ᠣᠢ᠌ᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠵᠥᠪᠯᠡᠯ᠎ᠤᠨ ᠳᠥᠷᠪᠡᠳᠦᠭᠡᠷ ᠤᠳᠠᠭ᠎ᠠ ᠵᠢᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠵᠥᠪᠯᠡᠯ᠎ᠤᠨ 2021 ᠣᠨ᠎ᠤ ᠠᠵᠢᠯ᠎ᠤᠨ ᠭᠣᠤᠯᠳᠠᠯᠭ᠎ᠠ》 ᠵᠢ ᠵᠢᠩᠬᠢᠨᠢ᠎ᠪᠠᠷ ᠨᠡᠢ᠌ᠲᠡᠯᠡᠪᠡ᠃ ᠥᠨᠥᠳᠦᠷ ᠪᠣᠯᠲᠠᠯ᠎ᠠ᠂ 《ᠭᠣᠤᠯᠳᠠᠯᠭ᠎ᠠ》 ᠵᠢ ᠨᠢᠭᠡᠨᠲᠡ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶᠠᠨ᠎ᠤ ᠳᠥᠷᠪᠡᠨ ᠵᠣᠬᠢᠴᠠᠭᠤᠯᠬᠤ ᠳᠤᠭᠤᠢ᠌ᠯᠠᠩ᠂ 31 ᠪᠦᠷᠢᠯᠳᠦᠬᠦᠨ ᠨᠢᠭᠡᠴᠢ᠂ ᠡᠯ᠎ᠡ ᠬᠣᠯᠪᠣᠭᠳᠠᠯ ᠪᠥᠬᠥᠶ ᠬᠠᠷᠢᠭᠤᠴᠠᠯᠭ᠋ᠠᠲᠤ ᠨᠢᠭᠡᠴᠢ ᠪᠣᠯᠤᠨ ᠡᠯ᠎ᠡ ᠠᠢ᠌ᠮᠠᠭ ᠬᠣᠲᠠ ᠵᠢᠨ ᠨᠠᠮ᠎ᠤᠨ ᠬᠣᠷᠢᠶᠠᠨ᠎ᠤ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠠᠢ᠌ᠮᠠᠭ ᠬᠣᠲᠠ ᠵᠢᠨ ᠬᠣᠷᠢᠶ᠎ᠠ᠎ᠳᠤ ᠳᠠᠷᠤᠮᠠᠯᠯᠠᠨ ᠲᠠᠷᠬᠠᠭ᠋ᠠᠵᠤ ᠲᠤᠭᠤᠰᠢᠯᠠᠭᠤᠯᠤᠨ ᠬᠡᠷᠡᠭᠵᠢᠭᠦᠯᠪᠡ᠃
《ᠭᠣᠣᠯᠳᠠᠯᠭ᠎ᠠ》᠎ᠨᠢ 2021 ᠣᠨ᠎ᠤ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠳᠤ ᠶᠡᠷᠦᠩᠬᠡᠢ ᠱᠠᠭ᠋ᠠᠷᠳᠠᠯᠭ᠎ᠠ ᠳᠤᠷᠠᠳᠴᠠᠢ᠄ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠢ᠌ᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠣᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠬᠣᠶᠠᠳᠤᠭ᠋ᠠᠷ ᠬᠤᠷᠠᠯ᠂ ᠭᠤᠷᠪᠠᠳᠤᠭ᠋ᠠᠷ᠂ ᠳᠥᠷᠪᠡᠳᠦᠭᠡᠷ᠂ ᠲᠥᠪ ᠬᠣᠷᠢᠶᠠᠨ᠎ᠤ ᠲᠠᠪᠤᠳᠤᠭ᠋ᠠᠷ ᠪᠦᠬᠦᠳᠠ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠲᠥᠪ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢ ᠵᠢᠨ ᠫᠢᠩ᠎ᠤᠨ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠵᠤ ᠤᠬᠠᠭᠤᠯᠤᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠠᠵᠢᠯ᠎ᠤᠨ ᠲᠤᠬᠠᠶ ᠴᠢᠬᠤᠯᠠ ᠶᠠᠷᠢᠶ᠎ᠠ ᠪᠣᠯᠤᠨ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ 《ᠳᠥᠷᠪᠡᠨ ᠤᠬᠠᠮᠰᠠᠷ》᠎ᠢ ᠴᠢᠩᠭ᠋ᠠᠳᠬᠠᠵᠤ᠂ 《ᠳᠥᠷᠪᠡᠨ ᠢᠲᠡᠭᠡᠯ》 ᠵᠶ᠋ᠠᠨ ᠪᠠᠲᠤᠳᠬᠠᠵᠤ᠂ 《ᠬᠣᠶᠠᠷ᠎ᠢ ᠬᠠᠮᠠᠭ᠋ᠠᠯᠠᠬᠤ》 ᠵᠢ ᠪᠡᠶᠡᠯᠡᠭᠦᠯᠵᠦ᠂ ᠨᠠᠮ᠎ᠤᠨ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠳᠠᠬᠢ ᠤᠳᠤᠷᠢᠳᠤᠯᠭ᠎ᠠ ᠵᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠲᠤᠭᠤᠰᠢᠯᠠᠭᠤᠯᠬᠤ ᠵᠢᠨ ᠲᠣᠭᠣᠷᠢᠨ᠎ᠳᠤ᠂ ᠰᠢᠨ᠎ᠡ ᠬᠥᠭᠵᠢᠯᠲᠡ ᠵᠢᠨ ᠪᠠᠢ᠌ᠷᠢᠰᠢᠯ᠎ᠳᠤ ᠠᠭᠤᠰᠤᠯᠴᠠᠬᠤ᠂ ᠬᠠᠤᠯᠢ᠎ᠪᠠᠷ ᠵᠠᠰᠠᠬᠤ ᠬᠦᠷᠢᠶᠡᠨ᠎ᠳᠠᠬᠢ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠬᠠᠤᠯᠢ ᠵᠢ ᠴᠢᠩᠭ᠎ᠠ ᠬᠡᠷᠡᠭᠵᠢᠭᠦᠯᠬᠦ᠂ ᠲᠥᠪ ᠭᠣᠣᠯᠴᠢ᠎ᠪᠠᠷ ᠬᠠᠤᠯᠢ ᠪᠠᠷᠢᠬᠤ᠂ ᠠᠷᠠᠳ ᠨᠡᠢ᠌ᠲᠡ᠎ᠪᠠᠷ ᠵᠶ᠋ᠡᠨ ᠬᠠᠤᠯᠢ ᠵᠢ ᠰᠠᠬᠢᠬᠤ ᠵᠢ ᠨᠢᠭᠡᠳᠦᠯᠲᠡᠢ ᠲᠥᠯᠥᠪᠯᠡᠨ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠠᠵᠤ ᠠᠬᠤᠶ ᠨᠡᠢ᠌ᠭᠡᠮ᠎ᠤᠨ ᠬᠦᠭᠵᠢᠯᠲᠡ ᠵᠢ ᠠᠬᠢᠭᠤᠯᠬᠤ ᠰᠠᠢ᠌ᠨ ᠡᠬᠢᠯᠡᠯᠲᠡ᠂ ᠰᠠᠢ᠌ᠨ ᠠᠯᠬᠤᠬᠤ᠎ᠳᠤ ᠬᠦᠴᠦᠲᠡᠶ ᠬᠠᠤᠯᠢᠵᠢᠯ᠎ᠤᠨ ᠪᠠᠲᠤᠯᠠᠭ᠎ᠠ ᠬᠠᠩᠭ᠋ᠠᠵᠤ᠂ ᠰᠢᠯᠢᠳᠡᠭ ᠬᠢᠷᠢ ᠪᠦᠲᠦᠮᠵᠢ᠎ᠪᠠᠷ ᠨᠠᠮ ᠪᠠᠢ᠌ᠭᠤᠯᠤᠭᠳᠠᠭᠰᠠᠨ 100 ᠵᠢᠯ᠎ᠤᠨ ᠣᠶ ᠵᠢ ᠪᠡᠯᠭᠡᠯᠡᠶ᠎ᠡ᠃
《ᠭᠣᠤᠯᠳᠠᠯᠭ᠎ᠠ》᠎ᠳᠤ 2021 ᠣᠨ᠎ᠤ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠢ ᠠᠬᠢᠭᠤᠯᠬᠤ ᠲᠤᠬᠠᠶ ᠲᠤᠯᠤᠭ᠋ᠠᠨ ᠲᠠᠯ᠎ᠠ᠎ᠪᠠᠷ ᠪᠠᠢ᠌ᠷᠢᠯᠠᠭᠤᠯᠤᠯᠲᠠ ᠬᠢᠪᠠ᠃ ᠲᠤᠯᠤᠭ᠋ᠠᠨ ᠲᠠᠯ᠎ᠠ᠎ᠪᠠᠷ ᠨᠡᠢ᠌ᠲᠡ 36 ᠵᠦᠢᠯ᠎ᠤᠨ ᠡᠭᠦᠷᠭᠡ ᠠᠷᠭ᠎ᠠ ᠬᠡᠮᠵᠢᠶ᠎ᠡ ᠵᠢ ᠲᠣᠭᠲᠠᠭ᠋ᠠᠪᠠ᠃ ᠨᠢᠭᠡ᠎ᠳᠤ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠶ ᠰᠤᠷᠤᠯᠴᠠᠨ ᠤᠬᠠᠭᠤᠯᠵᠤ ᠲᠤᠭᠤᠰᠢᠯᠠᠭᠤᠯᠬᠤ ᠬᠡᠷᠡᠭᠲᠡᠶ᠃ ᠶᠡᠷᠦᠩᠬᠡᠢ ᠱᠦᠵᠢ ᠰᠢ ᠵᠢᠨ ᠫᠢᠩ᠎ᠤᠨ ᠲᠥᠪ᠎ᠤᠨ ᠪᠦᠬᠦ ᠲᠠᠯ᠎ᠠ᠎ᠪᠠᠷ ᠬᠠᠤᠯᠢ᠎ᠪᠠᠷ ᠤᠯᠤᠰ ᠵᠶ᠋ᠠᠨ ᠵᠠᠰᠠᠬᠤ ᠠᠵᠢᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠠᠵᠢᠯ᠎ᠤᠨ ᠬᠤᠪᠢᠶᠠᠷᠢᠯᠠᠯ᠎ᠤᠨ ᠲᠥᠰᠦᠯ᠎ᠢ ᠨᠠᠢ᠌ᠳᠠᠪᠤᠷᠢᠵᠢᠭᠤᠯᠬᠤ ᠠᠷᠭ᠎ᠠ ᠬᠡᠮᠵᠢᠶ᠎ᠡ ᠵᠢ ᠨᠡᠢ᠌ᠲᠡᠯᠡᠵᠦ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠰᠤᠷᠤᠯᠴᠠᠨ ᠪᠣᠯᠪᠠᠰᠤᠷᠠᠭᠤᠯᠬᠤ ᠵᠢ ᠭᠦᠨᠵᠡᠭᠡᠢ ᠥᠷᠨᠢᠭᠦᠯᠵᠦ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠤᠬᠠᠭᠤᠯᠤᠨ ᠲᠠᠢ᠌ᠯᠪᠤᠷᠢᠯᠠᠬᠤ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠰᠠᠢ᠌ᠲᠤᠷ ᠠᠳᠬᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠤᠨ ᠬᠤᠷᠠᠯ᠎ᠢ ᠵᠣᠬᠢᠰᠲᠠᠢ ᠦᠶ᠎ᠡ᠎ᠳᠤ ᠬᠤᠷᠠᠯᠳᠤᠭᠤᠯᠤᠨ᠎ᠠ; ᠬᠣᠶᠠᠷ᠎ᠲᠤ ᠨᠠᠮ᠎ᠤᠨ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠠᠵᠢᠯ᠎ᠳᠠᠬᠢ ᠤᠳᠤᠷᠢᠳᠤᠯᠭ᠎ᠠ ᠵᠢ ᠴᠢᠩᠭ᠋ᠠᠳᠬᠠᠨ᠎ᠠ᠃ ᠨᠠᠮ᠎ᠠᠴᠠ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠵᠢ ᠤᠳᠤᠷᠢᠳᠬᠤ ᠳᠦᠷᠢᠮ ᠪᠠ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ ᠲᠥᠪ᠎ᠤᠨ ᠬᠠᠤᠯᠢ᠎ᠪᠠᠷ ᠤᠯᠤᠰ ᠵᠶ᠋ᠠᠨ ᠵᠠᠰᠠᠬᠤ ᠠᠯᠪᠠᠨ ᠭᠡᠷ᠎ᠤᠨ ᠰᠢᠮᠳᠠᠭᠤᠯᠤᠨ ᠪᠠᠢ᠌ᠴᠠᠭ᠋ᠠᠵᠤ ᠬᠠᠷᠢᠭᠤ ᠲᠤᠰᠬᠠᠭᠰᠠᠨ ᠠᠰᠠᠭᠤᠳᠠᠯ᠎ᠢ ᠴᠡᠭᠴᠡᠯᠡᠨ ᠰᠠᠢ᠌ᠵᠢᠷᠠᠭᠤᠯᠬᠤ ᠠᠵᠢᠯ᠎ᠢ ᠭᠦᠨᠵᠡᠭᠡᠶ ᠥᠷᠨᠢᠭᠦᠯᠵᠦ᠂ ᠦᠨᠳᠦᠰᠦᠨ ᠬᠠᠤᠯᠢ ᠬᠠᠤᠯᠢ ᠴᠠᠭ᠋ᠠᠵᠠ ᠵᠢᠨ ᠬᠡᠷᠡᠭᠵᠢᠭᠦᠯᠦᠯᠲᠡ ᠵᠢ ᠭᠦᠨᠵᠡᠭᠡᠶ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠬᠠᠤᠯᠢᠵᠢᠯ᠎ᠤᠨ ᠪᠠᠢ᠌ᠭᠤᠯᠤᠯᠲᠠ ᠵᠢᠨ ᠲᠥᠯᠥᠪᠵᠢᠭᠦᠯᠭᠡ ᠵᠢᠨ ᠲᠥᠰᠦᠯ᠎ᠢ ᠲᠣᠭᠲᠠᠭ᠋ᠠᠨ ᠬᠡᠷᠡᠭᠵᠢᠭᠦᠯᠵᠦ᠂ ᠣᠯᠠᠨ ᠲᠦᠮᠡᠨ᠎ᠤ ᠲᠤᠰᠬᠠᠯ ᠴᠢᠩᠭ᠎ᠠ ᠪᠠᠢ᠌ᠭ᠎ᠠ ᠬᠠᠤᠯᠢᠵᠢᠯ᠎ᠤᠨ ᠬᠦᠷᠢᠶᠡᠨ᠎ᠤ ᠲᠣᠪᠣᠢ᠌ᠮ᠎ᠠ ᠠᠰᠠᠭᠤᠳᠠᠯ᠎ᠢ ᠰᠤᠳᠤᠯᠤᠨ ᠰᠢᠢᠳᠪᠦᠷᠢᠯᠡᠨ᠎ᠡ; ᠭᠤᠷᠪᠠ᠎ᠳᠤ ᠴᠢᠨᠠᠷ ᠰᠠᠢ᠌ᠲᠠᠶ ᠬᠥᠭᠵᠢᠯᠲᠡ ᠵᠢ ᠠᠬᠢᠭᠤᠯᠬᠤ᠎ᠳᠤ ᠬᠠᠤᠯᠢ᠎ᠪᠠᠷ ᠵᠠᠰᠠᠬᠤ ᠪᠠᠲᠤᠯᠠᠭ᠎ᠠ ᠪᠠ ᠦᠢᠯᠡᠴᠢᠯᠡᠭᠡ ᠵᠢ ᠰᠠᠢ᠌ᠲᠤᠷ ᠬᠢᠨ᠎ᠠ᠃ ᠬᠠᠤᠯᠢᠵᠢᠬᠰᠠᠨ ᠬᠤᠳᠠᠯᠳᠤᠭ᠎ᠠ ᠡᠷᠬᠢᠯᠡᠬᠦ ᠣᠷᠴᠢᠨ ᠨᠥᠬᠥᠴᠡᠯ᠎ᠢ ᠦᠷᠭᠦᠯᠵᠢᠯᠡᠨ ᠪᠦᠬᠦ ᠲᠠᠯ᠎ᠠ᠎ᠪᠠᠷ ᠰᠢᠯᠢᠳᠡᠭᠵᠢᠭᠦᠯᠵᠦ᠂ ᠠᠷᠠᠳ᠎ᠤᠨ ᠡᠵᠡᠩᠨᠡᠯᠲᠡ ᠵᠢᠨ ᠠᠵᠤ ᠠᠬᠤᠢ᠌ᠯᠠᠯ᠎ᠤᠨ ᠥᠮᠴᠢᠯᠡᠯ᠎ᠤᠨ ᠡᠷᠬᠡ ᠪᠣᠯᠤᠨ ᠠᠵᠤ ᠠᠬᠤᠢ᠌ᠯᠠᠯᠲᠠᠨ᠎ᠤ ᠡᠷᠬᠡ ᠠᠰᠢᠭ᠎ᠢ ᠬᠠᠤᠯᠢ ᠶᠣᠰᠣᠭ᠋ᠠᠷ ᠡᠷᠬᠡ ᠲᠡᠭᠰᠢ᠎ᠪᠠᠷ ᠬᠠᠮᠠᠭ᠋ᠠᠯᠠᠵᠤ᠂ ᠪᠠᠢ᠍ᠢ᠍ᠩᠭᠤᠵᠢᠬᠰᠠᠨ ᠬᠢᠵᠢᠭ᠎ᠤᠨ ᠪᠠᠢ᠌ᠳᠠᠯ᠎ᠢ ᠰᠡᠷᠭᠡᠢ᠌ᠯᠡᠨ ᠡᠵᠡᠮᠳᠡᠬᠦ ᠵᠢ ᠬᠠᠤᠯᠢ ᠶᠣᠰᠣᠭ᠋ᠠᠷ ᠠᠬᠢᠭᠤᠯᠤᠨ᠎ᠠ; ᠳᠥᠷᠪᠡ᠎ᠳᠤ ᠬᠠᠤᠯᠢ ᠲᠣᠭᠲᠠᠭ᠋ᠠᠬᠤ ᠶᠠᠰᠤ ᠴᠢᠨᠠᠷ ᠪᠠ ᠦᠷ᠎ᠡ ᠪᠦᠲᠦᠮᠵᠢ ᠵᠢ ᠪᠥᠬᠥ ᠲᠠᠯ᠎ᠠ᠎ᠪᠠᠷ ᠳᠡᠭᠡᠭᠰᠢᠯᠡᠭᠦᠯᠦᠨ᠎ᠡ᠃ ᠰᠢᠨᠵᠢᠯᠡᠬᠦ ᠤᠬᠠᠭ᠋ᠠᠨᠴᠢ᠎ᠪᠠᠷ ᠬᠠᠤᠯᠢ ᠲᠣᠭᠲᠠᠭ᠋ᠠᠬᠤ᠂ ᠠᠷᠠᠳᠴᠢᠯᠠᠯ ᠵᠶ᠋ᠠᠷ ᠬᠠᠤᠯᠢ ᠲᠣᠭᠲᠠᠭ᠋ᠠᠬᠤ᠂ ᠬᠠᠤᠯᠢ ᠶᠣᠰᠣᠭ᠋ᠠᠷ ᠬᠠᠤᠯᠢ ᠲᠣᠭᠲᠠᠭ᠋ᠠᠬᠤ ᠵᠢ ᠪᠠᠷᠢᠮᠲᠠᠯᠠᠵᠤ᠂ ᠭᠣᠤᠯᠳᠠᠯᠭ᠎ᠠ᠎ᠲᠠᠢ ᠬᠦᠷᠢᠶᠡᠨ᠎ᠳᠠᠬᠢ ᠬᠠᠤᠯᠢ ᠲᠣᠭᠲᠠᠭ᠋ᠠᠬᠤ ᠵᠢ ᠴᠢᠩᠭ᠋ᠠᠳᠬᠠᠵᠤ᠂ ᠬᠠᠤᠯᠢ ᠲᠣᠭᠲᠠᠭ᠋ᠠᠯ ᠲᠦᠷᠢᠮ ᠲᠣᠭᠲᠠᠭ᠋ᠠᠯ᠎ᠢ ᠪᠥᠬᠥ ᠲᠠᠯ᠎ᠠ᠎ᠪᠠᠷ ᠴᠡᠪᠡᠷᠯᠡᠬᠦ ᠠᠵᠢᠯ᠎ᠢ ᠦᠷᠭᠦᠯᠵᠢᠯᠡᠨ ᠥᠷᠨᠢᠭᠦᠯᠵᠦ᠂ ᠲᠣᠭᠣᠷᠢᠭ᠎ᠲᠠᠢ ᠬᠣᠲᠠ ᠪᠣᠯᠤᠨ ᠥᠪᠡᠷᠲᠡᠭᠡᠨ ᠵᠠᠰᠠᠬᠤ ᠬᠣᠰᠢᠭᠤᠨ᠎ᠤ ᠬᠠᠤᠯᠢ ᠲᠣᠭᠲᠠᠭ᠋ᠠᠬᠤ ᠠᠵᠢᠯ᠎ᠤᠨ ᠵᠢᠯᠣᠭᠣᠳᠣᠯᠭ᠎ᠠ ᠵᠢ ᠴᠢᠩᠭ᠋ᠠᠳᠬᠠᠵᠤ᠂ ᠬᠠᠤᠯᠢ ᠲᠣᠭᠲᠠᠭ᠋ᠠᠯ᠂ ᠲᠦᠷᠢᠮ ᠲᠣᠭᠲᠠᠭ᠋ᠠᠯ ᠪᠣᠯᠤᠨ ᠵᠢᠷᠤᠮᠵᠢᠯ᠎ᠤᠨ ᠴᠢᠨᠠᠷᠲᠠᠶ ᠪᠢᠴᠢᠭ ᠮᠠᠲ᠋ᠧᠷᠢᠶᠠᠯ᠎ᠢ ᠳᠡᠩᠰᠡᠯᠡᠵᠦ ᠬᠢᠨᠠᠨ ᠪᠠᠢ᠌ᠴᠠᠭ᠋ᠠᠬᠤ ᠵᠢ ᠴᠢᠩᠭ᠋ᠠᠳᠬᠠᠨ᠎ᠠ; ᠲᠠᠪᠤ᠎ᠳᠤ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠤᠨ᠎ᠠ᠃ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠵᠢᠱ᠌ᠢᠶ᠎ᠡ ᠦᠵᠡᠭᠦᠯᠵᠦ ᠡᠭᠦᠳᠦᠨ ᠪᠠᠢ᠌ᠭᠤᠯᠬᠤ ᠠᠵᠢᠯᠯᠠᠭ᠎ᠠ ᠵᠢ ᠦᠷᠭᠦᠯᠵᠢᠯᠡᠨ ᠥᠷᠨᠢᠭᠦᠯᠵᠦ᠂ ᠵᠠᠰᠠᠭ ᠵᠠᠬᠢᠷᠭ᠋ᠠᠨ᠎ᠤ ᠡᠷᠬᠡ ᠵᠢᠨ ᠠᠵᠢᠯᠯᠠᠭ᠋ᠠᠨ᠎ᠢ ᠬᠠᠤᠯᠢ ᠶᠣᠰᠣᠭ᠋ᠠᠷ ᠵᠢᠷᠤᠮᠵᠢᠭᠤᠯᠤᠨ᠂ ᠬᠠᠤᠯᠢ ᠶᠣᠰᠣᠭ᠋ᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠲᠦᠷᠢᠮ᠎ᠤᠨ ᠥᠭᠡᠷᠡᠴᠢᠯᠡᠯᠲᠡ ᠵᠢ ᠱᠠᠲᠤ ᠲᠥᠷᠥᠯ ᠬᠤᠪᠢᠶᠠᠨ ᠠᠬᠢᠭᠤᠯᠵᠤ᠂ ᠬᠦᠷᠢᠶ᠎ᠡ ᠴᠠᠷᠠᠭ᠎ᠠ ᠪᠠ ᠰᠠᠯᠠᠭ᠎ᠠ ᠮᠥᠴᠢᠷ ᠠᠯᠤᠰᠯᠠᠭᠰᠠᠨ ᠶᠡᠷᠦᠩᠬᠡᠢ᠌ᠯᠡᠭᠰᠡᠨ ᠬᠠᠤᠯᠢ ᠬᠡᠷᠡᠭᠵᠢᠭᠦᠯᠦᠯᠲᠡ ᠵᠢ ᠦᠷᠭᠦᠯᠵᠢᠯᠡᠨ ᠰᠦᠪᠡᠭᠴᠢᠯᠡᠨ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠠᠢ᠌ᠮᠠᠭ ᠬᠣᠲᠠ᠂ ᠬᠣᠰᠢᠭᠤ ᠰᠢᠶᠠᠨ (ᠬᠣᠲᠠ ᠲᠣᠭᠣᠷᠢᠭ) ᠭᠤᠷᠪᠠᠨ ᠱᠠᠲᠤᠨ᠎ᠳᠤ ᠪᠦᠬᠦᠨ᠎ᠢ ᠬᠠᠮᠤᠷᠤᠭᠰᠠᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠣᠬᠢᠴᠠᠭᠤᠯᠤᠨ ᠬᠢᠨᠠᠯᠲᠠ ᠲᠠᠯᠪᠢᠬᠤ ᠠᠵᠢᠯ᠎ᠤᠨ ᠰᠢᠰᠲ᠋ᠧᠮᠵᠢ ᠵᠢᠨ ᠪᠠᠢ᠌ᠭᠤᠯᠤᠯᠲᠠ ᠵᠢ ᠠᠬᠢᠭᠤᠯᠤᠨ᠂ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠᠢ᠌ᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠰᠢᠮᠳᠠᠭᠤᠯᠤᠨ ᠪᠠᠢ᠌ᠴᠠᠭ᠋ᠠᠵᠤ ᠰᠢᠯᠭ᠋ᠠᠨ ᠦᠨᠡᠯᠡᠬᠦ ᠵᠢ ᠴᠢᠩᠭ᠋ᠠᠷᠠᠭᠤᠯᠤᠨ᠎ᠠ; ᠵᠢᠷᠭᠤᠭ᠎ᠠ᠎ᠳᠤ ᠬᠠᠤᠯᠢ ᠴᠠᠭ᠋ᠠᠵᠠ ᠵᠢᠨ ᠪᠠᠢ᠌ᠭᠤᠯᠤᠯ᠎ᠤᠨ ᠥᠭᠡᠷᠡᠴᠢᠯᠡᠯᠲᠡ ᠪᠠ ᠬᠢᠵᠠᠭ᠋ᠠᠷᠯᠠᠬᠤ ᠬᠢᠨᠠᠯᠲᠠ ᠲᠠᠯᠪᠢᠬᠤ ᠰᠢᠰᠲ᠋ᠧᠮ᠎ᠤᠨ ᠪᠠᠢ᠌ᠭᠤᠯᠤᠯᠲᠠ ᠵᠢ ᠭᠦᠨᠵᠡᠭᠡᠢ᠌ᠷᠡᠭᠦᠯᠦᠨ᠎ᠡ᠃ ᠬᠠᠤᠯᠢ ᠪᠠᠷᠢᠬᠤ ᠬᠠᠷᠢᠭᠤᠴᠠᠯᠭ᠎ᠠ ᠵᠢᠨ ᠲᠦᠷᠢᠮ᠎ᠤᠨ ᠶᠡᠷᠦᠩᠬᠡᠢ᠌ᠯᠡᠭᠰᠡᠨ ᠢᠵᠢ ᠪᠦᠷᠢᠳᠦᠬᠦᠯᠬᠦ ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ ᠤᠯᠤᠰ ᠲᠦᠷᠦ ᠬᠠᠤᠯᠢ ᠴᠠᠭ᠋ᠠᠵᠠ ᠵᠢᠨ ᠬᠦᠷᠢᠶᠡᠨ᠎ᠳᠠᠬᠢ ᠬᠠᠤᠯᠢ ᠬᠡᠷᠡᠭᠵᠢᠭᠦᠯᠦᠯᠲᠡ ᠬᠠᠤᠯᠢ ᠪᠠᠷᠢᠬᠤ ᠬᠢᠵᠠᠭ᠋ᠠᠷᠯᠠᠯ ᠬᠢᠨᠠᠯᠲᠠ ᠵᠢᠨ ᠰᠢᠰᠲ᠋ᠧᠮ᠎ᠤᠨ ᠥᠭᠡᠷᠡᠴᠢᠯᠡᠯᠲᠡ ᠪᠠ ᠪᠠᠢ᠌ᠭᠤᠯᠤᠯᠲᠠ ᠵᠢ ᠴᠢᠩᠭ᠋ᠠᠳᠬᠠᠨ ᠠᠬᠢᠭᠤᠯᠵᠤ᠂ ᠡᠷᠡᠭᠦᠦ ᠵᠢᠨ ᠬᠡᠷᠡᠭ᠎ᠤᠨ ᠶᠠᠯᠠᠲᠤ ᠠᠵᠢᠯᠯᠠᠭ᠎ᠠ ᠵᠢᠨ ᠪᠦᠲᠦᠴᠡ ᠵᠢᠨ ᠴᠢᠨᠠᠷᠲᠠᠢ ᠬᠤᠪᠢᠷᠠᠯᠲᠠ᠎ᠳᠤ ᠵᠣᠬᠢᠴᠠᠭᠤᠯᠤᠨ᠂ ᠬᠣᠷᠢᠬᠤ ᠪᠤᠰᠤ ᠠᠯᠪᠠᠳᠠᠯᠭ᠎ᠠ ᠵᠢᠨ ᠠᠷᠭ᠎ᠠ ᠬᠡᠮᠵᠢᠢ᠎ᠡ ᠵᠢ ᠬᠡᠷᠡᠭᠯᠡᠬᠦ ᠵᠢ ᠬᠠᠤᠯᠢ ᠶᠣᠰᠣᠭ᠋ᠠᠷ ᠲᠦᠯᠬᠢᠨ ᠠᠬᠢᠭᠤᠯᠵᠤ᠂ ᠢᠷᠭᠡᠨ᠎ᠤ ᠵᠠᠷᠭᠤ ᠵᠢᠨ ᠵᠢᠷᠤᠮ᠎ᠤᠨ ᠲᠦᠪᠡᠭᠲᠡᠢ ᠪᠠ ᠲᠦᠬᠦᠮ᠎ᠢ ᠰᠠᠯᠭ᠋ᠠᠬᠤ ᠥᠭᠡᠷᠡᠴᠢᠯᠡᠯᠲᠡ ᠵᠢᠨ ᠲᠤᠷᠰᠢᠯᠲᠠ ᠵᠢᠨ ᠠᠵᠢᠯ᠎ᠢ ᠭᠦᠨᠵᠡᠭᠡᠢ᠌ᠷᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ᠎ᠢ ᠠᠷᠢᠯᠭ᠋ᠠᠬᠤ ᠪᠠᠢ᠍ᠢ᠍ᠩᠭᠤᠵᠢᠬᠰᠠᠨ ᠲᠣᠭᠲᠠᠴᠠ ᠵᠢ ᠪᠠᠢ᠌ᠭᠤᠯᠤᠨ ᠲᠡᠭᠦᠯᠳᠡᠷᠵᠢᠭᠦᠯᠦᠨ᠎ᠡ; ᠲᠤᠯᠤᠭ᠎ᠠ᠎ᠳᠤ ᠬᠠᠤᠯᠢ᠎ᠪᠠᠷ ᠵᠠᠰᠠᠬᠤ ᠨᠡᠢ᠌ᠭᠡᠮ᠎ᠤᠨ ᠪᠠᠢ᠌ᠭᠤᠯᠤᠯᠲᠠ ᠵᠢ ᠢᠳᠡᠪᠬᠢᠲᠡᠢ ᠲᠦᠯᠬᠢᠨ ᠠᠬᠢᠭᠤᠯᠤᠨ᠎ᠠ᠃ ᠨᠡᠢ᠌ᠭᠡᠮ᠎ᠤᠨ ᠵᠥᠷᠢᠴᠡᠯ᠎ᠢ ᠤᠷᠢᠳᠴᠢᠯᠠᠨ ᠰᠡᠷᠭᠡᠢ᠌ᠯᠡᠬᠦ ᠪᠠ ᠨᠠᠮᠳᠠᠭ᠋ᠠᠬᠤ ᠣᠯᠠᠨ ᠡᠰᠢᠲᠦ ᠲᠣᠭᠲᠠᠴᠠ ᠵᠢᠨ ᠪᠠᠢ᠌ᠭᠤᠯᠤᠯᠲᠠ ᠵᠢ ᠴᠢᠩᠭ᠋ᠠᠳᠬᠠᠵᠤ᠂ ᠪᠥᠬᠥ ᠠᠷᠠᠳ᠎ᠲᠤ ᠬᠠᠤᠯᠢ ᠲᠦᠭᠡᠮᠡᠯᠵᠢᠭᠦᠯᠬᠦ ᠠᠵᠢᠯ᠎ᠢ ᠰᠢᠨ᠎ᠡ ᠵᠢ ᠡᠭᠦᠳᠦᠨ ᠥᠷᠨᠢᠭᠦᠯᠵᠦ᠂ ᠬᠠᠮᠲᠤ᠎ᠪᠠᠷ ᠪᠠᠢ᠌ᠭᠤᠯᠬᠤ ᠬᠠᠮᠲᠤ᠎ᠪᠠᠷ ᠵᠠᠰᠠᠬᠤ ᠬᠠᠮᠲᠤ᠎ᠪᠠᠷ ᠡᠳ᠋ᠯᠡᠬᠦ᠎ᠪᠠᠷ ᠦᠨᠳᠦᠰᠦᠨ ᠱᠠᠲᠤᠨ᠎ᠤ ᠨᠡᠢ᠌ᠭᠡᠮ᠎ᠤᠨ ᠵᠠᠰᠠᠯᠲᠠ ᠵᠢ ᠭᠦᠨᠵᠡᠭᠡᠢ᠌ᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢ᠌ᠲᠡ ᠵᠢᠨ ᠬᠠᠤᠯᠢ ᠴᠠᠭ᠋ᠠᠵᠠ ᠵᠢᠨ ᠦᠢᠯᠡᠴᠢᠯᠡᠭᠡᠨ᠎ᠤ ᠬᠥᠭᠵᠢᠯᠲᠡ ᠵᠢᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠵᠤ᠂ ᠭᠠᠳᠠᠭ᠋ᠠᠳᠤ᠎ᠳᠤ ᠬᠣᠯᠪᠣᠭᠳᠠᠬᠤ ᠬᠠᠤᠯᠢᠵᠢᠯ᠎ᠤᠨ ᠴᠢᠳᠠᠪᠤᠷᠢ ᠵᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠥᠬᠥ ᠤᠯᠤᠰ᠎ᠤᠨ ᠬᠠᠤᠯᠢᠵᠢᠯ᠎ᠤᠨ ᠮᠡᠳᠡᠭᠡ ᠵᠠᠩᠭᠢᠴᠢᠯᠠᠯᠲᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠬᠠᠤᠯᠢᠵᠢᠯ᠎ᠤᠨ ᠠᠵᠢᠯ᠎ᠤᠨ ᠴᠢᠳᠠᠪᠤᠷᠢᠲᠠᠨ᠎ᠤ ᠡᠩᠨᠡᠭᠡ ᠵᠢᠨ ᠪᠠᠢ᠌ᠭᠤᠯᠤᠯᠲᠠ ᠵᠢ ᠠᠬᠢᠭᠤᠯᠤᠨ᠎ᠠ᠃
《ᠭᠣᠣᠯᠳᠠᠯᠭ᠎ᠠ》᠎ᠨᠢ ᠬᠠᠷᠢᠭᠤᠴᠠᠯᠭ᠎ᠠ ᠵᠢ ᠪᠣᠳᠠᠲᠠᠢ᠌ᠵᠢᠭᠤᠯᠬᠤ᠂ ᠡᠭᠦᠷᠭᠡ ᠵᠢ ᠨᠠᠢ᠌ᠳᠠᠪᠤᠷᠢᠵᠢᠭᠤᠯᠬᠤ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠬᠤ᠎ᠳᠤ ᠲᠣᠳᠣᠷᠬᠠᠢ ᠱᠠᠭ᠋ᠠᠷᠳᠠᠯᠭ᠎ᠠ ᠳᠤᠷᠠᠳᠴᠠᠢ᠃ 《ᠭᠣᠤᠯᠳᠠᠯᠭ᠎ᠠ》᠎ᠳᠤ ᠴᠢᠬᠤᠯᠠᠴᠢᠯᠠᠭᠰᠠᠨ᠎ᠨᠢ᠂ ᠨᠢᠭᠡ᠎ᠳᠤ ᠬᠠᠤᠯᠢ ᠲᠣᠭᠲᠠᠭ᠋ᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠵᠢ ᠰᠠᠬᠢᠬᠤ ᠬᠠᠤᠯᠢ ᠲᠦᠭᠡᠮᠡᠯᠵᠢᠭᠦᠯᠬᠦ ᠳᠥᠷᠪᠡᠨ ᠵᠣᠬᠢᠴᠠᠭᠤᠯᠬᠤ ᠳᠤᠭᠤᠢ᠌ᠯᠠᠩ ᠨᠡᠪᠲᠡᠷᠡᠯᠴᠡᠨ ᠬᠠᠷᠢᠯᠴᠠᠬᠤ᠂ ᠰᠢᠮᠳᠠᠭᠤᠯᠤᠨ ᠨᠠᠢ᠌ᠳᠠᠪᠤᠷᠢᠵᠢᠭᠤᠯᠬᠤ ᠠᠵᠢᠯ᠎ᠤᠨ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠠᠵᠢᠯ᠎ᠤᠨ ᠡᠬᠡ ᠲᠠᠩᠰᠠ ᠲᠣᠭᠲᠠᠭ᠋ᠠᠵᠤ᠂ ᠬᠣᠯᠪᠣᠭᠳᠠᠯ ᠪᠥᠬᠥᠶ ᠬᠦᠷᠢᠶᠡᠨ᠎ᠤ ᠠᠵᠢᠯ᠎ᠤᠨ ᠬᠤᠪᠢᠶᠠᠷᠢᠯᠠᠯ᠎ᠤᠨ ᠡᠭᠦᠷᠭᠡ ᠵᠢᠨ ᠨᠠᠢ᠌ᠳᠠᠪᠤᠷᠢᠵᠢᠭᠤᠯᠤᠯᠲᠠ ᠵᠢ ᠪᠦᠬᠦᠯᠢ ᠴᠣᠭᠴᠠ᠎ᠪᠠᠷ᠎ᠨᠢ ᠠᠬᠢᠭᠤᠯᠬᠤ ᠬᠡᠷᠡᠭᠲᠡᠶ᠃ ᠬᠣᠶᠠᠷ᠎ᠲᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠬᠠᠷᠢᠭᠤᠴᠠᠯᠭ᠋ᠠᠲᠤ ᠨᠢᠭᠡᠴᠢ᠎ᠨᠦᠭᠦᠳ ᠠᠵᠢᠯ᠎ᠤᠨ ᠲᠥᠰᠦᠯ ᠲᠣᠭᠲᠠᠭ᠋ᠠᠵᠤ᠂ ᠴᠠᠭ᠎ᠤᠨ ᠠᠬᠢᠴᠠ᠂ ᠬᠠᠷᠢᠭᠤᠴᠠᠯᠭ᠋ᠠᠲᠤ ᠰᠠᠯᠠᠭ᠎ᠠ ᠮᠥᠴᠢᠷ ᠪᠣᠯᠤᠨ ᠬᠠᠷᠢᠭᠤᠴᠠᠯᠭ᠎ᠠ ᠡᠭᠦᠷᠭᠡᠯᠡᠭᠴᠢ ᠵᠢ ᠲᠣᠳᠣᠷᠬᠠᠢ᠌ᠯᠠᠬᠤ ᠬᠡᠷᠡᠭᠲᠡᠶ᠃ ᠡᠯ᠎ᠡ ᠭᠠᠵᠠᠷ ᠣᠷᠣᠨ᠎ᠨᠤᠭᠤᠳ ᠲᠣᠰ ᠭᠠᠵᠠᠷ ᠣᠷᠣᠨ᠎ᠤ ᠪᠣᠳᠠᠲᠠᠶ᠎ᠲᠠᠢ᠎ᠪᠠᠨ ᠤᠶᠠᠯᠳᠤᠭᠤᠯᠤᠨ᠂ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠵᠦᠢᠯ ᠳᠠᠷᠠᠭ᠋ᠠᠯᠠᠨ ᠰᠠᠢ᠌ᠲᠤᠷ ᠠᠳᠬᠤᠬᠤ ᠬᠡᠷᠡᠭᠲᠡᠶ᠃ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠳ ᠠᠵᠢᠯ᠎ᠤᠨ ᠪᠠᠢ᠌ᠳᠠᠯ ᠵᠶ᠋ᠠᠨ ᠴᠠᠭ ᠲᠤᠬᠠᠶ᠎ᠳᠤᠨᠢ ᠬᠠᠷᠢᠭᠤ ᠲᠤᠰᠬᠠᠵᠤ᠂ ᠮᠡᠳᠡᠭᠡ ᠵᠠᠩᠭᠢ ᠵᠢ ᠠᠷᠪᠠ ᠬᠣᠨᠣᠭ ᠵᠶ᠋ᠠᠷ ᠮᠡᠳᠡᠭᠦᠯᠬᠦ ᠳᠦᠷᠢᠮ᠎ᠢ ᠦᠨᠡᠨ ᠬᠦ᠌ ᠨᠠᠢ᠌ᠳᠠᠪᠤᠷᠢᠵᠢᠭᠤᠯᠬᠤ ᠬᠡᠷᠡᠭᠲᠡᠶ᠃ ᠭᠤᠷᠪᠠ᠎ᠳᠤ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶᠠᠨ᠎ᠤ ᠠᠯᠪᠠᠨ ᠭᠡᠷ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ᠂ ᠪᠦᠬᠦᠯᠢ ᠴᠣᠭᠴᠠ᠎ᠪᠠᠷ ᠠᠬᠢᠭᠤᠯᠬᠤ᠂ ᠰᠢᠮᠳᠠᠭᠤᠯᠤᠨ ᠨᠠᠢ᠌ᠳᠠᠪᠤᠷᠢᠵᠢᠭᠤᠯᠬᠤ ᠡᠭᠦᠷᠭᠡ ᠬᠠᠷᠢᠭᠤᠴᠠᠯᠭ᠎ᠠ᠎ᠪᠠᠨ ᠤᠯᠠᠮ ᠴᠢᠨᠠᠭᠰᠢᠳᠠ ᠴᠢᠩᠭ᠋ᠠᠳᠬᠠᠵᠤ᠂ ᠠᠵᠢᠯ᠎ᠤᠨ ᠡᠭᠦᠷᠭᠡ ᠵᠢᠨ ᠶᠡᠷᠦᠩᠬᠡᠢ ᠡᠬᠡ ᠲᠠᠩᠰᠠ ᠪᠠᠢ᠌ᠭᠤᠯᠵᠤ᠂ ᠨᠠᠷᠢᠨ ᠲᠠᠩᠰᠠ ᠵᠢᠨ ᠲᠦᠷᠢᠮ᠎ᠤᠨ ᠬᠠᠮᠢᠶᠠᠷᠤᠯᠲᠠ ᠵᠢ ᠬᠡᠷᠡᠭᠵᠢᠭᠦᠯᠵᠦ᠂ ᠲᠤᠬᠢᠷᠠᠭᠤᠯᠤᠨ ᠮᠡᠳᠡᠭᠡᠯᠡᠬᠦ ᠵᠢ ᠴᠢᠩᠭ᠋ᠠᠳᠬᠠᠵᠤ᠂ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠡᠯ᠎ᠡ ᠵᠦᠢ᠍ᠯ᠎ᠤᠨ ᠠᠵᠢᠯ ᠡᠭᠦᠷᠭᠡ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠵᠢ ᠦᠨᠡᠨ ᠬᠦ᠌ ᠠᠬᠢᠭᠤᠯᠬᠤ ᠬᠡᠷᠡᠭᠲᠡᠢ᠃