ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠬᠠᠣᠯᠢ᠎ᠪᠠᠷ ᠵᠠᠰᠠᠬᠤ ᠦᠪᠦᠷ ᠮᠣᠩᠭᠤᠯ
ᠰᠢᠯᠢ ᠵᠢᠨ ᠭᠣᠣᠯ ᠠᠢ᠌ᠮᠠᠭ 《ᠳᠥᠷᠪᠡᠨ ᠰᠡᠳᠬᠢᠯ》 ᠵᠶ᠋ᠡᠷ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠠᠬᠢᠭᠤᠯᠵᠤ ᠬᠠᠤᠯᠢᠵᠢᠯ᠎ᠤᠨ ᠵᠠᠰᠠᠭ᠎ᠤᠨ ᠣᠷᠳᠣᠨ᠎ᠤ ᠰᠠᠭᠤᠷᠢ ᠵᠢ ᠪᠡᠬᠢᠵᠢᠭᠦᠯᠵᠦ ᠪᠠᠢ᠌ᠨ᠎ᠠ
ᠨᠡᠶ᠋ᠢᠲᠡᠯᠡᠭᠰᠡᠨ ᠴᠠᠭ᠄ 2025-05-19

      ᠰᠢᠯᠢ ᠵᠢᠨ ᠭᠣᠣᠯ ᠠᠢ᠌ᠮᠠᠭ 《ᠨᠢᠮᠪᠠᠢ  ᠰᠡᠳᠬᠢᠯ》 《ᠪᠥᠬᠥ ᠰᠡᠳᠬᠢᠯ》 《ᠬᠠᠯᠠᠭᠤᠨ ᠰᠡᠳᠬᠢᠯ》 《ᠦᠨᠡᠨᠴᠢ ᠰᠡᠳᠬᠢᠯ》 ᠵᠶ᠋ᠡᠷ ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ ᠵᠢᠨ ᠪᠠᠢ᠌ᠭᠤᠯᠤᠯᠲᠠ ᠵᠢ ᠠᠬᠢᠭᠤᠯᠵᠤ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ᠂  ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ᠂  ᠦᠢ᠍ᠯᠡᠴᠢᠯᠡᠭᠡᠨ᠎ᠤ ᠦᠢ᠍ᠯᠡᠳᠦᠯ ᠴᠢᠳᠠᠪᠤᠷᠢ ᠵᠢ ᠳᠡᠭᠡᠭᠰᠢᠯᠡᠭᠦᠯᠬᠦ ᠵᠡᠷᠭᠡ ᠭᠣᠣᠯᠳᠠᠯᠭ᠎ᠠ᠎ᠲᠠᠢ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠬᠠᠤᠯᠢᠵᠢᠯ᠎ᠤᠨ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢ ᠰᠢᠰᠲ᠋ᠧᠮ᠎ᠲᠠᠢ᠎ᠪᠠᠷ ᠲᠦᠯᠬᠢᠨ ᠠᠬᠢᠭᠤᠯᠵᠤ ᠰᠢᠨ᠎ᠡ ᠦᠷ᠎ᠡ ᠪᠦᠲᠦᠮᠵᠢ ᠣᠯᠪᠠ᠃ 

      ᠬᠠᠤᠯᠢ ᠬᠡᠷᠡᠭᠵᠢᠭᠦᠯᠬᠦ ᠳᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠵᠦ᠂  ᠬᠠᠤᠯᠢ᠎ᠪᠠᠷ ᠵᠠᠰᠠᠬᠤ ᠰᠠᠭᠤᠷᠢ ᠵᠢ 《ᠨᠢᠮᠪᠠᠢ  ᠰᠡᠳᠬᠢᠯ》 ᠵᠶ᠋ᠡᠷ  ᠪᠠᠲᠤᠳᠬᠠᠵᠠᠢ᠃ 《ᠭᠤᠷᠪᠠᠨ ᠵᠦᠢ᠍ᠯ᠎ᠤᠨ ᠳᠦᠷᠢᠮ》᠎ᠤᠨ ᠦᠨᠡᠯᠡᠬᠦ ᠲᠣᠭᠲᠠᠴᠠ ᠵᠢ ᠪᠠᠢ᠌ᠭᠤᠯᠵᠤ᠂  ᠬᠠᠤᠯᠢ ᠬᠡᠷᠡᠭᠵᠢᠭᠦᠯᠦᠯᠲᠡ ᠵᠢᠨ ᠵᠢᠷᠦᠮᠵᠢᠯᠲᠡ ᠵᠢᠨ ᠬᠢᠷᠢ ᠲᠦᠪᠰᠢᠨ᠎ᠢ  ᠳᠡᠭᠡᠭᠰᠢᠯᠡᠭᠦᠯᠵᠡᠢ᠃ 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠤᠷᠪᠠᠨ ᠵᠦᠢ᠍ᠯ᠎ᠤᠨ ᠳᠦᠷᠢᠮ᠎ᠤᠨ ᠦᠨᠡᠯᠡᠯᠲᠡ ᠵᠢᠨ ᠵᠢᠯᠣᠭᠣᠳᠤᠮᠵᠢ》 ᠵᠢ ᠲᠣᠭᠲᠠᠭ᠋ᠠᠵᠤ᠂ 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠤᠷᠪᠠᠨ ᠵᠦᠢ᠍ᠯ᠎ᠤᠨ ᠳᠦᠷᠢᠮ》᠎ᠤᠨ ᠥᠪᠡᠷ᠎ᠢ᠎ᠪᠠᠨ ᠦᠨᠡᠯᠡᠬᠦ ᠰᠢᠰᠲ᠋ᠧᠮᠵᠢ ᠵᠢ ᠬᠡᠷᠡᠭᠯᠡᠨ᠂  ᠬᠠᠤᠯᠢ ᠬᠡᠷᠡᠭᠵᠢᠭᠦᠯᠬᠦ ᠴᠤᠪᠤᠷᠠᠯ᠎ᠤᠨ ᠵᠢᠷᠤᠮᠵᠢᠭᠤᠯᠤᠯᠳᠠ ᠵᠢ  ᠠᠬᠢᠭᠤᠯᠵᠠᠢ᠃  ᠡᠯ᠎ᠡ ᠭᠠᠵᠠᠷ ᠡᠯ᠎ᠡ ᠰᠠᠯᠠᠭ᠎ᠠ ᠮᠥᠴᠢᠷ᠎ᠤᠨ᠎ᠬᠢᠨ ᠬᠠᠤᠯᠢ ᠬᠡᠷᠡᠭᠵᠢᠭᠦᠯᠬᠦ ᠠᠵᠢᠯᠲᠠᠨ᠎ᠤ ᠲᠤᠰᠬᠠᠢ ᠰᠡᠳᠦᠪᠲᠦ  ᠪᠣᠯᠪᠠᠰᠤᠷᠠᠯ᠎ᠢ 27 ᠤᠳᠠᠭ᠎ᠠ ᠵᠣᠬᠢᠶᠠᠨ ᠪᠠᠢ᠌ᠭᠤᠯᠤᠨ ᠥᠷᠨᠢᠭᠦᠯᠵᠦ᠂  ᠬᠠᠤᠯᠢ ᠬᠡᠷᠡᠭᠵᠢᠭᠦᠯᠬᠦ ᠡᠩᠨᠡᠭᠡ ᠵᠢᠨ ᠴᠢᠳᠠᠪᠤᠷᠢ ᠵᠢᠨ ᠬᠡᠪ ᠴᠢᠨᠠᠷ ᠬᠢᠭᠡᠳ ᠵᠢᠷᠤᠮᠵᠢᠭᠤᠯᠤᠯᠲᠠ ᠵᠢᠨ ᠬᠢᠷᠢ ᠲᠦᠪᠰᠢᠨ᠎ᠤ 《ᠬᠤᠤᠰ ᠲᠡᠭᠡᠭᠰᠢᠯᠡᠯᠳᠡ》 ᠵᠢ ᠪᠡᠶᠡᠯᠡᠭᠦᠯᠪᠡ᠃  ᠬᠠᠤᠯᠢ ᠬᠡᠷᠡᠭᠵᠢᠭᠦᠯᠬᠦ ᠭᠣᠣᠯ ᠴᠣᠭᠴᠠ ᠵᠢᠨ ᠬᠠᠮᠢᠶᠠᠷᠤᠯᠲᠠ ᠵᠢ ᠴᠢᠩᠳᠠᠯᠠᠵᠤ᠂  ᠬᠠᠤᠯᠢ ᠬᠡᠷᠡᠭᠵᠢᠭᠦᠯᠦᠯᠲᠡ ᠵᠢ ᠪᠠᠢ᠌ᠴᠠᠭ᠋ᠠᠬᠤ ᠠᠵᠢᠯᠯᠠᠭ᠎ᠠ ᠵᠢ ᠵᠢᠷᠤᠮᠵᠢᠭᠤᠯᠵᠠᠢ᠃  ᠭᠣᠣᠯ ᠴᠣᠭᠴᠠ ᠪᠠ ᠠᠵᠢᠯᠲᠠᠨ᠎ᠢ ᠢᠯᠭ᠋ᠠᠷᠠᠭᠤᠯᠬᠤ ᠠᠵᠢᠯ᠎ᠢ ᠥᠷᠨᠢᠭᠦᠯᠵᠦ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠣᠯ ᠴᠣᠭᠴᠠ ᠪᠠ ᠠᠵᠢᠯᠲᠠᠨ᠎ᠢ ᠳᠠᠬᠢᠨ ᠰᠢᠨ᠎ᠡ᠎ᠪᠠᠷ ᠨᠤᠲᠠᠯᠠᠨ ᠲᠣᠭᠲᠠᠭ᠋ᠠᠵᠤ᠂ 《ᠬᠢᠷᠢ  