ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ 2025 ᠣᠨ᠎ᠤ 《1+1》 ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2025-06-09

ᠡᠯ᠎ᠡ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠂  ᠮᠠᠨᠵᠤᠤᠷ ᠬᠣᠲᠠ᠂  ᠡᠷᠢᠶᠡᠨ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠎ᠳᠤ᠄

      ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠣᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂  ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ  ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠦᠢ᠍ᠯᠡᠳᠦᠯᠭᠡᠵᠢᠭᠦᠯᠵᠦ᠂  ᠶᠡᠷᠦᠩᠬᠡᠢ ᠱᠦᠵᠢ  ᠰᠢ ᠵᠢᠨ ᠫᠢᠩ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠢ  ᠲᠤᠭᠤᠰᠢᠯᠠᠭᠤᠯᠤᠨ  ᠨᠠᠢ᠌ᠳᠠᠪᠤᠷᠢᠵᠢᠭᠤᠯᠵᠤ᠂ 2025 ᠣᠨ᠎ᠤ 《1+1》 ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠠᠵᠢᠯᠯᠠᠭ᠎ᠠ (ᠳᠣᠷᠣᠭᠰᠢ 《1+1》  ᠠᠵᠢᠯᠯᠠᠭ᠎ᠠ ᠭᠡᠵᠦ ᠲᠣᠪᠴᠢᠯᠠᠨ᠎ᠠ) ᠵᠢ ᠰᠠᠢ᠌ᠲᠤᠷ ᠬᠢᠵᠦ᠂  ᠬᠠᠤᠯᠢᠴᠢ ᠵᠢᠨ ᠡᠬᠢ ᠪᠠᠶᠠᠯᠢᠭ ᠬᠦᠷᠦᠯᠴᠡᠬᠦ ᠦᠭᠡᠢ ᠭᠠᠵᠠᠷ ᠣᠷᠣᠨ᠎ᠳᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠲᠣᠮᠢᠯᠠᠬᠤ ᠡᠷᠴᠢᠮ ᠵᠶ᠋ᠡᠨ ᠤᠯᠠᠮ ᠨᠢᠭᠡ ᠠᠯᠬᠤᠮ ᠴᠢᠩᠭ᠋ᠠᠷᠠᠭᠤᠯᠵᠤ᠂  ᠲᠤᠬᠠᠢ ᠵᠢᠨ ᠭᠠᠵᠠᠷ᠎ᠤᠨ ᠬᠦᠴᠢᠷᠳᠡᠯᠲᠡᠢ ᠣᠯᠠᠨ ᠲᠦᠮᠡᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂  ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠡᠬᠢ ᠪᠠᠶᠠᠯᠢᠭ᠎ᠤᠨ ᠠᠳᠠᠯᠢ ᠲᠡᠭᠰᠢ ᠬᠥᠭᠵᠢᠯᠲᠡ ᠵᠢ ᠠᠬᠢᠭᠤᠯᠤᠨ᠂  ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ ᠵᠢ ᠠᠬᠢᠭᠤᠯᠬᠤ᠎ᠳᠤ ᠴᠢᠨᠠᠷ ᠰᠠᠢ᠌ᠲᠠᠢ ᠥᠨᠳᠥᠷ ᠦᠷ᠎ᠡ ᠪᠦᠲᠦᠮᠵᠢᠲᠡᠶ ᠬᠠᠤᠯᠢ ᠴᠠᠭ᠋ᠠᠵᠠ ᠵᠢᠨ ᠦᠢ᠍ᠯᠡᠴᠢᠯᠡᠭᠡ ᠪᠠ ᠬᠠᠤᠯᠢ᠎ᠪᠠᠷ ᠵᠠᠰᠠᠬᠤ ᠪᠠᠲᠤᠯᠠᠭ᠎ᠠ  ᠬᠠᠩᠭ᠋ᠠᠬᠤ ᠵᠢᠨ ᠲᠥᠯᠥᠭᠡ᠂  ᠬᠠᠤᠯᠢ ᠴᠠᠭ᠋ᠠᠵᠠ ᠵᠢᠨ ᠶᠠᠮᠤᠨ᠎ᠤ ᠠᠯᠪᠠᠨ ᠲᠢᠩᠬᠢᠮ᠎ᠤᠨ 《2025 ᠣᠨ᠎ᠤ 〈1+1〉 ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠬᠡᠷᠡᠭᠵᠢᠭᠦᠯᠬᠦ ᠠᠵᠢᠯ᠎ᠢ ᠰᠠᠢ᠌ᠲᠤᠷ ᠬᠢᠬᠦ ᠲᠤᠬᠠᠢ ᠮᠡᠳᠡᠭᠳᠡᠯ》᠎ᠤᠨ ᠱᠠᠭ᠋ᠠᠷᠳᠠᠯᠭ᠎ᠠ ᠶᠣᠰᠣᠭ᠋ᠠᠷ᠂  ᠡᠳᠦᠭᠡ ᠮᠠᠨ᠎ᠤ ᠣᠷᠣᠨ᠎ᠤ 《1+1》  ᠠᠵᠢᠯᠯᠠᠭ᠎ᠠ ᠵᠢᠨ ᠬᠣᠯᠪᠣᠭᠳᠠᠯ ᠪᠦᠬᠦᠢ ᠤᠴᠢᠷ᠎ᠢ ᠳᠣᠣᠷᠠᠬᠢ ᠮᠡᠲᠦ ᠮᠡᠳᠡᠭᠳᠡᠶ᠎ᠡ᠃ 

      ᠨᠢᠭᠡ᠂  ᠡᠯᠰᠡᠬᠦ ᠲᠥᠯᠥᠪᠯᠡᠭᠡ

      ᠮᠠᠨ᠎ᠤ ᠣᠷᠣᠨ᠎ᠤ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ 3 ᠬᠥᠮᠥᠨ᠂ ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ ᠪᠤᠶᠤ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ 11 ᠬᠥᠮᠥᠨ ᠡᠯᠰᠡᠬᠦ᠎ᠪᠠᠷ ᠲᠥᠯᠥᠪᠯᠡᠵᠦ ᠪᠣᠶ᠃  ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢ ᠪᠦᠬᠦ ᠣᠷᠣᠨ᠎ᠠᠴᠠ ᠡᠯᠰᠡᠵᠦ ᠠᠪᠤᠨ᠎ᠠ᠃  ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ᠂  ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠢ ᠬᠥᠬᠡᠬᠣᠲᠠ ᠵᠢᠨ ᠲᠣᠭᠲᠠᠬᠤ ᠰᠢᠶᠠᠨ᠂  ᠪᠤᠭᠤᠲᠤ ᠬᠤᠳᠠ ᠵᠢᠨ  ᠰᠢᠭᠤᠢ᠌ᠲᠤ ᠲᠣᠭᠣᠷᠢᠭ᠂  ᠪᠤᠭᠤᠲᠤ ᠬᠤᠳᠠ ᠵᠢᠨ ᠪᠠᠶᠠᠨ᠋ᠣ᠋ᠪᠣᠭ᠎ᠠ ᠠᠭᠤᠷᠬᠠᠢ ᠵᠢᠨ ᠲᠣᠭᠣᠷᠢᠭ᠂  ᠪᠤᠭᠤᠲᠤ ᠬᠤᠳᠠ ᠵᠢᠨ ᠭᠦᠶᠠᠩ ᠰᠢᠶᠠᠨ᠂  ᠬᠥᠯᠥᠨ ᠪᠤᠢ᠍ᠢ᠍ᠷ ᠬᠤᠳᠠ ᠵᠢᠨ ᠭᠡᠭᠡᠨ ᠭᠣᠣᠯ ᠬᠤᠳᠠ᠂  ᠬᠥᠯᠥᠨ ᠪᠤᠢ᠍ᠢ᠍ᠷ ᠬᠤᠳᠠ ᠵᠢᠨ ᠰᠢᠨ᠎ᠡ ᠪᠠᠷᠭᠤ ᠪᠠᠷᠠᠭᠤᠨ ᠬᠣᠰᠢᠭᠤ᠂  ᠰᠢᠯᠢ ᠵᠢᠨ ᠭᠣᠣᠯ ᠠᠢ᠌ᠮᠠᠭ᠎ᠤᠨ ᠰᠥᠨᠢᠳ ᠪᠠᠷᠠᠭᠤᠨ ᠬᠣᠰᠢᠭᠤ᠂  ᠰᠢᠯᠢ ᠵᠢᠨ ᠭᠣᠣᠯ ᠠᠢ᠌ᠮᠠᠭ᠎ᠤᠨ ᠬᠥᠪᠡᠭᠡᠲᠦ ᠰᠢᠷ᠎ᠠ ᠬᠣᠰᠢᠭᠤ᠂  ᠪᠠᠶᠠᠨᠨᠠᠭᠤᠷ ᠬᠤᠳᠠ ᠵᠢᠨ ᠤᠷᠠᠳ᠎ᠤᠨ ᠳᠤᠮᠳᠠᠳᠤ ᠬᠣᠰᠢᠭᠤ᠂  ᠪᠠᠶᠠᠨᠨᠠᠭᠤᠷ ᠬᠤᠳᠠ ᠵᠢᠨ ᠤᠷᠠᠳ᠎ᠤᠨ ᠬᠣᠢ᠌ᠲᠤ ᠬᠣᠰᠢᠭᠤ᠂  ᠠᠯᠠᠱ᠌ᠠ ᠠᠢ᠌ᠮᠠᠭ᠎ᠤᠨ ᠡᠵᠡᠨ᠎ᠡ ᠬᠤᠰᠢᠭᠤ  ᠵᠡᠷᠭᠡ 11 ᠭᠠᠵᠠᠷ ᠣᠷᠣᠨ᠎ᠠᠴᠠ ᠡᠯᠰᠡᠨ᠎ᠡ᠃ 

      ᠬᠣᠶᠠᠷ᠂  ᠡᠯᠰᠡᠬᠦ ᠨᠥᠬᠥᠴᠡᠯ

      (ᠨᠢᠭᠡ)  ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ᠂  ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ᠂  ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ  ᠠᠵᠢᠯᠲᠠᠨ᠎ᠨᠢ 《ᠬᠣᠶᠠᠷ᠎ᠢ ᠲᠣᠭᠲᠠᠭ᠋ᠠᠬᠤ》 ᠵᠢᠨ ᠰᠢᠢ᠍ᠳᠪᠦᠷᠢᠯᠡᠭᠴᠢ ᠴᠢᠨᠠᠷᠲᠠᠢ ᠠᠴᠢ ᠬᠣᠯᠪᠣᠭᠳᠠᠯ᠎ᠢ ᠭᠦᠨᠵᠡᠭᠡᠢ ᠣᠢ᠌ᠯᠠᠭ᠋ᠠᠵᠤ᠂ 《ᠲᠦᠷᠪᠡᠨ ᠤᠬᠠᠮᠰᠠᠷ》 ᠵᠶ᠋ᠠᠨ ᠴᠢᠩᠭ᠋ᠠᠳᠬᠠᠵᠤ᠂ 《ᠲᠦᠷᠪᠡᠨ ᠢᠲᠡᠭᠡᠯ》 ᠵᠶ᠋ᠡᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂  ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠬᠦᠷᠢᠶᠡᠯᠡᠵᠦ᠂  ᠮᠠᠨ᠎ᠤ ᠤᠯᠤᠰ᠎ᠤᠨ ᠨᠡᠢ᠌ᠭᠡᠮ ᠵᠢᠷᠤᠮ᠎ᠤᠨ ᠬᠠᠤᠯᠢ᠎ᠪᠠᠷ ᠵᠠᠰᠠᠬᠤ ᠵᠢ ᠬᠦᠷᠢᠶᠡᠯᠡᠵᠦ᠂  ᠤᠯᠤᠰ ᠲᠦᠷᠦ ᠵᠢ ᠡᠷᠬᠢᠮᠯᠡᠵᠦ᠂  ᠪᠡᠶ᠎ᠡ᠎ᠪᠠᠨ ᠱᠠᠭ᠋ᠠᠷᠳᠠᠬᠤ ᠵᠢ ᠴᠢᠬᠤᠯᠠᠴᠢᠯᠠᠵᠤ᠂  ᠨᠡᠶ᠋ᠢᠲᠡ ᠵᠢᠨ ᠠᠰᠠᠷᠠᠮᠵᠢ᠎ᠳᠤ ᠬᠠᠯᠠᠭᠤᠨ ᠰᠡᠳᠬᠢᠯᠭᠡ᠎ᠲᠠᠢ᠂  ᠬᠠᠷᠠᠮ ᠦᠭᠡᠢ ᠵᠣᠷᠢᠭᠤᠯᠬᠤ ᠵᠣᠷᠢᠭ ᠰᠠᠨᠠᠭ᠎ᠠ᠎ᠲᠠᠢ ᠪᠠᠢ᠌ᠬᠤ ᠬᠡᠷᠡᠭᠲᠡᠢ᠃ 

