9 ᠰᠠᠷ᠎ᠠ ᠵᠢᠨ 14᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ ᠪᠥᠬᠥ ᠣᠷᠣᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠪᠠ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠬᠦ ᠪᠤᠯᠪᠠᠰᠤᠷᠠᠯ᠎ᠤᠨ ᠳᠠᠢ᠌ᠴᠢᠯᠠᠯᠲᠠ ᠵᠢᠨ ᠬᠤᠷᠠᠯ᠎ᠢ ᠬᠤᠷᠠᠯᠳᠤᠭᠤᠯᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠰᠢ ᠵᠢᠨ ᠫᠢᠩ᠎ᠤᠨ ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ ᠂ ᠪᠥᠬᠥ ᠣᠷᠣᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠲᠤᠬᠠᠢ ᠵᠢᠨ ᠭᠠᠵᠠᠷ᠎ᠲᠤ ᠨᠢ ᠱᠠᠯᠠᠪᠳᠠᠭᠤᠯᠤᠨ ᠪᠠᠢ᠌ᠴᠠᠭ᠋ᠠᠬᠤ ᠪᠠ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭ᠋ᠠᠨ᠎ᠤ ᠪᠠᠢ᠌ᠴᠠᠭ᠋ᠠᠨ ᠦᠨᠡᠯᠡᠬᠦ ᠠᠵᠢᠯ᠎ᠢ ᠥᠷᠨᠢᠭᠦᠯᠬᠦ ᠪᠤᠯᠪᠠᠰᠤᠷᠠᠯ ᠬᠢᠵᠦ ᠳᠠᠶ᠋ᠢᠴᠢᠯᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ᠎ᠤᠨ ᠳᠡᠳ᠋ ᠡᠷᠬᠢᠯᠡᠭᠴᠢ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠱᠦᠵᠢ᠂ ᠲᠢᠩᠬᠢᠮ᠎ᠤᠨ ᠳᠠᠷᠤᠭ᠎ᠠ ᠪᠠᠢ ᠶᠦᠩ ᠫᠢᠩ᠎ᠤᠨ ᠨᠠᠶ᠋ᠢᠳᠠᠯᠭ᠎ᠠ᠎ᠪᠠᠷ᠂ ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ᠎ᠤᠨ ᠨᠠᠮ᠎ᠤᠨ ᠬᠣᠷᠢᠶ᠎ᠠ ᠵᠢᠨ ᠭᠡᠰᠢᠭᠦᠨ᠂ ᠤᠯᠤᠰ ᠲᠥᠷᠥ ᠵᠢᠨ ᠴᠠᠭᠳᠠᠭ᠋ᠠᠨ᠎ᠤ ᠶᠠᠪᠤᠳᠠᠯ᠎ᠤᠨ ᠬᠡᠯᠲᠡᠰ᠎ᠤᠨ ᠡᠷᠬᠢᠯᠡᠭᠴᠢ ᠾᠦᠸᠸ ᠴᠢᠩ ᠽᠦᠨ ᠬᠤᠷᠠᠯ᠎ᠳᠤ ᠣᠷᠣᠯᠴᠠᠭᠰᠠᠨ ᠪᠥᠭᠡᠳ ᠳᠠᠢ᠌ᠴᠢᠯᠠᠯᠲᠠ ᠵᠢᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠪᠠ ᠪᠥᠬᠥ ᠪᠦᠷᠢᠯᠳᠦᠭᠦᠨ ᠬᠤᠷᠠᠯ᠎ᠳᠤ ᠤᠷᠤᠯᠴᠠᠪᠠ᠃
ᠬᠤᠷᠠᠯ᠎ᠠᠴᠠ ᠵᠢᠭ᠋ᠠᠵᠤ ᠭᠠᠷᠭ᠋ᠠᠭᠰᠠᠨ᠎ᠨᠢ᠂ ᠬᠠᠤᠯᠢᠵᠢᠯ᠎ᠤᠨ ᠪᠠᠢ᠌ᠭᠤᠯᠤᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠪᠠ 《ᠨᠠᠢ᠍ᠮᠠᠳᠤᠭ᠋ᠠᠷ ᠲᠠᠪᠤᠨ ᠵᠢᠯ 》 ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠳᠤᠮᠳᠠ ᠬᠤᠭᠤᠴᠠᠭ᠋ᠠᠨ᠎ᠤ ᠦᠨᠡᠯᠡᠯᠲᠡ ᠪᠣᠯ ᠰᠢ ᠵᠢᠨ ᠫᠢᠩ ᠤ ᠬᠠᠤᠯᠢᠵᠢᠯ᠎ᠤᠨ ᠦᠵᠡᠯ ᠰᠠᠨᠠᠭ᠎ᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠣᠨ᠎ᠠ ᠂ ᠬᠠᠤᠯᠢᠵᠢᠯ᠎ᠤᠨ ᠥᠪᠥᠷ ᠮᠣᠩᠭᠣᠯ᠎ᠤᠨ ᠪᠠᠢ᠌ᠭᠤᠯᠤᠯᠲᠠ ᠵᠢ ᠠᠬᠢᠭᠤᠯᠬᠤ ᠴᠢᠬᠤᠯᠠ ᠭᠣᠭᠴᠣᠭ᠎ᠠ ᠪᠣᠯᠣᠨ᠎ᠠ ᠂ ᠮᠥᠨᠴᠦ ᠠᠰᠠᠭᠤᠳᠠᠯ᠎ᠢ ᠡᠷᠢᠬᠦ ᠂ ᠵᠥᠷᠢᠶ᠎ᠡ ᠵᠢ ᠲᠣᠳᠣᠷᠬᠠᠢ᠌ᠯᠠᠬᠤ ᠂ ᠴᠡᠭᠴᠡᠯᠡᠨ ᠰᠠᠢ᠌ᠵᠢᠷᠠᠭᠤᠯᠬᠤ ᠵᠢ ᠠᠬᠢᠭᠤᠯᠬᠤ ᠂ ᠨᠠᠢ᠌ᠳᠠᠪᠤᠷᠢᠵᠢᠭᠤᠯᠤᠯᠲᠠ ᠵᠢ ᠠᠳᠬᠤᠬᠤ ᠴᠢᠬᠤᠯᠠ ᠠᠷᠭ᠎ᠠ ᠪᠠᠷᠢᠯ ᠪᠣᠯᠣᠨ᠎ᠠ ᠂ 《 ᠲᠠᠪᠤᠨ ᠶᠡᠬᠡ ᠡᠭᠦᠷᠭᠡ 》 ᠵᠢ ᠪᠡᠶᠡᠯᠡᠭᠦᠯᠬᠦ ᠪᠠ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠦᠢ᠍ᠯᠡᠴᠢᠯᠡᠭᠡᠨ᠎ᠤ ᠪᠠᠲᠤᠯᠠᠭ᠎ᠠ ᠬᠠᠩᠭ᠋ᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠶᠤᠮ ᠃ ᠤᠯᠤᠰ ᠲᠦᠷᠦ ᠵᠢᠨ ᠵᠣᠭᠰᠣᠴᠠ᠎ᠪᠠᠨ ᠴᠢᠨᠠᠭᠰᠢᠳᠠ ᠳᠡᠭᠡᠭᠰᠢᠯᠡᠭᠦᠯᠵᠦ ᠂ ᠬᠠᠷᠢᠭᠤᠴᠠᠯᠭ᠎ᠠ ᠡᠭᠦᠷᠭᠡᠯᠡᠯ ᠵᠶ᠋ᠡᠨ ᠴᠢᠩᠭ᠋ᠠᠳᠬᠠᠵᠤ ᠂ ᠨᠡᠩ ᠥᠨᠳᠥᠷ ᠪᠠᠷᠢᠮᠵᠢᠶ᠎ᠠ ᠂ ᠨᠡᠩ ᠴᠢᠩᠭ᠎ᠠ ᠱᠠᠭ᠋ᠠᠷᠳᠠᠯᠭ᠎ᠠ ᠂ ᠨᠡᠩ ᠬᠦᠴᠦᠲᠡᠢ ᠠᠷᠭ᠎ᠠ ᠬᠡᠮᠵᠢᠶ᠎ᠡ ᠂ ᠨᠡᠩ ᠯᠠᠪᠳᠠᠭᠤᠨ ᠪᠠᠲᠤᠲᠠᠢ ᠰᠤᠷᠲᠠᠯ ᠵᠶ᠋ᠠᠷ ᠬᠠᠤᠯᠢᠵᠢᠯ᠎ᠤᠨ ᠱᠠᠯᠠᠪᠳᠠᠭᠤᠯᠤᠨ ᠪᠠᠢ᠌ᠴᠠᠭ᠋ᠠᠯᠲᠠ ᠪᠠ ᠳᠤᠮᠳᠠ ᠬᠤᠭᠤᠴᠠᠭ᠋ᠠᠨ᠎ᠤ ᠦᠨᠡᠯᠡᠯᠲᠡ ᠵᠢᠨ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠥᠨᠳᠥᠷ ᠶᠠᠰᠤ ᠴᠢᠨᠠᠷ ᠥᠨᠳᠥᠷ ᠦᠷ᠎ᠡ ᠪᠦᠲᠦᠮᠵᠢᠲᠡᠢ᠎ᠪᠠᠷ ᠪᠡᠶᠡᠯᠡᠭᠦᠯᠬᠦ ᠬᠡᠷᠡᠭᠲᠡᠢ ᠭᠡᠪᠡ᠃
ᠬᠤᠷᠠᠯ᠎ᠠᠴᠠ ᠴᠢᠬᠤᠯᠠᠴᠢᠯᠠᠭᠰᠠᠨ᠎ᠨᠢ᠂ ᠬᠠᠤᠯᠢᠵᠢᠯ᠎ᠤᠨ ᠪᠠᠢ᠌ᠭᠤᠯᠤᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠪᠠ 《 ᠨᠠᠢ᠍ᠮᠠᠳᠤᠭ᠋ᠠᠷ ᠲᠠᠪᠤᠨ ᠵᠢᠯ 》 