ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠴᠢᠬᠤᠯᠠ ᠪᠠᠶ᠋ᠢᠷᠢᠯᠠᠭᠤᠯᠣᠯᠲᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠯᠠᠭ᠋ᠠᠨᠴᠠᠪ ᠬᠣᠲᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠬᠣᠲᠠ ᠵᠢ ᠵᠠᠰᠠᠬᠤ ᠬᠣᠷᠢᠶ᠎ᠠ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠲᠤᠬᠠᠢ ᠵᠢᠨ ᠲᠠᠯᠠᠪᠤᠷ᠎ᠤᠨ ᠬᠠᠤᠯᠢ ᠵᠢᠨ ᠲᠣᠭ᠋ᠠᠴᠢᠯᠲᠠ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-02-22

      ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠰᠢ ᠵᠢᠨ ᠫᠢᠩ ᠎ᠤᠨ ᠬᠠᠤᠯᠢᠵᠢᠯ᠎ᠤᠨ ᠦᠵᠡᠯ ᠰᠠᠨᠠᠭ᠎ᠠ  ᠵᠢ ᠪᠦᠬᠦ ᠲᠠᠯ᠎ᠠ ᠎ᠪᠠᠷ ᠦᠢ᠍ᠯᠡᠳᠦᠯᠭᠡᠵᠢᠭᠦᠯᠵᠦ᠂ ᠡᠯ᠎ᠡ ᠱᠠᠲᠤᠨ᠎ᠤ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠨᠥᠬᠥᠳ᠎ᠤᠨ ᠬᠠᠤᠯᠢᠵᠢᠯ᠎ᠤᠨ  ᠪᠠᠢ᠌ᠭᠤᠯᠤᠯᠲᠠ ᠵᠢ  ᠠᠬᠢᠭᠤᠯᠬᠤ  ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠴᠢᠩᠭ᠋ᠠᠳᠬᠠᠵᠤ᠂ ᠲᠤᠷᠰᠢᠯᠭ᠎ᠠ᠎ᠪᠠᠨ ᠰᠣᠯᠢᠯᠴᠠᠵᠤ᠂ ᠠᠰᠠᠭᠤᠳᠠᠯ᠎ᠢ ᠡᠷᠢᠵᠦ᠂ ᠠᠵᠢᠯ ᠵᠶ᠋ᠠᠨ ᠰᠠᠢ᠌ᠵᠢᠷᠠᠭᠤᠯᠵᠤ᠂ ᠬᠠᠤᠯᠢ᠎ᠪᠠᠷ ᠵᠠᠰᠠᠬᠤ ᠤᠯᠠᠭ᠋ᠠᠨᠴᠠᠪ᠎ᠤᠨ ᠪᠠᠢ᠌ᠭᠤᠯᠤᠯᠲᠠ ᠵᠢᠨ ᠬᠢᠷᠢ ᠲᠦᠪᠰᠢᠨ᠎ᠢ  ᠲᠡᠭᠡᠭᠰᠢᠯᠡᠭᠦᠯᠬᠦ ᠵᠢᠨ ᠲᠦᠯᠦᠭᠡ ᠂ 2  ᠰᠠᠷ᠎ᠠ ᠵᠢᠨ 10᠎ᠤ ᠡᠳᠦᠷ᠂ ᠤᠯᠠᠭ᠋ᠠᠨᠴᠠᠪ ᠬᠣᠲᠠ ᠵᠢᠨ ᠨᠠᠮ᠎ᠤᠨ ᠬᠣᠷᠢᠶ᠎ᠠ ᠵᠢᠨ ᠱᠦᠵᠢ᠂ ᠪᠥᠬᠥ ᠲᠠᠯ᠎ᠠ᠎ᠪᠠᠷ ᠬᠠᠤᠯᠢ᠎ᠪᠠᠷ ᠬᠣᠲᠠ ᠵᠢ ᠵᠠᠰᠠᠬᠤ ᠵᠥᠪᠯᠡᠯ᠎ᠤᠨ ᠡᠷᠬᠢᠯᠡᠭᠴᠢ ᠰᠦᠢ ᠸᠧᠢ ᠵᠢᠶᠦ᠋ᠨ 2022 ᠣᠨ᠎ᠤ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠲᠤᠬᠠᠢ ᠵᠢᠨ ᠲᠠᠯᠠᠪᠤᠷ᠎ᠤᠨ ᠬᠠᠤᠯᠢ ᠵᠢᠨ ᠲᠣᠭ᠋ᠠᠴᠢᠯᠲᠠ ᠵᠢᠨ ᠬᠤᠷᠠᠯ᠎ᠢ ᠡᠷᠭᠢᠯᠡᠨ ᠬᠤᠷᠠᠯᠳᠤᠭᠤᠯᠤᠭᠰᠠᠨ ᠪᠥᠭᠡᠳ ᠶᠠᠷᠢᠶ᠎ᠠ  ᠲᠠᠯᠪᠢᠪᠠ ᠃  ᠬᠣᠲᠠ ᠵᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠬᠣᠲᠠ ᠵᠢᠨ ᠳᠠᠷᠤᠭ᠎ᠠ᠂ ᠪᠥᠬᠥ ᠲᠠᠯ᠎ᠠ᠎ᠪᠠᠷ ᠬᠠᠤᠯᠢ᠎ᠪᠠᠷ ᠬᠣᠲᠠ ᠵᠢ ᠵᠠᠰᠠᠬᠤ ᠵᠥᠪᠯᠡᠯ᠎ᠤᠨ ᠳᠡᠳ᠋ ᠡᠷᠬᠢᠯᠡᠭᠴᠢ ᠴᠢ ᠹᠧᠢ ᠶᠦᠨ᠂ ᠬᠣᠲᠠ ᠵᠢᠨ ᠨᠠᠮ᠎ᠤᠨ ᠬᠣᠷᠢᠶ᠎ᠠ ᠵᠢᠨ ᠳᠡᠳ᠋ ᠱᠦᠵᠢ᠂ ᠤᠯᠤᠰ ᠲᠥᠷᠥ ᠬᠠᠤᠯᠢ ᠴᠠᠭ᠋ᠠᠵᠠ ᠵᠢᠨ ᠬᠣᠷᠢᠶ᠎ᠠ ᠵᠢᠨ ᠱᠦᠵᠢ᠂ ᠪᠥᠬᠥ ᠲᠠᠯ᠎ᠠ᠎ᠪᠠᠷ ᠬᠠᠤᠯᠢ᠎ᠪᠠᠷ ᠬᠣᠲᠠ ᠵᠢ ᠵᠠᠰᠠᠬᠤ ᠵᠥᠪᠯᠡᠯ᠎ᠤᠨ ᠳᠡᠳ᠋ ᠡᠷᠬᠢᠯᠡᠭᠴᠢ ᠴᠢᠶᠣᠤ ᠶᠦᠨ ᠯᠢ ᠬᠤᠷᠠᠯ᠎ᠳᠤ ᠣᠷᠣᠯᠴᠠᠵᠠᠢ᠃

      ᠬᠤᠷᠠᠯ ᠳᠡᠭᠡᠷ᠎ᠡ᠂ ᠬᠣᠲᠠ   ᠵᠢᠨ ᠳᠣᠲᠣᠭ᠋ᠠᠳᠤ  ᠵᠢ ᠬᠠᠮᠠᠭ᠋ᠠᠯᠠᠬᠤ ᠲᠣᠪᠴᠢᠶ᠎ᠠ᠂ ᠪᠠᠢ᠌ᠭ᠋ᠠᠯᠢ  ᠵᠢᠨ ᠡᠬᠢ ᠪᠠᠶᠠᠯᠢᠭ᠎ᠤᠨ ᠲᠣᠪᠴᠢᠶ᠎ᠠ᠂ ᠠᠮᠢ ᠠᠬᠤᠢ  ᠵᠢᠨ ᠣᠷᠴᠢᠨ  ᠲᠣᠭᠤᠷᠢᠨ᠎ᠤ ᠲᠣᠪᠴᠢᠶ᠎ᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ  ᠵᠢᠨ ᠲᠣᠪᠴᠢᠶ᠎ᠠ ᠵᠡᠷᠭᠡ 4 ᠰᠠᠯᠠᠭ᠎ᠠ ᠮᠥᠴᠢᠷ ᠪᠣᠯᠣᠨ ᠴᠠᠬᠠᠷ ᠪᠠᠷᠠᠭᠤᠨ ᠭᠠᠷᠤᠨ ᠡᠮᠦᠨᠡᠲᠦ ᠬᠣᠰᠢᠭᠤ᠂ ᠰᠢᠩ ᠾᠧ ᠰᠢᠶᠠᠨ ᠵᠡᠷᠭᠡ 2 ᠬᠣᠰᠢᠭᠤ ᠰᠢᠶᠠᠨ᠎ᠤ ᠭᠣᠣᠯ ᠬᠠᠷᠢᠭᠤᠴᠠᠯᠭ᠋ᠠᠲᠠᠨ ᠲᠤᠬᠠᠢ   ᠵᠢᠨ ᠲᠠᠯᠠᠪᠠᠶ᠎ᠳᠤ ᠬᠠᠤᠯᠢ   ᠵᠢᠨ ᠲᠤᠬᠠᠢ ᠲᠣᠭ᠋ᠠᠴᠢᠨ ᠶᠠᠷᠢᠵᠤ᠂ ᠪᠤᠰᠤᠳ ᠬᠣᠰᠢᠭᠤ ᠰᠢᠶᠠᠨ ᠬᠣᠲᠠ ᠲᠣᠭᠣᠷᠢᠭ ᠪᠣᠯᠣᠨ ᠬᠣᠲᠠ   ᠵᠢᠨ ᠰᠢᠭᠤᠳ ᠬᠠᠷᠢᠶ᠎ᠠ ᠰᠠᠯᠠᠭ᠎ᠠ ᠮᠥᠴᠢᠷ᠎ᠤᠨ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠪᠢᠴᠢᠭ᠎ᠤᠨ ᠬᠡᠯᠪᠡᠷᠢ᠎ᠪᠠᠷ ᠬᠠᠤᠯᠢ   ᠵᠢᠨ ᠲᠤᠬᠠᠢ ᠲᠣᠭ᠋ᠠᠴᠢᠨ ᠶᠠᠷᠢᠪᠠ᠃ ᠱᠦᠵᠢ  ᠰᠦᠢ ᠸᠧᠢ ᠵᠢᠶᠦ᠋ᠨ 11 ᠬᠣᠰᠢᠭᠤ ᠰᠢᠶᠠᠨ ᠬᠣᠲᠠ ᠲᠣᠭᠣᠷᠢᠭ ᠵᠢᠴᠢ ᠬᠣᠲᠠ ᠵᠢᠨ ᠰᠢᠭᠤᠳ ᠬᠠᠷᠢᠶ᠎ᠠ ᠰᠠᠯᠠᠭ᠎ᠠ ᠮᠥᠴᠢᠷ᠎ᠲᠤ ᠦᠨᠡᠯᠡᠯᠲᠡ ᠬᠢᠵᠡᠢ᠃

