ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠰᠣᠷᠪᠣᠯᠵᠢᠯᠠᠭ᠎ᠠ
ᠬᠠᠤᠯᠢ ᠴᠠᠭ᠋ᠠᠵᠠ ᠵᠢᠨ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ 《ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠪᠢᠴᠢᠭ ᠬᠠᠷ᠎ᠠ ᠵᠢᠨ ᠦᠨᠳᠦᠰᠦᠨ ᠵᠠᠭᠪᠤᠷ᠎ᠤᠨ ᠪᠢᠴᠢᠭ (ᠲᠤᠷᠰᠢᠨ ᠬᠡᠷᠡᠭᠵᠢᠭᠦᠯᠬᠦ)》᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠤᠭᠰᠠᠨ᠎ᠨᠢ (ᠨᠢᠭᠡ)
ᠨᠡᠶ᠋ᠢᠲᠡᠯᠡᠭᠰᠡᠨ ᠴᠠᠭ᠄ 2025-06-10

      ᠣᠢ᠌ᠷ᠎ᠠ᠎ᠳᠤ᠂  ᠬᠠᠤᠯᠢ ᠴᠠᠭ᠋ᠠᠵᠠ ᠵᠢᠨ ᠶᠠᠮᠤᠨ᠎ᠤ ᠠᠯᠪᠠᠨ ᠲᠢᠩᠬᠢᠮ 《ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠪᠢᠴᠢᠭ ᠬᠠᠷ᠎ᠠ ᠵᠢᠨ ᠦᠨᠳᠦᠰᠦᠨ ᠵᠠᠭᠪᠤᠷ᠎ᠤᠨ  ᠪᠢᠴᠢᠭ (ᠲᠤᠷᠰᠢᠨ ᠬᠡᠷᠡᠭᠵᠢᠭᠦᠯᠬᠦ)》 (ᠳᠣᠷᠣᠭᠰᠢ 《ᠦᠨᠳᠦᠰᠦᠨ ᠵᠠᠭᠪᠤᠷ᠎ᠤᠨ  ᠪᠢᠴᠢᠭ (ᠲᠤᠷᠰᠢᠨ ᠬᠡᠷᠡᠭᠵᠢᠭᠦᠯᠬᠦ)》  ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃  ᠡᠯ᠎ᠡ ᠲᠠᠯ᠎ᠠ ᠵᠢᠨ᠎ᠬᠢᠨ᠎ᠤ ᠬᠣᠯᠪᠣᠭᠳᠠᠯ ᠪᠦᠬᠦᠢ ᠪᠠᠢ᠌ᠳᠠᠯ᠎ᠢ ᠣᠨᠣᠪᠴᠢᠲᠠᠶ ᠡᠵᠡᠮᠰᠢᠬᠦ᠎ᠳᠤ ᠲᠥᠬᠥᠮ ᠦᠵᠡᠭᠦᠯᠬᠦ ᠵᠢᠨ ᠲᠥᠯᠥᠭᠡ᠂  ᠬᠠᠤᠯᠢ  ᠴᠠᠭ᠋ᠠᠵᠠ ᠵᠢᠨ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ 《ᠦᠨᠳᠦᠰᠦᠨ ᠵᠠᠭᠪᠤᠷ᠎ᠤᠨ ᠪᠢᠴᠢᠭ (ᠲᠤᠷᠰᠢᠨ ᠬᠡᠷᠡᠭᠵᠢᠭᠦᠯᠬᠦ)》᠎ᠤᠨ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃ 

      ᠠᠰᠠᠭᠤᠯᠲᠠ᠄ 《ᠦᠨᠳᠦᠰᠦᠨ ᠵᠠᠭᠪᠤᠷ᠎ᠤᠨ ᠪᠢᠴᠢᠭ (ᠲᠤᠷᠰᠢᠨ ᠬᠡᠷᠡᠭᠵᠢᠭᠦᠯᠬᠦ)》᠎ᠢ ᠲᠣᠭᠲᠠᠭ᠋ᠠᠭᠰᠠᠨ ᠠᠬᠤᠢ ᠪᠠᠢ᠌ᠳᠠᠯ᠎ᠢ ᠲᠠᠨᠢᠯᠴᠠᠭᠤᠯᠤᠨ᠎ᠠ ᠦᠦ? 

