ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠲᠠᠨ᠎ᠳᠤ ᠦᠢᠯᠡᠴᠢᠯᠡᠬᠦ᠌
20000 ᠲᠥᠭᠥᠷᠢᠭ᠎ᠤᠨ ᠠᠵᠢᠯ ᠠᠯᠳᠠᠭᠰᠠᠨ ᠳᠠᠭ᠋ᠠᠳᠬᠠᠯ᠎ᠤᠨ ᠰᠠᠭᠤᠷᠢ ᠮᠥᠩᠭᠥ ᠵᠢ ᠨᠡᠬᠡᠮᠵᠢᠯᠡᠨ ᠠᠪᠴᠢᠷᠠᠵᠤ ᠥᠭᠪᠡ
ᠨᠡᠶ᠋ᠢᠲᠡᠯᠡᠭᠰᠡᠨ ᠴᠠᠭ᠄ 2025-05-23

      ᠣᠷᠴᠢᠮᠬᠠᠨ ᠰᠢᠯᠢ ᠵᠢᠨ ᠭᠣᠣᠯ ᠠᠢ᠌ᠮᠠᠭ᠎ᠤᠨ ᠠᠵᠢᠯ ᠣᠯᠭᠣᠯᠲᠠ ᠵᠢᠨ ᠲᠥᠪ᠎ᠤᠨ᠎ᠬᠢᠨ ᠨᠢᠭᠡᠨ ᠢᠵᠢ 《ᠮᠢᠩᠭ᠋ᠠᠨ᠎ᠤ ᠭᠠᠵᠠᠷ᠎ᠢ ᠠᠯᠤᠰ ᠬᠡᠮᠡᠭᠰᠡᠨ ᠦᠭᠡᠢ᠎ᠪᠠᠷ ᠨᠡᠬᠡᠮᠵᠢᠯᠡᠨ ᠮᠥᠷᠳᠡᠵᠦ᠂ ᠠᠵᠢᠯ ᠠᠯᠳᠠᠭᠰᠠᠨ ᠳᠠᠭ᠋ᠠᠳᠬᠠᠯ᠎ᠤᠨ ᠮᠥᠩᠭᠥ ᠵᠢ ᠬᠠᠮᠠᠭ᠋ᠠᠯᠠᠭᠰᠠᠨ᠎ᠨᠢ ᠰᠠᠢ᠌ᠰᠢᠶᠠᠯᠲᠠᠢ》 ᠭᠡᠰᠡᠨ ᠪᠢᠴᠢᠭᠡᠰᠦ᠎ᠲᠠᠢ ᠬᠡᠮᠡᠷᠯᠢᠭ ᠲᠤᠭ᠎ᠢ ᠰᠢᠯᠢᠩᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶᠠᠨ᠎ᠤ ᠡᠷᠡᠭᠦᠦ ᠵᠢᠨ ᠬᠡᠷᠡᠭ᠎ᠢ ᠲᠠᠡᠭᠨᠠᠨ ᠪᠠᠢ᠌ᠴᠠᠭ᠋ᠠᠬᠤ ᠶᠡᠬᠡ ᠠᠩᠭᠢ᠎ᠳᠤ ᠭᠠᠷᠳᠠᠭᠤᠯᠤᠨ ᠬᠦᠷᠭᠡᠯ᠎ᠡ᠃ ᠡᠨᠡ ᠬᠦ᠌ ᠬᠡᠮᠡᠷᠯᠢᠭ ᠲᠣᠭ᠎ᠨᠢ ᠴᠠᠭᠳᠠᠭ᠋ᠠᠨ᠎ᠤ ᠲᠠᠯ᠎ᠠ ᠵᠢᠨ᠎ᠬᠢᠨ᠎ᠤ ᠠᠵᠢᠯ ᠠᠯᠳᠠᠭᠰᠠᠨ ᠳᠠᠭ᠋ᠠᠳᠬᠠᠯ᠎ᠤᠨ ᠰᠠᠭᠤᠷᠢ ᠮᠥᠩᠭᠥ ᠵᠢ ᠨᠡᠬᠡᠮᠵᠢᠯᠡᠨ ᠲᠤᠰᠢᠶᠠᠯᠭ᠋ᠠᠵᠤ᠂ ᠠᠷᠠᠳ᠎ᠤᠨ ᠠᠮᠢᠳᠤᠷᠠᠯ᠎ᠳᠤ ᠪᠠᠲᠤᠯᠠᠭ᠎ᠠ ᠪᠣᠯᠤᠭᠰᠠᠨ ᠴᠠᠭᠳᠠᠭ᠎ᠠ ᠨᠠᠷ᠎ᠤᠨ ᠦᠨᠡᠨ ᠵᠢᠳᠬᠦᠯ᠎ᠢ ᠪᠠᠬᠠᠳᠤᠨ ᠦᠨᠡᠯᠡᠵᠦ ᠪᠠᠢ᠌ᠭ᠎ᠠ ᠪᠢᠯᠡ᠃