      ᠬᠤᠷᠠᠯ᠎ᠠᠴᠠ  ᠱᠠᠭ᠋ᠠᠷᠳᠠᠭᠰᠠᠨ᠎ᠨᠢ᠂ ᠡᠨᠡ ᠵᠢᠯ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ  ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠡᠬᠢᠯᠡᠯᠲᠡ ᠵᠢᠨ ᠵᠢᠯ ᠪᠣᠯᠣᠨ᠎ᠠ ᠂ ᠰᠢ ᠵᠢᠨ ᠫᠢᠩ᠎ᠤᠨ  ᠬᠠᠤᠯᠢᠵᠢᠯ᠎ᠤᠨ  ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ  ᠲᠤᠭᠤᠰᠢᠯᠠᠭᠤᠯᠤᠨ  ᠨᠠᠢ᠌ᠳᠠᠪᠤᠷᠢᠵᠢᠭᠤᠯᠵᠤ ᠂ ᠬᠠᠤᠯᠢᠵᠢᠯ᠎ᠤᠨ ᠵᠠᠰᠠᠭ᠎ᠤᠨ ᠣᠷᠳᠣᠨ᠎ᠤ ᠵᠢᠱ᠌ᠢᠶ᠎ᠡ ᠦᠵᠡᠭᠦᠯᠵᠦ ᠡᠭᠦᠳᠦᠨ ᠪᠠᠶ᠋ᠢᠭᠤᠯᠬᠤ ᠠᠵᠢᠯᠯᠠᠭ᠎ᠠ ᠵᠢ ᠶᠡᠬᠡᠪᠡᠷ ᠥᠷᠨᠢᠭᠦᠯᠵᠦ ᠂ ᠡᠭᠦᠳᠦᠨ ᠪᠠᠶ᠋ᠢᠭᠤᠯᠬᠤ ᠶᠠᠰᠤ ᠴᠢᠨᠠᠷ᠎ᠢ ᠲᠤᠪᠤᠢ᠍ᠢ᠍ᠯᠭ᠋ᠠᠵᠦ ᠂ ᠡᠭᠦᠳᠦᠨ ᠪᠠᠶ᠋ᠢᠭᠤᠯᠬᠤ᠎ᠪᠠᠷ ᠳᠡᠭᠡᠭᠰᠢᠯᠡᠭᠦᠯᠬᠦ ᠵᠢ ᠠᠬᠢᠭᠤᠯᠵᠤ᠂ ᠵᠢᠱ᠌ᠢᠶ᠎ᠡ ᠦᠵᠡᠭᠦᠯᠬᠦ᠎ᠪᠠᠷ ᠬᠥᠭᠵᠢᠯᠲᠡ ᠵᠢ ᠳᠠᠢ᠌ᠴᠢᠯᠠᠬᠤ ᠬᠡᠷᠡᠭᠲᠡᠢ ᠃  ᠣᠷᠣᠨ ᠨᠤᠲᠤᠭ᠎ᠤᠨ ᠬᠠᠤᠯᠢ ᠲᠣᠭᠲᠠᠭ᠋ᠠᠬᠤ ᠠᠵᠢᠯ᠎ᠤᠨ ᠴᠢᠨᠠᠷ ᠴᠢᠨᠰᠠᠭ᠎ᠠ ᠦᠷ᠎ᠡ ᠪᠦᠲᠦᠮᠵᠢ ᠵᠢ ᠦᠷᠭᠦᠯᠵᠢᠯᠡᠨ ᠳᠡᠭᠡᠭᠰᠢᠯᠡᠭᠦᠯᠵᠦ᠂ ᠬᠠᠤᠯᠢ ᠲᠣᠭᠲᠠᠭ᠋ᠠᠬᠤ ᠵᠢᠷᠤᠮ᠎ᠢ ᠤᠯᠠᠮ ᠨᠢᠭᠡ ᠠᠯᠬᠤᠮ ᠵᠢᠷᠤᠮᠵᠢᠭᠤᠯᠵᠤ ᠂ 《  ᠵᠢᠵᠢᠭ ᠬᠡᠷᠴᠢᠮ 》᠎ᠢ ᠢᠳᠡᠪᠬᠢᠲᠡᠢ᠎ᠪᠠᠷ ᠲᠦᠯᠬᠢᠨ ᠠᠬᠢᠭᠤᠯᠵᠤ ᠂ ᠬᠠᠤᠯᠢ ᠲᠣᠭᠲᠠᠭ᠋ᠠᠯᠲᠠ ᠵᠢ ᠨᠠᠷᠢᠯᠢᠭᠵᠢᠭᠤᠯᠬᠤ ᠬᠡᠷᠡᠭᠲᠡᠢ ᠃  ᠴᠢᠩᠭ᠎ᠠ ᠵᠢᠷᠤᠮᠵᠢᠭᠤᠨ ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ  ᠦᠨᠡᠨ ᠬᠦ᠌ ᠲᠦᠯᠬᠢᠨ ᠠᠬᠢᠭᠤᠯᠵᠤ ᠂ ᠬᠠᠤᠯᠢ ᠬᠡᠷᠡᠭᠵᠢᠭᠦᠯᠬᠦ ᠡᠩᠨᠡᠭᠡᠨ᠎ᠤ ᠪᠠᠢ᠌ᠭᠤᠯᠤᠯᠲᠠ ᠪᠠ ᠭᠣᠣᠯᠳᠠᠯᠭ᠎ᠠ᠎ᠲᠠᠢ ᠬᠦᠷᠢᠶᠡᠨ᠎ᠳᠠᠬᠢ ᠬᠠᠤᠯᠢ ᠬᠡᠷᠡᠭᠵᠢᠭᠦᠯᠬᠦ ᠡᠷᠴᠢᠮ᠎ᠢ ᠴᠢᠩᠭ᠋ᠠᠳᠬᠠᠵᠤ ᠂ ᠬᠠᠤᠯᠢ ᠬᠡᠷᠡᠭᠵᠢᠭᠦᠯᠬᠦ ᠠᠷᠭ᠎ᠠ ᠮᠠᠶᠢᠭ᠎ᠢ ᠰᠠᠢ᠌ᠵᠢᠷᠠᠭᠤᠯᠤᠨ ᠰᠢᠨ᠎ᠡ ᠵᠢ ᠡᠭᠦᠳᠬᠦ ᠬᠡᠷᠡᠭᠲᠡᠢ ᠃  ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠵᠢᠨ ᠬᠠᠤᠯᠢ᠎ᠪᠠᠷ ᠵᠠᠰᠠᠬᠤ ᠬᠢᠷᠢ ᠬᠡᠮᠵᠢᠶ᠎ᠡ ᠵᠢ ᠦᠨᠡᠨ ᠬᠦ᠌ ᠳᠡᠭᠡᠭᠰᠢᠯᠡᠭᠦᠯᠵᠦ ᠂ ᠬᠠᠤᠯᠢ ᠶᠣᠰᠣᠭ᠋ᠠᠷ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠤᠬᠠᠮᠰᠠᠷ᠎ᠢ ᠪᠠᠲᠤ ᠪᠡᠬᠢ ᠪᠤᠢ ᠪᠣᠯᠭ᠋ᠠᠵᠤ ᠂ ᠴᠢᠬᠤᠯᠠ ᠶᠡᠬᠡ ᠵᠠᠰᠠᠭ ᠵᠠᠬᠢᠷᠭ᠋ᠠᠨ᠎ᠤ ᠰᠢᠢ᠍ᠳᠪᠦᠷᠢᠲᠦ ᠪᠣᠳᠣᠯᠭ᠎ᠠ ᠲᠣᠭᠲᠠᠭ᠋ᠠᠬᠤ ᠵᠢᠷᠤᠮ᠎ᠢ ᠴᠢᠩᠭ᠎ᠠ ᠨᠠᠢ᠌ᠳᠠᠪᠤᠷᠢᠵᠢᠭᠤᠯᠵᠤ ᠂ ᠭᠦᠢ᠍ᠴᠡᠳ ᠰᠠᠨᠠᠯ ᠬᠤᠷᠢᠶᠠᠬᠤ ᠬᠡᠷᠡᠭᠲᠡᠢ ᠃  ᠬᠠᠤᠯᠢᠵᠢᠯ᠎ᠤᠨ ᠡᠵᠡᠩᠨᠡᠯᠲᠡ ᠵᠢᠨ ᠣᠷᠴᠢᠨ ᠲᠣᠭᠣᠷᠢᠨ᠎ᠢ ᠪᠦᠬᠦ ᠬᠦᠴᠦᠨ ᠵᠶ᠋ᠡᠷ ᠪᠤᠢ ᠪᠣᠯᠭ᠋ᠠᠵᠤ ᠂ ᠡᠷᠬᠡ ᠬᠠᠷᠢᠭᠤᠴᠠᠯᠭ᠎ᠠ ᠵᠢᠨ ᠨᠠᠷᠢᠨ ᠲᠠᠩᠰᠠ ᠵᠢ ᠬᠠᠤᠯᠢ ᠶᠣᠰᠣᠭ᠋ᠠᠷ ᠬᠥᠳᠡᠯᠦᠩᠭᠦᠢ᠎ᠪᠠᠷ ᠲᠣᠬᠢᠷᠠᠭᠤᠯᠵᠤ ᠂ ᠭᠣᠣᠯᠳᠠᠯᠭ᠎ᠠ᠎ᠲᠠᠢ ᠬᠦᠷᠢᠶᠡᠨ᠎ᠤ ᠥᠭᠡᠷᠡᠴᠢᠯᠡᠯᠲᠡ ᠵᠢ ᠪᠦᠬᠦ ᠲᠠᠯ᠎ᠠ᠎ᠪᠠᠷ ᠰᠠᠢ᠌ᠲᠤᠷ ᠠᠳᠬᠤᠵᠤ ᠂ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠵᠤ ᠂ ᠵᠠᠬ᠎ᠠ ᠳᠡᠯᠭᠡᠭᠦᠷ᠎ᠲᠤ  ᠣᠷᠣᠬᠤ ᠵᠥᠪᠰᠢᠶᠡᠷᠡᠯ᠎ᠤᠨ ᠨᠠᠵᠠᠭ᠋ᠠᠢ ᠲᠠᠯ᠎ᠠ ᠵᠢᠨ ᠨᠠᠷᠢᠨ ᠲᠠᠩᠰᠠ ᠵᠢ ᠴᠢᠩᠭ᠎ᠠ  ᠬᠡᠷᠡᠭᠵᠢᠭᠦᠯᠬᠦ ᠬᠡᠷᠡᠭᠲᠡᠢ᠃ ᠦᠨᠳᠦᠰᠦᠨ ᠱᠠᠲᠤᠨ᠎ᠤ ᠬᠠᠤᠯᠢ ᠶᠣᠰᠣᠭ᠋ᠠᠷ ᠵᠠᠰᠠᠬᠤ ᠵᠢ ᠤᠯᠠᠮ ᠨᠢᠭᠡ ᠠᠯᠬᠤᠮ ᠭᠦᠨᠵᠡᠭᠡᠢ᠌ᠷᠡᠭᠦᠯᠵᠦ᠂ ᠵᠥᠷᠢᠴᠡᠯ ᠵᠢᠭᠤᠷᠠᠯᠳᠤᠭ᠋ᠠᠨ᠎ᠢ ᠣᠯᠠᠨ ᠡᠰᠢᠵᠢᠭᠦᠯᠦᠨ ᠰᠢᠢ᠍ᠳᠪᠦᠷᠢᠯᠡᠬᠦ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠪᠥᠬᠥ ᠬᠣᠲᠠ ᠵᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠠᠷᠢᠭᠤᠴᠠᠯᠭ᠋ᠠᠲᠠᠨ᠎ᠤ ᠰᠢᠭᠦᠯᠲᠡ᠎ᠳᠤ ᠣᠷᠣᠯᠴᠠᠨ ᠵᠠᠷᠭᠤ ᠬᠦᠯᠢᠶᠡᠭᠰᠡᠨ ᠨᠣᠷᠮ᠎ᠠ ᠵᠢᠨ 100% ᠵᠢᠨ ᠦᠷ᠎ᠡ ᠪᠦᠲᠦᠭᠡᠯ᠎ᠢ ᠦᠷᠭᠦᠯᠵᠢᠯᠡᠨ ᠪᠡᠬᠢᠵᠢᠭᠦᠯᠵᠦ᠂ ᠦᠨᠳᠦᠰᠦᠨ ᠱᠠᠲᠤᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠬᠡᠷᠡᠭ ᠵᠥᠪᠯᠡᠵᠦ ᠵᠣᠬᠢᠴᠠᠭᠤᠯᠬᠤ ᠪᠠᠢ᠌ᠭᠤᠯᠤᠮᠵᠢ ᠵᠢᠨ ᠪᠠᠢ᠌ᠭᠤᠯᠤᠯᠲᠠ ᠵᠢ ᠴᠢᠩᠭ᠋ᠠᠳᠬᠠᠬᠤ ᠬᠡᠷᠡᠭᠲᠡᠢ᠃  ᠤᠨᠢᠨ ᠳᠡᠭᠡᠷ᠎ᠡ᠎ᠨᠢ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠤᠬᠠᠭᠤᠯᠭ᠎ᠠ ᠵᠢᠨ ᠡᠷᠴᠢᠮ᠎ᠢ ᠴᠢᠩᠭ᠋ᠠᠷᠠᠭᠤᠯᠵᠤ ᠂ 《  ᠨᠠᠢ᠍ᠮᠠᠳᠤᠭ᠋ᠠᠷ ᠲᠠᠪᠤᠨ ᠵᠢᠯ 》 ᠎ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠳᠤᠮᠳᠠ ᠬᠤᠭᠤᠴᠠᠭ᠋ᠠᠨ᠎ᠤ ᠦᠨᠡᠯᠡᠯᠲᠡ ᠵᠢᠨ ᠪᠡᠯᠡᠳᠬᠡᠯ ᠠᠵᠢᠯ᠎ᠢ ᠪᠦᠬᠦ ᠬᠦᠴᠦᠨ ᠵᠶ᠋ᠡᠷ ᠵᠶ᠋ᠡᠨ ᠰᠠᠢ᠌ᠲᠤᠷ ᠬᠢᠵᠦ ᠂ 《  ᠬᠡᠨ ᠬᠠᠤᠯᠢ ᠬᠡᠷᠡᠭᠵᠢᠭᠦᠯᠪᠡᠯ ᠬᠡᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ 》  ᠬᠠᠷᠢᠭᠤᠴᠠᠯᠭ᠎ᠠ ᠵᠢᠨ ᠳᠦᠷᠢᠮ᠎ᠢ ᠴᠢᠩᠭ᠎ᠠ ᠨᠠᠢ᠌ᠳᠠᠪᠤᠷᠢᠵᠢᠭᠤᠯᠵᠤ ᠂ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ  ᠲᠦᠭᠡᠮᠡᠯᠵᠢᠭᠦᠯᠬᠦ  ᠵᠠᠰᠠᠭ ᠵᠠᠬᠢᠷᠭ᠋ᠠᠨ᠎ᠤ ᠡᠷᠬᠡ ᠵᠢᠨ ᠬᠢᠨᠠᠯᠲᠠ ᠬᠢᠵᠠᠭ᠋ᠠᠷᠯᠠᠯ᠎ᠢ ᠴᠢᠩᠭ᠋ᠠᠳᠬᠠᠬᠤ ᠬᠡᠷᠡᠭᠲᠡᠢ ᠃  ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠡᠷᠴᠢᠮ᠎ᠢ ᠴᠢᠩᠭ᠋ᠠᠷᠠᠭᠤᠯᠵᠤ ᠂ ᠵᠠᠰᠠᠭ ᠵᠠᠬᠢᠷᠭ᠋ᠠᠨ᠎ᠤ ᠡᠷᠬᠡ ᠵᠢ ᠬᠢᠵᠠᠭ᠋ᠠᠷᠯᠠᠬᠤ ᠪᠠ ᠲᠡᠭᠦᠨ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠤ ᠂ ᠡᠯ᠎ᠡ ᠲᠦᠷᠦᠯ᠎ᠤᠨ ᠬᠢᠨᠠᠯᠲᠠ ᠵᠢ ᠰᠠᠨᠠᠭ᠋ᠠᠴᠢᠯᠠᠭ᠎ᠠ᠎ᠠᠴᠠ᠎ᠪᠠᠨ  ᠬᠦᠯᠢᠶᠡᠬᠦ ᠬᠡᠷᠡᠭᠲᠡᠢ ᠭᠡᠪᠡ᠃

      ᠬᠤᠷᠠᠯ᠎ᠠᠴᠠ  ᠴᠢᠬᠤᠯᠠᠴᠢᠯᠠᠭᠰᠠᠨ᠎ᠨᠢ᠂ ᠬᠤᠳᠠ ᠵᠢᠨ ᠨᠠᠮ᠎ᠤᠨ ᠬᠣᠷᠢᠶ᠎ᠠ ᠪᠦᠬᠦ ᠲᠠᠯ᠎ᠠ᠎ᠪᠠᠷ ᠬᠠᠤᠯᠢ᠎ᠪᠠᠷ ᠬᠤᠳᠠ ᠵᠢ ᠵᠠᠰᠠᠬᠤ᠎ᠳᠤ ᠲᠦᠷᠦᠭᠦᠯᠡᠨ ᠶᠡᠷᠦᠩᠬᠡᠢ ᠶᠠᠪᠤᠳᠠᠯ᠎ᠢ ᠠᠳᠬᠤᠬᠤ ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠬᠤ ᠦᠢ᠍ᠯᠡᠳᠦᠯ ᠵᠶ᠋ᠡᠨ ᠪᠠᠳᠠᠷᠠᠭᠤᠯᠵᠤ ᠂ ᠬᠠᠤᠯᠢ᠎ᠪᠠᠷ ᠬᠤᠳᠠ ᠵᠢ ᠵᠠᠰᠠᠬᠤ ᠵᠢ ᠪᠦᠬᠦ ᠲᠠᠯ᠎ᠠ᠎ᠪᠠᠷ ᠠᠬᠢᠭᠤᠯᠬᠤ ᠴᠢᠬᠤᠯᠠ ᠤᠴᠢᠷ ᠶᠠᠪᠤᠳᠠᠯ ᠪᠣᠯᠣᠨ ᠴᠢᠬᠤᠯᠠ ᠶᠡᠬᠡ ᠠᠰᠠᠭᠤᠳᠠᠯ᠎ᠢ ᠴᠠᠭ ᠲᠤᠬᠠᠢ᠎ᠳᠤ ᠎ᠨᠢ  ᠰᠤᠳᠤᠯᠤᠨ ᠰᠢᠢ᠍ᠳᠪᠦᠷᠢᠯᠡᠬᠦ ᠬᠡᠷᠡᠭᠲᠡᠢ ᠃  ᠪᠥᠬᠥ ᠲᠠᠯ᠎ᠠ᠎ᠪᠠᠷ ᠬᠠᠤᠯᠢ ᠶᠣᠰᠣᠭ᠋ᠠᠷ ᠬᠣᠲᠠ ᠵᠢ ᠵᠠᠰᠠᠬᠤ ᠵᠥᠪᠯᠡᠯ᠎ᠤᠨ ᠳᠥᠷᠪᠡᠨ ᠵᠣᠬᠢᠴᠠᠭᠤᠯᠬᠤ ᠳᠤᠭᠤᠢ᠌ᠯᠠᠩ᠎ᠨᠢ ᠬᠠᠤᠯᠢ ᠲᠣᠭᠲᠠᠭ᠋ᠠᠬᠤ᠂ ᠬᠠᠤᠯᠢ ᠬᠡᠷᠡᠭᠵᠢᠭᠦᠯᠬᠦ᠂ ᠬᠠᠤᠯᠢ ᠪᠠᠷᠢᠬᠤ᠂ ᠬᠠᠤᠯᠢ ᠵᠢ  ᠰᠠᠬᠢᠵᠤ ᠬᠠᠤᠯᠢ ᠲᠦᠭᠡᠮᠡᠯᠵᠢᠭᠦᠯᠬᠦ ᠠᠵᠢᠯ᠎ᠤᠨ ᠳᠤᠮᠳᠠᠬᠢ ᠠᠰᠠᠭᠤᠳᠠᠯ᠎ᠢ ᠴᠠᠭ ᠲᠤᠬᠠᠢ᠎ᠳᠤ ᠎ᠨᠢ  ᠰᠤᠳᠤᠯᠤᠨ ᠰᠢᠢ᠍ᠳᠪᠦᠷᠢᠯᠡᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠵᠥᠪᠯᠡᠯ᠎ᠳᠤ ᠠᠵᠢᠯ ᠵᠶ᠋ᠠᠨ ᠮᠡᠳᠡᠭᠦᠯᠬᠦ ᠬᠡᠷᠡᠭᠲᠡᠢ᠃  ᠡᠯ᠎ᠡ ᠬᠣᠰᠢᠭᠤ ᠰᠢᠶᠠᠨ ᠬᠣᠲᠠ ᠲᠣᠭᠣᠷᠢᠭ᠎ᠤᠨ ᠨᠠᠮ᠎ᠤᠨ ᠬᠣᠷᠢᠶ᠎ᠠ ᠵᠠᠰᠠᠭ᠎ᠤᠨ ᠣᠷᠳᠣᠨ᠂ ᠬᠣᠲᠠ ᠵᠢᠨ ᠰᠢᠭᠤᠳ ᠬᠠᠷᠢᠶ᠎ᠠ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠨᠥᠬᠥᠳ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭ᠋ᠠᠲᠠᠨ᠎ᠤ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠢ ᠭᠦᠢ᠍ᠴᠡᠳᠬᠡᠵᠦ᠂ ᠲᠤᠬᠠᠢ ᠵᠢᠨ ᠲᠠᠯᠠᠪᠤᠷ᠎ᠲᠤ ᠬᠠᠤᠯᠢ ᠴᠠᠭ᠋ᠠᠵᠠ ᠵᠢᠨ ᠲᠣᠭ᠋ᠠᠴᠢᠯᠲᠠ ᠵᠢᠨ 《  ᠡᠭᠦᠷᠭᠡ ᠬᠠᠷᠢᠭᠤᠴᠠᠯᠭ᠎ᠠ᠎ᠪᠠᠨ ᠲᠠᠨᠢᠯᠴᠠᠭᠤᠯᠬᠤ᠂ ᠠᠮᠵᠢᠯᠳᠠ ᠪᠦᠳᠦᠮᠵᠢ᠎ᠪᠠᠨ ᠬᠠᠷᠠᠭᠤᠯᠬᠤ᠂ ᠠᠵᠢᠯ ᠪᠠᠢ᠌ᠳᠠᠯ ᠵᠶ᠋ᠠᠨ ᠠᠳᠠᠯᠢᠳᠬᠠᠬᠤ 》 ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠲᠣᠰ ᠭᠠᠵᠠᠷ ᠣᠷᠣᠨ ᠲᠣᠰ ᠰᠠᠯᠠᠭ᠎ᠠ ᠮᠥᠴᠢᠷ᠎ᠤᠨ ᠡᠯ᠎ᠡ ᠵᠦᠢ᠍ᠯ᠎ᠤᠨ ᠠᠵᠢᠯ᠎ᠢ  ᠬᠠᠤᠯᠢ᠎ᠪᠠᠷ ᠵᠠᠰᠠᠬᠤ ᠵᠠᠮ᠎ᠳᠤ ᠪᠥᠬᠥ ᠲᠠᠯ᠎ᠠ᠎ᠪᠠᠷ ᠣᠷᠣᠭᠤᠯᠵᠤ᠂ ᠡᠯ᠎ᠡ ᠵᠦᠢ᠍ᠯ᠎ᠤᠨ ᠠᠵᠢᠯ᠎ᠢ ᠪᠦᠲᠦᠮᠵᠢᠲᠡᠶ ᠨᠠᠢ᠌ᠳᠠᠪᠤᠷᠢᠵᠢᠭᠤᠯᠬᠤ ᠵᠢ ᠲᠦᠯᠬᠢᠨ ᠠᠬᠢᠭᠤᠯᠬᠤ ᠬᠡᠷᠡᠭᠲᠡᠢ  ᠭᠡᠪᠡ᠃

      ᠬᠣᠲᠠ ᠵᠢᠨ ᠨᠠᠮ᠎ᠤᠨ ᠬᠣᠷᠢᠶ᠎ᠠ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠂ ᠵᠠᠰᠠᠭ᠎ᠤᠨ ᠣᠷᠳᠣᠨ᠂ ᠤᠯᠤᠰ ᠲᠥᠷᠥ ᠵᠢᠨ ᠵᠥᠪᠯᠡᠯᠭᠡᠨ᠎ᠤ ᠬᠣᠯᠪᠣᠭᠳᠠᠯ ᠪᠦᠬᠦᠢ ᠤᠳᠤᠷᠢᠳᠤᠯᠭ᠎ᠠ᠂ ᠬᠣᠲᠠ ᠵᠢᠨ ᠨᠠᠮ᠎ᠤᠨ ᠬᠣᠷᠢᠶ᠎ᠠ ᠵᠢᠨ ᠪᠥᠬᠥ ᠲᠠᠯ᠎ᠠ᠎ᠪᠠᠷ ᠬᠠᠤᠯᠢ᠎ᠪᠠᠷ ᠬᠣᠲᠠ᠎ᠪᠠᠨ ᠵᠠᠰᠠᠬᠤ ᠵᠥᠪᠯᠡᠯ᠎ᠤᠨ  ᠭᠡᠰᠢᠭᠦᠨ ᠂  ᠡᠯ᠎ᠡ ᠵᠣᠬᠢᠴᠠᠭᠤᠯᠬᠤ ᠳᠤᠭᠤᠢ᠌ᠯᠠᠩ᠎ᠤᠨ  ᠳᠠᠷᠤᠭ᠎ᠠ ᠵᠢᠴᠢ ᠬᠣᠲᠠ ᠵᠢᠨ ᠰᠢᠭᠤᠳ ᠬᠠᠷᠢᠶ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠭᠣᠣᠯ ᠬᠠᠷᠢᠭᠤᠴᠠᠯᠭ᠋ᠠᠲᠠᠨ ᠨᠥᠬᠥᠳ ᠬᠤᠷᠠᠯ᠎ᠳᠤ ᠣᠷᠣᠯᠴᠠᠭᠰᠠᠨ ᠪᠥᠭᠡᠳ ᠦᠨᠳᠦᠰᠦᠨ ᠱᠠᠲᠤᠨ᠎ᠤ ᠨᠠᠮ᠎ᠤᠨ ᠲᠥᠯᠥᠭᠡᠯᠡᠭᠴᠢ᠂ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ᠂ ᠤᠯᠤᠰ ᠲᠥᠷᠥ ᠵᠢᠨ ᠵᠥᠪᠯᠡᠯᠭᠡᠨ᠎ᠤ  ᠭᠡᠰᠢᠭᠦᠳ᠎ᠢ ᠤᠷᠢᠵᠤ ᠬᠤᠷᠠᠯ᠎ᠳᠤ  ᠣᠷᠣᠯᠴᠠᠭᠤᠯᠵᠤ᠂  ᠡᠯ᠎ᠡ ᠬᠣᠰᠢᠭᠤ ᠰᠢᠶᠠᠨ ᠬᠣᠲᠠ ᠲᠣᠭᠣᠷᠢᠭ ᠎ᠲᠤ ᠬᠤᠪᠢᠶᠠᠷᠢ ᠬᠤᠷᠠᠯ᠎ᠤᠨ ᠲᠠᠯᠠᠪᠠᠶ ᠭᠠᠷᠭ᠋ᠠᠪᠠ᠃

