ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠴᠢᠬᠤᠯᠠ ᠪᠠᠶ᠋ᠢᠷᠢᠯᠠᠭᠤᠯᠣᠯᠲᠠ
ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠤᠷᠤᠨ᠎ᠢ ᠵᠠᠰᠠᠬᠤ ᠬᠤᠷᠢᠶ᠎ᠠ ᠭᠤᠷᠪᠠᠳᠤᠭ᠋ᠠᠷ ᠤᠳᠠᠭ᠎ᠠ ᠵᠢᠨ ᠬᠤᠷᠠᠯ ᠬᠤᠷᠠᠯᠳᠤᠭᠤᠯᠪᠠ ᠱ᠌ᠢ᠎ᠲᠠᠢ ᠹᠸᠩ ᠬᠤᠷᠠᠯ᠎ᠢ ᠡᠷᠬᠢᠯᠡᠵᠤ ᠪᠦ᠋ ᠰᠢᠶᠤᠤ ᠯᠢᠨ ᠤᠷᠤᠯᠴᠠᠪᠠ
ᠨᠡᠶ᠋ᠢᠲᠡᠯᠡᠭᠰᠡᠨ ᠴᠠᠭ᠄ 2020-12-16

     7 ᠰᠠᠷ᠎ᠠ ᠵᠢᠨ 17᠎ᠤ ᠦᠳᠡ ᠵᠢᠨ ᠬᠤᠢ᠍ᠢ᠍ᠨ᠎ᠠ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠤᠷᠤᠨ᠎ᠢ ᠵᠠᠰᠠᠬᠤ ᠬᠤᠷᠢᠶ᠎ᠠ ᠭᠤᠷᠪᠠᠳᠤᠭ᠋ᠠᠷ ᠤᠳᠠᠭ᠎ᠠ ᠵᠢᠨ ᠬᠤᠷᠠᠯ ᠬᠤᠷᠠᠯᠳᠤᠭᠤᠯᠪᠠ᠃ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠱᠦᠵᠢ᠂ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠤᠷᠤᠨ᠎ᠢ ᠵᠠᠰᠠᠬᠤ ᠬᠤᠷᠢᠶᠠᠨ᠎ᠤ ᠡᠷᠬᠢᠯᠡᠭᠴᠢ ᠱ᠌ᠢ᠎ᠲᠠᠢ ᠹᠸᠩ ᠬᠤᠷᠠᠯ᠎ᠢ ᠡᠷᠬᠢᠯᠡᠵᠦ ᠶᠠᠷᠢᠶ᠎ᠠ ᠲᠠᠯᠪᠢᠪᠠ᠃
      ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠤᠷᠤᠨ᠎ᠢ ᠵᠠᠰᠠᠬᠤ ᠬᠤᠷᠢᠶᠠᠨ᠎ᠤ ᠳᠡᠳ᠋ ᠡᠷᠬᠢᠯᠡᠭᠴᠢ ᠪᠦ᠋ ᠰᠢᠶᠤᠤ ᠯᠢᠨ᠂ ᠯᠢᠨ ᠱᠤᠤ ᠴᠦᠨ ᠬᠤᠷᠠᠯ᠎ᠳᠤ ᠤᠷᠤᠯᠴᠠᠵᠠᠢ᠃