      (ᠬᠣᠶᠠᠷ)  ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ᠎ᠨᠢ ᠪᠠᠰᠠ ᠳᠣᠣᠷᠠᠬᠢ ᠨᠥᠬᠥᠴᠡᠯ᠎ᠤᠳ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠢ᠄

      1.  ᠬᠠᠤᠯᠢᠴᠢ ᠵᠢᠨ ᠠᠵᠢᠯ ᠡᠷᠬᠢᠯᠡᠬᠦ ᠦᠨᠡᠮᠯᠡᠯ ᠣᠯᠣᠭᠰᠠᠨ ᠪᠥᠭᠡᠳ ᠲᠠᠪᠤᠨ ᠵᠢᠯ᠎ᠠᠴᠠ ᠳᠡᠭᠡᠭᠰᠢ ᠠᠵᠢᠯ ᠡᠷᠬᠢᠯᠡᠵᠦ᠂  ᠬᠠᠤᠯᠢ ᠴᠠᠭ᠋ᠠᠵᠠ ᠵᠢᠨ ᠬᠡᠷᠡᠭ ᠶᠠᠪᠤᠳᠠᠯ᠎ᠢ ᠪᠡᠶ᠎ᠡ᠎ᠪᠠᠨ ᠳᠠᠭ᠋ᠠᠭ᠋ᠠᠵᠤ ᠰᠢᠢ᠍ᠳᠪᠦᠷᠢᠯᠡᠬᠦ ᠲᠤᠷᠰᠢᠯᠭ᠎ᠠ ᠪᠠ ᠴᠢᠳᠠᠪᠤᠷᠢ᠎ᠲᠠᠢ ᠪᠠᠢ᠌ᠬᠤ  ᠬᠡᠷᠡᠭᠲᠡᠢ; 

      2. ᠠᠵᠢᠯ ᠦᠢ᠍ᠯᠡᠰ ᠵᠶ᠋ᠡᠨ ᠳᠡᠭᠡᠳᠦᠯᠡᠵᠦ᠂  ᠬᠠᠷᠢᠭᠤᠴᠠᠯᠭ᠋ᠠᠲᠤ ᠰᠡᠳᠬᠢᠯᠭᠡ᠎ᠪᠠᠷ ᠴᠢᠩᠭ᠎ᠠ᠂  ᠬᠠᠷᠢᠯᠴᠠᠬᠤ᠎ᠳᠠᠭᠠᠨ ᠴᠢᠳᠠᠮᠠᠭ᠋ᠠᠢ᠂  ᠮᠥᠷᠭᠥᠯᠳᠦᠭᠡᠨ ᠪᠠ ᠵᠢᠭᠤᠷᠠᠯᠳᠤᠭ᠋ᠠᠨ᠎ᠳᠤ  ᠵᠣᠬᠢᠰᠲᠠᠢ ᠬᠠᠨᠳᠤᠬᠤ ᠬᠡᠷᠡᠭᠲᠡᠢ; 

      3. ᠠᠷᠢᠬᠢᠨ᠎ᠳᠤ ᠰᠢᠨᠤᠬᠤ᠂  ᠵᠣᠭᠣᠰ ᠨᠠᠭ᠋ᠠᠳᠬᠤ ᠵᠡᠷᠭᠡ ᠮᠠᠭᠤ ᠳᠠᠳᠬᠠᠯ ᠦᠭᠡᠢ᠂  ᠵᠠᠰᠠᠭ ᠵᠠᠬᠢᠷᠭ᠋ᠠᠨ᠎ᠤ ᠰᠢᠢ᠍ᠳᠬᠡᠯ ᠪᠤᠶᠤ ᠠᠵᠢᠯ ᠲᠥᠷᠥᠯ᠎ᠤᠨ ᠰᠢᠢ᠍ᠳᠬᠡᠯ ᠵᠡᠷᠭᠡ ᠮᠠᠭᠤ ᠲᠡᠮᠳᠡᠭᠯᠡᠯ ᠦᠭᠡᠢ  ᠪᠠᠢ᠌ᠬᠤ ᠬᠡᠷᠡᠭᠲᠡᠢ; 

      4. ᠪᠡᠶ᠎ᠡ ᠮᠠᠬᠠᠪᠤᠳ ᠡᠷᠡᠭᠦᠯ ᠴᠢᠭᠢᠷᠠᠭ᠂  ᠨᠠᠰᠤ᠎ᠨᠢ 26—55 ᠨᠠᠰᠤᠨ᠎ᠤ ᠬᠣᠭᠣᠷᠣᠨᠳᠤ  ᠪᠠᠢ᠌ᠬᠤ ᠬᠡᠷᠡᠭᠲᠡᠢ᠃ 

      (ᠭᠤᠷᠪᠠ)  ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ ᠪᠠᠰᠠ ᠳᠣᠣᠷᠠᠬᠢ ᠨᠥᠬᠥᠴᠡᠯ᠎ᠤᠳ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠢ᠄

      1. ᠪᠡᠶ᠎ᠡ ᠮᠠᠬᠠᠪᠤᠳ ᠡᠷᠡᠭᠦᠯ ᠴᠢᠭᠢᠷᠠᠭ; 

      2. ᠬᠠᠤᠯᠢ ᠵᠢᠨ ᠤᠬᠠᠭ᠋ᠠᠨ᠎ᠤ ᠲᠤᠰᠬᠠᠢ ᠮᠡᠷᠭᠡᠵᠢᠯ᠎ᠤᠨ ᠵᠢᠩᠬᠢᠨᠢ ᠠᠩᠭᠢ᠎ᠠᠴᠠ ᠳᠡᠭᠡᠭᠰᠢ ᠰᠤᠷᠤᠯᠭ᠎ᠠ ᠵᠢᠨ ᠨᠠᠮᠲᠠᠷ᠎ᠲᠠᠢ᠂  ᠥᠩᠭᠡᠷᠡᠭᠰᠡᠨ ᠬᠤᠭᠤᠴᠠᠭ᠋ᠠᠨ᠎ᠤ  ᠣᠶᠤᠲᠠᠨ ᠰᠤᠷᠭ᠋ᠠᠭᠤᠯᠢ ᠲᠡᠭᠦᠰᠦᠭᠡᠳ ᠭᠤᠷᠪᠠᠨ ᠵᠢᠯ᠎ᠤᠨ ᠳᠣᠲᠣᠷ᠎ᠠ ᠪᠠᠢ᠌ᠬᠤ ᠬᠡᠷᠡᠭᠲᠡᠢ᠂  ᠬᠠᠤᠯᠢᠴᠢ ᠵᠢᠨ ᠬᠡᠷᠡᠭ ᠡᠷᠬᠢᠯᠡᠬᠦ ᠭᠠᠵᠠᠷ᠎ᠲᠤ ᠠᠵᠢᠯᠯᠠᠭᠰᠠᠨ ᠲᠤᠷᠰᠢᠯᠭ᠎ᠠ᠎ᠲᠠᠢ ᠪᠠᠢ᠌ᠬᠤ ᠬᠡᠷᠡᠭᠲᠡᠢ;

      3. ᠮᠠᠭᠤ ᠲᠡᠮᠳᠡᠭᠯᠡᠯ  ᠦᠭᠡᠢ  ᠪᠠᠢ᠌ᠬᠤ ᠬᠡᠷᠡᠭᠲᠡᠢ;

      ᠨᠡᠶ᠋ᠢᠲᠡ ᠵᠢᠨ ᠠᠰᠠᠷᠠᠮᠵᠢ ᠵᠢᠨ ᠠᠵᠢᠯᠯᠠᠭ᠎ᠠ᠎ᠳᠤ ᠣᠷᠣᠯᠴᠠᠵᠤ ᠥᠩᠭᠡᠷᠡᠭᠰᠡᠨ ᠪᠤᠶᠤ ᠬᠠᠮᠢᠶ᠎ᠠ ᠪᠦᠬᠦᠢ ᠬᠥᠬᠢᠭᠦᠯᠦᠯ ᠭᠥᠷᠳᠡᠭᠰᠡᠨ ᠰᠢᠯᠢᠳᠡᠭ ᠰᠣᠷᠣᠭᠴᠢ ᠵᠢ ᠤᠷᠢᠳᠠᠪᠠᠷ  ᠪᠣᠳᠣᠯᠬᠢᠯᠠᠨ᠎ᠠ᠃

      (ᠳᠥᠷᠪᠡ)  ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠤ ᠰᠠᠢ᠌ᠨ ᠳᠤᠷ᠎ᠠ ᠵᠢᠨ ᠠᠵᠢᠯᠯᠠᠭᠴᠢ᠎ᠨᠢ ᠪᠠᠰᠠ ᠳᠣᠣᠷᠠᠬᠢ ᠨᠥᠬᠥᠴᠡᠯ᠎ᠤᠳ᠎ᠢ ᠪᠦᠷᠢᠯᠳᠦᠭᠦᠯᠦᠭᠰᠡᠨ ᠪᠠᠢ᠌ᠬᠤ ᠬᠡᠷᠡᠭᠲᠡᠢ᠄

      1. ᠲᠥᠷᠥᠯ ᠵᠦᠢ᠍ᠯ᠎ᠢ ᠬᠡᠷᠡᠭᠵᠢᠭᠦᠯᠬᠦ ᠭᠠᠵᠠᠷ᠎ᠲᠤ ᠬᠠᠷᠢᠶᠠᠯᠠᠭᠳᠠᠬᠤ ᠲᠤᠰᠬᠠᠢ ᠲᠤᠰᠢᠶᠠᠯᠲᠤ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠂  ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠤ ᠠᠵᠢᠯ ᠡᠷᠭᠢᠯᠡᠬᠦ ᠦᠨᠡᠮᠯᠡᠯ᠎ᠲᠠᠢ᠂  ᠠᠵᠢᠯ ᠡᠷᠭᠢᠯᠡᠬᠦ ᠢᠯᠡᠷᠡᠯ ᠵᠶ᠋ᠡᠷ ᠰᠠᠢ᠌ᠨ᠂  ᠵᠠᠰᠠᠭ ᠵᠠᠬᠢᠷᠭ᠋ᠠᠨ᠎ᠤ ᠰᠢᠢ᠍ᠳᠬᠡᠯ ᠪᠤᠶᠤ ᠠᠵᠢᠯ ᠲᠥᠷᠥᠯ᠎ᠤᠨ ᠰᠢᠢ᠍ᠳᠬᠡᠯ ᠵᠡᠷᠭᠡ ᠮᠠᠭᠤ ᠲᠡᠮᠳᠡᠭᠯᠡᠯ  ᠦᠭᠡᠢ  ᠪᠠᠢ᠌ᠬᠤ  ᠬᠡᠷᠡᠭᠲᠡᠢ; 

      2. ᠪᠡᠶ᠎ᠡ ᠮᠠᠬᠠᠪᠤᠳ ᠡᠷᠡᠭᠦᠯ ᠴᠢᠭᠢᠷᠠᠭ᠂  ᠨᠠᠰᠤ᠎ᠨᠢ 35 ᠨᠠᠰᠤᠨ᠎ᠠᠴᠠ ᠳᠣᠭᠣᠭᠰᠢ  ᠪᠠᠢ᠌ᠬᠤ ᠬᠡᠷᠡᠭᠲᠡᠢ᠃ 

      ᠭᠤᠷᠪᠠ᠂  ᠰᠠᠢ᠌ᠨ ᠳᠤᠷ᠎ᠠ ᠵᠢᠨ ᠠᠵᠢᠯᠯᠠᠭᠴᠢ ᠵᠢᠨ  ᠬᠥᠯᠥᠰᠥ ᠣᠯᠭᠣᠮᠵᠢ

      (ᠨᠢᠭᠡ)  ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ

      1. ᠲᠥᠪᠡᠳ᠂  ᠭᠠᠨᠰᠤ᠂  ᠬᠥᠬᠡᠨᠠᠭᠤᠷ᠂  ᠰᠢᠨᠵᠢᠶᠠᠩ ᠵᠡᠷᠭᠡ ᠭᠠᠵᠠᠷ᠎ᠲᠤ  ᠦᠢ᠍ᠯᠡᠴᠢᠯᠡᠬᠦ  ᠬᠠᠤᠯᠢᠴᠢ ᠵᠢᠨ ᠰᠠᠢ᠌ᠨ ᠳᠤᠷ᠎ᠠ ᠵᠢᠨ  ᠠᠵᠢᠯᠯᠠᠭᠴᠢ᠎ᠳᠤ ᠰᠠᠷ᠎ᠠ᠎ᠳᠤ ᠬᠥᠮᠥᠨ ᠨᠢᠭᠡᠪᠦᠷᠢ᠎ᠳᠤ 3800 ᠲᠥᠭᠥᠷᠢᠭ᠎ᠤᠨ ᠠᠵᠢᠯ᠎ᠤᠨ ᠵᠠᠷᠤᠳᠠᠯ᠂  ᠠᠯᠪᠠᠨ ᠠᠵᠢᠯ ᠵᠶ᠋ᠠᠷ ᠭᠠᠳᠠᠭᠰᠢ ᠭᠠᠷᠬᠤ᠂  ᠮᠡᠳᠡᠭᠡ ᠬᠣᠯᠪᠣᠭ᠎ᠠ ᠪᠠ ᠪᠢᠴᠢᠭ  ᠳᠠᠷᠤᠮᠠᠯᠯᠠᠯ᠎ᠤᠨ ᠵᠠᠷᠤᠳᠠᠯ᠎ᠤᠨ ᠨᠥᠬᠥᠪᠦᠷᠢ ᠥᠭᠭᠦᠨ᠎ᠡ᠃  ᠥᠪᠥᠷ ᠮᠣᠩᠭᠣᠯ᠂  ᠬᠠᠷᠠᠮᠥ᠋ᠷᠡᠨ᠂  ᠬᠤᠨᠠᠨ᠂  ᠭᠤᠸᠠᠩᠰᠢ᠂  ᠬᠠᠢ᠌ᠨᠠᠨ᠂ ᠰᠸᠴᠤᠸᠠᠨ᠂  ᠭᠦᠢ᠍ᠵᠧᠦ᠂  ᠶᠦᠨᠨᠠᠨ᠂  ᠱᠠᠨᠰᠢ᠂  ᠨᠢᠩᠰᠢᠶᠠ ᠵᠡᠷᠭᠡ ᠭᠠᠵᠠᠷ᠎ᠲᠤ ᠦᠢ᠍ᠯᠡᠴᠢᠯᠡᠬᠦ  ᠬᠠᠤᠯᠢᠴᠢ ᠵᠢᠨ ᠰᠠᠢ᠌ᠨ ᠳᠤᠷ᠎ᠠ ᠵᠢᠨ  ᠠᠵᠢᠯᠯᠠᠭᠴᠢ᠎ᠳᠤ ᠰᠠᠷ᠎ᠠ ᠪᠦᠷᠢ ᠵᠢᠨ ᠠᠵᠢᠯ᠎ᠤᠨ ᠵᠠᠷᠤᠳᠠᠯ᠂  ᠠᠯᠪᠠᠨ ᠠᠵᠢᠯ ᠵᠶ᠋ᠠᠷ ᠭᠠᠳᠠᠭᠰᠢ ᠭᠠᠷᠬᠤ᠂  ᠮᠡᠳᠡᠭᠡ ᠬᠣᠯᠪᠣᠭ᠎ᠠ ᠪᠠ ᠪᠢᠴᠢᠭ  ᠳᠠᠷᠤᠮᠠᠯᠯᠠᠯ᠎ᠤᠨ  ᠵᠠᠷᠤᠳᠠᠯ᠎ᠳᠤ ᠬᠥᠮᠥᠨ ᠪᠦᠷᠢ᠎ᠳᠤ 3300 ᠲᠥᠭᠥᠷᠢᠭ᠎ᠤᠨ ᠨᠥᠬᠥᠪᠦᠷᠢ ᠥᠭᠭᠦᠨ᠎ᠡ᠃ 

      2. ᠲᠥᠪᠡᠳ᠎ᠲᠤ  ᠦᠢ᠍ᠯᠡᠴᠢᠯᠡᠬᠦ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠥᠨᠳᠥᠷᠯᠢᠭ᠎ᠤᠨ ᠨᠥᠬᠥᠪᠦᠷᠢ ᠵᠢ ᠬᠥᠮᠥᠨ ᠪᠦᠷᠢ᠎ᠳᠤ ᠵᠢᠯ᠎ᠳᠤ 20000 ᠲᠥᠭᠥᠷᠢᠭ  ᠪᠣᠯᠭ᠋ᠠᠨ (ᠭᠠᠢ᠌ᠯᠢ ᠲᠤᠰᠢᠶᠠᠬᠤ᠎ᠠᠴᠠ ᠡᠮᠦᠨ᠎ᠡ)  ᠨᠡᠮᠡᠭᠳᠡᠭᠦᠯᠦᠨ᠎ᠡ; ᠭᠠᠨᠰᠤ᠂  ᠬᠥᠬᠡᠨᠠᠭᠤᠷ᠂  ᠰᠢᠨᠵᠢᠶᠠᠩ᠎ᠳᠤ ᠦᠢ᠍ᠯᠡᠴᠢᠯᠡᠬᠦ  ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠲᠤᠰᠠᠯᠠᠮᠵᠢ ᠵᠢᠨ ᠨᠥᠬᠥᠪᠦᠷᠢ ᠵᠢ ᠬᠥᠮᠥᠨ ᠪᠦᠷᠢ ᠵᠢᠯ᠎ᠳᠤ 15000 ᠲᠥᠭᠥᠷᠢᠭ  ᠪᠣᠯᠭ᠋ᠠᠨ (ᠭᠠᠢ᠌ᠯᠢ ᠲᠤᠰᠢᠶᠠᠬᠤ᠎ᠠᠴᠠ ᠡᠮᠦᠨ᠎ᠡ)  ᠨᠡᠮᠡᠭᠳᠡᠭᠦᠯᠦᠨ᠎ᠡ᠃ 

      3. ᠳᠤᠮᠳᠠᠳᠤ ᠤᠯᠤᠰ᠎ᠤᠨ ᠬᠠᠤᠯᠢ  ᠴᠠᠭ᠋ᠠᠵᠠ ᠵᠢᠨ ᠲᠤᠰᠠᠯᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠠᠴᠠ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ᠎ᠳᠤ ᠰᠠᠨᠠᠭ᠋ᠠᠨ᠎ᠳᠤ ᠦᠭᠡᠢ ᠭᠡᠮᠲᠦᠯ᠎ᠤᠨ ᠳᠠᠭ᠋ᠠᠳᠬᠠᠯ ᠵᠢᠴᠢ ᠬᠦᠨᠳᠦ ᠡᠪᠡᠳᠴᠢᠨ᠎ᠤ  ᠳᠠᠭ᠋ᠠᠳᠬᠠᠯ᠎ᠢ ᠬᠤᠳᠠᠯᠳᠤᠨ ᠠᠪᠴᠤ ᠥᠭᠭᠦᠨ᠎ᠡ᠃ 

      4. ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠦᠢ᠍ᠯᠡᠴᠢᠯᠡᠬᠦ ᠬᠤᠭᠤᠴᠠᠭ᠋ᠠᠨ᠎ᠳᠤ ᠠᠵᠢᠯ ᠡᠷᠬᠢᠯᠡᠬᠦ ᠪᠠᠢ᠌ᠭᠤᠯᠤᠮᠵᠢ ᠵᠢᠨ ᠪᠠᠢ᠌ᠭ᠎ᠠ ᠭᠠᠵᠠᠷ᠎ᠠᠴᠠ ᠲᠣᠮᠢᠯᠠᠭᠰᠠᠨ ᠦᠢ᠍ᠯᠡᠴᠢᠯᠡᠭᠡᠨ᠎ᠤ ᠭᠠᠵᠠᠷ ᠬᠦᠷᠬᠦ ᠨᠠᠰᠢ ᠴᠠᠰᠢ ᠶᠠᠪᠤᠬᠤ ᠵᠠᠮ᠎ᠤᠨ ᠰᠦᠢ᠍ᠳᠬᠡᠯ᠎ᠢ ᠳᠤᠮᠳᠠᠳᠤ ᠤᠯᠤᠰ᠎ᠤᠨ ᠬᠠᠤᠯᠢ  ᠴᠠᠭ᠋ᠠᠵᠠ ᠵᠢᠨ ᠲᠤᠰᠠᠯᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠠᠴᠠ ᠬᠠᠷᠢᠭᠤᠴᠠᠨ ᠳᠠᠩᠰᠠᠨ᠎ᠠᠴᠠ ᠲᠠᠶ᠋ᠢᠯᠤᠨ᠎ᠠ᠃ 