      ᠣᠢ᠌ᠷ᠎ᠠ ᠵᠢᠨ  ᠵᠢᠯ᠎ᠠᠴᠠ  ᠨᠠᠭ᠋ᠠᠰᠢ᠂ ᠤᠯᠠᠭ᠋ᠠᠨᠴᠠᠪ ᠬᠤᠳᠠ ᠵᠢᠨ᠎ᠬᠢᠨ ᠤᠳᠤᠷᠢᠳᠬᠤ ᠺᠠᠳ᠋ᠷ ᠭᠡᠬᠦ ᠡᠨᠡᠬᠦ 《ᠵᠠᠩᠭᠢᠯᠠᠭ᠎ᠠ ᠵᠢᠨ ᠴᠥᠭᠡᠨ ᠲᠣᠭ᠋ᠠᠲᠠᠨ 》 ᠎ᠢ ᠠᠳᠬᠤᠬᠤ ᠵᠢ ᠪᠠᠷᠢᠮᠲᠠᠯᠠᠵᠤ ᠂ ᠣᠨ᠎ᠤ ᠬᠠᠤᠯᠢ ᠴᠠᠭ᠋ᠠᠵᠠ ᠵᠢᠨ ᠲᠣᠭ᠋ᠠᠴᠢᠯᠲᠠ ᠵᠢᠨ  ᠠᠵᠢᠯ ᠵᠶ᠋ᠠᠷ ᠭᠠᠷᠳᠠᠴᠠ ᠪᠣᠯᠭ᠋ᠠᠵᠤ ᠂ ᠬᠠᠤᠯᠢᠵᠢᠯ᠎ᠤᠨ  ᠪᠠᠢ᠌ᠭᠤᠯᠤᠯᠲᠠ ᠵᠢᠨ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠪᠣᠳᠠᠲᠠᠢ᠌ᠵᠢᠭᠤᠯᠵᠠᠢ ᠃ 2022 ᠣᠨ᠎ᠳᠤ᠂ ᠪᠥᠬᠥ ᠬᠣᠲᠠ ᠵᠢᠨ 91 ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ ᠲᠤᠬᠠᠢ ᠵᠢᠨ ᠲᠠᠯᠠᠪᠤᠷ᠎ᠲᠤ ᠬᠠᠤᠯᠢ ᠵᠢᠨ ᠲᠣᠭ᠋ᠠᠴᠢᠯᠲᠠ ᠬᠢᠵᠦ᠂ ᠬᠤᠷᠠᠯ᠎ᠳᠤ ᠣᠷᠣᠯᠴᠠᠭᠰᠠᠨ ᠬᠥᠮᠥᠨ᠎ᠤ ᠲᠣᠭ᠎ᠠ 572 ᠬᠦᠷᠴᠦ᠂ ᠬᠣᠲᠠ ᠰᠢᠶᠠᠨ ᠬᠣᠶᠠᠷ ᠱᠠᠲᠤᠨ᠎ᠤ ᠨᠠᠮ ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ ᠲᠤᠬᠠᠢ ᠵᠢᠨ ᠲᠠᠯᠠᠪᠤᠷ᠎ᠲᠤ ᠬᠠᠤᠯᠢ ᠵᠢᠨ ᠲᠣᠭ᠋ᠠᠴᠢᠯᠲᠠ ᠵᠢ ᠨᠡᠢ᠌ᠳᠡᠮ ᠬᠠᠮᠤᠷᠬᠤ ᠵᠢ  ᠪᠡᠶᠡᠯᠡᠭᠦᠯᠵᠦ᠂  ᠨᠠᠮ  ᠵᠠᠰᠠᠭ᠎ᠤᠨ ᠭᠣᠣᠯ ᠬᠠᠷᠢᠭᠤᠴᠠᠯᠭ᠋ᠠᠲᠠᠨ᠎ᠤ  ᠬᠠᠤᠯᠢᠵᠢᠯ᠎ᠤᠨ ᠪᠠᠢ᠌ᠭᠤᠯᠤᠯᠲᠠ ᠵᠢᠨ ᠡᠭᠦᠷᠭᠡ ᠬᠠᠷᠢᠭᠤᠴᠠᠯᠭ᠎ᠠ ᠵᠢ ᠮᠥᠷᠥᠨ ᠳᠡᠭᠡᠷ᠎ᠡ᠎ᠪᠠᠨ ᠡᠭᠦᠷᠭᠡᠯᠡᠨ᠂ ᠰᠡᠳᠬᠢᠯ᠎ᠳᠡᠭᠡᠨ ᠪᠤᠳᠤᠵᠤ᠂ ᠭᠠᠷ᠎ᠲᠠᠭᠠᠨ ᠠᠳᠬᠤᠬᠤ ᠵᠢ ᠬᠦᠴᠦᠲᠡᠢ ᠠᠬᠢᠭᠤᠯᠵᠤ᠂ ᠬᠠᠤᠯᠢ ᠵᠢᠨ ᠲᠣᠭ᠋ᠠᠴᠢᠯᠲᠠ ᠵᠢ ᠦᠨᠡᠨ ᠬᠦ᠌ ᠪᠥᠬᠥ ᠬᠣᠲᠠ ᠵᠢᠨ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠵᠢᠨ ᠬᠥᠳᠡᠯᠭᠡᠬᠦ ᠬᠦᠴᠦᠨ ᠪᠣᠯᠭ᠋ᠠᠨ ᠬᠤᠪᠢᠷᠠᠭᠤᠯᠤᠭᠰᠠᠨ ᠪᠠᠢ᠌ᠨ᠎ᠠ᠃

 

 

 

 

ᠢᠷᠡᠯᠲᠡ᠄
          
ᠬᠠᠮᠢᠶ᠎ᠡ ᠪᠦᠬᠦᠢ ᠰᠣᠨᠢᠨ
 
            