      ᠰᠢᠯᠢᠩᠬᠣᠲᠠ ᠵᠢᠨ ᠳᠣᠲᠣᠭ᠋ᠠᠳᠤ ᠵᠢ ᠬᠠᠮᠠᠭ᠋ᠠᠯᠠᠬᠤ ᠲᠣᠪᠴᠢᠶ᠎ᠠ ᠵᠢᠨ ᠡᠷᠡᠭᠦᠦ ᠵᠢᠨ ᠬᠡᠷᠡᠭ᠎ᠢ ᠲᠠᠡᠭᠨᠠᠨ ᠪᠠᠢ᠌ᠴᠠᠭ᠋ᠠᠬᠤ ᠶᠡᠬᠡ ᠠᠩᠭᠢ ᠵᠢᠨ᠎ᠬᠢᠨ ᠠᠷᠠᠳ᠎ᠤᠨ ᠠᠮᠢᠳᠤᠷᠠᠯ᠎ᠤᠨ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠥᠮᠥᠨ᠎ᠤ ᠬᠦᠴᠦᠨ᠎ᠤ ᠡᠬᠢ ᠪᠠᠶᠠᠯᠢᠭ ᠪᠠ ᠨᠡᠢ᠌ᠭᠡᠮ᠎ᠤᠨ ᠪᠠᠲᠤᠯᠠᠭ᠎ᠠ ᠵᠢᠨ ᠰᠠᠯᠠᠭ᠎ᠠ ᠮᠥᠴᠢᠷ᠎ᠤᠨ ᠰᠢᠯᠵᠢᠭᠦᠯᠦᠨ ᠬᠦᠷᠭᠡᠭᠰᠡᠨ ᠲᠣᠭᠲᠠᠭ᠋ᠠᠯ᠎ᠠᠴᠠ ᠵᠥᠷᠢᠴᠡᠨ ᠠᠵᠢᠯ ᠠᠯᠳᠠᠭᠰᠠᠨ ᠳᠠᠭ᠋ᠠᠳᠬᠠᠯ᠎ᠤᠨ ᠬᠠᠷᠠᠭ᠋ᠠᠯᠵᠠᠯ ᠠᠪᠤᠭᠰᠠᠨ 6 ᠬᠡᠷᠡᠭ᠎ᠤᠨ ᠰᠦᠪᠡᠭᠴᠢ ᠵᠢ ᠨᠠᠷᠢᠨ ᠬᠢᠨᠠᠮᠠᠭ᠋ᠠᠢ ᠬᠢᠨᠠᠨ ᠪᠠᠢ᠌ᠴᠠᠭ᠋ᠠᠵᠠᠢ᠃ ᠡᠨᠡ ᠬᠦ᠌ ᠶᠠᠪᠤᠴᠠ᠎ᠳᠤ ᠲᠣᠭᠲᠠᠭ᠋ᠠᠯ᠎ᠢ ᠵᠥᠷᠢᠴᠡᠨ ᠭᠠᠷᠭ᠋ᠠᠨ ᠠᠪᠤᠭᠰᠠᠨ ᠠᠵᠢᠯ ᠠᠯᠳᠠᠭᠰᠠᠨ ᠳᠠᠭ᠋ᠠᠳᠬᠠᠯ᠎ᠤᠨ ᠰᠠᠭᠤᠷᠢ ᠮᠥᠩᠭᠥ ᠵᠢ 2 ᠲᠦᠮᠡ ᠭᠠᠷᠤᠢ ᠲᠥᠭᠥᠷᠢᠭ ᠨᠡᠬᠡᠮᠵᠢᠯᠡᠨ ᠠᠪᠴᠢᠷᠠᠵᠤ᠂ ᠳᠠᠭ᠋ᠠᠳᠬᠠᠯ᠎ᠢ ᠮᠡᠬᠡᠯᠡᠨ ᠠᠪᠬᠤ ᠦᠢᠯᠡ ᠠᠵᠢᠯᠯᠠᠭ᠎ᠠ᠎ᠳᠤ ᠬᠦᠴᠦᠲᠡᠢ ᠴᠣᠬᠢᠯᠲᠠ

