10 ᠰᠠᠷ᠎ᠠ ᠵᠢᠨ 25᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶᠠᠨ᠎ᠤ ᠠᠯᠪᠠᠨ ᠭᠡᠷ᠎ᠤᠨ ᠨᠠᠢ᠍ᠮᠠᠳᠤᠭ᠋ᠠᠷ ᠤᠳᠠᠭ᠎ᠠ ᠵᠢᠨ ᠡᠷᠬᠢᠯᠡᠭᠴᠢᠳ᠎ᠤᠨ ᠬᠤᠷᠠᠯ ᠬᠥᠬᠡᠬᠣᠲᠠ᠎ᠳᠤ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶᠠᠨ᠎ᠤ ᠱᠦᠵᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶᠠᠨ᠎ᠤ ᠳᠡᠳ᠋ ᠡᠷᠬᠢᠯᠡᠭᠴᠢ᠂ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠬᠡᠷ᠎ᠤᠨ ᠡᠷᠬᠢᠯᠡᠭᠴᠢ ᠯᠢᠨ ᠱᠣᠤ ᠴᠦᠨ ᠬᠤᠷᠠᠯ᠎ᠢ ᠡᠷᠭᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠪᠠᠢ᠌ᠩᠭᠤ ᠵᠢᠨ ᠳᠡᠳ᠋ ᠡᠷᠬᠢᠯᠡᠭᠴᠢ ᠨᠠᠰᠤᠨᠮᠦ᠋ᠡᠭᠭᠡ᠂ ᠳᠡᠳ᠋ ᠡᠷᠬᠢᠯᠡᠭᠴᠢ ᠯᠢᠶᠠᠨ ᠰᠦ᠍᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠣᠷᠢᠶᠠᠨ᠎ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠢ᠌ᠴᠠᠭ᠋ᠠᠬᠤ ᠬᠣᠷᠢᠶᠠᠨ᠎ᠤ ᠪᠠᠢ᠌ᠴᠠᠭ᠋ᠠᠬᠤ ᠳᠠᠷᠤᠭ᠎ᠠ ᠯᠢ ᠴᠢ ᠯᠢᠨ ᠬᠤᠷᠠᠯ᠎ᠳᠤ ᠣᠷᠣᠯᠴᠠᠵᠠᠶ᠃ ᠬᠤᠷᠠᠯ᠎ᠠᠴᠠ ᠨᠠᠮ᠎ᠤᠨ ᠤᠳᠤᠷᠢᠳᠤᠯᠭ᠎ᠠ ᠬᠠᠤᠯᠢ ᠲᠣᠭᠲᠠᠭ᠋ᠠᠬᠤ ᠠᠵᠢᠯ᠎ᠤᠨ ᠲᠣᠭᠲᠠᠴᠠ ᠵᠢ ᠴᠢᠨᠠᠭᠰᠢᠳᠠ ᠲᠡᠭᠦᠯᠳᠡᠷᠵᠢᠭᠦᠯᠬᠦ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠎ᠢ ᠰᠤᠳᠤᠯᠤᠨ ᠬᠢᠨᠠᠨ ᠵᠥᠪᠯᠡᠵᠦ᠂ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ᠎ᠤᠨ ᠳᠡᠳ᠋ ᠡᠷᠬᠢᠯᠡᠭᠴᠢ᠂ ᠬᠠᠤᠯᠢ ᠴᠠᠭ᠋ᠠᠵᠠ ᠵᠢᠨ ᠲᠢᠩᠬᠢᠮ᠎ᠤᠨ ᠳᠠᠷᠤᠭ᠎ᠠ ᠪᠠᠢ ᠶᠦᠩ ᠫᠢᠩ ᠬᠣᠯᠪᠣᠭᠳᠠᠯ ᠪᠦᠬᠦᠢ ᠪᠠᠢ᠌ᠳᠠᠯ᠎ᠢ ᠬᠠᠷᠢᠭᠤ ᠮᠡᠳᠡᠭᠦᠯᠪᠡ᠃
