ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠬᠠᠣᠯᠢ᠎ᠪᠠᠷ ᠵᠠᠰᠠᠬᠤ   -   ᠬᠠᠣᠯᠢ᠎ᠪᠠᠷ ᠵᠠᠰᠠᠬᠤ ᠦᠪᠦᠷ ᠮᠣᠩᠭᠤᠯ
ᠬᠠᠩᠭᠢᠨ ᠬᠣᠢ᠌ᠲᠤ ᠬᠣᠰᠢᠭᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠎ᠪᠠᠷ ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ ᠵᠢᠨ ᠰᠢᠨ᠎ᠡ ᠬᠥᠳᠡᠯᠭᠡᠬᠦ ᠬᠦᠴᠦᠨ᠎ᠢ ᠬᠥᠭᠵᠢᠭᠡᠪᠡ
ᠨᠡᠶ᠋ᠢᠲᠡᠯᠡᠭᠰᠡᠨ ᠴᠠᠭ᠄ 2025-05-29

      ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠢ ᠪᠠᠶ᠋ᠢᠭᠤᠯᠬᠤ ᠬᠠᠷᠠᠯᠲᠠ ᠵᠢ ᠭᠦᠨᠵᠡᠭᠡᠢ  ᠲᠤᠭᠤᠰᠢᠯᠠᠭᠤᠯᠤᠨ  ᠨᠠᠢ᠌ᠳᠠᠪᠤᠷᠢᠵᠢᠭᠤᠯᠬᠤ ᠵᠢᠨ ᠲᠥᠯᠥᠭᠡ᠂  ᠪᠠᠶᠠᠨᠨᠠᠭᠤᠷ ᠬᠣᠲᠠ ᠵᠢᠨ ᠬᠠᠩᠭᠢᠨ ᠬᠣᠢ᠌ᠲᠤ ᠬᠣᠰᠢᠭᠤᠨ᠎ᠤ᠎ᠬᠢᠨ ᠵᠠᠰᠠᠭ ᠵᠠᠬᠢᠷᠭ᠋ᠠᠨ᠎ᠤ ᠳᠠᠬᠢᠨ  ᠵᠥᠪᠯᠡᠬᠦ᠎ᠪᠠᠷ ᠵᠠᠰᠠᠭ ᠵᠠᠬᠢᠷᠭ᠋ᠠᠨ᠎ᠤ ᠡᠷᠬᠡ ᠵᠢᠨ ᠠᠵᠢᠯᠯᠠᠭ᠋ᠠᠨ᠎ᠢ  ᠵᠢᠷᠤᠮᠵᠢᠭᠤᠯᠬᠤ᠂  ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠪᠠᠲᠤᠯᠠᠬᠤ ᠭᠣᠣᠯ ᠴᠢᠳᠠᠮᠵᠢ᠎ᠳᠤ ᠠᠩᠬᠠᠷᠤᠯ ᠵᠶ᠋ᠠᠨ ᠲᠥᠪᠯᠡᠷᠡᠭᠦᠯᠵᠦ᠂  ᠳᠦᠷᠢᠮ᠎ᠤᠨ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠵᠤ᠂  ᠬᠢᠨᠠᠯᠲᠠ ᠲᠠᠯᠪᠢᠬᠤ ᠵᠢ ᠴᠢᠩᠭ᠋ᠠᠳᠬᠠᠬᠤ᠎ᠪᠠᠷ ᠭᠠᠷᠳᠠᠴᠠ ᠪᠣᠯᠭ᠋ᠠᠵᠤ᠂  ᠬᠠᠮᠵᠢᠯᠴᠠᠨ ᠵᠠᠰᠠᠬᠤ᠎ᠪᠠᠷ ᠰᠢᠪᠲᠤᠯᠤᠯᠲᠠ ᠪᠣᠯᠭ᠋ᠠᠵᠤ᠂  ᠢᠳᠡᠪᠬᠢᠲᠡᠢ᠎ᠪᠠᠷ ᠰᠦᠪᠡᠭᠴᠢᠯᠡᠨ ᠦᠢ᠍ᠯᠡᠳᠦᠯᠭᠡᠵᠢᠭᠦᠯᠵᠦ᠂  ᠬᠠᠤᠯᠢ ᠶᠣᠰᠣᠭ᠋ᠠᠷ ᠵᠠᠰᠠᠭ ᠶᠠᠪᠤᠭᠤᠯᠬᠤ ᠬᠢᠷᠢ ᠲᠦᠪᠰᠢᠨ᠎ᠤ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠪᠥᠬᠥ ᠬᠦᠴᠦᠨ ᠵᠶ᠋ᠡᠷ ᠵᠶ᠋ᠡᠨ ᠲᠦᠯᠬᠢᠨ ᠠᠬᠢᠭᠤᠯᠵᠤ᠂  ᠬᠠᠤᠯᠢ᠎ᠪᠠᠷ ᠵᠠᠰᠠᠬᠤ ᠵᠠᠰᠠᠭ᠎ᠤᠨ ᠣᠷᠳᠣᠨ᠎ᠤ ᠪᠠᠢ᠌ᠭᠤᠯᠤᠯᠲᠠ᠎ᠳᠤ ᠬᠦᠴᠦᠲᠡᠢ ᠬᠥᠳᠡᠯᠭᠡᠬᠦ ᠬᠦᠴᠦᠨ ᠨᠡᠮᠡᠷᠢᠯᠡᠪᠡ᠃ 

      ᠢᠯᠡ᠎ᠪᠠᠷ ᠭᠡᠷᠡᠴᠢᠯᠡᠭᠡ ᠰᠣᠨᠣᠰᠴᠤ ᠰᠢᠭᠦᠨ ᠰᠢᠢ᠍ᠳᠪᠦᠷᠢᠯᠡᠵᠦ᠂  ᠰᠢᠨ᠎ᠡ᠎ᠪᠠᠷ ᠳᠠᠬᠢᠨ ᠵᠥᠪᠯᠡᠬᠦ ᠬᠠᠤᠯᠢ ᠵᠢᠨ ᠲᠣᠭᠲᠠᠭ᠋ᠠᠯ᠎ᠢ ᠴᠢᠩᠭ᠎ᠠ ᠨᠠᠢ᠌ᠳᠠᠪᠤᠷᠢᠵᠢᠭᠤᠯᠪᠠ᠃ 

      ᠬᠠᠩᠭᠢᠨ ᠬᠣᠢ᠌ᠲᠤ ᠬᠣᠰᠢᠭᠤᠨ᠎ᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠᠢ᠌ᠭᠤᠯᠤᠮᠵᠢ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠠᠤᠯᠢ》 ᠵᠢᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ  ᠲᠤᠭᠤᠰᠢᠯᠠᠭᠤᠯᠵᠤ᠂ 《ᠶᠠᠷᠰᠢᠭ ᠲᠦᠪᠡᠭᠲᠡᠢ ᠪᠠ ᠲᠥᠬᠥᠮ ᠵᠦᠢ᠍ᠯᠡᠰ᠎ᠢ ᠰᠠᠯᠭ᠋ᠠᠬᠤ》  ᠬᠡᠷᠡᠭ᠎ᠢ ᠰᠢᠭᠦᠨ ᠰᠢᠢ᠍ᠳᠪᠦᠷᠢᠯᠡᠬᠦ ᠲᠣᠭᠲᠠᠴᠠ ᠵᠢ  ᠬᠡᠷᠡᠭᠵᠢᠭᠦᠯᠵᠡᠢ᠃  ᠪᠣᠳᠠᠲᠤ ᠶᠠᠪᠤᠳᠠᠯ᠎ᠨᠢ ᠲᠣᠳᠣᠷᠬᠠᠢ᠂  ᠮᠠᠷᠭᠤᠯᠳᠤᠭ᠋ᠠᠨ᠎ᠨᠢ ᠨᠡᠯᠢᠶᠡᠳ ᠪᠠᠭ᠎ᠠ ᠲᠦᠬᠦᠮ ᠬᠡᠷᠡᠭ᠎ᠢ ᠰᠢᠢ᠍ᠳᠪᠦᠷᠢᠯᠡᠬᠦ ᠶᠠᠪᠤᠴᠠ ᠵᠢ ᠳᠥᠭᠥᠮᠴᠢᠯᠡᠵᠦ᠂  ᠬᠡᠷᠡᠭ ᠰᠢᠢ᠍ᠳᠪᠦᠷᠢᠯᠡᠬᠦ ᠦᠶᠡᠯᠡᠯ᠎ᠤᠨ ᠬᠤᠭᠤᠴᠠᠭ᠎ᠠ ᠵᠢ 15 ᠠᠵᠢᠯᠯᠠᠬᠤ ᠡᠳᠦᠷ᠎ᠤᠨ ᠳᠣᠲᠣᠷ᠎ᠠ ᠬᠦᠷᠲᠡᠯ᠎ᠡ ᠪᠠᠭ᠋ᠠᠰᠬᠠᠵᠤ᠂ 《ᠲᠦᠷᠭᠡᠨ ᠬᠦᠯᠢᠶᠡᠨ ᠠᠪᠴᠤ ᠰᠢᠢ᠍ᠳᠪᠦᠷᠢᠯᠡᠬᠦ᠂  ᠥᠨᠳᠥᠷ ᠪᠦᠲᠦᠮᠵᠢᠲᠡᠶ᠎ᠪᠠᠷ ᠰᠢᠢ᠍ᠳᠪᠦᠷᠢᠯᠡᠵᠦ ᠳᠠᠭᠤᠰᠬᠠᠬᠤ》 ᠵᠢ ᠪᠡᠶᠡᠯᠡᠭᠦᠯᠵᠡᠢ; ᠬᠠᠤᠯᠢ ᠴᠠᠭ᠋ᠠᠵᠠ ᠵᠢᠨ ᠬᠠᠷᠢᠴᠠᠭ᠎ᠠ᠎ᠨᠢ ᠪᠤᠳᠤᠯᠢᠶᠠᠨᠲᠠᠢ᠂  ᠨᠡᠢ᠌ᠭᠡᠮ᠎ᠤᠨ ᠨᠥᠯᠥᠭᠡ᠎ᠪᠠᠷ ᠨᠡᠯᠢᠶᠡᠳ ᠶᠡᠬᠡ ᠬᠡᠷᠡᠭ᠎ᠲᠤ ᠴᠢᠭᠯᠡᠭᠦᠯᠦᠨ᠂ ᠡᠩ᠎ᠤᠨ ᠲᠠᠰ ᠳᠠᠷᠠᠭ᠋ᠠᠯᠠᠯ᠎ᠢ ᠴᠢᠩᠭ᠎ᠠ ᠬᠡᠷᠡᠭᠯᠡᠵᠦ᠂  ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠵᠢᠨ ᠭᠡᠷᠡᠴᠢᠯᠡᠭᠡ ᠰᠣᠨᠣᠰᠬᠤ ᠬᠤᠷᠠᠯ᠎ᠢ ᠵᠣᠬᠢᠶᠠᠨ ᠪᠠᠶ᠋ᠢᠭᠤᠯᠬᠤ᠎ᠪᠠᠷ ᠳᠠᠮᠵᠢᠭᠤᠯᠤᠨ᠂  ᠦᠨᠳᠦᠰᠦᠨ ᠱᠠᠲᠤᠨ᠎ᠤ ᠺᠠᠳ᠋ᠷ᠂  ᠨᠢᠭᠡᠳᠦᠭᠡᠷ ᠹᠷᠣᠨᠲ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠢ ᠤᠷᠢᠵᠤ ᠲᠤᠬᠠᠢ ᠵᠢᠨ ᠲᠠᠯᠠᠪᠤᠷ᠎ᠲᠤᠨᠢ ᠲᠣᠭᠣᠷᠢᠨ ᠦᠵᠡᠭᠦᠯᠵᠦ  ᠣᠷᠣᠯᠴᠠᠭᠤᠯᠵᠠᠢ᠃ 2024 ᠣᠨ᠎ᠠᠴᠠ ᠨᠠᠭ᠋ᠠᠰᠢ᠂  ᠭᠡᠷᠡᠴᠢᠯᠡᠭᠡ ᠰᠣᠨᠣᠰᠬᠤ ᠬᠤᠷᠠᠯ᠎ᠢ ᠨᠡᠶ᠋ᠢᠲᠡ 8 ᠤᠳᠠᠭ᠎ᠠ  ᠬᠤᠷᠠᠯᠳᠤᠵᠤ᠂  ᠦᠨᠳᠦᠰᠦᠨ ᠱᠠᠲᠤᠨ᠎ᠤ ᠺᠠᠳ᠋ᠷ᠂  ᠨᠢᠭᠡᠳᠦᠭᠡᠷ ᠹᠷᠣᠨᠲ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠢ 100 ᠭᠠᠷᠤᠢ ᠬᠥᠮᠥᠨ ᠤᠳᠠᠭ᠎ᠠ ᠬᠠᠮᠤᠷᠴᠤ᠂  ᠦᠨᠳᠦᠰᠦᠨ ᠱᠠᠲᠤᠨ᠎ᠤ ᠺᠠᠳ᠋ᠷᠴᠤᠳ᠎ᠤᠨ ᠪᠤᠳᠤᠯᠢᠶᠠᠨᠲᠠᠢ ᠵᠢᠭᠤᠷᠠᠯᠳᠤᠭ᠋ᠠᠨ᠎ᠢ ᠰᠢᠢ᠍ᠳᠪᠦᠷᠢᠯᠡᠬᠦ ᠠᠵᠢᠯ᠎ᠤᠨ ᠰᠡᠳᠬᠢᠮᠵᠢ ᠵᠢ ᠥᠷᠭᠡᠳᠬᠡᠭᠰᠡᠨ ᠵᠶ᠋ᠡᠷ ᠪᠠᠷᠠᠬᠤ ᠦᠭᠡᠢ᠂  ᠲᠡᠳᠡᠨ᠎ᠤ ᠬᠠᠤᠯᠢ ᠶᠣᠰᠣᠭ᠋ᠠᠷ ᠵᠠᠰᠠᠭ ᠶᠠᠪᠤᠭᠤᠯᠬᠤ ᠤᠬᠠᠮᠰᠠᠷ᠎ᠢ ᠨᠠᠩ ᠴᠢᠩᠭ᠋ᠠᠷᠠᠭᠤᠯᠵᠤ᠂  ᠦᠨᠳᠦᠰᠦᠨ ᠱᠠᠲᠤᠨ᠎ᠤ ᠵᠠᠰᠠᠯᠲᠠ ᠪᠠ ᠬᠠᠤᠯᠢ ᠬᠡᠷᠡᠭᠵᠢᠭᠦᠯᠬᠦ ᠠᠵᠢᠯ᠎ᠳᠤ ᠬᠠᠤᠯᠢ᠎ᠪᠠᠷ ᠵᠠᠰᠠᠬᠤ ᠠᠮᠢᠳᠤᠯᠢᠭ ᠬᠦᠴᠦᠨ᠎ᠢ ᠣᠯᠭᠣᠭᠰᠠᠨ ᠪᠠᠢ᠌ᠨ᠎ᠠ᠃  ᠣᠲᠣ ᠪᠣᠯᠲᠠᠯ᠎ᠠ᠂  ᠲᠥᠬᠥᠮ ᠵᠢᠷᠤᠮ᠎ᠤᠨ ᠬᠡᠷᠡᠭ᠎ᠢ ᠰᠢᠢ᠍ᠳᠪᠦᠷᠢᠯᠡᠬᠦ ᠴᠠᠭ᠎ᠢ ᠳᠤᠮᠳᠠᠴᠢ᠎ᠪᠠᠷ 60%᠎ᠪᠠᠷ ᠪᠣᠭᠣᠨᠢᠰᠬᠠᠵᠤ᠂  ᠣᠯᠠᠨ ᠲᠦᠮᠡᠨ᠎ᠤ ᠰᠡᠳᠬᠢᠯ ᠬᠠᠨᠤᠮᠵᠢᠲᠠᠶ ᠪᠠᠢ᠌ᠬᠤ ᠬᠡᠮᠵᠢᠶ᠎ᠡ ᠵᠢ ᠢᠯᠡᠳᠲᠡ ᠳᠡᠭᠡᠭᠰᠢᠯᠡᠭᠦᠯᠪᠡ᠃ 

