ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠲᠡᠷᠢᠭᠦᠨ ᠬᠠᠭᠤᠳᠠᠰᠤ   -   ᠪᠢᠴᠢᠭ ᠮᠠᠲ᠋ᠧᠷᠢᠶᠠᠯ
ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭᠠᠨ᠎ᠤ ᠠᠷᠠᠳ᠎ᠤᠨ ᠲᠥᠯᠥᠭᠡᠯᠡᠭ᠌ᠴᠢᠳ᠎ᠤᠨ ᠶᠡᠭᠡ ᠬᠤᠷᠠᠯ᠎ᠤᠨ ᠭᠤᠷᠪᠠᠳᠤᠭᠠᠷ ᠬᠤᠷᠠᠯᠳᠤᠭᠠᠨ᠎ᠤ 404 ᠳ᠋ᠤᠭᠡᠷ ᠲᠣᠭᠠᠲᠤ ᠰᠠᠨᠠᠭᠤᠯᠭ᠎ᠠ᠎ᠶ᠋ᠢᠨ ᠬᠠᠷᠢᠭᠤᠯᠲᠠ
ᠨᠡᠶ᠋ᠢᠲᠡᠯᠡᠭᠰᠡᠨ ᠴᠠᠭ᠄ 2025-07-04

ᠬᠡᠯᠬᠢᠶᠡᠰᠦᠨ ᠨᠣᠮᠧᠷ ᠄ 000014348/2025-03282

ᠭᠣᠣᠯ ᠰᠡᠳᠦᠪ᠎ᠤᠨ ᠠᠩᠭᠢᠯᠠᠯ ᠄ ᠤᠰᠤᠨ ᠠᠰᠢᠭ᠍ᠯᠠᠯᠲᠠ

ᠨᠡᠢᠲᠡᠯᠡᠭᠰᠡᠨ ᠪᠠᠢᠭᠤᠯᠤᠮᠵᠢ ᠄ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ

ᠪᠢᠴᠢᠭ᠎ᠤᠨ ᠳ᠋ᠤᠭᠠᠷ ᠄ ᠦᠪᠦᠷ ᠤᠰᠤᠨ ᠬᠦᠮᠦᠨ ᠪᠠᠢᠭᠤᠯᠤᠯᠲᠠ [2025] 31 ᠳ᠋ᠦ᠍ᠭᠡᠷ ᠲᠤᠭᠠᠲᠦ

ᠪᠢᠴᠢᠭᠳᠡᠭᠰᠡᠨ ᠡᠳᠦᠷ ᠬᠤᠭᠤᠴᠠᠭ᠎ᠠ ᠄ 2025 ᠣᠨ᠎ᠤ 7 ᠳ᠋ᠤᠭᠠᠷ ᠰᠠᠷ᠎ᠠ᠎ᠶᠢᠨ 4᠎ᠦ ᠡᠳᠦᠷ

ᠠᠯᠪᠠᠨ ᠪᠢᠴᠢᠭ᠎ᠤᠨ ᠬᠦᠴᠦᠨ ᠲᠠᠢ ᠬᠤᠭᠤᠴᠠᠭ᠎ᠠ ᠄ ᠬᠦᠴᠦᠨ ᠲᠠᠢ

 

ᠷᠧᠨ ᠳ᠋ᠦᠩ ᠬᠤᠸᠠ ᠲᠥᠯᠥᠭᠡᠯᠡᠭ᠌ᠴᠢ ᠄

  ᠲᠠᠨ᠎ᠤ ᠳᠤᠷᠠᠳᠤᠭ᠍ᠰᠠᠨ 《ᠲᠦᠩᠯᠢᠶᠣᠤ ᠬᠤᠲᠠ᠎ᠶ᠋ᠢᠨ ᠪᠠᠷᠠᠭᠤᠨ ᠯᠢᠶᠤᠤᠾᠸ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠰᠡᠷᠭᠦᠯᠲᠡ᠎ᠶ᠋ᠢ ᠠᠬᠢᠭᠤᠯᠬᠤ ᠲᠤᠬᠠᠶ ᠰᠠᠨᠠᠭᠤᠯᠭ᠎ᠠ》 ᠶ᠋ᠢ ᠣᠯᠵᠤ ᠮᠡᠳᠡᠪᠡ᠂ ᠮᠠᠨ᠎ᠤ ᠲᠢᠩᠬᠢᠮ ᠨᠠᠷᠢᠨ ᠬᠢᠨᠠᠮᠠᠭᠠᠶ ᠰᠤᠳᠤᠯᠬᠤ᠎ᠪᠠᠷ ᠳᠡᠮᠵᠢᠨ᠂ ᠡᠳᠦᠭᠡ ᠳᠣᠤᠷᠠᠬᠢ ᠮᠡᠲᠦ ᠬᠠᠷᠢᠭᠤᠯᠲᠠ ᠥᠭ᠌ᠪᠡ᠄

  ᠣᠢᠷ᠎ᠠ᠎ᠶ᠋ᠢᠨ ᠵᠢᠯ᠎ᠤᠨ ᠲᠤᠷᠰᠢ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠱᠢᠭ᠍ᠯᠠᠯᠲᠠ᠎ᠶ᠋ᠢᠨ ᠲᠢᠩᠬᠢᠮ᠎ᠨᠢ ᠶᠡᠷᠦᠩᠬᠡᠶ ᠱᠦᠵᠢ ᠰᠢ᠎ᠶ᠋ᠢᠨ ᠫᠢᠩ᠎ᠤᠨ ᠪᠠᠷᠠᠭᠤᠨ ᠯᠢᠶᠤᠤᠾᠸ ᠭᠤᠤᠯ᠎ᠤᠨ ᠰᠠᠪᠠ ᠭᠠᠵᠠᠷ᠎ᠤᠨ 《ᠤᠰᠤᠨ᠎ᠤ ᠬᠡᠮᠵᠢᠶ᠎ᠡ᠎ᠪᠠᠷ ᠬᠢᠬᠦ᠌》 ᠲᠤᠬᠠᠶ ᠴᠢᠬᠤᠯᠠ ᠴᠣᠬᠤᠯᠠᠪᠤᠷᠢ᠎ᠶ᠋ᠢ ᠨᠠᠷᠢᠨ ᠬᠢᠨᠠᠮᠠᠭᠠᠶ ᠨᠠᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠪᠠᠷᠠᠭᠤᠨ ᠯᠢᠶᠣᠤᠾᠧ ᠭᠣᠣᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ᠎ᠪᠠᠷ ᠬᠢᠬᠦ᠌ ᠂ ᠤᠰᠤ ᠎ᠪᠠᠷ ᠬᠡᠷᠡᠭᠴᠡᠭᠡ᠎ᠪᠡᠨ ᠲᠣᠭᠲᠠᠭᠠᠬᠤ ᠤᠳᠤᠷᠢᠳᠬᠤ ᠳᠤᠭᠤᠢᠯᠠᠩ᠎ᠢ ᠵᠣᠬᠢᠶᠠᠨ ᠪᠠᠢᠭᠤᠯᠵᠤ ᠂ 《ᠥᠪᠥᠷ ᠮᠣᠩᠭᠤᠯ᠎ᠤᠨ ᠪᠠᠷᠠᠭᠤᠨ ᠯᠢᠶᠤᠤᠾᠸ ᠭᠤᠤᠯ᠎ᠤᠨ ᠰᠠᠪᠠ ᠭᠠᠵᠠᠷ᠎ᠤᠨ ᠤᠰᠤᠨ᠎ᠤ ᠬᠡᠮᠵᠢᠶ᠎ᠡ᠎ᠶ᠋ᠢ ᠲᠣᠬᠢᠷᠠᠭᠤᠯᠬᠤ ᠬᠠᠮᠢᠶᠠᠷᠤᠯᠲᠠ᠎ᠶ᠋ᠢᠨ ᠠᠷᠭ᠎ᠠ (ᠲᠤᠷᠱᠢᠨ ᠬᠡᠷᠡᠭ᠌ᠵᠢᠭᠦᠯᠬᠦ᠌) 》 ᠶ᠋ᠢ ᠳᠠᠷᠤᠮᠠᠯᠯᠠᠨ ᠲᠠᠷᠬᠠᠭᠠᠵᠤ᠂ ᠥᠪᠥᠷ ᠮᠣᠩᠭᠤᠯ᠎ᠤᠨ ᠪᠠᠷᠠᠭᠤᠨ ᠯᠢᠶᠤᠤᠾᠸ ᠭᠤᠤᠯ᠎ᠤᠨ ᠰᠠᠪᠠ ᠭᠠᠵᠠᠷ᠎ᠤᠨ 《ᠤᠰᠤᠨ᠎ᠤ ᠬᠡᠮᠵᠢᠶ᠎ᠡ᠎ᠪᠠᠷ ᠬᠢᠬᠦ᠌》 ᠠᠵᠢᠯ᠎ᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠬᠡᠷᠡᠭ᠌ᠵᠢᠭᠦᠯᠬᠦ᠌ ᠰᠠᠨᠠᠯ᠎ᠢ ᠨᠡᠢᠲᠡᠯᠡᠨ ᠬᠡᠷᠡᠭ᠌ᠵᠢᠭᠦᠯᠵᠦ᠍᠂ 《ᠠᠷᠪᠠᠨ ᠵᠤᠷᠪᠤᠰ ᠬᠠᠲᠠᠭᠤ ᠠᠷᠭ᠎ᠠ ᠬᠡᠮᠵᠢᠶ᠎ᠡ》 ᠎ᠶ᠋ᠢ ᠳᠤᠷᠠᠳᠤᠨ ᠭᠠᠷᠭᠠᠵᠤ᠂ ᠪᠠᠷᠠᠭᠤᠨ ᠯᠢᠶᠤᠤᠾᠸ ᠭᠤᠤᠯ᠎ᠤᠨ ᠰᠠᠪᠠ ᠭᠠᠵᠠᠷ᠎ᠤᠨ ᠭᠠᠵᠠᠷ ᠳᠣᠤᠷᠠᠬᠢ ᠤᠰᠤ᠎ᠶ᠋ᠢ ᠬᠡᠲᠦᠷᠡᠲᠡᠯ᠎ᠡ ᠬᠡᠷᠡᠭ᠌ᠯᠡᠬᠦ᠌᠎ᠶ᠋ᠢ ᠵᠠᠰᠠᠬᠤ ᠪᠠ ᠠᠮᠢ ᠠᠬᠤᠶ᠎ᠶ᠋ᠢ ᠰᠡᠷᠭᠦᠭᠡᠬᠦ᠌᠎ᠶ᠋ᠢ ᠪᠥᠬᠦ᠌ ᠬᠦᠴᠦᠨ᠎ᠢᠶᠠᠷ᠎ᠢᠶᠠᠨ ᠠᠬᠢᠭᠤᠯᠪᠠ᠃ ᠢᠯᠠᠩᠭᠤᠶ᠎ᠠ ᠡᠨᠡ ᠵᠢᠯ᠂ ᠪᠠᠷᠠᠭᠤᠨ ᠯᠢᠶᠤᠤᠾᠸ ᠭᠤᠤᠯ᠎ᠤᠨ ᠪᠥᠬᠦ᠌ ᠱᠤᠭᠤᠮ᠎ᠢᠶᠠᠷ ᠤᠷᠤᠰᠭᠠᠯ ᠥᠩᠭᠡᠷᠡᠬᠦ᠌ ᠬᠠᠷᠠᠯᠲᠠ᠎ᠶ᠋ᠢ ᠪᠥᠬᠦ᠌ ᠬᠦᠴᠦᠨ᠎ᠢᠶᠠᠷ᠎ᠢᠶᠠᠨ ᠪᠡᠶᠡᠯᠡᠭᠦᠯᠬᠦ᠌ ᠶᠠᠪᠤᠳᠠᠯ᠎ᠢ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠭᠡᠯ᠎ᠤᠨ ᠭᠤᠤᠯᠳᠠᠯᠭ᠎ᠠ᠎ᠲᠠᠢ ᠠᠵᠢᠯ᠎ᠢ ᠥᠨᠳᠥᠷ ᠪᠠᠢᠷᠢᠨ᠎ᠳᠤ ᠠᠬᠢᠭᠤᠯᠵᠤ᠂ ᠢᠳᠡᠪᠬᠢᠲᠡᠶ ᠦᠷ᠎ᠡ ᠪᠦᠲᠦᠮᠵᠢ ᠤᠯᠪᠠ᠃

  ᠨᠢᠭᠡ᠂ ᠪᠠᠷᠠᠭᠤᠨ ᠯᠢᠶᠤᠤᠾᠸ ᠭᠤᠣᠯ᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠥᠷᠨᠢᠭᠦᠯᠦᠨ᠎ᠡ 

