ᠡᠯᠡ ᠠᠢ᠌ᠮᠠᠭ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶᠠ᠂ ᠮᠠᠨᠵᠤᠤᠷ᠂ ᠡᠷᠢᠶᠡᠨ ᠬᠣᠲᠠ ᠵᠢᠨ ᠬᠠᠤᠯᠢ ᠴᠠᠭ᠋ᠠᠵᠠ ᠵᠢᠨ ᠲᠣᠪᠴᠢᠶᠠ᠂ ᠪᠥᠬᠥ ᠣᠷᠣᠨᠤ ᠠᠯᠪᠠᠨ ᠭᠡᠷᠡᠴᠢᠯᠡᠭᠡ ᠵᠢᠨ ᠪᠠᠢ᠌ᠭᠤᠯᠤᠮᠵᠢ᠂ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠬᠤ ᠪᠠᠢ᠌ᠭᠤᠯᠤᠮᠵᠢᠳᠤ᠄
2025 ᠣᠨᠤ ᠠᠯᠪᠠᠨ ᠭᠡᠷᠡᠴᠢᠯᠡᠭᠡ ᠬᠠᠤᠯᠢ ᠴᠠᠭ᠋ᠠᠵᠠ ᠵᠢᠨ ᠰᠢᠯᠭ᠋ᠠᠨ ᠲᠣᠭᠲᠠᠭ᠋ᠠᠭᠴᠢ ᠵᠢᠨ ᠮᠡᠷᠭᠡᠵᠢᠯᠤᠨ ᠴᠣᠯᠠ ᠮᠡᠳᠡᠭᠦᠯᠬᠦ ᠠᠵᠢᠯ ᠨᠢᠭᠡᠨᠲᠡ ᠡᠬᠢᠯᠡᠵᠦ᠂ ᠡᠯᠡ ᠭᠠᠵᠠᠷᠤᠨ ᠴᠣᠯᠠ ᠮᠡᠳᠡᠭᠦᠯᠦᠭᠴᠢᠳ ᠥᠪᠥᠷ ᠮᠣᠩᠭᠣᠯᠤᠨ ᠴᠢᠳᠠᠪᠤᠷᠢᠲᠠᠨᠤ ᠮᠡᠳᠡᠭᠡ ᠵᠠᠩᠭᠢ ᠵᠢᠨ ᠬᠥᠮᠥᠷᠭᠡᠢ ᠲᠣᠪᠴᠢᠳᠠᠨ (ᠰᠦᠯᠵᠢᠶᠡᠨ ᠬᠠᠶᠢᠭ᠄ www.nmgrck.cn)᠂ 《2025 ᠣᠨᠤ ᠪᠥᠬᠥ ᠣᠷᠣᠨᠤ ᠮᠡᠷᠭᠡᠵᠢᠯᠤᠨ ᠴᠣᠯᠠ ᠬᠢᠨᠠᠨ ᠲᠣᠭᠲᠠᠭ᠋ᠠᠬᠤ ᠠᠵᠢᠯᠢ ᠰᠠᠢ᠌ᠲᠤᠷ ᠬᠢᠬᠦ ᠲᠤᠬᠠᠢ ᠮᠡᠳᠡᠭᠳᠡᠯ》 (ᠥᠪᠥᠷ ᠬᠥᠮᠥᠨ ᠨᠡᠢ᠌ᠭᠡᠮ ᠠᠯᠪᠠᠨ ᠲᠠᠷᠬᠠᠭ᠋ᠠᠭᠰᠠᠨ [2025] 87 ᠳ᠋ᠤᠭ᠋ᠠᠷ ᠲᠣᠭ᠋ᠠᠲᠤ)᠂ 《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠮᠡᠷᠭᠡᠵᠢᠯᠤᠨ ᠴᠣᠯᠠ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ》ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ (ᠥᠪᠥᠷ ᠬᠥᠮᠥᠨ ᠨᠡᠢ᠌ᠭᠡᠮ ᠲᠠᠷᠬᠠᠭ᠋ᠠᠭᠰᠠᠨ [2025] 16 ᠳ᠋ᠤᠭ᠋ᠠᠷ ᠲᠣᠭ᠋ᠠᠲᠤ)ᠢ ᠪᠠᠢ᠌ᠴᠠᠭ᠋ᠠᠨ ᠦᠵᠡᠵᠦ᠂ 2023 ᠣᠨᠳᠤ ᠳᠠᠷᠤᠮᠠᠯᠯᠠᠨ ᠲᠠᠷᠬᠠᠭ᠋ᠠᠭᠰᠠᠨ 《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨᠤ ᠰᠢᠷᠢᠰ ᠠᠯᠪᠠᠨ ᠭᠡᠷᠡᠴᠢᠯᠡᠭᠡ ᠵᠢᠨ ᠲᠤᠰᠬᠠᠢ ᠮᠡᠷᠭᠡᠵᠢᠯᠤᠨ ᠠᠵᠢᠯᠲᠠᠨᠤ ᠮᠡᠷᠭᠡᠵᠢᠯᠤᠨ ᠴᠣᠯᠠ ᠵᠢ ᠬᠢᠨᠠᠨ ᠲᠣᠭᠲᠠᠭ᠋ᠠᠬᠤ ᠨᠥᠬᠥᠴᠡᠯ》᠂ 《ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠣᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨᠤ ᠰᠢᠷᠢᠰ ᠬᠠᠤᠯᠢ ᠴᠠᠭ᠋ᠠᠵᠠ ᠵᠢᠨ ᠬᠢᠨᠠᠨ ᠲᠣᠭᠲᠠᠭ᠋ᠠᠭᠴᠢ ᠵᠢᠨ ᠮᠡᠷᠭᠡᠵᠢᠯᠤᠨ ᠴᠣᠯᠠ ᠵᠢ ᠬᠢᠨᠠᠨ ᠲᠣᠭᠲᠠᠭ᠋ᠠᠬᠤ ᠨᠥᠬᠥᠴᠡᠯ》ᠲᠠᠢ ᠬᠠᠷᠢᠴᠠᠭᠤᠯᠤᠨ᠂ ᠱᠠᠭ᠋ᠠᠷᠳᠠᠯᠭᠠ ᠶᠣᠰᠣᠭ᠋ᠠᠷ ᠵᠣᠬᠢᠶᠠᠨ ᠪᠠᠢ᠌ᠭᠤᠯᠵᠤ ᠮᠡᠳᠡᠭᠦᠯᠬᠦ ᠠᠵᠢᠯᠢ ᠰᠠᠢ᠌ᠲᠤᠷ ᠬᠢᠭᠡᠷᠡᠢ᠃ ᠠᠢ᠌ᠮᠠᠭ ᠬᠤᠳᠠ ᠵᠢᠨ ᠮᠡᠳᠡᠭᠦᠯᠦᠭᠰᠡᠨ ᠮᠠᠲ᠋ᠧᠷᠢᠶᠠᠯᠢ ᠠᠢ᠌ᠮᠠᠭ ᠬᠤᠳᠠ ᠵᠢᠨ ᠬᠥᠮᠥᠨᠤ ᠬᠦᠴᠦᠨᠤ ᠡᠬᠢ ᠪᠠᠶᠠᠯᠢᠭ ᠬᠢᠭᠡᠳ ᠨᠡᠢ᠌ᠭᠡᠮᠤᠨ ᠪᠠᠲᠤᠯᠠᠭᠠ ᠵᠢᠨ ᠰᠠᠯᠠᠭᠠ ᠮᠥᠴᠢᠷᠠᠴᠠ ᠭᠥᠯᠢᠶᠡᠨ ᠠᠪᠤᠨᠠ᠃ ᠥᠪᠡᠷᠲᠡᠭᠡᠨ ᠵᠠᠰᠠᠬᠤ ᠣᠷᠣᠨᠤ ᠬᠠᠤᠯᠢ ᠴᠠᠭ᠋ᠠᠵᠠ ᠵᠢᠨ ᠲᠢᠩᠬᠢᠮ 7 ᠰᠠᠷᠠ ᠵᠢᠨ 31ᠤ ᠡᠳᠦᠷᠠᠴᠠ ᠡᠮᠦᠨᠡ ᠬᠢᠨᠠᠨ ᠲᠣᠭᠲᠠᠭ᠋ᠠᠬᠤ ᠬᠠᠮᠢᠶᠠ ᠪᠦᠬᠦᠢ ᠮᠠᠲ᠋ᠧᠷᠢᠶᠠᠯᠢ ᠭᠥᠯᠢᠶᠡᠨ ᠠᠪᠤᠨᠠ᠃
ᠬᠠᠷᠢᠯᠴᠠᠬᠤ ᠬᠥᠮᠥᠨ᠄ ᠾᠧ ᠬᠣᠩ ᠶᠠᠨ
ᠬᠠᠷᠢᠯᠴᠠᠬᠤ ᠤᠲᠠᠰᠤ᠄ 0471—5301323
ᠥᠪᠥᠷ ᠮᠣᠩᠭᠣᠯᠤᠨ ᠥᠪᠡᠷᠲᠡᠭᠡᠨ ᠵᠠᠰᠠᠬᠤ ᠣᠷᠣᠨᠤ ᠬᠠᠤᠯᠢ ᠴᠠᠭ᠋ᠠᠵᠠ ᠵᠢᠨ ᠲᠢᠩᠬᠢᠮ
2025 ᠣᠨᠤ 6 ᠰᠠᠷᠠ ᠵᠢᠨ 6ᠤ ᠡᠳᠦᠷ