ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
2025 ᠣᠨ᠎ᠤ ᠤᠯᠤᠰ᠎ᠤᠨ ᠨᠢᠭᠡᠳᠦᠯᠲᠡᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠳᠤ 6 ᠰᠠᠷ᠎ᠠ ᠵᠢᠨ 16᠎ᠤ ᠡᠳᠦᠷ᠎ᠠᠴᠠ ᠡᠬᠢᠯᠡᠨ ᠨᠡᠷ᠎ᠡ ᠮᠡᠳᠡᠭᠦᠯᠦᠨ᠎ᠡ
ᠨᠡᠶ᠋ᠢᠲᠡᠯᠡᠭᠰᠡᠨ ᠴᠠᠭ᠄ 2025-06-06

      ᠬᠠᠤᠯᠢ  ᠴᠠᠭ᠋ᠠᠵᠠ ᠵᠢᠨ ᠶᠠᠮᠤᠨ᠎ᠠᠴᠠ 2025 ᠣᠨ᠎ᠤ ᠤᠯᠤᠰ᠎ᠤᠨ ᠨᠢᠭᠡᠳᠦᠯᠲᠡᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠠᠯᠪᠠᠨ ᠵᠠᠷ ᠨᠡᠢ᠌ᠲᠡᠯᠡᠵᠦ᠂  ᠪᠤᠰᠤᠳᠴᠢ ᠰᠡᠳᠦᠪ᠎ᠤᠨ ᠰᠢᠯᠭ᠋ᠠᠯᠲᠠ ᠵᠢᠨ ᠰᠦᠯᠵᠢᠶᠡᠨ ᠳᠡᠭᠡᠷ᠎ᠡ ᠨᠡᠷ᠎ᠡ ᠮᠡᠳᠡᠭᠦᠯᠬᠦ ᠴᠠᠭ᠎ᠨᠢ 6 ᠰᠠᠷ᠎ᠠ ᠵᠢᠨ 16᠎ᠤ ᠡᠳᠦᠷ᠎ᠠᠴᠠ 6 ᠰᠠᠷ᠎ᠠ ᠵᠢᠨ 30᠎ᠤ ᠡᠳᠦᠷ  ᠪᠣᠯᠲᠠᠯ᠎ᠠ᠂  ᠪᠤᠰᠤᠳᠴᠢ ᠰᠡᠳᠦᠪ᠎ᠤᠨ ᠰᠢᠯᠭ᠋ᠠᠯᠲᠠ ᠵᠢᠨ ᠴᠠᠭ᠎ᠨᠢ 9 ᠰᠠᠷ᠎ᠠ ᠵᠢᠨ 13᠎ᠤ ᠡᠳᠦᠷ᠂ 14᠎ᠤ ᠡᠳᠦᠷ᠂  ᠪᠡᠶᠡᠴᠢ ᠰᠡᠳᠦᠪ᠎ᠤᠨ ᠰᠢᠯᠭ᠋ᠠᠯᠲᠠ ᠵᠢᠨ ᠴᠠᠭ᠎ᠨᠢ 10 ᠰᠠᠷ᠎ᠠ ᠵᠢᠨ 12᠎ᠤᠨ ᠡᠳᠦᠷ ᠪᠣᠯᠣᠨ᠎ᠠ ᠭᠡᠵᠦ ᠲᠣᠳᠣᠷᠬᠠᠢ ᠲᠣᠭᠲᠠᠭ᠋ᠠᠵᠠᠢ᠃ 

      ᠠᠯᠪᠠᠨ ᠵᠠᠷ᠎ᠲᠤ᠂ 2025 ᠣᠨ᠎ᠳᠤ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢ ᠠᠭᠤᠵᠢᠭᠤ ᠪᠣᠯᠭ᠋ᠠᠭᠰᠠᠨ ᠭᠠᠵᠠᠷ ᠣᠷᠣᠨ᠎ᠳᠤ ᠨᠡᠷ᠎ᠡ ᠮᠡᠳᠡᠭᠦᠯᠬᠦ ᠲᠤᠰᠬᠠᠢ ᠮᠡᠷᠭᠡᠵᠢᠯ᠎ᠤᠨ ᠰᠤᠷᠤᠯᠭ᠎ᠠ ᠵᠢᠨ ᠨᠠᠮᠲᠠᠷ᠎ᠤᠨ ᠨᠥᠬᠥᠴᠡᠯ᠎ᠢ ᠪᠠᠭᠤᠷᠠᠭᠤᠯᠬᠤ᠂  ᠬᠤᠪᠢ ᠪᠠᠭᠤᠷᠠᠭᠤᠯᠤᠨ ᠡᠯᠰᠡᠬᠦ  ᠵᠡᠷᠭᠡ ᠠᠭᠤᠵᠢᠭᠤ ᠪᠣᠯᠭ᠋ᠠᠬᠤ  ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠵᠦ᠂  ᠲᠤᠰᠬᠠᠢ ᠮᠡᠷᠭᠡᠵᠢᠯ᠎ᠤᠨ ᠰᠤᠷᠤᠯᠭ᠎ᠠ ᠵᠢᠨ ᠨᠠᠮᠲᠠᠷ᠎ᠤᠨ ᠨᠥᠬᠥᠴᠡᠯ᠎ᠳᠤ ᠨᠡᠢ᠌ᠴᠡᠬᠦ ᠪᠦᠬᠦᠯᠢ ᠡᠳᠦᠷ᠎ᠤᠨ ᠳᠦᠷᠢᠮᠲᠦ ᠡᠩ᠎ᠤᠨ ᠳᠡᠭᠡᠳᠦ ᠰᠤᠷᠭ᠋ᠠᠭᠤᠯᠢ᠂  ᠴᠡᠷᠢᠭ᠎ᠤᠨ ᠶᠡᠬᠡ ᠳᠡᠭᠡᠳᠦ ᠰᠤᠷᠭ᠋ᠠᠭᠤᠯᠢ ᠵᠢᠨ 2026 ᠣᠨ᠎ᠤ ᠲᠣᠰ ᠬᠤᠭᠤᠴᠠᠭ᠋ᠠᠨ᠎ᠤ ᠵᠢᠩᠬᠢᠨᠢ ᠠᠩᠭᠢ᠂  ᠮᠠᠰᠲ᠋ᠧᠷ ᠵᠢᠴᠢ ᠲᠡᠭᠦᠨ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠲᠠᠢ ᠲᠡᠭᠦᠰᠦᠭᠰᠡᠨ ᠰᠣᠷᠣᠭᠴᠢ (ᠲᠤᠰᠬᠠᠢ ᠮᠡᠷᠭᠡᠵᠢᠯ᠎ᠠᠴᠠ ᠵᠢᠩᠬᠢᠨᠢ ᠠᠩᠭᠢ᠎ᠳᠤ ᠳᠡᠪᠰᠢᠬᠦ᠂  ᠬᠣᠶᠠᠳᠤᠭ᠋ᠠᠷ ᠣᠶᠤᠲᠠᠨ᠎ᠤ ᠴᠣᠯᠠ᠂  ᠲᠤᠰᠬᠠᠢ ᠮᠡᠷᠭᠡᠵᠢᠯ᠎ᠠᠴᠠ ᠰᠤᠳᠤᠯᠬᠤ ᠰᠣᠷᠣᠭᠴᠢ᠎ᠳᠤ ᠳᠡᠪᠰᠢᠬᠦ ᠪᠠᠭᠲᠠᠨ᠎ᠠ) ᠵᠢᠨ ᠨᠡᠷ᠎ᠡ ᠮᠡᠳᠡᠭᠦᠯᠬᠦ ᠵᠢ ᠦᠷᠭᠦᠯᠵᠢᠯᠡᠨ ᠵᠥᠪᠰᠢᠶᠡᠷᠡᠨ᠎ᠡ᠃  ᠡᠭᠦᠨ᠎ᠤ ᠬᠠᠮᠲᠤ᠂  ᠪᠦᠬᠦᠯᠢ ᠡᠳᠦᠷ᠎ᠤᠨ ᠳᠦᠷᠢᠮᠲᠦ ᠡᠩ᠎ᠤᠨ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠬᠠᠤᠯᠢ ᠵᠢᠨ ᠪᠤᠰᠤ  ᠤᠬᠠᠭ᠋ᠠᠨ᠎ᠤ ᠲᠥᠷᠥᠯ᠎ᠤᠨ ᠵᠢᠩᠬᠢᠨᠢ ᠠᠩᠭᠢ ᠵᠢᠴᠢ ᠲᠡᠭᠦᠨ᠎ᠠᠴᠠ ᠳᠡᠭᠡᠭᠰᠢᠬᠢ ᠰᠤᠷᠤᠯᠭ᠎ᠠ ᠵᠢᠨ ᠨᠠᠮᠲᠠᠷ᠎ᠲᠠᠢ ᠪᠥᠭᠡᠳ ᠵᠣᠬᠢᠴᠠᠩᠭᠤᠢ ᠡᠷᠳᠡᠮ᠎ᠤᠨ ᠴᠣᠯᠠ ᠣᠯᠣᠭᠰᠠᠨ ᠪᠥᠭᠡᠳ ᠬᠠᠤᠯᠢ ᠴᠠᠭ᠋ᠠᠵᠠ ᠵᠢᠨ ᠠᠵᠢᠯ ᠬᠢᠭᠡᠳ ᠪᠦᠬᠦᠯᠢ ᠭᠤᠷᠪᠠᠨ ᠵᠢᠯ ᠪᠣᠯᠤᠭᠰᠠᠨ ᠬᠥᠮᠥᠰ᠎ᠤᠨ 2025 ᠣᠨ᠎ᠤ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠳᠤ ᠨᠡᠷ᠎ᠡ ᠮᠡᠳᠡᠭᠦᠯᠵᠦ ᠰᠢᠯᠭ᠋ᠠᠭᠤᠯᠬᠤ ᠵᠢ ᠵᠥᠪᠰᠢᠶᠡᠷᠡᠨ᠎ᠡ  ᠭᠡᠵᠦ ᠲᠣᠳᠣᠷᠬᠠᠢ ᠲᠣᠭᠲᠠᠭ᠋ᠠᠵᠠᠢ᠃ 