  2020 ᠣᠨ᠎ᠳᠤ ᠪᠠᠷᠠᠭᠤᠨ ᠯᠢᠶᠣᠤᠾᠧ ᠭᠤᠤᠯ᠎ᠤᠨ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠣᠬᠢᠷᠠᠭᠤᠯᠤᠭ᠍ᠰᠠᠨ᠎ᠠᠴᠠ ᠨᠠᠭᠠᠰᠢ᠂ ᠮᠠᠨ᠎ᠤ ᠲᠢᠩᠬᠢᠮ ᠱᠢᠰᠲ᠋ᠧᠮ᠎ᠲᠠᠢ ᠵᠠᠰᠠᠬᠤ᠎ᠶ᠋ᠢ ᠪᠠᠷᠢᠮᠲᠠᠯᠠᠵᠤ᠂ ᠲᠦᠷᠢᠮ ᠲᠣᠭ᠍ᠲᠠᠴᠠ᠎ᠪᠠᠨ ᠲᠡᠭᠦᠯᠳᠡᠷᠵᠢᠭᠦᠯᠵᠦ᠍᠂ ᠲᠣᠬᠢᠷᠠᠭᠤᠯᠬᠤ ᠠᠷᠭ᠎ᠠ ᠬᠡᠯᠪᠡᠷᠢ᠎ᠶ᠋ᠢᠨ ᠱᠢᠨ᠎ᠡ᠎ᠶ᠋ᠢ ᠡᠭᠦᠳᠴᠦ᠍᠂ ᠠᠷᠭ᠎ᠠ ᠬᠡᠮᠵᠢᠶ᠎ᠡ᠎ᠶ᠋ᠢᠨ ᠨᠠᠢᠳᠠᠪᠤᠷᠢᠵᠢᠭᠤᠯᠤᠯᠲᠠ᠎ᠶ᠋ᠢ ᠬᠦᠴᠦᠲᠡᠶ ᠠᠳᠭᠤᠵᠤ᠂ ᠪᠠᠷᠠᠭᠤᠨ ᠯᠢᠶᠣᠤᠾᠧ ᠭᠤᠤᠯ᠎ᠤᠨ ᠤᠰᠤᠨ᠎ᠤ ᠬᠡᠮᠵᠢᠶ᠎ᠡ᠎ᠶ᠋ᠢ ᠲᠣᠬᠢᠷᠠᠭᠤᠯᠬᠤ ᠠᠵᠢᠯ᠎ᠢ ᠱᠢᠨᠵᠢᠯᠡᠬᠦ᠌ ᠤᠬᠠᠭᠠᠨᠴᠢ᠎ᠪᠠᠷ ᠥᠷᠨᠢᠭᠦᠯᠵᠦ᠍᠂ ᠭᠤᠤᠯ ᠤᠷᠤᠰᠭᠠᠯ᠎ᠤᠨ ᠤᠰᠤ᠎ᠲᠠᠢ ᠭᠤᠤᠯ ᠨᠢ ᠵᠢᠯ ᠳᠠᠷᠠᠭᠠᠯᠠᠨ ᠦᠷᠭᠦᠯᠵᠢᠯᠡᠵᠦ᠍᠂ ᠰᠠᠪᠠ ᠭᠠᠵᠠᠷ᠎ᠤᠨ ᠠᠮᠢ ᠠᠬᠤᠶ ᠠᠯᠬᠤᠮ ᠠᠯᠬᠤᠮ᠎ᠢᠶᠠᠷ ᠰᠡᠷᠭᠦᠪᠡ᠃ 2020 ᠣᠨ᠎ᠳᠤ ᠪᠠᠷᠠᠭᠤᠨ ᠯᠢᠶᠣᠤᠾᠧ ᠭᠤᠣᠯ᠎ᠤᠨ ᠭᠤᠣᠯ ᠤᠷᠤᠰᠭᠠᠯ᠎ᠲᠠᠢ ᠭᠤᠣᠯ᠎ᠤᠨ ᠠᠭᠤᠯᠵᠠᠷ᠎ᠤᠨ ᠣᠭ᠍ᠲᠣᠯᠤᠭᠠᠰᠤ᠎ᠨᠢ ᠠᠮᠢ ᠠᠬᠤᠢ᠎ᠶ᠋ᠢᠨ ᠤᠰᠤᠨ᠎ᠤ ᠬᠡᠮᠵᠢᠶ᠎ᠡ᠎ᠶ᠋ᠢ 3700 ᠲᠦᠮᠡᠨ ᠪᠣᠰᠤᠭ᠎ᠠ ᠳᠥᠷᠪᠡᠯᠵᠢᠨ ᠮᠧᠲᠷ ᠪᠡᠶᠡᠯᠡᠭᠦᠯᠪᠡ; 2021 ᠣᠨ᠎ᠳᠤ᠂ ᠭᠤᠣᠯ ᠤᠷᠤᠰᠭᠠᠯ᠎ᠤᠨ ᠤᠰᠤᠨ ᠦᠵᠦᠭᠦᠷ᠎ᠨᠢ ᠶᠡᠷᠦᠩᠬᠡᠢ ᠬᠡᠷᠡᠭ ᠡᠷᠬᠢᠯᠡᠬᠦ᠌ ᠸᠧ ᠫᠦ᠋ ᠬᠦᠢᠰᠦ (ᠪᠠᠷᠠᠭᠤᠨ ᠯᠢᠶᠤᠤᠾᠸ ᠭᠤᠣᠯ᠎ᠤᠨ ᠭᠤᠣᠯ ᠤᠷᠤᠰᠭᠠᠯ᠎ᠤᠨ 78 ᠺᠢᠯᠣᠮᠧᠲᠷ)᠎ᠳᠤ ᠬᠦᠷᠪᠡ; 2022 ᠣᠨ᠎ᠳᠤ᠂ ᠭᠤᠣᠯ ᠤᠷᠤᠰᠭᠠᠯ᠎ᠤᠨ ᠶᠡᠷᠦᠩᠬᠡᠢ ᠬᠡᠷᠡᠭ ᠡᠷᠬᠢᠯᠡᠬᠦ᠌ ᠸᠧ ᠫᠦ᠋ ᠬᠦᠢᠰᠣ᠎ᠶ᠋ᠢ 2002 ᠣᠨ᠎ᠠᠴᠠ ᠨᠠᠭᠠᠰᠢ ᠠᠩᠬ᠎ᠠ ᠤᠳᠠᠭ᠎ᠠ ᠤᠰᠤ ᠥᠩᠭᠡᠷᠡᠭᠦᠯᠬᠦ᠌᠎ᠶ᠋ᠢᠨ ᠬᠠᠮᠲᠤ ᠳᠤᠤᠷᠠᠳᠤ ᠤᠷᠤᠰᠭᠠᠯ ᠵᠦᠭ 18 ᠺᠢᠯᠣᠮᠧᠲᠷ (ᠪᠠᠷᠠᠭᠤᠨ ᠯᠢᠶᠤᠤᠾᠸ ᠭᠤᠣᠯ ᠤᠷᠤᠰᠭᠠᠯ᠎ᠤᠨ 96 ᠺᠢᠯᠣᠮᠧᠲᠷ ) ᠤᠷᠤᠭ᠍ᠰᠢᠯᠠᠨ᠎ᠠ ; 2023 ᠣᠨ᠎ᠳᠤ᠂ ᠭᠤᠣᠯ ᠤᠷᠤᠰᠭᠠᠯ᠎ᠤᠨ ᠤᠰᠤᠨ ᠳᠦᠷᠢᠯᠭᠡ ᠨᠢ ᠲᠦᠩᠯᠢᠶᠣᠤ᠎ᠶ᠋ᠢᠨ ᠲᠥᠯᠥᠪᠵᠢᠭᠦᠯᠭᠡ᠎ᠶ᠋ᠢᠨ ᠬᠤᠳᠠ᠎ᠶ᠋ᠢᠨ ᠲᠣᠭᠤᠷᠢᠭ᠎ᠲᠤ ᠬᠦᠷᠴᠦ᠍᠂ ᠶᠡᠷᠦᠩᠬᠡᠢ ᠠᠯᠪᠠᠨ ᠭᠡᠷ᠎ᠤᠨ ᠸᠧ ᠫᠦ᠋ ᠬᠦᠢᠰᠦ᠎ᠶ᠋ᠢᠨ ᠲᠤᠤᠷᠠᠳᠤ ᠤᠷᠤᠰᠭᠠᠯ᠎ᠤᠨ 57.15 ᠺᠢᠯᠣᠮᠧᠲᠷ (ᠪᠠᠷᠠᠭᠤᠨ ᠯᠢᠶᠤᠤᠾᠸ ᠭᠤᠣᠯ᠎ᠤᠨ ᠭᠤᠣᠯ ᠤᠷᠤᠰᠭᠠᠯ᠎ᠤᠨ 135.15 ᠺᠢᠯᠣᠮᠧᠲᠷ)᠎ᠲᠤ ᠬᠦᠷᠪᠡ; 2024 ᠣᠨ᠎ᠳᠤ᠂ ᠭᠤᠣᠯ ᠤᠷᠤᠰᠭᠠᠯ᠎ᠤᠨ ᠤᠰᠤᠨ ᠳᠦᠷᠢᠯᠭᠡ ᠨᠢ 26 ᠵᠢᠯ᠎ᠳᠤ ᠠᠩᠬ᠎ᠠ ᠤᠳᠠᠭ᠎ᠠ ᠲᠦᠩᠯᠢᠶᠣᠤ᠎ᠶ᠋ᠢᠨ ᠬᠤᠲᠠ᠎ᠶ᠋ᠢᠨ ᠲᠣᠭᠤᠷᠢᠭ᠎ᠤᠨ ᠤᠰᠤᠨ ᠭᠠᠳᠠᠷᠭᠤ᠎ᠲᠠᠢ ᠵᠣᠯᠭᠠᠭᠤᠯᠤᠭ᠍ᠰᠠᠨ ᠪᠥᠭᠡᠳ ᠡᠴᠦᠰ᠎ᠲᠡᠭᠡᠨ ᠶᠡᠷᠦᠩᠬᠡᠢ ᠬᠡᠷᠡᠭ ᠡᠷᠬᠢᠯᠡᠬᠦ᠌ ᠸᠧ ᠫᠦ᠋ ᠬᠦᠢᠰᠦ᠎ᠠᠴᠠ ᠳᠣᠷᠣᠭ᠍ᠰᠢᠬᠢ 72.9 ᠺᠢᠯᠣᠮᠧᠲᠷ (ᠪᠠᠷᠠᠭᠤᠨ ᠯᠢᠶᠣᠤᠾᠧ ᠭᠤᠣᠯ᠎ᠤᠨ ᠭᠤᠣᠯ ᠤᠷᠤᠰᠭᠠᠯ 150.9 ᠺᠢᠯᠣᠮᠧᠲᠷ)᠎ᠲᠤ ᠬᠦᠷᠪᠡ᠃ ᠢᠯᠠᠩᠭᠤᠶ᠎ᠠ ᠡᠨᠡ ᠵᠢᠯ᠎ᠤᠨ ᠬᠠᠪᠤᠷ᠎ᠤᠨ ᠤᠯᠠᠷᠢᠯ᠎ᠳᠤ᠂ ᠮᠠᠨ᠎ᠤ ᠲᠢᠩᠬᠢᠮ ᠪᠠᠷᠠᠭᠤᠨ ᠯᠢᠶᠤᠤᠾᠸ ᠭᠤᠤᠯ᠎ᠤᠨ ᠬᠠᠪᠤᠷ᠎ᠤᠨ ᠤᠯᠠᠷᠢᠯ᠎ᠤᠨ ᠤᠰᠤᠨ᠎ᠤ ᠡᠬᠢ ᠪᠠᠶᠠᠯᠢᠭ᠎ᠢ ᠲᠣᠬᠢᠷᠠᠭᠤᠯᠬᠤ ᠭᠤᠤᠯ ᠴᠣᠭ᠍ᠴᠠ᠎ᠶ᠋ᠢᠨ ᠬᠠᠷᠢᠭᠤᠴᠠᠯᠭ᠎ᠠ᠎ᠶ᠋ᠢ ᠡᠷᠡᠰ ᠡᠭᠦᠷᠭᠡᠯᠡᠵᠦ᠍᠂ ᠲᠦᠩᠯᠢᠶᠣᠤ ᠬᠤᠲᠠ᠂ ᠤᠯᠠᠭᠠᠨᠬᠠᠳᠠ ᠬᠤᠲᠠ᠎ᠲᠠᠢ ᠬᠠᠮᠲᠤᠷᠠᠨ᠂ ᠮᠥᠰᠥ᠍ ᠴᠠᠰᠤ᠎ᠶ᠋ᠢ ᠬᠠᠢᠯᠤᠭᠤᠯᠬᠤ᠂ ᠭᠤᠤᠯ᠎ᠤᠨ ᠵᠠᠮ᠎ᠤᠨ ᠬᠥᠯᠳᠡᠭᠦᠦ ᠬᠥᠷᠥᠰᠥ᠍ ᠱᠢᠷᠣᠶ ᠢᠳᠡᠭ᠌ᠳᠡᠭ᠌ᠰᠡᠨ ᠬᠤᠬᠢᠷᠠᠯ ᠪᠠᠭ᠎ᠠ 《ᠴᠣᠩᠬᠤᠪᠴᠢ᠎ᠶ᠋ᠢᠨ ᠬᠤᠭᠤᠴᠠᠭ᠎ᠠ》᠎ᠶ᠋ᠢ ᠵᠠᠪᠳᠤᠨ ᠠᠳᠭᠤᠵᠤ᠂ ᠬᠠᠪᠤᠷ᠎ᠤᠨ ᠤᠯᠠᠷᠢᠯ᠎ᠤᠨ ᠠᠮᠢ ᠠᠬᠤᠶ᠎ᠶ᠋ᠢᠨ ᠲᠣᠬᠢᠷᠠᠭᠤᠯᠤᠯᠲᠠ᠎ᠶ᠋ᠢ ᠨᠢᠭᠡᠳᠦᠯᠲᠡᠶ ᠲᠥᠯᠥᠪᠯᠡᠨ ᠥᠷᠨᠢᠭᠦᠯᠪᠡ᠃ 3 ᠳ᠋ᠤᠭᠠᠷ ᠰᠠᠷ᠎ᠠ᠎ᠶ᠋ᠢᠨ 4 ᠎ᠤ ᠡᠳᠦᠷ᠎ᠠᠴᠠ 4 ᠳ᠋ᠦ᠍ᠭᠡᠷ ᠰᠠᠷ᠎ᠠ᠎ᠶ᠋ᠢᠨ 10 ᠎ᠤ ᠡᠳᠦᠷ ᠪᠣᠯᠲᠠᠯ᠎ᠠ᠂ ᠪᠠᠷᠠᠭᠤᠨ ᠯᠢᠶᠣᠤᠾᠧ ᠭᠣᠣᠯ᠎ᠤᠨ ᠭᠣᠣᠯ ᠤᠷᠤᠰᠬᠠᠯ᠎ᠤᠨ ᠤᠰᠤᠨ ᠲᠦᠷᠢᠯᠭᠡ ᠨᠢ ᠳᠣᠣᠷᠠᠳᠤ ᠤᠷᠤᠰᠬᠠᠯ᠎ᠤᠨ ᠤᠰᠤᠨ᠎ᠤ ᠭᠠᠳᠠᠷᠭᠤ᠎ᠲᠠᠢ ᠬᠣᠯᠪᠣᠯᠳᠤᠵᠤ᠂ 1998 ᠣᠨ᠎ᠳᠤ ᠤᠷᠤᠰᠬᠠᠯ ᠲᠠᠰᠤᠷᠠᠭᠰᠠᠨ᠎ᠠᠴᠠ 27 ᠵᠢᠯ ᠪᠣᠯᠤᠭᠰᠠᠨ 《ᠡᠵᠢ ᠭᠣᠣᠯ》 ᠠᠩᠬ᠎ᠠ ᠤᠳᠠᠭ᠎ᠠ 403 ᠺᠢᠯᠣᠮᠧᠲᠷ ᠎ᠤᠨ ᠪᠦᠬᠦ ᠱᠤᠭᠤᠮ᠎ᠢᠶᠠᠷ ᠨᠡᠪᠲᠡᠷᠡᠭᠰᠡᠨ᠎ᠢ ᠬᠠᠷᠠᠭᠤᠯᠵᠤ ᠪᠤᠢ᠂ ᠪᠠᠷᠠᠭᠤᠨ ᠯᠢᠶᠣᠤᠾᠧ ᠭᠤᠣᠯ᠎ᠨᠢ ᠪᠦᠬᠦ᠌ ᠤᠯᠤᠰ᠎ᠤᠨ ᠲᠤᠯᠤᠭᠠᠨ ᠶᠡᠭᠡ ᠭᠤᠣᠯ ᠮᠥᠷᠡᠨ᠎ᠤ ᠳᠣᠲᠣᠷᠠᠬᠢ ᠴᠣᠷ᠎ᠤᠨ ᠭᠠᠭ᠍ᠴᠠ ᠤᠷᠤᠰᠭᠠᠯ ᠲᠠᠰᠤᠷᠠᠭ᠍ᠰᠠᠨ ᠪᠠᠢᠳᠠᠯ᠎ᠳᠤ ᠪᠠᠢᠭ᠎ᠠ ᠲᠡᠤᠬᠡ᠎ᠶ᠋ᠢ ᠡᠴᠦᠰᠯᠡᠭᠦᠯᠵᠦ᠍᠂ ᠢᠳᠡᠪᠬᠢᠲᠡᠶ ᠤᠯᠤᠰ ᠲᠦᠷᠦ᠍᠂ ᠠᠮᠢ ᠠᠬᠤᠶ᠂ ᠨᠡᠢᠭᠡᠮ ᠪᠠ ᠰᠣᠶᠣᠯ᠎ᠤᠨ ᠦᠷ᠎ᠡ ᠠᠱᠢᠭ᠎ᠢ ᠣᠯᠵᠤ᠂ ᠪᠠᠷᠠᠭᠤᠨ ᠯᠢᠶᠣᠤᠾᠧ ᠭᠤᠣᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠰᠡᠷᠭᠦᠯᠲᠡ᠎ᠶ᠋ᠢ ᠠᠬᠢᠭᠤᠯᠬᠤ᠎ᠳᠤ ᠴᠢᠬᠤᠯᠠ ᠶᠡᠭᠡ ᠠᠴᠢ ᠬᠤᠯᠪᠣᠭ᠍ᠳᠠᠯ᠎ᠲᠠᠢ ᠶᠤᠮ᠃

  ᠬᠤᠶᠡᠷ᠂ ᠪᠠᠷᠡᠭᠤᠨ ᠯᠢᠶᠣᠤᠾᠧ ᠭᠤᠤᠯ᠎ᠤᠨ ᠰᠠᠪᠠ ᠭᠠᠵᠡᠷ᠎ᠤᠨ 《ᠣᠰᠣᠨ᠎ᠤ ᠭᠡᠮᠵᠢᠶ᠎ᠠ᠎ᠪᠠᠷ ᠬᠢᠬᠦ᠌》᠎ᠶ᠋ᠢ ᠳᠦᠷᠭᠡᠳᠭᠡᠨ ᠠᠬᠢᠭᠤᠯᠥᠨ᠎ᠠ

  ᠮᠠᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ 《ᠥᠪᠥᠷ ᠮᠣᠩᠭᠤᠯ᠎ᠤᠨ ᠪᠠᠷᠠᠭᠤᠨ ᠯᠢᠶᠣᠤᠾᠧ ᠭᠤᠤᠯ᠎ᠤᠨ ᠰᠠᠪᠠ ᠭᠠᠵᠠᠷ᠎ᠤᠨ 〈ᠤᠰᠤᠨ᠎ᠤ ᠬᠡᠮᠵᠢᠶ᠎ᠡ᠎ᠪᠠᠷ ᠬᠢᠬᠦ᠌〉ᠠᠵᠢᠯ᠎ᠢ ᠤᠯᠠᠮ ᠨᠢᠭᠡ ᠠᠯᠬᠤᠮ ᠴᠢᠩᠭᠠᠳᠭᠠᠬᠤ ᠲᠤᠬᠠᠶ ᠬᠡᠷᠡᠭ᠌ᠵᠢᠭᠦᠯᠬᠦ᠌ ᠰᠠᠨᠠᠯ》 ᠎ᠢ ᠬᠢᠨᠠᠮᠠᠭᠠᠶ ᠨᠠᠢᠳᠠᠪᠤᠷᠢᠵᠢᠭᠤᠯᠵᠤ᠂ 《ᠤᠰᠤ ᠠᠷᠪᠢᠯᠠᠬᠤ ᠠᠵᠢᠯᠯᠠᠭ᠎ᠠ》 ᠎ᠶ᠋ᠢ ᠭᠦᠨᠵᠡᠭᠡᠶ ᠬᠡᠷᠡᠭ᠌ᠵᠢᠭᠦᠯᠵᠦ᠍᠂ ᠱᠠᠲᠤ ᠦᠶ᠎ᠡ᠎ᠶ᠋ᠢᠨ ᠴᠢᠨᠠᠷᠲᠠᠶ ᠴᠢᠬᠤᠯᠠ ᠦᠷ᠎ᠡ ᠪᠦᠲᠦᠮᠵᠢ ᠤᠯᠪᠠ᠃ ᠨᠢᠭᠡ᠎ᠳᠤ᠂ ᠶᠡᠷᠦᠩᠬᠡᠶ ᠬᠡᠮᠵᠢᠶ᠎ᠡ᠎ᠶ᠋ᠢ ᠬᠢᠵᠠᠭᠠᠷᠯᠠᠵᠤ᠂ ᠤᠰᠤᠨ᠎ᠤ ᠬᠡᠮᠵᠢᠶ᠎ᠡ᠎ᠪᠠᠷ ᠶᠠᠪᠤᠨ᠎ᠠ᠃ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭᠠᠷᠯᠠᠬᠤ ᠭᠦᠢᠴᠡᠳᠭᠡᠯ ᠲᠤᠭ᠎ᠠ᠎ᠶ᠋ᠢᠨ ᠲᠣᠭ᠍ᠲᠠᠯᠴᠠᠭ᠎ᠠ᠎ᠶ᠋ᠢ ᠪᠠᠢᠭᠤᠯᠵᠤ᠂ ᠤᠰᠤᠨ ᠠᠱᠢᠭ᠍ᠯᠠᠯᠲᠠ᠎ᠶ᠋ᠢᠨ ᠶᠠᠮᠤᠨ᠎ᠤ ᠪᠠᠭᠤᠯᠭᠠᠭ᠍ᠰᠠᠨ ᠤᠰᠤ ᠬᠡᠷᠡᠭ᠌ᠯᠡᠬᠦ᠌ ᠶᠡᠷᠦᠩᠬᠡᠶ ᠬᠡᠮᠵᠢᠶ᠎ᠡ᠂ ᠭᠠᠵᠠᠷ ᠳᠣᠤᠷᠠᠬᠢ ᠤᠰᠤᠨ᠎ᠤ ᠤᠰᠤᠨ ᠲᠦᠪᠱᠢᠨ ᠪᠠ ᠴᠢᠬᠤᠯᠠ ᠣᠭ᠍ᠲᠣᠯᠤᠭᠠᠰᠤ᠎ᠶ᠋ᠢᠨ ᠠᠮᠢ ᠠᠬᠤᠶ᠎ᠶ᠋ᠢᠨ ᠤᠷᠤᠰᠭᠠᠯ᠎ᠤᠨ ᠬᠡᠮᠵᠢᠶ᠎ᠡ ᠵᠡᠷᠭᠡ ᠤᠰᠤᠨ᠎ᠤ ᠡᠬᠢ ᠪᠠᠶᠠᠯᠢᠭ᠎ᠢ ᠬᠠᠮᠢᠶᠠᠷᠤᠨ ᠡᠵᠡᠮᠳᠡᠬᠦ᠌ ᠭᠦᠢᠴᠡᠳᠭᠡᠯ ᠲᠤᠭ᠎ᠠ᠎ᠶ᠋ᠢᠨ ᠬᠠᠮᠢᠶ᠎ᠠ ᠪᠥᠬᠦᠶ ᠠᠢᠮᠠᠭ ᠬᠤᠲᠠ᠎ᠳᠤ ᠨᠠᠷᠢᠯᠢᠬ᠍ᠵᠢᠭᠤᠯᠤᠨ ᠬᠤᠪᠢᠶᠠᠷᠢᠯᠠᠵᠤ᠂ ᠭᠠᠵᠠᠷ ᠳᠣᠤᠷᠠᠬᠢ ᠤᠰᠤ᠎ᠶ᠋ᠢ ᠤᠰᠤᠨ ᠱᠢᠨᠵᠢᠯᠡᠭᠡᠨ᠎ᠤ ᠨᠢᠭᠡᠴᠢ ᠶᠣᠰᠣᠭᠠᠷ ᠢᠵᠢ ᠬᠤᠱᠢᠭᠤ ᠱᠢᠶᠠᠨ ᠲᠣᠭᠤᠷᠢᠭ᠎ᠢ ᠬᠠᠮᠢᠶᠠᠷᠤᠯᠲᠠ᠎ᠶ᠋ᠢᠨ ᠨᠢᠭᠡᠴᠢ᠎ᠳᠤ ᠬᠤᠪᠢᠶᠠᠷᠢᠯᠠᠬᠤ᠎ᠶ᠋ᠢᠨ ᠬᠠᠮᠲᠤ᠌᠂ ᠠᠢᠮᠠᠭ ᠬᠤᠲᠠ᠂ ᠬᠤᠱᠢᠭᠤ ᠱᠢᠶᠠᠨ᠎ᠢ ᠵᠢᠯᠣᠭᠤᠳᠤᠨ ᠤᠰᠤᠨ᠎ᠤ ᠡᠬᠢ ᠰᠤᠷᠪᠤᠯᠵᠢ᠎ᠶ᠋ᠢ ᠢᠯᠭᠠᠵᠤ᠂ ᠠᠵᠢᠯ ᠲᠥᠷᠥᠯ ᠬᠤᠪᠢᠶᠠᠨ ᠤᠰᠤᠨ᠎ᠤ ᠭᠦᠢᠴᠡᠳᠭᠡᠯ ᠲᠤᠭ᠎ᠠ᠎ᠶ᠋ᠢ ᠱᠠᠲᠤ ᠳᠠᠷᠠᠭᠠᠯᠠᠨ ᠵᠠᠳᠠᠯᠵᠤ᠂ ᠤᠰᠤᠨ᠎ᠤ ᠡᠬᠢ ᠪᠠᠶᠠᠯᠢᠭ᠎ᠤᠨ ᠶᠡᠷᠦᠩᠬᠡᠶ ᠬᠡᠮᠵᠢᠶ᠎ᠡ᠎ᠶ᠋ᠢ 《ᠳᠡᠭᠡᠳᠦ ᠬᠢᠵᠠᠭᠠᠷᠯᠠᠬᠤ》᠎ᠶ᠋ᠢ ᠲᠣᠳᠣᠷᠬᠠᠢᠯᠠᠨ᠎ᠠ᠃ ᠤᠰᠤᠨ᠎ᠤ ᠡᠬᠢ ᠪᠠᠶᠠᠯᠢᠭ᠎ᠤᠨ ᠳᠠᠭᠠᠭᠠᠴᠠ᠎ᠠᠴᠠ ᠬᠡᠲᠦᠷᠡᠭ᠌ᠰᠡᠨ (ᠮᠠᠯᠲᠠᠯᠲᠠ)ᠬᠤᠱᠢᠭᠤ᠂ ᠱᠢᠶᠠᠨ᠂ ᠲᠣᠭᠤᠷᠢᠭ᠎ᠢ ᠵᠣᠬᠢᠶᠠᠨ ᠪᠠᠢᠭᠤᠯᠵᠤ᠂ ᠤᠰᠤᠨ᠎ᠤ ᠬᠡᠮᠵᠢᠶ᠎ᠡ᠎ᠶ᠋ᠢ ᠪᠠᠭᠤᠷᠠᠭᠤᠯᠬᠤ ᠲᠥᠰᠥᠯ ᠲᠣᠭ᠍ᠲᠠᠭᠠᠨ᠂ ᠤᠰᠤ ᠬᠡᠷᠡᠭ᠌ᠯᠡᠬᠦ᠌ ᠬᠡᠮᠵᠢᠶ᠎ᠡ᠎ᠶ᠋ᠢ ᠠᠯᠬᠤᠮ ᠠᠯᠬᠤᠮ᠎ᠢᠶᠠᠷ ᠪᠠᠭᠠᠰᠭᠠᠪᠠ᠃ ᠭᠠᠵᠠᠷ ᠳᠣᠣᠷᠠᠬᠢ ᠤᠰᠤ᠎ᠶ᠋ᠢ ᠬᠢᠵᠠᠭᠠᠷᠯᠠᠨ ᠬᠢᠨᠠᠨ ᠵᠥᠪᠱᠢᠶᠡᠷᠡᠬᠦ᠌᠎ᠶ᠋ᠢ ᠠᠬᠢᠭᠤᠯᠵᠤ᠂ ᠭᠠᠵᠠᠷ ᠳᠣᠤᠷᠠᠬᠢ ᠤᠰᠤᠨ᠎ᠤ ᠬᠠᠮᠢᠶᠠᠷᠤᠯᠲᠠ᠎ᠶ᠋ᠢᠨ ᠨᠢᠭᠡᠴᠢ᠎ᠶ᠋ᠢᠨ ᠤᠰᠤᠨ᠎ᠤ ᠬᠡᠮᠵᠢᠶ᠎ᠡ᠂ ᠤᠰᠤᠨ ᠲᠦᠪᠱᠢᠨ᠎ᠤ 《ᠬᠤᠣᠰ ᠡᠵᠡᠮᠳᠡᠯ》 ᠎ᠤᠨ ᠦᠨᠡᠯᠡᠨ ᠵᠢᠱ᠌ᠢᠯᠲᠡ᠎ᠶ᠋ᠢ ᠣᠨ᠎ᠢᠶᠠᠷ ᠥᠷᠨᠢᠭᠦᠯᠵᠦ᠍᠂ ᠬᠢᠷᠢ ᠲᠡᠩᠴᠡᠬᠦ᠌ ᠥᠬᠡᠶ ᠬᠠᠮᠢᠶᠠᠷᠤᠯᠲᠠ᠎ᠶ᠋ᠢᠨ ᠨᠢᠭᠡᠴᠢ᠎ᠶ᠋ᠢᠨ ᠪᠠᠢᠭ᠎ᠠ ᠬᠤᠱᠢᠭᠤ ᠱᠢᠶᠠᠨ ᠲᠣᠭᠤᠷᠢᠭ᠎ᠲᠤ ᠬᠢᠨᠠᠨ ᠵᠥᠪᠱᠢᠶᠡᠷᠡᠬᠦ᠌᠎ᠶ᠋ᠢ ᠬᠢᠵᠠᠭᠠᠷᠯᠠᠨ ᠵᠥᠪᠱᠢᠶᠡᠷᠡᠬᠦ᠌᠎ᠶ᠋ᠢ ᠬᠡᠷᠡᠭ᠌ᠵᠢᠭᠦᠯᠵᠦ᠍᠂ ᠬᠤᠲᠠ ᠬᠥᠳᠡᠭᠡ᠎ᠶ᠋ᠢᠨ ᠰᠠᠭᠤᠭᠠᠯᠢ ᠠᠷᠠᠳ᠎ᠤᠨ ᠠᠮᠢᠳᠤᠷᠠᠯ ᠵᠡᠷᠭᠡ ᠣᠨᠴᠠᠭᠠᠶ ᠪᠠᠢᠳᠠᠯ᠎ᠠᠴᠠ ᠭᠠᠳᠠᠨ᠎ᠠ᠂ ᠭᠠᠵᠠᠷ ᠳᠣᠤᠷᠠᠬᠢ ᠤᠰᠤ᠎ᠶ᠋ᠢ ᠱᠢᠨ᠎ᠡ᠎ᠪᠠᠷ ᠲᠠᠲᠠᠵᠤ ᠬᠡᠷᠡᠭ᠌ᠯᠡᠬᠦ᠌᠎ᠶ᠋ᠢ ᠬᠢᠨᠠᠨ ᠵᠥᠪᠱᠢᠶᠡᠷᠡᠬᠦ᠌᠎ᠪᠠᠨ ᠲᠦᠷ ᠵᠣᠭ᠍ᠰᠣᠭᠠᠨ᠎ᠠ᠃ ᠬᠣᠶᠠᠷ᠎ᠲᠤ᠂ ᠲᠠᠷᠢᠶᠠᠯᠠᠩ᠎ᠤᠨ ᠤᠰᠤ ᠠᠷᠪᠢᠯᠠᠬᠤ᠎ᠶ᠋ᠢ ᠶᠡᠬᠡᠪᠡᠷ ᠲᠦᠯᠬᠢᠨ ᠠᠬᠢᠭᠤᠯᠬᠤ ᠬᠡᠷᠡᠭ᠌ᠲᠡᠶ᠃ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠪᠠᠷ ᠭᠤᠣᠯ ᠪᠣᠯᠭᠠᠭ᠍ᠰᠠᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠳᠦᠭᠡᠨ ᠪᠠᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠤᠬᠢᠷᠠᠭᠤᠯᠤᠨ ᠭᠦᠶᠦᠭᠡᠨ ᠪᠤᠯᠠᠵᠤ ᠳᠤᠰᠤᠯᠭᠠᠨ ᠤᠰᠤᠯᠠᠬᠤ᠂ ᠪᠦᠷᠬᠦᠪᠴᠢ᠎ᠶ᠋ᠢᠨ ᠳᠣᠣᠷ᠎ᠠ ᠳᠤᠰᠤᠯᠭᠠᠨ ᠤᠰᠤᠯᠠᠬᠤ ᠵᠡᠷᠭᠡ ᠥᠨᠳᠥᠷ ᠪᠦᠲᠦᠮᠵᠢᠲᠡᠶ ᠤᠰᠤ ᠠᠷᠪᠢᠯᠠᠬᠤ ᠤᠰᠤᠯᠠᠯᠲᠠ᠎ᠶ᠋ᠢᠨ ᠮᠡᠷᠭᠡᠵᠢᠯ᠎ᠢ ᠳᠡᠯᠭᠡᠷᠡᠭᠦᠯᠵᠦ᠍᠂ ᠤᠰᠤ ᠬᠡᠷᠡᠭ᠌ᠯᠡᠬᠦ᠌᠎ᠶ᠋ᠢ ᠨᠠᠷᠢᠯᠢᠬ᠍ᠵᠢᠭᠤᠯᠤᠨ ᠬᠠᠮᠢᠶᠠᠷᠬᠤ᠎ᠶ᠋ᠢ ᠠᠬᠢᠭᠤᠯᠤᠨ᠎ᠠ᠃ ᠲᠣᠮᠣ ᠳᠤᠮᠳᠠ ᠬᠡᠯᠪᠡᠷᠢ᠎ᠶ᠋ᠢᠨ ᠤᠰᠤᠯᠠᠯᠲᠠ᠎ᠶ᠋ᠢᠨ ᠣᠷᠣᠨ᠎ᠤ ᠣᠳᠣᠬᠢᠴᠢᠯᠠᠯᠲᠠ᠎ᠶ᠋ᠢᠨ ᠥᠭᠡᠷᠡᠴᠢᠯᠡᠯᠲᠡ᠎ᠶ᠋ᠢ ᠠᠬᠢᠭᠤᠯᠤᠨ᠎ᠠ᠃ 《ᠠᠷᠪᠠᠨ ᠳᠥᠷᠪᠡᠳᠦᠭᠡᠷ ᠲᠠᠪᠤᠨ ᠵᠢᠯ》᠎ᠤᠨ ᠬᠤᠭᠤᠴᠠᠭᠠᠨ᠎ᠳᠤ ᠰᠠᠪᠠ ᠭᠠᠵᠠᠷ᠎ᠤᠨ ᠳᠣᠲᠣᠷᠠᠬᠢ ᠢᠩᠭᠡ᠎ᠶ᠋ᠢᠨ ᠭᠤᠣᠯ ᠵᠡᠷᠭᠡ 6 ᠲᠣᠮᠣ ᠳᠤᠮᠳᠠ ᠬᠡᠯᠪᠡᠷᠢ᠎ᠶ᠋ᠢᠨ ᠤᠰᠤᠯᠠᠯᠲᠠ᠎ᠶ᠋ᠢᠨ ᠣᠷᠣᠨ᠎ᠤ ᠣᠳᠣᠬᠢᠴᠢᠯᠠᠯᠲᠠ᠎ᠶ᠋ᠢᠨ ᠥᠭᠡᠷᠡᠴᠢᠯᠡᠯᠲᠡ᠎ᠶ᠋ᠢ ᠬᠡᠷᠡᠭ᠌ᠵᠢᠭᠦᠯᠵᠦ᠍᠂ ᠤᠰᠤ ᠠᠷᠪᠢᠯᠠᠬᠤ ᠴᠢᠳᠠᠪᠤᠷᠢ᠎ᠶ᠋ᠢ 1877 ᠲᠦᠮᠡᠨ ᠪᠣᠰᠤᠭ᠎ᠠ ᠳᠥᠷᠪᠡᠯᠵᠢᠨ ᠮᠧᠲᠷ ᠱᠢᠨ᠎ᠡ᠎ᠪᠠᠷ ᠨᠡᠮᠡᠭ᠌ᠳᠡᠭᠦᠯᠪᠡ᠃ ᠭᠤᠷᠪᠠ᠎ᠳᠤ᠂ ᠲᠠᠷᠢᠶᠠᠯᠠᠩ᠎ᠤᠨ ᠤᠰᠤᠨ᠎ᠤ ᠦᠨ᠎ᠡ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠭᠦᠨᠵᠡᠭᠡᠶ ᠲᠦᠯᠬᠢᠨ ᠠᠬᠢᠭᠤᠯᠤᠨ᠎ᠠ᠃ ᠰᠠᠪᠠ ᠭᠠᠵᠠᠷ᠎ᠲᠤ ᠲᠠᠷᠢᠶᠠᠯᠠᠩ᠎ᠤᠨ ᠤᠰᠤᠨ᠎ᠤ ᠦᠨ᠎ᠡ᠎ᠶ᠋ᠢᠨ ᠶᠡᠷᠦᠩᠬᠡᠢᠯᠡᠭ᠌ᠰᠡᠨ ᠥᠭᠡᠷᠡᠴᠢᠯᠡᠯᠲᠡ᠎ᠶ᠋ᠢ ᠨᠡᠢᠲᠡ 2448.37 ᠲᠦᠮᠡᠨ ᠮᠥ᠍ ᠬᠡᠷᠡᠭ᠌ᠵᠢᠭᠦᠯᠵᠦ᠍᠂ 32 ᠲᠣᠮᠣ ᠳᠤᠮᠳᠠ ᠬᠡᠯᠪᠡᠷᠢ᠎ᠶ᠋ᠢᠨ ᠤᠰᠤᠯᠠᠯᠲᠠ᠎ᠶ᠋ᠢᠨ ᠣᠷᠣᠨ᠎ᠳᠤ ᠱᠢᠨ᠎ᠡ ᠨᠢᠭᠡ ᠡᠭᠡᠯᠵᠢ᠎ᠶ᠋ᠢᠨ ᠦᠨ᠎ᠡ᠎ᠶ᠋ᠢ ᠲᠣᠬᠢᠷᠠᠭᠤᠯᠬᠤ ᠠᠵᠢᠯ᠎ᠢ ᠪᠡᠶᠡᠯᠡᠭᠦᠯᠵᠦ᠍᠂ 20 ᠬᠤᠱᠢᠭᠤ ᠱᠢᠶᠠᠨ ᠲᠣᠭᠤᠷᠢᠭ᠎ᠲᠤ ᠨᠠᠷᠢᠯᠢᠭ ᠣᠨᠣᠴᠠᠲᠠᠶ᠎ᠪᠠᠷ ᠨᠥᠬᠦᠪᠥᠷᠢ ᠥᠭ᠌ᠬᠦ ᠪᠠ ᠤᠰᠤ ᠠᠷᠪᠢᠯᠠᠬᠤ ᠱᠠᠩᠨᠠᠯ᠎ᠤᠨ ᠬᠡᠷᠡᠭ᠌ᠵᠢᠭᠦᠯᠬᠦ᠌ ᠨᠠᠷᠢᠨ ᠲᠦᠷᠢᠮ᠎ᠢ ᠲᠣᠭ᠍ᠲᠠᠭᠠᠵᠤ᠂ ᠲᠠᠷᠢᠶᠠᠯᠠᠩ᠎ᠤᠨ ᠤᠰᠤ ᠠᠷᠪᠢᠯᠠᠬᠤ᠎ᠶ᠋ᠢ ᠱᠠᠩᠨᠠᠵᠤ ᠨᠥᠬᠦᠪᠥᠷᠢᠯᠡᠬᠦ᠌ ᠲᠣᠭ᠍ᠲᠠᠴᠠ᠎ᠶ᠋ᠢ ᠪᠠᠢᠭᠤᠯᠤᠨ ᠲᠡᠭᠦᠯᠳᠡᠷᠵᠢᠭᠦᠯᠪᠡ᠃ 2023 ᠣᠨ᠎ᠠᠴᠠ ᠨᠠᠭᠠᠰᠢ ᠱᠠᠩᠨᠠᠵᠤ ᠨᠥᠬᠦᠪᠥᠷᠢᠯᠡᠬᠦ᠌ ᠪᠠᠯᠠ ᠮᠥᠩᠭᠦ᠎ᠶ᠋ᠢ ᠨᠡᠢᠲᠡ 5315 ᠲᠦᠮᠡᠨ ᠲᠥᠭᠦᠷᠢᠭ ᠨᠠᠢᠳᠠᠪᠤᠷᠢᠵᠢᠭᠤᠯᠵᠤ᠂ ᠱᠠᠩᠨᠠᠵᠤ ᠨᠥᠬᠦᠪᠥᠷᠢᠯᠡᠬᠦ᠌ ᠠᠷᠭ᠎ᠠ ᠮᠠᠶᠢᠭ᠎ᠢᠶᠠᠷ ᠡᠯ᠎ᠡ ᠲᠥᠷᠥᠯ᠎ᠤᠨ ᠤᠰᠤ ᠬᠡᠷᠡᠭ᠌ᠯᠡᠬᠦ᠌ ᠭᠤᠤᠯ ᠴᠣᠭ᠍ᠴᠠ᠎ᠶ᠋ᠢᠨ ᠤᠰᠤ ᠠᠷᠪᠢᠯᠠᠬᠤ ᠢᠳᠡᠪᠬᠢᠵᠢᠯ᠎ᠢ ᠳᠠᠢᠴᠢᠯᠠᠪᠠ᠃

