— ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠤᠷᠢᠶ᠎ᠠ ᠠᠷᠪᠠᠳᠤᠭ᠋ᠠᠷ ᠤᠳᠠᠭ᠎ᠠ ᠵᠢᠨ ᠠᠯᠪᠠᠨ ᠭᠡᠷ᠎ᠤᠨ ᠡᠷᠬᠢᠯᠡᠭᠴᠢ ᠵᠢᠨ ᠬᠤᠷᠠᠯ ᠬᠤᠷᠠᠯᠳᠤᠭᠤᠯᠪᠠ
7 ᠰᠠᠷ᠎ᠠ ᠵᠢᠨ 29᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶ᠎ᠠ ᠵᠢᠨ ᠠᠷᠪᠠᠳᠤᠭ᠋ᠠᠷ ᠤᠳᠠᠭ᠎ᠠ ᠵᠢᠨ ᠠᠯᠪᠠᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠠᠶ᠋ᠢᠩᠭᠤ ᠵᠢᠨ ᠭᠡᠰᠢᠭᠦᠨ᠂ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠵᠢᠨ ᠱᠦᠵᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠣᠷᠢᠶ᠎ᠠ ᠵᠢᠨ ᠳᠡᠳ᠋ ᠡᠷᠬᠢᠯᠡᠭᠴᠢ᠂ ᠵᠥᠪᠯᠡᠯ᠎ᠤᠨ ᠠᠯᠪᠠᠨ ᠬᠡᠷ᠎ᠤᠨ ᠡᠷᠬᠢᠯᠡᠭᠴᠢ ᠳ᠋ᠢᠩ ᠰᠢᠤ ᠹᠤᠩ ᠬᠤᠷᠠᠯ ᠡᠷᠭᠢᠯᠡᠵᠦ ᠶᠠᠷᠢᠶ᠎ᠠ ᠲᠠᠯᠪᠢᠪᠠ᠃ ᠬᠠᠤᠯᠢ ᠴᠠᠭ᠋ᠠᠵᠠ ᠵᠢᠨ ᠵᠣᠬᠢᠴᠠᠭᠤᠯᠬᠤ ᠳᠤᠭᠤᠶ᠋ᠢᠯᠠᠩ᠎ᠤᠨ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠥᠨᠳᠥᠷ ᠵᠡᠷᠭᠡ ᠵᠢᠨ ᠰᠢᠭᠦᠬᠦ ᠬᠤᠷᠢᠶ᠎ᠠ ᠵᠢᠨ ᠳᠠᠷᠤᠭ᠎ᠠ ᠶᠠᠩ ᠽᠦᠩ ᠷᠧᠨ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠪᠠᠶ᠋ᠢᠴᠠᠭ᠋ᠠᠬᠤ ᠬᠤᠷᠢᠶ᠎ᠠ ᠵᠢᠨ ᠪᠠᠶ᠋ᠢᠴᠠᠭ᠋ᠠᠬᠤ ᠳᠠᠷᠤᠭ᠎ᠠ ᠯᠢ ᠴᠢ ᠯᠢᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠪᠦᠬᠦ ᠲᠠᠯ᠎ᠠ᠎ᠪᠠᠷ ᠬᠠᠤᠯᠢ᠎ᠪᠠᠷ ᠣᠷᠣᠨ ᠵᠶ᠋ᠠᠨ ᠵᠠᠰᠠᠬᠤ ᠬᠤᠷᠢᠶ᠎ᠠ ᠵᠢᠨ ᠠᠯᠪᠠᠨ ᠭᠡᠷ᠎ᠤᠨ ᠳᠡᠳ᠋ ᠡᠷᠬᠢᠯᠡᠭᠴᠢ᠂ ᠬᠠᠤᠯᠢ ᠴᠠᠭ᠋ᠠᠵᠠ ᠵᠢᠨ ᠲᠢᠩᠬᠢᠮ᠎ᠤᠨ ᠳᠠᠷᠤᠭ᠎ᠠ ᠪᠠᠢ ᠶᠦᠩ ᠫᠢᠩ ᠬᠤᠷᠠᠯ᠎ᠳᠤ ᠣᠷᠣᠯᠴᠠᠪᠠ᠃
ᠬᠤᠷᠠᠯ᠎ᠠᠴᠠ ᠰᠢ ᠵᠢᠨ ᠫᠢᠩ ᠬᠠᠤᠯᠢ᠎ᠪᠠᠷ ᠵᠠᠰᠠᠬᠤ ᠦᠵᠡᠯ ᠰᠠᠨᠠᠭ᠎ᠠ ᠵᠢ ᠰᠤᠷᠤᠯᠴᠠᠨ ᠤᠬᠠᠭᠤᠯᠵᠤ ᠰᠤᠳᠤᠯᠤᠨ ᠲᠠᠶ᠋ᠢᠯᠪᠤᠷᠢᠯᠠᠬᠤ᠂ ᠨᠠᠮ ᠵᠠᠰᠠᠭ᠎ᠤᠨ ᠭᠣᠤᠯ ᠬᠠᠷᠢᠭᠤᠴᠠᠯᠭ᠋ᠠᠲᠠᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠳᠥᠯᠭᠢᠨ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠲᠤᠬᠠᠶ ᠬᠠᠤᠯᠢ ᠵᠢ ᠲᠣᠭ᠋ᠠᠴᠢᠬᠤ ᠠᠵᠢᠯ᠂ ᠬᠡᠭᠡᠯᠢ ᠲᠦᠯᠬᠢᠵᠦ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠵᠢ ᠬᠠᠤᠯᠢ ᠶᠣᠰᠣᠭ᠋ᠠᠷ ᠵᠠᠯᠬᠠᠭ᠋ᠠᠨ ᠰᠢᠳᠬᠡᠬᠦ᠂ ᠬᠣᠲᠠ ᠰᠢᠶᠠᠨ᠎ᠤ ᠬᠠᠤᠯᠢ᠎ᠪᠠᠷ ᠵᠠᠰᠠᠬᠤ ᠪᠠᠶ᠋ᠢᠭᠤᠯᠤᠯᠲᠠ ᠵᠢ ᠴᠢᠩᠭ᠋ᠠᠳᠬᠠᠬᠤ ᠵᠡᠷᠭᠡ ᠲᠠᠯ᠎ᠠ ᠵᠢᠨ ᠲᠥᠷᠥ ᠵᠢᠨ ᠪᠣᠳᠣᠯᠭ᠎ᠠ ᠵᠢᠨ ᠪᠢᠴᠢᠭ ᠮᠠᠲ᠋ᠧᠷᠢᠶᠠᠯ᠎ᠢ ᠰᠤᠳᠤᠯᠤᠨ ᠬᠢᠨᠠᠨ ᠵᠥᠪᠯᠡᠪᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠬᠡᠷ᠎ᠤᠨ ᠳᠡᠳ᠋ ᠡᠷᠬᠢᠯᠡᠭᠴᠢ᠂ ᠬᠠᠤᠯᠢ ᠴᠠᠭ᠋ᠠᠵᠠ ᠵᠢᠨ ᠲᠢᠩᠬᠢᠮ᠎ᠤᠨ ᠳᠠᠷᠤᠭ᠎ᠠ ᠪᠠᠶ ᠶᠦᠩ ᠫᠢᠩ ᠬᠠᠮᠢᠶ᠎ᠠ ᠪᠥᠬᠥᠶ ᠲᠣᠳᠣᠷᠬᠠᠶ᠋ᠢᠯᠠᠯᠲᠠ ᠵᠢᠨ ᠬᠠᠷᠢᠭᠤ ᠮᠡᠳᠡᠭᠦᠯᠦᠯᠲᠡ ᠬᠢᠪᠠ᠃
