ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠬᠠᠶ ᠾᠧ ᠭᠤᠤᠯ᠎ᠤᠨ ᠰᠠᠪᠠ ᠭᠠᠵᠠᠷ᠎ᠲᠤ ᠡᠨᠡ ᠵᠢᠯ᠎ᠤᠨ ᠦᠶᠡᠷ ᠎ᠤᠨ ᠬᠤᠭᠤᠴᠠᠭ᠋ᠠᠨ᠎ᠳᠤ ᠣᠷᠤᠭᠰᠠᠨ᠎ᠠᠴᠠ ᠨᠠᠰᠢᠬᠢ ᠬᠠᠮᠤᠭ᠎ᠤᠨ ᠰᠢᠷᠦᠭᠦᠨ ᠪᠣᠷᠣᠭ᠋ᠠᠨ ᠤᠷᠤᠬᠤ ᠪᠤᠯᠤᠨ᠎ᠠ ᠤᠰᠤᠨ ᠠᠰᠢᠭᠯᠠᠯᠲᠠ ᠵᠢᠨ ᠶᠠᠮᠤᠨ ᠪᠡᠭᠡᠵᠢᠩ ᠲᠢᠶᠠᠨᠵᠢᠨ ᠾᠧᠪᠧᠶ᠎ᠳᠤ ᠴᠢᠭᠯᠡᠭᠦᠯᠦᠨ ᠦᠶᠡᠷ᠎ᠠᠴᠠ ᠰᠡᠷᠭᠡᠶ᠋ᠢᠯᠡᠬᠦ Ⅳ ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠠᠵᠢᠯᠯᠠᠭ᠎ᠠ ᠡᠬᠢᠯᠡᠭᠦᠯᠦᠨ᠎ᠡ
ᠨᠡᠶ᠋ᠢᠲᠡᠯᠡᠭᠰᠡᠨ ᠴᠠᠭ᠄ 2024-07-24

   ᠴᠠᠭ ᠠᠭᠤᠷ᠎ᠤᠨ ᠤᠷᠢᠳᠴᠢᠯᠠᠭᠰᠠᠨ ᠮᠡᠳᠡᠭᠡ ᠵᠢ ᠦᠨᠳᠦᠰᠦᠯᠡᠪᠡᠯ᠂ ᠬᠦᠢ᠍ᠲᠡᠨ ᠳᠤᠯᠠᠭ᠋ᠠᠨ ᠠᠭ᠋ᠠᠷ᠎ᠤᠨ ᠬᠠᠮᠲᠤ ᠵᠢᠨ ᠨᠦᠯᠦᠭᠡ᠎ᠪᠠᠷ᠂  7 ᠳ᠋ᠤᠭ᠋ᠠᠷ ᠰᠠᠷ᠎ᠠ ᠵᠢᠨ 24᠎ᠤ ᠡᠲᠦᠷ᠎ᠠᠴᠠ 25᠎ᠤ ᠡᠲᠦᠷ ᠪᠤᠯᠳᠠᠯ᠎ᠠ ᠪᠡᠭᠡᠵᠢᠩ ᠲᠢᠶᠠᠨᠵᠢᠨ ᠾᠧᠪᠧᠶ᠎ᠳᠤ ᠶᠡᠭᠡ ᠪᠤᠷᠤᠭ᠋ᠠᠨ ᠤᠷᠤᠬᠤ ᠪᠤᠯᠤᠨ᠎ᠠ;   ᠪᠡᠭᠡᠵᠢᠩ ᠲᠢᠶᠠᠨᠵᠢᠨ ᠾᠧᠪᠧᠶ᠎ᠳᠤ ᠪᠠᠰᠠ ᠨᠢᠭᠡ ᠤᠳᠠᠭ᠋ᠠᠨ᠎ᠤ ᠰᠢᠷᠦᠭᠦᠨ ᠪᠣᠷᠣᠭ᠋ᠠᠨ ᠣᠷᠣᠵᠤ᠂ ᠳᠣᠭᠰᠢᠨ ᠪᠣᠷᠣᠭ᠋ᠠᠨ ᠵᠶ᠋ᠠᠷ ᠭᠣᠣᠯ ᠪᠣᠯᠭ᠋ᠠᠵᠤ᠂ ᠬᠠᠶ ᠾᠧ ᠭᠣᠣᠯ᠎ᠤᠨ ᠰᠠᠪᠠ ᠭᠠᠵᠠᠷ᠎ᠤᠨ ᠵᠠᠷᠢᠮ ᠭᠣᠣᠯ ᠮᠥᠷᠡᠨ ᠤᠰᠤᠨ᠎ᠳᠤ ᠣᠷᠣᠬᠤ ᠶᠠᠪᠤᠴᠠ᠎ᠲᠠᠢ ᠪᠣᠯᠵᠤ᠂ ᠳᠣᠭᠰᠢᠨ ᠪᠣᠷᠣᠭ᠋ᠠᠨ᠎ᠤ ᠣᠷᠣᠨ᠎ᠳᠤ ᠬᠡᠰᠡᠭ ᠳᠤᠮᠳᠠ ᠵᠢᠵᠢᠭ ᠭᠣᠣᠯ ᠦᠶᠡᠷᠯᠡᠵᠡᠶ᠃

   ᠤᠯᠤᠰ᠎ᠤᠨ ᠦᠶᠡᠷ᠎ᠢ ᠰᠡᠷᠭᠡᠶ᠋ᠢᠯᠡᠵᠦ ᠭᠠᠩ ᠬᠠᠭᠰᠠᠷᠠᠭ᠋ᠠᠨ᠎ᠲᠠᠢ ᠲᠡᠮᠡᠴᠡᠬᠦ ᠶᠡᠷᠦᠩᠬᠡᠶ ᠵᠢᠯᠤᠭᠤᠳᠬᠤ ᠭᠠᠵᠠᠷ᠂ ᠤᠰᠤᠨ ᠠᠰᠢᠭᠯᠠᠯᠲᠠ ᠵᠢᠨ ᠶᠠᠮᠤᠨ᠎ᠤ ᠰᠠᠶ᠋ᠢᠳ ᠯᠢ ᠭᠦᠸᠧ ᠶᠢᠩ ᠣᠶ᠋ᠢᠷ᠎ᠠ ᠵᠢᠨ ᠬᠤᠭᠤᠴᠠᠭ᠋ᠠᠨ᠎ᠤ ᠤᠮᠠᠷᠠᠲᠤ ᠣᠷᠣᠨ᠎ᠳᠤ ᠰᠢᠷᠦᠭᠦᠨ ᠪᠣᠷᠣᠭ᠋ᠠᠨ ᠣᠷᠣᠬᠤ ᠵᠢ ᠰᠡᠷᠭᠡᠶ᠋ᠢᠯᠡᠬᠦ ᠠᠵᠢᠯ᠎ᠳᠤ ᠪᠠᠶ᠋ᠢᠷᠢᠯᠠᠭᠤᠯᠤᠯᠲᠠ ᠬᠢᠵᠦ᠂ ᠬᠤᠷᠢᠭ᠎ᠠ ᠱᠤᠭᠤᠮ᠎ᠤᠨ ᠰᠡᠳᠬᠢᠬᠦᠶ᠂ ᠲᠦᠢ᠍ᠯ᠎ᠤᠨ ᠬᠢᠵᠠᠭ᠋ᠠᠷᠯᠠᠬᠤ ᠰᠡᠳᠬᠢᠬᠦᠶ ᠵᠢ ᠪᠠᠲᠤ ᠪᠠᠬᠢ ᠪᠣᠶ ᠪᠣᠯᠭ᠋ᠠᠵᠤ᠂ ᠴᠠᠭ ᠠᠭᠤᠷ᠎ᠤᠨ ᠬᠤᠪᠢᠷᠠᠯᠲᠠ ᠵᠢᠨ ᠪᠠᠶ᠋ᠢᠳᠠᠯ᠎ᠢ ᠨᠢᠭᠲᠠ ᠬᠢᠨᠠᠨ ᠠᠵᠢᠭᠯᠠᠵᠤ᠂ ᠰᠢᠷᠦᠭᠦᠨ ᠪᠣᠷᠣᠭ᠋ᠠᠨ ᠦᠶᠡᠷ᠎ᠤᠨ ᠤᠰᠤ ᠵᠢ ᠰᠡᠷᠭᠡᠶ᠋ᠢᠯᠡᠬᠦ ᠠᠷᠭ᠎ᠠ ᠬᠡᠮᠵᠢᠶ᠎ᠡ ᠵᠢ ᠨᠠᠷᠢᠨ ᠨᠢᠮᠪᠠᠶ ᠨᠠᠶ᠋ᠢᠳᠠᠪᠤᠷᠢᠵᠢᠭᠤᠯᠬᠤ ᠬᠡᠷᠡᠭᠲᠡᠶ ᠭᠡᠵᠦ ᠱᠠᠭ᠋ᠠᠷᠳᠠᠪᠠ᠃ 7 ᠳ᠋ᠤᠭ᠋ᠠᠷ ᠰᠠᠷ᠎ᠠ ᠵᠢᠨ 24᠎ᠤ ᠡᠳᠦᠷ᠎ᠤᠨ 19 ᠴᠠᠭ᠎ᠲᠤ᠂ ᠤᠰᠤᠨ ᠠᠰᠢᠭᠯᠠᠯᠲᠠ ᠵᠢᠨ ᠶᠠᠮᠤᠨ᠎ᠠᠴᠠ ᠪᠡᠭᠡᠵᠢᠩ᠂ ᠲᠢᠶᠠᠨᠵᠢᠨ᠂ ᠾᠧᠪᠸᠢ (ᠰᠢᠭᠤᠳ ᠬᠠᠷᠢᠶ᠎ᠠ ᠬᠤᠲᠠ)᠎ᠳᠤ ᠴᠢᠭᠯᠡᠭᠦᠯᠦᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ Ⅳ ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠲᠥᠰᠦᠯ᠎ᠢ ᠡᠬᠢᠯᠡᠭᠦᠯᠬᠦ ᠵᠢᠨ ᠬᠠᠮᠲᠤ ᠮᠡᠳᠡᠭᠳᠡᠯ ᠭᠠᠷᠭ᠋ᠠᠵᠤ᠂ ᠬᠢᠨᠠᠨ ᠬᠡᠮᠵᠢᠵᠦ ᠤᠷᠢᠳᠴᠢᠯᠠᠨ ᠮᠡᠳᠡᠭᠡᠯᠡᠵᠦ ᠤᠷᠢᠳᠴᠢᠯᠠᠨ ᠰᠡᠷᠡᠮᠵᠢᠯᠡᠭᠦᠯᠬᠦ ᠪᠠ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠵᠢᠵᠢᠭᠦᠷᠯᠡᠨ ᠰᠠᠬᠢᠬᠤ ᠵᠢ ᠴᠢᠩᠭ᠋ᠠᠳᠬᠠᠵᠤ᠂ ᠤᠰᠤᠨ᠎ᠤ ᠢᠨᠵᠧᠨᠧᠷᠢᠩ᠎ᠢ ᠰᠢᠨᠵᠢᠯᠡᠬᠦ ᠤᠬᠠᠭ᠋ᠠᠨᠴᠢ᠎ᠪᠠᠷ ᠲᠣᠬᠢᠷᠠᠭᠤᠯᠵᠤ᠂ ᠤᠰᠤᠨ ᠴᠥᠭᠦᠷᠥᠮ ᠵᠡᠷᠭᠡ ᠢᠨᠵᠧᠨᠧᠷᠢᠩ᠎ᠤᠨ ᠦᠶᠡᠷ᠎ᠢ ᠠᠮᠤᠷ ᠲᠦᠪᠰᠢᠨ ᠵᠶ᠋ᠠᠷ ᠥᠩᠭᠡᠷᠡᠭᠦᠯᠬᠦ᠂ ᠬᠤᠲᠠ ᠵᠢᠨ ᠤᠰᠤᠲᠤᠯ᠎ᠢ ᠵᠠᠯᠠᠬᠤ᠂ ᠳᠤᠮᠳᠠ ᠵᠢᠵᠢᠭ ᠭᠤᠤᠯ ᠮᠥᠷᠡᠨ᠎ᠤ ᠦᠶᠡᠷ᠎ᠤᠨ ᠤᠰᠤ ᠪᠠ ᠠᠭᠤᠯᠠᠨ ᠦᠶᠡᠷ᠎ᠤᠨ ᠭᠠᠮᠰᠢᠭ᠎ᠢ ᠰᠡᠷᠭᠡᠶ᠋ᠢᠯᠡᠬᠦ ᠵᠡᠷᠭᠡ ᠠᠵᠢᠯ᠎ᠢ ᠭᠤᠤᠯᠳᠠᠯᠭ᠎ᠠ᠎ᠲᠠᠢ ᠰᠠᠶ᠋ᠢᠲᠤᠷ ᠬᠢᠵᠦ᠂ ᠠᠷᠠᠳ ᠣᠯᠠᠨ᠎ᠤ ᠠᠮᠢ ᠨᠠᠰᠤ ᠡᠳ᠋ ᠬᠥᠷᠥᠩᠭᠡ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠬᠤ ᠬᠡᠷᠡᠭᠲᠡᠶ ᠭᠡᠵᠦ ᠱᠠᠭ᠋ᠠᠷᠳᠠᠪᠠ᠃ ᠤᠰᠤᠨ ᠠᠰᠢᠭᠯᠠᠯᠲᠠ ᠵᠢᠨ ᠶᠠᠮᠤᠨ ᠲᠡᠷᠡ ᠳᠠᠷᠤᠶ᠎ᠳᠤᠨᠢ ᠠᠵᠢᠯᠯᠠᠬᠤ ᠳᠤᠭᠤᠶ᠋ᠢᠯᠠᠩ ᠲᠣᠮᠢᠯᠠᠨ ᠪᠡᠭᠡᠵᠢᠩ᠂ ᠲᠢᠶᠠᠨᠵᠢᠨ᠂ ᠾᠧᠪᠧᠶ᠎ᠳᠤ ᠬᠦᠷᠴᠦ ᠰᠢᠷᠦᠭᠦᠨ ᠪᠣᠷᠣᠭ᠋ᠠᠨ ᠦᠶᠡᠷ᠎ᠤᠨ ᠤᠰᠤ ᠵᠢ ᠰᠡᠷᠭᠡᠶ᠋ᠢᠯᠡᠬᠦ ᠠᠵᠢᠯ᠎ᠢ ᠬᠠᠪᠰᠤᠷᠤᠨ ᠵᠢᠯᠣᠭᠤᠳᠪᠠ᠃

   ᠪᠡᠭᠡᠵᠢᠩ ᠬᠤᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠨᠢᠭᠡᠨᠲᠡ ᠦᠶᠡᠷ᠎ᠢ ᠰᠡᠷᠭᠡᠶ᠋ᠢᠯᠡᠵᠦ ᠤᠰᠤᠲᠤᠯ᠎ᠢ ᠵᠠᠯᠠᠬᠤ Ⅱ  ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠵᠢᠨ ᠳᠠᠭ᠋ᠠᠬᠤ ᠵᠢ ᠡᠬᠢᠯᠡᠭᠦᠯᠵᠦ᠂ ᠲᠢᠶᠠᠨᠵᠢᠨ ᠬᠤᠲᠠ ᠵᠢᠨ ᠤᠰᠤᠨ᠎ᠤ ᠶᠠᠪᠤᠳᠠᠯ᠎ᠤᠨ ᠲᠣᠪᠴᠢᠶ᠎ᠠ ᠦᠶᠡᠷ ᠤᠰᠤᠲᠤᠯ᠎ᠤᠨ ᠭᠠᠮᠰᠢᠭ᠎ᠢ ᠰᠡᠷᠭᠡᠶ᠋ᠢᠯᠡᠬᠦ Ⅲ  ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠵᠢᠨ ᠳᠠᠭ᠋ᠠᠬᠤ ᠵᠢ ᠡᠬᠢᠯᠡᠭᠦᠯᠵᠦ᠂ ᠾᠧᠪᠸᠢ ᠮᠤᠵᠢ ᠵᠢᠨ ᠤᠰᠤᠨ ᠠᠰᠢᠭᠯᠠᠯᠲᠠ ᠵᠢᠨ ᠲᠢᠩᠬᠢᠮ ᠪᠠ ᠤᠰᠤᠨ ᠠᠰᠢᠭᠯᠠᠯᠲᠠ ᠵᠢᠨ ᠶᠠᠮᠤᠨ᠎ᠤ ᠬᠠᠶ ᠾᠧ ᠤᠰᠤᠨ ᠠᠰᠢᠭᠯᠠᠯᠲᠠ ᠵᠢᠨ ᠵᠥᠪᠯᠡᠯ ᠴᠥᠮ ᠦᠶᠡᠷ᠎ᠤᠨ ᠤᠰᠤ ᠵᠢ ᠰᠡᠷᠭᠡᠶ᠋ᠢᠯᠡᠬᠦ Ⅳ ᠲᠠᠰ᠎ᠤᠨ ᠪᠠᠴᠢᠮ ᠪᠠᠶ᠋ᠢᠳᠠᠯ᠎ᠢ ᠠᠷᠭ᠋ᠠᠴᠠᠬᠤ ᠵᠢᠨ ᠳᠠᠭ᠋ᠠᠬᠤ ᠵᠢ ᠡᠬᠢᠯᠡᠭᠦᠯᠵᠦ᠂ ᠬᠤᠲᠠ ᠵᠢᠨ ᠤᠰᠤᠲᠤᠯ᠂ ᠳᠤᠮᠳᠠ ᠵᠢᠵᠢᠭ ᠭᠤᠤᠯ ᠮᠥᠷᠡᠨ᠎ᠤ ᠦᠶᠡᠷ᠎ᠤᠨ ᠤᠰᠤ ᠪᠠ ᠠᠭᠤᠯᠠᠨ ᠦᠶᠡᠷ᠎ᠤᠨ ᠭᠠᠮᠰᠢᠭ ᠵᠡᠷᠭᠡ ᠲᠦᠭᠰᠢᠭᠦᠷᠢ ᠵᠢ ᠤᠯᠠᠮ ᠨᠢᠭᠡ ᠠᠯᠬᠤᠮ ᠡᠮᠬᠢᠯᠡᠨ ᠪᠠᠶ᠋ᠢᠴᠠᠭ᠋ᠠᠵᠤ᠂ ᠰᠢᠷᠦᠭᠦᠨ ᠪᠣᠷᠣᠭ᠋ᠠᠨ᠎ᠤ ᠦᠶᠡᠷ᠎ᠤᠨ ᠤᠰᠤ ᠵᠢ ᠰᠡᠷᠭᠡᠶ᠋ᠢᠯᠡᠬᠦ ᠪᠡᠯᠡᠳᠬᠡᠯ᠎ᠢ ᠰᠠᠶ᠋ᠢᠲᠤᠷ ᠬᠢᠵᠦ᠂ ᠰᠡᠷᠭᠡᠶ᠋ᠢᠯᠡᠨ ᠠᠷᠭ᠋ᠠᠴᠠᠬᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠪᠠ᠃

 

ᠢᠷᠡᠯᠲᠡ᠄ ᠤᠰᠤᠨ ᠠᠰᠢᠭᠯᠠᠯᠲᠠ ᠵᠢᠨ ᠶᠠᠮᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
 
            