ᠥᠭᠴᠡᠢ᠃

      ᠪᠠᠢ᠌ᠴᠠᠭ᠋ᠠᠯᠲᠠ᠎ᠠᠴᠠ ᠦᠵᠡᠪᠡᠯ᠂ ᠬᠡᠷᠡᠭ᠎ᠲᠤ ᠬᠣᠯᠪᠣᠭᠳᠠᠭᠰᠠᠨ ᠯᠢ ᠣᠪᠣᠭᠲᠤ ᠵᠡᠷᠭᠡ ᠬᠥᠮᠥᠰ ᠰᠢᠨ᠎ᠡ᠎ᠪᠠᠷ ᠠᠵᠢᠯ ᠣᠯᠣᠭᠰᠠᠨ᠎ᠤ ᠳᠠᠷᠠᠭ᠎ᠠ ᠠᠵᠢᠯ ᠣᠯᠣᠭᠰᠠᠨ ᠪᠣᠳᠠᠲᠤ ᠪᠠᠢ᠌ᠳᠠᠯ ᠵᠶ᠋ᠡᠨ ᠨᠢᠭᠤᠨ ᠳᠠᠯᠳᠠᠯᠠᠬᠤ ᠵᠡᠷᠭᠡ ᠠᠷᠭ᠎ᠠ ᠪᠠᠷᠢᠯ ᠵᠶ᠋ᠠᠷ ᠲᠣᠭᠲᠠᠭ᠋ᠠᠯ᠎ᠠᠴᠠ ᠵᠥᠷᠢᠴᠡᠨ ᠠᠵᠢᠯ ᠠᠯᠳᠠᠭᠰᠠᠨ ᠳᠠᠭ᠋ᠠᠳᠬᠠᠯ᠎ᠤᠨ ᠬᠠᠷᠠᠭ᠋ᠠᠯᠵᠠᠯ ᠠᠪᠤᠭᠰᠠᠨ ᠪᠠᠢ᠌ᠨ᠎ᠠ᠃ ᠠᠵᠢᠯ ᠠᠯᠳᠠᠭᠰᠠᠳ᠎ᠤᠨ ᠳᠠᠭ᠋ᠠᠳᠬᠠᠯ᠎ᠢ ᠡᠷᠭᠢᠯᠡᠨ ᠭᠦᠢ᠍ᠴᠡᠳᠬᠡᠬᠦ ᠪᠠᠢ᠌ᠭᠤᠯᠤᠮᠵᠢ᠎ᠠᠴᠠ ᠲᠡᠭᠦᠨ᠎ᠳᠤ ᠬᠠᠤᠯᠢ᠎ᠠᠴᠠ ᠵᠥᠷᠢᠴᠡᠭᠰᠡᠨ ᠪᠣᠳᠠᠲᠤ ᠬᠡᠷᠡᠭ᠎ᠢ ᠲᠣᠳᠣᠷᠬᠠᠢ ᠮᠡᠳᠡᠭᠳᠡᠭᠰᠡᠨ᠎ᠤ ᠳᠠᠷᠠᠭ᠎ᠠ ᠴᠤ᠌ ᠬᠡᠷᠡᠭ᠎ᠲᠤ ᠬᠣᠯᠪᠣᠭᠳᠠᠭᠰᠠᠨ ᠬᠡᠰᠡᠭ ᠬᠥᠮᠥᠰ ᠮᠥᠨ ᠯᠡ ᠲᠤᠰ ᠪᠦᠯᠦᠭ ᠳᠠᠭ᠋ᠠᠳᠬᠠᠯ᠎ᠤᠨ ᠮᠥᠩᠭᠥ ᠵᠢ ᠪᠤᠴᠠᠭ᠋ᠠᠬᠤ ᠵᠢ ᠲᠡᠪᠴᠢᠵᠦ᠂ ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠳᠦᠷᠢᠮ᠎ᠤᠨ ᠲᠥᠪ ᠭᠤᠤᠯᠴᠢ ᠡᠮᠬᠢ ᠵᠢᠷᠤᠮ ᠪᠠ ᠰᠠᠭᠤᠷᠢ ᠮᠥᠩᠭᠥ ᠵᠢᠨ ᠠᠮᠤᠷ ᠲᠦᠪᠰᠢᠨ᠎ᠢ ᠨᠣᠴᠢᠲᠠᠢ ᠬᠣᠬᠢᠷᠠᠭᠤᠯᠵᠠᠢ᠃

