ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠴᠢᠬᠤᠯᠠ ᠪᠠᠶ᠋ᠢᠷᠢᠯᠠᠭᠤᠯᠣᠯᠲᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶᠠᠨ᠎ᠤ ᠠᠯᠪᠠᠨ ᠭᠡᠷ ᠬᠣᠶᠠᠳᠤᠭ᠋ᠠᠷ ᠤᠳᠠᠭ᠎ᠠ ᠵᠢᠨ ᠡᠷᠬᠢᠯᠡᠭᠴᠢ ᠵᠢᠨ ᠲᠤᠰᠬᠠᠢ ᠰᠡᠳᠦᠪᠲᠦ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2021-04-27

     3 ᠰᠠᠷ᠎ᠠ ᠵᠢᠨ 19᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶᠠᠨ᠎ᠤ ᠠᠯᠪᠠᠨ ᠭᠡᠷ᠎ᠤᠨ ᠬᠣᠶᠠᠳᠤᠭ᠋ᠠᠷ ᠤᠳᠠᠭ᠎ᠠ ᠵᠢᠨ ᠡᠷᠬᠢᠯᠡᠭᠴᠢ ᠵᠢᠨ ᠲᠤᠰᠬᠠᠢ ᠰᠡᠳᠦᠪᠲᠦ ᠬᠤᠷᠠᠯ ᠬᠥᠬᠡᠬᠣᠲᠠ᠎ᠳᠤ ᠬᠤᠷᠠᠯᠳᠤᠪᠠ᠃ ᠬᠤᠷᠠᠯ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠪ᠎ᠤᠨ ᠬᠠᠤᠯᠢ᠎ᠪᠠᠷ ᠤᠯᠤᠰ ᠵᠶ᠋ᠠᠨ ᠵᠠᠰᠠᠬᠤ ᠠᠯᠪᠠᠨ ᠭᠡᠷ᠎ᠤᠨ ᠥᠪᠥᠷ ᠮᠣᠩᠭᠣᠯ᠎ᠤᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠳᠤ ᠭᠦᠢ᠍ᠴᠡᠳᠬᠡᠭᠰᠡᠨ ᠬᠠᠤᠯᠢᠵᠢᠯ᠎ᠤᠨ ᠪᠠᠢ᠌ᠭᠤᠯᠤᠯᠲᠠ ᠵᠢ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ ᠵᠢᠴᠢ ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠰᠢᠮᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠬᠤᠪᠢᠶᠠᠷᠢᠯᠠᠯ᠎ᠤᠨ ᠲᠥᠰᠦᠯ》᠎ᠢ ᠲᠤᠰᠬᠠᠢ ᠰᠡᠳᠦᠪ ᠵᠶ᠋ᠡᠷ ᠰᠤᠳᠤᠯᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠳᠡᠳ᠋ ᠱᠦᠵᠢ᠂ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶᠠᠨ᠎ᠤ ᠱᠦᠵᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶᠠᠨ᠎ᠤ ᠳᠡᠳ᠋ ᠡᠷᠬᠢᠯᠡᠭᠴᠢ᠂ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠬᠡᠷ᠎ᠤᠨ ᠡᠷᠬᠢᠯᠡᠭᠴᠢ ᠯᠢᠨ ᠱᠣᠤ ᠴᠦᠨ ᠬᠤᠷᠠᠯ᠎ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶᠠᠨ᠎ᠤ ᠪᠠᠢ᠌ᠩᠭᠤ ᠵᠢᠨ ᠳᠡᠳ᠋ ᠡᠷᠬᠢᠯᠡᠭᠴᠢ ᠨᠠᠰᠤᠨᠮᠦ᠋ᠡᠭᠭᠡ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ᠂ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠤᠨ ᠳᠠᠷᠤᠭ᠎ᠠ ᠾᠧᠩ ᠰᠢᠶᠤᠤ ᠹᠠᠨ᠂ ᠥᠪᠡᠷᠲᠡᠭᠡᠨ ᠵᠠᠰᠠᠬᠤ ᠣᠷᠣᠨ᠎ᠤ ᠥᠨᠳᠥᠷ ᠵᠡᠷᠭᠡ ᠵᠢᠨ ᠰᠢᠭᠦᠬᠦ ᠬᠣᠷᠢᠶᠠᠨ᠎ᠤ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ᠎ᠤ ᠪᠠᠢ᠌ᠴᠠᠭ᠋ᠠᠬᠤ ᠬᠣᠷᠢᠶᠠᠨ᠎ᠤ ᠪᠠᠢ᠌ᠴᠠᠭ᠋ᠠᠬᠤ ᠳᠠᠷᠤᠭ᠎ᠠ ᠯᠢ ᠴᠢ ᠯᠢᠨ ᠨᠡᠷ ᠬᠤᠷᠠᠯ᠎ᠳᠤ ᠣᠷᠣᠯᠴᠠᠵᠠᠶ᠃