      5. ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠬᠤᠭᠤᠴᠠᠭ᠋ᠠᠨ᠎ᠳᠤ ᠬᠠᠤᠯᠢᠴᠢ ᠵᠢᠨ ᠨᠡᠢ᠌ᠭᠡᠮᠯᠢᠭ᠎ᠲᠤ  ᠰᠦᠢ᠍ᠳᠬᠡᠯ ᠲᠤᠰᠢᠶᠠᠬᠤ ᠦᠭᠡᠢ᠃  ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ᠎ᠨᠢ ᠨᠢᠭᠡ ᠵᠢᠯ᠎ᠤᠨ ᠰᠠᠢ᠌ᠨ ᠳᠤᠷ᠎ᠠ ᠵᠢᠨ ᠦᠢ᠍ᠯᠡᠴᠢᠯᠡᠭᠡ ᠳᠠᠭᠤᠰᠤᠭᠰᠠᠨ᠎ᠤ ᠲᠠᠷᠠᠭ᠎ᠠ᠂  ᠬᠠᠤᠯᠢᠴᠢ ᠵᠢᠨ ᠨᠡᠢ᠌ᠭᠡᠮᠯᠢᠭ ᠎ᠲᠡᠭᠡᠨ  ᠭᠤᠷᠪᠠᠨ ᠵᠢᠯ ᠰᠦᠢ᠍ᠳᠬᠡᠯ  ᠲᠤᠰᠢᠶᠠᠬᠤ ᠦᠭᠡᠢ ᠬᠠᠷᠠᠭ᠋ᠠᠯᠵᠠᠯ᠎ᠢ  ᠬᠦᠷᠲᠡᠨ᠎ᠡ᠃  ᠦᠷᠭᠦᠯᠵᠢᠯᠡᠨ ᠬᠣᠶᠠᠷ ᠵᠢᠯ᠎ᠠᠴᠠ ᠳᠡᠭᠡᠭᠰᠢ (ᠬᠣᠶᠠᠷ ᠵᠢᠯ ᠪᠠᠭᠲᠠᠨ᠎ᠠ)  ᠦᠢ᠍ᠯᠡᠴᠢᠯᠡᠭᠰᠡᠨ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ᠎ᠨᠢ ᠰᠠᠢ᠌ᠨ ᠳᠤᠷ᠎ᠠ ᠵᠢᠨ ᠦᠢ᠍ᠯᠡᠴᠢᠯᠡᠭᠡ᠎ᠪᠠᠨ ᠳᠠᠭᠤᠰᠬᠠᠭᠰᠠᠨ᠎ᠤ ᠲᠠᠷᠠᠭ᠎ᠠ᠂  ᠰᠠᠢ᠌ᠨ ᠳᠤᠷ᠎ᠠ ᠵᠢᠨ ᠦᠢ᠍ᠯᠡᠴᠢᠯᠡᠭᠡ ᠵᠢ ᠨᠡᠮᠡᠭᠳᠡᠭᠦᠯᠦᠭᠰᠡᠨ ᠵᠢᠯ ᠬᠤᠭᠤᠴᠠᠭ᠎ᠠ᠎ᠪᠠᠷ ᠬᠠᠤᠯᠢᠴᠢ ᠵᠢᠨ ᠨᠡᠢ᠌ᠭᠡᠮᠯᠢᠭ᠎ᠲᠡᠭᠡᠨ  ᠰᠦᠢ᠍ᠳᠬᠡᠯ ᠲᠤᠰᠢᠶᠠᠬᠤ ᠦᠭᠡᠢ ᠬᠠᠷᠠᠭ᠋ᠠᠯᠵᠠᠯ᠎ᠢ ᠦᠷᠭᠦᠯᠵᠢᠯᠡᠨ ᠬᠦᠷᠲᠡᠵᠦ ᠪᠣᠯᠣᠨ᠎ᠠ᠃ 

      6. ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠤᠨ ᠨᠥᠬᠥᠪᠦᠷᠢ᠎ᠠᠴᠠ ᠭᠠᠳᠠᠨ᠎ᠠ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠠᠴᠠ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠨᠢᠭᠡᠪᠦᠷᠢ᠎ᠳᠤ ᠳᠠᠬᠢᠨ ᠬᠥᠮᠥᠨ ᠪᠦᠷᠢ᠎ᠳᠤ ᠵᠢᠯ ᠪᠦᠷᠢ 3 ᠲᠦᠮᠡᠨ ᠲᠥᠭᠥᠷᠢᠭ᠎ᠤᠨ ᠨᠥᠬᠥᠪᠦᠷᠢ ᠣᠯᠭᠣᠨ᠎ᠠ᠃  ᠡᠭᠦᠨ᠎ᠤ ᠬᠠᠮᠲᠤ ᠡᠯ᠎ᠡ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠂  ᠬᠠᠤᠯᠢᠴᠢ ᠵᠢᠨ ᠨᠡᠢ᠌ᠭᠡᠮᠯᠢᠭ᠎ᠨᠢ ᠪᠠᠰᠠ ᠪᠠᠢ᠌ᠳᠠᠯ᠎ᠢ᠎ᠨᠢ ᠦᠵᠡᠵᠦ ᠪᠠᠢ᠌ᠭ᠋ᠠᠳ ᠵᠣᠬᠢᠬᠤ ᠨᠥᠬᠥᠪᠦᠷᠢ ᠪᠤᠶᠤ ᠬᠠᠷᠠᠭ᠋ᠠᠯᠵᠠᠯ᠎ᠤᠨ ᠲᠥᠷᠥ ᠵᠢᠨ ᠪᠣᠳᠣᠯᠭ᠎ᠠ ᠣᠯᠭᠣᠵᠤ ᠪᠣᠯᠣᠨ᠎ᠠ᠃ 

      (ᠬᠣᠶᠠᠷ)  ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ᠂  ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ

      1. ᠲᠥᠪᠡᠳ᠂  ᠭᠠᠨᠰᠤ᠂  ᠬᠥᠬᠡᠨᠠᠭᠤᠷ᠂  ᠰᠢᠨᠵᠢᠶᠠᠩ ᠵᠡᠷᠭᠡ ᠭᠠᠵᠠᠷ᠎ᠲᠤ ᠦᠢ᠍ᠯᠡᠴᠢᠯᠡᠬᠦ  ᠰᠠᠢ᠌ᠨ ᠳᠤᠷ᠎ᠠ ᠵᠢᠨ  ᠠᠵᠢᠯᠯᠠᠭᠴᠢ᠎ᠳᠤ ᠦᠢ᠍ᠯᠡᠴᠢᠯᠡᠭᠡᠨ᠎ᠤ ᠵᠠᠷᠤᠳᠠᠯ  ᠬᠥᠮᠥᠨ ᠪᠦᠷᠢ᠎ᠳᠤ ᠰᠠᠷ᠎ᠠ᠎ᠳᠤ 2300 ᠲᠥᠭᠥᠷᠢᠭ᠎ᠤᠨ ᠨᠥᠬᠥᠪᠦᠷᠢ ᠥᠭᠭᠦᠨ᠎ᠡ᠃  ᠥᠪᠥᠷ ᠮᠣᠩᠭᠣᠯ᠂  ᠬᠠᠷᠠᠮᠥ᠋ᠷᠡᠨ᠂  ᠬᠤᠨᠠᠨ᠂  ᠭᠤᠸᠠᠩᠰᠢ᠂  ᠬᠠᠢ᠌ᠨᠠᠨ᠂ ᠰᠸᠴᠤᠸᠠᠨ᠂  ᠭᠦᠢ᠍ᠵᠧᠦ᠂  ᠶᠦᠨᠨᠠᠨ᠂  ᠱᠠᠨᠰᠢ᠂  ᠨᠢᠩᠰᠢᠶᠠ ᠵᠡᠷᠭᠡ ᠭᠠᠵᠠᠷ᠎ᠲᠤ ᠦᠢ᠍ᠯᠡᠴᠢᠯᠡᠬᠦ ᠰᠠᠢ᠌ᠨ ᠳᠤᠷ᠎ᠠ ᠵᠢᠨ ᠠᠵᠢᠯᠯᠠᠭᠴᠢ᠎ᠳᠤ ᠦᠢ᠍ᠯᠡᠴᠢᠯᠡᠭᠡᠨ᠎ᠤ ᠰᠦᠢ᠍ᠳᠬᠡᠯ᠎ᠤᠨ ᠨᠥᠬᠥᠪᠦᠷᠢ  ᠬᠥᠮᠥᠨ ᠪᠦᠷᠢ᠎ᠳᠤ ᠰᠠᠷ᠎ᠠ᠎ᠳᠤ 2000 ᠲᠥᠭᠥᠷᠢᠭ ᠪᠣᠯᠣᠨ᠎ᠠ᠃ 

      2. ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠠᠴᠠ  ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ᠂  ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ  ᠠᠵᠢᠯᠲᠠᠨ᠎ᠳᠤ ᠰᠠᠨᠠᠭ᠋ᠠᠨ᠎ᠳᠤ ᠦᠭᠡᠢ ᠭᠡᠮᠲᠦᠯ᠎ᠤᠨ ᠳᠠᠭ᠋ᠠᠳᠬᠠᠯ  ᠬᠤᠳᠠᠯᠳᠤᠨ ᠠᠪᠴᠤ ᠥᠭᠭᠦᠨ᠎ᠡ᠃ 

      3. ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠤ ᠪᠠᠢ᠌ᠭ᠎ᠠ ᠭᠠᠵᠠᠷ᠎ᠲᠤ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯ ᠲᠦᠷᠦᠯ᠎ᠤᠨ ᠨᠡᠢ᠌ᠭᠡᠮᠯᠢᠭ ᠪᠠᠢ᠌ᠪᠠᠯ᠂  ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠬᠠᠤᠯᠢᠴᠢ ᠵᠢᠨ  ᠨᠡᠢ᠌ᠭᠡᠮᠯᠢᠭ᠎ᠲᠡᠭᠡᠨ  ᠰᠦᠢ᠍ᠳᠬᠡᠯ  ᠲᠤᠰᠢᠶᠠᠬᠤ ᠦᠭᠡᠢ᠎ᠪᠠᠷ ᠯᠠᠪᠯᠠᠯᠲᠠ  ᠪᠣᠯᠭ᠋ᠠᠨ᠎ᠠ᠃ 