ᠬᠤᠷᠠᠯ᠎ᠠᠴᠠ᠂ ᠬᠠᠤᠯᠢ ᠲᠣᠭᠲᠠᠭ᠋ᠠᠬᠤ ᠠᠵᠢᠯ᠎ᠳᠠᠬᠢ ᠨᠠᠮ᠎ᠤᠨ ᠤᠳᠤᠷᠢᠳᠤᠯᠭ᠎ᠠ ᠵᠢ ᠴᠢᠩᠭ᠋ᠠᠳᠬᠠᠬᠤ ᠪᠣᠯ ᠬᠠᠤᠯᠢ ᠲᠣᠭᠲᠠᠭ᠋ᠠᠬᠤ ᠠᠵᠢᠯ᠎ᠤᠨ ᠡᠷᠬᠡᠪᠰᠢ ᠢᠮᠠᠭᠲᠠ ᠵᠢᠷᠤᠮᠯᠠᠬᠤ ᠴᠢᠬᠤᠯᠠ ᠤᠯᠤᠰ ᠲᠦᠷᠦ ᠵᠢᠨ ᠵᠠᠷᠴᠢᠮ ᠮᠥᠨ᠂ ᠬᠠᠤᠯᠢ ᠲᠣᠭᠲᠠᠭ᠋ᠠᠬᠤ ᠶᠠᠰᠤ ᠴᠢᠨᠠᠷ᠎ᠢ ᠳᠡᠭᠡᠭᠰᠢᠯᠡᠭᠦᠯᠬᠦ᠂ ᠰᠠᠢ᠍ᠢ᠍ᠨ ᠬᠠᠤᠯᠢ ᠴᠢᠳᠠᠮᠠᠭ᠋ᠠᠢ ᠵᠠᠰᠠᠯᠲᠠ ᠵᠢ ᠠᠬᠢᠭᠤᠯᠬᠤ ᠴᠢᠬᠤᠯᠠ ᠤᠯᠤᠰ ᠲᠦᠷᠦ ᠵᠢᠨ ᠪᠠᠲᠤᠯᠠᠭ᠎ᠠ ᠮᠥᠨ᠃ ᠶᠡᠷᠦᠩᠬᠡᠶ ᠱᠦᠵᠢ ᠰᠢ ᠵᠢᠨ ᠫᠢᠩ᠎ᠤᠨ ᠲᠥᠪ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠠᠵᠢᠯ᠎ᠤᠨ ᠬᠤᠷᠠᠯ ᠳᠡᠭᠡᠷᠡᠬᠢ 《ᠨᠠᠮ᠎ᠠᠴᠠ ᠣᠷᠣᠨ ᠨᠤᠲᠤᠭ᠎ᠤᠨ ᠬᠠᠤᠯᠢ ᠲᠣᠭᠲᠠᠭ᠋ᠠᠬᠤ ᠠᠵᠢᠯ᠎ᠢ ᠤᠳᠤᠷᠢᠳᠬᠤ ᠳᠦᠷᠢᠮ ᠲᠣᠭᠲᠠᠴᠠ ᠵᠢ ᠪᠦᠷᠢᠨᠰᠢᠭᠦᠯᠬᠦ ᠬᠡᠷᠡᠭᠲᠡᠶ᠂ ᠨᠠᠮ᠎ᠤᠨ ᠬᠠᠤᠯᠢ ᠲᠣᠭᠲᠠᠭ᠋ᠠᠬᠤ ᠠᠵᠢᠯ᠎ᠳᠠᠬᠢ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠪᠦᠬᠦ ᠲᠠᠯ᠎ᠠ᠎ᠪᠠᠷ ᠴᠢᠩᠭ᠋ᠠᠳᠬᠠᠵᠤ᠂ ᠨᠠᠮ᠎ᠤᠨ ᠬᠣᠷᠢᠶᠠᠨ᠎ᠤ ᠤᠳᠤᠷᠢᠳᠤᠯᠭ᠎ᠠ ᠵᠢ ᠲᠡᠭᠦᠯᠳᠡᠷᠵᠢᠭᠦᠯᠦᠨ᠎ᠡ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ ᠵᠶ᠋ᠠᠷ ᠭᠣᠤᠯᠯᠠᠭᠤᠯᠬᠤ᠂ ᠵᠠᠰᠠᠭ᠎ᠤᠨ ᠣᠷᠳᠣᠨ᠎ᠤ ᠲᠦᠰᠢᠭ᠂ ᠡᠯ᠎ᠡ ᠲᠠᠯ᠎ᠠ ᠵᠢᠨ᠎ᠬᠢᠨ᠎ᠤ ᠣᠷᠣᠯᠴᠠᠭᠰᠠᠨ ᠬᠠᠤᠯᠢ ᠲᠣᠭᠲᠠᠭ᠋ᠠᠬᠤ ᠠᠵᠢᠯ᠎ᠤᠨ ᠪᠠᠢ᠌ᠷᠢᠰᠢᠯ》᠎ᠤᠨ ᠱᠠᠭ᠋ᠠᠷᠳᠠᠯᠭ᠎ᠠ᠂ ᠬᠠᠤᠯᠢ ᠲᠣᠭᠲᠠᠭ᠋ᠠᠬᠤ ᠠᠵᠢᠯ᠎ᠤᠨ ᠳᠤᠮᠳᠠᠬᠢ ᠴᠢᠬᠤᠯᠠ ᠶᠡᠬᠡ ᠠᠰᠠᠭᠤᠳᠠᠯ᠎ᠤᠨ ᠲᠤᠬᠠᠢ ᠨᠠᠮ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠲᠣᠭᠲᠠᠭ᠋ᠠᠬᠤ ᠵᠢᠷᠤᠮ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠴᠢᠬᠤᠯᠠ ᠶᠡᠬᠡ ᠬᠠᠤᠯᠢ ᠲᠣᠭᠲᠠᠭ᠋ᠠᠬᠤ ᠵᠦᠢ᠍ᠯᠡᠰ᠎ᠢ ᠪᠦᠷᠢᠨᠰᠢᠭᠦᠯᠵᠦ ᠨᠠᠮ᠎ᠤᠨ ᠬᠣᠷᠢᠢ᠎ᠠ᠎ᠠᠴᠠ ᠵᠢᠭ᠋ᠠᠪᠤᠷᠢ ᠠᠪᠴᠤ ᠮᠡᠳᠡᠭᠦᠯᠦᠨ᠎ᠡ᠂ ᠨᠠᠮ᠎ᠤᠨ ᠬᠣᠷᠢᠶ᠎ᠠ᠎ᠠᠴᠠ ᠴᠢᠬᠤᠯᠠ ᠶᠡᠬᠡ ᠬᠠᠤᠯᠢ ᠲᠣᠭᠲᠠᠭ᠋ᠠᠬᠤ ᠬᠡᠷᠡᠭ ᠶᠠᠪᠤᠳᠠᠯ᠎ᠳᠤ ᠬᠢᠨᠠᠨ ᠲᠣᠭᠲᠠᠭ᠋ᠠᠯᠲᠠ ᠬᠢᠬᠦ ᠠᠵᠢᠯ᠎ᠤᠨ ᠳᠦᠷᠢᠮ᠂ ᠬᠠᠤᠯᠢ ᠲᠣᠭᠲᠠᠭ᠋ᠠᠬᠤ᠎ᠳᠤ ᠬᠣᠯᠪᠣᠭᠳᠠᠬᠤ ᠴᠢᠬᠤᠯᠠ ᠶᠡᠬᠡ ᠪᠠᠢ᠌ᠭᠤᠯᠤᠯ ᠪᠠ ᠴᠢᠬᠤᠯᠠ ᠶᠡᠬᠡ ᠲᠥᠷᠥ ᠵᠢᠨ ᠪᠣᠳᠣᠯᠭ᠎ᠠ ᠵᠢᠨ ᠲᠣᠬᠢᠷᠠᠭᠤᠯᠤᠯᠲᠠ ᠵᠢ ᠶᠠᠷᠢᠯᠴᠠᠨ ᠲᠤᠭᠲᠠᠭ᠋ᠠᠵᠤ᠂ ᠬᠠᠤᠯᠢ ᠲᠣᠭᠲᠠᠭ᠋ᠠᠬᠤ ᠠᠵᠢᠯ᠎ᠳᠤ ᠨᠠᠮ᠎ᠤᠨ ᠵᠣᠷᠢᠯᠲᠠ ᠵᠢ ᠭᠦᠢ᠍ᠴᠡᠳ ᠢᠯᠡᠷᠡᠭᠦᠯᠬᠦ ᠵᠢ ᠦᠨᠡᠨ ᠬᠦ᠌ ᠪᠠᠲᠤᠯᠠᠵᠤ᠂ ᠠᠷᠠᠳ ᠲᠦᠮᠡᠨ᠎ᠤ ᠵᠣᠷᠢᠭ ᠰᠠᠨᠠᠭ᠎ᠠ ᠵᠢ ᠲᠤᠰᠬᠠᠬᠤ᠂ ᠠᠷᠠᠳ ᠲᠦᠮᠡᠨ᠎ᠤ ᠬᠦᠷᠢᠶᠡᠯᠡᠯ᠎ᠢ ᠣᠯᠬᠤ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶᠠᠨ᠎ᠤ ᠡᠯ᠎ᠡ ᠵᠣᠬᠢᠴᠠᠭᠤᠯᠬᠤ ᠳᠤᠭᠤᠢ᠌ᠯᠠᠩ᠎ᠤᠨ ᠳᠡᠳ᠋ ᠳᠠᠷᠤᠭ᠎ᠠ᠂ ᠬᠣᠯᠪᠣᠭ᠋ᠠᠴᠢᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ᠂ ᠬᠠᠤᠯᠢ ᠴᠠᠭ᠋ᠠᠵᠠ ᠵᠢᠨ ᠲᠢᠩᠬᠢᠮ᠎ᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ᠎ᠳᠤ ᠣᠷᠣᠯᠴᠠᠵᠠᠢ᠃