      ᠥᠪᠡᠷ᠎ᠤᠨ  ᠪᠤᠷᠤᠭᠤ᠎ᠪᠠᠨ  ᠵᠠᠯᠠᠷᠠᠭᠤᠯᠬᠤ ᠵᠢ ᠴᠢᠩᠭ᠋ᠠᠳᠬᠠᠵᠤ᠂  ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ ᠡᠭᠦᠷᠭᠡᠯᠡᠬᠦ ᠵᠢ ᠲᠦᠯᠬᠢᠨ  ᠠᠬᠢᠭᠤᠯᠪᠠ᠃ 

      《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ

ᠬᠠᠤᠯᠢ》᠎ᠳᠤ ᠰᠢᠨ᠎ᠡ᠎ᠪᠠᠷ ᠵᠠᠰᠠᠪᠤᠷᠢ ᠣᠷᠣᠭᠤᠯᠬᠤ᠎ᠪᠠᠷ ᠵᠢᠯᠣᠭᠣᠳᠤᠯᠭ᠎ᠠ ᠪᠣᠯᠭ᠋ᠠᠵᠤ᠂  ᠬᠠᠩᠭᠢᠨ ᠬᠣᠢ᠌ᠲᠤ ᠬᠣᠰᠢᠭᠤᠨ᠎ᠤ᠎ᠬᠢᠨ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠰᠠᠨᠠᠭ᠋ᠠᠴᠢᠯᠠᠭ᠎ᠠ᠎ᠠᠴᠠ᠎ᠪᠠᠨ ᠠᠯᠳᠠᠭ᠎ᠠ  ᠪᠤᠷᠤᠭᠤ᠎ᠪᠠᠨ  ᠵᠠᠯᠠᠷᠠᠭᠤᠯᠬᠤ ᠳᠦᠷᠢᠮ᠎ᠢ ᠨᠠᠢ᠌ᠳᠠᠪᠤᠷᠢᠵᠢᠭᠤᠯᠬᠤ ᠵᠢ ᠪᠥᠬᠥ ᠬᠦᠴᠦᠨ ᠵᠶ᠋ᠡᠷ ᠵᠶ᠋ᠡᠨ  ᠱᠠᠯᠠᠪᠳᠠᠭᠤᠯᠤᠨ ᠱᠠᠭ᠋ᠠᠷᠳᠠᠪᠠ᠃  ᠬᠡᠷᠡᠭ᠎ᠢ ᠰᠢᠢ᠍ᠳᠪᠦᠷᠢᠯᠡᠬᠦ ᠶᠠᠪᠤᠴᠠ᠎ᠳᠤ᠂  ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠᠢ᠌ᠭᠤᠯᠤᠮᠵᠢ᠎ᠨᠢ ᠬᠠᠤᠯᠢ᠎ᠠᠴᠠ ᠵᠥᠷᠢᠴᠡᠭᠰᠡᠨ᠂  ᠵᠣᠬᠢᠰ ᠦᠭᠡᠢ ᠪᠤᠶᠤ ᠲᠡᠭᠦᠯᠳᠡᠷᠵᠢᠭᠦᠯᠬᠦ ᠴᠢᠬᠤᠯᠠᠲᠠᠢ ᠵᠠᠰᠠᠭ ᠵᠠᠬᠢᠷᠭ᠋ᠠᠨ᠎ᠤ ᠦᠢᠯᠡ ᠠᠵᠢᠯᠯᠠᠭ᠎ᠠ ᠣᠷᠣᠰᠢᠵᠤ ᠪᠠᠢ᠌ᠬᠤ ᠵᠢ ᠣᠯᠵᠤ ᠮᠡᠳᠡᠪᠡᠯ᠂  ᠲᠡᠷᠡ ᠳᠠᠷᠤᠢ᠎ᠳᠤᠨᠢ 《ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠡᠷᠡᠭ᠎ᠤᠨ  ᠠᠯᠳᠠᠭ᠎ᠠ ᠪᠤᠷᠤᠭᠤ ᠵᠢ ᠵᠠᠯᠠᠷᠠᠭᠤᠯᠬᠤ ᠲᠦᠭᠰᠢᠭᠦᠷᠢ ᠵᠢᠨ ᠰᠠᠨᠠᠭᠤᠯᠤᠮᠵᠢ ᠵᠢᠨ ᠵᠠᠬᠢᠳᠠᠯ》᠎ᠢ ᠪᠠᠭᠤᠯᠭ᠋ᠠᠵᠤ᠂  ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢ ᠵᠢᠯᠣᠭᠣᠳᠤᠨ  ᠠᠯᠳᠠᠭ᠎ᠠ ᠪᠤᠷᠤᠭᠤ ᠵᠢ ᠵᠠᠯᠠᠷᠠᠭᠤᠯᠬᠤ ᠲᠠᠰ ᠳᠠᠷᠠᠭ᠋ᠠᠯᠠᠯ᠎ᠢ ᠴᠠᠭ