      ᠬᠠᠷᠢᠭᠤᠯᠲᠠ᠄  ᠶᠡᠷᠦᠩᠬᠡᠢ ᠱᠦᠵᠢ ᠰᠢ ᠵᠢᠨ ᠫᠢᠩ᠂  ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ᠎ᠪᠠᠨ ᠴᠢᠩᠭ᠋ᠠᠳᠬᠠᠵᠤ᠂  ᠳᠤᠷ᠎ᠠ᠎ᠪᠠᠷ ᠵᠶ᠋ᠠᠨ ᠰᠦᠢ᠍ᠳᠬᠡᠯ ᠬᠤᠷᠢᠶᠠᠬᠤ᠂  ᠳᠤᠷ᠎ᠠ᠎ᠪᠠᠷ ᠵᠶ᠋ᠠᠨ ᠵᠣᠭᠣᠰ ᠵᠶ᠋ᠠᠷ ᠲᠣᠷᠭ᠋ᠠᠬᠤ᠂  ᠳᠤᠷ᠎ᠠ᠎ᠪᠠᠷ ᠵᠶ᠋ᠠᠨ ᠪᠠᠢ᠌ᠴᠠᠭ᠋ᠠᠬᠤ᠂  ᠳᠤᠷ᠎ᠠ᠎ᠪᠠᠷ ᠵᠶ᠋ᠠᠨ ᠪᠠᠢ᠌ᠴᠠᠭ᠋ᠠᠨ ᠪᠢᠲᠡᠭᠦᠮᠵᠢᠯᠡᠬᠦ ᠵᠢ ᠲᠥᠪᠯᠡᠷᠡᠭᠦᠯᠦᠨ ᠴᠡᠭᠴᠡᠯᠡᠨ ᠵᠠᠰᠠᠵᠤ᠂  ᠠᠷᠠᠳ᠎ᠤᠨ ᠡᠵᠡᠩᠨᠡᠭᠰᠡᠨ ᠠᠵᠤ ᠠᠬᠤᠢ᠌ᠯᠠᠯ ᠪᠠ ᠠᠷᠠᠳ᠎ᠤᠨ ᠡᠵᠡᠩᠨᠡᠯᠳᠡ ᠵᠢᠨ  ᠠᠵᠤ ᠠᠬᠤᠢ᠌ᠯᠠᠯᠲᠠᠨ᠎ᠤ ᠬᠠᠤᠯᠢ ᠶᠣᠰᠣᠨ᠎ᠤ ᠡᠷᠬᠡ ᠠᠰᠢᠭ᠎ᠢ ᠦᠨᠡᠨ ᠬᠦ᠌ ᠬᠠᠤᠯᠢ ᠶᠣᠰᠣᠭ᠋ᠠᠷ ᠬᠠᠮᠠᠭ᠋ᠠᠯᠠᠬᠤ ᠬᠡᠷᠡᠭᠲᠡᠢ  ᠭᠡᠵᠦ ᠵᠢᠭ᠋ᠠᠵᠤ ᠭᠠᠷᠭ᠋ᠠᠵᠠᠢ᠃ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠠᠵᠤ ᠠᠬᠤᠢ᠌ᠯᠠᠯ᠎ᠳᠤ ᠬᠣᠯᠪᠣᠭᠳᠠᠬᠤ ᠬᠠᠤᠯᠢ ᠬᠡᠷᠡᠭᠵᠢᠭᠦᠯᠦᠯᠲᠡ ᠵᠢ ᠵᠢᠷᠤᠮᠵᠢᠭᠤᠯᠬᠤ ᠲᠤᠰᠬᠠᠢ ᠠᠵᠢᠯᠯᠠᠭ᠎ᠠ ᠵᠢ ᠲᠤᠰᠬᠠᠢ᠌ᠯᠠᠨ ᠪᠠᠢ᠌ᠷᠢᠯᠠᠭᠤᠯᠤᠨ ᠥᠷᠨᠢᠭᠦᠯᠪᠡ᠃  ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠢ᠌ᠩᠭᠤ ᠵᠢᠨ ᠬᠤᠷᠠᠯ᠎ᠠᠴᠠ᠂  ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢ ᠵᠢᠷᠤᠮᠵᠢᠭᠤᠯᠬᠤ ᠶᠠᠪᠤᠳᠠᠯ᠎ᠢ ᠠᠵᠤ ᠠᠬᠤᠢ᠌ᠯᠠᠯ᠎ᠳᠤ ᠬᠣᠯᠪᠣᠭᠳᠠᠬᠤ ᠬᠠᠤᠯᠢ ᠬᠡᠷᠡᠭᠵᠢᠭᠦᠯᠬᠦ ᠲᠤᠰᠬᠠᠢ ᠠᠵᠢᠯᠯᠠᠭ᠎ᠠ ᠵᠢ ᠵᠢᠷᠤᠮᠵᠢᠭᠤᠯᠬᠤ ᠴᠢᠬᠤᠯᠠ ᠠᠭᠤᠯᠭ᠎ᠠ ᠪᠣᠯᠭ᠋ᠠᠬᠤ ᠬᠡᠷᠡᠭᠲᠡᠢ ᠭᠡᠵᠦ ᠳᠤᠷᠠᠳᠪᠠ᠃ 2024 ᠣᠨ᠎ᠤ 12 ᠰᠠᠷ᠎ᠠ᠎ᠳᠤ᠂  ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢ ᠴᠢᠩᠭ᠎ᠠ ᠵᠢᠷᠤᠮᠵᠢᠭᠤᠯᠬᠤ ᠲᠤᠬᠠᠢ ᠰᠠᠨᠠᠯ》 (ᠲᠥᠷᠥ ᠠᠯᠪᠠᠨ ᠲᠠᠷᠬᠠᠭ᠋ᠠᠭᠰᠠᠨ [2024] 54  ᠳ᠋ᠦ᠍ᠭᠡᠷ ᠲᠣᠭ᠋ᠠᠲᠤ᠂  ᠳᠣᠷᠣᠭᠰᠢ 《ᠰᠠᠨᠠᠯ》  ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ 《ᠲᠥᠷᠥ ᠵᠢᠨ ᠶᠠᠪᠤᠳᠠᠯ᠎ᠤᠨ ᠬᠣᠷᠢᠶᠠᠨ᠎ᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠪᠠᠢ᠌ᠭᠤᠯᠤᠮᠵᠢ᠎ᠨᠢ 2025 ᠣᠨ᠎ᠤ 4 ᠰᠠᠷ᠎ᠠ ᠵᠢᠨ ᠰᠡᠭᠦᠯᠴᠢ᠎ᠠᠴᠠ ᠡᠮᠦᠨ᠎ᠡ ᠨᠢᠭᠡᠳᠦᠯᠲᠡᠢ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠪᠢᠴᠢᠭ ᠬᠠᠷ᠎ᠠ ᠵᠢᠨ ᠦᠨᠳᠦᠰᠦᠨ ᠵᠠᠭᠪᠤᠷ᠎ᠤᠨ ᠪᠠᠷᠢᠮᠵᠢᠶ᠎ᠠ ᠵᠢ ᠲᠣᠭᠲᠠᠭ᠋ᠠᠬᠤ ᠵᠢᠨ ᠬᠠᠮᠲᠤ ᠨᠡᠢ᠌ᠭᠡᠮ᠎ᠳᠤ ᠨᠡᠢ᠌ᠲᠡᠯᠡᠬᠦ ᠬᠡᠷᠡᠭᠲᠡᠢ》  ᠭᠡᠵᠦ ᠱᠠᠭ᠋ᠠᠷᠳᠠᠪᠠ᠃  ᠨᠠᠮ᠎ᠤᠨ ᠲᠥᠪ ᠬᠣᠷᠢᠶ᠎ᠠ᠂  ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢᠨ ᠲᠥᠯᠥᠭᠡ᠂  ᠬᠠᠤᠯᠢ  ᠴᠠᠭ᠋ᠠᠵᠠ ᠵᠢᠨ ᠶᠠᠮᠤᠨ ᠭᠦᠢ᠍ᠴᠡᠳ ᠪᠠᠢ᠌ᠴᠠᠭ᠋ᠠᠨ ᠰᠤᠳᠤᠯᠤᠯᠲᠠ ᠬᠢᠵᠦ᠂  ᠨᠢᠭᠡᠳᠦᠭᠡᠷ ᠹᠷᠣᠨᠲ᠎ᠤᠨ ᠬᠠᠤᠯᠢ ᠬᠡᠷᠡᠭᠵᠢᠭᠦᠯᠬᠦ ᠠᠵᠢᠯᠲᠠᠨ ᠪᠠ ᠲᠤᠰᠬᠠᠢ ᠮᠡᠷᠭᠡᠵᠢᠯᠲᠡᠨ ᠡᠷᠳᠡᠮᠲᠡᠨ᠎ᠤ ᠰᠠᠨᠠᠯ᠎ᠢ ᠰᠣᠨᠣᠰᠤᠭᠰᠠᠨ ᠰᠠᠭᠤᠷᠢᠨ ᠳᠡᠭᠡᠷ᠎ᠡ᠂ 《ᠦᠨᠳᠦᠰᠦᠨ  ᠵᠠᠭᠪᠤᠷ᠎ᠤᠨ ᠪᠢᠴᠢᠭ (ᠲᠤᠷᠰᠢᠨ ᠬᠡᠷᠡᠭᠵᠢᠭᠦᠯᠬᠦ)》᠎ᠢ ᠰᠤᠳᠤᠯᠤᠨ ᠨᠠᠢ᠌ᠷᠠᠭᠤᠯᠵᠤ᠂  ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠬᠠᠤᠯᠢ ᠵᠢᠨ ᠦᠨᠳᠦᠰᠦᠯᠡᠯ᠎ᠲᠠᠢ᠂  ᠴᠢᠩᠭ᠎ᠠ ᠵᠢᠷᠤᠮᠵᠢᠯ᠎ᠲᠠᠢ᠂  ᠲᠥᠪ ᠭᠣᠥᠯᠴᠢ ᠪᠣᠯᠪᠠᠰᠤᠨ᠂  ᠨᠠᠷᠢᠯᠢᠭ ᠣᠨᠣᠴᠠᠲᠠᠢ ᠥᠨᠳᠥᠷ ᠪᠦᠲᠦᠮᠵᠢᠲᠡᠶ ᠪᠠᠢ᠌ᠬᠤ ᠵᠢ ᠦᠨᠡᠨ ᠬᠦ᠌ ᠪᠠᠲᠤᠯᠠᠵᠤ᠂  ᠳᠤᠷ᠎ᠠ᠎ᠪᠠᠷ ᠵᠶ᠋ᠠᠨ ᠪᠠᠢ᠌ᠴᠠᠭ᠋ᠠᠬᠤ ᠵᠢ ᠲᠠᠰᠤ ᠬᠣᠷᠢᠭᠯᠠᠵᠤ᠂  ᠠᠵᠤ ᠠᠬᠤᠢ᠌ᠯᠠᠯ᠎ᠤᠨ ᠳᠠᠷᠤᠭ᠋ᠠᠰᠤ ᠵᠢ ᠬᠥᠩᠭᠡᠷᠡᠭᠦᠯᠵᠦ᠂  ᠬᠤᠳᠠᠯᠳᠤᠭ᠎ᠠ ᠡᠷᠭᠢᠯᠡᠬᠦ ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ 

      ᠠᠰᠠᠭᠤᠯᠲᠠ᠄ 《ᠦᠨᠳᠦᠰᠦᠨ ᠵᠠᠭᠪᠤᠷ᠎ᠤᠨ  ᠪᠢᠴᠢᠭ (ᠲᠤᠷᠰᠢᠨ ᠬᠡᠷᠡᠭᠵᠢᠭᠦᠯᠬᠦ)》᠎ᠢ ᠲᠣᠭᠲᠠᠭ᠋ᠠᠬᠤ ᠶᠡᠷᠦᠩᠬᠡᠢ ᠰᠡᠳᠬᠢᠮᠵᠢ᠎ᠨᠢ ᠶᠠᠭᠤ ᠪᠣᠶ? 

