᠨ᠂ ᠴᠠᠭ ᠬᠤᠭᠤᠴᠠᠭ᠎ᠠ᠎ᠠᠴᠠ ᠬᠡᠲᠦᠷᠡᠭᠦᠯᠦᠨ ᠬᠡᠷᠡᠭ᠎ᠲᠤ ᠬᠣᠯᠪᠣᠭᠳᠠᠭᠰᠠᠨ ᠡᠳ᠋ ᠬᠥᠷᠥᠩᠭᠡ ᠵᠢ ᠪᠠᠢ᠌ᠴᠠᠭ᠋ᠠᠨ ᠪᠢᠲᠡᠭᠦᠮᠵᠢᠯᠡᠭᠰᠡᠨ ᠵᠡᠷᠭᠡ ᠪᠠᠢ᠌ᠳᠠᠯ᠃
(ᠲᠠᠪᠤ) ᠲᠣᠭᠲᠠᠭ᠋ᠠᠯ᠎ᠠᠴᠠ ᠵᠥᠷᠢᠴᠡᠨ ᠣᠨᠳᠣᠣ ᠭᠠᠵᠠᠷ᠎ᠲᠤ ᠬᠠᠤᠯᠢ ᠬᠡᠷᠡᠭᠵᠢᠭᠦᠯᠦᠭᠰᠡᠨ ᠠᠰᠠᠭᠤᠳᠠᠯ᠃ ᠬᠠᠤᠯᠢ᠎ᠳᠤ ᠲᠣᠭᠲᠠᠭ᠋ᠠᠭᠰᠠᠨ ᠬᠠᠷᠢᠶᠠᠯᠠᠯ᠎ᠤᠨ ᠬᠡᠪᠴᠢᠶ᠎ᠡ᠎ᠠᠴᠠ ᠳᠠᠪᠠᠵᠤ᠂ ᠲᠤᠰ ᠬᠠᠷᠢᠶᠠᠯᠠᠯ᠎ᠤᠨ ᠣᠷᠣᠨ᠎ᠤ ᠪᠤᠰᠤ ᠵᠠᠰᠠᠭ ᠵᠠᠬᠢᠷᠭ᠋ᠠᠨ᠎ᠤ ᠬᠠᠷᠢᠴᠠᠩᠭᠤᠢ ᠬᠥᠮᠥᠨ᠎ᠳᠤ ᠬᠠᠤᠯᠢ ᠬᠡᠷᠡᠭᠵᠢᠭᠦᠯᠬᠦ ᠠᠵᠢᠯᠯᠠᠭ᠎ᠠ ᠬᠢᠬᠦ; ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠷᠭ᠎ᠠ ᠪᠠᠷᠢᠯ᠎ᠢ ᠠᠰᠢᠭᠯᠠᠨ ᠣᠨᠳᠣᠣ ᠭᠠᠵᠠᠷ᠎ᠤᠨ ᠠᠵᠤ ᠠᠬᠤᠢ ᠵᠢᠨ ᠵᠢᠭᠤᠷᠠᠯᠳᠤᠭ᠋ᠠᠨ᠎ᠳᠤ ᠭᠠᠷ ᠲᠦᠷᠦᠭᠦ; ᠬᠠᠮᠵᠢᠯᠴᠠᠬᠤ ᠲᠠᠰ ᠳᠠᠷᠠᠭ᠋ᠠᠯᠠᠯ᠎ᠢ ᠭᠦᠢ᠍ᠴᠡᠳᠬᠡᠭᠰᠡᠨ ᠦᠭᠡᠢ ᠪᠤᠶᠤ ᠬᠠᠮᠵᠢᠯᠴᠠᠬᠤ ᠡᠷᠬᠡ ᠮᠡᠳᠡᠯ᠎ᠤᠨ ᠬᠡᠪᠴᠢᠶ᠎ᠡ᠎ᠠᠴᠠ᠎ᠪᠠᠨ ᠳᠠᠪᠠᠵᠤ ᠣᠨᠳᠣᠣ ᠭᠠᠵᠠᠷ᠎ᠲᠤ ᠬᠠᠤᠯᠢ ᠬᠡᠷᠡᠭᠵᠢᠭᠦᠯᠬᠦ ᠵᠢ ᠥᠷᠨᠢᠭᠦᠯᠦᠭᠰᠡᠨ ᠵᠡᠷᠭᠡ ᠪᠠᠢ᠌ᠳᠠᠯ᠃
(ᠵᠢᠷᠭᠤᠭ᠎ᠠ) ᠠᠰᠢᠭ ᠬᠥᠭᠡᠭᠡᠴᠡᠯᠳᠦᠬᠦ ᠴᠢᠨᠠᠷᠲᠠᠢ᠎ᠪᠠᠷ ᠬᠠᠤᠯᠢ ᠬᠡᠷᠡᠭᠵᠢᠭᠦᠯᠬᠦ ᠠᠰᠠᠭᠤᠳᠠᠯ᠃ ᠵᠠᠰᠠᠭ ᠵᠠᠬᠢᠷᠭ᠋ᠠᠨ᠎ᠤ ᠲᠣᠷᠭ᠋ᠠᠵᠤ ᠬᠤᠷᠢᠶᠠᠮᠵᠢᠯᠠᠭᠰᠠᠨ ᠵᠣᠭᠣᠰ᠂ ᠬᠠᠤᠯᠢ ᠬᠡᠷᠡᠭᠵᠢᠭᠦᠯᠬᠦ ᠲᠣᠭ᠎ᠠ ᠬᠡᠮᠵᠢᠶ᠎ᠡ ᠵᠢ ᠬᠢᠨᠠᠨ ᠰᠢᠯᠭ᠋ᠠᠬᠤ ᠭᠦᠢ᠍ᠴᠡᠳᠬᠡᠯ ᠲᠣᠭ᠎ᠠ ᠵᠢ ᠪᠠᠭᠤᠯᠭ᠋ᠠᠬᠤ ᠪᠤᠶᠤ ᠬᠡᠯᠪᠡᠷᠢ ᠵᠢ᠎ᠨᠢ ᠥᠭᠡᠷᠡᠲᠦᠭᠦᠯᠦᠨ ᠪᠠᠭᠤᠯᠭ᠋ᠠᠭᠰᠠᠨ; ᠵᠠᠰᠠᠭ ᠵᠠᠬᠢᠷᠭ᠋ᠠᠨ᠎ᠤ ᠲᠣᠷᠭ᠋ᠠᠵᠤ ᠬᠤᠷᠢᠶᠠᠭᠰᠠᠨ ᠣᠷᠣᠯᠭ᠎ᠠ ᠵᠢ ᠨᠡᠮᠡᠭᠳᠡᠭᠦᠯᠬᠦ ᠵᠢᠨ ᠲᠤᠰᠠᠳᠠ ᠪᠣᠳᠠᠲᠠᠢ ᠬᠢᠨᠠᠨ
ᠬᠠᠮᠢᠶᠠᠷᠤᠯᠲᠠ᠎ᠠᠴᠠ ᠰᠠᠯᠵᠤ ᠡᠯᠧᠺᠲᠷᠣᠨ ᠮᠡᠷᠭᠡᠵᠢᠯ᠎ᠤᠨ ᠬᠢᠨᠠᠨ ᠡᠵᠡᠮᠳᠡᠬᠦ ᠲᠥᠬᠦᠭᠡᠷᠦᠮᠵᠢ ᠵᠢ ᠳᠤᠷ᠎ᠠ᠎ᠪᠠᠷ ᠵᠶ᠋ᠠᠨ ᠲᠣᠬᠢᠷᠠᠭᠤᠯᠤᠭᠰᠠᠨ; ᠵᠠᠰᠠᠭ ᠵᠠᠬᠢᠷᠭ᠋ᠠᠨ᠎ᠤ ᠲᠣᠷᠭ᠋ᠠᠵᠤ ᠬᠤᠷᠢᠶᠠᠮᠵᠢᠯᠠᠭᠰᠠᠨ ᠣᠷᠣᠯᠭ᠎ᠠ ᠵᠢ ᠲᠣᠰ ᠨᠢᠭᠡᠴᠡ ᠵᠢᠨ ᠲᠤᠬᠠᠢ᠌ᠯᠠᠭᠰᠠᠨ ᠠᠵᠢᠯ᠎ᠤᠨ ᠵᠠᠷᠤᠳᠠᠯ᠂ ᠠᠰᠠᠷᠠᠮᠵᠢ ᠬᠠᠷᠠᠭ᠋ᠠᠯᠵᠠᠯ᠎ᠲᠠᠢ ᠬᠣᠯᠪᠣᠭᠳᠠᠭᠰᠠᠨ; ᠲᠣᠭᠲᠠᠭ᠋ᠠᠯ᠎ᠠᠴᠠ ᠵᠥᠷᠢᠴᠡᠨ ᠤᠷᠢᠳᠴᠢᠯᠠᠨ ᠬᠤᠷᠢᠶᠠᠭᠰᠠᠨ᠂ ᠲᠣᠷᠭ᠋ᠠᠵᠤ ᠬᠣᠷᠢᠶᠠᠨ ᠠᠪᠤᠭᠰᠠᠨ ᠵᠣᠭᠣᠰ᠎ᠢ ᠳᠤᠷ᠎ᠠ᠎ᠪᠠᠷ ᠵᠶ᠋ᠠᠨ ᠦᠯᠡᠳᠡᠭᠡᠨ ᠠᠪᠤᠭᠰᠠᠨ᠂ 《ᠲᠣᠷᠭ᠋ᠠᠬᠤ ᠪᠠ ᠲᠤᠰᠢᠶᠠᠬᠤ ᠵᠢ ᠰᠠᠯᠭ᠋ᠠᠬᠤ》 ᠲᠣᠭᠲᠠᠭ᠋ᠠᠯ ᠠᠴᠠ ᠵᠥᠷᠢᠴᠡᠭᠰᠡᠨ ᠵᠡᠷᠭᠡ ᠪᠠᠢ᠌ᠳᠠᠯ᠃
