11 ᠰᠠᠷ᠎ᠠ ᠵᠢᠨ 21᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠶ᠋ᠢᠩᠭᠤ ᠵᠢᠨ ᠬᠣᠷᠢᠶ᠎ᠠ ᠥᠷᠭᠡᠳᠬᠡᠭᠰᠡᠨ ᠬᠤᠷᠠᠯ ᠬᠤᠷᠠᠯᠳᠤᠭᠤᠯᠵᠤ᠂ ᠲᠥᠪ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠠᠮᠤᠭᠤᠯᠠᠩᠳᠤ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠲᠤᠬᠠᠶ ᠴᠢᠬᠤᠯᠠ ᠵᠢᠭ᠋ᠠᠪᠤᠷᠢ ᠪᠣᠯᠤᠨ ᠠᠮᠤᠭᠤᠯᠠᠩᠳᠤ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠰᠤᠷᠤᠯᠴᠠᠵᠥ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠤᠳᠤᠯᠤᠨ ᠪᠠᠶ᠋ᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠱᠦᠵᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠡᠷᠬᠢᠯᠡᠭᠴᠢ ᠱ᠌ᠢ᠎ᠲᠠᠢ ᠹᠸᠩ ᠬᠤᠷᠠᠯ᠎ᠢ ᠡᠷᠭᠢᠯᠡᠪᠡ᠃
ᠬᠤᠷᠠᠯ᠎ᠠᠴᠠ᠂ ᠡᠨᠡ ᠤᠳᠠᠭ᠎ᠠ ᠵᠢᠨ ᠲᠥᠪ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠠᠵᠢᠯ᠎ᠤᠨ ᠬᠤᠷᠠᠯ᠎ᠤᠨ ᠭᠣᠣᠯ ᠰᠡᠳᠦᠪ ᠴᠢᠬᠤᠯᠠ ᠶᠡᠬᠡ ᠪᠠᠢ᠍ᠢ᠍ᠵᠥ᠂ ᠴᠢᠬᠤᠯᠠ ᠶᠡᠬᠡ ᠠᠴᠢ ᠬᠣᠯᠪᠣᠭᠳᠠᠯ᠎ᠲᠠᠢ ᠶᠤᠮ᠂ ᠬᠠᠮᠤᠭ᠎ᠤᠨ ᠴᠢᠬᠤᠯᠠ᠎ᠨᠢ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠋ᠠᠨ᠎ᠤ ᠪᠦᠬᠦ ᠳᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠠᠵᠢᠯ᠎ᠤᠨ ᠳᠤᠮᠳᠠᠬᠢ ᠵᠢᠯᠣᠭᠣᠳᠬᠤ ᠪᠠᠶ᠋ᠢᠷᠢ ᠰᠠᠭᠤᠷᠢ ᠵᠢ ᠲᠣᠳᠣᠷᠬᠠᠶ᠋ᠢᠯᠠᠪᠠ᠃ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠋ᠠᠨ᠎ᠤ ᠠᠭᠤᠯᠤᠬᠳᠠᠬᠤᠨ ᠡᠯᠪᠡᠭ ᠪᠠᠶᠠᠯᠢᠭ᠂ ᠯᠣᠭᠢᠭ ᠨᠢᠭᠲᠠ ᠴᠢᠩᠭ᠎ᠠ᠂ ᠰᠢᠰᠲ᠋ᠧᠮ ᠪᠦᠷᠢᠨ ᠲᠡᠭᠦᠯᠳᠡᠷ ᠪᠠᠢ᠍ᠢ᠍ᠵᠥ᠂ ᠲᠡᠦᠬᠡ ᠪᠠ ᠪᠣᠳᠠᠲᠤ ᠪᠠᠶ᠋ᠢᠳᠠᠯ᠎ᠢ ᠤᠶᠠᠯᠳᠤᠭᠤᠯᠬᠤ᠂ ᠤᠯᠤᠰ᠎ᠤᠨ ᠳᠣᠲᠣᠭ᠋ᠠᠳᠤ ᠭᠠᠳᠠᠭ᠋ᠠᠳᠤ ᠵᠢ ᠬᠣᠯᠪᠣᠭᠳᠠᠭᠤᠯᠬᠤ᠂ ᠤᠨᠤᠯ ᠪᠠ ᠪᠣᠳᠠᠲᠠᠢ ᠵᠢ ᠤᠶᠠᠯᠳᠤᠭᠤᠯᠬᠤ ᠲᠠᠯ᠎ᠠ᠎ᠠᠴᠠ ᠰᠢᠨ᠎ᠡ ᠴᠠᠭ ᠦᠶ᠎ᠡ᠎ᠳᠤ ᠶᠠᠭᠤᠨ᠎ᠳᠤ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠬᠡᠷᠡᠭᠵᠢᠭᠦᠯᠬᠦ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠬᠡᠷᠬᠢᠨ ᠬᠡᠷᠡᠭᠵᠢᠭᠦᠯᠬᠦ ᠵᠡᠷᠭᠡ ᠠᠯᠢ ᠤᠯᠠᠨ ᠴᠢᠬᠤᠯᠠ ᠶᠡᠬᠡ ᠠᠰᠠᠭᠤᠳᠠᠯ᠎ᠳᠤ ᠭᠦᠨᠵᠡᠭᠡᠢ ᠬᠠᠷᠢᠭᠤᠯᠲᠠ ᠥᠭᠴᠡᠢ᠂ ᠡᠨᠡ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠴᠢᠬᠤᠯᠠ ᠪᠦᠷᠢᠯᠳᠦᠬᠦᠨ ᠬᠡᠰᠡᠭ ᠮᠥᠨ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢᠨ ᠦᠨᠳᠦᠰᠦᠨ ᠵᠢᠷᠤᠮᠯᠠᠯ ᠪᠠ ᠠᠵᠢᠯᠯᠠᠭ᠋ᠠᠨ᠎ᠤ ᠵᠦᠭᠯᠡᠭᠦᠷ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠪᠣᠯᠤᠨ ᠥᠷᠭᠡᠨ ᠣᠯᠠᠨ ᠨᠠᠮ᠎ᠤᠨ ᠭᠡᠰᠢᠭᠦᠨ ᠺᠠᠳ᠋ᠷ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠋ᠠᠨ᠎ᠤ ᠴᠢᠬᠤᠯᠠ ᠶᠡᠬᠡ ᠠᠴᠢ ᠬᠣᠯᠪᠣᠭᠳᠠᠯ᠂ ᠪᠠᠶᠠᠯᠢᠭ ᠠᠭᠤᠯᠤᠭᠳᠠᠬᠤᠨ᠂ ᠦᠨᠳᠦᠰᠦᠨ ᠵᠣᠷᠢᠭ ᠰᠠᠨᠠᠭ᠎ᠠ᠂ ᠭᠣᠤᠯ ᠤᠳᠬ᠎ᠠ ᠰᠠᠨᠠᠭ᠎ᠠ ᠵᠢ ᠭᠦᠨᠵᠡᠭᠡᠶ ᠰᠤᠷᠤᠯᠴᠠᠨ᠂ ᠭᠦᠨᠵᠡᠭᠡᠶ ᠣᠶ᠋ᠢᠯᠠᠭ᠋ᠠᠨ ᠡᠵᠡᠮᠰᠢᠵᠥ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠤᠯᠤᠰ ᠲᠥᠷᠥ ᠵᠢᠨ ᠴᠢᠭᠯᠡᠯ᠂ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ᠂ ᠠᠵᠢᠯ᠎ᠤᠨ ᠪᠠᠶ᠋ᠢᠷᠢᠰᠢᠭᠤᠯᠤᠯᠲᠠ᠂ ᠭᠣᠤᠯᠳᠠᠯᠭ᠎ᠠ᠎ᠲᠠᠢ ᠡᠭᠦᠷᠭᠡ᠂ ᠴᠢᠬᠤᠯᠠ ᠶᠡᠬᠡ ᠬᠠᠷᠢᠴᠠᠭ᠎ᠠ᠂ ᠴᠢᠬᠤᠯᠠ ᠪᠠᠲᠤᠯᠠᠭ᠎ᠠ ᠵᠢᠨ ᠲᠤᠬᠠᠶ ᠲᠠᠨᠢᠯᠲᠠ ᠣᠶ᠋ᠢᠯᠠᠭ᠋ᠠᠯᠲᠠ᠎ᠪᠠᠨ ᠲᠠᠰᠤᠷᠠᠯᠲᠠ ᠦᠭᠡᠢ ᠭᠦᠨᠵᠡᠭᠡᠶ᠋ᠢᠷᠡᠭᠦᠯᠤᠨ᠂ ᠨᠡᠩ ᠡᠷᠡᠰ ᠪᠠᠲᠤ ᠤᠬᠠᠮᠰᠠᠷ᠎ᠠᠴᠠ᠎ᠪᠠᠨ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ᠎ᠪᠠᠷ ᠰᠢᠨ᠎ᠡ ᠴᠠᠭ ᠦᠶ᠎ᠡ ᠵᠢᠨ ᠬᠠᠤᠯᠢᠵᠢᠯ᠎ᠤᠨ ᠪᠠᠶ᠋ᠢᠭᠤᠯᠤᠯᠲᠠ ᠵᠢ ᠬᠥᠲᠥᠯᠥᠨ ᠳᠠᠭ᠋ᠠᠭᠤᠯᠬᠤ ᠬᠡᠷᠡᠭᠳᠡᠢ ᠬᠡᠵᠥ ᠵᠢᠭ᠋ᠠᠵᠥ ᠭᠠᠷᠭ᠋ᠠᠪᠠ᠃
ᠬᠤᠷᠠᠯ᠎ᠠᠴᠠ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠬᠤ ᠵᠢ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠡᠰᠡᠭ ᠬᠤᠭᠤᠴᠠᠭ᠋ᠠᠨ᠎ᠤ ᠴᠢᠬᠤᠯᠠ ᠤᠯᠤᠰ ᠲᠥᠷᠥ ᠵᠢᠨ ᠡᠭᠦᠷᠭᠡ ᠪᠣᠯᠭ᠋ᠠᠵᠤ᠂ ᠪᠥᠬᠥ ᠣᠷᠣᠨ ᠳᠠᠶᠠᠭ᠋ᠠᠷ᠎ᠤᠨ ᠰᠤᠷᠤᠯᠴᠠᠯᠭ᠎ᠠ ᠬᠥᠮᠦᠵᠢᠯ᠎ᠢ ᠭᠦᠨᠵᠡᠭᠡᠶ᠋ᠢᠷᠡᠭᠦᠯᠬᠦ᠂ ᠤᠬᠠᠭᠤᠯᠤᠨ ᠲᠠᠶ᠋ᠢᠯᠪᠤᠷᠢᠯᠠᠬᠤ ᠵᠢ ᠴᠢᠩᠭ᠋ᠠᠳᠬᠠᠬᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠰᠠᠶ᠋ᠢᠲᠤᠷ ᠠᠳᠬᠤᠬᠤ᠂ ᠪᠣᠳᠠᠲᠠᠶ ᠠᠰᠠᠭᠤᠳᠠᠯ᠎ᠢ ᠰᠢᠢ᠍ᠳᠪᠦᠷᠢᠯᠡᠬᠦ ᠴᠢᠳᠠᠪᠤᠷᠢ ᠵᠢ ᠳᠡᠭᠡᠭᠰᠢᠯᠡᠭᠦᠯᠬᠦ ᠲᠠᠯ᠎ᠠ᠎ᠪᠠᠷ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠨ ᠵᠶ᠋ᠠᠨ ᠲᠥᠪᠯᠡᠷᠡᠭᠦᠯᠵᠦ᠂ ᠪᠤᠳᠠᠳᠠᠢ ᠠᠵᠢᠯᠯᠠᠵᠤ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠵᠥ᠂ ᠨᠠᠮ᠎ᠤᠨ ᠭᠡᠰᠢᠭᠦᠨ ᠺᠠᠳ᠋ᠷ ᠢᠯᠠᠩᠭᠤᠶ᠎ᠠ ᠤᠳᠤᠷᠢᠳᠬᠤ ᠺᠠᠳ᠋ᠷᠴᠤᠳ᠎ᠤᠨ ᠦᠵᠡᠯ ᠰᠠᠨᠠᠭ᠎ᠠ ᠲᠠᠨᠢᠯᠲᠠ ᠵᠢᠨ ᠬᠢᠷᠢ ᠳᠦᠪᠰᠢᠨ ᠪᠣᠯᠤᠨ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠴᠢᠳᠠᠪᠤᠷᠢ ᠵᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠶ᠃ ᠡᠯ᠎ᠡ ᠱᠠᠲᠤᠨ᠎ᠤ ᠨᠠᠮ᠎ᠤᠨ ᠬᠣᠷᠢᠶ᠎ᠠ ᠬᠠᠤᠯᠢᠵᠢᠯ᠎ᠤᠨ ᠪᠠᠶ᠋ᠢᠭᠤᠯᠤᠯᠲᠠ ᠵᠢ ᠵᠣᠬᠢᠶᠠᠨ ᠪᠠᠢ᠍ᠢ᠍ᠭᠤᠯᠵᠤ ᠤᠳᠤᠷᠢᠳᠬᠤ᠎ᠪᠠᠨ ᠦᠨᠡᠨ ᠬᠦ᠌ ᠴᠢᠩᠭ᠋ᠠᠳᠬᠠᠵᠤ᠂ ᠶᠡᠷᠦᠩᠬᠡᠶ ᠱᠦᠵᠢ ᠰᠢ ᠵᠢᠨ ᠫᠢᠩ᠎ᠤᠨ ᠣᠳᠣᠬᠠᠨ᠎ᠤ ᠪᠠ ᠬᠣᠶ᠋ᠢᠰᠢᠳᠠ ᠵᠢᠨ ᠨᠢᠭᠡ ᠬᠡᠰᠡᠭ ᠬᠤᠭᠤᠴᠠᠭ᠋ᠠᠨ᠎ᠳᠤ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠵᠢ ᠠᠬᠢᠭᠤᠯᠬᠤ ᠲᠤᠬᠠᠶ ᠳᠤᠷᠠᠳᠤᠭᠰᠠᠨ ᠶᠡᠷᠦᠩᠬᠡᠶ ᠱᠠᠭ᠋ᠠᠷᠳᠠᠯᠭ᠎ᠠ ᠪᠣᠯᠤᠨ 11 ᠲᠠᠯ᠎ᠠ ᠵᠢᠨ ᠭᠣᠤᠯᠳᠠᠯᠭ᠎ᠠ᠎ᠲᠠᠢ ᠠᠵᠢᠯ᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ᠎ᠪᠠᠷ ᠭᠤᠤᠯᠳᠠᠭᠤᠯᠵᠤ᠂ ᠨᠠᠷᠢᠨ ᠬᠢᠨᠠᠮᠠᠭ᠋ᠠᠶ ᠲᠥᠯᠥᠪᠵᠢᠭᠦᠯᠦᠨ ᠪᠠᠶ᠋ᠢᠷᠢᠯᠠᠭᠤᠯᠵᠤ᠂ ᠬᠡᠷᠡᠭᠵᠢᠭᠦᠯᠬᠦ ᠲᠥᠰᠦᠯ ᠲᠣᠭᠲᠠᠭ᠋ᠠᠵᠤ᠂ ᠡᠭᠦᠷᠭᠡ ᠵᠢᠨ ᠨᠠᠷᠢᠨ ᠳᠠᠩᠰᠠ ᠪᠠ ᠬᠠᠷᠢᠭᠤᠴᠠᠯᠭ᠎ᠠ ᠵᠢᠨ ᠨᠠᠷᠢᠨ ᠳᠠᠩᠰᠠ ᠭᠠᠷᠭ᠋ᠠᠵᠤ᠂ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠬᠦᠴᠦᠲᠡᠶ ᠠᠳᠬᠤᠵᠤ᠂ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠲᠤᠬᠠᠶ ᠨᠠᠮ᠎ᠤᠨ ᠲᠥᠪ ᠬᠣᠷᠢᠶᠠᠨ᠎ᠤ ᠡᠯ᠎ᠡ ᠵᠦᠢ᠍ᠯ᠎ᠤᠨ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠡᠷᠡᠰ ᠰᠢᠭᠤᠷᠬᠠᠶ᠂ ᠲᠡᠷᠡ ᠶᠤᠰᠤᠭ᠋ᠠᠷ᠎ᠨᠢ ᠰᠠᠶ᠋ᠢᠲᠤᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠳᠠᠢ᠃ ᠬᠠᠤᠯᠢᠵᠢᠯ᠎ᠤᠨ ᠬᠦᠷᠢᠶᠡᠨ᠎ᠳᠤ ᠣᠷᠣᠰᠢᠵᠤ ᠪᠠᠢ᠌ᠭ᠎ᠠ ᠳᠣᠪᠣᠢ᠍ᠢ᠍ᠮ᠎ᠠ ᠠᠰᠠᠭᠤᠳᠠᠯ᠎ᠢ ᠵᠣᠷᠢᠭ ᠰᠢᠭᠤᠳᠤᠨ ᠰᠢᠢ᠍ᠳᠪᠦᠷᠢᠯᠡᠵᠦ᠂ ᠮᠠᠨ᠎ᠤ ᠣᠷᠣᠨ᠎ᠤ ᠬᠠᠤᠯᠢ ᠴᠠᠭ᠋ᠠᠵᠠ ᠵᠢᠨ ᠬᠦᠷᠢᠶᠡᠨ᠎ᠤ ᠢᠯᠵᠠᠷᠠᠯ᠎ᠤᠨ ᠠᠰᠠᠭᠤᠳᠠᠯ᠂ ᠨᠡᠭᠦᠷᠡᠰᠦᠨ᠎ᠤ ᠡᠬᠢ ᠪᠠᠶᠠᠯᠢᠭ᠎ᠤᠨ ᠬᠦᠷᠢᠶᠡᠨ᠎ᠤ ᠲᠣᠭᠲᠠᠭ᠋ᠠᠯ᠎ᠠᠴᠠ ᠵᠦᠷᠢᠴᠡᠨ ᠬᠠᠤᠯᠢ ᠵᠢ ᠵᠥᠷᠢᠴᠡᠭᠰᠡᠨ ᠠᠰᠠᠭᠤᠳᠠᠯ᠂ ᠦᠨᠳᠦᠰᠦᠲᠡᠨ᠎ᠤ ᠠᠵᠢᠯ ᠳᠤᠮᠳᠠ ᠣᠷᠣᠰᠢᠵᠤ ᠪᠠᠶ᠋ᠢᠭ᠎ᠠ ᠵᠥᠷᠢᠶ᠎ᠡ ᠵᠡᠷᠭᠡ ᠵᠢ ᠡᠷᠬᠢᠴᠡᠭᠦᠯᠦᠨ ᠪᠤᠳᠤᠯᠬᠢᠯᠠᠬᠤ ᠪᠠ ᠴᠡᠭᠴᠡᠯᠡᠨ ᠰᠠᠢ᠍ᠢ᠍ᠵᠢᠷᠠᠭᠤᠯᠬᠤ᠎ᠲᠠᠢ ᠤᠶᠠᠯᠳᠤᠭᠤᠯᠤᠨ᠂ ᠬᠠᠤᠯᠢ ᠲᠣᠭᠲᠠᠭ᠋ᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠵᠢ ᠰᠠᠬᠢᠬᠤ ᠡᠯ᠎ᠡ ᠭᠤᠭᠴᠤᠭ᠎ᠠ᠎ᠠᠴᠠ ᠪᠠᠶ᠋ᠢᠴᠠᠭ᠋ᠠᠨ ᠰᠢᠨᠵᠢᠵᠤ᠂ ᠳᠣᠪᠣᠢ᠍ᠢ᠍ᠮ᠎ᠠ ᠠᠰᠠᠭᠤᠳᠠᠯ᠎ᠢ ᠡᠷᠢᠵᠦ ᠭᠠᠷᠭ᠋ᠠᠨ᠂ ᠳᠤᠳᠠᠭᠤᠳᠠᠯ ᠪᠠᠭᠤᠷᠠᠶ ᠲᠠᠯ᠎ᠠ᠎ᠪᠠᠨ ᠡᠷᠢᠵᠦ ᠭᠠᠷᠭ᠋ᠠᠨ᠂ ᠭᠡᠮ ᠠᠷᠬᠠᠭ ᠵᠶ᠋ᠠᠨ ᠡᠷᠢᠵᠦ ᠭᠠᠷᠭ᠋ᠠᠨ᠂ ᠰᠢᠢ᠍ᠳᠪᠦᠷᠢᠯᠡᠬᠦ ᠠᠷᠭ᠎ᠠ ᠬᠡᠮᠵᠢᠶ᠎ᠡ ᠳᠤᠷᠠᠳᠴᠤ᠂ ᠲᠤᠰᠬᠠᠶ ᠴᠡᠭᠴᠡᠯᠡᠨ ᠵᠠᠰᠠᠯᠳᠠ ᠵᠢ ᠴᠢᠩᠭ᠋ᠠᠳᠬᠠᠨ᠂ ᠠᠰᠠᠭᠤᠳᠠᠯ᠎ᠢ ᠰᠢᠢ᠍ᠳᠪᠦᠷᠢᠯᠡᠭᠰᠡᠨ ᠪᠣᠳᠠᠲᠤ ᠦᠷ᠎ᠡ ᠪᠦᠲᠦᠮᠵᠢ᠎ᠪᠠᠷ ᠬᠠᠤᠯᠢᠵᠢᠯ᠎ᠤᠨ ᠥᠪᠥᠷ ᠮᠣᠩᠭᠣᠯ᠎ᠤᠨ ᠪᠦᠲᠦᠭᠡᠨ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠦᠨᠡᠨ ᠬᠦ᠌ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠳᠠᠢ ᠭᠡᠵᠤ ᠴᠢᠬᠤᠯᠠᠴᠢᠯᠠᠪᠠ᠃
ᠬᠤᠷᠠᠯ᠎ᠠᠴᠠ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠣᠨᠴᠠᠭ᠋ᠠᠶ᠋ᠢᠯᠠᠨ ᠤᠯᠤᠰ ᠲᠥᠷᠥ ᠬᠠᠤᠯᠢ ᠴᠠᠭ᠋ᠠᠵᠠ ᠵᠢᠨ ᠹᠷᠤᠨᠲ᠎ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠠᠮᠤᠭᠤᠯᠠᠩᠳᠤ ᠳᠤᠮᠳᠠᠳᠤ ᠤᠯᠤᠰ᠎ᠤᠨ ᠪᠦᠲᠦᠭᠡᠨ ᠪᠠᠢ᠍ᠢ᠍ᠭᠤᠯᠤᠯᠳᠠ ᠵᠢᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠠᠮᠤᠭᠤᠯᠠᠩᠳᠤ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠱᠠᠭ᠋ᠠᠷᠳᠠᠯᠭ᠎ᠠ ᠶᠣᠰᠣᠭ᠋ᠠᠷ ᠬᠠᠮᠲᠤ᠎ᠪᠠᠷ ᠪᠠᠶ᠋ᠢᠭᠤᠯᠵᠤ ᠬᠠᠮᠲᠤ᠎ᠪᠠᠷ ᠵᠠᠰᠠᠵᠤ ᠬᠠᠮᠲᠤ᠎ᠪᠠᠷ ᠡᠳ᠋ᠯᠡᠬᠦ ᠴᠢᠭᠯᠡᠯ᠎ᠢ ᠪᠠᠷᠢᠮᠲᠠᠯᠠᠵᠤ᠂ ᠤᠯᠤᠰ᠎ᠤᠨ ᠠᠮᠤᠷ ᠲᠦᠪᠰᠢᠨ᠂ ᠨᠡᠶ᠋ᠢᠭᠡᠮ᠎ᠤᠨ ᠠᠮᠤᠷ ᠲᠦᠪᠰᠢᠨ᠂ ᠠᠷᠠᠳ ᠲᠦᠮᠡᠨ᠎ᠤ ᠠᠮᠤᠷ ᠠᠮᠤᠭᠤᠯᠠᠩ᠎ᠢ ᠨᠥᠯᠥᠭᠡᠯᠡᠬᠦ ᠲᠣᠪᠣᠶ᠋ᠢᠮ᠎ᠠ ᠠᠰᠠᠭᠤᠳᠠᠯ᠎ᠳᠤ ᠠᠩᠬᠠᠷᠤᠯ ᠵᠶ᠋ᠠᠨ ᠬᠠᠨᠳᠤᠭᠤᠯᠵᠤ᠂ ᠳᠡᠭᠡᠳᠦ ᠬᠡᠮᠵᠢᠶᠡᠨ᠎ᠤ ᠤᠯᠤᠰ ᠲᠥᠷᠥ ᠵᠢᠨ ᠬᠠᠷᠢᠭᠤᠴᠠᠯᠭ᠋ᠠᠲᠤ ᠰᠡᠳᠬᠢᠯᠭᠡ ᠪᠠ ᠲᠡᠤᠬᠡ ᠵᠢᠨ ᠡᠭᠦᠷᠭᠡᠲᠦ ᠰᠡᠳᠬᠢᠯᠭᠡ᠎ᠪᠠᠷ ᠠᠮᠤᠭᠤᠯᠠᠩᠳᠤ ᠥᠪᠥᠷ ᠮᠣᠩᠭᠣᠯ᠎ᠤᠨ ᠪᠦᠲᠦᠭᠡᠨ ᠪᠠᠢ᠍ᠢ᠍ᠭᠤᠯᠤᠯᠳᠠ ᠵᠢᠨ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠠᠳᠬᠤᠬᠤ ᠬᠡᠷᠡᠭᠳᠠᠢ ᠭᠡᠵᠤ ᠴᠢᠬᠤᠯᠠᠴᠢᠯᠠᠵᠠᠢ᠃
ᠬᠤᠷᠠᠯ᠎ᠠᠴᠠ ᠲᠥᠪ᠎ᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠤᠯᠤᠰ᠎ᠤᠨ ᠬᠢᠨᠠᠨ ᠪᠠᠶ᠋ᠢᠴᠠᠭ᠋ᠠᠬᠤ ᠵᠥᠪᠯᠡᠯ᠎ᠤᠨ ᠮᠠ ᠮᠢᠩ᠎ᠳᠤ ᠨᠠᠮ᠎ᠠᠴᠠ ᠬᠥᠭᠡᠭᠡᠬᠦ ᠪᠠ ᠠᠯᠪᠠᠨ ᠲᠤᠰᠢᠶᠠᠯ᠎ᠠᠴᠠ᠎ᠨᠢ ᠬᠦᠭᠡᠭᠡᠬᠦ ᠰᠢᠢ᠍ᠳᠬᠡᠯ ᠥᠭᠬᠦ ᠲᠣᠭᠲᠠᠭ᠋ᠠᠯ᠎ᠢ ᠤᠯᠠᠮᠵᠢᠯᠠᠪᠠ᠃ ᠬᠤᠷᠠᠯ᠎ᠠᠴᠠ᠂ ᠪᠦᠬᠦ ᠣᠷᠣᠨ᠎ᠤ ᠡᠯ᠎ᠡ ᠱᠠᠲᠤᠨ᠎ᠤ ᠤᠳᠤᠷᠢᠳᠬᠤ ᠺᠠᠳ᠋ᠷᠴᠤᠳ ᠴᠥᠮ ᠮᠠ ᠮᠢᠩ᠎ᠤᠨ ᠬᠡᠷᠡᠭ᠎ᠠᠴᠠ ᠭᠦᠨᠵᠡᠭᠡᠶ ᠰᠤᠷᠭ᠋ᠠᠮᠵᠢ ᠠᠪᠴᠤ᠂ ᠴᠡᠭᠡᠷᠯᠡᠯ ᠪᠣᠯᠭ᠋ᠠᠨ᠂ ᠰᠡᠷᠡᠮᠵᠢ ᠵᠢᠨ ᠬᠣᠩᠬᠣ ᠵᠢ ᠪᠠᠶ᠋ᠢᠩᠭᠤ ᠳᠤᠤᠭ᠋ᠠᠷᠭ᠋ᠠᠵᠤ᠂ ᠥᠪᠡᠷ᠎ᠢ᠎ᠪᠠᠨ ᠨᠠᠩ ᠴᠢᠩᠭ᠎ᠠ ᠱᠠᠭ᠋ᠠᠷᠳᠠᠨ᠂ ᠡᠭᠦᠷᠭᠡ ᠬᠠᠷᠢᠭᠤᠴᠠᠯᠭ᠎ᠠ᠎ᠪᠠᠨ ᠨᠠᠩ ᠦᠨᠡᠨᠴᠢ᠎ᠪᠠᠷ ᠭᠦᠢ᠍ᠴᠡᠳᠬᠡᠵᠦ᠂ ᠲᠤᠰ ᠪᠡᠶ᠎ᠡ ᠵᠢᠨ ᠪᠠᠶ᠋ᠢᠭᠤᠯᠤᠯᠲᠠ᠎ᠪᠠᠨ ᠪᠦᠬᠦ ᠲᠠᠯ᠎ᠠ᠎ᠪᠠᠷ ᠴᠢᠩᠭ᠋ᠠᠳᠬᠠᠨ᠂ ᠡᠪ ᠬᠠᠮᠲᠤᠴᠤᠳ᠎ᠤᠨ ᠦᠨᠡᠨᠴᠢ ᠰᠢᠳᠤᠷᠭᠤ᠂ ᠠᠷᠢᠭᠤᠨ ᠴᠢᠬᠡᠴᠢ᠂ ᠬᠠᠷᠢᠭᠤᠴᠠᠯᠭ᠎ᠠ ᠡᠭᠦᠷᠭᠡᠯᠡᠬᠦ ᠤᠯᠤᠰ ᠲᠦᠷᠦ ᠵᠢᠨ ᠮᠥᠨ ᠴᠢᠨᠠᠷ᠎ᠢ ᠢᠮᠠᠭᠲᠠ ᠪᠠᠳᠤᠯᠠᠬᠤ ᠬᠡᠷᠡᠭᠲᠡᠶ ᠭᠡᠵᠤ ᠴᠢᠬᠤᠯᠠᠴᠢᠯᠠᠪᠠ᠃
ᠬᠤᠷᠠᠯ᠎ᠠᠴᠠ 《ᠪᠥᠬᠥ ᠣᠷᠣᠨ᠎ᠤ ᠭᠠᠴᠠᠭ᠎ᠠ ᠲᠣᠰᠬᠣᠨ᠂ ᠨᠡᠶ᠋ᠢᠭᠡᠮ ᠲᠣᠭᠣᠷᠢᠭ᠎ᠤᠨ 〈ᠬᠣᠶᠠᠷ ᠵᠥᠪᠯᠡᠯ〉᠎ᠤᠨ ᠬᠤᠭᠤᠴᠠᠭ᠎ᠠ ᠰᠣᠯᠢᠬᠤ ᠠᠵᠢᠯ᠎ᠢ ᠰᠠᠶ᠋ᠢᠲᠤᠷ ᠬᠢᠬᠦ ᠲᠤᠬᠠᠶ ᠵᠢᠯᠣᠭᠣᠳᠬᠤ ᠰᠠᠨᠠᠯ》 ᠪᠠ 《ᠤᠳᠤᠷᠢᠳᠬᠤ ᠺᠠᠳ᠋ᠷ᠎ᠤᠨ ᠬᠠᠨᠢ ᠨᠦᠬᠦᠷ᠂ ᠦᠷ᠎ᠡ ᠬᠡᠤᠬᠡᠳ ᠵᠢᠴᠢ ᠳᠡᠳᠡᠨ᠎ᠤ ᠬᠠᠨᠢ ᠨᠦᠬᠦᠷ᠎ᠤᠨ ᠠᠭᠤᠷᠬᠠᠶ ᠵᠢᠨ ᠡᠬᠢ ᠪᠠᠶᠠᠯᠢᠭ᠎ᠢ ᠨᠡᠭᠡᠭᠡᠬᠦ᠎ᠳᠤ ᠣᠷᠣᠯᠴᠠᠬᠤ ᠦᠢ᠍ᠯᠡ ᠠᠵᠢᠯᠯᠠᠭ᠎ᠠ ᠵᠢ ᠵᠢᠷᠤᠮᠵᠢᠭᠤᠯᠬᠤ ᠲᠤᠬᠠᠶ ᠲᠣᠭᠲᠠᠭ᠋ᠠᠯ (ᠲᠤᠷᠰᠢᠨ ᠬᠡᠷᠡᠭᠵᠢᠭᠦᠯᠬᠦ)》᠎ᠢ ᠰᠤᠳᠤᠯᠵᠠᠶ᠃
ᠬᠤᠷᠠᠯ᠎ᠠᠴᠠ ᠪᠠᠰᠠ ᠪᠤᠰᠤᠳ ᠵᠦᠢ᠍ᠯ᠎ᠢ ᠰᠤᠳᠤᠯᠤᠭᠰᠠᠨ ᠪᠠᠢ᠍ᠢ᠍ᠨ᠎ᠠ᠃