      ᠯᠢᠨ ᠱᠤᠤ ᠴᠦᠨ ᠨᠥᠬᠥᠷ ᠲᠥᠪ᠎ᠤᠨ ᠱᠠᠯᠠᠪᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠬᠤ ᠳᠤᠭᠤᠢ᠌ᠯᠠᠩ᠎ᠤᠨ ᠬᠠᠷᠢᠭᠤ ᠲᠤᠰᠬᠠᠭᠰᠠᠨ ᠰᠠᠨᠠᠯ᠎ᠢ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠵᠢ ᠠᠬᠢᠭᠤᠯᠬᠤ᠂ ᠰᠢᠮᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠬᠠᠷᠢᠭᠤᠴᠠᠯᠭ᠎ᠠ ᠵᠢ ᠲᠣᠳᠣᠷᠬᠠᠢ᠌ᠯᠠᠬᠤ᠂ ᠠᠰᠠᠭᠤᠳᠠᠯ᠎ᠤᠨ ᠨᠠᠷᠢᠨ ᠲᠠᠩᠰᠠ᠎ᠲᠠᠢ ᠤᠯᠠᠮ ᠴᠢᠨᠠᠭᠰᠢᠳᠠ ᠬᠠᠷᠭᠤᠭᠤᠯᠵᠤ ᠪᠠᠢ᠌ᠭ᠋ᠠᠳ ᠨᠠᠢ᠌ᠳᠠᠪᠤᠷᠢᠵᠢᠭᠤᠯᠬᠤ ᠠᠷᠭ᠎ᠠ ᠬᠡᠮᠵᠢᠢ᠎ᠡ ᠵᠢ ᠲᠡᠭᠦᠯᠳᠡᠷᠵᠢᠭᠦᠯᠦᠨ ᠨᠠᠷᠢᠯᠢᠬ᠍ᠵᠢᠭᠤᠯᠬᠤ ᠲᠤᠬᠠᠢ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠄ ᠨᠢᠭᠡ᠎ᠳᠤ᠂ ᠵᠣᠬᠢᠶᠠᠨ ᠪᠠᠢ᠌ᠭᠤᠯᠵᠤ ᠤᠳᠤᠷᠢᠳᠬᠤ᠎ᠪᠠᠨ ᠴᠢᠩᠭ᠋ᠠᠳᠬᠠᠬᠤ ᠬᠡᠷᠡᠭᠲᠡᠢ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠵᠣᠬᠢᠶᠠᠨ ᠪᠠᠢ᠌ᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠵᠤ᠂ ᠭᠣᠣᠯ ᠤᠳᠤᠷᠢᠳᠤᠯᠭ᠎ᠠ ᠶᠡᠷᠦᠩᠬᠡᠶ ᠬᠠᠷᠢᠭᠤᠴᠠᠯᠭ᠎ᠠ ᠵᠢ ᠡᠭᠦᠷᠭᠡᠯᠡᠨ᠂ ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠎ᠤᠨ ᠵᠶ᠋ᠡᠨ ᠴᠡᠭᠴᠡᠯᠡᠨ ᠰᠠᠢ᠌ᠵᠢᠷᠠᠭᠤᠯᠬᠤ ᠠᠵᠢᠯ᠎ᠢ ᠬᠠᠷᠢᠭᠤᠴᠠᠵᠤ᠂ ᠨᠢᠭᠡ ᠱᠠᠲᠤ᠎ᠨᠢ ᠨᠢᠭᠡ ᠱᠠᠲᠤ᠎ᠪᠠᠨ ᠠᠳᠬᠤᠨ᠂ ᠨᠠᠢ᠌ᠳᠠᠪᠤᠷᠢᠵᠢᠭᠤᠯᠤᠯᠲᠠ ᠵᠢ ᠱᠠᠲᠤ ᠱᠠᠲᠤ᠎ᠪᠠᠷ ᠠᠳᠬᠤᠬᠤ ᠬᠡᠷᠡᠭᠲᠡᠶ᠃ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ᠎ᠲᠠᠢ ᠴᠢᠩᠭ᠎ᠠ ᠬᠠᠷᠭᠤᠭᠤᠯᠵᠤ᠂ ᠬᠠᠷᠢᠭᠤᠴᠠᠯᠭ᠋ᠠᠲᠠᠨ᠎ᠢ ᠲᠣᠳᠣᠷᠬᠠᠢ᠌ᠯᠠᠨ᠂ ᠴᠠᠭ᠎ᠤᠨ ᠬᠦᠰᠦᠨᠦᠭᠲᠦ᠂ ᠱᠤᠭᠤᠮ᠎ᠤᠨ ᠵᠢᠷᠤᠭ᠎ᠢ ᠲᠣᠭᠲᠠᠭ᠋ᠠᠵᠤ᠂ ᠠᠰᠠᠭᠤᠳᠠᠯ᠎ᠤᠨ ᠨᠠᠷᠢᠨ ᠲᠠᠩᠰᠠ᠂ ᠡᠭᠦᠷᠭᠡ ᠵᠢᠨ ᠨᠠᠷᠢᠨ ᠲᠠᠩᠰᠠ᠂ ᠬᠠᠷᠢᠭᠤᠴᠠᠯᠭ᠎ᠠ ᠵᠢᠨ ᠨᠠᠷᠢᠨ ᠲᠠᠩᠰᠠ ᠵᠢ ᠪᠦᠷᠢᠯᠳᠦᠭᠦᠯᠵᠦ᠂ ᠴᠡᠭᠴᠡᠯᠡᠨ ᠰᠠᠢ᠌ᠵᠢᠷᠠᠭᠤᠯᠬᠤ ᠵᠢ ᠴᠢᠩᠭ᠎ᠠ ᠪᠣᠳᠠᠲᠠᠶ ᠰᠠᠢ᠌ᠲᠤᠷ ᠠᠳᠬᠤᠬᠤ ᠬᠡᠷᠡᠭᠲᠡᠶ᠃ ᠲᠣᠰ ᠤᠳᠠᠭ᠎ᠠ ᠰᠢᠮᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ᠎ᠳᠤ ᠡᠯ᠎ᠡ ᠲᠠᠯ᠎ᠠ ᠵᠢᠨ ᠬᠦᠴᠦᠨ᠎ᠢ ᠨᠢᠭᠡᠳᠦᠯᠲᠡᠶ ᠲᠥᠯᠥᠪᠵᠢᠭᠦᠯᠵᠦ᠂ ᠬᠠᠮᠢᠶ᠎ᠠ ᠪᠥᠬᠥᠶ ᠰᠠᠯᠠᠭ᠎ᠠ ᠮᠥᠴᠢᠷ᠎ᠤᠨ ᠬᠠᠤᠯᠢ᠎ᠪᠠᠷ ᠵᠠᠰᠠᠬᠤ ᠠᠵᠢᠯ᠎ᠢ ᠰᠠᠢ᠌ᠨ ᠮᠡᠳᠡᠳᠡᠭ ᠠᠵᠢᠯᠲᠠᠨ᠎ᠢ ᠲᠠᠲᠠᠵᠤ ᠠᠵᠢᠯ᠎ᠤᠨ ᠲᠤᠰᠬᠠᠶ ᠠᠩᠭᠢ ᠵᠢ ᠵᠣᠬᠢᠶᠠᠨ ᠪᠠᠢ᠌ᠭᠤᠯᠵᠤ᠂ ᠲᠤᠰᠬᠠᠶ ᠠᠩᠭᠢ ᠵᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶ᠎ᠠ ᠵᠢᠨ ᠠᠯᠪᠠᠨ ᠬᠡᠷ᠎ᠲᠤ ᠳᠣᠭᠢᠷᠠᠭᠤᠯᠵᠤ᠂ ᠴᠡᠭᠴᠡᠯᠡᠨ ᠰᠠᠢ᠌ᠵᠢᠷᠠᠭᠤᠯᠵᠤ ᠨᠠᠢ᠌ᠳᠠᠪᠤᠷᠢᠵᠢᠭᠤᠯᠬᠤ ᠡᠯ᠎ᠡ ᠵᠦᠢᠯ᠎ᠤᠨ ᠠᠵᠢᠯ᠎ᠢ ᠪᠥᠬᠥ ᠲᠠᠯ᠎ᠠ᠎ᠪᠠᠷ ᠰᠠᠢ᠌ᠲᠤᠷ ᠠᠳᠬᠤᠬᠤ ᠵᠢ ᠪᠠᠲᠤᠯᠠᠬᠤ ᠬᠡᠷᠡᠭᠲᠡᠶ᠃ ᠬᠣᠶᠠᠷ᠎ᠲᠤ ᠲᠦᠷᠦᠭᠦᠯᠡᠨ ᠬᠢᠬᠦ ᠨᠢᠭᠡᠴᠢ ᠵᠢ ᠲᠣᠭᠲᠠᠭ᠋ᠠᠬᠤ ᠬᠡᠷᠡᠭᠲᠡᠶ᠃ ᠲᠥᠪ᠎ᠤᠨ ᠰᠢᠮᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠬᠤ ᠳᠤᠭᠤᠢ᠌ᠯᠠᠩ᠎ᠤᠨ ᠳᠤᠷᠠᠳᠤᠭᠰᠠᠨ ᠮᠠᠨ᠎ᠤ ᠣᠷᠣᠨ᠎ᠤ ᠴᠡᠭᠴᠡᠯᠡᠨ ᠰᠠᠢ᠌ᠵᠢᠷᠠᠭᠤᠯᠬᠤ ᠴᠢᠬᠤᠯᠠᠲᠠᠶ ᠲᠤᠯᠤᠭ᠋ᠠᠨ ᠲᠠᠯ᠎ᠠ ᠵᠢᠨ ᠠᠰᠠᠭᠤᠳᠠᠯ᠎ᠳᠤ ᠴᠢᠭᠯᠡᠭᠦᠯᠦᠨ᠂ ᠨᠠᠮ᠎ᠤᠨ ᠬᠣᠷᠢᠶ᠎ᠠ ᠵᠢᠨ ᠠᠯᠪᠠᠨ ᠲᠢᠩᠬᠢᠮ᠂ ᠵᠠᠰᠠᠭ᠎ᠤᠨ ᠣᠷᠳᠣᠨ᠎ᠤ ᠠᠯᠪᠠᠨ ᠲᠢᠩᠬᠢᠮ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠢ᠌ᠩᠭᠤ ᠵᠢᠨ ᠬᠣᠷᠢᠶ᠎ᠠ ᠵᠢᠨ ᠬᠠᠤᠯᠢ ᠴᠠᠭ᠋ᠠᠵᠠ ᠵᠢᠨ ᠠᠵᠢᠯ᠎ᠤᠨ ᠵᠥᠪᠯᠡᠯ᠂ ᠥᠪᠡᠷᠲᠡᠭᠡᠨ ᠵᠠᠰᠠᠬᠤ ᠣᠷᠣᠨ᠎ᠤ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠬᠡᠷ ᠵᠡᠷᠭᠡ ᠳᠥᠷᠪᠡᠨ ᠲᠦᠷᠦᠭᠦᠯᠡᠬᠦ ᠨᠢᠭᠡᠴᠢ ᠵᠢ ᠲᠣᠭᠲᠠᠭ᠋ᠠᠵᠤ᠂ ᠴᠡᠭᠴᠡᠯᠡᠨ ᠰᠠᠢ᠌ᠵᠢᠷᠠᠭᠤᠯᠬᠤ ᠠᠰᠠᠭᠤᠳᠠᠯ᠎ᠳᠤ ᠬᠠᠷᠢᠴᠠᠭᠤᠯᠤᠨ ᠣᠷᠣᠯᠴᠠᠵᠤ ᠪᠠᠢ᠌ᠭ᠎ᠠ ᠨᠢᠭᠡᠴᠢ ᠪᠠ ᠬᠠᠷᠢᠭᠤᠴᠠᠯᠭ᠋ᠠᠲᠤ ᠨᠢᠭᠡᠴᠢ ᠵᠢ ᠨᠢᠭᠡᠳ ᠨᠢᠭᠡ᠎ᠪᠠᠷ ᠲᠣᠳᠣᠷᠬᠠᠢ᠌ᠯᠠᠵᠤ᠂ ᠲᠦᠷᠦᠭᠦᠯᠡᠬᠦ ᠨᠢᠭᠡᠴᠢ᠂ ᠣᠷᠣᠯᠴᠠᠬᠤ ᠨᠢᠭᠡᠴᠢ᠂ ᠬᠠᠷᠢᠭᠤᠴᠠᠬᠤ ᠨᠢᠭᠡᠴᠢ ᠵᠢᠨ ᠠᠵᠢᠯ᠎ᠤᠨ ᠬᠤᠪᠢᠶᠠᠷᠢᠯᠠᠯ ᠲᠣᠬᠢᠷᠠᠭᠤᠯᠤᠯᠲᠠ ᠵᠢ ᠢᠯᠭ᠋ᠠᠷᠠᠭᠤᠯᠵᠤ᠂ ᠠᠵᠢᠯ᠎ᠤᠨ ᠲᠤᠰᠬᠠᠶ ᠠᠩᠭᠢ᠂ ᠲᠦᠷᠦᠭᠦᠯᠡᠬᠦ ᠨᠢᠭᠡᠴᠢ᠂ ᠣᠷᠣᠯᠴᠠᠬᠤ ᠨᠢᠭᠡᠴᠢ᠂ ᠬᠠᠷᠢᠭᠤᠴᠠᠬᠤ ᠨᠢᠭᠡᠴᠢ ᠵᠢᠨ ᠠᠵᠢᠯ ᠬᠤᠪᠢᠶᠠᠷᠢᠯᠠᠨ ᠬᠠᠮᠵᠢᠯᠴᠠᠬᠤ᠂ ᠬᠠᠮᠲᠤ᠎ᠪᠠᠷ ᠠᠬᠢᠭᠤᠯᠬᠤ ᠠᠵᠢᠯ᠎ᠤᠨ ᠪᠠᠢ᠌ᠷᠢᠰᠢᠯ᠎ᠢ ᠪᠦᠷᠢᠯᠳᠦᠭᠦᠯᠪᠡ᠃ ᠭᠤᠷᠪᠠ᠎ᠳᠤ ᠬᠠᠨᠳᠤᠯᠭ᠋ᠠᠲᠤ ᠴᠢᠨᠠᠷ ᠵᠶ᠋ᠠᠷ ᠴᠢᠩᠭ᠎ᠠ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠲᠣᠭᠲᠠᠭ᠋ᠠᠨ᠎ᠠ᠃ ᠰᠢᠮᠳᠠᠭᠤᠯᠤᠨ ᠪᠠᠢ᠌ᠴᠠᠭ᠋ᠠᠵᠤ ᠴᠡᠭᠴᠡᠯᠡᠨ ᠰᠠᠢ᠌ᠵᠢᠷᠠᠭᠤᠯᠬᠤ ᠠᠵᠢᠯ᠎ᠳᠤ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠴᠢᠭᠯᠡᠭᠦᠯᠦᠯᠲᠦ ᠴᠢᠨᠠᠷ᠂ ᠪᠦᠲᠦᠮᠵᠢᠲᠦ ᠴᠢᠨᠠᠷ᠎ᠢ ᠳᠣᠪᠣᠢ᠌ᠯᠭ᠋ᠠᠵᠤ᠂ ᠦᠨᠡᠨ ᠬᠦ᠌ ᠠᠳᠬᠤᠨ ᠪᠣᠳᠠᠲᠠᠶ ᠰᠠᠢ᠌ᠵᠢᠷᠠᠭᠤᠯᠵᠤ ᠪᠡᠶᠡᠯᠡᠭᠦᠯᠬᠦ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠴᠡᠭᠴᠡᠯᠡᠨ ᠰᠠᠢ᠌ᠵᠢᠷᠠᠭᠤᠯᠬᠤ ᠠᠰᠠᠭᠤᠳᠠᠯ᠎ᠲᠠᠢ ᠬᠠᠷᠢᠴᠠᠭᠤᠯᠤᠨ ᠰᠠᠨᠠᠭ᠋ᠠᠴᠢᠯᠠᠭ᠎ᠠ᠎ᠠᠴᠠ᠎ᠪᠠᠨ ᠴᠡᠭᠴᠡᠯᠡᠨ ᠰᠠᠢ᠌ᠵᠢᠷᠠᠭᠤᠯᠬᠤ ᠡᠭᠦᠷᠭᠡ ᠵᠢ ᠭᠥᠯᠢᠶᠡᠨ ᠠᠪᠴᠤ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ᠎ᠤᠨ ᠠᠵᠢᠯ᠎ᠤᠨ ᠪᠣᠳᠠᠲᠠᠶ᠎ᠲᠠᠢ᠎ᠪᠠᠨ ᠤᠶᠠᠯᠳᠤᠭᠤᠯᠤᠨ᠂ ᠦᠨᠡᠨ ᠬᠦ᠌ ᠬᠡᠷᠡᠭᠵᠢᠭᠦᠯᠦᠭᠦᠰᠢᠲᠡᠶ᠂ ᠬᠡᠷᠡᠭᠵᠢᠭᠦᠯᠬᠦ ᠴᠢᠨᠠᠷ ᠵᠶ᠋ᠠᠷ ᠴᠢᠩᠭ᠎ᠠ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠠᠪᠴᠤ᠂ ᠠᠰᠠᠭᠤᠳᠠᠯ ᠨᠢᠭᠡᠪᠦᠷᠢ ᠵᠢ ᠴᠡᠭᠴᠡᠯᠡᠨ ᠰᠠᠢ᠌ᠵᠢᠷᠠᠭᠤᠯᠬᠤ ᠠᠷᠭ᠎ᠠ ᠬᠡᠮᠵᠢᠶ᠎ᠡ᠎ᠪᠠᠨ 3 ᠵᠤᠷᠪᠤᠰ᠎ᠠᠴᠠ ᠳᠤᠲᠠᠭᠤ ᠪᠠᠢ᠌ᠯᠭ᠋ᠠᠵᠤ ᠪᠣᠯᠬᠤ ᠥᠬᠡᠶ᠂ ᠳᠠᠷᠤᠶ ᠲᠦᠷᠭᠡᠨ ᠴᠡᠭᠴᠡᠯᠡᠨ ᠰᠠᠢ᠌ᠵᠢᠷᠠᠭᠤᠯᠬᠤ ᠪᠠ ᠣᠷᠳᠣ ᠬᠤᠭᠤᠴᠠᠭ᠎ᠠ᠎ᠪᠠᠷ ᠠᠬᠢᠭᠤᠯᠬᠤ ᠠᠵᠢᠯ᠎ᠤᠨ ᠡᠭᠦᠷᠭᠡ ᠵᠢ ᠢᠯᠭ᠋ᠠᠵᠤ᠂ ᠳᠠᠷᠤᠶ ᠲᠦᠷᠭᠡᠨ ᠴᠡᠭᠴᠡᠯᠡᠨ ᠰᠠᠢ᠌ᠵᠢᠷᠠᠭᠤᠯᠵᠤ ᠪᠣᠯᠬᠤ ᠵᠢ᠎ᠨᠢ ᠪᠠᠷᠢᠨ ᠬᠡᠷᠡᠭᠵᠢᠭᠦᠯᠵᠦ ᠪᠠᠷᠢᠨ ᠴᠡᠭᠴᠡᠯᠡᠨ ᠰᠠᠢ᠌ᠵᠢᠷᠠᠭᠤᠯᠵᠤ᠂ ᠲᠦᠷ ᠴᠠᠭ ᠴᠡᠭᠴᠡᠯᠡᠨ ᠰᠠᠢ᠌ᠵᠢᠷᠠᠭᠤᠯᠵᠤ ᠳᠡᠢ᠌ᠯᠬᠦ ᠥᠬᠡᠶ ᠵᠢ᠎ᠨᠢ ᠠᠬᠢᠴᠠ ᠵᠢᠨ ᠲᠣᠬᠢᠷᠠᠭᠤᠯᠤᠯᠲᠠ ᠪᠠ ᠦᠷ᠎ᠡ ᠪᠦᠲᠦᠭᠡᠯ᠎ᠤᠨ ᠬᠡᠯᠪᠡᠷᠢ ᠵᠢ ᠲᠣᠳᠣᠷᠬᠠᠢ᠌ᠯᠠᠵᠤ᠂ ᠢᠳᠡᠪᠬᠢᠲᠡᠶ ᠪᠥᠭᠡᠳ ᠪᠦᠲᠦᠮᠵᠢᠲᠡᠶ ᠠᠬᠢᠭᠤᠯᠵᠤ᠂ ᠠᠰᠠᠭᠤᠳᠠᠯ ᠨᠢᠭᠡᠪᠦᠷᠢ ᠵᠢ ᠬᠠᠤᠯᠢ ᠲᠣᠭᠲᠠᠭ᠋ᠠᠯ ᠶᠣᠰᠣᠭ᠋ᠠᠷ ᠴᠡᠭᠴᠡᠯᠡᠨ ᠰᠠᠢ᠌ᠵᠢᠷᠠᠭᠤᠯᠵᠤ ᠳᠡᠢ᠌ᠯᠬᠦ ᠵᠢ ᠦᠨᠡᠨ ᠬᠦ᠌ ᠪᠠᠲᠤᠯᠠᠬᠤ ᠬᠡᠷᠡᠭᠲᠡᠶ᠃ ᠳᠥᠷᠪᠡ᠎ᠳᠤ ᠴᠡᠭᠴᠡᠯᠡᠨ ᠰᠠᠢ᠌ᠵᠢᠷᠠᠭᠤᠯᠬᠤ ᠠᠵᠢᠯ᠎ᠤᠨ ᠪᠣᠳᠠᠲᠤ ᠦᠷ᠎ᠡ ᠪᠦᠲᠦᠮᠵᠢ ᠵᠢ ᠳᠤᠪᠤᠢ᠌ᠯᠭ᠋ᠠᠬᠤ ᠬᠡᠷᠡᠭᠲᠡᠢ᠃ ᠬᠠᠤᠯᠢᠵᠢᠯ᠎ᠤᠨ ᠪᠠᠢ᠌ᠭᠤᠯᠤᠯᠲᠠ ᠵᠢᠨ ᠭᠣᠣᠯ ᠵᠥᠷᠢᠴᠡᠯ ᠪᠣᠯᠤᠨ ᠵᠥᠷᠢᠴᠡᠯ᠎ᠤᠨ ᠭᠣᠣᠯ ᠲᠠᠯ᠎ᠠ ᠵᠢ ᠠᠳᠬᠤᠵᠤ᠂ ᠤᠨᠢᠨ ᠳᠡᠭᠡᠷ᠎ᠡ᠎ᠨᠢ ᠬᠦᠴᠦᠯᠡᠵᠦ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠵᠢ ᠠᠬᠢᠭᠤᠯᠬᠤ ᠬᠡᠷᠡᠭᠲᠡᠢ᠃ ᠪᠣᠳᠠᠲᠤ ᠪᠠᠢ᠌ᠳᠠᠯ᠎ᠲᠠᠢ᠎ᠪᠠᠨ ᠤᠶᠠᠯᠳᠤᠭᠤᠯᠬᠤ ᠵᠢ ᠪᠠᠷᠢᠮᠲᠠᠯᠠᠵᠤ᠂ ᠨᠢᠭᠡᠳᠦᠯᠲᠡᠢ ᠲᠥᠯᠥᠪᠵᠢᠭᠦᠯᠦᠨ ᠪᠣᠳᠣᠯᠬᠢᠯᠠᠵᠤ᠂ ᠴᠡᠭᠴᠡᠯᠡᠨ ᠰᠠᠢ᠌ᠵᠢᠷᠠᠭᠤᠯᠬᠤ ᠵᠢ ᠢᠳᠡᠪᠬᠢᠲᠡᠢ ᠯᠠᠪᠳᠠᠭᠤᠨ ᠵᠶ᠋ᠠᠷ ᠠᠬᠢᠭᠤᠯᠵᠤ᠂ ᠶᠣᠰᠣᠨ ᠲᠡᠳᠦᠢ ᠥᠩᠭᠡᠷᠡᠭᠦᠯᠬᠦ᠂ ᠬᠡᠯᠪᠡᠷᠢ ᠮᠠᠶᠢᠭ ᠭᠠᠷᠭ᠋ᠠᠬᠤ ᠵᠢ ᠡᠷᠡᠰ ᠰᠡᠷᠭᠡᠢ᠌ᠯᠡᠵᠦ᠂ ᠶᠠᠪᠤᠳᠠᠯ ᠪᠣᠯᠭ᠋ᠠᠨ᠎ᠢ ᠴᠡᠭᠴᠡᠯᠡᠨ ᠰᠠᠢ᠌ᠵᠢᠷᠠᠭᠤᠯᠬᠤ᠂ ᠶᠠᠪᠤᠳᠠᠯ ᠪᠣᠯᠭ᠋ᠠᠨ᠎ᠢ ᠨᠠᠢ᠌ᠳᠠᠪᠤᠷᠢᠵᠢᠭᠤᠯᠬᠤ ᠵᠢ ᠪᠠᠲᠤᠯᠠᠵᠤ᠂ ᠡᠭᠦᠷᠭᠡ ᠵᠢ ᠥᠨᠴᠥᠭ ᠪᠤᠯᠤᠩ ᠦᠯᠡᠳᠡᠭᠡᠬᠦ ᠦᠭᠡᠢ᠂ ᠠᠬᠢᠴᠠ ᠵᠢ ᠬᠣᠢ᠌ᠰᠢᠯᠠᠭᠤᠯᠬᠤ ᠦᠭᠡᠢ ᠪᠠᠢ᠌ᠬᠤ ᠵᠢ ᠪᠠᠲᠤᠯᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠬᠡᠷ᠎ᠨᠢ ᠶᠡᠷᠦᠩᠬᠡᠢ᠌ᠯᠡᠨ ᠵᠣᠬᠢᠴᠠᠭᠤᠯᠬᠤ ᠦᠢᠯᠡᠳᠦᠯ ᠵᠶ᠋ᠡᠨ ᠰᠠᠢ᠌ᠲᠤᠷ ᠪᠠᠳᠠᠷᠠᠭᠤᠯᠵᠤ᠂ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠤᠭᠰᠠᠨ ᠪᠠᠢ᠌ᠳᠠᠯ᠎ᠢ ᠮᠥᠷᠳᠡᠵᠦ ᠰᠢᠮᠳᠠᠭᠤᠯᠤᠨ᠂ ᠴᠡᠭᠴᠡᠯᠡᠨ ᠰᠠᠢ᠌ᠵᠢᠷᠠᠭᠤᠯᠤᠭᠰᠠᠨ ᠦᠷ᠎ᠡ ᠪᠦᠲᠦᠮᠵᠢ᠎ᠪᠠᠷ ᠡᠯ᠎ᠡ ᠵᠦᠢᠯ᠎ᠤᠨ ᠠᠵᠢᠯ᠎ᠤᠨ ᠨᠠᠢ᠌ᠳᠠᠪᠤᠷᠢᠵᠢᠭᠤᠯᠤᠯᠲᠠ ᠵᠢ ᠠᠬᠢᠭᠤᠯᠬᠤ ᠬᠡᠷᠡᠭᠲᠡᠶ ᠭᠡᠪᠡ᠃
      ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶᠠᠨ᠎ᠤ ᠡᠯ᠎ᠡ ᠵᠣᠬᠢᠴᠠᠭᠤᠯᠬᠤ ᠳᠤᠭᠤᠢ᠌ᠯᠠᠩ᠎ᠤᠨ ᠪᠦᠷᠢᠯᠳᠦᠬᠦᠨ ᠨᠢᠭᠡᠴᠢ ᠵᠢᠨ ᠭᠣᠣᠯ ᠬᠠᠷᠢᠭᠤᠴᠠᠯᠭ᠋ᠠᠲᠠᠨ᠂ ᠬᠠᠤᠯᠢ ᠴᠠᠭ᠋ᠠᠵᠠ ᠵᠢᠨ ᠲᠢᠩᠬᠢᠮ᠎ᠤᠨ ᠬᠠᠮᠢᠶ᠎ᠠ ᠪᠦᠬᠦᠢ ᠤᠳᠤᠷᠢᠳᠤᠯᠭ᠎ᠠ ᠬᠤᠷᠠᠯ᠎ᠳᠤ ᠣᠷᠣᠯᠴᠠᠵᠠᠢ᠃

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            