      ᠬᠤᠷᠠᠯ᠎ᠠᠴᠠ 《ᠶᠡᠷᠦᠩᠬᠡᠢ ᠱᠦᠵᠢ ᠰᠢ ᠵᠢᠨ ᠫᠢᠩ᠎ᠤᠨ ᠴᠢᠬᠤᠯᠠ ᠶᠠᠷᠢᠶᠠᠨ᠎ᠤ ᠵᠤᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠢᠷᠭᠡᠨ᠎ᠤ ᠬᠠᠤᠯᠢ ᠵᠢᠨ ᠪᠢᠴᠢᠭ᠎ᠢ ᠬᠡᠷᠡᠭᠵᠢᠭᠦᠯᠬᠦ ᠵᠢ ᠠᠬᠢᠭᠤᠯᠬᠤ ᠲᠤᠬᠠᠢ ᠰᠠᠨᠠᠯ》᠂ 2019 ᠤᠨ᠎ᠤ ᠪᠦᠬᠦ ᠲᠠᠯ᠎ᠠ᠎ᠪᠠᠷ ᠬᠠᠤᠯᠢ᠎ᠪᠠᠷ ᠤᠷᠤᠨ᠎ᠢ ᠵᠠᠰᠠᠭᠰᠠᠨ ᠲᠤᠬᠠᠢ ᠬᠢᠨᠠᠨ ᠰᠢᠯᠭ᠋ᠠᠯᠳᠠ ᠵᠢᠨ ᠦᠷ᠎ᠠ ᠪᠦᠳᠦᠭᠡᠯ ᠪᠠ 2020 ᠤᠨ᠎ᠤ ᠪᠦᠬᠦ ᠲᠠᠯ᠎ᠠ᠎ᠪᠠᠷ ᠬᠠᠤᠯᠢ᠎ᠪᠠᠷ ᠤᠷᠤᠨ᠎ᠢ ᠵᠠᠰᠠᠬᠤ ᠵᠢ ᠬᠢᠨᠠᠨ ᠰᠢᠯᠭ᠋ᠠᠬᠤ ᠠᠷᠭ᠎ᠠ᠂ 《ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ 〈ᠬᠠᠤᠯᠢᠵᠢᠯ᠎ᠤᠨ ᠰᠢᠶᠠᠩ ᠲᠤᠰᠬᠤᠨ᠎ᠤ ᠪᠠᠢ᠍ᠢ᠍ᠭᠤᠯᠤᠯᠳᠠ ᠵᠢᠨ ᠲᠤᠬᠠᠢ ᠰᠠᠨᠠᠯ〉᠎ᠢ ᠲᠤᠭᠤᠰᠢᠯᠠᠭᠤᠯᠬᠤ ᠴᠢᠬᠤᠯᠠ ᠶᠡᠬᠡ ᠠᠷᠭ᠎ᠠ ᠬᠡᠮᠵᠢᠶ᠎ᠠ ᠵᠢ ᠨᠠᠢ᠍ᠢ᠍ᠳᠠᠪᠤᠷᠢᠵᠢᠭᠤᠯᠬᠤ ᠲᠦᠰᠦᠯ》᠎ᠢ ᠬᠢᠨᠡᠨ ᠵᠦᠪᠯᠡᠵᠤ ᠪᠠᠳᠤᠯᠠᠵᠠᠢ᠃ ᠬᠤᠷᠠᠯ᠎ᠠᠴᠠ 《ᠬᠠᠤᠯᠢᠵᠢᠯ᠎ᠤᠨ ᠵᠠᠰᠠᠭ᠎ᠤᠨ ᠤᠷᠳᠤᠨ᠎ᠤ ᠪᠠᠢ᠍ᠢ᠍ᠭᠤᠯᠤᠯᠳᠠ ᠵᠢ ᠬᠡᠷᠡᠭᠵᠢᠭᠦᠯᠬᠦ ᠬᠦᠳᠦᠯᠪᠦᠷᠢ (2015 — 2020 ᠤᠨ)》 ᠵᠢ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠤᠭᠰᠠᠨ ᠪᠠᠢ᠍ᠢ᠍ᠳᠠᠯ᠎ᠤᠨ ᠬᠠᠷᠢᠭᠤ ᠮᠡᠳᠡᠭᠦᠯᠦᠯᠳᠡ ᠵᠢ ᠰᠤᠨᠤᠰᠴᠤ᠂ ᠲᠦᠪ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ᠎ᠢ ᠵᠠᠰᠠᠬᠤ ᠬᠤᠷᠢᠶᠠᠨ᠎ᠤ 《ᠵᠠᠰᠠᠭ ᠵᠠᠬᠢᠷᠭ᠋ᠠᠨ᠎ᠤ ᠳᠠᠬᠢᠨ ᠵᠦᠪᠯᠡᠬᠦ ᠪᠠᠢ᠍ᠢ᠍ᠭᠤᠯᠤᠮᠵᠢ ᠵᠢᠨ ᠦᠭᠡᠷᠡᠴᠢᠯᠡᠯᠳᠡ ᠵᠢᠨ ᠲᠦᠰᠦᠯ》᠎ᠤᠨ ᠵᠤᠷᠢᠭ ᠰᠠᠨᠠᠭ᠎ᠠ ᠵᠢ ᠤᠯᠠᠮᠵᠢᠯᠠᠨ ᠰᠤᠷᠤᠯᠴᠠᠭᠰᠠᠨ ᠪᠦᠭᠡᠳ ᠮᠠᠨ᠎ᠤ ᠤᠷᠤᠨ᠎ᠤ ᠲᠤᠭᠤᠰᠢᠯᠠᠭᠤᠯᠤᠨ ᠨᠠᠢ᠍ᠢ᠍ᠳᠠᠪᠤᠷᠢᠵᠢᠭᠤᠯᠬᠤ ᠰᠠᠨᠠᠯ᠎ᠢ ᠰᠤᠳᠤᠯᠵᠠᠢ᠃
      ᠬᠤᠷᠠᠯ᠎ᠠᠴᠠ᠂ ᠡᠨᠡ ᠵᠢᠯ ᠪᠤᠯ ᠲᠦᠢ᠍ᠯ᠎ᠤᠨ ᠤᠨᠴᠠᠭ᠋ᠠᠢ ᠪᠦᠭᠡᠳ ᠴᠢᠬᠤᠯᠠ ᠵᠢᠯ ᠪᠤᠯᠤᠨ᠎ᠠ᠂ ᠦᠭᠡᠷᠡᠴᠢᠯᠡᠯᠳᠡ ᠬᠦᠭᠵᠢᠯᠳᠡ ᠲᠤᠭᠳᠠᠭᠤᠨ᠎ᠤ ᠡᠭᠦᠷᠭᠡ ᠬᠦᠨᠳᠦ ᠨᠦᠰᠡᠷ᠂ ᠡᠯ᠎ᠠ ᠱᠠᠳᠤ ᠡᠯ᠎ᠠ ᠬᠤᠯᠪᠤᠭᠳᠠᠯ ᠪᠦᠬᠦᠢ ᠰᠠᠯᠠᠭ᠎ᠠ ᠮᠦᠴᠢᠷ᠎ᠤᠨ᠎ᠬᠢᠨ ᠦᠪᠡᠷᠳᠡᠭᠡᠨ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠠᠢ᠍ᠢ᠍ᠷᠢᠯᠠᠭᠤᠯᠤᠯᠳᠠ ᠱᠠᠭ᠋ᠠᠷᠳᠠᠯᠭ᠎ᠠ ᠶᠤᠰᠤᠭ᠋ᠠᠷ᠂ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠤᠭᠳᠠᠭ᠋ᠠᠬᠤ᠂ ᠬᠠᠤᠯᠢ ᠵᠢ ᠴᠢᠩᠭ᠎ᠠ ᠬᠡᠷᠡᠭᠵᠢᠭᠦᠯᠬᠦ᠂ ᠲᠦᠪ ᠭᠤᠤᠯᠴᠢ᠎ᠪᠠᠷ ᠬᠠᠤᠯᠢ ᠪᠠᠷᠢᠬᠤ᠂ ᠪᠦᠬᠦ ᠠᠷᠠᠳ ᠬᠠᠤᠯᠢ ᠵᠢ ᠰᠠᠬᠢᠬᠤ ᠡᠯ᠎ᠠ ᠵᠦᠢ᠍ᠯ᠎ᠤᠨ ᠠᠵᠢᠯ᠎ᠢ ᠨᠢᠭᠡᠳᠦᠯᠳᠠᠢ ᠲᠦᠯᠦᠪᠵᠢᠭᠦᠯᠤᠨ ᠠᠬᠢᠭᠤᠯᠵᠤ᠂ ᠰᠢᠰᠲᠸᠮ᠎ᠲᠠᠢ ᠲᠦᠯᠦᠪᠵᠢᠭᠦᠯᠬᠦ ᠪᠠ ᠪᠤᠳᠠᠳᠠᠢ ᠵᠢ ᠡᠷᠬᠢᠮᠯᠡᠨ ᠠᠬᠢᠭᠤᠯᠬᠤ ᠵᠢ ᠤᠶᠠᠯᠳᠤᠭᠤᠯᠬᠤ᠂ ᠰᠠᠢ᠍ᠢ᠍ᠨ ᠬᠠᠤᠯᠢ ᠲᠤᠭᠳᠠᠭ᠋ᠠᠬᠤ ᠪᠠ ᠴᠢᠳᠠᠮᠠᠭ᠋ᠠᠢ᠎ᠪᠠᠷ ᠵᠠᠰᠠᠭ ᠪᠠᠷᠢᠬᠤ ᠴᠢᠳᠠᠮᠠᠭ᠋ᠠᠢ᠎ᠪᠠᠷ ᠵᠠᠰᠠᠬᠤ ᠵᠢ ᠤᠶᠠᠯᠳᠤᠭᠤᠯᠬᠤ᠂ 《ᠵᠠᠩᠭᠢᠯᠠᠭ᠎ᠠ ᠵᠢᠨ ᠴᠦᠬᠡᠨ ᠲᠤᠭ᠋ᠠᠳᠠᠨ》᠎ᠢ ᠠᠳᠬᠤᠬᠤ ᠪᠠ ᠦᠨᠳᠦᠰᠦᠨ ᠱᠠᠳᠤᠨ᠎ᠤ ᠰᠠᠭᠤᠷᠢ ᠵᠢ ᠠᠳᠬᠤᠬᠤ ᠵᠢ ᠤᠶᠠᠯᠳᠤᠭᠤᠯᠬᠤ ᠵᠢ ᠪᠠᠷᠢᠮᠳᠠᠯᠠᠵᠤ᠂ ᠬᠠᠤᠯᠢ᠎ᠪᠠᠷ ᠵᠠᠰᠠᠬᠤ ᠳᠦᠷᠢᠮ᠎ᠤᠨ ᠳᠠᠪᠠᠭᠤᠯᠢᠭ᠎ᠢ ᠠᠵᠤ ᠠᠬᠤᠢ ᠨᠡᠢ᠍ᠢ᠍ᠭᠡᠮ᠎ᠤᠨ ᠬᠦᠭᠵᠢᠯᠳᠡ ᠵᠢ ᠠᠬᠢᠭᠤᠯᠬᠤ ᠬᠦᠴᠦᠷᠬᠡᠭ ᠶᠡᠬᠡ ᠬᠦᠴᠦᠨ ᠴᠢᠳᠠᠪᠤᠷᠢ ᠪᠤᠯᠭ᠋ᠠᠨ ᠬᠤᠪᠢᠷᠠᠭᠤᠯᠵᠤ᠂ ᠬᠠᠤᠯᠢᠵᠢᠯ ᠵᠶ᠋ᠠᠷ ᠡᠯ᠎ᠠ ᠵᠦᠢ᠍ᠯ᠎ᠤᠨ ᠠᠵᠢᠯ᠎ᠤᠨ ᠪᠤᠳᠠᠳᠠᠢ ᠦᠷ᠎ᠠ ᠪᠦᠲᠦᠮᠵᠢ ᠤᠯᠬᠤ ᠵᠢ ᠦᠨᠡᠨ ᠬᠦ᠌ ᠪᠠᠳᠤᠯᠠᠬᠤ ᠬᠡᠷᠡᠭᠳᠠᠢ᠃ ᠪᠦᠬᠦ ᠲᠠᠯ᠎ᠠ᠎ᠪᠠᠷ ᠬᠠᠤᠯᠢ᠎ᠪᠠᠷ ᠤᠷᠤᠨ᠎ᠢ ᠵᠠᠰᠠᠬᠤ ᠲᠤᠮᠲᠠ ᠤᠷᠲᠤ ᠬᠤᠭᠤᠴᠠᠭ᠋ᠠᠠ᠎ᠤ ᠪᠠᠢ᠍ᠢ᠍ᠯᠲᠤᠬᠤ ᠪᠤᠲᠤᠯᠭ᠎ᠠ ᠵᠢᠨ ᠡᠬᠦᠷᠭᠡ ᠪᠤᠯᠤᠨ ᠪᠠᠢ᠍ᠢ᠍ᠯᠲᠤᠬᠤ ᠪᠤᠲᠤᠯᠭ᠎ᠠ ᠵᠢᠨ ᠪᠠᠢ᠍ᠢ᠍ᠷᠢᠰᠢᠯᠠᠭᠤᠯᠤᠯᠳᠠ ᠵᠢ ᠬᠦᠨᠵᠡᠭᠡᠢ ᠰᠤᠲᠤᠯᠤᠨ ᠲᠦᠯᠦᠪᠵᠢᠭᠦᠯᠵᠦ᠂ ᠬᠤᠢ᠍ᠢ᠍ᠰᠢᠲᠠ ᠵᠢᠨ ᠲᠠᠪᠤᠠ ᠵᠢᠯ᠎ᠤᠨ ᠮᠠᠠ᠎ᠤ ᠤᠷᠤᠨ᠎ᠤ ᠬᠠᠤᠯᠢᠵᠢᠯ᠎ᠤᠨ ᠪᠠᠢ᠍ᠢ᠍ᠭᠤᠯᠤᠯᠲᠠ ᠵᠢᠨ ᠴᠢᠬᠤᠯᠠ ᠲᠦᠯᠦᠪᠵᠢᠭᠦᠯᠭᠡ ᠵᠢᠨ ᠲᠦᠰᠦᠯ᠎ᠢ ᠨᠠᠷᠢᠨ ᠬᠢᠨᠠᠮᠠᠭ᠋ᠠᠢ ᠲᠤᠭᠤᠷᠪᠢᠵᠦ᠂ ᠬᠠᠤᠯᠢᠵᠢᠯ᠎ᠤᠨ ᠦᠨᠲᠦᠰᠦ ᠵᠢ ᠪᠡᠬᠢᠵᠢᠭᠦᠯᠬᠦ᠂ ᠵᠢᠱ᠌ᠢᠯᠲᠠ ᠵᠢ ᠲᠤᠭᠲᠠᠪᠤᠷᠢᠵᠢᠭᠤᠯᠬᠤ᠂ ᠠᠯᠤᠰ ᠬᠡᠳᠦ᠎ᠳᠤ ᠠᠰᠢᠭ ᠤᠯᠭᠤᠬᠤ ᠵᠢ ᠪᠠᠲᠤᠯᠠᠬᠤ ᠦᠢ᠍ᠯᠡᠲᠦᠯ᠎ᠢ ᠨᠡᠩ ᠰᠠᠢ᠍ᠢ᠍ᠨ ᠪᠠᠲᠠᠷᠠᠭᠤᠯᠬᠤ ᠭᠡᠷᠡᠭᠲᠡᠢ ᠭᠡᠵᠦ ᠵᠢᠭ᠋ᠠᠵᠦ ᠭᠠᠷᠭ᠋ᠠᠪᠠ᠃
      ᠬᠤᠷᠠᠯ᠎ᠠᠴᠠ᠂ ᠪᠦᠬᠦ ᠲᠠᠯ᠎ᠠ᠎ᠪᠠᠷ ᠬᠠᠤᠯᠢ᠎ᠪᠠᠷ ᠤᠷᠤᠨ᠎ᠢ ᠵᠠᠰᠠᠬᠤ ᠪᠤᠯ ᠨᠢᠬᠡᠨ ᠰᠢᠰᠲᠸᠮᠲᠤ ᠢᠨᠵᠸᠨ᠋ᠸᠷᠢᠩ ᠮᠦᠨ᠂ ᠭᠤᠤᠯᠲᠠᠯᠭ᠎ᠠ ᠵᠢ ᠠᠳᠬᠤᠬᠤ᠂ ᠭᠤᠤᠯᠲᠠᠯᠭ᠎ᠠ᠎ᠲᠠᠢ ᠠᠳᠬᠤᠬᠤ ᠵᠢ ᠪᠠᠷᠢᠮᠲᠠᠯᠠᠵᠦ᠂ ᠨᠢᠭᠡ ᠴᠤᠭᠴᠠᠵᠢᠭᠤᠯᠤᠨ ᠪᠠᠢ᠍ᠢ᠍ᠭᠤᠯᠬᠤ ᠲᠡᠭᠡᠷ᠎ᠠ ᠬᠦᠴᠤ ᠤᠷᠤᠭᠤᠯᠵᠦ᠂ ᠵᠠᠩᠭᠢᠯᠠᠭ᠎ᠠ ᠵᠢᠨ ᠭᠤᠭᠴᠤᠭ᠎ᠠ᠎ᠳᠤ ᠲᠠᠪᠠᠯᠲᠠ᠎ᠲᠠᠢ ᠪᠤᠯᠭ᠋ᠠᠵᠦ᠂ ᠪᠦᠬᠦ ᠲᠠᠯ᠎ᠠ᠎ᠪᠠᠷ ᠬᠠᠤᠯᠢ᠎ᠪᠠᠷ ᠤᠷᠤᠨ᠎ᠢ ᠵᠠᠰᠠᠬᠤ ᠪᠦᠬᠦᠯᠢ ᠴᠤᠭᠴᠠ ᠵᠢᠨ ᠲᠦᠪᠰᠢᠨ᠎ᠢ ᠲᠠᠢ᠍ᠢ᠍ᠴᠢᠯᠠᠠ ᠲᠡᠭᠡᠭᠰᠢᠯᠡᠭᠦᠯᠬᠦ ᠬᠡᠷᠡᠭᠲᠡᠢ᠃ ᠤᠯᠤᠰ᠎ᠤᠨ ᠬᠠᠤᠯᠢ ᠴᠠᠭ᠋ᠠᠵᠠ ᠬᠠᠤᠯᠢ ᠲᠤᠭᠲᠠᠭ᠋ᠠᠯ᠎ᠯᠤᠭ᠎ᠠ ᠲᠤᠬᠢᠷᠠᠯᠴᠠᠬᠤ ᠭᠡᠷᠡᠭᠵᠢᠭᠦᠯᠬᠦ ᠴᠢᠨᠠᠷᠲᠠᠢ ᠬᠠᠤᠯᠢ ᠲᠤᠭᠲᠠᠭ᠋ᠠᠬᠤ ᠠᠵᠢᠯ᠎ᠢ ᠨᠠᠷᠢᠨ ᠬᠢᠨᠠᠮᠠᠭ᠋ᠠᠢ ᠰᠠᠢ᠍ᠢ᠍ᠲᠤᠷ ᠬᠢᠵᠦ᠂ ᠠᠵᠦ ᠠᠬᠤᠢ ᠵᠢᠨ ᠴᠢᠨᠠᠷ ᠰᠠᠢ᠍ᠢ᠍ᠲᠠᠢ ᠬᠦᠭᠵᠢᠯᠲᠠ ᠵᠢ ᠠᠬᠢᠭᠤᠯᠬᠤ᠂ ᠠᠮᠢ ᠠᠬᠤᠢ ᠵᠢᠨ ᠤᠷᠴᠢᠨ ᠲᠤᠭᠤᠷᠢᠨ᠎ᠤ ᠬᠠᠮᠠᠭ᠋ᠠᠯᠠᠯᠲᠠ ᠵᠢ ᠴᠢᠩᠭ᠋ᠠᠳᠬᠠᠬᠤ᠂ ᠠᠷᠠᠳ᠎ᠤᠨ ᠠᠮᠢᠲᠤᠷᠠᠯ ᠵᠡᠷᠭᠡ ᠭᠤᠤᠯᠲᠠᠯᠭ᠎ᠠ᠎ᠲᠠᠢ ᠬᠦᠷᠢᠶᠠᠠ᠎ᠳᠠᠬᠢ ᠬᠠᠤᠯᠢ ᠲᠤᠭᠲᠠᠭ᠋ᠠᠯᠲᠠ ᠵᠢ ᠪᠠᠲᠤᠯᠠᠠ ᠰᠠᠢ᠍ᠢ᠍ᠵᠢᠷᠠᠭᠤᠯᠬᠤ ᠭᠡᠷᠡᠭᠲᠡᠢ᠃ ᠬᠠᠤᠯᠢᠵᠢᠯ᠎ᠤᠨ ᠵᠠᠰᠠᠭ᠎ᠤᠨ ᠤᠷᠲᠤᠨ᠎ᠤ ᠪᠠᠢ᠍ᠢ᠍ᠭᠤᠯᠤᠯᠲᠠ ᠵᠢ ᠰᠠᠢ᠍ᠢ᠍ᠲᠤᠷ ᠠᠳᠬᠤᠵᠦ᠂ 《ᠲᠠᠯᠪᠢᠬᠤ ᠬᠠᠮᠢᠶᠠᠷᠬᠤ ᠦᠢ᠍ᠯᠡᠴᠢᠯᠡᠬᠦ》 ᠦᠭᠡᠷᠡᠴᠢᠯᠡᠯᠲᠠ᠂ ᠶᠡᠷᠦᠩᠭᠡᠢ᠍ᠢ᠍ᠯᠡᠭᠰᠡᠡ ᠵᠠᠰᠠᠭ ᠵᠠᠬᠢᠷᠭ᠋ᠠᠠ᠎ᠤ ᠬᠠᠤᠯᠢ ᠭᠡᠷᠡᠭᠵᠢᠭᠦᠯᠬᠦ ᠪᠠᠢ᠍ᠢ᠍ᠭᠤᠯᠤᠮᠵᠢ ᠵᠢᠨ ᠦᠭᠡᠷᠡᠴᠢᠯᠡᠯᠲᠡ ᠵᠢ ᠦᠷᠬᠦᠯᠵᠢᠯᠡᠡ ᠬᠦᠨᠵᠡᠭᠡᠢ᠍ᠢ᠍ᠷᠡᠭᠦᠯᠵᠦ᠂ ᠴᠢᠬᠤᠯᠠ ᠶᠡᠬᠡ ᠵᠠᠰᠠᠭ ᠵᠠᠬᠢᠷᠭ᠋ᠠᠠ᠎ᠤ ᠰᠢᠢ᠍ᠳᠪᠦᠷᠢᠲᠦ ᠪᠤᠲᠤᠯᠭ᠎ᠠ ᠲᠦᠷᠢᠮ᠎ᠢ ᠪᠦᠷᠢᠠᠰᠢᠭᠦᠯᠦᠨ ᠲᠡᠭᠦᠯᠲᠡᠷᠵᠢᠭᠦᠯᠵᠦ᠂ ᠵᠠᠰᠠᠭ ᠵᠠᠬᠢᠷᠭ᠋ᠠᠠ᠎ᠤ ᠬᠠᠤᠯᠢ ᠭᠡᠷᠡᠭᠵᠢᠭᠦᠯᠦᠯᠲᠠ ᠵᠢᠨ 《ᠭᠤᠷᠪᠠᠠ ᠵᠦᠢ᠍ᠯ᠎ᠤᠨ ᠲᠦᠷᠢᠮ》᠎ᠢ ᠪᠤᠲᠠᠲᠠᠢ ᠨᠠᠢ᠍ᠢ᠍ᠲᠠᠪᠤᠷᠢᠵᠢᠭᠤᠯᠬᠤ ᠵᠢ ᠠᠬᠢᠭᠤᠯᠬᠤ ᠭᠡᠷᠡᠭᠲᠡᠢ᠃ ᠭᠤᠤᠯᠴᠢ ᠪᠤᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠴᠢᠩᠭ᠎ᠠ ᠵᠢᠷᠤᠮᠵᠢᠭᠤᠯᠵᠦ᠂ ᠵᠠᠰᠠᠭ ᠵᠠᠬᠢᠷᠭ᠋ᠠᠠ᠎ᠤ ᠬᠠᠤᠯᠢ ᠭᠡᠷᠡᠭᠵᠢᠭᠦᠯᠬᠦ ᠲᠡᠰ ᠲᠠᠷᠠᠭ᠋ᠠᠯᠠᠯ᠎ᠢ ᠵᠢᠷᠤᠮᠵᠢᠭᠤᠯᠵᠦ᠂ ᠲᠦᠭᠦᠮ ᠪᠦᠲᠦᠭᠦᠯᠢᠭ ᠵᠶ᠋ᠠᠷ ᠬᠠᠤᠯᠢ ᠭᠡᠷᠡᠭᠵᠢᠭᠦᠯᠬᠦ ᠵᠢ ᠰᠡᠷᠭᠡᠢ᠍ᠢ᠍ᠯᠡᠬᠦ ᠬᠡᠷᠡᠭᠲᠡᠢ᠃ ᠬᠠᠤᠯᠢᠵᠢᠯ᠎ᠤᠨ ᠵᠠᠬ᠎ᠠ ᠲᠡᠯᠭᠡᠭᠦᠷ᠎ᠤᠨ ᠪᠠᠢ᠍ᠢ᠍ᠭᠤᠯᠤᠯᠲᠠ ᠵᠢ ᠰᠠᠢ᠍ᠢ᠍ᠲᠤᠷ ᠠᠳᠬᠤᠵᠦ᠂ ᠮᠠᠠ᠎ᠤ ᠤᠷᠤᠨ᠎ᠤ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ᠎ᠤᠨ ᠬᠠᠤᠯᠢᠵᠢᠯ᠎ᠤᠨ ᠰᠢᠰᠲᠸᠮ᠎ᠢ ᠰᠢᠮᠳᠠᠭᠤᠯᠤᠨ ᠲᠡᠭᠦᠯᠲᠡᠷᠵᠢᠭᠦᠯᠵᠦ᠂ ᠬᠤᠲᠠᠯᠲᠤᠭ᠎ᠠ ᠡᠷᠬᠢᠯᠡᠬᠦ ᠤᠷᠴᠢᠨ ᠨᠦᠬᠦᠴᠡᠯ᠎ᠢ ᠡᠪᠲᠡᠬᠦ ᠠᠰᠠᠭᠤᠲᠠᠯ᠎ᠢ ᠲᠤᠰᠬᠠᠢ ᠴᠡᠭᠴᠡᠯᠡᠡ ᠵᠠᠰᠠᠬᠤ ᠠᠵᠢᠯ᠎ᠢ ᠬᠦᠨᠵᠡᠭᠡᠢ ᠦᠷᠨᠢᠭᠦᠯᠵᠦ᠂ ᠡᠯ᠎ᠠ ᠲᠦᠷᠦᠯ᠎ᠤᠨ ᠵᠠᠬ᠎ᠠ ᠲᠡᠯᠭᠡᠭᠦᠷ᠎ᠤᠨ ᠭᠤᠤᠯ ᠴᠤᠭᠴᠠ ᠵᠢᠨ ᠦᠮᠴᠢᠯᠡᠯ᠎ᠤᠨ ᠡᠷᠭᠡ ᠪᠤᠯᠤᠨ ᠬᠠᠤᠯᠢ ᠶᠤᠰᠤᠨ᠎ᠤ ᠡᠷᠭᠡ ᠠᠰᠢᠭ᠎ᠢ ᠬᠠᠤᠯᠢ ᠶᠤᠰᠤᠭ᠋ᠠᠷ ᠡᠷᠭᠡ ᠲᠡᠭᠰᠢ᠎ᠪᠠᠷ ᠬᠠᠮᠠᠭ᠋ᠠᠯᠠᠬᠤ ᠭᠡᠷᠡᠭᠲᠡᠢ᠃ ᠬᠠᠤᠯᠢᠵᠢᠯ᠎ᠤᠨ ᠨᠡᠢ᠍ᠢ᠍ᠭᠡᠮ᠎ᠤᠨ ᠪᠠᠢ᠍ᠢ᠍ᠭᠤᠯᠤᠯᠲᠠ ᠵᠢ ᠰᠠᠢ᠍ᠢ᠍ᠲᠤᠷ ᠠᠳᠬᠤᠵᠦ᠂ ᠭᠤᠤᠯᠲᠠᠯᠭ᠎ᠠ᠎ᠲᠠᠢ ᠬᠦᠷᠢᠶᠡᠡ᠎ᠳᠠᠬᠢ ᠬᠠᠤᠯᠢ ᠭᠡᠷᠡᠭᠵᠢᠭᠦᠯᠬᠦ ᠬᠠᠤᠯᠢ ᠪᠠᠷᠢᠬᠤ ᠡᠷᠴᠢᠮ ᠵᠶ᠋ᠠᠨ ᠴᠢᠩᠭ᠋ᠠᠷᠠᠭᠤᠯᠵᠦ᠂ ᠨᠡᠢ᠍ᠢ᠍ᠭᠡᠮ᠎ᠤᠨ ᠵᠠᠰᠠᠯᠲᠠ ᠵᠢᠨ ᠤᠲᠤᠬᠢᠴᠢᠯᠠᠯᠲᠠ ᠵᠢ ᠲᠦᠷᠭᠡᠠ ᠠᠬᠢᠭᠤᠯᠵᠦ᠂ ᠬᠠᠤᠯᠢᠵᠢᠯ᠎ᠤᠨ ᠰᠢᠶᠠᠩ ᠲᠤᠰᠬᠤᠨ᠎ᠤ ᠪᠠᠢ᠍ᠢ᠍ᠭᠤᠯᠤᠯᠲᠠ ᠵᠢ ᠴᠢᠩᠭ᠋ᠠᠳᠬᠠᠵᠦ᠂ ᠬᠠᠤᠯᠢ᠎ᠪᠠᠷ ᠠᠷᠠᠳ ᠤᠯᠠᠠ᠎ᠤ ᠠᠮᠢ ᠨᠠᠰᠤ ᠡᠳ᠋ ᠬᠦᠷᠦᠨᠭᠭᠡ ᠵᠢᠨ ᠠᠮᠤᠷ ᠲᠦᠪᠰᠢᠨ᠎ᠢ ᠬᠠᠮᠠᠭ᠋ᠠᠯᠠᠬᠤ ᠭᠡᠷᠡᠭᠲᠡᠢ᠃ ᠵᠤᠬᠢᠶᠠᠠ ᠪᠠᠢ᠍ᠢ᠍ᠭᠤᠯᠵᠦ ᠤᠲᠤᠷᠢᠳᠬᠤ᠎ᠪᠠᠨ ᠤᠯᠠᠮ ᠴᠢᠨᠠᠭᠰᠢᠲᠠ ᠴᠢᠩᠭ᠋ᠠᠳᠬᠠᠵᠦ᠂ ᠦᠨᠲᠦᠷ ᠪᠦᠲᠦᠮᠵᠢᠲᠠᠢ ᠵᠤᠯᠭ᠋ᠠᠭᠤᠯᠬᠤ ᠠᠵᠢᠯ᠎ᠤᠨ ᠲᠤᠭᠲᠠᠴᠠ ᠵᠢ ᠪᠦᠷᠢᠠᠰᠢᠭᠦᠯᠦᠨ ᠲᠡᠭᠦᠯᠲᠡᠷᠵᠢᠭᠦᠯᠵᠦ᠂ ᠬᠠᠤᠯᠢᠵᠢᠯ᠎ᠢ ᠰᠢᠮᠳᠠᠭᠤᠯᠤᠨ ᠪᠠᠢ᠍ᠢ᠍ᠴᠠᠭ᠋ᠠᠬᠤ ᠠᠵᠢᠯ ᠵᠶ᠋ᠠᠨ ᠰᠠᠢ᠍ᠢ᠍ᠵᠢᠷᠠᠭᠤᠯᠵᠦ᠂ ᠬᠢᠨᠠᠨ ᠰᠢᠯᠭ᠋ᠠᠵᠦ ᠦᠨᠡᠯᠡᠬᠦ ᠪᠠ ᠵᠦᠪ ᠴᠢᠭᠯᠡᠯ ᠵᠶ᠋ᠠᠷ ᠬᠦᠲᠦᠯᠦᠨ ᠵᠢᠯᠤᠭᠤᠳᠬᠤ᠎ᠪᠠᠨ ᠴᠢᠩᠭ᠋ᠠᠳᠬᠠᠵᠦ᠂ ᠪᠦᠬᠦ ᠲᠠᠯ᠎ᠠ᠎ᠪᠠᠷ ᠬᠠᠤᠯᠢ᠎ᠪᠠᠷ ᠤᠷᠤᠠ᠎ᠢ ᠵᠠᠰᠠᠬᠤ ᠠᠵᠢᠯ᠎ᠤᠨ ᠠᠬᠢᠭᠤᠯᠬᠤ ᠬᠦᠴᠤᠨ ᠪᠠ ᠭᠡᠷᠡᠭᠵᠢᠭᠦᠯᠬᠦ ᠬᠦᠴᠤᠨ᠎ᠢ ᠲᠠᠰᠤᠷᠠᠯᠲᠠ ᠦᠭᠡᠢ ᠴᠢᠩᠭ᠋ᠠᠳᠬᠠᠬᠤ ᠭᠡᠷᠡᠭᠲᠡᠢ ᠭᠡᠵᠦ ᠴᠢᠬᠤᠯᠠᠴᠢᠯᠠᠪᠠ᠃
      ᠦᠪᠡᠷᠲᠡᠭᠡᠡ ᠵᠠᠰᠠᠬᠤ ᠤᠷᠤᠨ᠎ᠤ ᠨᠠᠮ᠎ᠤᠨ ᠬᠤᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠤᠷᠤᠨ᠎ᠢ ᠵᠠᠰᠠᠬᠤ ᠬᠤᠷᠢᠶᠠᠨ᠎ᠤ ᠭᠡᠰᠢᠭᠦᠳ ᠵᠢᠴᠢ ᠡᠯ᠎ᠠ ᠵᠤᠬᠢᠴᠠᠭᠤᠯᠬᠤ ᠲᠤᠭᠤᠢ᠍ᠢ᠍ᠯᠠᠩ᠎ᠤᠨ ᠪᠦᠷᠢᠯᠳᠦᠭᠦᠨ ᠬᠤᠷᠠᠯ᠎ᠳᠤ ᠤᠷᠤᠯᠴᠠᠵᠦ᠂ ᠬᠤᠯᠪᠤᠭᠲᠠᠯ ᠪᠦᠬᠦᠢ ᠲᠠᠯ᠎ᠠ ᠵᠢᠨ ᠬᠠᠷᠢᠭᠤᠴᠠᠯᠭ᠋ᠠᠲᠠᠠ ᠨᠦᠬᠦᠳ ᠬᠤᠷᠠᠯ᠎ᠳᠤ ᠰᠤᠯᠠ ᠤᠷᠤᠯᠴᠠᠵᠠᠢ᠃

ᠢᠷᠡᠯᠲᠡ᠄ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            