ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠴᠢᠬᠤᠯᠠ ᠪᠠᠶ᠋ᠢᠷᠢᠯᠠᠭᠤᠯᠣᠯᠲᠠ
ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ ᠪᠥᠬᠥ ᠣᠷᠣᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ ᠪᠠ ᠲᠡᠭᠡᠭᠡᠪᠦᠷᠢ ᠵᠢᠨ ᠬᠠᠤᠯᠢ ᠬᠡᠷᠡᠭᠵᠢᠭᠦᠯᠬᠦ ᠬᠦᠷᠢᠶᠡᠨ᠎ᠳᠠᠬᠢ ᠲᠣᠪᠣᠢ᠌ᠮ᠎ᠠ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ ᠲᠤᠬᠠᠢ ᠵᠢᠨ ᠭᠠᠵᠠᠷ᠎ᠲᠤ᠎ᠨᠢ ᠱᠠᠯᠠᠪᠳᠠᠭᠤᠯᠤᠨ ᠪᠠᠢ᠌ᠴᠠᠭ᠋ᠠᠵᠤ ᠳᠠᠶ᠋ᠢᠴᠢᠯᠠᠨ ᠪᠣᠯᠪᠠᠰᠤᠷᠠᠭᠤᠯᠬᠤ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2023-05-29

      5 ᠰᠠᠷ᠎ᠠ ᠵᠢᠨ 28᠎ᠤ ᠡᠳᠦᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ ᠲᠤᠬᠠᠢ ᠵᠢᠨ ᠭᠠᠵᠠᠷ᠎ᠲᠤ ᠎ᠨᠢ ᠱᠠᠯᠠᠪᠳᠠᠭᠤᠯᠤᠨ  ᠪᠠᠢ᠌ᠴᠠᠭ᠋ᠠᠵᠤ ᠳᠠᠶ᠋ᠢᠴᠢᠯᠠᠨ ᠪᠣᠯᠪᠠᠰᠤᠷᠠᠭᠤᠯᠬᠤ ᠬᠤᠷᠠᠯ ᠬᠤᠷᠠᠯᠳᠤᠭᠤᠯᠵᠤ᠂ ᠲᠥᠪ ᠬᠣᠷᠢᠶ᠎ᠠ ᠵᠢᠨ ᠬᠠᠤᠯᠢ᠎ᠪᠠᠷ ᠤᠯᠤᠰ ᠵᠶ᠋ᠠᠨ ᠵᠠᠰᠠᠬᠤ ᠠᠯᠪᠠᠨ ᠭᠡᠷ᠎ᠤᠨ ᠬᠣᠯᠪᠣᠭᠳᠠᠯ ᠪᠦᠬᠦᠢ ᠮᠡᠳᠡᠭᠳᠡᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ   ᠲᠤᠭᠤᠰᠢᠯᠠᠭᠤᠯᠤᠨ  ᠨᠠᠢ᠌ᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ᠎ᠤᠨ ᠠᠵᠢᠯ᠎ᠤᠨ ᠪᠠᠢ᠌ᠷᠢᠯᠠᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠪᠥᠬᠥ ᠣᠷᠣᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ ᠪᠠ ᠲᠡᠭᠡᠭᠡᠪᠦᠷᠢ ᠵᠢᠨ ᠬᠠᠤᠯᠢ ᠬᠡᠷᠡᠭᠵᠢᠭᠦᠯᠬᠦ ᠬᠦᠷᠢᠶᠡᠨ᠎ᠳᠠᠬᠢ ᠲᠣᠪᠣᠢ᠌ᠮ᠎ᠠ ᠠᠰᠠᠭᠤᠳᠠᠯ᠎ᠢ ᠲᠤᠰᠬᠠᠢ᠌ᠯᠠᠨ ᠴᠡᠭᠴᠡᠯᠡᠨ ᠵᠠᠰᠠᠬᠤ ᠠᠵᠢᠯ ᠥᠷᠨᠢᠭᠦᠯᠬᠦ᠎ᠳᠤ ᠲᠤᠬᠠᠢ ᠵᠢᠨ ᠭᠠᠵᠠᠷ ᠎ᠲᠤ ᠎ᠨᠢ ᠱᠠᠯᠠᠪᠳᠠᠭᠤᠯᠤᠨ  ᠪᠠᠢ᠌ᠴᠠᠭ᠋ᠠᠬᠤ ᠵᠢ ᠳᠠᠶ᠋ᠢᠴᠢᠯᠠᠨ  ᠪᠤᠯᠪᠠᠰᠤᠷᠠᠭᠤᠯᠪᠠ ᠃  ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠬᠠᠤᠯᠢ᠎ᠪᠠᠷ ᠣᠷᠣᠨ ᠵᠶ᠋ᠠᠨ ᠵᠠᠰᠠᠬᠤ ᠠᠯᠪᠠᠨ ᠭᠡᠷ᠎ᠤᠨ ᠬᠠᠮᠢᠶ᠎ᠠ ᠪᠦᠬᠦᠢ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠪᠠ 6 ᠲᠤᠰᠬᠠᠢ  ᠱᠠᠯᠠᠪᠳᠠᠭᠤᠯᠤᠨ  ᠪᠠᠢ᠌ᠴᠠᠭ᠋ᠠᠬᠤ ᠳᠤᠭᠤᠢ᠌ᠯᠠᠩ᠎ᠤᠨ ᠪᠥᠬᠥ ᠪᠦᠷᠢᠯᠳᠦᠭᠦᠨ ᠪᠣᠯᠪᠠᠰᠤᠷᠠᠭᠤᠯᠤᠯ᠎ᠳᠤ ᠣᠷᠣᠯᠴᠠᠪᠠ᠃

      ᠬᠤᠷᠠᠯ᠎ᠠᠴᠠ  ᠵᠢᠭ᠋ᠠᠵᠤ ᠭᠠᠷᠭ᠋ᠠᠭᠰᠠᠨ᠎ᠨᠢ᠂  ᠤᠯᠤᠰ ᠲᠦᠷᠦ ᠵᠢᠨ ᠵᠣᠭᠰᠣᠴᠠ᠎ᠪᠠᠨ ᠳᠡᠭᠡᠭᠰᠢᠯᠡᠭᠦᠯᠵᠦ ᠂ ᠬᠠᠷᠢᠭᠤᠴᠠᠯᠭ᠎ᠠ ᠡᠭᠦᠷᠭᠡᠯᠡᠯ ᠵᠶ᠋ᠡᠨ ᠴᠢᠩᠭ᠋ᠠᠳᠬᠠᠬᠤ ᠬᠡᠷᠡᠭᠲᠡᠢ ᠃  ᠵᠠᠮ ᠬᠠᠷᠢᠯᠴᠠᠭ᠋ᠠᠨ᠎ᠤ ᠠᠮᠤᠷ ᠲᠦᠪᠰᠢᠨ ᠪᠠ ᠲᠡᠭᠡᠭᠡᠪᠦᠷᠢ ᠵᠢᠨ ᠬᠠᠤᠯᠢ ᠬᠡᠷᠡᠭᠵᠢᠭᠦᠯᠬᠦ ᠬᠦᠷᠢᠶᠡᠨ᠎ᠳᠠᠬᠢ ᠲᠣᠪᠣᠢ᠌ᠮ᠎ᠠ ᠠᠰᠠᠭᠤᠳᠠᠯ᠎ᠢ ᠲᠤᠰᠬᠠᠢ᠌ᠯᠠᠨ ᠴᠡᠭᠴᠡᠯᠡᠨ ᠵᠠᠰᠠᠬᠤ ᠠᠵᠢᠯ᠎ᠢ ᠥᠷᠨᠢᠭᠦᠯᠬᠦ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠥ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠰᠢ ᠵᠢᠨ ᠫᠢᠩ ᠎ᠤᠨ  ᠬᠠᠤᠯᠢᠵᠢᠯ᠎ᠤᠨ ᠦᠵᠡᠯ ᠰᠠᠨᠠᠭ᠎ᠠ ᠵᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠵᠢᠨ ᠠᠮᠢᠳᠤᠯᠢᠭ ᠬᠠᠤᠯᠢ᠎ᠪᠠᠷ ᠵᠠᠰᠠᠬᠤ ᠦᠢ᠍ᠯᠡᠳᠦᠯᠭᠡ ᠮᠥᠨ ᠂ ᠠᠷᠠᠳ᠎ᠤᠨ ᠲᠥᠯᠥᠭᠡ ᠬᠠᠤᠯᠢ᠎ᠪᠠᠷ ᠵᠠᠰᠠᠬᠤ ᠣᠢ᠌ᠯᠠᠭ᠋ᠠᠭᠳᠠᠬᠤᠨ᠎ᠢ ᠦᠢ᠍ᠯᠡᠳᠦᠯᠭᠡᠵᠢᠭᠦᠯᠬᠦ ᠂ ᠬᠠᠤᠯᠢ ᠬᠡᠷᠡᠭᠵᠢᠭᠦᠯᠬᠦ ᠵᠢᠨ ᠠᠷᠬᠠᠭ ᠭᠡᠮ᠎ᠢ ᠴᠡᠭᠴᠡᠯᠡᠨ ᠵᠠᠰᠠᠬᠤ᠂ ᠴᠢᠩᠭ᠎ᠠ ᠵᠢᠷᠤᠮᠵᠢᠭᠤᠨ ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠵᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ ᠃  ᠡᠯ᠎ᠡ  ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠲᠤᠰᠬᠠᠢ ᠰᠢᠪᠠᠳᠠᠨ ᠪᠠᠢ᠌ᠴᠠᠭ᠋ᠠᠯᠲᠠ ᠵᠢᠨ ᠤᠯᠤᠰ ᠲᠥᠷᠥ ᠵᠢᠨ  ᠴᠢᠨᠠᠷ᠎ᠤᠨ ᠲᠤᠬᠠᠢ ᠦᠵᠡᠯ ᠰᠠᠨᠠᠭ᠎ᠠ ᠲᠠᠨᠢᠯᠲᠠ᠎ᠪᠠᠨ  ᠦᠨᠡᠨ ᠬᠦ᠌  ᠳᠡᠭᠡᠭᠰᠢᠯᠡᠭᠦᠯᠵᠦ᠂ ᠤᠬᠠᠮᠰᠠᠷ᠎ᠠᠴᠠ᠎ᠪᠠᠨ ᠤᠯᠤᠰ ᠲᠥᠷᠥ ᠵᠢᠨ ᠲᠠᠯ᠎ᠠ᠎ᠠᠴᠠ ᠦᠵᠡᠵᠦ᠂ ᠤᠯᠤᠰ ᠲᠥᠷᠥ ᠵᠢᠨ ᠲᠠᠯ᠎ᠠ᠎ᠠᠴᠠ ᠰᠢᠢ᠍ᠳᠪᠦᠷᠢᠯᠡᠵᠦ᠂ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠲᠥᠰᠥᠯ᠎ᠲᠠᠢ ᠬᠠᠷᠢᠴᠠᠭᠤᠯᠵᠤ᠂ ᠴᠢᠭᠯᠡᠯ ᠬᠠᠷᠠᠯᠲᠠ᠎ᠪᠠᠨ ᠲᠣᠳᠣᠷᠬᠠᠢ᠌ᠯᠠᠵᠤ᠂ ᠠᠵᠢᠯ᠎ᠤᠨ ᠡᠭᠦᠷᠭᠡ᠎ᠪᠠᠨ ᠨᠠᠷᠢᠯᠢᠭᠵᠢᠭᠤᠯᠵᠤ᠂ ᠠᠵᠢᠯᠯᠠᠬᠤ ᠠᠷᠭ᠎ᠠ᠎ᠪᠠᠨ ᠰᠢᠯᠢᠳᠡᠭᠵᠢᠭᠦᠯᠵᠦ᠂ ᠬᠠᠷᠢᠭᠤᠴᠠᠯᠭ᠎ᠠ ᠡᠭᠦᠷᠭᠡᠯᠡᠯ᠎ᠢ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ ᠰᠠᠢ᠌ᠲᠤᠷ ᠠᠳᠬᠤᠬᠤ ᠠᠯᠬᠤᠮ ᠳᠠᠷᠠᠭ᠎ᠠ ᠨᠢᠭᠡᠪᠦᠷᠢ᠂ ᠭᠣᠭᠴᠣᠭ᠎ᠠ ᠨᠢᠭᠡᠪᠦᠷᠢ ᠪᠠ ᠨᠠᠷᠢᠨ ᠵᠦᠢ᠍ᠯᠡᠰ ᠨᠢᠭᠡᠪᠦᠷᠢ᠎ᠳᠤ ᠠᠭᠤᠰᠬᠠᠵᠤ᠂ ᠵᠠᠷᠴᠢᠮ᠎ᠢ ᠪᠠᠷᠢᠮᠲᠠᠯᠠᠵᠤ ᠂ ᠵᠣᠷᠢᠭᠲᠠᠢ᠎ᠪᠠᠷ ᠬᠠᠷᠢᠭᠤᠴᠠᠵᠤ ᠂ ᠴᠢᠩᠭ᠎ᠠ ᠱᠠᠯᠠᠪᠳᠠᠭᠤᠯᠤᠨ ᠪᠣᠳᠠᠲᠠᠢ ᠵᠢᠯᠤᠭᠣᠳᠴᠤ ᠂ ᠢᠯᠡ ᠠᠰᠠᠭᠤᠳᠠᠯ᠎ᠢ  ᠦᠨᠡᠨ ᠬᠦ᠌  ᠴᠡᠭᠴᠡᠯᠡᠨ ᠰᠠᠢ᠌ᠵᠢᠷᠠᠭᠤᠯᠵᠤ ᠂ ᠳᠠᠯᠳᠠ ᠠᠰᠠᠭᠤᠳᠠᠯ᠎ᠢ ᠳᠠᠯᠳᠠᠯᠠᠬᠤ ᠭᠠᠵᠠᠷ ᠦᠭᠡᠢ ᠪᠣᠯᠭ᠋ᠠᠵᠤ ᠂ ᠥᠪᠡᠷᠮᠢᠴᠡ ᠴᠢᠨᠠᠷ᠎ᠤᠨ ᠠᠰᠠᠭᠤᠳᠠᠯ ᠪᠣᠯᠣᠨ ᠨᠡᠢ᠌ᠲᠡᠴᠢ ᠴᠢᠨᠠᠷᠲᠠᠢ ᠠᠰᠠᠭᠤᠳᠠᠯ᠎ᠢ ᠬᠠᠮᠲᠤᠪᠠᠷ ᠰᠢᠢ᠍ᠳᠪᠦᠷᠢᠯᠡᠬᠦ ᠵᠢ ᠠᠬᠢᠭᠤᠯᠵᠤ ᠂ ᠲᠤᠰᠬᠠᠢ ᠱᠠᠯᠠᠪᠳᠠᠭᠤᠯᠤᠨ ᠪᠠᠢ᠌ᠴᠠᠭ᠋ᠠᠯᠲᠠ ᠵᠢᠨ ᠤᠯᠤᠰ ᠲᠦᠷᠦ ᠵᠢᠨ ᠦᠷ᠎ᠡ ᠪᠦᠲᠦᠮᠵᠢ ᠂ ᠬᠠᠤᠯᠢ ᠴᠠᠭ᠋ᠠᠵᠠ ᠵᠢᠨ ᠦᠷ᠎ᠡ ᠪᠦᠲᠦᠮᠵᠢ ᠪᠣᠯᠣᠨ ᠨᠡᠢ᠌ᠭᠡᠮ᠎ᠤᠨ ᠦᠷ᠎ᠡ ᠪᠦᠲᠦᠮᠵᠢ ᠵᠢ ᠬᠠᠮᠤᠭ᠎ᠤᠨ ᠶᠡᠬᠡ ᠪᠣᠯᠭ᠋ᠠᠬᠤ ᠵᠢ ᠪᠡᠶᠡᠯᠡᠭᠦᠯᠬᠦ ᠬᠡᠷᠡᠭᠲᠡᠢ  ᠭᠡᠪᠡ᠃

      ᠬᠤᠷᠠᠯ᠎ᠠᠴᠠ  ᠴᠢᠬᠤᠯᠠᠴᠢᠯᠠᠭᠰᠠᠨ᠎ᠨᠢ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ ᠂ ᠱᠠᠯᠠᠪᠳᠠᠭᠤᠯᠤᠨ ᠪᠠᠢ᠌ᠴᠠᠭ᠋ᠠᠬᠤ ᠬᠤᠷᠴᠠ ᠰᠡᠯᠡᠮ᠎ᠡ ᠵᠢᠨ ᠦᠢ᠍ᠯᠡᠳᠦᠯ᠎ᠢ ᠪᠠᠳᠠᠷᠠᠭᠤᠯᠬᠤ ᠬᠡᠷᠡᠭᠲᠡᠢ ᠃  ᠡᠯ᠎ᠡ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ᠎ᠬᠢᠨ ᠲᠤᠰᠬᠠᠢ ᠴᠡᠭᠴᠡᠯᠡᠨ ᠵᠠᠰᠠᠯᠲᠠ ᠵᠢᠨ ᠱᠠᠯᠠᠪᠳᠠᠭᠤᠯᠤᠨ ᠪᠠᠢ᠌ᠴᠠᠭ᠋ᠠᠬᠤ ᠭᠣᠣᠯᠳᠠᠯᠭ᠎ᠠ ᠵᠢᠨ ᠲᠣᠭᠣᠷᠢᠨ᠎ᠳᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠡᠯ᠎ᠡ   ᠨᠢᠭᠡᠴᠢ ᠵᠢᠨ ᠳᠠᠶ᠋ᠢᠴᠢᠯᠠᠵᠤ ᠪᠠᠢ᠌ᠷᠢᠯᠠᠭᠤᠯᠤᠭᠰᠠᠨ᠂ ᠵᠣᠬᠢᠶᠠᠨ ᠪᠠᠢ᠌ᠭᠤᠯᠵᠤ ᠥᠷᠨᠢᠭᠦᠯᠦᠭᠰᠡᠨ᠂ ᠴᠡᠭᠴᠡᠯᠡᠨ ᠵᠠᠰᠠᠵᠤ ᠨᠠᠢ᠌ᠳᠠᠪᠤᠷᠢᠵᠢᠭᠤᠯᠤᠭᠰᠠᠨ ᠵᠡᠷᠭᠡ ᠪᠠᠢ᠌ᠳᠠᠯ᠎ᠢ ᠱᠠᠯᠠᠪᠳᠠᠭᠤᠯᠤᠨ  ᠪᠠᠢ᠌ᠴᠠᠭ᠋ᠠᠬᠤ᠎ᠪᠠᠷ ᠪᠠᠷᠠᠬᠤ ᠦᠭᠡᠢ᠂ ᠪᠠᠰᠠ ᠦᠨᠳᠦᠰᠦᠨ ᠱᠠᠲᠤᠨ᠎ᠤ ᠬᠠᠤᠯᠢ ᠬᠡᠷᠡᠭᠵᠢᠭᠦᠯᠵᠦ ᠬᠡᠷᠡᠭ ᠰᠢᠢ᠍ᠳᠪᠦᠷᠢᠯᠡᠬᠦ ᠨᠢᠭᠡᠳᠦᠭᠡᠷ ᠹᠷᠣᠨᠲ᠎ᠲᠤ ᠭᠦᠨᠵᠡᠭᠡᠢ᠌ᠷᠡᠨ ᠪᠣᠳᠠᠲᠠᠢ ᠠᠰᠠᠭᠤᠳᠠᠯ᠎ᠢ ᠣᠢ᠌ᠯᠠᠭ᠋ᠠᠵᠤ ᠂ ᠦᠨᠳᠦᠰᠦᠨ ᠱᠠᠲᠤᠨ᠎ᠤ ᠤᠯᠠᠨ ᠲᠦᠮᠡᠨ ᠪᠠ ᠨᠢᠭᠡᠳᠦᠭᠡᠷ ᠹᠷᠣᠨᠲ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠬᠦᠰᠡᠯ ᠱᠠᠭ᠋ᠠᠷᠳᠠᠯᠭ᠎ᠠ ᠵᠢ ᠰᠣᠨᠣᠰᠬᠤ ᠵᠢ ᠴᠢᠬᠤᠯᠠᠴᠢᠯᠠᠵᠤ ᠂ ᠭᠡᠨᠡᠳᠲᠡ ᠵᠢᠨ ᠪᠠᠢ᠌ᠴᠠᠭ᠋ᠠᠯᠲᠠ ᠬᠢᠬᠦ ᠂ ᠲᠤᠬᠠᠢ ᠵᠢᠨ ᠭᠠᠵᠠᠷ᠎ᠲᠤ ᠎ᠨᠢ  ᠳᠠᠯᠳᠠᠭᠤᠷ ᠰᠤᠷᠪᠤᠯᠵᠢᠯᠠᠬᠤ ᠂ ᠲᠣᠬᠢᠶᠠᠯᠳᠤᠯ ᠵᠶ᠋ᠠᠷ ᠰᠤᠭᠤᠴᠢᠨ ᠪᠠᠢ᠌ᠴᠠᠭ᠋ᠠᠬᠤ ᠵᠡᠷᠭᠡ ᠠᠷᠭ᠎ᠠ ᠬᠡᠯᠪᠡᠷᠢ ᠵᠢ ᠶᠡᠷᠦᠩᠬᠡᠢ᠌ᠯᠡᠨ ᠬᠡᠷᠡᠭᠯᠡᠵᠦ ᠂  ᠦᠨᠡᠨ ᠬᠦ᠌ ᠪᠠᠢ᠌ᠴᠠᠭ᠋ᠠᠵᠤ  ᠦᠨᠡᠨ ᠬᠦ᠌  ᠰᠠᠢ᠌ᠵᠢᠷᠠᠭᠤᠯᠬᠤ ᠂ ᠳᠠᠷᠤᠢ᠌ᠬᠠᠨ ᠬᠡᠷᠡᠭᠵᠢᠭᠦᠯᠵᠦ ᠳᠠᠷᠤᠢ᠌ᠬᠠᠨ ᠰᠠᠢ᠌ᠵᠢᠷᠠᠭᠤᠯᠬᠤ ᠵᠢ ᠱᠠᠯᠠᠪᠳᠠᠭᠤᠯᠵᠤ ᠂ ᠨᠡᠢ᠌ᠭᠡᠮ᠎ᠤᠨ ᠠᠩᠬᠠᠷᠤᠯ ᠲᠠᠯᠪᠢᠵᠤ ᠪᠠᠢ᠌ᠭ᠎ᠠ ᠠᠰᠠᠭᠤᠳᠠᠯ᠎ᠳᠤ ᠬᠠᠷᠢᠭᠤ ᠥᠭᠴᠦ ᠂ ᠴᠡᠭᠴᠡᠯᠡᠨ ᠰᠠᠢ᠌ᠵᠢᠷᠠᠭᠤᠯᠬᠤ ᠪᠣᠳᠠᠲᠤ ᠦᠷ᠎ᠡ ᠪᠦᠲᠦᠮᠵᠢ ᠵᠢ ᠲᠤᠪᠤᠢ᠍ᠢ᠍ᠯᠭ᠋ᠠᠬᠤ ᠬᠡᠷᠡᠭᠲᠡᠢ  ᠭᠡᠪᠡ᠃

      ᠬᠤᠷᠠᠯ᠎ᠠᠴᠠ  ᠱᠠᠭ᠋ᠠᠷᠳᠠᠭᠰᠠᠨ᠎ᠨᠢ᠂ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠰᠠᠬᠢᠵᠤ ᠂ ᠰᠠᠢ᠌ᠨ ᠰᠠᠢ᠌ᠬᠠᠨ ᠳᠦᠷᠢ ᠲᠥᠷᠬᠦ ᠵᠢ ᠪᠤᠢ ᠪᠣᠯᠭ᠋ᠠᠬᠤ ᠬᠡᠷᠡᠭᠲᠡᠢ ᠃ ᠶᠡᠷᠦᠩᠬᠡᠢ ᠱᠦᠵᠢ  ᠰᠢ ᠵᠢᠨ ᠫᠢᠩ᠎ᠤᠨ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ  ᠲᠤᠭᠤᠰᠢᠯᠠᠭᠤᠯᠤᠨ  ᠨᠠᠢ᠌ᠳᠠᠪᠤᠷᠢᠵᠢᠭᠤᠯᠵᠤ ᠂ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠠᠯᠠᠪᠳᠠᠭᠤᠯᠤᠨ  ᠪᠠᠢ᠌ᠴᠠᠭ᠋ᠠᠬᠤ ᠵᠡᠷᠭᠡ ᠠᠵᠢᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠢ᠌ᠳᠠᠪᠤᠷᠢᠵᠢᠭᠤᠯᠵᠤ ᠂ ᠠᠰᠠᠭᠤᠳᠠᠯ᠎ᠢ ᠢᠯᠡᠷᠡᠭᠦᠯᠬᠦ ᠪᠠ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠬᠤ᠎ᠪᠠᠷ ᠭᠣᠣᠯᠳᠠᠯᠭ᠎ᠠ ᠪᠣᠯᠭ᠋ᠠᠵᠤ ᠂ ᠬᠡᠯᠪᠡᠷᠢᠴᠢ ᠦᠵᠡᠯ ᠂ ᠨᠣᠶᠠᠨᠴᠢ ᠰᠤᠷᠲᠠᠯ᠎ᠢ ᠴᠢᠩᠭ᠎ᠠ ᠴᠡᠭᠡᠷᠯᠡᠬᠦ ᠬᠡᠷᠡᠭᠲᠡᠢ ᠃  ᠲᠥᠪ ᠬᠣᠷᠢᠶ᠎ᠠ ᠵᠢᠨ ᠨᠠᠢ᠍ᠮᠠᠨ ᠵᠤᠷᠪᠤᠰ ᠲᠣᠭᠲᠠᠭ᠋ᠠᠯ ᠵᠢᠴᠢ ᠬᠡᠷᠡᠭᠵᠢᠭᠦᠯᠬᠦ ᠨᠠᠷᠢᠨ ᠳᠦᠷᠢᠮ᠎ᠤᠨ ᠵᠣᠷᠢᠭ ᠰᠠᠨᠠᠭ᠎ᠠ ᠪᠣᠯᠣᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠠᠷᠭ᠎ᠠ ᠵᠢᠨ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠴᠢᠩᠭ᠎ᠠ ᠵᠢᠷᠤᠮᠯᠠᠵᠤ᠂ ᠱᠠᠲᠤ ᠱᠠᠲᠤ᠎ᠪᠠᠷ ᠪᠠᠷ᠎ᠠ ᠪᠣᠯᠵᠤ ᠪᠣᠯᠬᠤ ᠦᠭᠡᠢ᠂ ᠠᠵᠢᠯ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠬᠤ ᠬᠡᠷᠡᠭᠲᠡᠢ᠃  ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠨᠥᠬᠥᠳ ᠨᠢᠭᠡᠪᠦᠷᠢ ᠥᠪᠡᠷ᠎ᠤᠨ ᠴᠢᠳᠠᠪᠤᠷᠢ᠎ᠪᠠᠨ ᠪᠠᠲᠤᠳᠬᠠᠵᠤ ᠂ ᠱᠠᠯᠠᠪᠳᠠᠭᠤᠯᠤᠨ ᠪᠠᠢ᠌ᠴᠠᠭ᠋ᠠᠬᠤ ᠵᠣᠷᠢᠭ ᠰᠠᠨᠠᠭ᠎ᠠ ᠵᠢ ᠡᠵᠡᠮᠰᠢᠵᠦ ᠂ ᠱᠠᠯᠠᠪᠳᠠᠭᠤᠯᠤᠨ ᠪᠠᠢ᠌ᠴᠠᠭ᠋ᠠᠬᠤ ᠠᠷᠭ᠎ᠠ ᠵᠢ ᠡᠵᠡᠮᠰᠢᠵᠦ ᠂ ᠠᠵᠢᠯ᠎ᠤᠨ ᠣᠨᠴᠠᠯᠢᠭ ᠵᠶ᠋ᠠᠨ ᠪᠠᠳᠠᠷᠠᠭᠤᠯᠵᠤ ᠂ ᠡᠭᠦᠷᠭᠡ ᠬᠠᠷᠢᠭᠤᠴᠠᠯᠭ᠎ᠠ᠎ᠪᠠᠨ ᠪᠡᠶᠡᠯᠡᠭᠦᠯᠬᠦ ᠵᠢᠨ ᠬᠠᠮᠲᠤ ᠪᠠᠰᠠ ᠦᠨᠡᠨ᠎ᠠᠴᠠ ᠵᠥᠪ᠎ᠢ ᠡᠷᠢᠬᠦ ᠵᠢ ᠪᠠᠷᠢᠮᠲᠠᠯᠠᠵᠤ᠂   ᠵᠣᠷᠢᠭᠲᠠᠢ᠎ᠪᠠᠷ ᠬᠠᠲᠠᠭᠤ᠎ᠲᠠᠢ ᠬᠠᠯᠳᠠᠵᠤ ᠂ 《  ᠲᠤᠶᠠᠴᠢᠬᠤ 》᠎ᠳᠠᠭᠠᠨ ᠴᠢᠳᠠᠮᠠᠭ᠋ᠠᠢ ᠪᠠᠢ᠌ᠵᠤ ᠂ ᠠᠵᠢᠯ ᠵᠶ᠋ᠠᠨ ᠪᠣᠯᠭᠣᠮᠵᠢᠲᠠᠢ ᠪᠥᠭᠡᠳ ᠪᠤᠰᠤᠳᠴᠢ᠎ᠪᠠᠷ ᠥᠷᠨᠢᠭᠦᠯᠵᠦ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠠᠯᠠᠪᠳᠠᠭᠤᠯᠤᠨ ᠪᠠᠢ᠌ᠴᠠᠭ᠋ᠠᠬᠤ ᠳᠤᠭᠤᠢ᠌ᠯᠠᠩ᠎ᠤᠨ ᠰᠢᠯᠢᠳᠡᠭ ᠰᠤᠷᠲᠠᠯ᠎ᠢ ᠢᠯᠡᠷᠡᠭᠦᠯᠬᠦ ᠬᠡᠷᠡᠭᠲᠡᠢ  ᠭᠡᠪᠡ᠃

