ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠬᠠᠣᠯᠢ᠎ᠪᠠᠷ ᠵᠠᠰᠠᠬᠤ
ᠦᠢᠯᠡᠴᠢᠯᠡᠭᠡ
ᠤᠳᠤᠷᠢᠳᠤᠯᠭ᠎ᠠ᠎ᠶᠢᠨ ᠲᠠᠨᠢᠯᠴᠠᠭᠤᠯᠭ᠎ᠠ
ᠦᠢᠯᠡᠴᠢᠯᠡᠭᠡ   -   ᠰᠣᠷᠪᠣᠯᠵᠢᠯᠠᠭ᠎ᠠ
ᠬᠠᠤᠯᠢ ᠴᠠᠭ᠋ᠠᠵᠠ ᠵᠢᠨ ᠶᠠᠮᠤᠨ᠎ᠤ ᠬᠣᠯᠪᠣᠭᠳᠠᠯ ᠪᠦᠬᠦᠢ ᠬᠠᠷᠢᠭᠤᠴᠠᠯᠭ᠋ᠠᠲᠠᠨ 《ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠪᠢᠴᠢᠭ ᠬᠠᠷ᠎ᠠ ᠵᠢᠨ ᠦᠨᠳᠦᠰᠦᠨ ᠵᠠᠭᠪᠤᠷ᠎ᠤᠨ ᠪᠢᠴᠢᠭ (ᠲᠤᠷᠰᠢᠨ ᠬᠡᠷᠡᠭᠵᠢᠭᠦᠯᠬᠦ)》᠎ᠤᠨ ᠲᠤᠬᠠᠢ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠤᠭᠰᠠᠨ᠎ᠨᠢ (ᠬᠣᠶᠠᠷ)
ᠨᠡᠶ᠋ᠢᠲᠡᠯᠡᠭᠰᠡᠨ ᠴᠠᠭ᠄ 2025-06-22

      ᠠᠰᠠᠭᠤᠯᠲᠠ᠄ 《ᠦᠨᠳᠦᠰᠦᠨ ᠵᠠᠭᠪᠤᠷ᠎ᠤᠨ ᠪᠢᠴᠢᠭ (ᠲᠤᠷᠰᠢᠨ ᠬᠡᠷᠡᠭᠵᠢᠭᠦᠯᠬᠦ)》᠎ᠲᠤ  ᠠᠵᠤ ᠠᠬᠤᠢ᠌ᠯᠠᠯ᠎ᠤᠨ ᠬᠠᠤᠯᠢ ᠶᠣᠰᠣᠨ᠎ᠤ ᠡᠷᠬᠡ ᠠᠰᠢᠭ᠎ᠢ ᠬᠠᠮᠠᠭ᠋ᠠᠯᠠᠬᠤ ᠲᠠᠯ᠎ᠠ᠎ᠪᠠᠷ ᠶᠠᠮᠠᠷ ᠶᠠᠮᠠᠷ ᠱᠠᠭ᠋ᠠᠷᠳᠠᠯᠭ᠎ᠠ ᠵᠢ ᠲᠣᠪᠤᠢ᠌ᠯᠭ᠋ᠠᠨ ᠴᠢᠬᠤᠯᠠᠴᠢᠯᠠᠭᠰᠠᠨ ᠪᠣᠶ?

      ᠬᠠᠷᠢᠭᠤᠯᠲᠠ᠄ ᠨᠢᠭᠡ᠎ᠳᠤ ᠪᠠᠢ᠌ᠴᠠᠭ᠋ᠠᠯᠲᠠ ᠪᠦᠬᠦᠨ᠎ᠢ ᠡᠷᠬᠡᠪᠰᠢ ᠬᠢᠨᠠᠨ ᠵᠥᠪᠰᠢᠶᠡᠷᠡᠬᠦ ᠵᠢ  ᠪᠠᠷᠢᠮᠲᠠᠯᠠᠬᠤ ᠬᠡᠷᠡᠭᠲᠡᠢ᠃ ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠬᠢᠨᠠᠨ ᠵᠥᠪᠰᠢᠶᠡᠷᠡᠬᠦ ᠲᠠᠯ᠎ᠠ᠎ᠪᠠᠷ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠣᠯ ᠴᠣᠭᠴᠠ ᠵᠢᠨ ᠬᠠᠷᠢᠭᠤᠴᠠᠯᠭ᠋ᠠᠲᠠᠨ ᠵᠶ᠋ᠠᠷ ᠬᠢᠨᠠᠨ ᠵᠥᠪᠰᠢᠶᠡᠷᠡᠭᠦᠯᠬᠦ ᠴᠢᠬᠤᠯᠠᠲᠠᠢ ᠪᠠᠢ᠌ᠵᠤ᠂  ᠳᠤᠷ᠎ᠠ᠎ᠪᠠᠷ ᠵᠶ᠋ᠠᠨ ᠪᠠᠢ᠌ᠴᠠᠭ᠋ᠠᠬᠤ ᠠᠰᠠᠭᠤᠳᠠᠯ ᠡᠭᠦᠰᠬᠦ᠎ᠠᠴᠠ ᠡᠬᠢ ᠡᠭᠦᠰᠦᠯ᠎ᠠᠴᠠ᠎ᠨᠢ ᠵᠠᠢ᠌ᠯᠠᠰᠬᠢᠬᠦ ᠬᠡᠷᠡᠭᠲᠡᠢ᠃  ᠬᠣᠶᠠᠷ᠎ᠲᠤ ᠪᠠᠢ᠌ᠴᠠᠭ᠋ᠠᠯᠲᠠ ᠪᠦᠬᠦᠨ᠎ᠢ ᠵᠠᠪᠠᠯ ᠮᠡᠳᠡᠭᠳᠡᠬᠦ ᠵᠢ ᠪᠠᠷᠢᠮᠲᠠᠯᠠᠬᠤ ᠬᠡᠷᠡᠭᠲᠡᠢ᠃ 《ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠮᠡᠳᠡᠭᠳᠡᠯ᠎ᠤᠨ ᠪᠢᠴᠢᠭ》᠎ᠲᠤ  ᠠᠵᠤ ᠠᠬᠤᠢ᠌ᠯᠠᠯ᠎ᠳᠤ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠳᠠᠪᠳᠠᠮᠵᠢ  ᠤᠳᠠᠭ᠎ᠠ ᠵᠢ ᠮᠡᠳᠡᠭᠳᠡᠬᠦ᠎ᠪᠠᠷ ᠪᠠᠷᠠᠬᠤ ᠦᠭᠡᠢ᠂  ᠪᠠᠰᠠ ᠡᠷᠬᠡ ᠵᠢ ᠮᠡᠳᠡᠭᠳᠡᠬᠦ ᠬᠡᠰᠡᠭ᠂  ᠪᠠᠢ᠌ᠴᠠᠭ᠋ᠠᠬᠤ ᠰᠠᠬᠢᠯᠭ᠎ᠠ ᠪᠠᠲᠤ ᠵᠢᠨ 《ᠲᠠᠪᠤ ᠵᠢ ᠴᠢᠩᠭ᠎ᠠ ᠴᠠᠭ᠋ᠠᠵᠠᠯᠠᠬᠤ》 《ᠨᠠᠢ᠍ᠮᠠᠨ ᠪᠣᠯᠬᠤ ᠦᠭᠡᠢ》  ᠤᠬᠠᠭᠤᠯᠭ᠎ᠠ ᠵᠢᠨ ᠬᠡᠰᠡᠭ᠎ᠢ ᠨᠡᠮᠡᠵᠦ᠂  ᠠᠵᠤ ᠠᠬᠤᠢ᠌ᠯᠠᠯ᠎ᠤᠨ ᠬᠢᠨᠠᠯᠲᠠ᠎ᠪᠠᠷ ᠳᠠᠮᠵᠢᠭᠤᠯᠤᠨ᠂  ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠤᠳᠠᠭ᠎ᠠ ᠥᠨᠳᠥᠷ᠂  ᠶᠠᠰᠤ ᠴᠢᠨᠠᠷ ᠦᠷ᠎ᠡ ᠠᠰᠢᠭ ᠳᠣᠣᠷ᠎ᠠ ᠵᠡᠷᠭᠡ ᠠᠰᠠᠭᠤᠳᠠᠯ ᠡᠭᠦᠰᠬᠦ ᠵᠢ ᠪᠦᠲᠦᠮᠵᠢᠲᠡᠶ ᠬᠣᠷᠢᠭᠯᠠᠬᠤ ᠬᠡᠷᠡᠭᠲᠡᠢ ᠭᠡᠵᠦ ᠲᠣᠳᠣᠷᠬᠠᠢ ᠲᠣᠭᠲᠠᠭ᠋ᠠᠵᠠᠢ᠃  ᠭᠤᠷᠪᠠ᠎ᠳᠤ᠂  ᠠᠯᠢᠪᠠ ᠡᠷᠬᠡ ᠬᠠᠷᠢᠭᠤᠴᠠᠯᠭ᠎ᠠ ᠵᠢ ᠵᠠᠪᠠᠯ ᠮᠡᠳᠡᠭᠳᠡᠬᠦ ᠵᠢ  ᠪᠠᠷᠢᠮᠲᠠᠯᠠᠬᠤ ᠬᠡᠷᠡᠭᠲᠡᠢ᠃  ᠪᠢᠴᠢᠭ ᠬᠠᠷ᠎ᠠ ᠵᠢᠨ ᠵᠢᠷᠤᠭ ᠲᠥᠯᠥᠪᠯᠡᠭᠡ᠎ᠳᠡᠭᠡᠨ  ᠡᠷᠬᠡ ᠠᠰᠢᠭ ᠭᠢᠭᠡᠳ ᠡᠷᠬᠡ ᠵᠢ ᠲᠡᠩᠴᠡᠭᠦᠷᠢᠲᠡᠢ ᠪᠠᠢ᠌ᠯᠭ᠋ᠠᠬᠤ ᠵᠠᠷᠴᠢᠮ᠎ᠢ ᠵᠢᠷᠤᠮᠯᠠᠨ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠭᠣᠣᠯ ᠴᠣᠭᠴᠠ ᠵᠢᠨ ᠡᠷᠬᠡ ᠵᠢ ᠬᠢᠵᠠᠭ᠋ᠠᠷᠯᠠᠬᠤ ᠮᠥᠷᠲᠡᠭᠡᠨ ᠪᠠᠰᠠ ᠠᠵᠤ ᠠᠬᠤᠢ᠌ᠯᠠᠯ᠎ᠤᠨ ᠡᠷᠬᠡ ᠵᠢ ᠪᠥᠬᠥ ᠲᠠᠯ᠎ᠠ᠎ᠪᠠᠷ ᠮᠡᠳᠡᠭᠳᠡᠵᠦ᠂  ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢ ᠡᠷᠬᠡᠪᠰᠢ ᠬᠠᠤᠯᠢ ᠶᠣᠰᠣᠭ᠋ᠠᠷ᠂  ᠲᠣᠭᠲᠠᠭ᠋ᠠᠯ ᠶᠣᠰᠣᠭ᠋ᠠᠷ ᠥᠷᠨᠢᠭᠦᠯᠬᠦ ᠵᠢ ᠦᠨᠡᠨᠬᠦ ᠪᠠᠲᠤᠯᠠᠬᠤ ᠬᠡᠷᠡᠭᠲᠡᠢ᠃

      ᠠᠰᠠᠭᠤᠯᠲᠠ᠄ 《ᠦᠨᠳᠦᠰᠦᠨ ᠵᠠᠭᠪᠤᠷ᠎ᠤᠨ ᠪᠢᠴᠢᠭ (ᠲᠤᠷᠰᠢᠨ ᠬᠡᠷᠡᠭᠵᠢᠭᠦᠯᠬᠦ)》᠎ᠲᠤ  ᠪᠢᠴᠢᠭ ᠬᠠᠷ᠎ᠠ ᠵᠢ ᠵᠢᠷᠤᠮᠵᠢᠭᠤᠯᠤᠨ ᠬᠡᠷᠡᠭᠯᠡᠬᠦ ᠲᠠᠯ᠎ᠠ᠎ᠪᠠᠷ ᠶᠠᠮᠠᠷ ᠶᠠᠮᠠᠷ ᠰᠢᠨ᠎ᠡ ᠲᠣᠭᠲᠠᠭ᠋ᠠᠯ ᠭᠠᠷᠭ᠋ᠠᠭᠰᠠᠨ ᠪᠣᠶ?