      ᠠᠯᠪᠠᠨ ᠵᠠᠷ᠎ᠲᠤ ᠪᠠᠰᠠ᠂ 2025 ᠣᠨ᠎ᠤ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ᠎ᠳᠤ ᠺᠣᠮᠫᠢᠦ᠋ᠲ᠋ᠧᠷᠴᠢᠯᠡᠭᠰᠡᠨ ᠰᠢᠯᠭ᠋ᠠᠯᠲᠠ ᠵᠢ ᠦᠷᠭᠦᠯᠵᠢᠯᠡᠨ ᠬᠡᠷᠡᠭᠵᠢᠭᠦᠯᠵᠦ᠂  ᠪᠡᠶ᠎ᠡ ᠮᠠᠬᠠᠪᠤᠳ᠂  ᠨᠠᠰᠤ ᠵᠢᠯ ᠵᠡᠷᠭᠡ ᠰᠢᠯᠲᠠᠭ᠋ᠠᠨ᠎ᠠᠴᠠ ᠪᠣᠯᠵᠤ ᠺᠣᠮᠫᠢᠦ᠋ᠲ᠋ᠧᠷ᠎ᠤᠨ ᠰᠢᠯᠭ᠋ᠠᠯᠲᠠ ᠵᠢ ᠬᠡᠷᠡᠭᠯᠡᠬᠦ᠎ᠳᠤ ᠦᠨᠡᠬᠡᠷ ᠬᠦᠴᠢᠷᠲᠡᠢ ᠪᠠᠢ᠌ᠪᠠᠯ᠂  ᠪᠡᠶᠡᠴᠢ ᠰᠡᠳᠦᠪ᠎ᠤᠨ ᠰᠢᠯᠭ᠋ᠠᠯᠲᠠ᠎ᠳᠤ ᠪᠢᠷ ᠴᠠᠭ᠋ᠠᠰᠤ᠎ᠪᠠᠷ ᠰᠡᠳᠦᠪ ᠬᠠᠷᠢᠭᠤᠯᠬᠤ ᠠᠷᠭ᠎ᠠ ᠵᠢ ᠬᠡᠷᠡᠭᠯᠡᠨ᠎ᠡ᠃  ᠨᠡᠷ᠎ᠡ ᠮᠡᠳᠡᠭᠦᠯᠬᠦ ᠠᠵᠢᠯᠲᠠᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠲᠣᠬᠢᠷᠠᠭᠤᠯᠤᠭᠰᠠᠨ ᠰᠢᠯᠭ᠋ᠠᠯᠲᠠ ᠵᠢᠨ ᠲᠣᠭᠣᠷᠢᠭ᠎ᠲᠤ ᠨᠡᠷ᠎ᠡ ᠮᠡᠳᠡᠭᠦᠯᠵᠦ ᠰᠢᠯᠭ᠋ᠠᠭᠤᠯᠵᠤ ᠪᠣᠯᠣᠨ᠎ᠠ᠂  ᠬᠡᠷᠪᠡ ᠬᠡᠰᠡᠭ ᠰᠢᠯᠭ᠋ᠠᠯᠲᠠ ᠵᠢᠨ ᠲᠣᠭᠣᠷᠢᠭ᠎ᠤᠨ ᠨᠡᠷ᠎ᠡ ᠮᠡᠳᠡᠭᠦᠯᠦᠭᠰᠡᠨ ᠬᠥᠮᠥᠨ᠎ᠤ ᠲᠣᠭ᠎ᠠ᠎ᠨᠢ ᠰᠠᠭᠤᠳᠠᠯ᠎ᠤᠨ ᠲᠣᠭ᠎ᠠ ᠬᠡᠮᠵᠢᠶ᠎ᠡ ᠵᠢᠨ ᠳᠡᠭᠡᠳᠦ ᠬᠢᠵᠠᠭ᠋ᠠᠷ᠎ᠲᠤ ᠬᠦᠷᠦᠭᠰᠡᠨ ᠪᠠᠢ᠌ᠪᠠᠯ᠂  ᠪᠤᠰᠤᠳ ᠰᠢᠯᠭ᠋ᠠᠯᠲᠠ ᠵᠢᠨ ᠲᠣᠭᠣᠷᠢᠭ᠎ᠢ ᠰᠣᠩᠭᠣᠵᠤ ᠨᠡᠷ᠎ᠡ ᠮᠡᠳᠡᠭᠦᠯᠵᠦ ᠰᠢᠯᠭ᠋ᠠᠭᠤᠯᠵᠤ ᠪᠣᠯᠣᠨ᠎ᠠ  ᠭᠡᠵᠦ ᠲᠣᠳᠣᠷᠬᠠᠢ ᠲᠣᠭᠲᠠᠭ᠋ᠠᠵᠠᠢ᠃ 