      ᠬᠤᠷᠠᠯ᠎ᠠᠴᠠ ᠪᠠᠰᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠱᠠᠯᠠᠪᠳᠠᠭᠤᠯᠤᠨ ᠪᠠᠢ᠌ᠴᠠᠭ᠋ᠠᠬᠤ ᠲᠠᠰᠤᠭ᠎ᠤᠨ ᠲᠤᠰ ᠤᠳᠠᠭ᠎ᠠ ᠵᠢᠨ ᠲᠤᠰᠬᠠᠢ ᠱᠠᠯᠠᠪᠳᠠᠭᠤᠯᠤᠨ ᠪᠠᠢ᠌ᠴᠠᠭ᠋ᠠᠯᠲᠠ ᠵᠢᠨ ᠳᠠᠨᠭ᠌ᠰᠠᠯᠠᠵᠤ ᠴᠣᠬᠣᠯᠠᠪᠤᠷᠢᠯᠠᠬᠤ ᠲᠤᠬᠠᠢ ᠱᠠᠭ᠋ᠠᠷᠳᠠᠯᠭ᠎ᠠ ᠵᠢ ᠨᠡᠢ᠌ᠲᠡᠯᠡᠵᠦ ᠂ ᠲᠤᠰ ᠤᠳᠠᠭ᠎ᠠ ᠵᠢᠨ ᠲᠤᠰᠬᠠᠢ ᠱᠠᠯᠠᠪᠳᠠᠭᠤᠯᠤᠨ ᠪᠠᠢ᠌ᠴᠠᠭ᠋ᠠᠯᠲᠠ ᠵᠢᠨ ᠭᠣᠣᠯᠳᠠᠯᠭ᠎ᠠ᠎ᠲᠠᠢ ᠠᠭᠤᠯᠭ᠎ᠠ ᠂ ᠠᠷᠭ᠎ᠠ ᠬᠡᠯᠪᠡᠷᠢ ᠂ ᠰᠠᠬᠢᠯᠭ᠎ᠠ ᠪᠠᠲᠤ ᠵᠢᠨ ᠱᠠᠭ᠋ᠠᠷᠳᠠᠯᠭ᠎ᠠ ᠵᠡᠷᠭᠡ ᠵᠢ ᠪᠦᠬᠦ ᠲᠠᠯ᠎ᠠ᠎ᠪᠠᠷ ᠲᠠᠢ᠌ᠯᠪᠤᠷᠢᠯᠠᠪᠠ ᠃ 5  ᠰᠠᠷ᠎ᠠ ᠵᠢᠨ 29᠎ᠤ ᠡᠳᠦᠷ᠎ᠠᠴᠠ 6  ᠰᠠᠷ᠎ᠠ ᠵᠢᠨ 4᠎ᠤ ᠡᠳᠦᠷ ᠪᠣᠯᠲᠠᠯ᠎ᠠ᠂ ᠪᠥᠬᠥ ᠣᠷᠣᠨ᠎ᠤ ᠵᠠᠮ ᠬᠠᠷᠢᠯᠴᠠᠭ᠋ᠠᠨ᠎ᠤ ᠠᠮᠤᠷ ᠲᠦᠪᠰᠢᠨ ᠪᠠ ᠲᠡᠭᠡᠭᠡᠪᠦᠷᠢ ᠵᠢᠨ ᠬᠠᠤᠯᠢ ᠬᠡᠷᠡᠭᠵᠢᠭᠦᠯᠬᠦ ᠬᠦᠷᠢᠶᠡᠨ᠎ᠳᠠᠬᠢ ᠲᠣᠪᠣᠢ᠌ᠮ᠎ᠠ ᠠᠰᠠᠭᠤᠳᠠᠯ᠎ᠢ ᠲᠤᠰᠬᠠᠢ ᠴᠡᠭᠴᠡᠯᠡᠨ ᠵᠠᠰᠠᠬᠤ ᠲᠤᠬᠠᠢ ᠵᠢᠨ ᠭᠠᠵᠠᠷ᠎ᠲᠤ ᠎ᠨᠢ ᠱᠠᠯᠠᠪᠳᠠᠭᠤᠯᠤᠨ ᠪᠠᠢ᠌ᠴᠠᠭ᠋ᠠᠬᠤ ᠠᠵᠢᠯ᠎ᠢ  ᠪᠦᠬᠦ ᠲᠠᠯ᠎ᠠ᠎ᠪᠠᠷ ᠦᠷᠨᠢᠭᠦᠯᠬᠦ᠎ᠪᠠᠷ ᠪᠣᠢ᠃

 

 

 

 

ᠢᠷᠡᠯᠲᠡ᠄ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠬᠠᠤᠯᠢ ᠴᠠᠭ᠋ᠠᠵᠠ ᠵᠢᠨ ᠲᠢᠩᠬᠢᠮ
          
ᠬᠠᠮᠢᠶ᠎ᠡ ᠪᠦᠬᠦᠢ ᠰᠣᠨᠢᠨ
 
            