      ᠬᠠᠷᠢᠭᠤᠯᠲᠠ᠄ ᠨᠢᠭᠡ᠎ᠳᠤ ᠲᠤᠬᠠᠢ ᠵᠢᠨ ᠲᠠᠯᠠᠪᠤᠷ᠎ᠤᠨ ᠪᠤᠰᠤ ᠪᠠᠢ᠌ᠴᠠᠭ᠋ᠠᠯᠲᠠ ᠵᠢᠨ ᠬᠢᠨᠠᠨ ᠵᠥᠪᠰᠢᠶᠡᠷᠡᠬᠦ ᠬᠦᠷᠢᠶ᠎ᠡ ᠬᠡᠪᠴᠢᠶ᠎ᠡ ᠵᠢ  ᠲᠣᠳᠣᠷᠬᠠᠢ᠌ᠯᠠᠬᠤ ᠬᠡᠷᠡᠭᠲᠡᠢ᠃ ᠸᠢᠳᠢᠤ᠋᠎ᠪᠠᠷ  ᠬᠤᠯᠪᠤᠭ᠎ᠠ ᠠᠪᠤᠭᠰᠠᠨ  ᠵᠡᠷᠭᠡ ᠪᠠᠢ᠌ᠴᠠᠭ᠋ᠠᠭᠳᠠᠭᠴᠢ ᠵᠢᠨ ᠬᠠᠮᠵᠢᠯᠴᠠᠬᠤ ᠴᠢᠬᠤᠯᠠᠲᠠᠢ ᠲᠤᠬᠠᠢ ᠵᠢᠨ ᠲᠠᠯᠠᠪᠤᠷ᠎ᠤᠨ ᠪᠤᠰᠤ ᠪᠠᠢ᠌ᠴᠠᠭ᠋ᠠᠯᠲᠠ ᠵᠢ ᠡᠷᠬᠡᠪᠰᠢ ᠬᠢᠨᠠᠨ ᠵᠥᠪᠰᠢᠶᠡᠷᠡᠬᠦ ᠬᠡᠷᠡᠭᠲᠡᠢ᠂  ᠲᠣᠭ᠎ᠠ ᠪᠠᠷᠢᠮᠲᠠ ᠵᠢ ᠬᠢᠨᠠᠨ ᠬᠡᠮᠵᠢᠬᠦ ᠵᠡᠷᠭᠡ ᠪᠠᠢ᠌ᠴᠠᠭ᠋ᠠᠭᠳᠠᠭᠴᠢ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ᠎ᠳᠤ ᠰᠢᠭᠤᠳ ᠳᠠᠷᠤᠭ᠋ᠠᠰᠤ ᠡᠭᠦᠰᠬᠦ ᠦᠭᠡᠢ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢ ᠬᠢᠨᠠᠨ ᠵᠥᠪᠰᠢᠶᠡᠷᠡᠬᠦ ᠦᠭᠡᠢ ᠪᠠᠢ᠌ᠵᠤ ᠪᠣᠯᠣᠨ᠎ᠠ᠃  ᠬᠣᠶᠠᠷ᠎ᠲᠤ᠂  ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠪᠢᠴᠢᠭ ᠬᠠᠷ᠎ᠠ ᠵᠢ ᠲᠠᠭᠯᠠᠨ ᠪᠢᠴᠢᠬᠦ ᠱᠠᠭ᠋ᠠᠷᠳᠠᠯᠭ᠎ᠠ ᠵᠢ  ᠲᠣᠳᠣᠷᠬᠠᠢ᠌ᠯᠠᠬᠤ ᠬᠡᠷᠡᠭᠲᠡᠢ᠃  ᠪᠢᠴᠢᠭ ᠬᠠᠷ᠎ᠠ ᠨᠢᠭᠡᠪᠦᠷᠢ ᠵᠢᠨ ᠳᠠᠷᠠᠭ᠎ᠠ᠂ 《ᠰᠠᠨᠠᠯ》᠎ᠢ ᠬᠡᠷᠡᠭᠵᠢᠭᠦᠯᠬᠦ ᠶᠠᠪᠤᠴᠠ᠎ᠳᠠᠬᠢ ᠣᠨᠴᠠ ᠵᠠᠷᠢᠮ ᠠᠰᠠᠭᠤᠳᠠᠯ᠎ᠢ ᠤᠯᠠᠮ ᠨᠢᠭᠡ ᠠᠯᠬᠤᠮ ᠲᠣᠳᠣᠷᠬᠠᠢ᠌ᠯᠠᠭᠰᠠᠨ ᠪᠠᠢ᠌ᠨ᠎ᠠ᠂  ᠡᠨᠡ᠎ᠨᠢ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠡᠯ᠎ᠡ ᠵᠦᠢ᠍ᠯ᠎ᠤᠨ ᠪᠢᠴᠢᠭ ᠬᠠᠷ᠎ᠠ ᠵᠢ ᠲᠠᠭᠯᠠᠨ ᠪᠢᠴᠢᠬᠦ ᠪᠣᠳᠠᠲᠠᠢ ᠱᠠᠭ᠋ᠠᠷᠳᠠᠯᠭ᠎ᠠ ᠪᠣᠯᠬᠤ ᠮᠥᠷᠲᠡᠭᠡᠨ ᠪᠠᠰᠠ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠲᠣᠭᠲᠠᠭ᠋ᠠᠯ᠎ᠢ ᠬᠡᠷᠡᠭᠯᠡᠬᠦ ᠵᠢᠨ ᠵᠢᠯᠣᠭᠣᠳᠤᠯᠭ᠎ᠠ ᠪᠠᠢ᠌ᠵᠤ᠂  ᠪᠢᠴᠢᠭ ᠬᠠᠷ᠎ᠠ ᠵᠢ ᠲᠠᠭᠯᠠᠨ ᠪᠢᠴᠢᠬᠦ᠎ᠨᠢ ᠬᠠᠤᠯᠢ ᠶᠣᠰᠣᠨ᠎ᠤ ᠵᠢᠷᠤᠮᠵᠢᠯ᠎ᠲᠠᠢ᠂  ᠪᠤᠰᠤᠳᠴᠢ ᠪᠥᠭᠡᠳ ᠪᠥᠬᠥ ᠲᠠᠯ᠎ᠠ ᠵᠢᠨ᠂  ᠣᠨᠣᠪᠴᠢᠲᠠᠶ ᠪᠥᠭᠡᠳ ᠪᠦᠷᠢᠨ ᠪᠦᠲᠦᠨ ᠪᠠᠢ᠌ᠬᠤ ᠵᠢ ᠪᠠᠲᠤᠯᠠᠭᠰᠠᠨ ᠪᠠᠢ᠌ᠨ᠎ᠠ᠃  ᠭᠤᠷᠪᠠ᠎ᠳᠤ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠪᠢᠴᠢᠭ ᠬᠠᠷ᠎ᠠ ᠵᠢᠨ ᠬᠡᠷᠡᠭᠯᠡᠬᠦ ᠬᠡᠪᠴᠢᠶ᠎ᠡ ᠵᠢ  ᠲᠣᠳᠣᠷᠬᠠᠢ᠌ᠯᠠᠬᠤ ᠬᠡᠷᠡᠭᠲᠡᠢ᠃  ᠭᠣᠣᠯᠳᠠᠭᠤ ᠠᠵᠤ ᠠᠬᠤᠢ᠌ᠯᠠᠯ᠎ᠤᠨ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ᠎ᠳᠤ ᠬᠡᠷᠡᠭᠯᠡᠨ᠎ᠡ᠂  ᠪᠤᠰᠤᠳ ᠪᠠᠢ᠌ᠴᠠᠭ᠋ᠠᠭᠳᠠᠭᠴᠢ ᠵᠢᠨ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢ ᠡᠯ᠎ᠡ ᠭᠠᠵᠠᠷ ᠣᠷᠣᠨ᠂  