      ᠬᠠᠷᠢᠭᠤᠯᠲᠠ᠄  ᠨᠢᠭᠡ᠎ᠳᠤ ᠬᠠᠤᠯᠢ ᠶᠣᠰᠣᠭ᠋ᠠᠷ ᠵᠠᠰᠠᠭ ᠶᠠᠪᠤᠭᠤᠯᠬᠤ᠂  ᠰᠢᠨᠵᠢᠯᠡᠬᠦ ᠤᠬᠠᠭ᠋ᠠᠨᠴᠢ᠎ᠪᠠᠷ ᠵᠢᠷᠤᠮᠵᠢᠭᠤᠯᠬᠤ ᠵᠢ  ᠪᠠᠷᠢᠮᠲᠠᠯᠠᠵᠠᠢ᠃  ᠲᠤᠭᠤᠷᠪᠢᠬᠤ ᠠᠵᠢᠯ᠎ᠢ ᠬᠠᠤᠯᠢ ᠶᠣᠰᠣᠭ᠋ᠠᠷ ᠴᠢᠩᠭ᠎ᠠ ᠥᠷᠨᠢᠭᠦᠯᠵᠦ᠂  ᠬᠠᠤᠯᠢ ᠴᠠᠭ᠋ᠠᠵᠠ ᠵᠢᠨ ᠵᠢᠷᠤᠮᠵᠢᠯ ᠪᠠ 《ᠰᠠᠨᠠᠯ》᠎ᠳᠠᠬᠢ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠲᠤᠬᠠᠢ ᠲᠣᠭᠲᠠᠭ᠋ᠠᠯ᠎ᠢ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠪᠢᠴᠢᠭ ᠬᠠᠷ᠎ᠠ ᠵᠢᠨ ᠬᠡᠪ ᠵᠠᠭᠪᠤᠷ᠎ᠲᠤ ᠨᠠᠢ᠌ᠳᠠᠪᠤᠷᠢᠵᠢᠭᠤᠯᠵᠤ᠂  ᠬᠡᠯᠪᠡᠷᠢ ᠵᠢᠨ ᠱᠠᠭ᠋ᠠᠷᠳᠠᠯᠭ᠎ᠠ ᠵᠢᠨ ᠲᠠᠯ᠎ᠠ᠎ᠪᠠᠷ ᠬᠠᠷᠢᠴᠠᠩᠭᠤᠢ᠎ᠪᠠᠷ ᠨᠢᠭᠡᠳᠦᠯᠲᠡᠢ ᠪᠣᠯᠭ᠋ᠠᠵᠠᠢ᠃  ᠬᠣᠶᠠᠷ᠎ᠲᠤ ᠠᠷᠠᠳ᠎ᠤᠨ ᠲᠥᠯᠥᠭᠡ ᠬᠠᠤᠯᠢ ᠬᠡᠷᠡᠭᠵᠢᠭᠦᠯᠵᠦ᠂  ᠠᠵᠤ ᠠᠬᠤᠢ᠌ᠯᠠᠯ᠎ᠳᠤ ᠠᠰᠢᠭᠲᠠᠢ ᠠᠵᠤ ᠠᠬᠤᠢ᠌ᠯᠠᠯ᠎ᠢ ᠬᠠᠮᠠᠭ᠋ᠠᠯᠠᠬᠤ ᠵᠢ  ᠪᠠᠷᠢᠮᠲᠠᠯᠠᠵᠠᠢ᠃  ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠪᠢᠴᠢᠭ ᠬᠠᠷ᠎ᠠ ᠵᠢᠨ ᠵᠠᠭᠪᠤᠷ᠎ᠢ ᠵᠦᠢ ᠵᠣᠬᠢᠰᠲᠠᠢ ᠲᠥᠯᠥᠪᠯᠡᠬᠦ᠎ᠪᠠᠷ ᠳᠠᠮᠵᠢᠭᠤᠯᠤᠨ᠂  ᠠᠵᠤ ᠠᠬᠤᠢ᠌ᠯᠠᠯ᠎ᠤᠨ  ᠵᠠᠢ᠌ᠯᠠᠬᠤ᠎ᠪᠠᠷ ᠭᠤᠶᠤᠴᠢᠯᠠᠬᠤ ᠵᠡᠷᠭᠡ ᠲᠠᠰ ᠳᠠᠷᠠᠭ᠋ᠠᠯᠠᠯ᠎ᠤᠨ ᠡᠷᠬᠡ ᠵᠢ ᠪᠠᠲᠤᠯᠠᠵᠤ᠂  ᠬᠠᠤᠯᠢ ᠬᠡᠷᠡᠭᠵᠢᠭᠦᠯᠬᠦ ᠪᠠ ᠦᠢ᠍ᠯᠡᠴᠢᠯᠡᠬᠦ ᠵᠢ ᠬᠠᠷᠢᠯᠴᠠᠨ ᠤᠶᠠᠯᠳᠤᠭᠤᠯᠬᠤ ᠵᠢ ᠠᠬᠢᠭᠤᠯᠤᠨ᠂  ᠬᠠᠤᠯᠢ ᠬᠡᠷᠡᠭᠵᠢᠭᠦᠯᠬᠦ ᠠᠵᠢᠯᠯᠠᠭ᠎ᠠ ᠵᠢᠨ ᠡᠵᠡᠩᠨᠡᠯᠲᠡ ᠵᠢᠨ ᠭᠣᠣᠯ ᠴᠣᠭᠴᠠ ᠵᠢᠨ ᠬᠡᠪ᠎ᠤᠨ ᠦᠢ᠍ᠯᠡᠳᠪᠦᠷᠢᠯᠡᠯ ᠡᠵᠡᠩᠨᠡᠯᠲᠡ᠎ᠳᠤ ᠦᠵᠡᠭᠦᠯᠬᠦ ᠬᠠᠷᠰᠢᠯᠠᠯ᠎ᠢ ᠪᠠᠭ᠋ᠠᠰᠬᠠᠵᠤ᠂  ᠬᠤᠳᠠᠯᠳᠤᠭ᠎ᠠ ᠡᠷᠭᠢᠯᠡᠬᠦ ᠣᠷᠴᠢᠨ ᠲᠣᠭᠣᠷᠢᠨ᠎ᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃  ᠭᠤᠷᠪᠠ᠎ᠳᠤ ᠪᠡᠯᠡᠳᠬᠡᠬᠦ᠎ᠠᠴᠠ ᠪᠢᠰᠢ ᠶᠠᠷᠰᠢᠭ ᠲᠦᠪᠡᠭᠲᠡᠢ ᠪᠢᠰᠢ ᠪᠠᠢ᠌ᠬᠤ ᠵᠢ ᠪᠠᠷᠢᠮᠲᠠᠯᠠᠵᠤ᠂  ᠳᠠᠷᠤᠭ᠋ᠠᠰᠤ ᠵᠢ ᠬᠥᠩᠭᠡᠯᠡᠨ ᠦᠷ᠎ᠡ ᠠᠰᠢᠭ᠎ᠢ  ᠨᠡᠮᠡᠭᠳᠡᠭᠦᠯᠵᠡᠢ᠃  ᠬᠣᠯᠪᠣᠭᠳᠠᠯ ᠪᠦᠬᠦᠢ ᠵᠣᠬᠢᠶᠠᠯ᠎ᠤᠨ ᠲᠦᠷᠦᠯ ᠵᠦᠢ᠍ᠯ ᠪᠠ ᠡᠯᠧᠮᠧᠨ᠋ᠲ᠎ᠢ ᠬᠠᠮᠤᠷᠬᠤ ᠵᠢ ᠦᠨᠡᠨ ᠬᠦ᠌ ᠪᠠᠲᠤᠯᠠᠵᠤ᠂  ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠠᠵᠢᠯ᠎ᠳᠤ ᠵᠢᠷᠤᠮᠵᠢᠭᠰᠠᠨ ᠵᠢᠯᠣᠭᠣᠳᠤᠮᠵᠢ ᠬᠠᠩᠭ᠋ᠠᠬᠤ ᠵᠢᠨ ᠬᠠᠮᠲᠤ ᠪᠠᠰᠠ ᠨᠠᠷᠢᠨ ᠲᠣᠪᠴᠢ ᠵᠣᠬᠢᠰᠲᠠᠢ ᠪᠠᠢ᠌ᠬᠤ᠂  ᠶᠠᠷᠰᠢᠭ ᠲᠦᠪᠡᠭᠲᠡᠢ ᠪᠠ ᠲᠦᠭᠦᠮ  ᠪᠣᠯᠭ᠋ᠠᠬᠤ ᠵᠢ ᠰᠠᠯᠭ᠋ᠠᠬᠤ ᠵᠢ ᠪᠠᠷᠢᠮᠲᠠᠯᠠᠵᠤ᠂  ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂  ᠱᠠᠭ᠋ᠠᠷᠳᠠᠯᠭ᠎ᠠ ᠬᠡᠲᠦᠷᠬᠡᠢ ᠣᠯᠠᠳᠠᠭᠰᠠᠨ᠎ᠠᠴᠠ ᠪᠣᠯᠵᠤ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ ᠪᠠ ᠪᠠᠢ᠌ᠴᠠᠭ᠋ᠠᠭᠳᠠᠭᠴᠢ ᠵᠢᠨ ᠳᠠᠷᠤᠭ᠋ᠠᠰᠤ ᠵᠢ ᠨᠡᠮᠡᠭᠳᠡᠭᠦᠯᠬᠦ᠎ᠠᠴᠠ  ᠵᠠᠢ᠌ᠯᠠᠰᠬᠢᠵᠠᠢ᠃  ᠳᠥᠷᠪᠡ᠎ᠳᠤ᠂  ᠣᠷᠣᠨ ᠵᠠᠢ ᠦᠯᠡᠳᠡᠭᠡᠵᠦ᠂  ᠠᠮᠢᠳᠤᠯᠢᠭ ᠵᠶ᠋ᠠᠷ ᠬᠡᠷᠡᠭᠯᠡᠬᠦ ᠵᠢ  ᠪᠠᠷᠢᠮᠲᠠᠯᠠᠵᠠᠢ᠃  ᠠᠳᠠᠯᠢ ᠪᠤᠰᠤ ᠬᠦᠷᠢᠶᠡᠨ᠎ᠤ ᠬᠠᠤᠯᠢ ᠴᠠᠭ᠋ᠠᠵᠠ ᠵᠢᠨ ᠳᠦᠷᠢᠮ᠎ᠨᠢ ᠲᠤᠰ ᠲᠤᠰ ᠠᠳᠠᠯᠢ ᠪᠤᠰᠤ ᠪᠠᠢ᠌ᠵᠤ᠂  ᠠᠳᠠᠯᠢ ᠪᠤᠰᠤ ᠭᠠᠵᠠᠷ ᠣᠷᠣᠨ᠎ᠤ ᠪᠣᠳᠠᠲᠠᠢ ᠪᠠᠢ᠌ᠳᠠᠯ᠎ᠨᠢ ᠮᠠᠰᠢ ᠶᠡᠬᠡ ᠵᠥᠷᠢᠶ᠎ᠡ᠎ᠲᠠᠢ ᠪᠠᠢ᠌ᠳᠠᠭ᠂  ᠵᠠᠷᠢᠮ ᠭᠠᠵᠠᠷ ᠣᠷᠣᠨ᠂  ᠰᠠᠯᠠᠭ᠎ᠠ ᠮᠥᠴᠢᠷ ᠡᠭᠦᠨ᠎ᠠᠴᠠ ᠡᠮᠦᠨ᠎ᠡ ᠪᠣᠳᠠᠲᠠᠢ ᠪᠠᠢ᠌ᠳᠠᠯ᠎ᠲᠠᠢ᠎ᠪᠠᠨ ᠤᠶᠠᠯᠳᠤᠭᠤᠯᠤᠨ ᠲᠣᠰ ᠭᠠᠵᠠᠷ ᠣᠷᠣᠨ᠂  ᠲᠣᠰ ᠰᠠᠯᠠᠭ᠎ᠠ ᠮᠥᠴᠢᠷ᠎ᠤᠨ ᠬᠡᠷᠡᠭᠯᠡᠬᠦ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠪᠢᠴᠢᠭ ᠬᠠᠷ᠎ᠠ ᠵᠢᠨ  ᠵᠠᠭᠪᠤᠷ᠎ᠤᠨ ᠪᠢᠴᠢᠭ᠎ᠢ ᠨᠠᠢ᠌ᠷᠠᠭᠤᠯᠤᠨ ᠵᠣᠬᠢᠶᠠᠵᠤ᠂ 《ᠦᠨᠳᠦᠰᠦᠨ  ᠵᠠᠭᠪᠤᠷ᠎ᠤᠨ ᠪᠢᠴᠢᠭ (ᠲᠤᠷᠰᠢᠨ ᠬᠡᠷᠡᠭᠵᠢᠭᠦᠯᠬᠦ)》᠎ᠢ ᠨᠠᠢ᠌ᠷᠠᠭᠤᠯᠤᠨ ᠵᠣᠬᠢᠶᠠᠬᠤ᠎ᠳᠠᠭᠠᠨ ᠡᠲᠡᠭᠡᠷ ᠪᠤᠰᠤᠳᠴᠢ ᠪᠠᠢ᠌ᠳᠠᠯ᠎ᠢ ᠭᠦᠢ᠍ᠴᠡᠳ ᠪᠣᠳᠣᠯᠬᠢᠯᠠᠨ᠂  ᠬᠠᠤᠯᠢ᠎ᠪᠠᠷ ᠲᠣᠭᠲᠠᠭ᠋ᠠᠭᠰᠠᠨ ᠱᠠᠭ᠋ᠠᠷᠳᠠᠯᠭ᠎ᠠ ᠵᠢ ᠰᠠᠢ᠌ᠲᠤᠷ ᠨᠠᠢ᠌ᠳᠠᠪᠤᠷᠢᠵᠢᠭᠤᠯᠬᠤ ᠵᠢᠨ ᠬᠠᠮᠲᠤ᠂  ᠡᠯ᠎ᠡ ᠭᠠᠵᠠᠷ ᠣᠷᠣᠨ᠂  ᠡᠯ᠎ᠡ ᠰᠠᠯᠠᠭ᠎ᠠ ᠮᠥᠴᠢᠷ᠎ᠤᠨ ᠠᠮᠢᠳᠤᠯᠢᠭ ᠵᠶ᠋ᠠᠷ ᠬᠡᠷᠡᠭᠯᠡᠬᠦ᠎ᠳᠤ ᠭᠦᠢ᠍ᠴᠡᠳ ᠣᠷᠣᠨ ᠵᠠᠢ ᠦᠯᠡᠳᠡᠭᠡᠵᠦ ᠥᠭᠭᠦᠭᠰᠡᠨ ᠪᠠᠢ᠌ᠨ᠎ᠠ᠃ 

      ᠠᠰᠠᠭᠤᠯᠲᠠ᠄ 《ᠦᠨᠳᠦᠰᠦᠨ ᠵᠠᠭᠪᠤᠷ᠎ᠤᠨ  ᠪᠢᠴᠢᠭ (ᠲᠤᠷᠰᠢᠨ ᠬᠡᠷᠡᠭᠵᠢᠭᠦᠯᠬᠦ)》᠎ᠢ ᠵᠢᠷᠤᠵᠤ ᠲᠥᠯᠥᠪᠯᠡᠬᠦ ᠪᠠ ᠬᠡᠷᠡᠭᠯᠡᠬᠦ ᠲᠠᠯ᠎ᠠ᠎ᠪᠠᠷ ᠶᠠᠮᠠᠷ ᠶᠠᠮᠠᠷ ᠰᠢᠨ᠎ᠡ ᠲᠣᠭᠲᠠᠭ᠋ᠠᠯ ᠭᠠᠷᠭ᠋ᠠᠭᠰᠠᠨ ᠪᠣᠶ? 