      ᠠᠯᠪᠠᠨ ᠵᠠᠷ᠎ᠲᠤ᠂  ᠨᠡᠷ᠎ᠡ ᠮᠡᠳᠡᠭᠦᠯᠦᠭᠰᠡᠨ ᠭᠠᠵᠠᠷ᠎ᠤᠨ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠪᠤᠰᠤᠳ ᠪᠣᠳᠠᠲᠠᠢ  ᠵᠦᠢ᠍ᠯᠡᠰ᠎ᠢ ᠲᠣᠰ ᠭᠠᠵᠠᠷ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠠᠴᠠ ᠨᠡᠢ᠌ᠭᠡᠮ ᠨᠡᠶ᠋ᠢᠲᠡ᠎ᠳᠤ ᠵᠠᠷᠯᠠᠨ ᠨᠡᠢ᠌ᠲᠡᠯᠡᠨ᠎ᠡ᠃  ᠰᠢᠯᠭ᠋ᠠᠯᠲᠠ᠎ᠳᠤ ᠨᠡᠷ᠎ᠡ  ᠮᠡᠳᠡᠭᠦᠯᠦᠭᠴᠢᠳ ᠪᠠᠰᠠ ᠬᠠᠤᠯᠢ ᠴᠠᠭ᠋ᠠᠵᠠ ᠵᠢᠨ ᠶᠠᠮᠤᠨ᠎ᠤ ᠠᠯᠪᠠᠨ ᠰᠦᠯᠵᠢᠶ᠎ᠡ᠎ᠳᠤ ᠭᠠᠷᠴᠤ ᠪᠠᠢ᠌ᠴᠠᠭ᠋ᠠᠨ ᠯᠠᠪᠯᠠᠬᠤ ᠪᠤᠶᠤ ᠬᠠᠤᠯᠢ ᠴᠠᠭ᠋ᠠᠵᠠ ᠵᠢᠨ ᠶᠠᠮᠤᠨ ᠵᠢᠴᠢ ᠨᠡᠷ᠎ᠡ ᠮᠡᠳᠡᠭᠦᠯᠦᠭᠰᠡᠨ ᠭᠠᠵᠠᠷ᠎ᠤᠨ ᠬᠠᠤᠯᠢ ᠴᠠᠭ᠋ᠠᠵᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ᠎ᠠᠴᠠ ᠠᠰᠠᠭᠤᠨ ᠯᠠᠪᠯᠠᠵᠤ ᠪᠣᠯᠣᠨ᠎ᠠ  ᠭᠡᠵᠦ ᠲᠣᠳᠣᠷᠬᠠᠢ ᠲᠣᠭᠲᠠᠭ᠋ᠠᠵᠠᠢ᠃ 

      ᠳᠠᠭ᠋ᠠᠯᠳᠤᠭᠤᠯᠤᠯ᠄ 2025 ᠣᠨ᠎ᠤ ᠤᠯᠤᠰ᠎ᠤᠨ ᠨᠢᠭᠡᠳᠦᠯᠲᠡᠢ ᠬᠠᠤᠯᠢ ᠴᠠᠭ᠋ᠠᠵᠠ ᠵᠢᠨ ᠠᠵᠢᠯ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠠᠯᠪᠠᠨ ᠵᠠᠷ 

ᠢᠷᠡᠯᠲᠡ᠄ᠬᠠᠤᠯᠢ ᠴᠠᠭ᠋ᠠᠵᠠ ᠵᠢᠨ ᠶᠠᠮᠤᠨ
          
ᠬᠠᠮᠢᠶ᠎ᠡ ᠪᠦᠬᠦᠢ ᠰᠣᠨᠢᠨ
 
            