ᠲᠤᠬᠠᠢ᠎ᠳᠤᠨᠢ ᠡᠬᠢᠯᠡᠭᠦᠯᠵᠦ᠂  ᠵᠠᠰᠠᠭ ᠵᠠᠬᠢᠷᠭ᠋ᠠᠨ᠎ᠤ ᠦᠢᠯᠡ ᠠᠵᠢᠯᠯᠠᠭ᠎ᠠ ᠵᠢ ᠬᠠᠤᠯᠢ ᠶᠣᠰᠣᠭ᠋ᠠᠷ ᠬᠦᠴᠦᠨ ᠦᠭᠡᠢ ᠪᠣᠯᠭ᠋ᠠᠬᠤ᠂  ᠬᠤᠪᠢᠷᠠᠭᠤᠯᠬᠤ ᠪᠤᠶᠤ ᠬᠠᠤᠯᠢ᠎ᠪᠠᠷ ᠲᠣᠭᠲᠠᠭ᠋ᠠᠭᠰᠠᠨ ᠡᠭᠦᠷᠭᠡ ᠬᠠᠷᠢᠭᠤᠴᠠᠯᠭ᠎ᠠ ᠵᠢ  ᠭᠦᠢ᠍ᠴᠡᠳᠬᠡᠵᠡᠢ᠃ 2024 ᠣᠨ ᠎ᠠᠴᠠ  ᠨᠠᠭ᠋ᠠᠰᠢ᠂  ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠰᠠᠨᠠᠭ᠋ᠠᠴᠢᠯᠠᠭ᠎ᠠ᠎ᠠᠴᠠ᠎ᠪᠠᠨ ᠠᠯᠳᠠᠭ᠎ᠠ ᠪᠤᠷᠤᠭᠤ᠎ᠪᠠᠨ ᠵᠠᠯᠠᠷᠠᠭᠤᠯᠬᠤ᠎ᠪᠠᠷ ᠳᠡᠮᠵᠢᠨ᠂ 13 ᠬᠤᠪᠢ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠡᠷᠡᠭ᠎ᠤᠨ ᠭᠤᠶᠤᠴᠢᠯᠠᠭᠴᠢ ᠵᠢᠨ ᠭᠤᠶᠤᠴᠢᠯᠠᠯ ᠵᠶ᠋ᠠᠨ ᠰᠠᠨᠠᠭ᠋ᠠᠴᠢᠯᠠᠭ᠎ᠠ ᠎ᠠᠴᠠ᠎ᠪᠠᠨ ᠪᠤᠴᠠᠭ᠋ᠠᠬᠤ ᠵᠢ ᠠᠮᠵᠢᠯᠲᠠᠲᠠᠢ ᠠᠬᠢᠭᠤᠯᠵᠤ᠂  ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠪᠦᠲᠦᠮᠵᠢᠲᠡᠶ ᠠᠷᠢᠯᠭ᠋ᠠᠭᠰᠠᠨ ᠮᠥᠷᠲᠡᠭᠡᠨ ᠪᠠᠰᠠ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠥᠪᠡᠷ᠎ᠢ᠎ᠪᠠᠨ ᠰᠢᠨᠡᠴᠢᠯᠡᠬᠦ ᠵᠢ ᠲᠦᠯᠬᠢᠨ ᠠᠬᠢᠭᠤᠯᠵᠤ᠂  ᠬᠠᠤᠯᠢ ᠶᠣᠰᠣᠭ᠋ᠠᠷ ᠵᠠᠰᠠᠭ ᠶᠠᠪᠤᠭᠤᠯᠬᠤ ᠬᠢᠷᠢ ᠬᠡᠮᠵᠢᠶ᠎ᠡ᠎ᠪᠠᠨ ᠦᠨᠡᠨ ᠬᠦ᠌ ᠳᠡᠭᠡᠭᠰᠢᠯᠡᠭᠦᠯᠦᠭᠰᠡᠨ ᠪᠠᠢ᠌ᠨ᠎ᠠ᠃ 

      ᠵᠠᠰᠠᠭ᠎ᠤᠨ ᠣᠷᠳᠣᠨ ᠪᠠ ᠰᠢᠭᠦᠬᠦ ᠬᠣᠷᠢᠶ᠎ᠠ ᠵᠢᠨ ᠬᠠᠮᠲᠤᠷᠠᠯᠴᠠᠭ᠎ᠠ ᠵᠢ ᠭᠦᠨᠵᠡᠭᠡᠢ᠌ᠷᠡᠭᠦᠯᠵᠦ᠂  ᠮᠠᠷᠭᠤᠯᠳᠤᠭ᠋ᠠᠨ᠎ᠢ ᠡᠬᠢ ᠡᠭᠦᠰᠦᠯ᠎ᠠᠴᠠ᠎ᠨᠢ  ᠰᠢᠢ᠍ᠳᠪᠦᠷᠢᠯᠡᠬᠦ ᠵᠢ ᠪᠡᠶᠡᠯᠡᠭᠦᠯᠵᠡᠢ᠃ 