      ᠬᠠᠷᠢᠭᠤᠯᠲᠠ᠄ 《ᠦᠨᠳᠦᠰᠦᠨ ᠵᠠᠭᠪᠤᠷ᠎ᠤᠨ  ᠪᠢᠴᠢᠭ (ᠲᠤᠷᠰᠢᠨ ᠬᠡᠷᠡᠭᠵᠢᠭᠦᠯᠬᠦ)》 ᠎ᠨᠢ ᠳᠣᠲᠣᠷ ᠨᠢᠭᠤᠷ᠂  ᠡᠮᠦᠨᠡᠬᠢ ᠦᠭᠡ᠂  ᠲᠣᠳᠣᠷᠬᠠᠢ᠌ᠯᠠᠯᠲᠠ᠂  ᠭᠠᠷᠴᠠᠭ᠂  ᠭᠣᠣᠯ ᠵᠣᠬᠢᠶᠠᠯ ᠪᠠ ᠠᠩᠬᠠᠷᠬᠤ ᠵᠦᠢ᠍ᠯᠡᠰ ᠵᠡᠷᠭᠡ ᠬᠡᠰᠡᠭ ᠵᠶ᠋ᠡᠷ ᠪᠦᠷᠢᠯᠳᠦᠵᠦ᠂  ᠵᠢᠷᠤᠵᠤ ᠲᠥᠯᠥᠪᠯᠡᠬᠦ ᠪᠠ ᠬᠡᠷᠡᠭᠯᠡᠬᠦ᠎ᠳᠤ ᠭᠤᠷᠪᠠᠨ ᠣᠨᠴᠠᠯᠢᠭ᠎ᠲᠠᠢ ᠪᠠᠢ᠌ᠳᠠᠭ᠃  ᠨᠢᠭᠡ᠎ᠳᠤ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠪᠢᠴᠢᠭ ᠬᠠᠷ᠎ᠠ ᠵᠢ ᠰᠢᠨᠵᠢᠯᠡᠬᠦ ᠤᠬᠠᠭ᠋ᠠᠨᠴᠢ᠎ᠪᠠᠷ ᠵᠢᠷᠤᠵᠤ ᠲᠥᠯᠥᠪᠯᠡᠬᠦ᠎ᠪᠠᠷ ᠳᠠᠮᠵᠢᠭᠤᠯᠤᠨ᠂  ᠪᠢᠴᠢᠭ ᠬᠠᠷ᠎ᠠ᠎ᠳᠤ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢ ᠬᠡᠷᠡᠭᠵᠢᠭᠦᠯᠬᠦ ᠪᠡᠶᠡᠴᠢ ᠴᠣᠭᠴᠠ᠂  ᠠᠵᠢᠯᠲᠠᠨ᠂  ᠬᠡᠷᠡᠭ ᠶᠠᠪᠤᠳᠠᠯ᠂  ᠦᠨᠳᠦᠰᠦᠯᠡᠯ᠂  ᠳᠠᠪᠲᠠᠮᠵᠢ ᠤᠳᠠᠭ᠎ᠠ ᠪᠠ ᠲᠠᠰ ᠳᠠᠷᠠᠭ᠋ᠠᠯᠠᠯ ᠵᠡᠷᠭᠡ ᠵᠢ ᠲᠣᠳᠣᠷᠬᠠᠢ᠌ᠯᠠᠵᠤ᠂  ᠨᠠᠢ᠌ᠷᠠᠭᠤᠯᠤᠨ ᠵᠣᠬᠢᠶᠠᠭᠰᠠᠨ ᠲᠤᠯᠤᠭ᠋ᠠᠨ ᠵᠦᠢ᠍ᠯ᠎ᠤᠨ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠬᠡᠯᠪᠡᠷᠢᠵᠢᠭᠰᠡᠨ ᠪᠢᠴᠢᠭ ᠬᠠᠷ᠎ᠠ᠎ᠨᠢ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠭᠣᠣᠯ ᠵᠠᠩᠭᠢᠯᠠᠭ᠎ᠠ ᠵᠢ ᠬᠠᠮᠤᠷᠪᠠ᠃  ᠬᠣᠶᠠᠷ᠎ᠲᠤ᠂ 《ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠬᠢᠨᠠᠨ ᠵᠥᠪᠰᠢᠶᠡᠷᠡᠬᠦ ᠬᠦᠰᠦᠨᠦᠭᠲᠦ》 《ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠮᠡᠳᠡᠭᠳᠡᠯ᠎ᠤᠨ ᠪᠢᠴᠢᠭ》 《ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠪᠠᠢ᠌ᠳᠠᠯ᠎ᠤᠨ ᠲᠡᠮᠳᠡᠭᠯᠡᠯ᠎ᠤᠨ ᠬᠦᠰᠦᠨᠦᠭᠲᠦ》  ᠪᠣᠯ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠶᠠᠪᠤᠴᠠ᠎ᠳᠠᠬᠢ ᠡᠷᠬᠡᠪᠰᠢ ᠪᠦᠷᠢᠯᠳᠦᠭᠦᠯᠬᠦ ᠴᠢᠬᠤᠯᠠᠲᠠᠢ ᠪᠢᠴᠢᠭ ᠬᠠᠷ᠎ᠠ ᠮᠥᠨ ᠭᠡᠳᠡᠭ᠎ᠢ ᠲᠣᠳᠣᠷᠬᠠᠢ᠌ᠯᠠᠪᠠ᠃ 