      ᠳᠥᠷᠪᠡ᠂  ᠡᠯᠰᠡᠬᠦ ᠲᠠᠰ ᠳᠠᠷᠠᠭ᠋ᠠᠯᠠᠯ ᠪᠠ ᠱᠠᠭ᠋ᠠᠷᠳᠠᠯᠭ᠎ᠠ

      (ᠨᠢᠭᠡ)  ᠨᠡᠷ᠎ᠡ ᠮᠡᠳᠡᠭᠦᠯᠬᠦ ᠮᠠᠲ᠋ᠧᠷᠢᠶᠠᠯ᠎ᠢ ᠬᠢᠨᠠᠨ  ᠬᠠᠷᠭᠤᠭᠤᠯᠬᠤ᠃  ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠎ᠨᠢ ᠰᠠᠭᠤᠭ᠎ᠠ ᠠᠢ᠌ᠮᠠᠭ ᠬᠣᠲᠠ ᠪᠤᠶᠤ ᠬᠣᠰᠢᠭᠤ ᠰᠢᠶᠠᠨ (ᠲᠣᠭᠣᠷᠢᠭ)᠎ᠤ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠬᠠᠤᠯᠢᠴᠢ ᠵᠢᠨ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠨᠡᠷ᠎ᠡ ᠮᠡᠳᠡᠭᠦᠯᠵᠦ᠂  ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ ᠎ᠨᠢ ᠰᠠᠭᠤᠭ᠎ᠠ ᠠᠢ᠌ᠮᠠᠭ ᠬᠣᠲᠠ ᠪᠤᠶᠤ ᠬᠣᠰᠢᠭᠤ ᠰᠢᠶᠠᠨ (ᠲᠣᠭᠣᠷᠢᠭ)᠎ᠤ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠠᠷᠠᠳ ᠲᠦᠮᠡᠨ᠎ᠤ ᠬᠠᠤᠯᠢ᠎ᠪᠠᠷ ᠵᠠᠰᠠᠬᠤ᠎ᠳᠤ ᠣᠷᠣᠯᠴᠠᠬᠤ ᠪᠠ  ᠠᠬᠢᠭᠤᠯᠬᠤ ᠰᠠᠯᠠᠭ᠎ᠠ ᠮᠥᠴᠢᠷ᠎ᠲᠤ ᠨᠡᠷ᠎ᠡ ᠮᠡᠳᠡᠭᠦᠯᠵᠦ᠂  ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ ᠰᠠᠭᠤᠭ᠎ᠠ ᠭᠠᠵᠠᠷ᠎ᠤᠨ ᠬᠠᠤᠯᠢ ᠴᠠᠭ᠋ᠠᠵᠠ ᠵᠢᠨ ᠲᠣᠪᠴᠢᠶ᠎ᠠ ᠵᠢᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠬᠠᠮᠢᠶᠠᠷᠤᠯᠲᠠ ᠵᠢᠨ ᠪᠠᠢ᠌ᠭᠤᠯᠤᠮᠵᠢ᠎ᠳᠤ ᠨᠡᠷ᠎ᠡ ᠮᠡᠳᠡᠭᠦᠯᠦᠨ᠎ᠡ᠃  ᠨᠡᠷ᠎ᠡ ᠮᠡᠳᠡᠭᠦᠯᠬᠦ ᠬᠦᠰᠦᠨᠦᠭᠲᠦ (ᠳᠠᠭ᠋ᠠᠯᠳᠤᠭᠤᠯᠤᠯ 1᠂ 2᠂ 3 ᠵᠢ ᠦᠵᠡ) ᠵᠢ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶ᠎ᠠ᠎ᠠᠴᠠ ᠭᠠᠷ᠎ᠤᠨ ᠥᠰᠥᠭ ᠵᠢᠷᠤᠬᠤ ᠵᠢᠨ ᠬᠠᠮᠲᠤ ᠲᠠᠮᠠᠭ᠎ᠠ᠎ᠪᠠᠨ ᠳᠠᠷᠤᠭᠰᠠᠨ᠎ᠤ ᠳᠠᠷᠠᠭ᠎ᠠ᠂  ᠪᠡᠶ᠎ᠡ ᠵᠢᠨ ᠦᠨᠡᠮᠯᠡᠯ᠂  ᠠᠵᠢᠯ ᠡᠷᠭᠢᠯᠡᠬᠦ ᠦᠨᠡᠮᠯᠡᠯ᠂  ᠨᠡᠢ᠌ᠭᠡᠮ᠎ᠤᠨ ᠳᠠᠭ᠋ᠠᠳᠬᠠᠯ᠎ᠤᠨ ᠲᠤᠰᠢᠶᠠᠭᠰᠠᠨ ᠭᠡᠷᠡᠴᠢ ᠪᠤᠶᠤ ᠡᠮᠴᠢᠯᠡᠭᠡᠨ᠎ᠤ ᠳᠠᠭ᠋ᠠᠳᠬᠠᠯ᠎ᠤᠨ ᠰᠦᠢ᠍ᠳᠬᠡᠯ ᠲᠤᠰᠢᠶᠠᠭᠰᠠᠨ ᠭᠡᠷᠡᠴᠢ ᠪᠠᠷᠢᠮᠲᠠ ᠵᠢᠨ ᠬᠠᠭᠤᠯᠪᠤᠷᠢ (ᠨᠢᠭᠡ ᠬᠡᠯᠪᠡᠷᠢ ᠵᠢᠨ ᠭᠤᠷᠪᠠᠨ ᠬᠤᠪᠢ)᠎ᠲᠠᠢ ᠬᠠᠮᠲᠤ᠎ᠳᠤᠨᠢ 6  ᠰᠠᠷ᠎ᠠ ᠵᠢᠨ 13᠎ᠤ ᠡᠳᠦᠷ᠎ᠠᠴᠠ ᠡᠮᠦᠨ᠎ᠡ ᠨᠢᠭᠡᠳᠦᠯᠲᠡᠢ ᠮᠡᠳᠡᠭᠦᠯᠦᠨ ᠬᠦᠷᠭᠡᠨ᠎ᠡ᠃  ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢᠴᠢ ᠵᠢᠨ ᠠᠵᠢᠯ᠎ᠤᠨ ᠭᠠᠵᠠᠷ᠎ᠲᠤ ᠮᠡᠳᠡᠭᠦᠯᠦᠨ ᠬᠦᠷᠭᠡᠵᠦ᠂  ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠠᠷᠠᠳ ᠲᠦᠮᠡᠨ  ᠬᠠᠤᠯᠢ᠎ᠪᠠᠷ ᠵᠠᠰᠠᠬᠤ᠎ᠳᠤ ᠣᠷᠣᠯᠴᠠᠬᠤ ᠪᠠ  ᠠᠬᠢᠭᠤᠯᠬᠤ ᠭᠠᠵᠠᠷ᠎ᠲᠤ ᠮᠡᠳᠡᠭᠦᠯᠦᠨ ᠬᠦᠷᠭᠡᠵᠦ᠂  ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ ᠵᠢ ᠥᠪᠡᠷᠲᠡᠭᠡᠨ ᠵᠠᠰᠠᠬᠤ ᠣᠷᠣᠨ᠎ᠤ ᠬᠠᠤᠯᠢ  ᠴᠠᠭ᠋ᠠᠵᠠ ᠵᠢᠨ ᠲᠤᠰᠠᠯᠠᠮᠵᠢ ᠵᠢᠨ ᠲᠥᠪ᠎ᠲᠤ ᠮᠡᠳᠡᠭᠦᠯᠦᠨ ᠬᠦᠷᠭᠡᠨ᠎ᠡ᠃

      (ᠬᠣᠶᠠᠷ)  ᠰᠠᠢ᠌ᠨ ᠳᠤᠷ᠎ᠠ ᠵᠢᠨ ᠠᠵᠢᠯᠯᠠᠭᠴᠢ ᠵᠢᠨ ᠨᠡᠷᠡᠰ᠎ᠢ ᠬᠢᠨᠠᠨ ᠬᠠᠷᠭᠤᠭᠤᠯᠵᠤ  ᠨᠤᠲᠠᠯᠠᠬᠤ᠃  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢᠴᠢ ᠵᠢᠨ ᠠᠵᠢᠯ᠎ᠤᠨ ᠭᠠᠵᠠᠷ᠂  ᠠᠷᠠᠳ ᠲᠦᠮᠡᠨ  ᠬᠠᠤᠯᠢ᠎ᠪᠠᠷ ᠵᠠᠰᠠᠬᠤ᠎ᠳᠤ ᠣᠷᠣᠯᠴᠠᠬᠤ ᠪᠠ  ᠠᠬᠢᠭᠤᠯᠬᠤ ᠭᠠᠵᠠᠷ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ ᠎ᠠᠴᠠ  ᠵᠣᠬᠢᠶᠠᠨ ᠪᠠᠢ᠌ᠭᠤᠯᠤᠨ᠂ ᠡᠯ᠎ᠡ ᠠᠢ᠌ᠮᠠᠭ ᠬᠣᠲᠠ ᠵᠢᠨ ᠳᠡᠭᠡᠭᠰᠢ ᠮᠡᠳᠡᠭᠦᠯᠦᠭᠰᠡᠨ ᠰᠠᠢ᠌ᠨ ᠳᠤᠷ᠎ᠠ ᠵᠢᠨ  ᠠᠵᠢᠯᠯᠠᠭᠴᠢ᠎ᠳᠤ ᠠᠩᠬ᠎ᠠ ᠠᠯᠬᠤᠮ᠎ᠤᠨ ᠬᠢᠨᠠᠨ ᠬᠠᠷᠭᠤᠭᠤᠯᠤᠯᠲᠠ ᠬᠢᠬᠦ ᠵᠢᠨ ᠬᠠᠮᠲᠤ ᠰᠠᠢ᠌ᠨ ᠳᠤᠷ᠎ᠠ ᠵᠢᠨ  ᠠᠵᠢᠯᠯᠠᠭᠴᠢ ᠵᠢᠨ ᠨᠡᠷᠡᠰ᠎ᠢ ᠨᠤᠲᠠᠯᠠᠨ ᠲᠣᠭᠲᠠᠭ᠋ᠠᠵᠤ᠂ 6  ᠰᠠᠷ᠎ᠠ ᠵᠢᠨ 17᠎ᠤ ᠡᠳᠦᠷ᠎ᠠᠴᠠ ᠡᠮᠦᠨ᠎ᠡ ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠭᠤᠷᠢ ᠮᠥᠩᠭᠥᠨ᠎ᠤ  ᠨᠡᠢ᠌ᠭᠡᠮᠯᠢᠭ᠎ᠲᠤ ᠮᠡᠳᠡᠭᠦᠯᠦᠨ ᠬᠦᠷᠭᠡᠨ᠎ᠡ᠃ 

      (ᠭᠤᠷᠪᠠ)  ᠪᠡᠶ᠎ᠡ ᠵᠢᠨ ᠪᠠᠢ᠌ᠴᠠᠭ᠋ᠠᠯᠲᠠ ᠬᠢᠬᠦ ᠪᠠ ᠬᠡᠯᠡᠯᠴᠡᠭᠡᠷ ᠲᠣᠭᠲᠠᠭ᠋ᠠᠬᠤ᠃  ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠤᠨ ᠬᠢᠨᠠᠨ ᠬᠠᠷᠭᠤᠭᠤᠯᠵᠤ ᠨᠤᠲᠠᠯᠠᠭᠰᠠᠨ ᠰᠠᠢ᠌ᠨ ᠳᠤᠷ᠎ᠠ ᠵᠢᠨ ᠠᠵᠢᠯᠯᠠᠭᠴᠢ ᠵᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢᠴᠢ ᠵᠢᠨ ᠠᠵᠢᠯ᠎ᠤᠨ ᠭᠠᠵᠠᠷ᠂  ᠠᠷᠠᠳ ᠲᠦᠮᠡᠨ ᠬᠠᠤᠯᠢ᠎ᠪᠠᠷ ᠵᠠᠰᠠᠬᠤ᠎ᠳᠤ ᠣᠷᠣᠯᠴᠠᠬᠤ ᠪᠠ  ᠠᠬᠢᠭᠤᠯᠬᠤ ᠭᠠᠵᠠᠷ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ᠎ᠠᠴᠠ ᠵᠣᠬᠢᠶᠠᠨ ᠪᠠᠢ᠌ᠭᠤᠯᠵᠤ ᠪᠡᠶ᠎ᠡ ᠵᠢᠨ ᠪᠠᠢ᠌ᠴᠠᠭ᠋ᠠᠯᠲᠠ ᠬᠢᠨ᠎ᠡ (ᠪᠡᠶ᠎ᠡ ᠵᠢᠨ ᠪᠠᠢ᠌ᠴᠠᠭ᠋ᠠᠯᠲᠠ ᠵᠢᠨ ᠪᠠᠷᠢᠮᠵᠢᠶ᠎ᠠ ᠵᠢ ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ  ᠲᠤᠰᠠᠯᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ᠎ᠤᠨ ᠠᠯᠪᠠᠨ ᠰᠦᠯᠵᠢᠶ᠎ᠡ᠎ᠳᠤ ᠦᠵᠡᠭᠡᠷᠡᠢ)  ᠪᠡᠶ᠎ᠡ ᠵᠢᠨ ᠪᠠᠢ᠌ᠴᠠᠭ᠋ᠠᠯᠲᠠ᠎ᠳᠤ ᠬᠢᠷᠢ ᠲᠡᠩᠴᠡᠭᠰᠡᠨ ᠰᠠᠢ᠌ᠨ ᠳᠤᠷ᠎ᠠ ᠵᠢᠨ ᠠᠵᠢᠯᠯᠠᠭᠴᠢ᠎ᠨᠢ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢᠴᠢ ᠵᠢᠨ ᠠᠵᠢᠯ᠎ᠤᠨ ᠭᠠᠵᠠᠷ᠂  ᠠᠷᠠᠳ ᠲᠦᠮᠡᠨ  ᠬᠠᠤᠯᠢ᠎ᠪᠠᠷ ᠵᠠᠰᠠᠬᠤ᠎ᠳᠤ ᠣᠷᠣᠯᠴᠠᠬᠤ ᠪᠠ ᠠᠬᠢᠭᠤᠯᠬᠤ ᠭᠠᠵᠠᠷ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ᠎ᠯᠦᠭᠡ 《ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ  ᠬᠡᠯᠡᠯᠴᠡᠭᠡᠷ᠎ᠤᠨ ᠪᠢᠴᠢᠭ》᠎ᠢ ᠲᠣᠭᠲᠠᠨ᠎ᠠ᠃  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢᠴᠢ ᠵᠢᠨ ᠠᠵᠢᠯ᠎ᠤᠨ ᠭᠠᠵᠠᠷ᠂  ᠠᠷᠠᠳ ᠲᠦᠮᠡᠨ  ᠬᠠᠤᠯᠢ᠎ᠪᠠᠷ ᠵᠠᠰᠠᠬᠤ᠎ᠳᠤ ᠣᠷᠣᠯᠴᠠᠬᠤ ᠪᠠ ᠠᠬᠢᠭᠤᠯᠬᠤ ᠭᠠᠵᠠᠷ᠂  ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ᠎ᠠᠴᠠ 7  ᠰᠠᠷ᠎ᠠ ᠵᠢᠨ 15᠎ᠤ ᠡᠳᠦᠷ᠎ᠠᠴᠠ ᠡᠮᠦᠨ᠎ᠡ᠂  ᠰᠠᠢ᠌ᠨ ᠳᠤᠷ᠎ᠠ ᠵᠢᠨ ᠠᠵᠢᠯᠯᠠᠭᠴᠢ ᠵᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠬᠡᠯᠡᠯᠴᠡᠭᠡᠷ᠎ᠤᠨ ᠪᠢᠴᠢᠭ ᠪᠠ ᠪᠡᠶ᠎ᠡ ᠵᠢᠨ ᠪᠠᠢ᠌ᠴᠠᠭ᠋ᠠᠯᠲᠠ ᠵᠢᠨ ᠮᠡᠳᠡᠭᠦᠯᠦᠯᠲᠡ ᠵᠢ ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠭᠤᠷᠢ  ᠮᠥᠩᠭᠥᠨ᠎ᠤ ᠨᠡᠢ᠌ᠭᠡᠮᠯᠢᠭ᠎ᠲᠤ ᠰᠢᠤᠳᠠᠨ ᠵᠶ᠋ᠠᠷ ᠢᠯᠡᠭᠡᠨ᠎ᠡ᠃ 

      (ᠳᠥᠷᠪᠡ) ᠲᠥᠪᠯᠡᠷᠡᠭᠦᠯᠦᠨ ᠪᠣᠯᠪᠠᠰᠤᠷᠠᠭᠤᠯᠬᠤ ᠪᠠ ᠲᠣᠮᠢᠯᠠᠨ ᠠᠵᠢᠯ᠎ᠤᠨ ᠪᠠᠢ᠌ᠷᠢ᠎ᠳᠤ ᠭᠠᠷᠭ᠋ᠠᠬᠤ᠃  ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠭᠤᠷᠢ ᠮᠥᠩᠭᠥᠨ᠎ᠤ ᠨᠡᠢ᠌ᠭᠡᠮᠯᠢᠭ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢ ᠵᠣᠬᠢᠶᠠᠨ ᠪᠠᠢ᠌ᠭᠤᠯᠵᠤ ᠪᠣᠯᠪᠠᠰᠤᠷᠠᠯ᠎ᠳᠤ ᠣᠷᠣᠯᠴᠠᠭᠤᠯᠬᠤ ᠵᠢᠨ ᠬᠠᠮᠲᠤ ᠰᠠᠢ᠌ᠨ ᠳᠤᠷ᠎ᠠ ᠵᠢᠨ ᠠᠵᠢᠯᠯᠠᠭᠴᠢ᠎ᠳᠤ 《ᠲᠣᠮᠢᠯᠠᠬᠤ  ᠮᠡᠳᠡᠭᠳᠡᠯ》᠎ᠢ ᠲᠠᠷᠬᠠᠭ᠋ᠠᠨ ᠥᠭᠭᠦᠨ᠎ᠡ᠃ 

      ᠲᠠᠪᠤ᠂  ᠰᠠᠢ᠌ᠨ ᠳᠤᠷ᠎ᠠ ᠵᠢᠨ ᠠᠵᠢᠯᠯᠠᠭᠴᠢ ᠵᠢ ᠲᠣᠮᠢᠯᠠᠬᠤ

      (ᠨᠢᠭᠡ)  ᠡᠯ᠎ᠡ ᠲᠥᠷᠥᠯ ᠵᠦᠢ᠍ᠯ᠎ᠢ ᠬᠡᠷᠡᠭᠵᠢᠭᠦᠯᠬᠦ ᠭᠠᠵᠠᠷ᠎ᠤᠨ ᠬᠡᠷᠡᠭᠴᠡᠭᠡ ᠱᠠᠭ᠋ᠠᠷᠳᠠᠯᠭ᠎ᠠ ᠪᠠ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢᠨ ᠬᠦᠰᠡᠯ ᠰᠠᠨᠠᠭ᠎ᠠ ᠵᠢ ᠦᠨᠳᠦᠰᠦᠯᠡᠨ᠂  ᠡᠷᠬᠡ ᠲᠡᠭᠰᠢ ᠰᠠᠢ᠌ᠨ ᠳᠤᠷ᠎ᠠ ᠵᠢᠨ᠂  ᠬᠣᠶᠠᠷ ᠲᠠᠯ᠎ᠠ᠎ᠪᠠᠷ ᠵᠶ᠋ᠠᠨ ᠰᠣᠩᠭᠣᠭᠰᠠᠨ ᠰᠠᠭᠤᠷᠢᠨ ᠳᠡᠭᠡᠷ᠎ᠡ᠂  ᠰᠠᠢ᠌ᠨ ᠳᠤᠷ᠎ᠠ ᠵᠢᠨ ᠠᠵᠢᠯᠯᠠᠭᠴᠢ ᠵᠢᠨ ᠦᠢ᠍ᠯᠡᠴᠢᠯᠡᠭᠡᠨ᠎ᠤ ᠠᠵᠢᠯ᠎ᠤᠨ ᠪᠠᠢ᠌ᠷᠢ ᠪᠠ ᠠᠵᠢᠯ᠎ᠤᠨ ᠪᠠᠢ᠌ᠷᠢ᠎ᠳᠤ ᠭᠠᠷᠬᠤ ᠴᠠᠭ᠎ᠢ ᠲᠣᠬᠢᠷᠠᠭᠤᠯᠤᠨ ᠲᠣᠭᠲᠠᠭ᠋ᠠᠨ᠎ᠠ᠃ 

      (ᠬᠣᠶᠠᠷ)  ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ᠎ᠨᠢ ᠲᠤᠰ ᠮᠤᠵᠢ (ᠣᠷᠣᠨ᠂  ᠬᠤᠳᠠ) ᠵᠢᠨ ᠳᠣᠲᠣᠷ᠎ᠠ᠎ᠪᠠᠨ ᠦᠢ᠍ᠯᠡᠴᠢᠯᠡᠵᠦ  ᠪᠣᠯᠬᠤ ᠦᠭᠡᠢ᠃  ᠨᠢᠭᠡ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠲᠣᠮᠢᠯᠠᠬᠤ ᠪᠦᠷᠢ ᠵᠣᠬᠢᠴᠠᠩᠭᠤᠢ᠎ᠪᠠᠷ ᠨᠢᠭᠡ ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ ᠪᠤᠶᠤ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠢ ᠲᠣᠮᠢᠯᠠᠵᠤ᠂  ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ  ᠬᠠᠮᠲᠤᠪᠠᠷ ᠥᠷᠨᠢᠭᠦᠯᠦᠨ᠎ᠡ᠃ 

      (ᠭᠤᠷᠪᠠ)  ᠡᠯ᠎ᠡ ᠠᠢ᠌ᠮᠠᠭ ᠬᠤᠳᠠ ᠰᠠᠢ᠌ᠨ ᠳᠤᠷ᠎ᠠ ᠵᠢᠨ  ᠠᠵᠢᠯᠯᠠᠭᠴᠢ ᠵᠢ ᠢᠳᠡᠪᠬᠢᠲᠡᠢ᠎ᠪᠠᠷ ᠰᠢᠯᠢᠨ ᠰᠣᠩᠭᠣᠵᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠢ᠌ᠨ ᠳᠤᠷ᠎ᠠ ᠵᠢᠨ ᠦᠢ᠍ᠯᠡᠴᠢᠯᠡᠭᠡᠨ᠎ᠤ ᠠᠵᠢᠯ᠎ᠳᠤ ᠣᠷᠣᠯᠴᠠᠭᠤᠯᠬᠤ ᠬᠡᠷᠡᠭᠲᠡᠢ᠃  ᠵᠠᠷᠴᠢᠮ ᠳᠡᠭᠡᠷ᠎ᠡ᠎ᠪᠠᠨ ᠠᠢ᠌ᠮᠠᠭ ᠬᠣᠲᠠ ᠨᠢᠭᠡᠪᠦᠷᠢ ᠵᠢ 1—2 ᠨᠡᠷᠡᠰ ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢ ᠮᠡᠳᠡᠭᠦᠯᠦᠨ ᠬᠦᠷᠭᠡᠵᠦ᠂  ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢ ᠰᠣᠩᠭᠣᠨ ᠳᠡᠪᠰᠢᠭᠦᠯᠦᠭᠡᠳ ᠠᠮᠵᠢᠯᠲᠠ ᠣᠯᠣᠭᠰᠠᠨ ᠠᠢ᠌ᠮᠠᠭ ᠬᠣᠲᠠ ᠵᠢ ᠵᠢᠯ᠎ᠤᠨ ᠡᠴᠦᠰ᠎ᠤᠨ ᠬᠠᠤᠯᠢᠴᠢ ᠵᠢᠨ ᠠᠵᠢᠯ᠎ᠤᠨ ᠬᠢᠨᠠᠨ ᠰᠢᠯᠭ᠋ᠠᠯᠲᠠ᠎ᠳᠤ ᠬᠤᠪᠢ ᠨᠡᠮᠡᠬᠦ ᠵᠦᠢ᠍ᠯ  ᠪᠣᠯᠭ᠋ᠠᠨ ᠪᠣᠳᠣᠯᠬᠢᠯᠠᠨ᠎ᠠ᠃ 