ᠤᠨ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠳᠤᠮᠳᠠ ᠬᠤᠭᠤᠴᠠᠭ᠋ᠠᠨ᠎ᠤ ᠦᠨᠡᠯᠡᠯᠲᠡ ᠵᠢᠨ ᠴᠢᠬᠤᠯᠠ ᠠᠴᠢ ᠬᠣᠯᠪᠣᠭᠳᠠᠯ᠎ᠢ ᠭᠦᠢ᠍ᠴᠡᠳ ᠲᠠᠨᠢᠵᠤ ᠂ ᠤᠯᠤᠰ ᠲᠦᠷᠦ ᠵᠢᠨ ᠂ ᠪᠦᠬᠦ ᠲᠠᠯ᠎ᠠ ᠵᠢᠨ ᠥᠨᠳᠥᠷᠴᠡ᠎ᠠᠴᠠ ᠬᠠᠤᠯᠢᠵᠢᠯ᠎ᠤᠨ ᠪᠠᠢ᠌ᠭᠤᠯᠤᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠪᠠ ᠬᠠᠤᠯᠢ ᠴᠠᠭ᠋ᠠᠵᠠ ᠵᠢᠨ ᠶᠡᠷᠦ ᠵᠢᠨ ᠮᠡᠳᠡᠯᠭᠡ ᠵᠢ ᠲᠦᠭᠡᠮᠡᠯᠵᠢᠭᠦᠯᠬᠦ ᠳᠤᠮᠳᠠ ᠬᠤᠭᠤᠴᠠᠭ᠋ᠠᠨ᠎ᠤ ᠦᠨᠡᠯᠡᠯᠲᠡ ᠵᠢᠨ ᠠᠵᠢᠯ᠎ᠳᠤ ᠬᠠᠨᠳᠤᠬᠤ ᠪᠠ ᠠᠬᠢᠭᠤᠯᠵᠤ ᠂ ᠰᠠᠨᠠᠭ᠋ᠠᠴᠢᠯᠠᠭ᠋ᠠᠲᠤ ᠴᠢᠨᠠᠷ ᠪᠠ ᠤᠬᠠᠮᠰᠠᠷᠲᠤ ᠴᠢᠨᠠᠷ ᠵᠶ᠋ᠠᠨ ᠴᠢᠩᠭ᠋ᠠᠳᠬᠠᠵᠤ ᠂ ᠠᠵᠢᠯ᠎ᠤᠨ ᠴᠢᠨᠠᠷ ᠴᠢᠨᠰᠠᠭ᠎ᠠ ᠦᠷ᠎ᠡ ᠠᠰᠢᠭ᠎ᠢ ᠦᠨᠡᠨ ᠬᠦ᠌ ᠳᠡᠭᠡᠭᠰᠢᠯᠡᠭᠦᠯᠬᠦ ᠬᠡᠷᠡᠭᠲᠡᠢ ᠃ ᠬᠠᠷᠢᠭᠤᠴᠠᠯᠭ᠎ᠠ ᠵᠢᠨ ᠨᠠᠢ᠌ᠳᠠᠪᠤᠷᠢᠵᠢᠭᠤᠯᠤᠯᠲᠠ ᠵᠢ ᠤᠨᠢᠯᠠᠵᠦ ᠂ ᠡᠯ᠎ᠡ ᠭᠠᠵᠠᠷ ᠡᠯ᠎ᠡ ᠨᠢᠭᠡᠴᠢ ᠵᠢᠨ ᠬᠠᠤᠯᠢᠵᠢᠯ᠎ᠤᠨ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠠᠬᠢᠭᠤᠯᠵᠤ ᠂ ᠬᠠᠤᠯᠢᠵᠢᠯ᠎ᠤᠨ ᠦᠵᠡᠯᠲᠡ ᠵᠢ ᠴᠢᠩᠭ᠋ᠠᠳᠬᠠᠵᠤ ᠂ ᠬᠠᠤᠯᠢᠵᠢᠯ᠎ᠤᠨ ᠤᠬᠠᠭᠤᠯᠭ᠎ᠠ ᠵᠢ ᠭᠦᠨᠵᠡᠭᠡᠢ᠌ᠷᠡᠭᠦᠯᠵᠦ ᠂ ᠮᠠᠨ᠎ᠤ ᠣᠷᠣᠨ᠎ᠤ ᠬᠠᠤᠯᠢᠵᠢᠯ᠎ᠤᠨ ᠪᠠᠢ᠌ᠭᠤᠯᠤᠯᠲᠠ ᠵᠢᠨ ᠲᠦᠪᠰᠢᠨ᠎ᠢ ᠪᠦᠬᠦ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ ᠭᠡᠪᠡ᠃
ᠬᠤᠷᠠᠯ᠎ᠠᠴᠠ ᠱᠠᠭ᠋ᠠᠷᠳᠠᠭᠰᠠᠨ᠎ᠨᠢ᠂ ᠡᠯ᠎ᠡ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠨᠠᠷᠢᠨ ᠬᠢᠨᠠᠮᠠᠭ᠋ᠠᠢ ᠲᠥᠯᠥᠪᠵᠢᠭᠦᠯᠵᠦ ᠂ ᠨᠠᠷᠢᠨ ᠨᠢᠮᠪᠠᠢ ᠵᠣᠬᠢᠶᠠᠨ ᠪᠠᠢ᠌ᠭᠤᠯᠵᠤ ᠂ ᠭᠣᠣᠯᠳᠠᠯᠭ᠎ᠠ ᠵᠢ ᠲᠤᠪᠤᠢ᠍ᠢ᠍ᠯᠭ᠋ᠠᠵᠤ ᠂ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠳᠠᠷᠤᠭ᠎ᠠ ᠵᠢᠨ ᠨᠢᠭᠡᠳᠦᠭᠡᠷ ᠬᠠᠷᠢᠭᠤᠴᠠᠯᠭ᠋ᠠᠲᠠᠨ᠎ᠤ ᠬᠠᠷᠢᠭᠤᠴᠠᠯᠭ᠎ᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠵᠤ ᠂ ᠠᠵᠢᠯᠲᠠᠳ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠵᠦ ᠂ ᠬᠠᠮᠵᠢᠯᠴᠠᠭ᠎ᠠ᠎ᠪᠠᠨ ᠴᠢᠩᠭ᠋ᠠᠳᠬᠠᠵᠤ ᠂ ᠪᠠᠢ᠌ᠳᠠᠯ᠎ᠢ ᠦᠨᠡᠨ ᠬᠦ᠌ ᠲᠣᠳᠣᠷᠬᠠᠢ ᠣᠢ᠌ᠯᠠᠭ᠋ᠠᠵᠤ ᠂ ᠠᠰᠠᠭᠤᠳᠠᠯ᠎ᠢ ᠣᠨᠣᠪᠴᠢᠲᠠᠢ ᠡᠷᠢᠵᠦ ᠂ ᠠᠷᠭ᠋ᠠᠴᠠᠬᠤ ᠪᠣᠳᠣᠯᠭ᠎ᠠ ᠵᠢ ᠪᠣᠳᠠᠲᠠᠢ᠎ᠳᠤ ᠨᠠᠢ᠌ᠳᠠᠪᠤᠷᠢᠵᠢᠭᠤᠯᠬᠤ ᠬᠡᠷᠡᠭᠲᠡᠢ ᠃ ᠡᠭᠦᠳᠡ᠎ᠪᠠᠨ ᠨᠡᠭᠡᠭᠡᠵᠦ ᠱᠠᠯᠠᠪᠳᠠᠭᠤᠯᠤᠨ ᠪᠠᠢ᠌ᠴᠠᠭ᠋ᠠᠬᠤ ᠵᠢ ᠪᠠᠷᠢᠮᠲᠠᠯᠠᠵᠤ᠂ ᠲᠤᠰ ᠤᠳᠠᠭ᠎ᠠ ᠵᠢᠨ ᠬᠠᠤᠯᠢᠵᠢᠯ᠎ᠤᠨ ᠱᠠᠯᠠᠪᠳᠠᠭᠤᠯᠤᠨ ᠪᠠᠢ᠌ᠴᠠᠭ᠋ᠠᠬᠤ ᠶᠠᠪᠤᠴᠠ ᠵᠢ ᠪᠦᠬᠦ ᠠᠷᠠᠳ ᠵᠶ᠋ᠠᠷ ᠵᠶ᠋ᠠᠨ ᠬᠠᠤᠯᠢ ᠴᠠᠭ᠋ᠠᠵᠠ ᠵᠢ ᠲᠦᠭᠡᠮᠡᠯᠵᠢᠭᠦᠯᠬᠦ ᠪᠣᠳᠠᠲᠤ ᠠᠵᠢᠯᠯᠠᠭ᠎ᠠ ᠪᠣᠯᠭ᠋ᠠᠨ ᠬᠤᠪᠢᠷᠠᠭᠤᠯᠵᠤ ᠂ ᠬᠠᠤᠯᠢ ᠵᠢ ᠬᠦᠨᠳᠦᠳᠬᠡᠬᠦ ᠬᠠᠤᠯᠢ ᠵᠢ ᠰᠤᠷᠤᠯᠴᠠᠬᠤ ᠬᠠᠤᠯᠢ ᠵᠢ ᠰᠠᠬᠢᠬᠤ ᠬᠠᠤᠯᠢ ᠵᠢ ᠬᠡᠷᠡᠭᠯᠡᠬᠦ ᠭᠦᠨ ᠵᠤᠵᠠᠭ᠋ᠠᠨ ᠠᠭᠤᠷ ᠠᠮᠢᠰᠬᠤᠯ᠎ᠢ ᠢᠳᠡᠪᠬᠢᠲᠡᠢ ᠪᠤᠢ ᠪᠣᠯᠭ᠋ᠠᠬᠤ ᠬᠡᠷᠡᠭᠲᠡᠢ ᠃ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠰᠠᠬᠢᠯᠭ᠎ᠠ ᠪᠠᠲᠤ ᠵᠢ ᠴᠢᠩᠳᠠᠯᠠᠵᠤ ᠂ ᠲᠥᠪ᠎ᠤᠨ ᠨᠠᠢ᠍ᠮᠠᠨ ᠲᠣᠭᠲᠠᠭ᠋ᠠᠯ ᠪᠣᠯᠣᠨ ᠥᠪᠡᠷᠲᠡᠭᠡᠨ ᠵᠠᠰᠠᠬᠤ ᠣᠷᠣᠨ᠎ᠤ 28 ᠢᠵᠢ ᠪᠦᠷᠢᠳᠦᠭᠰᠡᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠴᠢᠩᠭ᠎ᠠ ᠬᠡᠷᠡᠭᠵᠢᠭᠦᠯᠵᠦ ᠂ ᠲᠡᠷᠭᠡ ᠵᠢ ᠬᠥᠩᠭᠡᠯᠡᠵᠦ ᠶᠠᠪᠤᠬᠤ ᠵᠢ ᠳᠥᠭᠥᠮᠴᠢᠯᠡᠬᠦ ᠂ ᠪᠠᠷ᠎ᠠ ᠪᠣᠯᠬᠤ ᠵᠢ ᠪᠠᠭ᠋ᠠᠰᠬᠠᠬᠤ ᠂ ᠬᠦᠯᠢᠶᠡᠨ ᠠᠪᠴᠦ ᠵᠤᠴᠢᠯᠠᠬᠤ ᠵᠢ ᠳᠥᠭᠥᠮᠴᠢᠯᠡᠬᠦ ᠵᠢ ᠪᠠᠷᠢᠮᠲᠠᠯᠠᠵᠤ ᠂ ᠦᠨᠳᠦᠰᠦᠨ ᠱᠠᠲᠤᠨ᠎ᠤ ᠳᠠᠷᠤᠭ᠋ᠠᠰᠤ ᠵᠢ ᠬᠦᠨᠳᠦᠷᠡᠭᠦᠯᠬᠦ ᠂ ᠦᠨᠳᠦᠰᠦᠨ ᠱᠠᠲᠤᠨ᠎ᠤ ᠠᠵᠢᠯ᠎ᠢ ᠬᠠᠷᠰᠢᠯᠠᠬᠤ᠎ᠠᠴᠠ ᠡᠷᠡᠰ ᠵᠠᠢ᠌ᠯᠠᠰᠬᠢᠵᠦ ᠂ ᠯᠠᠪᠳᠠᠭᠤᠨ ᠪᠠᠲᠤᠲᠠᠢ ᠠᠵᠢᠯ᠎ᠤᠨ ᠰᠤᠷᠲᠠᠯ ᠵᠶ᠋ᠠᠷ ᠬᠠᠤᠯᠢᠵᠢᠯ᠎ᠤᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠪᠣᠳᠠᠲᠠᠢ ᠵᠢ ᠡᠷᠬᠢᠮᠯᠡᠬᠦ ᠂ ᠰᠤᠷᠲᠠᠯ ᠯᠠᠪᠳᠠᠭᠤᠨ ᠪᠠᠲᠤᠲᠠᠢ ᠂ ᠦᠷ᠎ᠡ ᠳ᠋ᠦᠩ ᠦᠨᠡᠨ ᠪᠣᠳᠠᠲᠠᠢ ᠪᠠᠢ᠌ᠬᠤ ᠵᠢ ᠪᠠᠲᠤᠯᠠᠬᠤ ᠬᠡᠷᠡᠭᠲᠡᠢ ᠭᠡᠪᠡ᠃
ᠬᠤᠷᠠᠯ ᠠᠴᠠ ᠪᠠᠰᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠠᠯᠠᠪᠳᠠᠭᠤᠯᠤᠨ ᠪᠠᠢ᠌ᠴᠠᠭ᠋ᠠᠬᠤ ᠲᠠᠰᠤᠭ᠎ᠤᠨ ᠲᠣᠰ ᠤᠳᠠᠭ᠋ᠠᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠱᠠᠯᠠᠪᠳᠠᠭᠤᠯᠤᠨ ᠪᠠᠢ᠌ᠴᠠᠭ᠋ᠠᠯᠲᠠ ᠵᠢᠨ ᠳᠡᠩᠰᠡᠯᠡᠵᠦ ᠴᠣᠬᠣᠯᠠᠪᠤᠷᠢᠯᠠᠬᠤ ᠱᠠᠭ᠋ᠠᠷᠳᠠᠯᠭ᠎ᠠ ᠵᠢ ᠵᠠᠷᠯᠠᠨ ᠮᠡᠳᠡᠭᠳᠡᠵᠦ᠂ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠪᠠ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠬᠦ ᠠᠵᠢᠯ᠎ᠤᠨ ᠭᠣᠣᠯᠳᠠᠯᠭ᠎ᠠ᠎ᠲᠠᠢ ᠠᠭᠤᠯᠭ᠎ᠠ᠂ ᠠᠷᠭ᠎ᠠ ᠬᠡᠯᠪᠡᠷᠢ᠂ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠡᠷᠭᠡ ᠵᠢ ᠪᠥᠬᠥ ᠲᠠᠯ᠎ᠠ᠎ᠪᠠᠷ ᠲᠠᠢ᠌ᠯᠪᠤᠷᠢᠯᠠᠪᠠ᠃ 9 ᠰᠠᠷ᠎ᠠ ᠵᠢᠨ 18᠎ᠤ ᠡᠳᠦᠷ᠎ᠠᠴᠠ 25᠎ᠤ ᠡᠳᠦᠷ ᠪᠣᠯᠲᠠᠯ᠎ᠠ᠂ ᠪᠥᠬᠥ ᠣᠷᠣᠨ᠎ᠤ ᠬᠠᠤᠯᠢ᠎ᠪᠠᠷ ᠵᠠᠰᠠᠬᠤ ᠪᠠᠢ᠌ᠭᠤᠯᠤᠯᠲᠠ ᠵᠢ ᠱᠠᠯᠠᠪᠳᠠᠭᠤᠯᠤᠨ ᠪᠠᠢ᠌ᠴᠠᠭ᠋ᠠᠬᠤ ᠪᠠ 《ᠨᠠᠢ᠍ᠮᠠᠳᠤᠭ᠋ᠠᠷ ᠲᠠᠪᠤᠨ ᠵᠢᠯ》᠎ᠤᠨ ᠬᠠᠤᠯᠢ ᠲᠦᠭᠡᠮᠡᠯᠵᠢᠭᠦᠯᠬᠦ ᠳᠤᠮᠳᠠ ᠬᠤᠭᠤᠴᠠᠭ᠋ᠠᠨ᠎ᠤ ᠦᠨᠡᠯᠡᠨ ᠵᠢᠱ᠌ᠢᠯᠲᠡ ᠵᠢ ᠪᠥᠬᠥ ᠲᠠᠯ᠎ᠠ᠎ᠪᠠᠷ ᠥᠷᠨᠢᠭᠦᠯᠪᠡ᠃