《ᠵᠠᠢ᠌ᠯᠠᠬᠤ ᠭᠤᠶᠤᠴᠢᠯᠠᠯ᠎ᠤᠨ ᠲᠣᠭᠲᠠᠭ᠋ᠠᠯ᠎ᠤᠨ ᠪᠢᠴᠢᠭ》 《ᠥᠯᠢᠭᠡᠷ  ᠰᠣᠩᠭᠣᠬᠤ (ᠥᠯᠢᠭᠡᠷ ᠠᠪᠬᠤ)  ᠮᠡᠳᠡᠭᠳᠡᠯ᠎ᠤᠨ ᠪᠢᠴᠢᠭ》 《ᠲᠤᠬᠠᠢ ᠵᠢᠨ ᠲᠠᠯᠠᠪᠤᠷ᠎ᠤᠨ ᠪᠠᠢ᠌ᠴᠠᠭ᠋ᠠᠯᠲᠠ (ᠬᠠᠢ᠌ᠨ ᠰᠢᠯᠭ᠋ᠠᠯᠲᠠ)  ᠵᠢᠨ ᠲᠡᠮᠳᠡᠭᠯᠡᠯ》 《ᠯᠠᠪᠯᠠᠨ ᠠᠰᠠᠭᠤᠭᠰᠠᠨ ᠲᠡᠮᠳᠡᠭᠯᠡᠯ》᠎ᠢ ᠪᠣᠳᠠᠲᠤ ᠪᠠᠢ᠌ᠳᠠᠯ᠎ᠢ ᠦᠨᠳᠦᠰᠦᠯᠡᠨ ᠰᠣᠩᠭᠣᠨ ᠬᠡᠷᠡᠭᠯᠡᠵᠦ᠂  ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠠᠵᠢᠯ᠎ᠳᠤ ᠵᠢᠷᠤᠮᠵᠢᠭᠰᠠᠨ ᠵᠢᠯᠣᠭᠣᠳᠤᠯᠭ᠎ᠠ ᠬᠠᠩᠭ᠋ᠠᠵᠤ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠳᠠᠷᠤᠭ᠋ᠠᠰᠤ ᠵᠢ ᠬᠥᠩᠭᠡᠷᠡᠭᠦᠯᠬᠦ ᠮᠥᠷᠲᠡᠭᠡᠨ ᠪᠠᠰᠠ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠦᠷ᠎ᠡ ᠪᠦᠲᠦᠮᠵᠢ ᠵᠢ  ᠳᠡᠭᠡᠭᠰᠢᠯᠡᠭᠦᠯᠦᠨ᠎ᠡ᠃  ᠭᠤᠷᠪᠠ᠎ᠳᠤ᠂  ᠬᠣᠯᠪᠣᠭᠳᠠᠯ ᠪᠦᠬᠦᠢ ᠭᠠᠵᠠᠷ ᠣᠷᠣᠨ᠂  ᠰᠠᠯᠠᠭ᠎ᠠ ᠮᠥᠴᠢᠷ᠎ᠤᠨ ᠨᠢᠭᠡᠨᠲᠡ ᠲᠣᠭᠲᠠᠭ᠋ᠠᠭᠰᠠᠨ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠪᠢᠴᠢᠭ ᠬᠠᠷ᠎ᠠ ᠵᠢᠨ  ᠵᠠᠭᠪᠤᠷ᠎ᠤᠨ ᠪᠢᠴᠢᠭ ᠬᠠᠷ᠎ᠠ᠎ᠨᠢ ᠲᠤᠰ ᠦᠨᠳᠦᠰᠦᠨ ᠬᠡᠯᠪᠡᠷᠢᠵᠢᠭᠰᠡᠨ ᠪᠢᠴᠢᠭ ᠬᠠᠷ᠎ᠠ ᠵᠢᠨ ᠵᠠᠩᠭᠢᠯᠠᠭ᠎ᠠ ᠵᠢᠨ ᠡᠯᠧᠮᠧᠨ᠋ᠲ᠎ᠢ ᠪᠠᠭᠲᠠᠭ᠋ᠠᠭᠰᠠᠨ ᠪᠥᠭᠡᠳ ᠬᠠᠷᠢᠯᠴᠠᠨ ᠬᠠᠷᠰᠢᠯᠳᠤᠬᠤ ᠦᠭᠡᠢ ᠪᠠᠢ᠌ᠳᠠᠯ᠎ᠤᠨ ᠳᠣᠣᠷ᠎ᠠ ᠦᠷᠭᠦᠯᠵᠢᠯᠡᠨ ᠬᠡᠷᠡᠭᠯᠡᠵᠦ ᠪᠣᠯᠬᠤ ᠵᠢ  ᠵᠥᠪᠰᠢᠶᠡᠷᠡᠵᠡᠢ᠃  ᠪᠢᠴᠢᠭ ᠬᠠᠷ᠎ᠠ ᠵᠢᠨ ᠳᠡᠯᠭᠡᠷᠡᠭᠦᠯᠦᠯᠲᠡ ᠵᠢᠨ ᠨᠡᠢ᠌ᠳᠡᠮ ᠬᠡᠷᠡᠭᠯᠡᠬᠦ ᠴᠢᠨᠠᠷ ᠪᠠ ᠦᠢ᠍ᠯᠡᠳᠦᠯᠭᠡ ᠵᠢᠨ ᠬᠡᠷᠡᠭᠯᠡᠯᠲᠡ ᠵᠢᠨ ᠠᠮᠢᠳᠤᠯᠢᠭ ᠴᠢᠨᠠᠷ᠎ᠢ ᠭᠦᠢ᠍ᠴᠡᠳ ᠤᠶᠠᠯᠳᠤᠭᠤᠯᠵᠤ᠂  ᠦᠨᠳᠦᠰᠦᠨ ᠱᠠᠲᠤᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠳᠠᠷᠤᠭ᠋ᠠᠰᠤ ᠵᠢ ᠪᠦᠲᠦᠮᠵᠢᠲᠡᠶ ᠬᠥᠩᠭᠡᠷᠡᠭᠦᠯᠦᠨ᠎ᠡ᠃

ᠢᠷᠡᠯᠲᠡ᠄ᠬᠠᠤᠯᠢ ᠴᠠᠭ᠋ᠠᠵᠠ ᠵᠢᠨ ᠶᠠᠮᠤᠨ
          
ᠬᠠᠮᠢᠶ᠎ᠡ ᠪᠦᠬᠦᠢ ᠰᠣᠨᠢᠨ
 
            