      ᠵᠢᠷᠭᠤᠭ᠎ᠠ᠂  ᠠᠵᠢᠯ᠎ᠤᠨ ᠱᠠᠭ᠋ᠠᠷᠳᠠᠯᠭ᠎ᠠ

      (ᠨᠢᠭᠡ)  ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂  ᠡᠯᠰᠡᠬᠦ ᠶᠠᠰᠤ ᠴᠢᠨᠠᠷ᠎ᠤᠨ ᠪᠣᠭᠣᠮᠲᠠ ᠵᠢ ᠴᠢᠩᠭ᠎ᠠ ᠠᠳᠬᠤᠬᠤ ᠬᠡᠷᠡᠭᠲᠡᠢ᠃  ᠡᠯ᠎ᠡ ᠠᠢ᠌ᠮᠠᠭ ᠬᠣᠲᠠ  ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂  ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠂  ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠵᠶ᠋ᠠᠨ ᠲᠣᠳᠣᠷᠬᠠᠢ᠌ᠯᠠᠵᠤ᠂  ᠲᠥᠷᠥᠯ ᠵᠦᠢ᠍ᠯ᠎ᠤᠨ ᠤᠷᠤᠭᠰᠢᠲᠠᠢ ᠶᠠᠪᠤᠭᠳᠠᠬᠤ ᠵᠢ ᠦᠨᠡᠨᠬᠦ ᠪᠠᠲᠤᠯᠠᠬᠤ ᠬᠡᠷᠡᠭᠲᠡᠢ᠃  ᠡᠯᠰᠡᠬᠦ ᠶᠠᠰᠤ ᠴᠢᠨᠠᠷ᠎ᠤᠨ ᠪᠣᠭᠣᠮᠲᠠ ᠵᠢ ᠴᠢᠩᠭ᠎ᠠ ᠠᠳᠬᠤᠵᠤ᠂  ᠥᠨᠳᠥᠷ ᠬᠡᠪ ᠪᠣᠯᠪᠠᠰᠤᠷᠠᠯ᠎ᠲᠠᠢ᠂  ᠥᠨᠳᠥᠷ ᠬᠢᠷᠢ ᠲᠦᠪᠰᠢᠨ᠎ᠲᠠᠢ ᠪᠠ ᠥᠨᠳᠥᠷ  ᠬᠡᠪ ᠪᠣᠯᠪᠠᠰᠤᠷᠠᠯ᠎ᠲᠠᠢ ᠰᠠᠢ᠌ᠨ ᠳᠤᠷ᠎ᠠ ᠵᠢᠨ ᠠᠵᠢᠯᠯᠠᠭᠴᠢ ᠵᠢ ᠰᠢᠯᠢᠨ ᠰᠣᠩᠭᠣᠵᠤ 《1+1》 ᠵᠢᠨ ᠠᠵᠢᠯᠯᠠᠭ᠎ᠠ᠎ᠳᠤ ᠣᠷᠣᠯᠴᠠᠭᠤᠯᠬᠤ ᠵᠢ ᠦᠨᠡᠨᠬᠦ ᠪᠠᠲᠤᠯᠠᠬᠤ ᠬᠡᠷᠡᠭᠲᠡᠢ᠃  ᠰᠠᠢ᠌ᠨ ᠳᠤᠷ᠎ᠠ ᠵᠢᠨ ᠠᠵᠢᠯᠯᠠᠭᠴᠢ ᠵᠢ ᠰᠢᠯᠢᠨ ᠰᠣᠩᠭᠣᠬᠤ᠎ᠳᠠᠭᠠᠨ ᠠᠵᠢᠯ ᠡᠷᠬᠢᠯᠡᠭᠰᠡᠨ ᠨᠠᠮᠲᠠᠷ᠂  ᠶᠡᠷᠦᠳᠡ ᠵᠢᠨ ᠢᠯᠡᠷᠡᠯ᠂  ᠠᠵᠢᠯ᠎ᠤᠨ ᠴᠢᠳᠠᠪᠤᠷᠢ᠂  ᠬᠠᠮᠲᠤ ᠠᠵᠢᠯᠯᠠᠭᠴᠢ ᠵᠢᠨ ᠦᠨᠡᠯᠡᠯᠲᠡ᠂  ᠠᠵᠢᠯ᠎ᠤᠨ ᠴᠢᠯᠦᠭᠡᠨ᠎ᠤ ᠳᠤᠷ᠎ᠠ ᠰᠣᠨᠢᠷᠬᠠᠯ᠂  ᠠᠵᠤ ᠠᠬᠤᠢ ᠵᠢᠨ ᠨᠥᠬᠥᠴᠡᠯ ᠵᠡᠷᠭᠡ ᠯᠠᠪᠯᠠᠯᠲᠠ ᠵᠢᠨ ᠭᠦᠢ᠍ᠴᠡᠳᠬᠡᠬᠦ ᠲᠣᠭ᠎ᠠ ᠵᠢ ᠨᠡᠮᠡᠭᠳᠡᠭᠦᠯᠵᠦ᠂  ᠨᠡᠷ᠎ᠡ ᠮᠡᠳᠡᠭᠦᠯᠦᠭᠴᠢ ᠵᠢᠨ ᠶᠡᠷᠦᠩᠬᠡᠢ ᠬᠡᠪ ᠴᠢᠨᠠᠷ᠎ᠢ ᠰᠢᠯᠭ᠋ᠠᠨ ᠦᠨᠡᠯᠡᠬᠦ ᠵᠢ  ᠴᠢᠩᠭ᠋ᠠᠳᠬᠠᠬᠤ ᠬᠡᠷᠡᠭᠲᠡᠢ᠃ 

      (ᠬᠣᠶᠠᠷ)  ᠮᠡᠳᠡᠭᠡ ᠵᠠᠩᠭᠢ ᠵᠢ ᠬᠢᠨᠠᠨ ᠬᠠᠷᠭᠤᠭᠤᠯᠬᠤ ᠪᠠ ᠪᠡᠶ᠎ᠡ ᠵᠢᠨ ᠪᠠᠢ᠌ᠴᠠᠭ᠋ᠠᠯᠲᠠ ᠵᠢᠨ ᠠᠵᠢᠯ᠎ᠢ ᠰᠠᠢ᠌ᠲᠤᠷ ᠬᠢᠬᠦ ᠬᠡᠷᠡᠭᠲᠡᠢ᠃  ᠮᠡᠳᠡᠭᠡ ᠵᠠᠩᠭᠢ ᠵᠢ ᠬᠢᠨᠠᠨ ᠬᠠᠷᠭᠤᠭᠤᠯᠬᠤ ᠪᠠ ᠪᠡᠶ᠎ᠡ ᠵᠢᠨ ᠪᠠᠢ᠌ᠴᠠᠭ᠋ᠠᠯᠲᠠ ᠬᠢᠬᠦ ᠪᠣᠯ ᠡᠯᠰᠡᠬᠦ ᠠᠵᠢᠯ᠎ᠤᠨ ᠴᠢᠬᠤᠯᠠ ᠭᠣᠭᠴᠣᠭ᠎ᠠ ᠮᠥᠨ᠂  ᠲᠡᠷᠡ᠎ᠨᠢ 《1+1》  ᠵᠢᠨ ᠠᠵᠢᠯᠯᠠᠭ᠎ᠠ ᠵᠢᠨ ᠯᠠᠪᠳᠠᠭᠤᠨ ᠵᠶ᠋ᠠᠷ  ᠠᠬᠢᠭᠤᠯᠬᠤ ᠪᠠ ᠠᠵᠢᠯ᠎ᠤᠨ ᠦᠷ᠎ᠡ ᠪᠦᠲᠦᠮᠵᠢ᠎ᠲᠠᠢ ᠬᠣᠯᠪᠣᠭᠳᠠᠵᠤ ᠪᠠᠢ᠌ᠳᠠᠭ᠃  ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠨ᠂  ᠨᠡᠷ᠎ᠡ ᠮᠡᠳᠡᠭᠦᠯᠦᠭᠰᠡᠨ ᠮᠡᠳᠡᠭᠡ ᠵᠠᠩᠭᠢ ᠵᠢᠨ ᠦᠨᠡᠨ ᠪᠣᠳᠠᠲᠤ ᠴᠢᠨᠠᠷ᠎ᠢ ᠨᠠᠷᠢᠨ ᠬᠢᠨᠠᠮᠠᠭ᠋ᠠᠢ ᠬᠢᠨᠠᠨ ᠬᠠᠷᠭᠤᠭᠤᠯᠵᠤ᠂  ᠰᠠᠢ᠌ᠨ ᠳᠤᠷ᠎ᠠ ᠵᠢᠨ  ᠠᠵᠢᠯᠯᠠᠭᠴᠢ ᠵᠢ ᠵᠣᠬᠢᠶᠠᠨ ᠪᠠᠢ᠌ᠭᠤᠯᠤᠨ ᠵᠢᠭ᠋ᠠᠨ ᠲᠣᠭᠲᠠᠭ᠋ᠠᠭᠰᠠᠨ ᠡᠮᠨᠡᠯᠭᠡ ᠵᠢᠨ ᠬᠣᠷᠢᠶ᠎ᠠ᠎ᠳᠤ ᠪᠡᠶ᠎ᠡ ᠵᠢᠨ ᠪᠠᠢ᠌ᠴᠠᠭ᠋ᠠᠯᠲᠠ ᠵᠢ ᠲᠥᠪᠯᠡᠷᠡᠭᠦᠯᠦᠨ ᠬᠢᠯᠭᠡᠵᠦ᠂  ᠬᠤᠳᠠᠯ ᠬᠡᠯᠡᠵᠦ ᠬᠠᠭᠤᠷᠮᠠᠭ ᠵᠶ᠋ᠠᠷ ᠵᠣᠬᠢᠶᠠᠬᠤ᠎ᠠᠴᠠ ᠵᠠᠢ᠌ᠯᠠᠰᠬᠢᠬᠦ ᠬᠡᠷᠡᠭᠲᠡᠢ᠃ 

      (ᠭᠤᠷᠪᠠ)  ᠲᠥᠷᠥᠯ ᠵᠦᠢ᠍ᠯ᠎ᠤᠨ ᠰᠠᠬᠢᠯᠭ᠎ᠠ ᠪᠠᠲᠤ ᠵᠢ ᠴᠢᠩᠳᠠᠯᠠᠵᠤ᠂  ᠬᠠᠮᠢᠶᠠᠷᠤᠯᠲᠠ ᠵᠢᠨ ᠡᠷᠴᠢᠮ ᠵᠶ᠋ᠡᠨ  ᠴᠢᠩᠭ᠋ᠠᠷᠠᠭᠤᠯᠬᠤ ᠬᠡᠷᠡᠭᠲᠡᠢ᠃  ᠲᠣᠭᠲᠠᠭ᠋ᠠᠯ᠎ᠠᠴᠠ ᠵᠥᠷᠢᠴᠡᠵᠦ ᠰᠠᠬᠢᠯᠭ᠎ᠠ ᠪᠠᠲᠤ᠎ᠠᠴᠠ ᠵᠥᠷᠢᠴᠡᠭᠰᠡᠨ ᠰᠠᠢ᠌ᠨ

ᠳᠤᠷ᠎ᠠ ᠵᠢᠨ ᠠᠵᠢᠯᠯᠠᠭᠴᠢ ᠵᠢ ᠰᠢᠭᠦᠮᠵᠢᠯᠡᠨ ᠰᠤᠷᠭ᠋ᠠᠬᠤ ᠪᠠ ᠵᠠᠷᠯᠠᠨ ᠮᠡᠳᠡᠭᠳᠡᠵᠦ ᠪᠤᠴᠠᠭ᠋ᠠᠬᠤ ᠲᠣᠭᠲᠠᠴᠠ ᠵᠢ ᠪᠠᠢ᠌ᠭᠤᠯᠤᠨ ᠪᠦᠷᠢᠨᠰᠢᠭᠦᠯᠬᠦ ᠬᠡᠷᠡᠭᠲᠡᠢ᠃  ᠰᠠᠬᠢᠯᠭ᠎ᠠ ᠪᠠᠲᠤ ᠳᠦᠷᠢᠮ ᠲᠣᠭᠲᠠᠭ᠋ᠠᠯ᠎ᠢ ᠵᠥᠷᠢᠴᠡᠭᠰᠡᠳ᠎ᠢ ᠴᠠᠭ