  ᠭᠤᠷᠪᠠ᠂ ᠪᠠᠷᠠᠭᠤᠨ ᠯᠢᠶᠤᠤᠾᠸ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠬᠠᠮᠢᠶ᠎ᠠ ᠪᠥᠬᠦᠶ ᠲᠥᠷᠥᠯ ᠵᠦᠢᠯ᠎ᠢ ᠤᠯᠬᠤ᠎ᠪᠠᠷ ᠢᠳᠡᠪᠬᠢᠲᠡᠶ ᠴᠢᠷᠮᠠᠢᠨ᠎ᠠ

  ᠮᠠᠨ᠎ᠤ ᠲᠢᠩᠬᠢᠮ ᠳᠡᠭᠡᠳᠦ ᠱᠠᠲᠤᠨ᠎ᠠᠴᠠ ᠴᠢᠷᠮᠠᠢᠬᠤ ᠡᠷᠴᠢᠮ᠎ᠢᠶᠠᠨ ᠦᠷᠭᠦᠯᠵᠢᠯᠡᠨ ᠴᠢᠩᠭᠠᠷᠠᠭᠤᠯᠵᠤ᠂ ᠤᠯᠤᠰ᠎ᠤᠨ ᠳᠡᠮᠵᠢᠯᠭᠡ᠎ᠶ᠋ᠢ ᠣᠯᠬᠤ᠎ᠪᠠᠷ ᠴᠢᠷᠮᠠᠢᠨ᠎ᠠ᠃ ᠨᠢᠭᠡ᠎ᠳᠤ᠂ ᠪᠠᠷᠠᠭᠤᠨ ᠯᠢᠶᠤᠤᠾᠸ ᠭᠤᠣᠯ᠎ᠤᠨ ᠠᠮᠢ ᠠᠬᠤᠢ᠎ᠶ᠋ᠢ ᠬᠠᠮᠠᠭᠠᠯᠠᠨ ᠰᠡᠷᠭᠦᠭᠡᠬᠦ᠌ ᠢᠨᠵᠧᠨᠧᠷᠢᠩ᠎ᠢ ᠤᠯᠤᠰ᠎ᠤᠨ ᠲᠥᠯᠥᠪᠵᠢᠭᠦᠯᠭᠡ᠎ᠳᠤ ᠣᠷᠣᠭᠤᠯᠬᠤ᠎ᠶ᠋ᠢ ᠠᠬᠢᠭᠤᠯᠤᠨ᠎ᠠ᠃ ᠰᠠᠪᠠ ᠭᠠᠵᠠᠷ᠂ ᠮᠤᠵᠢ᠎ᠶ᠋ᠢᠨ ᠱᠠᠲᠤᠨ᠎ᠤ ᠬᠤᠭᠤᠷᠣᠨᠳᠣᠬᠢ ᠨᠡᠪᠲᠡᠷᠡᠯᠴᠡᠭᠡ ᠬᠠᠮᠵᠢᠯᠴᠠᠭ᠎ᠠ᠎ᠶ᠋ᠢ ᠤᠯᠠᠮ ᠨᠢᠭᠡ ᠠᠯᠬᠤᠮ ᠴᠢᠩᠭᠠᠳᠭᠠᠬᠤ᠎ᠶ᠋ᠢᠨ ᠲᠥᠯᠥᠭᠡ᠂ ᠰᠤᠩᠭᠠᠷᠢ ᠮᠦᠷᠡᠨ ᠯᠢᠶᠤᠤᠾᠸ ᠭᠤᠣᠯ᠎ᠤᠨ ᠤᠰᠤᠨ ᠠᠱᠢᠭ᠍ᠯᠠᠯᠲᠠ᠎ᠶ᠋ᠢᠨ ᠵᠥᠪᠯᠡᠯ᠎ᠠᠴᠠ ᠭᠢᠷᠢᠨ᠂ ᠯᠢᠶᠣᠤᠨᠢᠩ᠂ ᠥᠪᠥᠷ ᠮᠣᠩᠭᠤᠯ ᠭᠤᠷᠪᠠᠨ ᠮᠤᠵᠢ (ᠣᠷᠣᠨ)᠎ᠶ᠋ᠢ ᠵᠣᠬᠢᠶᠠᠨ ᠪᠠᠢᠭᠤᠯᠤᠨ ᠪᠠᠷᠠᠭᠤᠨ ᠯᠢᠶᠤᠤᠾᠸ ᠭᠤᠣᠯ᠎ᠤᠨ ᠭᠤᠣᠯ᠎ᠤᠨ ᠵᠠᠮ᠎ᠤᠨ ᠱᠢᠰᠲ᠋ᠧᠮ᠎ᠤᠨ ᠵᠠᠰᠠᠯᠲᠠ᠎ᠶ᠋ᠢ ᠵᠣᠬᠢᠴᠠᠭᠤᠯᠤᠨ ᠠᠬᠢᠭᠤᠯᠬᠤ ᠲᠣᠭ᠍ᠲᠠᠴᠠ᠎ᠶ᠋ᠢ ᠪᠠᠢᠭᠤᠯᠵᠤ᠂ ᠪᠠᠷᠠᠭᠤᠨ ᠯᠢᠶᠤᠤᠾᠸ ᠭᠤᠣᠯ᠎ᠤᠨ ᠭᠤᠣᠯ᠎ᠤᠨ ᠵᠠᠮ᠎ᠤᠨ ᠱᠢᠰᠲ᠋ᠧᠮ᠎ᠤᠨ ᠵᠠᠰᠠᠯᠲᠠ᠎ᠶ᠋ᠢᠨ ᠬᠠᠮᠢᠶ᠎ᠠ ᠪᠦᠬᠦᠢ ᠠᠵᠢᠯ᠎ᠢ ᠨᠢᠭᠡᠳᠦᠯᠲᠡᠢ ᠲᠥᠯᠥᠪᠯᠡᠨ ᠠᠬᠢᠭᠤᠯᠤᠨ᠎ᠠ᠃ ᠮᠠᠨ᠎ᠤ ᠲᠢᠩᠬᠢᠮ᠎ᠨᠢ ᠰᠤᠩᠭᠠᠷᠢ ᠮᠦᠷᠡᠨ ᠯᠢᠶᠣᠤᠾᠧ ᠭᠣᠣᠯ᠎ᠤᠨ ᠤᠰᠤᠨ ᠠᠱᠢᠭ᠍ᠯᠠᠯᠲᠠ᠎ᠶ᠋ᠢᠨ ᠭᠡᠱᠢᠭᠦᠨ᠎ᠤ ᠨᠢᠭᠡᠳᠦᠯᠲᠡᠶ ᠲᠣᠬᠢᠷᠠᠭᠤᠯᠤᠯᠲᠠ ᠪᠠᠢᠷᠢᠯᠠᠭᠤᠯᠤᠯᠲᠠ ᠶᠣᠰᠣᠭᠠᠷ᠂ ᠲᠦᠩᠯᠢᠶᠣᠤ᠂ ᠤᠯᠠᠭᠠᠨᠬᠠᠳᠠ ᠬᠤᠶᠠᠷ ᠬᠤᠲᠠ᠎ᠶ᠋ᠢ ᠵᠣᠬᠢᠶᠠᠨ ᠪᠠᠢᠭᠤᠯᠤᠨ ᠪᠠᠷᠠᠭᠤᠨ ᠯᠢᠶᠤᠤᠾᠸ ᠭᠤᠤᠯ᠎ᠤᠨ ᠭᠤᠤᠯ ᠤᠷᠤᠰᠭᠠᠯ᠂ ᠯᠤᠤᠬ᠎ᠠ᠎ᠶ᠋ᠢᠨ ᠭᠤᠤᠯ᠎ᠤᠨ ᠭᠤᠤᠯ ᠤᠷᠤᠰᠭᠠᠯ᠎ᠤᠨ ᠠᠮᠢ ᠠᠬᠤᠶ᠎ᠶ᠋ᠢ ᠰᠡᠷᠭᠦᠭᠡᠬᠦ᠌ ᠢᠨᠵᠧᠨᠧᠷᠢᠩ᠎ᠤᠨ ᠡᠮᠦᠨᠡᠬᠢ ᠬᠤᠭᠤᠴᠠᠭᠠᠨ᠎ᠤ ᠠᠵᠢᠯ᠎ᠢ ᠥᠷᠨᠢᠭᠦᠯᠵᠦ᠍᠂ ᠤᠯᠤᠰ᠎ᠤᠨ 《ᠠᠷᠪᠠᠨ ᠲᠠᠪᠤᠳᠤᠭᠠᠷ ᠲᠠᠪᠤᠨ ᠵᠢᠯ》 ᠎ᠤᠨ ᠲᠥᠯᠥᠪᠵᠢᠭᠦᠯᠭᠡ᠎ᠳᠤ ᠣᠷᠣᠭᠤᠯᠬᠤ᠎ᠳᠤ ᠰᠠᠭᠤᠷᠢ ᠨᠥᠬᠦᠴᠡᠯ ᠪᠦᠷᠢᠯᠳᠦᠭᠦᠯᠵᠦ᠍ ᠥᠭ᠌ᠭᠦᠨ᠎ᠡ᠃ ᠬᠤᠶᠠᠷ᠎ᠲᠤ᠌᠂ 2025 ᠣᠨ᠎ᠳᠤ ᠵᠣᠯ ᠵᠢᠷᠭᠠᠯᠲᠤ ᠭᠤᠤᠯ ᠮᠥᠷᠡᠨ ᠨᠠᠭᠤᠷ ᠴᠥᠭᠦᠷᠥᠮ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠢᠳᠡᠪᠬᠢᠲᠡᠶ᠎ᠪᠠᠷ ᠭᠤᠶᠤᠴᠢᠯᠠᠨ ᠮᠡᠳᠡᠭᠦᠯᠪᠡ᠃ 《ᠤᠰᠤᠨ ᠠᠱᠢᠭ᠍ᠯᠠᠯᠲᠠ᠎ᠶ᠋ᠢᠨ ᠶᠠᠮᠤᠨ᠎ᠤ 2025 ᠣᠨ᠎ᠤ ᠵᠣᠯ ᠵᠢᠷᠭᠠᠯᠲᠤ ᠭᠤᠤᠯ ᠮᠥᠷᠡᠨ ᠨᠠᠭᠤᠷ ᠴᠥᠭᠦᠷᠥᠮ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠢ ᠮᠡᠳᠡᠭᠦᠯᠬᠦ᠌ ᠲᠤᠬᠠᠶ ᠮᠡᠳᠡᠭ᠌ᠳᠡᠯ》 ᠎ᠤᠨ ᠱᠠᠭᠠᠷᠳᠠᠯᠭ᠎ᠠ ᠶᠣᠰᠣᠭᠠᠷ᠂ ᠤᠰᠤᠨ ᠠᠱᠢᠭ᠍ᠯᠠᠯᠲᠠ᠎ᠶ᠋ᠢᠨ ᠶᠠᠮᠤᠨ᠎ᠲᠠᠢ ᠢᠳᠡᠪᠬᠢᠲᠡᠶ᠎ᠪᠠᠷ ᠴᠢᠷᠮᠠᠢᠨ ᠣᠯᠵᠤ᠂ ᠪᠠᠷᠠᠭᠤᠨ ᠯᠢᠶᠤᠤᠾᠸ ᠭᠤᠤᠯ᠎ᠤᠨ ᠰᠠᠪᠠ ᠭᠠᠵᠠᠷ᠎ᠤᠨ ᠱᠢᠶᠤᠤ ᠵᠤᠸᠠᠩ ᠭᠤᠤᠯ᠎ᠢ 2025 ᠣᠨ᠎ᠤ ᠲᠥᠪ᠎ᠤᠨ ᠡᠳ᠋᠎ᠤᠨ ᠵᠠᠰᠠᠭ᠎ᠤᠨ ᠳᠡᠮᠵᠢᠯᠭᠡ᠎ᠶ᠋ᠢᠨ ᠵᠣᠯ ᠵᠢᠷᠭᠠᠯᠲᠤ ᠭᠤᠤᠯ ᠮᠥᠷᠡᠨ ᠨᠠᠭᠤᠷ ᠴᠥᠭᠦᠷᠥᠮ᠎ᠤᠨ ᠪᠥᠲᠥᠭᠡᠨ ᠪᠠᠢᠭᠤᠯᠤᠯᠲᠠ᠎ᠶ᠋ᠢᠨ ᠲᠥᠷᠥᠯ ᠵᠦᠢᠯ᠎ᠤᠨ ᠨᠡᠷᠡᠰ᠎ᠲᠤ ᠣᠷᠣᠭᠤᠯᠵᠤ᠂ ᠲᠥᠪ᠎ᠤᠨ ᠲᠤᠰᠠᠯᠠᠮᠵᠢ᠎ᠶ᠋ᠢᠨ ᠪᠠᠯᠠ ᠮᠥᠩᠭᠦ᠎ᠶ᠋ᠢ 8000 ᠲᠦᠮᠡᠨ ᠲᠥᠭᠦᠷᠢᠭ ᠤᠯᠬᠤ᠎ᠪᠠᠷ ᠴᠢᠷᠮᠠᠢᠵᠤ ᠪᠤᠢ᠃ ᠲᠥᠷᠥᠯ ᠵᠦᠢᠯ᠎ᠢ ᠬᠡᠷᠡᠭ᠌ᠵᠢᠭᠦᠯᠦᠭ᠌ᠰᠡᠨ᠎ᠤ ᠳᠠᠷᠠᠭ᠎ᠠ᠂ ᠭᠤᠤᠯ ᠮᠥᠷᠡᠨ ᠨᠠᠭᠤᠷ ᠴᠥᠭᠦᠷᠥᠮ᠎ᠤᠨ ᠠᠮᠤᠷ ᠲᠦᠪᠱᠢᠨ᠎ᠤ ᠪᠠᠲᠤᠯᠠᠭ᠎ᠠ᠎ᠶ᠋ᠢᠨ ᠬᠢᠷᠢ ᠲᠦᠪᠱᠢᠨ᠎ᠢ ᠲᠠᠰᠤᠷᠠᠯᠲᠠ ᠦᠭᠡᠢ ᠳᠡᠭᠡᠭ᠌ᠰᠢᠯᠡᠭᠦᠯᠵᠦ᠍᠂ ᠭᠤᠤᠯ ᠮᠥᠷᠡᠨ ᠨᠠᠭᠤᠷ ᠴᠥᠭᠦᠷᠥᠮ᠎ᠤᠨ ᠡᠷᠡᠭᠦᠯ ᠡᠩᠬᠡ ᠠᠮᠢ ᠨᠠᠰᠤ᠎ᠶ᠋ᠢ ᠬᠠᠮᠠᠭᠠᠯᠠᠬᠤ᠎ᠶ᠋ᠢᠨ ᠬᠠᠮᠲᠤ ᠪᠠᠰᠠ ᠮᠣᠷᠢᠨᠰᠦ᠋ᠮ᠎ᠡ ᠤᠰᠤᠨ ᠴᠥᠭᠦᠷᠥᠮ ᠪᠣᠯᠤᠨ ᠪᠠᠷᠠᠭᠤᠨ ᠯᠢᠶᠤᠤᠾᠸ ᠭᠤᠤᠯ ᠤᠷᠤᠰᠭᠠᠯ᠎ᠤᠨ ᠤᠰᠤ ᠨᠥᠬᠦᠪᠥᠷᠢᠯᠡᠬᠦ᠌ ᠵᠠᠮ᠎ᠢ ᠨᠡᠪᠲᠡᠷᠡᠭᠦᠯᠵᠦ᠍᠂ ᠪᠠᠷᠠᠭᠤᠨ ᠯᠢᠶᠤᠤᠾᠸ ᠭᠤᠤᠯ᠎ᠤᠨ ᠭᠤᠤᠯ ᠤᠷᠤᠰᠭᠠᠯ᠎ᠤᠨ ᠪᠥᠬᠦ᠌ ᠱᠤᠭᠤᠮ᠎ᠢᠶᠠᠷ ᠨᠡᠪᠲᠡᠷᠡᠬᠦ᠌᠎ᠳᠤ ᠬᠦᠴᠦᠨ ᠨᠡᠮᠡᠷᠢᠯᠡᠬᠦ᠌ ᠪᠣᠯᠤᠨ᠎ᠠ᠃

  ᠳᠥᠷᠪᠡ᠂ ᠭᠤᠤᠯ ᠮᠥᠷᠡᠨ ᠨᠠᠭᠤᠷ ᠴᠥᠭᠦᠷᠥᠮ᠎ᠤᠨ 《ᠳᠥᠷᠪᠡᠨ ᠰᠠᠮᠠᠭᠤᠨ᠎ᠢ ᠴᠡᠪᠡᠷᠯᠡᠬᠦ᠌》 ᠪᠠ 《 ᠰᠤᠪᠠᠭ᠎ᠢ ᠴᠡᠪᠡᠷᠯᠡᠬᠦ᠌ ᠠᠵᠢᠯᠯᠠᠭ᠎ᠠ》 ᠎ᠶ᠋ᠢ ᠲᠦᠷᠭᠡᠳᠭᠡᠨ  ᠠᠬᠢᠭᠤᠯᠤᠨ᠎ᠠ