ᠡᠯ᠎ᠡ ᠰᠠᠯᠠᠭ᠎ᠠ ᠮᠥᠴᠢᠷ᠎ᠠᠴᠠ ᠲᠤᠰ ᠦᠨᠳᠦᠰᠦᠨ ᠵᠠᠭᠪᠤᠷ᠎ᠤᠨ  ᠪᠢᠴᠢᠭ᠎ᠤᠨ ᠰᠠᠭᠤᠷᠢᠨ ᠳᠡᠭᠡᠷ᠎ᠡ ᠤᠯᠠᠮ ᠨᠢᠭᠡ ᠠᠯᠬᠤᠮ  ᠲᠡᠭᠦᠯᠳᠡᠷᠵᠢᠭᠦᠯᠬᠦ ᠬᠡᠷᠡᠭᠲᠡᠢ᠃

      ᠠᠰᠠᠭᠤᠯᠲᠠ᠄ 《ᠦᠨᠳᠦᠰᠦᠨ ᠵᠠᠭᠪᠤᠷ᠎ᠤᠨ ᠪᠢᠴᠢᠭ (ᠲᠤᠷᠰᠢᠨ ᠬᠡᠷᠡᠭᠵᠢᠭᠦᠯᠬᠦ)》᠎ᠤᠨ ᠤᠷᠤᠭᠰᠢᠲᠠᠢ ᠬᠡᠷᠡᠭᠵᠢᠭᠦᠯᠦᠭᠳᠡᠬᠦ ᠵᠢ ᠦᠨᠡᠨ ᠬᠦ᠌ ᠪᠠᠲᠤᠯᠠᠬᠤ ᠵᠢᠨ ᠲᠥᠯᠥᠭᠡ᠂  ᠬᠠᠤᠯᠢ ᠴᠠᠭ᠋ᠠᠵᠠ ᠵᠢᠨ ᠶᠠᠮᠤᠨ ᠶᠠᠮᠠᠷ ᠶᠠᠮᠠᠷ ᠠᠵᠢᠯ᠎ᠢ ᠭᠣᠣᠯᠳᠠᠯᠭ᠎ᠠ᠎ᠲᠠᠢ ᠰᠠᠢ᠌ᠲᠤᠷ ᠬᠢᠬᠦ ᠪᠣᠶ?

      ᠬᠠᠷᠢᠭᠤᠯᠲᠠ᠄ ᠨᠢᠭᠡ᠎ᠳᠤ ᠤᠬᠠᠭᠤᠯᠤᠨ ᠲᠠᠢ᠌ᠯᠪᠤᠷᠢᠯᠠᠬᠤ ᠡᠷᠴᠢᠮ ᠵᠶ᠋ᠡᠨ  ᠴᠢᠩᠭ᠋ᠠᠷᠠᠭᠤᠯᠬᠤ ᠬᠡᠷᠡᠭᠲᠡᠢ᠃  ᠤᠯᠠᠨ ᠵᠦᠢ᠍ᠯ᠎ᠤᠨ ᠬᠡᠯᠪᠡᠷᠢ ᠵᠢᠨ ᠤᠬᠠᠭᠤᠯᠭ᠎ᠠ ᠪᠠ  ᠪᠣᠯᠪᠠᠰᠤᠷᠠᠯ᠎ᠢ ᠵᠣᠬᠢᠶᠠᠨ ᠪᠠᠢ᠌ᠭᠤᠯᠤᠨ ᠥᠷᠨᠢᠭᠦᠯᠵᠦ᠂  ᠠᠵᠤ ᠠᠬᠤᠢ᠌ᠯᠠᠯ᠎ᠳᠤ ᠬᠣᠯᠪᠣᠭᠳᠠᠭᠰᠠᠨ ᠬᠠᠤᠯᠢ ᠬᠡᠷᠡᠭᠵᠢᠭᠦᠯᠦᠯᠲᠡ ᠵᠢᠨ ᠲᠤᠰᠬᠠᠢ ᠠᠵᠢᠯᠯᠠᠭ᠎ᠠ᠂  ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢ ᠵᠠᠷᠯᠠᠨ ᠨᠡᠢ᠌ᠲᠡᠯᠡᠬᠦ᠂  ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠵᠡᠷᠭᠡ ᠠᠵᠢᠯ᠎ᠲᠠᠢ ᠭᠦᠨᠵᠡᠭᠡᠢ ᠠᠭᠤᠰᠤᠯᠴᠠᠭᠤᠯᠵᠤ᠂  ᠴᠢᠩᠭ᠎ᠠ ᠵᠢᠷᠤᠮᠵᠢᠭᠤᠨ ᠲᠥᠪ ᠭᠣᠣᠯᠴᠢ ᠪᠣᠯᠪᠠᠰᠤᠨ ᠵᠶ᠋ᠠᠷ ᠬᠠᠤᠯᠢ ᠬᠡᠷᠡᠭᠵᠢᠭᠦᠯᠬᠦ ᠣᠢ᠌ᠯᠠᠭ᠋ᠠᠭᠳᠠᠬᠤᠨ᠎ᠢ ᠬᠥᠮᠥᠰ᠎ᠤᠨ ᠰᠡᠳᠬᠢᠯ᠎ᠳᠤ ᠨᠡᠩ ᠭᠦᠨ  ᠬᠠᠳᠠᠩᠰᠢᠭᠤᠯᠬᠤ ᠬᠡᠷᠡᠭᠲᠡᠢ᠃  ᠬᠣᠶᠠᠷ᠎ᠲᠤ ᠵᠢᠭ᠋ᠠᠨ ᠵᠢᠯᠤᠭᠣᠳᠴᠤ ᠬᠢᠨᠠᠯᠲᠠ ᠲᠠᠯᠪᠢᠬᠤ᠎ᠪᠠᠨ  ᠴᠢᠩᠭ᠋ᠠᠳᠬᠠᠬᠤ ᠬᠡᠷᠡᠭᠲᠡᠢ᠃  ᠡᠯ᠎ᠡ ᠭᠠᠵᠠᠷ ᠣᠷᠣᠨ᠂  ᠡᠯ᠎ᠡ ᠰᠠᠯᠠᠭ᠎ᠠ ᠮᠥᠴᠢᠷ᠎ᠢ ᠵᠢᠯᠤᠭᠣᠳᠴᠤ ᠪᠠᠢ᠌ᠭ᠋ᠠᠳ ᠲᠣᠰ ᠭᠠᠵᠠᠷ ᠣᠷᠣᠨ᠂  ᠲᠣᠰ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠪᠢᠴᠢᠭ ᠬᠠᠷ᠎ᠠ᠎ᠳᠤ ᠱᠠᠯᠠᠪᠳᠠᠨ ᠵᠠᠰᠠᠪᠤᠷᠢ ᠣᠷᠣᠭᠤᠯᠤᠨ ᠲᠡᠭᠦᠯᠳᠡᠷᠵᠢᠭᠦᠯᠵᠦ᠂ 《ᠦᠨᠳᠦᠰᠦᠨ  ᠵᠠᠭᠪᠤᠷ᠎ᠤᠨ ᠪᠢᠴᠢᠭ (ᠲᠤᠷᠰᠢᠨ ᠬᠡᠷᠡᠭᠵᠢᠭᠦᠯᠬᠦ)》᠎ᠢ  ᠲᠤᠭᠤᠰᠢᠯᠠᠭᠤᠯᠤᠨ ᠬᠡᠷᠡᠭᠵᠢᠭᠦᠯᠬᠦ ᠠᠵᠢᠯ᠎ᠢ ᠬᠠᠮᠲᠤᠪᠠᠷ ᠰᠠᠢ᠌ᠲᠤᠷ ᠬᠢᠬᠦ ᠬᠡᠷᠡᠭᠲᠡᠢ᠃  ᠭᠤᠷᠪᠠ᠎ᠳᠤ 《ᠰᠠᠨᠠᠯ》᠎ᠢ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ  ᠠᠬᠢᠭᠤᠯᠬᠤ ᠬᠡᠷᠡᠭᠲᠡᠢ᠃  ᠠᠵᠤ ᠠᠬᠤᠢ᠌ᠯᠠᠯ᠎ᠳᠤ ᠬᠣᠯᠪᠣᠭᠳᠠᠬᠤ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠪᠢᠴᠢᠭ ᠬᠠᠷ᠎ᠠ ᠵᠢ ᠪᠦᠬᠦ ᠲᠠᠯ᠎ᠠ ᠎ᠪᠠᠷ ᠳᠡᠯᠭᠡᠷᠡᠭᠦᠯᠦᠨ ᠬᠡᠷᠡᠭᠯᠡᠬᠦ᠎ᠪᠠᠷ ᠰᠢᠪᠲᠤᠯᠤᠯᠲᠠ ᠪᠣᠯᠭ᠋ᠠᠵᠤ᠂  ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢ ᠪᠥᠬᠥ ᠬᠡᠯᠬᠢᠶ᠎ᠡ᠎ᠪᠠᠷ ᠵᠢᠷᠤᠮᠵᠢᠭᠤᠯᠵᠤ᠂ 《ᠰᠠᠨᠠᠯ》᠎ᠳᠤ ᠲᠣᠭᠲᠠᠭ᠋ᠠᠭᠰᠠᠨ ᠲᠠᠰ ᠬᠤᠪᠢᠶᠠᠨ ᠲᠥᠷᠥᠯ ᠬᠤᠪᠢᠶᠠᠨ ᠪᠠᠢ᠌ᠴᠠᠭ᠋ᠠᠬᠤ᠂ 《ᠮᠡᠷᠭᠡᠨ ᠴᠤᠬᠤᠷ᠎ᠢ ᠰᠢᠷᠪᠢᠵᠦ ᠠᠵᠤ ᠠᠬᠤᠢ᠌ᠯᠠᠯ᠎ᠳᠤ ᠣᠷᠣᠭᠤᠯᠬᠤ》  ᠵᠡᠷᠭᠡ ᠠᠷᠭ᠎ᠠ ᠬᠡᠮᠵᠢᠶ᠎ᠡ ᠵᠢ ᠲᠦᠷᠭᠡᠬᠡᠨ ᠨᠠᠢ᠌ᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠵᠢ ᠦᠷᠭᠦᠯᠵᠢᠯᠡᠨ ᠠᠬᠢᠭᠤᠯᠵᠤ᠂  ᠠᠵᠤ ᠠᠬᠤᠢ᠌ᠯᠠᠯ᠎ᠳᠤ ᠬᠣᠯᠪᠣᠭᠳᠠᠭᠰᠠᠨ ᠵᠠᠰᠠᠭ ᠵᠠᠬᠢᠷᠭ᠋ᠠᠨ᠎ᠤ ᠪᠠᠢ᠌ᠴᠠᠭ᠋ᠠᠯᠲᠠ ᠵᠢᠨ ᠠᠵᠤ ᠠᠬᠤᠢ᠌ᠯᠠᠯ᠎ᠳᠤ ᠦᠵᠡᠭᠦᠯᠬᠦ ᠨᠥᠯᠥᠭᠡ ᠵᠢ ᠬᠠᠮᠤᠭ᠎ᠤᠨ ᠪᠠᠭ᠎ᠠ ᠪᠣᠯᠭ᠋ᠠᠬᠤ᠂  ᠦᠢ᠍ᠯᠡᠴᠢᠯᠡᠭᠡᠨ᠎ᠤ ᠦᠷ᠎ᠡ ᠠᠰᠢᠭ᠎ᠢ ᠬᠠᠮᠤᠭ᠎ᠤᠨ ᠰᠢᠯᠢᠳᠡᠭ ᠪᠣᠯᠭ᠋ᠠᠬᠤ᠂  ᠬᠠᠤᠯᠢ ᠬᠡᠷᠡᠭᠵᠢᠭᠦᠯᠬᠦ ᠦᠷ᠎ᠡ ᠪᠦᠲᠦᠮᠵᠢ ᠵᠢ ᠬᠠᠮᠤᠭ᠎ᠤᠨ ᠶᠡᠬᠡ ᠪᠣᠯᠭ᠋ᠠᠬᠤ ᠵᠢ ᠠᠬᠢᠭᠤᠯᠵᠤ᠂  ᠠᠵᠤ ᠠᠬᠤᠢ᠌ᠯᠠᠯ᠎ᠤᠨ ᠬᠦᠷᠲᠡᠮᠵᠢ ᠵᠢᠨ ᠲᠥᠷᠥᠭᠳᠡᠯ᠂  ᠬᠠᠨᠤᠮᠵᠢ ᠵᠢᠨ ᠬᠡᠮᠵᠢᠶ᠎ᠡ ᠵᠢ ᠪᠥᠬᠥ ᠲᠠᠯ᠎ᠠ᠎ᠪᠠᠷ ᠳᠡᠭᠡᠭᠰᠢᠯᠡᠭᠦᠯᠬᠦ ᠬᠡᠷᠡᠭᠲᠡᠢ᠃

ᠢᠷᠡᠯᠲᠡ᠄ᠬᠠᠤᠯᠢ ᠴᠠᠭ᠋ᠠᠵᠠ ᠵᠢᠨ ᠶᠠᠮᠤᠨ
          
ᠬᠠᠮᠢᠶ᠎ᠡ ᠪᠦᠬᠦᠢ ᠰᠣᠨᠢᠨ
 
            