ᠲᠤᠬᠠᠢ᠎ᠳᠤᠨᠢ ᠰᠢᠭᠦᠮᠵᠢᠯᠡᠨ ᠰᠤᠷᠭ᠋ᠠᠵᠤ᠂  ᠵᠠᠷᠯᠢᠭᠳᠠᠨ ᠵᠠᠯᠠᠷᠠᠭᠤᠯᠤᠭᠤᠯᠬᠤ ᠬᠡᠷᠡᠭᠲᠡᠢ᠃  ᠰᠠᠬᠢᠯᠭ᠎ᠠ ᠪᠠᠲᠤ ᠵᠢ ᠬᠦᠨᠳᠦ ᠨᠣᠴᠢᠲᠠᠢ ᠵᠥᠷᠢᠴᠡᠭᠰᠡᠳ᠎ᠢ ᠴᠢᠩᠭ᠎ᠠ  ᠰᠢᠢ᠍ᠳᠬᠡᠵᠦ᠂ 《1+1》  ᠠᠵᠢᠯᠯᠠᠭ᠎ᠠ ᠵᠢᠨ ᠰᠠᠢ᠌ᠨ ᠰᠠᠢ᠌ᠬᠠᠨ ᠨᠡᠢ᠌ᠭᠡᠮ᠎ᠤᠨ ᠳᠦᠷᠢ ᠲᠥᠷᠬᠦ ᠵᠢ ᠬᠠᠮᠠᠭ᠋ᠠᠯᠠᠬᠤ ᠬᠡᠷᠡᠭᠲᠡᠢ᠃ 

      (ᠳᠥᠷᠪᠡ)  ᠣᠯᠠᠨ ᠵᠦᠢ᠍ᠯ᠎ᠤᠨ ᠵᠠᠭᠤᠴᠢᠯᠠᠭᠤᠷ᠎ᠢ ᠭᠦᠢ᠍ᠴᠡᠳ ᠠᠰᠢᠭᠯᠠᠨ ᠣᠷᠳᠣ ᠬᠤᠭᠤᠴᠠᠭ᠋ᠠᠨ᠎ᠤ ᠪᠦᠲᠦᠮᠵᠢᠲᠡᠶ ᠤᠬᠠᠭᠤᠯᠭ᠎ᠠ ᠪᠠ ᠲᠥᠪᠯᠡᠷᠡᠩᠭᠦᠢ ᠤᠬᠠᠭᠤᠯᠭ᠎ᠠ ᠵᠢ  ᠥᠷᠨᠢᠭᠦᠯᠬᠦ ᠬᠡᠷᠡᠭᠲᠡᠢ᠃ 《1+1》  ᠠᠵᠢᠯᠯᠠᠭ᠎ᠠ ᠵᠢᠨ ᠨᠡᠢ᠌ᠲᠡᠯᠢᠭ ᠬᠥᠮᠥᠨ ᠪᠠ ᠦᠢ᠍ᠯᠡ ᠠᠵᠢᠯᠯᠠᠭ᠎ᠠ ᠵᠢ ᠦᠷᠭᠦᠯᠵᠢᠯᠡᠨ ᠠᠭᠤᠳᠠᠯᠵᠤ᠂  ᠥᠷᠭᠡᠨ ᠵᠶ᠋ᠡᠷ ᠤᠬᠠᠭᠤᠯᠵᠤ᠂ 《1+1》  ᠠᠵᠢᠯᠯᠠᠭ᠎ᠠ ᠵᠢᠨ ᠨᠡᠢ᠌ᠭᠡᠮ᠎ᠤᠨ ᠨᠥᠯᠥᠭᠡᠯᠡᠬᠦ ᠬᠦᠴᠦᠨ᠎ᠢ ᠳᠡᠭᠡᠭᠰᠢᠯᠡᠭᠦᠯᠵᠦ᠂  ᠨᠡᠢ᠌ᠭᠡᠮ ᠳᠠᠶᠠᠭ᠋ᠠᠷ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠠᠵᠢᠯ᠎ᠢ ᠠᠩᠬᠠᠷᠤᠨ ᠳᠡᠮᠵᠢᠬᠦ ᠵᠢ ᠬᠥᠲᠥᠯᠥᠨ  ᠵᠢᠯᠣᠭᠣᠳᠬᠤ ᠬᠡᠷᠡᠭᠲᠡᠢ᠃ 

      ᠬᠠᠷᠢᠯᠴᠠᠬᠤ ᠬᠥᠮᠥᠨ᠄

      1. ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢᠴᠢ ᠵᠢᠨ ᠠᠵᠢᠯ᠎ᠤᠨ ᠭᠠᠵᠠᠷ    ᠯᠢᠦ ᠢ  ᠱᠦ᠍   0471—5301258

      2. ᠬᠠᠤᠯᠢ ᠴᠠᠭ᠋ᠠᠵᠠ  ᠵᠢᠨ ᠲᠢᠩᠬᠢᠮ᠎ᠤᠨ ᠠᠷᠠᠳ ᠲᠦᠮᠡᠨ ᠬᠠᠤᠯᠢ᠎ᠪᠠᠷ ᠵᠠᠰᠠᠬᠤ᠎ᠳᠤ ᠣᠷᠣᠯᠴᠠᠬᠤ ᠪᠠ ᠠᠬᠢᠭᠤᠯᠬᠤ ᠭᠠᠵᠠᠷ    ᠯᠢ ᠴᠤᠤ ᠬᠤᠶ   0471—5301228

      3.  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ   ᠵᠣᠣ ᠯᠦᠩ   0471—5301471

      ᠰᠢᠤᠳᠠᠨ ᠵᠶ᠋ᠠᠷ  ᠢᠯᠡᠭᠡᠬᠦ ᠬᠠᠶᠢᠭ᠄

      1. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠧᠷ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠠᠤᠯᠢᠴᠢ ᠵᠢᠨ ᠠᠵᠢᠯ᠎ᠤᠨ ᠭᠠᠵᠠᠷ (ᠬᠠᠤᠯᠢᠴᠢ ᠵᠢᠨ ᠰᠠᠢ᠌ᠨ ᠳᠤᠷ᠎ᠠ ᠵᠢᠨ ᠠᠵᠢᠯᠯᠠᠭᠴᠢ ᠵᠢᠨ  ᠢᠯᠡᠭᠡᠬᠦ ᠬᠠᠶᠢᠭ) 

      2. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠧᠷ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠠᠷᠠᠳ ᠲᠦᠮᠡᠨ  ᠬᠠᠤᠯᠢ᠎ᠪᠠᠷ ᠵᠠᠰᠠᠬᠤ᠎ᠳᠤ  ᠣᠷᠣᠯᠴᠠᠬᠤ ᠪᠠ  ᠠᠬᠢᠭᠤᠯᠬᠤ ᠭᠠᠵᠠᠷ (ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠤ ᠢᠯᠡᠭᠡᠬᠦ  ᠬᠠᠶᠢᠭ) 

      3. ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠬᠡᠬᠣᠲᠠ ᠵᠢᠨ ᠰᠢᠨ᠎ᠡ ᠬᠣᠲᠠ ᠲᠣᠭᠣᠷᠢᠭ᠎ᠤᠨ ᠬᠢᠩᠭ᠋ᠠᠨ ᠡᠮᠦᠨ᠎ᠡ ᠵᠠᠮ᠎ᠤᠨ 15 ᠳ᠋ᠤᠭ᠋ᠠᠷ ᠨᠣᠮᠧᠷ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠲᠥᠪ (ᠣᠶᠤᠲᠠᠨ ᠰᠠᠢ᠌ᠨ ᠳᠤᠷ᠎ᠠ ᠵᠢᠨ ᠠᠵᠢᠯᠯᠠᠭᠴᠢ  ᠵᠢᠨ  ᠢᠯᠡᠭᠡᠬᠦ ᠬᠠᠶᠢᠭ) 

      ᠳᠠᠭ᠋ᠠᠯᠳᠤᠭᠤᠯᠤᠯ ᠄ 1. 《1+1》  ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠢ᠌ᠨ ᠳᠤᠷ᠎ᠠ ᠵᠢᠨ  ᠠᠵᠢᠯᠯᠠᠭᠴᠢ ᠵᠢᠨ ᠠᠵᠢᠯᠯᠠᠭ᠎ᠠ ᠵᠢᠨ ᠬᠠᠤᠯᠢᠴᠢ ᠵᠢᠨ ᠰᠠᠢ᠌ᠨ  ᠳᠤᠷ᠎ᠠ ᠵᠢᠨ ᠠᠵᠢᠯᠯᠠᠭᠴᠢ ᠵᠢᠨ ᠨᠡᠷ᠎ᠡ ᠮᠡᠳᠡᠭᠦᠯᠬᠦ ᠬᠦᠰᠦᠨᠦᠭᠲᠦ᠃

      2. 《1+1》  ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠢ᠌ᠨ ᠳᠤᠷ᠎ᠠ ᠵᠢᠨ  ᠠᠵᠢᠯᠯᠠᠭᠴᠢ ᠵᠢᠨ  ᠠᠵᠢᠯᠯᠠᠭ᠎ᠠ ᠵᠢᠨ  ᠣᠶᠤᠲᠠᠨ ᠰᠠᠢ᠌ᠨ ᠳᠤᠷ᠎ᠠ ᠵᠢᠨ  ᠠᠵᠢᠯᠯᠠᠭᠴᠢ ᠵᠢᠨ  ᠨᠡᠷ᠎ᠡ ᠮᠡᠳᠡᠭᠦᠯᠬᠦ ᠬᠦᠰᠦᠨᠦᠭᠲᠦ᠃

      3. 《1+1》  ᠳᠤᠮᠳᠠᠳᠤ ᠤᠯᠤᠰ᠎ᠤᠨ ᠬᠠᠤᠯᠢ ᠴᠠᠭ᠋ᠠᠵᠠ ᠵᠢᠨ ᠲᠤᠰᠠᠯᠠᠮᠵᠢ ᠵᠢᠨ ᠰᠠᠢ᠌ᠨ ᠳᠤᠷ᠎ᠠ ᠵᠢᠨ  ᠠᠵᠢᠯᠯᠠᠭᠴᠢ ᠵᠢᠨ  ᠠᠵᠢᠯᠯᠠᠭ᠎ᠠ ᠵᠢᠨ ᠦᠨᠳᠦᠰᠦᠨ ᠱᠠᠲᠤᠨ᠎ᠤ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠠᠵᠢᠯᠲᠠᠨ᠎ᠤ ᠨᠡᠷ᠎ᠡ ᠮᠡᠳᠡᠭᠦᠯᠬᠦ ᠬᠦᠰᠦᠨᠦᠭᠲᠦ᠃ 

 

                     ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ

                                               2025 ᠣᠨ᠎ᠤ 6 ᠰᠠᠷ᠎ᠠ ᠵᠢᠨ 9᠎ᠤ ᠡᠳᠦᠷ

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            