      ᠬᠡᠷᠡᠭ᠎ᠤᠨ ᠰᠦᠪᠡᠭᠴᠢ ᠵᠢ ᠲᠤᠢ᠌ᠯᠪᠤᠷᠢᠲᠠᠢ ᠪᠠᠢ᠌ᠴᠠᠭ᠋ᠠᠬᠤ ᠵᠢᠨ ᠲᠥᠯᠥᠭᠡ᠂ ᠠᠷᠠᠳ᠎ᠤᠨ ᠴᠠᠭᠳᠠᠭ᠎ᠠ ᠨᠠᠷ ᠱᠠᠨ ᠰᠢ᠂ ᠾᠧᠪᠧᠢ᠂ ᠥᠪᠥᠷ ᠮᠣᠩᠭᠣᠯ᠎ᠤᠨ ᠤᠯᠠᠭ᠋ᠠᠨᠬᠠᠳᠠ ᠵᠡᠷᠭᠡ ᠭᠠᠵᠠᠷ ᠵᠶ᠋ᠠᠷ ᠶᠠᠪᠤᠵᠤ᠂ ᠬᠡᠳᠦᠨ ᠮᠢᠩᠭ᠋ᠠᠨ ᠺᠢᠯᠣᠮᠧᠲᠷ ᠠᠶᠠᠯᠠᠵᠤ᠂ ᠲᠣᠭᠲᠠᠭ᠋ᠠᠯ᠎ᠠᠴᠠ ᠵᠥᠷᠢᠴᠡᠨ ᠭᠠᠷᠭ᠋ᠠᠨ ᠠᠪᠤᠭᠰᠠᠨ ᠪᠡᠯᠡ ᠮᠥᠩᠭᠥ ᠵᠢ ᠪᠦᠭᠦᠨ᠎ᠢ ᠨᠡᠬᠡᠮᠵᠢᠯᠡᠨ ᠠᠪᠴᠢᠷᠠᠭᠰᠠᠨ ᠵᠶ᠋ᠠᠷ ᠪᠠᠷᠠᠬᠤ ᠦᠭᠡᠢ᠂ ᠲᠣᠭᠲᠠᠭ᠋ᠠᠯ᠎ᠠᠴᠠ ᠵᠥᠷᠢᠴᠡᠨ ᠠᠵᠢᠯ ᠠᠯᠳᠠᠭᠰᠠᠨ ᠳᠠᠭ᠋ᠠᠳᠬᠠᠯ᠎ᠤᠨ ᠰᠠᠭᠤᠷᠢ ᠮᠥᠩᠭᠥ ᠵᠢ ᠭᠠᠷᠭ᠋ᠠᠨ ᠠᠪᠬᠤ᠎ᠨᠢ ᠬᠠᠤᠯᠢ ᠴᠠᠭ᠋ᠠᠵᠠ ᠵᠢᠨ ᠤᠯᠠᠭ᠋ᠠᠨ ᠱᠤᠭᠤᠮ᠎ᠳᠤ ᠬᠠᠯᠳᠠᠵᠤ᠂ ᠳᠠᠭ᠋ᠠᠳᠬᠠᠯ᠎ᠳᠤ ᠣᠷᠣᠯᠴᠠᠬᠰᠠᠨ ᠣᠯᠠᠨ ᠲᠦᠮᠡᠨ᠎ᠤ ᠠᠰᠢᠭ ᠲᠤᠰᠠ ᠵᠢ ᠬᠣᠬᠢᠷᠠᠭᠤᠯᠤᠭᠰᠠᠨ ᠭᠡᠳᠡᠭ᠎ᠢ ᠨᠡᠢ᠌ᠭᠡᠮ ᠨᠡᠢ᠌ᠳᠡ᠎ᠳᠤ ᠰᠤᠷᠲᠠᠯᠴᠢᠯᠠᠨ ᠲᠠᠨᠢᠭᠤᠯᠤᠭᠰᠠᠨ ᠪᠠᠢ᠌ᠨ᠎ᠠ᠃