(ᠲᠤᠯᠤᠭ᠎ᠠ) ᠪᠤᠰᠤᠳ ᠠᠰᠠᠭᠤᠳᠠᠯ᠎ᠤᠳ᠃ ᠢᠳᠡᠵᠦ ᠤᠤᠭᠤᠨ ᠭᠠᠴᠢᠵᠤ ᠠᠪᠬᠤ᠂ ᠡᠳ᠋ ᠪᠣᠳᠠᠰ᠎ᠢ ᠬᠦᠯᠢᠶᠡᠨ ᠠᠪᠬᠤ ᠪᠤᠶᠤ ᠨᠡᠬᠡᠵᠦ ᠠᠪᠤᠭᠰᠠᠨ; ᠲᠠᠸᠠᠷ᠎ᠤᠨ ᠦᠢ᠍ᠯᠡᠴᠢᠯᠡᠭᠡ ᠵᠢ ᠬᠤᠳᠠᠯᠳᠤᠨ ᠠᠪᠬᠤ᠂ ᠲᠥᠯᠥᠪᠦᠷᠢ᠎ᠲᠠᠢ ᠦᠢ᠍ᠯᠡᠴᠢᠯᠡᠭᠡ ᠵᠢ ᠬᠦᠯᠢᠶᠡᠨ ᠠᠪᠬᠤ᠎ᠪᠠᠷ ᠵᠢᠭ᠋ᠠᠨ ᠲᠣᠭᠲᠠᠭ᠋ᠠᠭᠰᠠᠨ; ᠬᠠᠷᠢᠴᠠᠭ᠎ᠠ᠎ᠪᠠᠷ ᠬᠡᠷᠡᠭ ᠰᠢᠢ᠍ᠳᠪᠦᠷᠢᠯᠡᠬᠦ᠂ ᠨᠠᠢ᠌ᠷ ᠲᠠᠯ᠎ᠠ᠎ᠪᠠᠷ ᠬᠡᠷᠡᠭ ᠰᠢᠢ᠍ᠳᠪᠦᠷᠢᠯᠡᠬᠦ᠂ ᠵᠣᠭᠣᠰ ᠮᠥᠩᠭᠥ᠎ᠪᠠᠷ ᠬᠡᠷᠡᠭ ᠰᠢᠢ᠍ᠳᠪᠦᠷᠢᠯᠡᠬᠦ ᠵᠡᠷᠭᠡ ᠡᠷᠬᠡ᠎ᠪᠠᠨ ᠠᠰᠢᠭᠯᠠᠨ ᠠᠮᠢ᠎ᠪᠠᠨ ᠪᠣᠷᠳᠣᠬᠤ᠂ ᠡᠷᠬᠡ᠎ᠪᠠᠨ ᠠᠰᠢᠭᠯᠠᠨ ᠬᠤᠪᠢ ᠵᠢᠨ ᠠᠰᠢᠭ ᠬᠥᠭᠡᠭᠡᠴᠡᠯᠳᠦᠬᠦ ᠠᠰᠠᠭᠤᠳᠠᠯ ᠵᠡᠷᠭᠡ ᠪᠠᠢ᠌ᠳᠠᠯ᠃
(ᠨᠠᠢ᠍ᠮᠠ) ᠣᠶ ᠰᠢᠭᠤᠢ ᠡᠪᠡᠰᠦ ᠪᠡᠯᠴᠢᠭᠡᠷ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠳᠤᠮᠳᠠ ᠬᠠᠤᠯᠢ ᠬᠡᠷᠡᠭᠵᠢᠭᠦᠯᠬᠦ᠎ᠳᠡᠭᠡᠨ ᠴᠢᠩᠭ᠎ᠠ ᠪᠤᠰᠤ᠂ ᠬᠡᠲᠦ ᠬᠥᠩᠭᠡᠨ ᠬᠡᠲᠦ ᠬᠦᠨᠳᠦ᠂ ᠬᠡᠲᠦ ᠬᠠᠤᠯᠢ ᠬᠡᠷᠡᠭᠵᠢᠭᠦᠯᠬᠦ ᠵᠡᠷᠭᠡ ᠲᠣᠭᠲᠠᠭ᠋ᠠᠯ᠎ᠠᠴᠠ ᠵᠥᠷᠢᠴᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠵᠢ ᠥᠷᠨᠢᠭᠦᠯᠦᠭᠰᠡᠨ᠃
(ᠶᠢᠰᠦ) ᠣᠷᠴᠢᠨ ᠲᠣᠭᠣᠷᠢᠨ ᠡᠬᠢ ᠪᠠᠶᠠᠯᠢᠭ᠎ᠤᠨ ᠬᠦᠷᠢᠶᠡᠨ᠎ᠳᠠᠬᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠳᠤᠮᠳᠠ ᠳᠤᠷ᠎ᠠ᠎ᠪᠠᠷ ᠵᠶ᠋ᠠᠨ ᠬᠠᠤᠯᠢ ᠬᠡᠷᠡᠭᠵᠢᠭᠦᠯᠬᠦ᠂ ᠲᠣᠭᠲᠠᠭ᠋ᠠᠯ᠎ᠠᠴᠠ ᠵᠥᠷᠢᠴᠡᠨ ᠬᠠᠤᠯᠢ ᠬᠡᠷᠡᠭᠵᠢᠭᠦᠯᠬᠦ᠂ ᠬᠡᠷᠡᠭ ᠪᠣᠯᠭ᠋ᠠᠨ ᠳᠠᠩᠰᠠᠯᠠᠬᠤ ᠶᠣᠰᠣᠲᠠᠢ ᠵᠢ᠎ᠨᠢ ᠬᠡᠷᠡᠭ ᠪᠣᠯᠭ᠋ᠠᠨ ᠳᠠᠩᠰᠠᠯᠠᠬᠤ ᠦᠭᠡᠢ ᠵᠡᠷᠭᠡ ᠲᠣᠭᠲᠠᠭ᠋ᠠᠯ᠎ᠠᠴᠠ ᠵᠥᠷᠢᠴᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ᠃
ᠬᠣᠶᠠᠷ᠂ ᠢᠯᠡᠴᠢᠯᠡᠨ ᠵᠠᠭ᠋ᠠᠯᠳᠤᠬᠤ ᠠᠷᠭ᠎ᠠ ᠵᠠᠮ
ᠭᠣᠮᠣᠳᠠᠯ ᠱᠠᠭ᠋ᠠᠷᠳᠠᠯᠭ᠎ᠠ᠎ᠪᠠᠨ ᠢᠯᠡᠳᠬᠡᠬᠦ ᠠᠷᠭ᠎ᠠ ᠵᠠᠮ᠎ᠢ ᠰᠢᠯᠤᠭᠤᠳᠬᠠᠬᠤ ᠵᠢᠨ ᠲᠥᠯᠥᠭᠡ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ ᠣᠯᠠᠨ ᠵᠦᠢ᠍ᠯ᠎ᠤᠨ ᠢᠯᠡᠴᠢᠯᠡᠨ ᠵᠠᠭ᠋ᠠᠯᠳᠤᠵᠤ ᠮᠡᠳᠡᠭᠦᠯᠬᠦ ᠠᠷᠭ᠎ᠠ ᠵᠠᠮ᠎ᠢ ᠨᠡᠭᠡᠭᠡᠪᠡ᠃
(ᠨᠢᠭᠡ) ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠠᠯᠪᠠᠨ᠎ᠤ ᠰᠦᠯᠵᠢᠶ᠎ᠡ᠎ᠳᠤ 《ᠠᠵᠤ ᠠᠬᠤᠢ᠌ᠯᠠᠯ᠂ ᠣᠶ ᠰᠢᠭᠤᠢ ᠨᠤᠲᠤᠭ ᠪᠡᠯᠴᠢᠭᠡᠷ᠂ ᠣᠷᠴᠢᠨ ᠲᠣᠭᠣᠷᠢᠨ᠎ᠤ ᠡᠬᠢ ᠪᠠᠶᠠᠯᠢᠭ᠎ᠤᠨ ᠬᠠᠮᠠᠭ᠋ᠠᠯᠠᠯᠲᠠ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ ᠵᠢ ᠵᠢᠷᠤᠮᠵᠢᠭᠤᠯᠬᠤ ᠲᠤᠰᠬᠠᠢ ᠬᠢᠨᠠᠯᠲᠠ ᠲᠠᠯᠪᠢᠬᠤ ᠲᠤᠰᠬᠠᠢ ᠣᠷᠣᠨ》᠎ᠢ ᠪᠠᠢ᠌ᠭᠤᠯᠵᠤ᠂ ᠲᠤᠬᠠᠢ ᠵᠢᠨ ᠬᠥᠮᠥᠨ᠎ᠨᠢ ᠰᠦᠯᠵᠢᠶᠡᠨ᠎ᠳᠤ ᠭᠠᠷᠤᠨ ᠵᠠᠭ᠋ᠠᠯᠳᠤᠵᠤ ᠢᠯᠡᠴᠢᠯᠡᠨ ᠮᠡᠳᠡᠭᠦᠯᠵᠦ ᠪᠣᠯᠣᠨ᠎ᠠ᠃
(ᠬᠣᠶᠠᠷ) ᠥᠪᠥᠷ ᠮᠣᠩᠭᠣᠯ᠎ᠤᠨ 《12348》 ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠬᠠᠯᠠᠮᠰᠢᠯ ᠤᠲᠠᠰᠤ᠎ᠪᠠᠷ ᠳᠠᠮᠵᠢᠭᠤᠯᠤᠨ ᠵᠠᠭ᠋ᠠᠯᠳᠤᠵᠤ ᠢᠯᠡᠴᠢᠯᠡᠨ ᠮᠡᠳᠡᠭᠦᠯᠵᠦ ᠪᠣᠯᠣᠨ᠎ᠠ᠃
(ᠭᠤᠷᠪᠠ) ᠢᠮᠧᠯ ᠵᠶ᠋ᠠᠷ ᠳᠠᠮᠵᠢᠭᠤᠯᠤᠨ ᠵᠠᠭ᠋ᠠᠯᠳᠤᠵᠤ ᠢᠯᠡᠴᠢᠯᠡᠨ ᠮᠡᠳᠡᠭᠦᠯᠵᠦ ᠪᠣᠯᠣᠨ᠎ᠠ᠂ ᠵᠠᠭ᠋ᠠᠯᠳᠤᠵᠤ ᠢᠯᠡᠴᠢᠯᠡᠨ ᠮᠡᠳᠡᠭᠦᠯᠬᠦ ᠢᠮᠧᠯ᠄ nmgsftjdc@163.com᠃
(ᠳᠥᠷᠪᠡ) ᠵᠠᠬᠢᠳᠠᠯ ᠵᠶ᠋ᠠᠷ ᠳᠠᠮᠵᠢᠭᠤᠯᠤᠨ ᠢᠯᠡᠴᠢᠯᠡᠨ ᠮᠡᠳᠡᠭᠦᠯᠵᠦ ᠪᠣᠯᠣᠨ᠎ᠠ᠃ ᠵᠠᠭ᠋ᠠᠯᠳᠤᠯᠭ᠎ᠠ ᠢᠯᠡᠴᠢᠯᠡᠨ ᠮᠡᠳᠡᠭᠦᠯᠦᠯᠲᠡ ᠵᠢ ᠬᠦᠯᠢᠶᠡᠨ ᠠᠪᠬᠤ (ᠵᠠᠬᠢᠳᠠᠯ) ᠬᠠᠶᠢᠭ᠄ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠧᠷ᠃ ᠵᠠᠬᠢᠳᠠᠯ ᠵᠶ᠋ᠠᠷ ᠳᠠᠮᠵᠢᠭᠤᠯᠤᠨ ᠢᠯᠡᠴᠢᠯᠡᠨ ᠮᠡᠳᠡᠭᠦᠯᠬᠦ᠎ᠳᠤ᠎ᠪᠠᠨ ᠵᠠᠭ᠋ᠠᠯᠳᠤᠵᠤ ᠢᠯᠡᠴᠢᠯᠡᠨ ᠮᠡᠳᠡᠭᠦᠯᠬᠦ ᠭᠡᠵᠦ ᠲᠣᠳᠣᠷᠬᠠᠢ᠌ᠯᠠᠭ᠋ᠠᠷᠠᠢ᠃
(ᠲᠠᠪᠤ) ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢᠨ ᠨᠡᠢ᠌ᠭᠡᠮ᠎ᠤᠨ ᠬᠢᠨᠠᠯᠲᠠ ᠲᠠᠯᠪᠢᠭᠴᠢ᠎ᠪᠠᠷ ᠳᠠᠮᠵᠢᠭᠤᠯᠤᠨ ᠢᠯᠡᠴᠢᠯᠡᠨ ᠮᠡᠳᠡᠭᠦᠯᠵᠦ ᠪᠣᠯᠣᠨ᠎ᠠ᠃
ᠥᠷᠭᠡᠨ ᠣᠯᠠᠨ ᠠᠷᠠᠳ ᠲᠦᠮᠡᠨ᠎ᠤ ᠲᠣᠭᠲᠠᠭ᠋ᠠᠯ᠎ᠠᠴᠠ ᠵᠥᠷᠢᠴᠡᠨ ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ᠂ ᠣᠶ ᠰᠢᠭᠤᠢ ᠡᠪᠡᠰᠦ ᠪᠡᠯᠴᠢᠭᠡᠷ᠎ᠢ ᠡᠪᠳᠡᠵᠦ ᠲᠣᠭᠲᠠᠭ᠋ᠠᠯ ᠠᠴᠠ ᠵᠥᠷᠢᠴᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠲᠣᠭᠲᠠᠭ᠋ᠠᠯ᠎ᠠᠴᠠ ᠵᠥᠷᠢᠴᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢᠯᠡ ᠠᠵᠢᠯᠯᠠᠭ᠎ᠠ᠎ᠳᠤ ᠬᠢᠨᠠᠯᠲᠠ ᠲᠠᠯᠪᠢᠵᠤ᠂ ᠢᠳᠡᠪᠬᠢᠲᠡᠢ᠎ᠪᠠᠷ ᠢᠯᠡᠴᠢᠯᠡᠨ ᠮᠡᠳᠡᠭᠦᠯᠬᠦ ᠵᠢᠨ ᠬᠠᠮᠲᠤ᠂ ᠠᠰᠠᠭᠤᠳᠠᠯ᠎ᠢ ᠦᠨᠡᠨ ᠮᠥᠨ ᠵᠶ᠋ᠡᠷ᠎ᠨᠢ ᠲᠤᠰᠬᠠᠵᠤ᠂ ᠬᠠᠮᠢᠶ᠎ᠠ ᠪᠦᠬᠦᠢ ᠠᠰᠠᠭᠤᠳᠠᠯ᠎ᠤᠨ ᠪᠣᠳᠠᠲᠠᠢ ᠦᠢᠯᠡ ᠪᠠᠢ᠌ᠳᠠᠯ ᠪᠠ ᠭᠡᠷᠡᠴᠢ ᠪᠠᠷᠢᠮᠲᠠ ᠵᠢ ᠠᠯᠢ ᠴᠢᠳᠠᠬᠤ᠎ᠪᠠᠷ ᠦᠨᠡᠨ ᠪᠣᠳᠠᠲᠠᠢ᠎ᠪᠠᠷ ᠬᠠᠩᠭ᠋ᠠᠬᠤ ᠵᠢ ᠪᠠᠶᠠᠷᠯᠠᠨ ᠤᠭᠲᠤᠵᠤ ᠪᠠᠢ᠌ᠨ᠎ᠠ᠂ ᠵᠢᠱ᠌ᠢᠶᠡᠯᠡᠪᠡᠯ ᠡᠭᠦᠰᠦᠭᠰᠡᠨ ᠴᠠᠭ᠂ ᠭᠠᠵᠠᠷ᠂ ᠬᠣᠯᠪᠣᠭᠳᠠᠭᠰᠠᠨ ᠨᠢᠭᠡᠴᠡ ᠬᠤᠪᠢ ᠬᠥᠮᠥᠨ᠂ ᠪᠠᠢ᠌ᠳᠠᠯ᠎ᠢ ᠮᠡᠳᠡᠬᠦ ᠬᠥᠮᠥᠨ ᠵᠢᠴᠢ ᠪᠣᠳᠠᠰ᠎ᠤᠨ ᠭᠡᠷᠡᠴᠢ ᠵᠡᠷᠭᠡ᠃ ᠢᠯᠡᠴᠢᠯᠡᠨ ᠮᠡᠳᠡᠭᠦᠯᠦᠭᠴᠢ ᠲᠤᠰᠬᠠᠭᠰᠠᠨ ᠠᠰᠠᠭᠤᠳᠠᠯ᠎ᠤᠨ ᠵᠶ᠋ᠠᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠢ᠂ ᠪᠣᠳᠠᠲᠤ ᠶᠠᠪᠤᠳᠠᠯ᠎ᠢ ᠶᠡᠬᠡᠰᠬᠡᠬᠦ ᠪᠤᠶᠤ ᠭᠠᠵᠢᠭᠤᠳᠠᠭᠤᠯᠵᠤ ᠪᠣᠯᠬᠤ ᠦᠭᠡᠢ᠂ ᠬᠤᠳᠠᠯ ᠮᠠᠲ᠋ᠧᠷᠢᠶᠠᠯ ᠵᠣᠬᠢᠶᠠᠵᠤ ᠪᠤᠰᠤᠳ᠎ᠢ ᠭᠦᠳᠬᠡᠨ ᠵᠠᠭ᠋ᠠᠯᠳᠤᠵᠤ ᠪᠣᠯᠬᠤ ᠦᠭᠡᠢ᠃ ᠢᠯᠡᠴᠢᠯᠡᠨ ᠮᠡᠳᠡᠭᠦᠯᠦᠭᠰᠡᠨ ᠵᠶ᠋ᠡᠷ ᠰᠢᠯᠲᠠᠭ ᠪᠣᠯᠭ᠋ᠠᠵᠤ ᠵᠣᠷᠢᠭᠤᠳᠠ ᠬᠡᠷᠡᠭ ᠤᠴᠢᠷ ᠵᠣᠬᠢᠶᠠᠨ ᠪᠤᠰᠤᠳ᠎ᠢ ᠭᠦᠳᠬᠡᠨ ᠭᠦᠵᠢᠷᠯᠡᠭᠰᠡᠨ ᠪᠠᠢ᠌ᠪᠠᠯ᠂ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠴᠢᠩᠭ᠎ᠠ ᠰᠢᠢ᠍ᠳᠪᠦᠷᠢᠯᠡᠨ᠎ᠡ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
2025 ᠣᠨ᠎ᠤ 4 ᠰᠠᠷ᠎ᠠ ᠵᠢᠨ 15᠎ᠤ ᠡᠳᠦᠷ