  ᠮᠠᠨ᠎ᠤ ᠲᠢᠩᠬᠢᠮ ᠦᠷᠭᠦᠯᠵᠢᠯᠡᠨ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ᠎ᠶ᠋ᠢᠨ ᠳᠦᠷᠢᠮ᠎ᠤᠨ ᠬᠠᠮᠢᠶᠠᠷᠤᠯᠲᠠ᠎ᠶ᠋ᠢᠨ ᠲᠠᠪᠴᠠᠩ᠎ᠢᠶᠠᠷ ᠭᠠᠷᠳᠠᠴᠠ ᠪᠣᠯᠭᠠᠵᠤ᠂ ᠡᠯ᠎ᠡ ᠱᠠᠲᠤᠨ᠎ᠤ ᠭᠤᠣᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢ ᠨᠠᠢᠳᠠᠪᠤᠷᠢᠵᠢᠭᠤᠯᠵᠤ᠂ ᠭᠤᠣᠯᠳᠠᠯᠭ᠎ᠠ᠎ᠲᠠᠢ ᠭᠤᠣᠯ ᠮᠥᠷᠡᠨ ᠨᠠᠭᠤᠷ ᠴᠥᠭᠦᠷᠥᠮ᠎ᠤᠨ 《   》 ᠡᠷᠬᠢᠨ ᠬᠠᠷᠠᠬᠤ ᠵᠢᠴᠢ 《ᠰᠤᠪᠠᠭ᠎ᠢ ᠴᠡᠪᠡᠷᠯᠡᠬᠦ᠌ ᠠᠵᠢᠯᠯᠠᠭ᠎ᠠ》 ᠎ᠶ᠋ᠢ ᠪᠦᠬᠦ᠌ ᠲᠠᠯ᠎ᠠ᠎ᠪᠠᠷ ᠥᠷᠨᠢᠭᠦᠯᠵᠦ᠍᠂ ᠭᠤᠣᠯ ᠮᠥᠷᠡᠨ᠎ᠤ ᠦᠷ᠎ᠡ ᠲᠠᠷᠢᠬᠤ᠎ᠶ᠋ᠢ ᠴᠠᠭᠠᠵᠠᠯᠠᠬᠤ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠭᠤᠣᠯ ᠮᠥᠷᠡᠨ᠎ᠤ ᠤᠰᠤᠨ᠎ᠤ ᠰᠠᠭᠠᠳ ᠦᠭᠡᠢ ᠨᠡᠪᠲᠡᠷᠡᠬᠦ᠌᠎ᠶ᠋ᠢ ᠪᠠᠲᠤᠯᠠᠪᠠ᠃ ᠨᠢᠭᠡ᠎ᠳᠤ᠂ 《ᠰᠤᠪᠠᠭ᠎ᠢ ᠴᠡᠪᠡᠷᠯᠡᠬᠦ᠌》 ᠠᠵᠢᠯᠯᠠᠭ᠎ᠠ᠎ᠶ᠋ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠥᠨᠳᠥᠷ ᠪᠠᠢᠷᠢᠱᠢᠯ᠎ᠤᠨ ᠠᠬᠢᠭᠤᠯᠤᠯ ᠳᠣᠤᠷ᠎ᠠ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠶ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ᠎ᠶ᠋ᠢᠨ ᠵᠠᠷᠯᠢᠭ᠎ᠢᠶᠠᠷ ᠭᠤᠤᠯ ᠮᠥᠷᠡᠨ ᠨᠠᠭᠤᠷ ᠴᠥᠭᠦᠷᠥᠮ᠎ᠤᠨ 《   》 ᠠᠵᠢᠯᠯᠠᠭ᠎ᠠ᠎ᠶ᠋ᠢ ᠥᠷᠨᠢᠭᠦᠯᠵᠦ᠍᠂ ᠥᠪᠡᠷᠲᠡᠭᠡᠨ ᠵᠠᠰᠠᠬᠤ ᠣᠷᠣᠨ᠎ᠤ ᠭᠤᠤᠯ ᠮᠥᠷᠡᠨ᠎ᠤ ᠳᠠᠷᠤᠭ᠎ᠠ᠎ᠶ᠋ᠢᠨ ᠠᠯᠪᠠᠨ ᠬᠡᠷ 《ᠪᠠᠷᠠᠭᠤᠨ ᠯᠢᠶᠤᠤᠾᠸ ᠭᠤᠤᠯ᠎ᠤᠨ ᠭᠤᠤᠯ ᠤᠷᠤᠰᠭᠠᠯ᠎ᠤᠨ ᠪᠥᠬᠦ᠌ ᠱᠤᠭᠤᠮ᠎ᠢᠶᠠᠷ ᠤᠷᠤᠰᠭᠠᠯ ᠥᠩᠭᠡᠷᠡᠬᠦ᠌ ᠬᠤᠯᠪᠣᠭ᠍ᠳᠠᠯ ᠪᠥᠬᠦᠶ ᠠᠵᠢᠯ᠎ᠢ ᠪᠥᠬᠦ᠌ ᠬᠦᠴᠦᠨ᠎ᠢᠶᠠᠷ᠎ᠢᠶᠠᠨ ᠰᠠᠢᠲᠤᠷ ᠬᠢᠬᠦ᠌ ᠲᠤᠬᠠᠶ ᠮᠡᠳᠡᠭ᠌ᠳᠡᠯ》 ( ᠥᠪᠥᠷ ᠭᠤᠤᠯ ᠳᠠᠷᠤᠭ᠎ᠠ ᠠᠯᠪᠠᠨ [2025] 9 ᠳ᠋ᠦ᠍ᠭᠡᠷ ᠲᠣᠭᠠᠲᠤ) ᠎ᠢ ᠳᠠᠷᠤᠮᠠᠯᠯᠠᠨ ᠲᠠᠷᠬᠠᠭᠠᠵᠤ᠂ ᠤᠯᠠᠭᠠᠨᠬᠠᠳᠠ ᠬᠤᠲᠠ ᠪᠣᠯᠤᠨ ᠲᠦᠩᠯᠢᠶᠣᠤ ᠬᠤᠲᠠ᠎ᠶ᠋ᠢ ᠵᠣᠬᠢᠶᠠᠨ ᠪᠠᠢᠭᠤᠯᠤᠨ ᠰᠠᠪᠠ ᠭᠠᠵᠠᠷ᠎ᠤᠨ ᠳᠣᠲᠣᠷᠠᠬᠢ ᠪᠠᠷᠠᠭᠤᠨ ᠯᠢᠶᠤᠤᠾᠸ ᠭᠤᠤᠯ᠎ᠤᠨ ᠭᠤᠤᠯ ᠤᠷᠤᠰᠭᠠᠯ᠂ ᠯᠤᠤᠬ᠎ᠠ᠎ᠶ᠋ᠢᠨ ᠭᠤᠤᠯ ᠵᠡᠷᠭᠡ 11 ᠵᠤᠷᠪᠤᠰ ᠭᠤᠤᠯ ᠮᠥᠷᠡᠨ᠎ᠢᠶᠠᠷ ᠭᠤᠤᠯᠳᠠᠯᠭ᠎ᠠ ᠪᠣᠯᠭᠠᠨ 《ᠰᠤᠪᠠᠭ᠎ᠢ ᠴᠡᠪᠡᠷᠯᠡᠬᠦ᠌ ᠠᠵᠢᠯᠯᠠᠭ᠎ᠠ》 ᠎ᠶ᠋ᠢ ᠥᠷᠨᠢᠭᠦᠯᠵᠦ᠍᠂ ᠭᠤᠤᠯ ᠪᠣᠯᠬᠤ ᠭᠤᠤᠯ᠎ᠤᠨ ᠰᠤᠪᠠᠭ᠎ᠤᠨ ᠣᠷᠣᠨ᠎ᠤ ᠳᠠᠷᠢᠬᠤ᠎ᠶ᠋ᠢ ᠴᠠᠭᠠᠵᠠᠯᠠᠬᠤ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ᠎ᠶ᠋ᠢ ᠬᠠᠤᠯᠢ ᠶᠣᠰᠣᠭᠠᠷ ᠴᠢᠩᠭ᠎ᠠ ᠨᠠᠢᠳᠠᠪᠤᠷᠢᠵᠢᠭᠤᠯᠬᠤ᠎ᠶ᠋ᠢᠨ ᠬᠠᠮᠲᠤ᠌᠂ ᠭᠤᠤᠯ ᠪᠣᠯᠬᠤ ᠭᠤᠤᠯ᠎ᠤᠨ ᠰᠤᠪᠠᠭ᠎ᠤᠨ ᠣᠷᠣᠨ᠎ᠤ ᠦᠶᠡᠷ ᠵᠠᠯᠠᠬᠤ᠎ᠶ᠋ᠢ ᠬᠠᠷᠱᠢᠯᠠᠵᠤ ᠪᠠᠢᠭ᠎ᠠ ᠣᠶ ᠮᠣᠳᠣ᠂ ᠬᠦᠷᠢᠶ᠎ᠡ ᠬᠠᠱᠢᠯᠭ᠎ᠠ᠎ᠶ᠋ᠢ ᠪᠥᠬᠦ᠌ ᠲᠠᠯ᠎ᠠ᠎ᠪᠠᠷ ᠴᠡᠪᠡᠷᠯᠡᠪᠡ᠃ ᠭᠤᠣᠯ ᠮᠥᠷᠡᠨ ᠨᠠᠭᠤᠷ ᠴᠥᠭᠦᠷᠥᠮ᠎ᠤᠨ 《   》 ᠠᠵᠢᠯ᠎ᠢ ᠪᠠᠢᠩᠭᠤᠵᠢᠭᠤᠯᠤᠨ ᠥᠷᠨᠢᠭᠦᠯᠵᠦ᠍᠂ ᠦᠶᠡᠷ ᠵᠠᠯᠠᠬᠤ᠎ᠶ᠋ᠢ ᠬᠠᠷᠱᠢᠯᠠᠵᠤ ᠪᠠᠢᠭ᠎ᠠ ᠪᠠ ᠴᠥᠭᠦᠷᠥᠮ᠎ᠤᠨ ᠪᠠᠭ᠍ᠲᠠᠭᠠᠮᠵᠢ᠎ᠶ᠋ᠢ ᠡᠵᠡᠯᠡᠵᠦ᠍ ᠪᠠᠢᠭ᠎ᠠ ᠡᠯ᠎ᠡ ᠲᠦᠷᠦᠯ᠎ᠤᠨ ᠲᠤᠪᠤᠢᠮ᠎ᠠ ᠠᠰᠠᠭᠤᠳᠠᠯ᠎ᠢ ᠦᠷᠭᠦᠯᠵᠢᠯᠡᠨ ᠴᠡᠭ᠌ᠴᠡᠯᠡᠨ ᠵᠠᠰᠠᠵᠤ᠂ ᠭᠤᠣᠯ᠎ᠤᠨ ᠵᠠᠮ᠎ᠤᠨ ᠦᠶᠡᠷ᠎ᠢ ᠰᠡᠷᠭᠡᠢᠯᠡᠬᠦ᠌ ᠪᠠ ᠤᠰᠤᠨ ᠴᠥᠭᠦᠷᠥᠮ᠎ᠤᠨ ᠦᠶᠡᠷ᠎ᠢ ᠬᠤᠷᠠᠭᠤᠯᠬᠤ ᠠᠮᠤᠷ ᠲᠦᠪᠱᠢᠨ᠎ᠢ ᠦᠨᠡᠨ ᠬᠦ᠌ ᠪᠠᠲᠤᠯᠠᠨ᠎ᠠ᠃ ᠬᠤᠶᠠᠷ᠎ᠲᠤ᠌᠂ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠂ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠤᠨ ᠮᠠᠯᠵᠢᠬᠤ ᠣᠷᠣᠨ᠎ᠤ ᠲᠢᠩᠬᠢᠮ᠎ᠢ ᠢᠳᠡᠪᠬᠢᠲᠡᠶ ᠵᠣᠬᠢᠴᠠᠭᠤᠯᠵᠤ ᠲᠠᠷᠢᠶᠠᠨ ᠭᠠᠵᠠᠷ᠎ᠢ ᠪᠤᠴᠠᠭᠠᠨ ᠭᠠᠷᠭᠠᠬᠤ᠎ᠶ᠋ᠢ ᠠᠬᠢᠭᠤᠯᠪᠠ᠃ 《ᠰᠤᠪᠠᠭ᠎ᠢ ᠴᠡᠪᠡᠷᠯᠡᠬᠦ᠌ ᠠᠵᠢᠯᠯᠠᠭ᠎ᠠ》 ᠎ᠶ᠋ᠢᠨ ᠬᠡᠷᠡᠭ᠌ᠵᠢᠭᠦᠯᠬᠦ᠌ ᠲᠥᠰᠦᠯ᠎ᠳᠤ ᠳᠤᠷᠠᠳᠤᠭ᠍ᠰᠠᠨ ᠣᠷᠣᠨ ᠬᠤᠪᠢᠶᠠᠨ ᠬᠠᠮᠢᠶᠠᠷᠤᠨ ᠡᠵᠡᠮᠳᠡᠬᠦ᠌ ᠵᠠᠷᠴᠢᠮ ᠶᠣᠰᠣᠭᠠᠷ᠂ ᠭᠤᠤᠯ᠎ᠤᠨ ᠵᠠᠮ᠎ᠤᠨ ᠭᠤᠤᠯ ᠭᠤᠯᠳᠤᠷᠢᠯ᠎ᠤᠨ ᠣᠷᠣᠨ ᠪᠠ ᠤᠰᠤᠨ ᠴᠥᠭᠦᠷᠥᠮ᠎ᠤᠨ ᠣᠷᠣᠨ᠎ᠳᠤ ᠣᠷᠣᠭᠤᠯᠬᠤ᠂ ᠤᠰᠤ ᠭᠠᠷᠭᠠᠬᠤ ᠨᠡᠪᠲᠡᠷᠡᠯ ᠵᠠᠮ᠎ᠳᠤ ᠳᠠᠷᠢᠬᠤ᠎ᠶ᠋ᠢ ᠴᠠᠭᠠᠵᠠᠯᠠᠬᠤ ᠬᠠᠮᠢᠶᠠᠷᠤᠨ ᠡᠵᠡᠮᠳᠡᠬᠦ᠌ ᠱᠠᠭᠠᠷᠳᠠᠯᠭ᠎ᠠ᠎ᠶ᠋ᠢ ᠴᠢᠩᠭ᠎ᠠ ᠨᠠᠢᠳᠠᠪᠤᠷᠢᠵᠢᠭᠤᠯᠵᠤ᠂ ᠣᠲᠣ᠎ᠶ᠋ᠢᠨ ᠪᠠᠢᠭ᠎ᠠ ᠲᠠᠷᠢᠶᠠᠨ ᠭᠠᠵᠠᠷ᠎ᠢ ᠠᠯᠬᠤᠮ ᠠᠯᠬᠤᠮ᠎ᠢᠶᠠᠷ ᠪᠤᠴᠠᠭᠠᠵᠤ ᠭᠠᠷᠭᠠᠨ᠎ᠠ; ᠭᠤᠤᠯ᠎ᠤᠨ ᠵᠠᠮ᠎ᠤᠨ ᠦᠨᠳᠦᠰᠦᠨ ᠲᠠᠷᠢᠶᠠᠨ ᠭᠠᠵᠠᠷ᠂ ᠡᠷᠬᠡ᠎ᠶ᠋ᠢ ᠨᠤᠲᠠᠯᠠᠨ ᠲᠣᠭ᠍ᠲᠠᠭᠠᠬᠤ ᠲᠠᠷᠢᠶᠠᠨ ᠭᠠᠵᠠᠷ᠎ᠢ ᠲᠣᠬᠤᠵᠤ᠂ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠲᠠᠢ ᠨᠡᠪᠲᠡᠷᠡᠯᠴᠡᠨ ᠭᠤᠤᠯ ᠭᠤᠯᠳᠤᠷᠢᠯ᠎ᠤᠨ ᠣᠷᠣᠨ᠎ᠤ ᠡᠭᠦᠷᠢᠳᠡ᠎ᠶ᠋ᠢᠨ ᠦᠨᠳᠦᠰᠦᠨ ᠲᠠᠷᠢᠶᠠᠨ ᠭᠠᠵᠠᠷ᠎ᠢ ᠳᠣᠭᠢᠷᠠᠭᠤᠯᠤᠨ ᠭᠠᠷᠭᠠᠬᠤ᠎ᠶ᠋ᠢ ᠠᠬᠢᠭᠤᠯᠤᠨ᠎ᠠ;ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠭᠤᠨ ᠮᠠᠯᠵᠢᠬᠤ ᠣᠷᠣᠨ᠎ᠤ ᠲᠢᠩᠬᠢᠮ᠎ᠯᠦᠭᠡ ᠢᠵᠢ ᠪᠦᠷᠢᠳᠦᠭᠦᠯᠦᠨ ᠴᠠᠭᠠᠵᠠᠯᠠᠬᠤ ᠣᠷᠣᠨ᠎ᠤ ᠡᠷᠬᠡ᠎ᠶ᠋ᠢ ᠨᠤᠲᠠᠯᠠᠨ ᠲᠣᠭ᠍ᠲᠠᠭᠠᠭ᠍ᠰᠠᠨ ᠲᠠᠷᠢᠶᠠᠨ ᠭᠠᠵᠠᠷ᠎ᠤᠨ ᠲᠠᠯᠠᠪᠠᠶ᠎ᠶ᠋ᠢ ᠲᠣᠭ᠍ᠲᠠᠭᠠᠵᠤ᠂ ᠥᠨᠳᠥᠷ ᠡᠱᠢᠲᠦ ᠲᠠᠷᠢᠮᠠᠯ᠎ᠤᠨ ᠲᠣᠮᠢᠶᠠᠯᠠᠬᠤ ᠪᠠᠷᠢᠮᠵᠢᠶ᠎ᠠ᠎ᠶ᠋ᠢ ᠲᠣᠳᠣᠷᠬᠠᠢᠯᠠᠨ᠎ᠠ᠃

  ᠲᠠᠪᠤ᠂ ᠭᠤᠣᠯ ᠮᠥᠷᠡᠨ ᠨᠠᠭᠤᠷ ᠴᠥᠭᠦᠷᠥᠮ᠎ᠤᠨ ᠳᠣᠲᠣᠷᠠᠬᠢ ᠲᠠᠷᠢᠶᠠᠨ ᠭᠠᠵᠠᠷ᠎ᠢ ᠲᠠᠷᠢᠶᠠᠨ ᠭᠠᠵᠠᠷ᠎ᠡᠴᠡ  ᠱᠢᠯᠵᠢᠭᠦᠯᠦᠨ ᠭᠠᠷᠭᠠᠬᠤ ᠬᠠᠮᠠᠭᠠᠯᠠᠯᠲᠠ᠎ᠶ᠋ᠢᠨ ᠤᠯᠠᠭᠠᠨ ᠱᠤᠭᠤᠮ ᠎ᠢ  ᠵᠤᠬᠢᠴᠭᠤᠯᠬᠤ ᠲᠤᠬᠠᠢ

  ᠮᠠᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ᠎ᠲᠠᠢ ᠢᠳᠡᠪᠬᠢᠲᠡᠶ᠎ᠪᠠᠷ ᠨᠡᠪᠲᠡᠷᠡᠯᠴᠡᠵᠦ᠍᠂ ᠭᠤᠤᠯ᠎ᠤᠨ ᠵᠠᠮ᠂ ᠤᠰᠤᠨ ᠴᠥᠭᠦᠷᠥᠮ᠎ᠤᠨ ᠳᠣᠲᠣᠷᠠᠬᠢ ᠲᠣᠭ᠍ᠲᠠᠭᠤᠨ ᠪᠤᠰᠤ ᠲᠠᠷᠢᠶᠠᠨ ᠭᠠᠵᠠᠷ᠎ᠠᠴᠠ ᠡᠮᠬᠢ ᠵᠢᠷᠤᠮ᠎ᠲᠠᠢ᠎ᠪᠠᠷ ᠭᠠᠷᠬᠤ ᠲᠥᠰᠦᠯ᠎ᠢ ᠰᠤᠳᠤᠯᠪᠠ᠃ ᠪᠠᠢᠭᠠᠯᠢ᠎ᠶ᠋ᠢᠨ ᠡᠬᠢ ᠪᠠᠶᠠᠯᠢᠭ᠎ᠤᠨ ᠰᠠᠯᠠᠭ᠎ᠠ ᠮᠥᠴᠢᠷ ᠬᠠᠷᠢᠭᠤᠯᠲᠠ ᠥᠭ᠌ᠴᠦ᠂ ᠲᠦᠩᠯᠢᠶᠣᠤ ᠬᠤᠲᠠ᠎ᠶ᠋ᠢᠨ ᠭᠤᠤᠯ ᠮᠥᠷᠡᠨ ᠨᠠᠭᠤᠷ ᠴᠥᠭᠦᠷᠥᠮ᠎ᠤᠨ ᠡᠷᠭᠢ ᠳᠣᠲᠣᠷᠠᠬᠢ ᠲᠠᠷᠢᠶᠠᠨ ᠭᠠᠵᠠᠷ᠎ᠤᠨ ᠠᠰᠠᠭᠤᠳᠠᠯ᠎ᠳᠤ ᠴᠢᠭ᠌ᠯᠡᠭᠦᠯᠦᠨ᠂ ᠥᠪᠡᠷᠲᠡᠭᠡᠨ ᠵᠠᠰᠠᠬᠤ ᠣᠷᠣᠨ᠎ᠤ ᠪᠠᠢᠭᠠᠯᠢ᠎ᠶ᠋ᠢᠨ ᠡᠬᠢ ᠪᠠᠶᠠᠯᠢᠭ᠎ᠤᠨ ᠲᠢᠩᠬᠢᠮ ᠨᠢᠭᠡᠨᠲᠡ 2024 ᠣᠨ᠎ᠤ 12 ᠳ᠋ᠤᠭᠠᠷ ᠰᠠᠷ᠎ᠠ ᠪᠠ 2025 ᠣᠨ᠎ᠤ 4 ᠳ᠋ᠦ᠍ᠭᠡᠷ ᠰᠠᠷ᠎ᠠ᠎ᠳᠤ ᠤᠷᠢᠳ ᠬᠤᠵᠢᠳ ᠬᠤᠶᠠᠷ ᠤᠳᠠᠭ᠎ᠠ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠳᠤ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ᠎ᠳᠤ ᠵᠠᠬᠢᠳᠠᠯ ᠢᠯᠡᠭᠡᠵᠦ᠍᠂ ᠭᠤᠤᠯ᠎ᠤᠨ ᠵᠠᠮ᠎ᠠᠴᠠ ᠡᠮᠬᠢ ᠵᠢᠷᠤᠮ᠎ᠲᠠᠢ᠎ᠪᠠᠷ ᠤᠬᠤᠷᠢᠨ ᠭᠠᠷᠬᠤ ᠵᠡᠷᠭᠡ ᠲᠣᠭ᠍ᠲᠠᠭᠤᠨ ᠪᠤᠰᠤ ᠲᠠᠷᠢᠶᠠᠨ ᠭᠠᠵᠠᠷ᠎ᠢ ᠠᠱᠢᠭ᠍ᠯᠠᠬᠤ᠎ᠪᠠᠷ ᠭᠤᠶᠤᠴᠢᠯᠠᠪᠠ᠂ ᠣᠳᠣᠬᠠᠨ᠎ᠳᠤ ᠪᠠᠢᠭᠠᠯᠢ᠎ᠶ᠋ᠢᠨ ᠡᠬᠢ ᠪᠠᠶᠠᠯᠢᠭ᠎ᠤᠨ ᠶᠠᠮᠤᠨ ᠪᠢᠴᠢᠭ᠎ᠤᠨ ᠬᠠᠷᠢᠭᠤᠯᠲᠠ ᠥᠭ᠌ᠭᠦᠭ᠌ᠰᠡᠨ ᠥᠬᠡᠶ᠂ ᠲᠣᠰ ᠠᠵᠢᠯ᠎ᠢ ᠮᠥᠨ ᠬᠦ᠌ ᠢᠳᠡᠪᠬᠢᠲᠡᠶ ᠠᠬᠢᠭᠤᠯᠵᠤ ᠪᠠᠢᠨ᠎ᠠ᠃

