5 ᠰᠠᠷ᠎ᠠ ᠵᠢᠨ 4᠎ᠤ ᠡᠳᠦᠷ᠎ᠠᠴᠠ 6᠎ᠤ ᠡᠳᠦᠷ ᠪᠣᠯᠲᠠᠯ᠎ᠠ᠂ ᠭᠠᠨᠰᠤ ᠮᠤᠵᠢ ᠵᠢᠨ ᠬᠠᠤᠯᠢ ᠴᠠᠭ᠋ᠠᠵᠠ ᠵᠢᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠶᠠᠩ ᠭᠦᠸᠧ ᠮᠢᠨ ᠰᠢᠨᠵᠢᠯᠡᠨ ᠪᠠᠢ᠌ᠴᠠᠭ᠋ᠠᠵᠤ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ 5 ᠬᠥᠮᠥᠨ ᠮᠠᠨ᠎ᠤ ᠣᠷᠣᠨ᠎ᠳᠤ ᠬᠦᠷᠴᠦ ᠬᠠᠤᠯᠢ᠎ᠪᠠᠷ ᠵᠠᠰᠠᠬᠤ ᠵᠢᠨ ᠬᠢᠨᠠᠨ ᠰᠢᠯᠭ᠋ᠠᠯᠲᠠ ᠵᠢᠨ ᠮᠡᠳᠡᠭᠡ ᠵᠠᠩᠭᠢᠵᠢᠯᠲᠠ ᠵᠢᠨ ᠠᠵᠢᠯ᠎ᠳᠤ ᠪᠠᠢ᠌ᠴᠠᠭ᠋ᠠᠨ ᠰᠤᠳᠤᠯᠤᠯᠲᠠ ᠬᠢᠪᠡ᠃ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠣᠶᠠᠳᠤᠭ᠋ᠠᠷ ᠳᠡᠰ᠎ᠤᠨ ᠲᠣᠭᠣᠷᠢᠨ ᠪᠠᠢ᠌ᠴᠠᠭ᠋ᠠᠭᠴᠢ ᠸᠠᠩ ᠰᠢᠶᠠᠩ ᠳ᠋ᠦᠩ ᠪᠠᠷ᠎ᠠ ᠪᠣᠯᠵᠤ ᠰᠢᠨᠵᠢᠯᠡᠨ ᠪᠠᠢ᠌ᠴᠠᠭ᠋ᠠᠪᠠ ᠃
ᠬᠠᠤᠯᠢᠵᠢᠯ᠎ᠤᠨ ᠪᠠᠢ᠌ᠭᠤᠯᠤᠯᠲᠠ ᠵᠢᠨ ᠮᠡᠳᠡᠭᠡ ᠵᠠᠩᠭᠢᠵᠢᠯᠲᠠ ᠵᠢᠨ ᠠᠵᠢᠯ᠎ᠤᠨ ᠶᠠᠷᠢᠯᠴᠠᠬᠤ ᠬᠤᠷᠠᠯ ᠳᠡᠭᠡᠷ᠎ᠡ ᠂ ᠰᠢᠨᠵᠢᠯᠡᠨ ᠪᠠᠢ᠌ᠴᠠᠭ᠋ᠠᠵᠤ ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠬᠣᠯᠪᠣᠭᠳᠠᠯ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ᠎ᠲᠠᠢ ᠬᠠᠤᠯᠢᠵᠢᠯ᠎ᠤᠨ ᠤᠯᠤᠰ ᠂ ᠬᠠᠤᠯᠢᠵᠢᠯ᠎ᠤᠨ ᠵᠠᠰᠠᠭ᠎ᠤᠨ ᠣᠷᠳᠣᠨ ᠂ ᠬᠠᠤᠯᠢᠵᠢᠯ᠎ᠤᠨ ᠨᠡᠢ᠌ᠭᠡᠮ᠎ᠤᠨ ᠪᠠᠢ᠌ᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠲᠤᠷᠰᠢᠯᠭ᠎ᠠ ᠪᠣᠯᠣᠨ ᠠᠷᠭ᠎ᠠ ᠬᠢᠳᠡᠯ ᠂ ᠬᠠᠤᠯᠢᠵᠢᠯ᠎ᠤᠨ ᠪᠠᠢ᠌ᠭᠤᠯᠤᠯᠲᠠ ᠵᠢᠨ ᠰᠢᠯᠭ᠋ᠠᠨ ᠦᠨᠡᠯᠡᠬᠦ ᠰᠢᠰᠲ᠋ᠧᠮ᠎ᠤᠨ ᠠᠵᠢᠯᠯᠠᠭ᠋ᠠᠨ᠎ᠤ ᠬᠠᠮᠢᠶᠠᠷᠤᠯᠲᠠ ᠵᠡᠷᠭᠡ ᠲᠠᠯ᠎ᠠ ᠵᠢᠨ ᠲᠤᠷᠰᠢᠯᠭ᠎ᠠ ᠵᠢᠨ ᠲᠣᠭᠣᠷᠢᠨ᠎ᠳᠤ ᠭᠦᠨᠵᠡᠭᠡᠢ ᠰᠣᠯᠢᠯᠴᠠᠪᠠ ᠃
ᠪᠠᠢ᠌ᠴᠠᠭ᠋ᠠᠨ ᠰᠤᠳᠤᠯᠬᠤ ᠳᠤᠭᠤᠢ᠌ᠯᠠᠩ᠎ᠤᠨ᠎ᠬᠢᠨ ᠬᠠᠤᠯᠢ ᠴᠠᠭ᠋ᠠᠵᠠ ᠵᠢᠨ ᠲᠢᠩᠬᠢᠮ᠎ᠤᠨ 12348 ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠲᠢᠩᠬᠢᠮ᠂ ᠬᠠᠤᠯᠢᠴᠢ ᠵᠢᠨ ᠭᠡᠷ᠂ ᠨᠣᠮ᠎ᠤᠨ ᠥᠷᠥᠭᠡ ᠵᠢᠴᠢ ᠦᠨᠳᠦᠰᠦᠨ ᠬᠠᠤᠯᠢ ᠵᠢᠨ ᠣᠷᠳᠣᠨ᠎ᠢ ᠲᠣᠭᠣᠷᠢᠨ ᠦᠵᠡᠵᠦ᠂ ᠡᠭᠦᠨ᠎ᠤ ᠬᠠᠮᠲᠤ ᠬᠥᠬᠡᠬᠣᠲᠠ ᠵᠢᠨ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠶᠡᠬᠡ ᠲᠢᠩᠬᠢᠮ ᠂ ᠵᠠᠭ᠋ᠠᠯᠳᠤᠯᠭ᠎ᠠ ᠵᠢ ᠬᠦᠯᠢᠶᠡᠨ ᠠᠪᠴᠤ ᠪᠠᠷᠢᠨ ᠭᠦᠢ᠍ᠴᠡᠳᠬᠡᠬᠦ ᠵᠢᠯᠣᠭᠣᠳᠤᠨ ᠲᠣᠬᠢᠷᠠᠭᠤᠯᠬᠤ ᠲᠥᠪ ᠪᠣᠯᠣᠨ ᠲᠣᠭᠲᠠᠬᠤ ᠰᠢᠶᠠᠨ᠎ᠤ ᠬᠠᠤᠯᠢ ᠴᠠᠭ᠋ᠠᠵᠠ ᠵᠢᠨ ᠲᠣᠪᠴᠢᠶ᠎ᠠ ᠂ ᠶᠡᠷᠦᠩᠬᠡᠢ᠌ᠯᠡᠨ ᠵᠠᠰᠠᠬᠤ ᠲᠥᠪ ᠂ ᠵᠥᠷᠢᠴᠡᠯ ᠵᠠᠭᠤᠷᠠᠯᠳᠤᠭ᠋ᠠᠨ᠎ᠢ ᠬᠠᠮᠲᠤᠷᠠᠨ ᠡᠶᠡᠳᠡᠭᠦᠯᠦᠨ ᠰᠢᠢ᠍ᠳᠪᠦᠷᠢᠯᠡᠬᠦ ᠲᠥᠪ ᠂ ᠤᠯᠠᠨ ᠨᠡᠶ᠋ᠢᠲᠡ ᠵᠢᠨ ᠬᠠᠤᠯᠢ ᠴᠠᠭ᠋ᠠᠵᠠ ᠵᠢᠨ ᠦᠢ᠍ᠯᠡᠴᠢᠯᠡᠭᠡᠨ᠎ᠤ ᠲᠥᠪ ᠂ ᠦ᠋ ᠱᠧᠨ ᠬᠠᠤᠯᠢ ᠴᠠᠭ᠋ᠠᠵᠠ ᠵᠢᠨ ᠭᠠᠵᠠᠷ ᠵᠢᠴᠢ ᠥᠪᠥᠷ ᠮᠣᠩᠭᠣᠯ᠎ᠤᠨ ᠭᠠᠢ᠌ᠯᠢ ᠵᠢᠨ ᠶᠠᠪᠤᠳᠠᠯ᠎ᠤᠨ ᠲᠣᠪᠴᠢᠶ᠎ᠠ ᠵᠢᠨ ᠬᠠᠤᠯᠢ ᠲᠦᠭᠡᠮᠡᠯᠵᠢᠭᠦᠯᠬᠦ ᠬᠥᠮᠦᠵᠢᠯ᠎ᠤᠨ ᠰᠠᠭᠤᠷᠢᠨ᠎ᠳᠤ ᠭᠦᠨᠵᠡᠭᠡᠢ᠌ᠷᠡᠨ ᠲᠤᠬᠠᠢ ᠵᠢᠨ ᠭᠠᠵᠠᠷ᠎ᠲᠤ ᠨᠢ ᠰᠢᠨᠵᠢᠯᠡᠨ ᠪᠠᠢ᠌ᠴᠠᠭ᠋ᠠᠵᠤ ᠪᠠᠢ᠌ᠴᠠᠭ᠋ᠠᠨ ᠰᠤᠳᠤᠯᠤᠯᠲᠠ ᠬᠢᠪᠡ᠃