      ᠬᠠᠩᠭᠢᠨ ᠬᠣᠢ᠌ᠲᠤ ᠬᠣᠰᠢᠭᠤᠨ᠎ᠤ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠᠢ᠌ᠭᠤᠯᠤᠮᠵᠢ ᠬᠢᠭᠡᠳ ᠬᠣᠰᠢᠭᠤᠨ᠎ᠤ ᠰᠢᠭᠦᠬᠦ ᠬᠣᠷᠢᠶ᠎ᠠ ᠪᠠᠢ᠌ᠩᠭᠤᠵᠢᠭᠰᠠᠨ ᠬᠣᠯᠪᠤᠭ᠋ᠠᠯᠠᠨ ᠨᠡᠪᠲᠡᠷᠡᠯᠴᠡᠬᠦ ᠲᠣᠭᠲᠠᠴᠠ ᠵᠢ ᠪᠠᠢ᠌ᠭᠤᠯᠵᠤ᠂  ᠠᠮᠤᠷ ᠲᠦᠪᠰᠢᠨ᠎ᠤ ᠬᠠᠤᠯᠢ ᠬᠡᠷᠡᠭᠵᠢᠭᠦᠯᠬᠦ᠂  ᠮᠡᠳᠡᠭᠡ ᠵᠠᠩᠭᠢ ᠵᠢ ᠢᠯᠡ ᠪᠣᠯᠭ᠋ᠠᠬᠤ᠂  ᠭᠠᠵᠠᠷ ᠰᠢᠷᠣᠢ ᠵᠢᠨ ᠵᠢᠭᠤᠷᠠᠯᠳᠤᠭ᠋ᠠᠨ᠂  ᠬᠥᠳᠡᠯᠮᠦᠷᠢ ᠵᠢᠨ ᠪᠠᠲᠤᠯᠠᠭ᠎ᠠ ᠵᠡᠷᠭᠡ ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ ᠣᠯᠠᠨ ᠡᠭᠦᠰᠳᠡᠭ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠦᠨ᠂  ᠲᠣᠭᠲᠠᠮᠠᠯ ᠬᠤᠭᠤᠴᠠᠭ᠎ᠠ᠎ᠲᠠᠢ᠎ᠪᠠᠷ ᠬᠠᠮᠲᠤᠷᠠᠭᠰᠠᠨ ᠬᠤᠷᠠᠯ ᠬᠤᠷᠠᠯᠳᠤᠭᠤᠯᠵᠤ᠂  ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠪᠠ ᠵᠠᠰᠠᠭ ᠵᠠᠬᠢᠷᠭ᠋ᠠᠨ᠎ᠤ ᠵᠠᠷᠭᠤ ᠵᠢᠨ ᠲᠠᠰᠤᠯᠤᠯᠲᠠ ᠵᠢᠨ ᠪᠠᠷᠢᠮᠵᠢᠶ᠎ᠠ ᠵᠢ ᠨᠢᠭᠡᠳᠬᠡᠵᠦ᠂  ᠬᠠᠤᠯᠢ ᠴᠠᠭ᠋ᠠᠵᠠ ᠵᠢᠨ ᠬᠡᠷᠡᠭᠯᠡᠯᠲᠡ ᠵᠢᠨ ᠵᠥᠷᠢᠯᠳᠦᠭᠡᠨ᠎ᠢ ᠠᠷᠢᠯᠭ᠋ᠠᠪᠠ᠃  ᠡᠭᠦᠨ᠎ᠤ ᠬᠠᠮᠲᠤ᠂  ᠬᠣᠰᠢᠭᠤᠨ ᠰᠢᠭᠤᠳ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ᠎ᠢ ᠰᠠᠨᠠᠭ᠋ᠠᠴᠢᠯᠠᠭ᠎ᠠ ᠎ᠠᠴᠠ᠎ᠪᠠᠨ ᠴᠤᠭᠯᠠᠭᠤᠯᠵᠤ᠂  ᠬᠠᠤᠯᠢ ᠬᠡᠷᠡᠭᠵᠢᠭᠦᠯᠬᠦ ᠶᠠᠪᠤᠴᠠ᠎ᠳᠤ ᠡᠭᠦᠰᠦᠭᠰᠡᠨ ᠮᠠᠷᠭᠤᠯᠳᠤᠭ᠋ᠠᠨ᠎ᠳᠤ ᠴᠢᠭᠯᠡᠭᠦᠯᠦᠨ ᠶᠠᠷᠢᠯᠴᠠᠬᠤ᠂  ᠵᠣᠬᠢᠴᠠᠭᠤᠯᠬᠤ ᠪᠠ ᠡᠶᠡᠳᠡᠭᠦᠯᠬᠦ ᠠᠵᠢᠯ ᠥᠷᠨᠢᠭᠦᠯᠵᠦ᠂  ᠵᠠᠰᠠᠭ ᠵᠠᠬᠢᠷᠭ᠋ᠠᠨ᠎ᠤ ᠮᠠᠷᠭᠤᠯᠳᠤᠭ᠋ᠠᠨ᠎ᠢ ᠬᠠᠮᠵᠢᠯᠴᠠᠨ ᠰᠢᠢ᠍ᠳᠪᠦᠷᠢᠯᠡᠬᠦ ᠵᠢ  ᠠᠬᠢᠭᠤᠯᠵᠠᠢ᠃ 2024 ᠣᠨ᠎ᠠᠴᠠ  ᠨᠠᠭ᠋ᠠᠰᠢ᠂  ᠪᠥᠬᠥ ᠬᠣᠰᠢᠭᠤᠨ᠎ᠤ᠎ᠬᠢᠨ ᠨᠡᠶ᠋ᠢᠲᠡ 107 ᠵᠠᠰᠠᠭ ᠵᠠᠬᠢᠷᠭ᠋ᠠᠨ᠎ᠤ ᠳᠠᠬᠢᠨ ᠵᠥᠪᠯᠡᠭᠰᠡᠨ ᠬᠡᠷᠡᠭ᠎ᠢ ᠭᠥᠯᠢᠶᠡᠨ ᠠᠪᠴᠤ᠂  ᠳᠠᠬᠢᠨ ᠵᠥᠪᠯᠡᠬᠦ ᠵᠢᠷᠤᠮ ᠵᠶ᠋ᠠᠷ ᠳᠡᠮᠵᠢᠨ 94% ᠵᠢᠨ ᠬᠡᠷᠡᠭ᠎ᠤᠨ 《ᠬᠡᠷᠡᠭ᠎ᠢ ᠳᠠᠭᠤᠰᠬᠠᠵᠤ ᠤᠴᠢᠷ ᠶᠠᠪᠤᠳᠠᠯ᠎ᠢ ᠳᠠᠭᠤᠰᠬᠠᠬᠤ》  ᠵᠢ ᠪᠡᠶᠡᠯᠡᠭᠦᠯᠵᠦ᠂  ᠵᠠᠰᠠᠭ ᠵᠠᠬᠢᠷᠭ᠋ᠠᠨ᠎ᠤ ᠵᠠᠷᠭᠤ ᠪᠤᠶᠤ ᠵᠠᠬᠢᠳᠠᠯ ᠰᠣᠷᠪᠤᠯᠵᠢᠯᠠᠭ᠎ᠠ ᠵᠢᠨ ᠵᠠᠮ᠎ᠳᠤ ᠳᠠᠭᠢᠵᠤ  ᠣᠷᠣᠭᠰᠠᠨ ᠦᠭᠡᠢ ᠪᠠᠢ᠌ᠵᠤ᠂  ᠵᠥᠷᠢᠴᠡᠯ ᠵᠢᠭᠤᠷᠠᠯᠳᠤᠭ᠋ᠠᠨ᠎ᠢ

ᠦᠨᠡᠨ ᠬᠦ᠌ ᠡᠬᠢ ᠡᠭᠦᠰᠦᠯ᠎ᠠᠴᠠ᠎ᠨᠢ ᠰᠢᠢ᠍ᠳᠪᠦᠷᠢᠯᠡᠵᠦ᠂  ᠦᠨᠳᠦᠰᠦᠨ ᠱᠠᠲᠤᠨ᠎ᠳᠤ ᠰᠢᠢ᠍ᠳᠪᠦᠷᠢᠯᠡᠭᠰᠡᠨ ᠪᠠᠢ᠌ᠨ᠎ᠠ᠃ 