ᠳ᠋ᠢᠩ ᠰᠢᠤ ᠹᠸᠩ ᠡᠨᠡ ᠵᠢᠯ᠎ᠠᠴᠠ ᠨᠠᠰᠢᠬᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ ᠪᠣᠯᠤᠨ ᠡᠯ᠎ᠡ ᠵᠣᠬᠢᠴᠠᠭᠤᠯᠬᠤ ᠳᠤᠭᠤᠶ᠋ᠢᠯᠠᠩ᠎ᠤᠨ ᠡᠭᠦᠷᠭᠡ ᠴᠢᠳᠠᠪᠬᠢ᠎ᠪᠠᠨ ᠭᠦᠢ᠍ᠴᠡᠳ ᠪᠠᠳᠠᠷᠠᠭᠤᠯᠵᠤ᠂ ᠵᠥᠪᠯᠡᠯ᠎ᠤᠨ ᠠᠵᠢᠯ᠎ᠤᠨ ᠪᠠᠶ᠋ᠢᠷᠢᠯᠠᠭᠤᠯᠤᠯᠲᠠ ᠵᠢ ᠯᠠᠪᠳᠠᠭᠤᠨ ᠪᠠᠲᠤᠲᠠᠢ ᠨᠠᠶ᠋ᠢᠳᠠᠪᠤᠷᠢᠵᠢᠭᠤᠯᠵᠤ᠂ ᠡᠯ᠎ᠡ ᠵᠦᠢ᠍ᠯ᠎ᠤᠨ ᠠᠵᠢᠯ᠎ᠢ ᠪᠦᠲᠦᠮᠵᠢᠲᠡᠢ ᠠᠬᠢᠭᠤᠯᠵᠤ ᠣᠯᠤᠭᠰᠠᠨ ᠦᠷ᠎ᠡ ᠪᠦᠲᠦᠮᠵᠢ ᠵᠢ ᠭᠦᠢ᠍ᠴᠡᠳ ᠨᠤᠲᠠᠯᠠᠪᠠ᠃
ᠳ᠋ᠢᠩ ᠰᠢᠤ ᠹᠸᠩ ᠴᠢᠬᠤᠯᠠᠴᠢᠯᠠᠭᠰᠠᠨ᠎ᠨᠢ᠂ ᠤᠯᠤᠰ ᠲᠦᠷᠦ ᠪᠠ ᠪᠦᠬᠦ ᠲᠠᠯ᠎ᠠ ᠵᠢᠨ ᠦᠨᠳᠦᠷᠴᠡ᠎ᠠᠴᠠ ᠰᠢ ᠵᠢᠨ ᠫᠢᠩ᠎ᠤ ᠬᠠᠤᠯᠢᠵᠢᠯ᠎ᠤᠨ ᠦᠵᠡᠯ ᠰᠠᠨᠠᠭ᠎ᠠ᠎ᠪᠠᠷ ᠬᠠᠤᠯᠢᠵᠢᠯ᠎ᠤᠨ ᠪᠠᠶ᠋ᠢᠭᠤᠯᠤᠯᠲᠠ ᠵᠢ ᠬᠦᠳᠦᠯᠦᠨ ᠳᠠᠭ᠋ᠠᠭᠤᠯᠬᠤ ᠵᠢᠨ ᠴᠢᠬᠤᠯᠠ ᠠᠴᠢ ᠬᠣᠯᠪᠣᠭᠳᠠᠯ᠎ᠢ ᠭᠦᠨᠵᠡᠭᠡᠢ ᠲᠠᠨᠢᠵᠤ᠂ ᠰᠢ ᠵᠢᠨ ᠫᠢᠩ᠎ᠤ ᠬᠠᠤᠯᠢᠵᠢᠯ᠎ᠤᠨ ᠦᠵᠡᠯ ᠰᠠᠨᠠᠭ᠎ᠠ ᠵᠢ ᠰᠤᠷᠤᠯᠴᠠᠵᠤ ᠤᠬᠠᠭᠤᠯᠬᠤ ᠰᠤᠳᠤᠯᠵᠤ ᠲᠠᠶ᠋ᠢᠯᠪᠤᠷᠢᠯᠠᠬᠤ ᠠᠵᠢᠯ᠎ᠢ ᠴᠢᠨᠠᠭᠰᠢᠳᠠ ᠠᠬᠢᠭᠤᠯᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠦᠨᠡᠨᠬᠦ ᠰᠠᠶ᠋ᠢᠲᠤᠷ ᠰᠤᠷᠤᠯᠴᠠᠵᠤ᠂ ᠰᠠᠶ᠋ᠢᠲᠤᠷ ᠰᠤᠳᠤᠯᠵᠤ᠂ ᠰᠠᠶ᠋ᠢᠲᠤᠷ ᠤᠬᠠᠭᠤᠯᠵᠤ᠂ ᠰᠠᠶ᠋ᠢᠲᠤᠷ ᠲᠤᠤᠱᠯᠠᠭᠤᠯᠬᠤ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠳᠤᠪᠤᠢ᠍ᠢ᠍ᠯᠭ᠋ᠠᠵᠤ᠂ ᠪᠠᠶ᠋ᠢᠴᠠᠭ᠋ᠠᠨ ᠰᠤᠳᠤᠯᠤᠯᠲᠠ ᠬᠢᠵᠦ ᠱᠠᠯᠠᠪᠳᠠᠭᠤᠯᠤᠨ ᠪᠠᠶ᠋ᠢᠴᠠᠭ᠋ᠠᠬᠤ ᠵᠢ ᠴᠢᠩᠭ᠋ᠠᠳᠬᠠᠵᠤ᠂ ᠠᠰᠠᠭᠤᠳᠠᠯ᠎ᠢ ᠤᠨᠢᠨ ᠳᠡᠭᠡᠷ᠎ᠡ᠎ᠨᠢ ᠢᠯᠡᠷᠡᠭᠦᠯᠵᠦ᠂ 《ᠬᠡᠷᠴᠢᠮ》᠎ᠢ ᠰᠠᠶ᠋ᠢᠲᠤᠷ ᠰᠣᠩᠭᠣᠵᠤ᠂ ᠠᠰᠠᠭᠤᠳᠠᠯ᠎ᠢ ᠰᠢᠢ᠍ᠳᠪᠦᠷᠢᠯᠡᠬᠦ᠎ᠪᠠᠷ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ ᠬᠡᠷᠡᠭᠲᠡᠢ᠃ ᠦᠷ᠎ᠡ ᠪᠦᠲᠦᠭᠡᠯ᠎ᠤᠨ ᠤᠬᠠᠮᠰᠠᠷ ᠵᠶ᠋ᠠᠨ ᠴᠢᠨᠠᠭᠰᠢᠳᠠ ᠴᠢᠩᠭ᠋ᠠᠳᠬᠠᠵᠤ᠂ ᠣᠨ᠎ᠤ ᠲᠥᠯᠥᠪᠯᠡᠭᠡ ᠵᠢᠨ ᠨᠠᠶ᠋ᠢᠳᠠᠪᠤᠷᠢᠵᠢᠭᠤᠯᠤᠯᠲᠠ ᠵᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠠᠳᠬᠤᠵᠤ᠂ ᠲᠦᠷᠦ ᠵᠢᠨ ᠪᠤᠳᠤᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢᠨ ᠦᠷ᠎ᠡ ᠪᠦᠲᠦᠮᠵᠢ ᠤᠯᠬᠤ ᠵᠢ ᠠᠬᠢᠭᠤᠯᠵᠤ᠂ ᠡᠯ᠎ᠡ ᠵᠦᠢ᠍ᠯ᠎ᠤᠨ ᠡᠭᠦᠷᠭᠡ ᠵᠢᠨ ᠨᠠᠶ᠋ᠢᠳᠠᠪᠤᠷᠢᠵᠢᠭᠤᠯᠤᠯᠲᠠ ᠵᠢᠨ ᠨᠠᠶ᠋ᠢᠳᠠᠪᠤᠷᠢᠵᠢᠭᠤᠯᠤᠯᠲᠠ ᠵᠢ ᠦᠨᠡᠨᠬᠦ ᠪᠠᠲᠤᠯᠠᠬᠤ ᠬᠡᠷᠡᠭᠲᠡᠢ᠃
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠪᠦᠬᠦ ᠲᠠᠯ᠎ᠠ᠎ᠪᠠᠷ ᠬᠠᠤᠯᠢ ᠶᠣᠰᠣᠭ᠋ᠠᠷ ᠣᠷᠣᠨ ᠵᠶ᠋ᠠᠨ ᠵᠠᠰᠠᠬᠤ ᠬᠣᠷᠢᠶ᠎ᠠ ᠵᠢᠨ ᠡᠯ᠎ᠡ ᠵᠣᠬᠢᠴᠠᠭᠤᠯᠬᠤ ᠳᠤᠭᠤᠶ᠋ᠢᠯᠠᠩ᠎ᠤᠨ ᠬᠠᠮᠢᠶ᠎ᠠ ᠪᠦᠬᠦᠢ ᠳᠡᠳ᠋ ᠳᠠᠷᠤᠭ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠳᠡᠳ᠋ ᠨᠠᠷᠢᠨ ᠪᠢᠴᠢᠭ᠎ᠤᠨ ᠳᠠᠷᠤᠭ᠎ᠠ᠂ ᠠᠯᠪᠠᠨ ᠲᠢᠩᠬᠢᠮ᠎ᠤᠨ ᠡᠷᠬᠢᠯᠡᠭᠴᠢ ᠵᠠᠩ ᠪᠠᠶ ᠴᠧᠩ᠂ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠣᠷᠢᠶ᠎ᠠ ᠵᠢᠨ ᠳᠡᠳ᠋ ᠱᠦᠵᠢ᠂ ᠬᠢᠨᠠᠨ ᠪᠠᠶ᠋ᠢᠴᠠᠭ᠋ᠠᠬᠤ ᠵᠥᠪᠯᠡᠯ᠎ᠤᠨ ᠳᠡᠳ᠋ ᠡᠷᠬᠢᠯᠡᠭᠴᠢ ᠶᠦᠨ ᠴᠦᠨ ᠱᠧᠩ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠵᠢᠨ ᠳᠡᠳ᠋ ᠱᠦᠵᠢ ᠬᠠᠨ ᠢᠦᠶ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠢᠨᠲ᠋ᠤᠷ ᠰᠦᠯᠵᠢᠶ᠎ᠡ ᠵᠢᠨ ᠮᠡᠳᠡᠭᠡ ᠵᠠᠩᠭᠢ ᠵᠢᠨ ᠠᠯᠪᠠᠨ ᠬᠡᠷ᠎ᠤᠨ ᠡᠷᠬᠢᠯᠡᠭᠴᠢ᠂ ᠨᠠᠮ᠎ᠤᠨ ᠬᠣᠷᠢᠶ᠎ᠠ ᠵᠢᠨ ᠤᠬᠠᠭᠤᠯᠬᠤ ᠬᠡᠯᠲᠡᠰ᠎ᠤᠨ ᠳᠡᠳ᠋ ᠳᠠᠷᠤᠭ᠎ᠠ ᠹᠦ᠋ ᠯᠸᠢ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠲᠦᠷᠢᠮ᠎ᠤᠨ ᠵᠥᠪᠯᠡᠯ᠎ᠤᠨ ᠳᠡᠳ᠋ ᠡᠷᠬᠢᠯᠡᠭᠴᠢ ᠭᠡᠰᠢᠭᠦᠨ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠬᠠᠤᠯᠢ ᠲᠦᠷᠢᠮ᠎ᠤᠨ ᠠᠵᠢᠯ᠎ᠤᠨ ᠵᠥᠪᠯᠡᠯ᠎ᠤᠨ ᠡᠷᠬᠢᠯᠡᠭᠴᠢ ᠰᠠᠷᠢᠨ᠂ ᠬᠠᠤᠯᠢ ᠴᠠᠭ᠋ᠠᠵᠠ ᠵᠢᠨ ᠲᠢᠩᠬᠢᠮ᠎ᠤᠨ ᠳᠡᠳ᠋ ᠳᠠᠷᠤᠭ᠎ᠠ ᠵᠠᠩ ᠷᠦᠢ ᠾᠧ ᠨᠡᠷ ᠬᠤᠷᠠᠯ᠎ᠳᠤ ᠣᠷᠣᠯᠴᠠᠵᠠᠶ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ᠂ ᠡᠯ᠎ᠡ ᠵᠣᠬᠢᠴᠠᠭᠤᠯᠬᠤ ᠳᠤᠭᠤᠶ᠋ᠢᠯᠠᠩ᠎ᠤᠨ ᠬᠠᠮᠢᠶ᠎ᠠ ᠪᠦᠬᠦᠢ ᠭᠠᠵᠠᠷ ᠭᠡᠷ᠎ᠤᠨ ᠬᠠᠷᠢᠭᠤᠴᠠᠯᠭ᠋ᠠᠲᠠᠨ ᠬᠤᠷᠠᠯ᠎ᠳᠤ ᠣᠷᠣᠯᠴᠠᠪᠠ᠃