  ᠵᠢᠷᠭᠤᠭ᠎ᠠ᠂ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠤᠤᠾᠸ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠨᠢ ᠦᠷ᠎ᠡ ᠪᠦᠲᠦᠮᠵᠢ ᠣᠯᠬᠤ᠎ᠠᠴᠠ ᠡᠮᠦᠨᠡᠬᠢ ᠦᠯᠡᠳᠡᠭ᠌ᠰᠡᠨ ᠤᠰᠤ᠎ᠶ᠋ᠢ ᠪᠠᠷᠠᠭᠤᠨ ᠯᠢᠶᠣᠤᠾᠧ ᠭᠤᠣᠯ᠎ᠤᠨ ᠠᠮᠢ ᠠᠬᠤᠢ᠎ᠶ᠋ᠢᠨ ᠤᠰᠤ ᠨᠥᠬᠦᠬᠦ᠌᠎ᠳᠤ ᠬᠡᠷᠡᠭ᠌ᠯᠡᠬᠦ᠌ ᠲᠤᠬᠠᠢ

  ᠮᠠᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ᠂ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠤᠤᠾᠸ ᠭᠤᠤᠯ᠎ᠳᠤ ᠨᠡᠮᠡᠷᠢᠯᠡᠬᠦ᠌ ᠺᠣᠮᠫᠠᠨᠢ ᠪᠣᠯᠤᠨ ᠲᠦᠩᠯᠢᠶᠣᠤ ᠬᠤᠲᠠ᠎ᠶ᠋ᠢ ᠵᠣᠬᠢᠴᠠᠭᠤᠯᠬᠤ᠎ᠲᠠᠢ ᠢᠳᠡᠪᠬᠢᠲᠡᠶ ᠵᠣᠯᠭᠠᠭᠤᠯᠵᠤ᠂ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠤᠤᠾᠸ ᠭᠤᠤᠯ᠎ᠳᠤ ᠨᠡᠮᠡᠷᠢᠯᠡᠬᠦ᠌ ᠢᠨᠵᠧᠨᠧᠷᠢᠩ᠎ᠤᠨ ᠦᠢᠯᠡᠳᠦᠯ᠎ᠠᠴᠠ ᠡᠮᠦᠨᠡᠬᠢ ᠦᠯᠡᠭᠦᠦ ᠤᠰᠤᠨ᠎ᠤ ᠬᠡᠮᠵᠢᠶ᠎ᠡ᠎ᠶ᠋ᠢ ᠪᠠᠷᠠᠭᠤᠨ ᠯᠢᠶᠤᠤᠾᠸ ᠭᠤᠤᠯ᠎ᠤᠨ ᠠᠮᠢ ᠠᠬᠤᠶ᠎ᠶ᠋ᠢᠨ ᠤᠰᠤ ᠨᠥᠬᠦᠪᠥᠷᠢᠯᠡᠬᠦ᠌᠎ᠳᠤ ᠬᠡᠷᠡᠭ᠌ᠯᠡᠨ᠎ᠡ᠃ ᠣᠳᠣᠬᠠᠨ᠎ᠳᠤ᠂ ᠴᠤᠤᠯ ᠭᠤᠤᠯ᠎ᠤᠨ ᠤᠰᠤ᠎ᠶ᠋ᠢ ᠲᠠᠲᠠᠵᠤ ᠯᠢᠶᠤᠤᠾᠸ ᠭᠤᠤᠯ᠎ᠳᠤ ᠨᠡᠮᠡᠷᠢᠯᠡᠬᠦ᠌ ᠺᠣᠮᠫᠠᠨᠢ ᠢᠨᠵᠧᠨᠧᠷᠢᠩ᠎ᠤᠨ ᠦᠷ᠎ᠡ ᠪᠦᠲᠦᠮᠵᠢ ᠬᠦᠷᠬᠦ᠌᠎ᠠᠴᠠ ᠡᠮᠦᠨᠡᠬᠢ ᠦᠯᠡᠳᠡᠭ᠌ᠰᠡᠨ ᠤᠰᠤᠨ᠎ᠤ ᠬᠡᠮᠵᠢᠶ᠎ᠡ᠎ᠪᠠᠨ ᠪᠠᠷᠠᠭᠤᠨ ᠯᠢᠶᠤᠤᠾᠸ ᠭᠤᠤᠯ᠎ᠤᠨ ᠠᠮᠢ ᠠᠬᠤᠢ᠎ᠶ᠋ᠢᠨ ᠤᠰᠤ ᠨᠥᠬᠦᠪᠥᠷᠢᠯᠡᠬᠦ᠌᠎ᠳᠤ ᠬᠡᠷᠡᠭ᠌ᠯᠡᠬᠦ᠌᠎ᠶ᠋ᠢ ᠵᠥᠪᠱᠢᠶᠡᠷᠡᠵᠦ᠍᠂ ᠥᠪᠡᠷᠲᠡᠭᠡᠨ ᠵᠠᠰᠠᠬᠤ ᠣᠷᠣᠨ᠎ᠤ ᠬᠥᠭ᠌ᠵᠢᠭᠦᠯᠦᠯᠲᠡ ᠪᠠ ᠥᠭᠡᠷᠡᠴᠢᠯᠡᠯᠲᠡ᠎ᠶ᠋ᠢᠨ ᠵᠥᠪᠯᠡᠯ ᠶᠠᠭ ᠤᠰᠤ ᠨᠥᠬᠦᠪᠥᠷᠢᠯᠡᠬᠦ᠌ ᠤᠰᠤᠨ᠎ᠤ ᠦᠨ᠎ᠡ᠎ᠶ᠋ᠢ ᠵᠥᠪᠳᠡᠯᠴᠡᠨ ᠲᠣᠭ᠍ᠲᠠᠭᠠᠵᠤ ᠪᠠᠢᠨ᠎ᠠ᠃