      ᠬᠢᠨᠠᠯᠲᠠ ᠲᠠᠯᠪᠢᠬᠤ ᠲᠣᠭᠲᠠᠴᠠ ᠵᠢ ᠲᠡᠭᠦᠯᠳᠡᠷᠵᠢᠭᠦᠯᠵᠦ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠦᠢ᠍ᠯᠡᠳᠦᠯ ᠴᠢᠳᠠᠪᠤᠷᠢ ᠵᠢ  ᠳᠡᠭᠡᠭᠰᠢᠯᠡᠭᠦᠯᠵᠡᠢ᠃ 

     ᠬᠠᠩᠭᠢᠨ ᠬᠣᠢ᠌ᠲᠤ ᠬᠣᠰᠢᠭᠤᠨ᠎ᠤ᠎ᠬᠢᠨ ᠪᠦᠬᠦ ᠬᠡᠯᠬᠢᠶ᠎ᠡ ᠵᠢᠨ ᠵᠠᠰᠠᠭ ᠵᠠᠬᠢᠷᠭ᠋ᠠᠨ᠎ᠤ ᠠᠵᠢᠯᠯᠠᠭ᠎ᠠ᠎ᠳᠤ ᠬᠢᠨᠠᠯᠲᠠ ᠲᠠᠯᠪᠢᠬᠤ  ᠰᠢᠰᠲ᠋ᠧᠮ᠎ᠢ ᠬᠦᠴᠦᠯᠡᠨ ᠪᠠᠢ᠌ᠭᠤᠯᠵᠤ᠂  ᠵᠠᠰᠠᠭ ᠵᠠᠬᠢᠷᠭ᠋ᠠᠨ᠎ᠤ ᠳᠠᠬᠢᠨ ᠵᠥᠪᠯᠡᠭᠰᠡᠨ ᠲᠣᠭᠲᠠᠭ᠋ᠠᠯ᠎ᠤᠨ  ᠪᠢᠴᠢᠭ᠎ᠢ ᠭᠦᠢ᠍ᠴᠡᠳᠬᠡᠭᠰᠡᠨ᠎ᠢ ᠮᠥᠷᠳᠡᠨ ᠠᠰᠠᠭᠤᠬᠤ ᠲᠣᠭᠲᠠᠴᠠ ᠪᠣᠯᠣᠨ ᠵᠠᠯᠠᠷᠠᠭᠤᠯᠤᠭᠳᠠᠭᠰᠠᠨ ᠬᠡᠷᠡᠭ᠎ᠢ ᠳᠠᠬᠢᠨ ᠳᠠᠪᠲᠠᠨ ᠵᠠᠳᠠᠯᠬᠤ ᠲᠣᠭᠲᠠᠴᠠ ᠵᠢ ᠪᠠᠢ᠌ᠭᠤᠯᠪᠠ᠃ ᠠᠯᠳᠠᠭ᠎ᠠ ᠪᠤᠷᠤᠭᠤ᠎ᠪᠠᠨ ᠵᠠᠯᠠᠷᠠᠭᠤᠯᠤᠭᠰᠠᠨ᠂  ᠵᠠᠷᠭᠤ ᠢᠯᠠᠭᠳᠠᠭᠰᠠᠨ ᠨᠢᠭᠡᠴᠢ᠎ᠳᠤ ᠬᠠᠤᠯᠢ ᠬᠡᠷᠡᠭᠵᠢᠭᠦᠯᠦᠯᠲᠡ ᠵᠢᠨ ᠵᠢᠷᠤᠮᠵᠢᠯ ᠦᠭᠡᠢ ᠪᠠᠢ᠌ᠬᠤ ᠠᠰᠠᠭᠤᠳᠠᠯ᠎ᠢ ᠪᠦᠬᠦ ᠲᠠᠯ᠎ᠠ᠎ᠪᠠᠷ ᠪᠠᠢ᠌ᠴᠠᠭ᠋ᠠᠨ ᠦᠵᠡᠵᠦ᠂  ᠴᠡᠭᠴᠡᠯᠡᠨ ᠰᠠᠢ᠌ᠵᠢᠷᠠᠭᠤᠯᠤᠭᠰᠠᠨ ᠮᠡᠳᠡᠭᠦᠯᠦᠯᠲᠡ ᠪᠣᠯᠭ᠋ᠠᠬᠤ ᠵᠢ  ᠱᠠᠭ᠋ᠠᠷᠳᠠᠵᠠᠢ; ᠠᠯᠳᠠᠭ᠎ᠠ ᠪᠤᠷᠤᠭᠤ ᠵᠢ ᠵᠠᠯᠠᠷᠠᠭᠤᠯᠬᠤ ᠬᠡᠷᠡᠭ᠎ᠲᠤ ᠬᠣᠯᠪᠣᠭᠳᠠᠭᠰᠠᠨ ᠨᠢᠭᠡᠴᠡ ᠵᠢ ᠪᠥᠬᠥ ᠬᠣᠰᠢᠭᠤ᠎ᠪᠠᠷ ᠵᠶ᠋ᠠᠨ ᠵᠠᠷᠯᠠᠨ ᠮᠡᠳᠡᠭᠳᠡᠬᠦ ᠵᠢᠨ ᠬᠠᠮᠲᠤ ᠳᠡᠭᠡᠳᠦ ᠱᠠᠲᠤᠨ᠎ᠤ ᠡᠷᠭᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠬᠠᠭᠤᠯᠤᠨ ᠮᠡᠳᠡᠭᠳᠡᠵᠦ᠂  ᠬᠠᠷᠢᠭᠤᠴᠠᠯᠭ᠎ᠠ ᠵᠢᠨ ᠭᠡᠳᠡᠷᠭᠦ ᠰᠢᠬᠠᠮᠳᠠᠭᠤᠯᠤᠯ᠎ᠢ  ᠴᠢᠩᠭ᠋ᠠᠳᠬᠠᠵᠠᠢ᠃ 2025 ᠣᠨ᠎ᠳᠤ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠬᠦ ᠰᠠᠨᠠᠯ᠎ᠤᠨ ᠪᠢᠴᠢᠭ᠎ᠢ ᠨᠡᠶ᠋ᠢᠲᠡ 2 ᠬᠤᠪᠢ᠂  ᠬᠠᠤᠯᠢ ᠲᠣᠭᠲᠠᠭ᠋ᠠᠯ᠎ᠠᠴᠠ ᠵᠥᠷᠢᠴᠡᠭᠰᠡᠨ ᠰᠦᠪᠡᠭᠴᠢ ᠵᠢ ᠰᠢᠯᠵᠢᠭᠦᠯᠦᠨ ᠬᠦᠷᠭᠡᠬᠦ ᠵᠠᠬᠢᠳᠠᠯ 1 ᠬᠤᠪᠢ᠂  ᠵᠠᠰᠠᠭ ᠵᠠᠬᠢᠷᠭ᠋ᠠᠨ ᠵᠶ᠋ᠠᠷ ᠳᠠᠬᠢᠨ  ᠵᠥᠪᠯᠡᠬᠦ ᠰᠠᠨᠠᠯ᠎ᠤᠨ ᠪᠢᠴᠢᠭ᠎ᠲᠤ ᠬᠠᠭᠤᠯᠤᠨ ᠮᠡᠳᠡᠭᠳᠡᠬᠦ ᠵᠠᠬᠢᠳᠠᠯ 4 ᠬᠤᠪᠢ ᠲᠠᠷᠬᠠᠭ᠋ᠠᠵᠤ᠂  ᠬᠠᠮᠢᠶ᠎ᠠ ᠪᠦᠬᠦᠢ ᠰᠠᠯᠠᠭ᠎ᠠ ᠮᠥᠴᠢᠷ᠎ᠢ ᠪᠦᠲᠦᠮᠵᠢᠲᠡᠶ᠎ᠪᠠᠷ ᠰᠢᠪᠠᠳᠠᠵᠤ ᠪᠠᠢ᠌ᠭ᠋ᠠᠳ ᠬᠠᠤᠯᠢ ᠬᠡᠷᠡᠭᠵᠢᠭᠦᠯᠬᠦ ᠶᠠᠪᠤᠴᠠ ᠵᠢ 5 ᠰᠢᠯᠢᠳᠡᠭᠵᠢᠭᠦᠯᠪᠡ᠃  ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ ᠬᠢᠭᠡᠳ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠢ ᠭᠦᠨᠵᠡᠭᠡᠢ ᠵᠣᠯᠭ᠋ᠠᠭᠤᠯᠬᠤ ᠵᠢ ᠴᠢᠩᠭ᠋ᠠᠳᠬᠠᠬᠤ᠎ᠪᠠᠷ ᠳᠠᠮᠵᠢᠭᠤᠯᠤᠨ᠂  ᠮᠡᠳᠡᠭᠡ ᠵᠠᠩᠭᠢ ᠵᠢ ᠬᠠᠮᠲᠤᠪᠠᠷ ᠭᠥᠷᠳᠡᠬᠦ᠂  ᠰᠦᠪᠡᠭᠴᠢ ᠵᠢ ᠰᠢᠯᠵᠢᠭᠦᠯᠦᠨ ᠬᠦᠷᠭᠡᠬᠦ᠂  ᠬᠠᠮᠲᠤᠷᠠᠨ ᠬᠠᠤᠯᠢ ᠬᠡᠷᠡᠭᠵᠢᠭᠦᠯᠦᠯᠲᠡ ᠵᠢ ᠪᠠᠢ᠌ᠴᠠᠭ᠋ᠠᠬᠤ ᠵᠡᠷᠭᠡ ᠠᠵᠢᠯ᠎ᠤᠨ ᠲᠣᠭᠲᠠᠴᠠ ᠵᠢ ᠪᠠᠢ᠌ᠭᠤᠯᠵᠤ᠂  ᠬᠢᠨᠠᠯᠲᠠ ᠲᠠᠯᠪᠢᠬᠤ ᠨᠡᠢ᠌ᠯᠡᠮᠡᠯ ᠬᠦᠴᠦᠨ᠎ᠢ ᠪᠦᠷᠢᠯᠳᠦᠭᠦᠯᠦᠨ᠂  ᠵᠠᠰᠠᠭ ᠵᠠᠬᠢᠷᠭ᠋ᠠᠨ᠎ᠤ ᠡᠷᠬᠡ ᠵᠢᠨ ᠠᠵᠢᠯᠯᠠᠭ᠋ᠠᠨ᠎ᠢ ᠤᠯᠠᠮ ᠨᠢᠭᠡ ᠠᠯᠬᠤᠮ ᠵᠢᠷᠤᠮᠵᠢᠭᠤᠯᠵᠤ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠬᠢᠷᠢ ᠬᠡᠮᠵᠢᠶ᠎ᠡ ᠵᠢ ᠢᠯᠡᠳᠲᠡ  ᠳᠡᠭᠡᠭᠰᠢᠯᠡᠭᠦᠯᠵᠡᠢ᠃ 

ᠢᠷᠡᠯᠲᠡ᠄ᠬᠠᠤᠯᠢᠵᠢᠯ᠎ᠤᠨ ᠪᠠᠶᠠᠨᠨᠠᠭᠤᠷ
          
ᠬᠠᠮᠢᠶ᠎ᠡ ᠪᠦᠬᠦᠢ ᠰᠣᠨᠢᠨ
 
            