      《ᠬᠣᠢ᠌ᠰᠢᠳᠠ ᠮᠠᠨ᠎ᠤ ᠠᠢ᠌ᠮᠠᠭ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠎ᠤᠨ᠎ᠬᠢᠨ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠂ ᠠᠷᠠᠳ᠎ᠤᠨ ᠰᠢᠭᠦᠬᠦ ᠬᠣᠷᠢᠶ᠎ᠠ ᠵᠡᠷᠭᠡ ᠰᠠᠯᠠᠭ᠎ᠠ ᠮᠥᠴᠢᠷ᠎ᠯᠦᠭᠡ ᠬᠠᠮᠲᠤᠷᠠᠨ᠂ ᠠᠵᠢᠯ ᠠᠯᠳᠠᠭᠰᠠᠨ ᠳᠠᠭ᠋ᠠᠳᠬᠠᠯ᠎ᠤᠨ ᠬᠠᠷᠠᠭ᠋ᠠᠯᠵᠠᠯ᠎ᠢ ᠬᠢᠨᠠᠨ ᠪᠠᠢ᠌ᠴᠠᠭ᠋ᠠᠵᠤ ᠨᠡᠬᠡᠮᠵᠢᠯᠡᠨ ᠲᠤᠰᠢᠶᠠᠯᠭ᠋ᠠᠬᠤ ᠪᠠᠢ᠌ᠩᠭᠤ ᠵᠢᠨ ᠲᠣᠭᠲᠠᠴᠠ ᠵᠢ ᠪᠠᠢ᠌ᠭᠤᠯᠵᠤ᠂ ᠳᠠᠭ᠋ᠠᠳᠬᠠᠯ᠎ᠤᠨ ᠰᠠᠭᠤᠷᠢ ᠮᠥᠩᠭᠥ ᠵᠢᠨ ᠠᠮᠤᠷ ᠲᠦᠪᠰᠢᠨ ᠬᠠᠮᠢᠶᠠᠷᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠣᠯᠠᠨ ᠲᠦᠮᠡᠨ᠎ᠤ ᠬᠠᠤᠯᠢ ᠶᠣᠰᠣᠨ᠎ᠤ ᠠᠰᠢᠭ ᠲᠤᠰᠠ ᠵᠢ ᠰᠠᠢ᠌ᠲᠤᠷ ᠬᠠᠮᠠᠭ᠋ᠠᠯᠠᠨ᠎ᠠ》 ᠭᠡᠵᠦ ᠰᠢᠯᠢ ᠵᠢᠨ ᠭᠣᠣᠯ ᠠᠢ᠌ᠮᠠᠭ᠎ᠤᠨ ᠠᠵᠢᠯ ᠣᠯᠭᠣᠯᠲᠠ ᠵᠢᠨ ᠦᠢ᠍ᠯᠡᠴᠢᠯᠡᠭᠡᠨ᠎ᠤ ᠲᠥᠪ᠎ᠤᠨ ᠳᠡᠳ᠋ ᠡᠷᠭᠢᠯᠡᠭᠴᠢ ᠵᠠᠩ ᠵᠢᠩ ᠰᠣᠷᠪᠤᠯᠵᠢᠯᠠᠭ᠎ᠠ ᠬᠦᠯᠢᠶᠡᠬᠦ᠎ᠳᠡᠭᠡᠨ ᠶᠠᠷᠢᠯ᠎ᠠ᠃

ᠢᠷᠡᠯᠲᠡ᠄ᠳᠤᠮᠳᠠᠳᠤ ᠤᠯᠤᠰ᠎ᠤᠨ ᠮᠣᠩᠭᠤᠯ ᠬᠡᠯᠡᠨ᠎ᠤ ᠰᠣᠨᠢᠨ ᠮᠡᠳᠡᠭᠡ ᠵᠢᠨ ᠰᠦᠯᠵᠢᠶ᠎ᠡ
          
ᠬᠠᠮᠢᠶ᠎ᠡ ᠪᠦᠬᠦᠢ ᠰᠣᠨᠢᠨ
 
            