  ᠲᠠᠷᠠᠭᠠᠴᠢ᠎ᠶ᠋ᠢᠨ ᠠᠯᠬᠤᠮ᠎ᠳᠤ᠂ ᠮᠠᠨ᠎ᠤ ᠲᠢᠩᠬᠢᠮ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ ᠪᠣᠯᠤᠨ ᠤᠰᠤᠨ ᠠᠱᠢᠭ᠍ᠯᠠᠯᠲᠠ᠎ᠶ᠋ᠢᠨ ᠶᠠᠮᠤᠨ᠎ᠤ ᠪᠠᠢᠷᠢᠯᠠᠭᠤᠯᠤᠯᠲᠠ ᠱᠠᠭᠠᠷᠳᠠᠯᠭ᠎ᠠ᠎ᠶ᠋ᠢ ᠨᠠᠷᠢᠨ ᠬᠢᠨᠠᠮᠠᠭᠠᠶ ᠲᠤᠭᠤᠱᠢᠯᠠᠭᠤᠯᠵᠤ᠂ ᠣᠳᠣᠬᠠᠨ᠎ᠤ ᠪᠠᠷᠠᠭᠤᠨ ᠯᠢᠶᠤᠤᠾᠸ ᠭᠤᠤᠯ᠎ᠤᠨ ᠬᠠᠮᠠᠭᠠᠯᠠᠨ ᠵᠠᠰᠠᠬᠤ ᠭᠤᠤᠯ ᠵᠥᠷᠢᠴᠡᠯ᠎ᠢ ᠴᠢᠩᠭ᠎ᠠ ᠠᠳᠭᠤᠵᠤ᠂ ᠤᠳᠠᠭᠠᠨ ᠳᠠᠭᠠᠭᠠᠮᠠᠭᠠᠶ ᠴᠢᠷᠮᠠᠢᠵᠤ᠂ ᠦᠷᠭᠦᠯᠵᠢᠯᠡᠨ ᠬᠦᠴᠦᠯᠡᠵᠦ᠍᠂ ᠪᠠᠷᠠᠭᠤᠨ ᠯᠢᠶᠤᠤᠾᠸ ᠭᠤᠤᠯ᠎ᠤᠨ ᠰᠠᠪᠠ ᠭᠠᠵᠠᠷ᠎ᠤᠨ ᠠᠮᠢ ᠠᠬᠤᠶ᠎ᠶ᠋ᠢᠨ ᠰᠡᠷᠭᠦᠯᠲᠡ᠎ᠶ᠋ᠢ ᠠᠯᠬᠤᠮ ᠠᠯᠬᠤᠮ᠎ᠢᠶᠠᠷ ᠠᠬᠢᠭᠤᠯᠤᠨ᠎ᠠ᠃ ᠨᠢᠭᠡ᠎ᠳᠤ᠂ ᠤᠰᠤ ᠠᠷᠪᠢᠯᠠᠬᠤ ᠠᠵᠢᠯᠯᠠᠭ᠎ᠠ᠎ᠶ᠋ᠢ ᠭᠦᠨᠵᠡᠭᠡᠶ ᠥᠷᠨᠢᠭᠦᠯᠵᠦ᠍᠂ ᠪᠠᠷᠠᠭᠤᠨ ᠯᠢᠶᠤᠤᠾᠸ ᠭᠤᠤᠯ᠎ᠤᠨ ᠰᠠᠪᠠ ᠭᠠᠵᠠᠷ᠎ᠤᠨ 《ᠤᠰᠤᠨ᠎ᠤ ᠬᠡᠮᠵᠢᠶ᠎ᠡ᠎ᠪᠠᠷ ᠬᠢᠬᠦ᠌》 ᠠᠵᠢᠯ᠎ᠢ ᠯᠠᠪᠳᠠᠭᠤᠨ ᠪᠠᠲᠤᠲᠠᠶ ᠠᠬᠢᠭᠤᠯᠵᠤ᠂ 《ᠠᠷᠪᠠᠨ ᠵᠤᠷᠪᠤᠰ ᠬᠠᠲᠠᠭᠤ ᠠᠷᠭ᠎ᠠ ᠬᠡᠮᠵᠢᠶ᠎ᠡ》᠎ᠶ᠋ᠢᠨ ᠨᠠᠢᠳᠠᠪᠤᠷᠢᠵᠢᠭᠤᠯᠤᠯᠲᠠ᠎ᠶ᠋ᠢ ᠦᠷᠭᠦᠯᠵᠢᠯᠡᠨ ᠠᠬᠢᠭᠤᠯᠵᠤ᠂ ᠥᠨᠳᠥᠷ ᠪᠦᠲᠦᠮᠵᠢᠲᠡᠶ ᠤᠰᠤ ᠠᠷᠪᠢᠯᠠᠬᠤ᠂ ᠲᠠᠷᠢᠮᠠᠯ᠎ᠤᠨ ᠪᠦᠲᠦᠴᠡ᠎ᠶ᠋ᠢ ᠳᠣᠭᠢᠷᠠᠭᠤᠯᠬᠤ᠂ ᠭᠠᠵᠠᠷ ᠳᠣᠤᠷᠠᠬᠢ ᠤᠰᠤᠨ᠎ᠤ ᠤᠰᠤᠯᠠᠯᠲᠠ᠎ᠶ᠋ᠢᠨ ᠲᠠᠯᠠᠪᠠᠶ᠎ᠶ᠋ᠢ ᠪᠠᠭᠠᠰᠭᠠᠬᠤ ᠵᠡᠷᠭᠡ ᠣᠯᠠᠨ ᠵᠦᠢᠯ᠎ᠤᠨ ᠠᠷᠭ᠎ᠠ ᠬᠡᠮᠵᠢᠶ᠎ᠡ᠎ᠶ᠋ᠢ ᠨᠢᠭᠡᠳᠦᠯᠲᠡᠶ ᠲᠥᠯᠥᠪᠯᠡᠨ ᠬᠡᠷᠡᠭ᠌ᠵᠢᠭᠦᠯᠵᠦ᠍᠂ ᠲᠠᠷᠢᠶᠠᠯᠠᠩ᠎ᠤᠨ ᠤᠰᠤ᠎ᠶ᠋ᠢ ᠭᠦᠨ ᠡᠵᠡᠮᠳᠡᠵᠦ᠍ ᠡᠵᠡᠮᠳᠡᠬᠦ᠌᠎ᠶ᠋ᠢ ᠪᠥᠬᠦ᠌ ᠲᠠᠯ᠎ᠠ᠎ᠪᠠᠷ ᠠᠬᠢᠭᠤᠯᠤᠨ᠎ᠠ᠃ ᠬᠤᠶᠠᠷ᠎ᠲᠤ᠌᠂ ᠰᠠᠪᠠ ᠭᠠᠵᠠᠷ᠎ᠤᠨ ᠤᠰᠤᠨ᠎ᠤ ᠡᠬᠢ ᠪᠠᠶᠠᠯᠢᠭ᠎ᠢ ᠨᠢᠭᠡᠳᠦᠯᠲᠡᠶ ᠲᠣᠬᠢᠷᠠᠭᠤᠯᠬᠤ᠎ᠶ᠋ᠢ ᠴᠢᠩᠭᠠᠳᠭᠠᠵᠤ᠂ ᠣᠨ᠎ᠤ ᠤᠰᠤᠨ᠎ᠤ ᠡᠬᠢ ᠪᠠᠶᠠᠯᠢᠭ᠎ᠤᠨ ᠲᠣᠬᠢᠷᠠᠭᠤᠯᠤᠯᠲᠠ᠎ᠶ᠋ᠢ ᠱᠢᠨᠵᠢᠯᠡᠬᠦ᠌ ᠤᠬᠠᠭᠠᠨᠴᠢ ᠪᠥᠭᠡᠳ ᠡᠮᠬᠢ ᠵᠢᠷᠤᠮ᠎ᠲᠠᠢ᠎ᠪᠠᠷ ᠰᠠᠢᠲᠤᠷ ᠬᠢᠵᠦ᠍᠂ ᠦᠢᠯᠡᠳᠪᠦᠷᠢᠯᠡᠯ᠂ ᠠᠮᠢᠳᠤᠷᠠᠯ᠂ ᠠᠮᠢ ᠠᠬᠤᠶ᠎ᠶ᠋ᠢᠨ ᠬᠡᠷᠡᠭ᠌ᠯᠡᠬᠦ᠌ ᠤᠰᠤ᠎ᠶ᠋ᠢ ᠨᠢᠭᠡᠳᠦᠯᠲᠡᠶ ᠲᠥᠯᠥᠪᠯᠡᠨ᠂ ᠰᠠᠪᠠ ᠭᠠᠵᠠᠷ᠎ᠤᠨ ᠬᠢᠨᠠᠨ ᠱᠢᠯᠭᠠᠬᠤ ᠣᠭ᠍ᠲᠣᠯᠤᠭᠠᠰᠤ᠎ᠶ᠋ᠢᠨ ᠠᠮᠢ ᠠᠬᠤᠶ᠎ᠶ᠋ᠢᠨ ᠤᠷᠤᠰᠭᠠᠯ᠎ᠤᠨ ᠬᠡᠮᠵᠢᠶ᠎ᠡ᠎ᠶ᠋ᠢᠨ ᠪᠠᠲᠤᠯᠠᠭ᠎ᠠ᠎ᠶ᠋ᠢ ᠴᠢᠩᠭᠠᠳᠭᠠᠨ᠎ᠠ᠃ ᠵᠤᠨ᠎ᠤ ᠦᠶᠡᠷ᠎ᠤᠨ ᠬᠤᠭᠤᠴᠠᠭ᠎ᠠ ᠪᠠ ᠬᠠᠪᠤᠷ᠎ᠤᠨ ᠤᠯᠠᠷᠢᠯ᠎ᠤᠨ ᠤᠰᠤ ᠲᠠᠲᠠᠬᠤ ᠠᠱᠢᠭ᠍ᠲᠠᠢ ᠲᠣᠬᠢᠶᠠᠯ᠎ᠢ ᠠᠳᠭᠤᠵᠤ᠂ ᠦᠢᠯᠡᠳᠪᠦᠷᠢᠯᠡᠯ᠎ᠳᠤ ᠤᠰᠤ ᠬᠡᠷᠡᠭ᠌ᠯᠡᠬᠦ᠌᠎ᠶ᠋ᠢ ᠪᠠᠲᠤᠯᠠᠭ᠍ᠰᠠᠨ ᠤᠷᠢᠲᠠᠯ ᠳᠣᠣᠷ᠎ᠠ᠂ ᠨᠡᠩ ᠤᠯᠠᠨ ᠤᠰᠤᠨ᠎ᠤ ᠡᠬᠢ ᠰᠤᠷᠪᠤᠯᠵᠢ᠎ᠶ᠋ᠢ ᠨᠢᠭᠡᠳᠦᠯᠲᠡᠢ ᠲᠥᠯᠥᠪᠵᠢᠭᠦᠯᠵᠦ᠍᠂ ᠱᠢᠨᠵᠢᠯᠡᠬᠦ᠌ ᠤᠬᠠᠭᠠᠨᠴᠢ᠎ᠪᠠᠷ ᠲᠣᠬᠢᠷᠠᠭᠤᠯᠬᠤ᠎ᠪᠠᠨ ᠴᠢᠩᠭᠠᠳᠭᠠᠵᠤ᠂ ᠪᠠᠷᠠᠭᠤᠨ ᠯᠢᠶᠣᠤᠾᠧ ᠭᠤᠣᠯ᠎ᠤᠨ ᠭᠤᠣᠯ ᠤᠷᠤᠰᠭᠠᠯ᠎ᠤᠨ ᠤᠰᠤ ᠥᠩᠭᠡᠷᠡᠬᠦ᠌ ᠴᠠᠭ᠎ᠢ ᠠᠯᠢ ᠴᠢᠳᠠᠬᠤ᠎ᠪᠠᠷ ᠤᠷᠲᠤᠳᠭᠠᠬᠤ ᠬᠡᠷᠡᠭ᠌ᠲᠡᠢ᠃ ᠭᠤᠷᠪᠠ᠎ᠳᠤ᠂ ᠰᠠᠪᠠ ᠭᠠᠵᠠᠷ᠎ᠤᠨ ᠤᠰᠤᠨ᠎ᠤ ᠠᠮᠢ ᠠᠬᠤᠶ᠎ᠶ᠋ᠢ ᠬᠠᠮᠠᠭᠠᠯᠠᠨ ᠰᠡᠷᠭᠦᠭᠡᠬᠦ᠌ ᠠᠵᠢᠯ᠎ᠢ ᠦᠷᠭᠦᠯᠵᠢᠯᠡᠨ ᠰᠠᠢᠲᠤᠷ ᠠᠳᠭᠤᠵᠤ᠂ ᠡᠯ᠎ᠡ ᠱᠠᠲᠤᠨ᠎ᠤ ᠭᠤᠤᠯ ᠮᠥᠷᠡᠨ ᠨᠠᠭᠤᠷ ᠴᠥᠭᠦᠷᠥᠮ᠎ᠤᠨ ᠳᠠᠷᠤᠭ᠎ᠠ᠎ᠶ᠋ᠢᠨ ᠬᠠᠷᠢᠭᠤᠴᠠᠯᠭ᠎ᠠ᠎ᠶ᠋ᠢ ᠴᠢᠩᠭ᠎ᠠ ᠪᠣᠳᠠᠲᠠᠢᠵᠢᠭᠤᠯᠵᠤ᠂ ᠭᠤᠤᠯᠳᠠᠯᠭ᠎ᠠ᠎ᠲᠠᠢ ᠭᠤᠤᠯ ᠮᠥᠷᠡᠨ ᠨᠠᠭᠤᠷ ᠴᠥᠭᠦᠷᠥᠮ᠎ᠤᠨ 《   》 ᠡᠷᠬᠢᠨ ᠦᠵᠡᠬᠦ᠌ ᠵᠢᠴᠢ 《ᠰᠤᠪᠠᠭ᠎ᠢ ᠴᠡᠪᠡᠷᠯᠡᠬᠦ᠌ ᠠᠵᠢᠯᠯᠠᠭ᠎ᠠ》᠎ᠶ᠋ᠢ ᠪᠥᠬᠦ᠌ ᠲᠠᠯ᠎ᠠ᠎ᠪᠠᠷ ᠥᠷᠨᠢᠭᠦᠯᠵᠦ᠍᠂ ᠭᠤᠤᠯ᠎ᠤᠨ ᠵᠠᠮ᠎ᠳᠤ ᠳᠠᠷᠢᠬᠤ᠎ᠶ᠋ᠢ ᠴᠠᠭᠠᠵᠠᠯᠠᠬᠤ ᠠᠷᠭ᠎ᠠ ᠬᠡᠮᠵᠢᠶ᠎ᠡ᠎ᠶ᠋ᠢ ᠴᠢᠩᠭ᠎ᠠ ᠨᠠᠢᠳᠠᠪᠤᠷᠢᠵᠢᠭᠤᠯᠤᠨ᠎ᠠ᠃ ᠴᠤᠤᠯ ᠭᠤᠣᠯ᠎ᠤᠨ ᠤᠰᠤ᠎ᠶ᠋ᠢ ᠲᠠᠲᠠᠵᠤ ᠯᠢᠶᠤᠤᠾᠸ ᠭᠤᠣᠯ᠎ᠳᠤ ᠨᠡᠮᠡᠷᠢᠯᠡᠬᠦ᠌ ᠢᠨᠵᠧᠨᠧᠷᠢᠩ᠎ᠢ ᠪᠠᠷᠠᠭᠤᠨ ᠯᠢᠶᠤᠤᠾᠸ ᠭᠤᠣᠯ᠎ᠳᠤ ᠠᠮᠢ ᠠᠬᠤᠢ᠎ᠶ᠋ᠢᠨ ᠤᠰᠤ ᠨᠥᠬᠦᠪᠦᠷᠢᠯᠡᠬᠦ᠌ ᠲᠣᠭ᠍ᠲᠠᠴᠠ᠎ᠶ᠋ᠢ ᠰᠦᠪᠡᠭ᠌ᠴᠢᠯᠡᠨ ᠪᠠᠢᠭᠤᠯᠵᠤ᠂ ᠭᠤᠣᠯ ᠮᠥᠷᠡᠨ ᠨᠠᠭᠤᠷ ᠴᠥᠭᠦᠷᠥᠮ᠎ᠤᠨ ᠠᠮᠢ ᠠᠬᠤᠢ᠎ᠶ᠋ᠢ ᠦᠷᠭᠦᠯᠵᠢᠯᠡᠨ ᠰᠠᠢᠵᠢᠷᠠᠭᠤᠯᠤᠨ᠎ᠠ᠃ ᠳᠥᠷᠪᠡ᠎ᠳᠤ᠂ ᠳᠡᠭᠡᠳᠦ ᠱᠠᠲᠤᠨ᠎ᠠᠴᠠ ᠴᠢᠷᠮᠠᠢᠵᠤ ᠪᠠᠢᠭᠠᠳ᠂ ᠤᠯᠤᠰ᠎ᠠᠴᠠ ᠤᠮᠠᠷᠠᠲᠤ᠎ᠶ᠋ᠢᠨ ᠤᠰᠤ᠎ᠶ᠋ᠢ ᠡᠮᠦᠨᠡᠰᠢ ᠲᠣᠬᠢᠷᠠᠭᠤᠯᠬᠤ᠎ᠶ᠋ᠢ ᠲᠦᠷᠭᠡᠳᠭᠡᠨ ᠠᠬᠢᠭᠤᠯᠬᠤ᠎ᠶ᠋ᠢᠨ ᠬᠠᠮᠲᠤ ᠪᠠᠷᠠᠭᠤᠨ ᠯᠢᠶᠣᠤᠾᠧ ᠭᠤᠣᠯ᠎ᠤᠨ ᠰᠠᠪᠠ ᠭᠠᠵᠠᠷ᠎ᠤᠨ ᠦᠶᠡᠷ᠎ᠢ ᠰᠡᠷᠭᠡᠢᠯᠡᠨ ᠭᠠᠩ᠎ᠲᠠᠢ ᠲᠡᠮᠡᠴᠡᠬᠦ᠂ ᠭᠠᠵᠠᠷ ᠳᠣᠣᠷᠠᠬᠢ ᠤᠰᠤ᠎ᠶ᠋ᠢ ᠬᠡᠲᠦᠷᠡᠲᠡᠯ᠎ᠡ ᠲᠠᠲᠠᠭ᠍ᠰᠠᠨ ᠣᠷᠣᠨ᠎ᠢ ᠵᠠᠰᠠᠬᠤ ᠵᠡᠷᠭᠡ ᠲᠠᠯ᠎ᠠ᠎ᠶ᠋ᠢᠨ ᠲᠦᠷᠦ᠍᠎ᠶ᠋ᠢᠨ ᠪᠤᠳᠤᠯᠭ᠎ᠠ ᠪᠠ ᠪᠡᠯᠡ ᠮᠥᠩᠭᠦ᠎ᠶ᠋ᠢ ᠤᠯᠬᠤ᠎ᠪᠠᠷ ᠢᠳᠡᠪᠬᠢᠲᠡᠢ ᠴᠢᠷᠮᠠᠢᠵᠤ᠂ 《ᠪᠠᠷᠠᠭᠤᠨ ᠯᠢᠶᠣᠤᠾᠧ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢ ᠰᠡᠷᠭᠦᠭᠡᠬᠦ᠌》 ᠲᠦᠷᠦᠯ ᠵᠦᠢᠯ᠎ᠢ ᠡᠷᠲᠡᠬᠡᠨ ᠤᠯᠤᠰ᠎ᠤᠨ ᠲᠥᠯᠥᠪᠵᠢᠭᠦᠯᠭᠡ᠎ᠶ᠋ᠢᠨ ᠬᠡᠷᠡᠭ᠌ᠵᠢᠭᠦᠯᠦᠯᠲᠡ᠎ᠳᠤ ᠣᠷᠣᠭᠤᠯᠬᠤ᠎ᠶ᠋ᠢ ᠠᠬᠢᠭᠤᠯᠤᠨ᠎ᠠ᠃

  ᠪᠠᠷᠠᠭᠤᠨ ᠯᠢᠶᠤᠤᠾᠸ ᠭᠤᠣᠯ᠎ᠤᠨ ᠰᠠᠪᠠ ᠭᠠᠵᠠᠷ᠎ᠤᠨ ᠠᠮᠢ ᠠᠬᠤᠢ᠎ᠶ᠋ᠢ ᠰᠡᠷᠭᠦᠭᠡᠬᠦ᠌ ᠠᠵᠢᠯ᠎ᠢ ᠲᠠᠨ᠎ᠤ ᠬᠠᠯᠠᠮᠵᠢᠯᠠᠵᠤ ᠳᠡᠮᠵᠢᠭ᠌ᠰᠡᠨ᠎ᠳᠤ ᠲᠠᠯᠠᠷᠬᠠᠵᠤ ᠪᠠᠢᠨ᠎ᠠ᠂ ᠲᠠᠨ᠎ᠤ ᠬᠣᠢᠰᠢᠳᠠ ᠡᠷᠬᠢᠮ ᠨᠠᠨᠳᠢᠨ ᠰᠠᠨᠠᠯ᠎ᠢᠶᠠᠨ ᠦᠷᠭᠦᠯᠵᠢᠯᠡᠨ ᠢᠯᠡᠭᠦᠬᠡᠨ ᠳᠤᠷᠠᠳᠴᠤ᠂ ᠪᠠᠷᠠᠭᠤᠨ ᠯᠢᠶᠣᠤᠾᠧ ᠭᠣᠣᠯ᠎ᠤᠨ ᠠᠮᠢ ᠨᠠᠰᠤ᠎ᠶᠢ ᠰᠡᠷᠭᠦᠭᠡᠬᠦ᠎ᠶᠢ ᠦᠷᠭᠦᠯᠵᠢᠯᠡᠨ ᠠᠬᠢᠭᠤᠯᠵᠤ᠂ ᠰᠠᠪᠠ ᠭᠠᠵᠠᠷ᠎ᠤᠨ ᠠᠮᠢᠵᠢᠷᠠᠯ᠎ᠤᠨ ᠬᠦᠴᠦᠨ᠎ᠢ ᠲᠠᠬᠢᠨ ᠢᠯᠡᠷᠡᠭᠦᠯᠬᠦ᠎ᠶᠢ ᠪᠠᠶᠠᠷᠯᠠᠨ ᠤᠭᠲᠤᠵᠤ ᠪᠠᠢᠨ᠎ᠠ ᠃

 

                                         2025 ᠣᠨ᠎ᠤ 7 ᠳ᠋ᠤᠭᠠᠷ ᠰᠠᠷ᠎ᠠ᠎ᠶ᠋ᠢᠨ 4 ᠎ᠤ ᠡᠳᠦᠷ

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
2023 ᠣᠨ᠎ᠤ 《ᠪᠠᠢᠭᠠᠯᠢ᠎ᠶᠢᠨ ᠡᠬᠢ ᠪᠠᠶᠠᠯᠢᠭ᠋᠎ᠤᠨ ᠡᠳ᠋ ᠬᠥᠷᠥᠩᠭᠡ᠎ᠶᠢᠨ ᠬᠡᠮᠵᠢᠶᠡᠨ᠎ᠤ ᠥᠷᠢ ᠥᠭᠴᠡᠭᠡ᠎ᠶᠢᠨ ᠬᠦᠰᠦᠨᠦᠭᠲᠦ》᠎ᠶᠢ ᠮᠡᠳᠡᠭᠦᠯᠦᠨ ᠬᠦᠷᠭᠡᠬᠦ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠤᠨ ᠵᠠᠬᠢᠳᠠᠯ
 
            