ᠬᠡᠮ  ᠦᠭᠡᠢ᠎ᠪᠠᠷ ᠬᠠᠤᠯᠢ ᠬᠡᠷᠡᠭᠵᠢᠭᠦᠯᠬᠦ》 ᠵᠢ ᠡᠬᠢ ᠡᠭᠦᠰᠦᠯ᠎ᠠᠴᠠ᠎ᠨᠢ ᠲᠠᠰᠤ ᠵᠣᠭᠰᠣᠭ᠋ᠠᠵᠤ᠂  ᠠᠢ᠌ᠮᠠᠭ᠎ᠤᠨ ᠲᠣᠰ ᠱᠠᠲᠤᠨ᠎ᠤ᠎ᠬᠢᠨ 52 ᠬᠠᠤᠯᠢ ᠬᠡᠷᠡᠭᠵᠢᠭᠦᠯᠬᠦ ᠭᠣᠣᠯ ᠴᠣᠭᠴᠠ ᠵᠢ ᠨᠡᠢ᠌ᠲᠡᠯᠡᠵᠦ᠂  ᠪᠥᠬᠥ ᠠᠢ᠌ᠮᠠᠭ᠎ᠤᠨ᠎ᠬᠢᠨ 21 ᠬᠠᠤᠯᠢ ᠬᠡᠷᠡᠭᠵᠢᠭᠦᠯᠬᠦ ᠭᠣᠣᠯ ᠴᠣᠭᠴᠠ᠂ 371 ᠬᠠᠤᠯᠢ ᠬᠡᠷᠡᠭᠵᠢᠭᠦᠯᠬᠦ ᠠᠵᠢᠯᠲᠠᠨ᠂ 10 ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠠᠵᠢᠯᠲᠠᠨ᠎ᠢ ᠢᠯᠭ᠋ᠠᠷᠠᠭᠤᠯᠪᠠ᠃ 《ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠵᠦᠢ᠍ᠯᠡᠰ᠎ᠤᠨ ᠨᠠᠷᠢᠨ ᠬᠠᠭᠤᠳᠠᠰᠤ》 《ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠵᠦᠢ᠍ᠯᠡᠰ᠎ᠤᠨ ᠨᠠᠷᠢᠨ ᠬᠠᠭᠤᠳᠠᠰᠤ》 ᠵᠢ ᠨᠠᠢ᠌ᠷᠠᠭᠤᠯᠤᠨ ᠵᠣᠬᠢᠶᠠᠵᠤ᠂  ᠬᠠᠤᠯᠢ ᠬᠡᠷᠡᠭᠵᠢᠭᠦᠯᠬᠦ ᠵᠠᠭ᠋ᠠᠭ ᠬᠢᠵᠠᠭ᠋ᠠᠷ᠎ᠢ ᠲᠣᠳᠣᠷᠬᠠᠢ᠌ᠯᠠᠨ᠂  ᠬᠡᠪᠴᠢᠶ᠎ᠡ᠎ᠠᠴᠠ ᠬᠡᠲᠦᠷᠡᠭᠦᠯᠦᠨ ᠪᠠᠢ᠌ᠴᠠᠭ᠋ᠠᠬᠤ ᠵᠢ ᠴᠢᠩᠭ᠎ᠠ  ᠴᠠᠭ᠋ᠠᠵᠠᠯᠠᠵᠠᠢ᠃ ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢᠨ ᠲᠥᠯᠥᠪᠯᠡᠭᠡ ᠵᠢ ᠳᠠᠩᠰᠠᠯᠠᠬᠤ ᠲᠣᠭᠲᠠᠴᠠ ᠵᠢ ᠴᠢᠩᠭ᠎ᠠ ᠨᠠᠢ᠌ᠳᠠᠪᠤᠷᠢᠵᠢᠭᠤᠯᠵᠤ᠂  ᠬᠠᠤᠯᠢ ᠬᠡᠷᠡᠭᠵᠢᠭᠦᠯᠦᠯᠲᠡ ᠵᠢᠨ ᠪᠠᠢ᠌ᠴᠠᠭ᠋ᠠᠯᠲᠠ ᠵᠢᠨ 《ᠲᠥᠯᠥᠪᠯᠡᠭᠡ᠎ᠲᠠᠢ᠂  ᠦᠨᠳᠦᠰᠦ ᠪᠠᠷᠢᠮᠲᠠ᠎ᠲᠠᠢ᠂  ᠬᠢᠨᠠᠯᠲᠠ᠎ᠲᠠᠢ》  ᠪᠠᠢ᠌ᠬᠤ ᠵᠢ ᠦᠨᠡᠨ ᠬᠦ᠌  ᠪᠠᠲᠤᠯᠠᠵᠠᠢ᠃ 

      ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠵᠢ ᠭᠦᠨᠵᠡᠭᠡᠢ᠌ᠷᠡᠭᠦᠯᠵᠦ᠂  ᠬᠢᠨᠠᠯᠲᠠ ᠵᠢ 《ᠪᠦᠬᠦ ᠰᠡᠳᠬᠢᠯ》  ᠵᠶ᠋ᠡᠷ ᠵᠶ᠋ᠡᠨ  ᠬᠦᠯᠢᠶᠡᠨ ᠠᠪᠴᠠᠢ᠃ 《ᠠᠷᠪᠠ ᠵᠢ ᠵᠠᠷᠯᠠᠨ ᠨᠡᠢ᠌ᠲᠡᠯᠡᠬᠦ》᠎ᠪᠠᠷ ᠢᠯᠡ ᠪᠣᠯᠭ᠋ᠠᠬᠤ ᠵᠢ ᠠᠬᠢᠭᠤᠯᠵᠤ᠂  ᠵᠠᠰᠠᠭ᠎ᠤᠨ ᠣᠷᠳᠣᠨ᠎ᠤ ᠢᠯᠡ ᠲᠣᠳᠣ ᠵᠢᠨ ᠬᠡᠮᠵᠢᠶ᠎ᠡ ᠵᠢ  ᠳᠡᠭᠡᠭᠰᠢᠯᠡᠭᠦᠯᠵᠡᠢ᠃  ᠠᠢ᠌ᠮᠠᠭ ᠬᠣᠰᠢᠭᠤ ᠬᠣᠶᠠᠷ ᠱᠠᠲᠤᠨ᠎ᠤ᠎ᠬᠢᠨ ᠵᠠᠰᠠᠭ᠎ᠤᠨ ᠣᠷᠳᠣᠨ᠎ᠤ ᠰᠦᠯᠵᠢᠶ᠎ᠡ᠎ᠳᠤ ᠲᠦᠰᠢᠭᠯᠡᠨ 《ᠵᠠᠰᠠᠭ᠎ᠤᠨ ᠶᠠᠪᠤᠳᠠᠯ᠎ᠤᠨ ᠦᠨᠡᠨᠴᠢ ᠢᠲᠡᠭᠡᠮᠵᠢ》 ᠵᠢᠨ ᠲᠤᠰᠬᠠᠢ ᠪᠤᠯᠤᠩ ᠭᠠᠷᠭ᠋ᠠᠵᠤ᠂ 《ᠠᠷᠪᠠ ᠵᠢ ᠢᠯᠡ ᠨᠡᠢ᠌ᠲᠡᠯᠡᠬᠦ》  ᠮᠡᠳᠡᠭᠡ ᠵᠠᠩᠭᠢ ᠵᠢ 2.69 ᠲᠦᠮᠡᠨ ᠵᠤᠷᠪᠤᠰ ᠢᠯᠡ ᠪᠣᠯᠭ᠋ᠠᠵᠤ᠂  ᠮᠡᠳᠡᠭᠡ ᠵᠠᠩᠭᠢ ᠵᠢᠨ ᠴᠠᠭ ᠲᠤᠬᠠᠢ᠎ᠳᠤᠨᠢ ᠨᠡᠢ᠌ᠲᠡᠯᠡᠭᠰᠡᠨ ᠨᠣᠷᠮ᠎ᠠ᠂  ᠲᠣᠭᠲᠠᠭ᠋ᠠᠯ᠎ᠳᠤ ᠨᠡᠢ᠌ᠴᠡᠭᠰᠡᠨ ᠨᠣᠷᠮ᠎ᠠ᠂  ᠳᠡᠭᠡᠭᠰᠢ ᠮᠡᠳᠡᠭᠦᠯᠦᠭᠰᠡᠨ ᠨᠣᠷᠮ᠎ᠠ ᠴᠥᠮ 100%᠎ᠳᠤ ᠬᠥᠷᠪᠡ᠃ 《ᠲᠣᠭ᠎ᠠ ᠪᠠᠷᠢᠮᠲᠠ ᠵᠢ ᠢᠯᠡᠭᠦᠦ ᠭᠦᠶᠦᠯᠭᠡᠵᠦ᠂  ᠣᠯᠠᠨ ᠲᠦᠮᠡᠨ᠎ᠢ ᠳᠤᠲᠠᠭᠤ ᠭᠦᠶᠦᠯᠭᠡᠬᠦ》᠎ᠪᠠᠷ ᠳᠠᠮᠵᠢᠭᠤᠯᠤᠨ᠂  ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢ 《ᠰᠠᠨᠠᠭ᠋ᠠᠴᠢᠯᠠᠭ᠎ᠠ᠎ᠠᠴᠠ᠎ᠪᠠᠨ ᠪᠠᠢ᠌ᠴᠠᠭ᠋ᠠᠨ ᠯᠠᠪᠯᠠᠬᠤ》 ᠎ᠠᠴᠠ 《ᠰᠠᠨᠠᠭ᠋ᠠᠴᠢᠯᠠᠭ᠎ᠠ ᠎ᠠᠴᠠ᠎ᠪᠠᠨ ᠦᠢ᠍ᠯᠡᠴᠢᠯᠡᠬᠦ》  ᠳᠠᠰᠢ ᠬᠤᠪᠢᠷᠠᠭᠤᠯᠬᠤ ᠵᠢ ᠲᠦᠯᠬᠢᠨ ᠠᠬᠢᠭᠤᠯᠵᠤ᠂  ᠣᠯᠠᠨ ᠲᠦᠮᠡᠨ᠎ᠤ ᠰᠡᠳᠬᠢᠯ ᠬᠠᠨᠤᠮᠵᠢᠲᠠᠶ ᠪᠠᠢ᠌ᠬᠤ ᠬᠡᠮᠵᠢᠶ᠎ᠡ ᠵᠢ ᠶᠡᠬᠡ᠎ᠪᠠᠷ ᠳᠡᠭᠡᠭᠰᠢᠯᠡᠭᠦᠯᠪᠡ᠃  ᠡᠷᠬᠡ ᠬᠠᠷᠢᠭᠤᠴᠠᠯᠭ᠎ᠠ ᠵᠢᠨ ᠲᠣᠳᠣᠷᠬᠠᠢ ᠬᠠᠭᠤᠳᠠᠰᠤ ᠵᠢ ᠬᠥᠳᠡᠯᠦᠩᠭᠦᠢ᠎ᠪᠠᠷ ᠲᠣᠬᠢᠷᠠᠭᠤᠯᠵᠤ᠂  ᠵᠠᠰᠠᠭ᠎ᠢ ᠴᠣᠮᠬᠠᠳᠬᠠᠨ ᠡᠷᠬᠡ ᠵᠢ ᠳᠣᠷᠣᠭᠰᠢ ᠪᠠᠭᠤᠯᠭ᠋ᠠᠬᠤ ᠵᠢ ᠲᠦᠯᠬᠢᠨ  ᠠᠬᠢᠭᠤᠯᠵᠠᠢ᠃ 2024 ᠣᠨ᠎ᠤ ᠠᠢ᠌ᠮᠠᠭ᠎ᠤᠨ ᠲᠣᠰ ᠱᠠᠲᠤᠨ᠎ᠤ 5300 ᠵᠦᠢ᠍ᠯ᠎ᠤᠨ ᠡᠷᠬᠡ ᠬᠠᠷᠢᠭᠤᠴᠠᠯᠭ᠎ᠠ ᠵᠢᠨ ᠨᠠᠷᠢᠨ ᠲᠠᠩᠰᠠ ᠵᠢ ᠡᠮᠬᠢᠯᠡᠨ ᠳᠠᠭᠤᠰᠬᠠᠵᠤ᠂ 412 ᠵᠦᠢ᠍ᠯ᠎ᠢ ᠬᠦᠴᠦᠨ ᠦᠭᠡᠢ ᠪᠣᠯᠭ᠋ᠠᠵᠤ᠂ 254 ᠵᠦᠢ᠍ᠯ᠎ᠢ ᠳᠣᠷᠣᠭᠰᠢ ᠪᠠᠭᠤᠯᠭ᠋ᠠᠭᠰᠠᠨ ᠪᠠ ᠬᠠᠤᠯᠢ ᠬᠡᠷᠡᠭᠵᠢᠭᠦᠯᠬᠦ ᠭᠣᠣᠯᠳᠠᠯᠭ᠎ᠠ ᠵᠢ ᠳᠣᠷᠣᠭᠰᠢ ᠰᠢᠯᠵᠢᠭᠦᠯᠪᠡ᠃  ᠡᠯ᠎ᠡ ᠭᠠᠵᠠᠷ᠎ᠤᠨ᠎ᠬᠢᠨ᠎ᠢ ᠵᠢᠯᠣᠭᠣᠳᠤᠨ ᠡᠷᠬᠡ ᠬᠠᠷᠢᠭᠤᠴᠠᠯᠭ᠎ᠠ ᠵᠢᠨ ᠨᠠᠷᠢᠨ ᠲᠠᠩᠰᠠ ᠵᠢᠨ 80647 ᠵᠦᠢ᠍ᠯ᠎ᠢ  ᠡᠮᠬᠢᠯᠡᠨ ᠳᠢᠭᠯᠡᠵᠦ᠂ 《ᠨᠢᠭᠡ ᠬᠣᠰᠢᠭᠤ ᠰᠢᠶᠠᠨ᠎ᠳᠤ ᠨᠢᠭᠡ ᠨᠠᠷᠢᠨ ᠲᠠᠩᠰᠠ》 ᠵᠢᠨ ᠬᠠᠮᠢᠶᠠᠷᠤᠯᠲᠠ ᠵᠢᠨ ᠵᠠᠭᠪᠤᠷ᠎ᠢ ᠪᠠᠢ᠌ᠭᠤᠯᠤᠨ᠂  ᠡᠷᠬᠡ ᠬᠠᠷᠢᠭᠤᠴᠠᠯᠭ᠎ᠠ ᠲᠣᠳᠣᠷᠬᠠᠢ᠂  ᠳᠡᠭᠡᠳᠦ ᠳᠣᠣᠷᠠᠳᠤ ᠱᠠᠲᠤ ᠬᠣᠯᠪᠤᠭ᠋ᠠᠯᠠᠨ ᠬᠥᠳᠡᠯᠦᠯᠴᠡᠭᠰᠡᠨ ᠵᠠᠰᠠᠯᠲᠠ ᠵᠢᠨ ᠪᠠᠢ᠌ᠷᠢᠰᠢᠯ᠎ᠢ ᠪᠣᠶ

ᠪᠣᠯᠭ᠋ᠠᠪᠠ᠃ 

      ᠦᠢ᠍ᠯᠡᠴᠢᠯᠡᠭᠡᠨ᠎ᠤ ᠵᠠᠭᠪᠤᠷ᠎ᠤᠨ ᠰᠢᠨ᠎ᠡ ᠵᠢ ᠡᠭᠦᠳᠴᠦ᠂  ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ 《ᠬᠠᠯᠠᠭᠤᠨ ᠰᠡᠳᠬᠢᠯ》 ᠵᠶ᠋ᠡᠷ ᠰᠢᠯᠢᠳᠡᠭᠵᠢᠭᠦᠯᠵᠡᠢ᠃  ᠠᠵᠤ ᠠᠬᠤᠢ᠌ᠯᠠᠯ᠎ᠤᠨ ᠣᠯᠠᠨ ᠲᠦᠮᠡᠨ᠎ᠤ ᠡᠵᠡᠩᠨᠡᠯᠲᠡ ᠵᠢᠨ ᠠᠵᠢᠯᠯᠠᠭ᠎ᠠ᠂  ᠠᠷᠠᠳ᠎ᠤᠨ ᠠᠮᠢᠳᠤᠷᠠᠯ᠎ᠤᠨ ᠬᠦᠷᠢᠶᠡᠨ᠎ᠳᠠᠬᠢ ᠬᠦᠴᠢᠷ ᠠᠰᠠᠭᠤᠳᠠᠯ᠂  ᠲᠦᠭᠵᠢᠷᠡᠯ᠎ᠤᠨ ᠴᠡᠭ᠂  ᠡᠪᠡᠷᠰᠢᠶᠡᠯ᠎ᠤᠨ ᠴᠡᠭ᠎ᠤᠨ ᠠᠰᠠᠭᠤᠳᠠᠯ᠎ᠢ ᠭᠦᠨᠵᠡᠭᠡᠢ ᠠᠭᠤᠳᠠᠯᠬᠤ ᠵᠢᠨ ᠬᠠᠮᠲᠤ ᠰᠢᠢ᠍ᠳᠪᠦᠷᠢᠯᠡᠵᠦ᠂  ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠬᠤᠷᠳᠤᠴᠠ ᠵᠢ  ᠳᠡᠭᠡᠭᠰᠢᠯᠡᠭᠦᠯᠵᠡᠢ᠃ 3.0 ᠬᠡᠪ᠎ᠤᠨ 《ᠨᠢᠭᠡ ᠥᠷᠲᠡᠭᠡᠨ᠎ᠤ ᠮᠠᠶᠢᠭ》᠎ᠤᠨ ᠠᠵᠤ ᠠᠬᠤᠢ᠌ᠯᠠᠯ᠎ᠤᠨ ᠦᠢ᠍ᠯᠡᠴᠢᠯᠡᠭᠡᠨ᠎ᠤ ᠲᠥᠪ᠎ᠢ ᠲᠠᠰ ᠳᠡᠪᠰᠢᠭᠦᠯᠦᠨ ᠪᠠᠢ᠌ᠭᠤᠯᠵᠤ᠂  ᠠᠵᠤ ᠠᠬᠤᠢ᠌ᠯᠠᠯ᠎ᠳᠤ ᠪᠥᠬᠥ ᠦᠶᠡᠯᠡᠯ᠎ᠤᠨ ᠬᠤᠭᠤᠴᠠᠭ᠋ᠠᠨ᠎ᠤ᠂  ᠨᠠᠷᠢᠯᠢᠭ ᠣᠨᠣᠴᠠᠲᠠᠢ ᠦᠢ᠍ᠯᠡᠴᠢᠯᠡᠭᠡ  ᠬᠠᠩᠭ᠋ᠠᠵᠠᠢ᠃ 《ᠨᠢᠭᠡ ᠰᠦᠯᠵᠢᠶ᠎ᠡ᠎ᠪᠠᠷ ᠨᠡᠢ᠌ᠳᠡᠮ ᠭᠦᠢ᠍ᠴᠡᠳᠬᠡᠬᠦ》  ᠥᠭᠡᠷᠡᠴᠢᠯᠡᠯᠲᠡ ᠵᠢ ᠭᠦᠨᠵᠡᠭᠡᠢ᠌ᠷᠡᠭᠦᠯᠵᠦ᠂ 150  ᠵᠦᠢ᠍ᠯ᠎ᠤᠨ ᠤᠴᠢᠷ  ᠶᠠᠪᠤᠳᠠᠯ᠎ᠢ 《ᠪᠥᠬᠥ

ᠣᠷᠣᠨ᠎ᠳᠤ  ᠨᠡᠢ᠌ᠳᠡᠮ ᠭᠦᠢ᠍ᠴᠡᠳᠬᠡᠬᠦ》  ᠪᠤᠯᠭ᠋ᠠᠨ ᠦᠷᠭᠡᠳᠬᠡᠵᠦ᠂  ᠣᠷᠣᠨ ᠪᠦᠰᠡ ᠠᠯᠤᠰᠯᠠᠨ ᠦᠢ᠍ᠯᠡᠴᠢᠯᠡᠬᠦ᠎ᠳᠤ 《ᠬᠠᠷᠰᠢ ᠰᠠᠭ᠋ᠠᠳ ᠦᠭᠡᠢ》  ᠪᠠᠢ᠌ᠬᠤ ᠵᠢ ᠪᠡᠶᠡᠯᠡᠭᠦᠯᠵᠦ᠂  ᠪᠥᠬᠥ ᠠᠢ᠌ᠮᠠᠭ᠎ᠤᠨ ᠬᠢᠨᠠᠨ ᠵᠥᠪᠰᠢᠶᠡᠷᠡᠬᠦ ᠬᠡᠷᠡᠭ ᠶᠠᠪᠤᠳᠠᠯ᠎ᠢ ᠭᠦᠢ᠍ᠴᠡᠳᠬᠡᠬᠦ ᠳᠤᠮᠳᠠᠴᠢ ᠴᠠᠭ᠎ᠤᠨ ᠬᠢᠵᠠᠭ᠋ᠠᠷ᠎ᠢ 18 ᠠᠵᠢᠯ᠎ᠤᠨ ᠡᠳᠦᠷ ᠪᠠᠢ᠌ᠭᠰᠠᠨ᠎ᠠᠴᠠ 11 ᠠᠵᠢᠯ᠎ᠤᠨ ᠡᠳᠦᠷ ᠪᠣᠯᠭ᠋ᠠᠨ ᠪᠠᠭ᠋ᠠᠰᠬᠠᠵᠤ᠂  ᠬᠤᠷᠳᠤᠴᠠ ᠵᠢ 39%᠎ᠪᠠᠷ  ᠲᠦᠷᠭᠡᠳᠬᠡᠵᠡᠢ; ᠥᠨᠳᠥᠷ ᠳᠠᠪᠲᠠᠮᠵᠢᠲᠤ ᠤᠴᠢᠷ  ᠶᠠᠪᠤᠳᠠᠯ᠎ᠤᠨ ᠪᠦᠬᠦ ᠶᠠᠪᠤᠴᠠ᠎ᠪᠠᠷ  ᠰᠦᠯᠵᠢᠶᠡᠨ ᠲᠡᠭᠡᠷ᠎ᠡ ᠬᠦᠢ᠍ᠴᠡᠳᠬᠡᠬᠦ  ᠨᠤᠷᠮ᠎ᠠ 65% ᠪᠠᠢ᠌ᠭᠰᠠᠨ᠎ᠠᠴᠠ᠎ᠪᠠᠨ ᠳᠡᠭᠡᠭᠰᠢᠯᠡᠭᠡᠳ 92% ᠪᠣᠯᠵᠤ᠂  ᠠᠵᠤ ᠠᠬᠤᠢ᠌ᠯᠠᠯ᠎ᠤᠨ ᠠᠵᠢᠯ ᠶᠠᠪᠤᠳᠠᠯ ᠭᠦᠢ᠍ᠴᠡᠳᠭᠡᠬᠡᠳ ᠬᠦᠶᠦᠬᠦ  ᠤᠳᠠᠭ᠎ᠠ ᠵᠢ 80%᠎ᠠᠴᠠ ᠳᠡᠭᠡᠭᠰᠢ ᠪᠠᠭ᠋ᠠᠰᠪᠠ᠃ 《ᠪᠡᠶ᠎ᠡ ᠵᠢᠨ ᠭᠠᠳᠠᠨᠠᠬᠢ ᠣᠷᠴᠢᠯ》᠎ᠤᠨ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂  ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠲᠥᠷᠥᠯ ᠵᠦᠢ᠍ᠯ᠎ᠢ ᠪᠠᠷᠢᠮᠵᠢᠶᠠᠵᠢᠭᠤᠯᠤᠨ ᠬᠢᠨᠠᠨ ᠵᠥᠪᠰᠢᠶᠡᠷᠡᠬᠦ ᠴᠤᠪᠤᠷᠠᠯ᠎ᠤᠨ ᠵᠠᠭᠪᠤᠷ᠎ᠢ ᠪᠠᠢ᠌ᠭᠤᠯᠤᠨ᠂ 《  ᠳᠠᠷᠠᠭ᠋ᠠᠯᠠᠨ ᠬᠢᠨᠠᠨ ᠵᠥᠪᠰᠢᠶᠡᠷᠡᠬᠦ》 ᠵᠢ ᠬᠤᠪᠢᠷᠠᠭᠤᠯᠤᠭ᠋ᠠᠳ 《ᠬᠣᠯᠪᠤᠭ᠋ᠠᠯᠠᠨ ᠬᠢᠨᠠᠨ ᠵᠥᠪᠰᠢᠶᠡᠷᠡᠬᠦ》  ᠪᠣᠯᠭ᠋ᠠᠨ  ᠲᠥᠪᠯᠡᠷᠡᠭᠦᠯᠵᠡᠢ᠃  ᠨᠢᠭᠡᠳᠦᠭᠡᠷ ᠤᠯᠠᠷᠢᠯ᠎ᠳᠤ᠂  ᠪᠠᠷᠢᠯᠭ᠎ᠠ ᠵᠢᠨ ᠪᠦᠲᠦᠭᠡᠨ ᠪᠠᠢ᠌ᠭᠤᠯᠤᠯᠲᠠ ᠵᠢᠨ ᠵᠦᠢ᠍ᠯᠡᠰ᠎ᠢ ᠬᠢᠨᠠᠨ ᠵᠥᠪᠰᠢᠶᠡᠷᠡᠬᠦ ᠬᠠᠮᠢᠶᠠᠷᠤᠯᠲᠠ ᠵᠢᠨ ᠰᠢᠰᠲ᠋ᠧᠮ ᠵᠶ᠋ᠡᠷ ᠳᠠᠮᠵᠢᠭᠤᠯᠤᠨ 507 ᠵᠦᠢ᠍ᠯ᠎ᠢ ᠭᠦᠢ᠍ᠴᠡᠳᠬᠡᠵᠦ᠂  ᠡᠭᠦᠨ᠎ᠳᠤ 461 ᠵᠦᠢ᠍ᠯ᠎ᠢ ᠬᠤᠯᠪᠤᠭ᠋ᠠᠯᠠᠨ  ᠬᠢᠨᠠᠨ ᠵᠥᠪᠰᠢᠶᠡᠷᠡᠵᠦ᠂  ᠬᠤᠯᠪᠤᠭ᠋ᠠᠯᠠᠨ  ᠬᠢᠨᠠᠨ ᠵᠥᠪᠰᠢᠶᠡᠷᠡᠭᠰᠡᠨ ᠨᠣᠷᠮ᠎ᠠ 91%᠎ᠳᠤ ᠬᠥᠷᠪᠡ᠃  ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡᠨ᠎ᠤ ᠵᠦᠢ᠍ᠯᠡᠰ᠎ᠤᠨ 《ᠦᠨᠡᠮᠯᠡᠯ᠎ᠢ ᠬᠡᠯᠳᠦᠷᠢᠬᠦᠯᠦᠨ ᠬᠦᠢ᠍ᠴᠡᠳᠬᠡᠬᠦ》  ᠲᠣᠭ᠎ᠠ ᠬᠡᠮᠵᠢᠶ᠎ᠡ 7463 ᠵᠦᠢ᠍ᠯ ᠪᠠᠢ᠌ᠵᠤ᠂ 7788 ᠬᠤᠪᠢ ᠮᠠᠲ᠋ᠧᠷᠢᠶᠠᠯ᠎ᠢ ᠬᠠᠰᠤᠵᠤ ᠬᠡᠯᠲᠦᠷᠢᠭᠦᠯᠪᠡ᠃ 

      ᠦᠢ᠍ᠯᠡᠴᠢᠯᠡᠭᠡᠨ᠎ᠤ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ 《ᠦᠨᠡᠨᠴᠢ ᠰᠡᠳᠬᠢᠯ》 ᠵᠶ᠋ᠡᠷ ᠢᠳᠡᠭᠡᠮᠵᠢᠳᠦ  ᠰᠢᠯᠢ ᠵᠢᠨ ᠭᠣᠣᠯ ᠎ᠢ  ᠪᠠᠢ᠌ᠭᠤᠯᠵᠠᠢ᠃  ᠢᠲᠡᠭᠡᠯ ᠵᠶ᠋ᠡᠨ ᠠᠯᠳᠠᠭᠰᠠᠨ ᠠᠵᠢᠯᠯᠠᠭ᠎ᠠ ᠵᠢ ᠲᠤᠰᠬᠠᠢ ᠴᠡᠭᠴᠡᠯᠡᠨ ᠵᠠᠰᠠᠬᠤ ᠠᠵᠢᠯ᠎ᠢ ᠥᠷᠨᠢᠭᠦᠯᠵᠦ᠂  ᠲᠥᠪ ᠭᠣᠣᠯᠴᠢ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠬᠠᠮᠠᠭ᠋ᠠᠯᠠᠪᠠ᠃  ᠵᠠᠰᠠᠭ᠎ᠤᠨ ᠣᠷᠳᠣᠨ᠎ᠤ ᠥᠷᠢ ᠥᠭᠴᠡᠭᠡ ᠵᠢ ᠲᠥᠯᠥᠵᠦ ᠳᠠᠭᠤᠰᠬᠠᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠪᠠ ᠬᠤᠳᠠᠯᠳᠤᠭ᠋ᠠᠴᠢᠨ ᠤᠷᠢᠬᠤ ᠲᠥᠷᠥ ᠵᠢᠨ ᠪᠣᠳᠣᠯᠭ᠎ᠠ ᠵᠢᠨ ᠠᠮᠠᠯᠠᠯᠲᠠ ᠵᠢᠨ ᠵᠦᠢ᠍ᠯᠡᠰ᠎ᠢ ᠪᠡᠶᠡᠯᠡᠭᠦᠯᠬᠦ ᠵᠢ ᠵᠠᠷᠯᠠᠨ ᠮᠡᠳᠡᠭᠳᠡᠵᠦ ᠱᠠᠩᠨᠠᠵᠤ ᠲᠣᠷᠭ᠋ᠠᠬᠤ ᠲᠣᠭᠲᠠᠴᠠ ᠵᠢ ᠨᠠᠢ᠌ᠳᠠᠪᠤᠷᠢᠵᠢᠭᠤᠯᠵᠤ᠂  ᠬᠤᠳᠠᠯᠳᠤᠭ᠋ᠠᠴᠢᠨ ᠤᠷᠢᠵᠤ ᠪᠡᠯᠡ ᠲᠠᠲᠠᠬᠤ ᠭᠡᠷ᠎ᠡ ᠲᠣᠭᠲᠠᠬᠤ ᠲᠥᠷᠥᠯ ᠵᠦᠢ᠍ᠯ᠎ᠤᠨ ᠭᠡᠷ᠎ᠡ ᠵᠢ ᠳᠠᠩᠰᠠᠯᠠᠬᠤ ᠠᠵᠢᠯ᠎ᠢ ᠦᠷᠭᠦᠯᠵᠢᠯᠡᠨ ᠥᠷᠨᠢᠭᠦᠯᠵᠦ᠂  ᠲᠥᠷᠥ ᠵᠢᠨ ᠪᠣᠳᠣᠯᠭ᠎ᠠ ᠵᠢᠨ ᠠᠮᠠᠯᠠᠯᠲᠠ ᠵᠢᠨ 《ᠵᠦᠢ᠍ᠯ ᠪᠣᠯᠭ᠋ᠠᠨ᠎ᠢ ᠨᠠᠢ᠌ᠳᠠᠪᠤᠷᠢᠵᠢᠭᠤᠯᠬᠤ》 ᠵᠢ ᠦᠨᠡᠨᠬᠦ  ᠪᠠᠲᠤᠯᠠᠵᠠᠢ᠃  ᠦᠨᠡᠨᠴᠢ ᠢᠲᠡᠭᠡᠮᠵᠢ ᠵᠢᠨ ᠲᠠᠩᠰᠠ ᠡᠪᠬᠡᠮᠡᠯ᠎ᠢ ᠰᠠᠢ᠌ᠲᠤᠷ ᠬᠡᠷᠡᠭᠯᠡᠵᠦ᠂  ᠠᠯᠪᠠᠨ ᠲᠤᠰᠢᠶᠠᠯᠲᠠᠨ᠎ᠤ 《ᠢᠲᠡᠭᠡᠮᠵᠢ ᠵᠢᠨ

ᠪᠣᠭᠣᠮᠲᠠ》 ᠵᠢ ᠴᠢᠩᠭ᠎ᠠ  ᠠᠳᠬᠤᠵᠠᠢ᠃  ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠦᠨᠡᠨᠴᠢ ᠢᠲᠡᠭᠡᠮᠵᠢ ᠵᠢ ᠠᠬᠢᠭᠤᠯᠬᠤ ᠠᠵᠢᠯᠯᠠᠭ᠎ᠠ ᠵᠢ ᠥᠷᠨᠢᠭᠦᠯᠵᠦ᠂  ᠠᠯᠪᠠᠨ ᠲᠤᠰᠢᠶᠠᠯᠲᠠᠨ᠎ᠤ ᠦᠨᠡᠨᠴᠢ ᠢᠲᠡᠭᠡᠮᠵᠢ ᠵᠢᠨ ᠲᠠᠩᠰᠠ ᠡᠪᠬᠡᠮᠡᠯ᠎ᠢ ᠠᠵᠢᠯᠲᠠᠨ᠎ᠤ ᠶᠠᠪᠤᠳᠠᠯ᠎ᠤᠨ ᠬᠠᠮᠢᠶᠠᠷᠤᠯᠲᠠ ᠵᠢᠨ ᠪᠥᠬᠥ ᠶᠠᠪᠤᠴᠠ᠎ᠳᠤ ᠣᠷᠣᠭᠤᠯᠵᠤ᠂  ᠢᠲᠡᠭᠡᠮᠵᠢ ᠵᠢᠨ ᠬᠢᠨᠠᠨ ᠪᠠᠢ᠌ᠴᠠᠭ᠋ᠠᠯᠲᠠ ᠵᠢᠨ ᠦᠷ᠎ᠡ ᠳ᠋ᠦᠩ᠎ᠤᠨ ᠡᠯᠰᠡᠨ ᠬᠡᠷᠡᠭᠯᠡᠬᠦ᠂  ᠬᠢᠨᠠᠨ ᠰᠢᠯᠭ᠋ᠠᠬᠤ᠂  ᠰᠢᠯᠢᠨ ᠳᠡᠪᠰᠢᠭᠦᠯᠵᠦ ᠲᠣᠮᠢᠯᠠᠨ ᠬᠡᠷᠡᠭᠯᠡᠬᠦ ᠵᠡᠷᠭᠡ ᠶᠠᠪᠤᠴᠠ᠎ᠳᠠᠬᠢ ᠴᠢᠬᠤᠯᠠ ᠦᠢ᠍ᠯᠡᠳᠦᠯ᠎ᠢ ᠰᠠᠢ᠌ᠲᠤᠷ  ᠪᠠᠳᠠᠷᠠᠭᠤᠯᠵᠠᠢ᠃

ᠢᠷᠡᠯᠲᠡ᠄ᠰᠢᠯᠢ ᠵᠢᠨ ᠭᠣᠣᠯ ᠠᠢ᠌ᠮᠠᠭ᠎ᠤᠨ ᠬᠠᠤᠯᠢ ᠴᠠᠭ᠋ᠠᠵᠠ ᠵᠢᠨ ᠲᠣᠪᠴᠢᠶ᠎ᠠ
          
ᠬᠠᠮᠢᠶ᠎ᠡ ᠪᠦᠬᠦᠢ ᠰᠣᠨᠢᠨ
 
            