ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠬᠠᠮᠠᠭᠠᠯᠠᠯᠲᠠ ᠠᠷᠠᠴᠢᠯᠠᠯᠲᠠ ᠪᠠᠷᠢᠮᠵᠢᠶᠠᠵᠢᠯᠲᠠ᠎ᠶᠢᠨ ᠰᠢᠨ᠎ᠡ ᠱᠠᠲᠤᠨ᠎ᠳᠤ ᠣᠷᠣᠵᠤ ᠂ ᠰᠢᠨᠵᠢᠯᠡᠬᠦ ᠤᠬᠠᠭᠠᠨᠴᠢ ᠲᠣᠭᠲᠠᠭᠰᠠᠨ ᠨᠣᠷᠮ᠎ᠠ᠎ᠪᠠᠷ 《 ᠳᠠᠬᠢᠨ ᠪᠠᠢᠭᠤᠯᠵᠤ ᠬᠠᠮᠢᠶᠠᠷᠤᠯᠲᠠ᠎ᠶᠢ ᠴᠢᠩᠭᠠᠳᠬᠠᠬᠤ 》᠎ᠶᠢ ᠭᠦᠨᠵᠡᠭᠡᠢᠷᠡᠭᠦᠯᠦᠨ ᠪᠣᠳᠠᠲᠠᠢᠵᠢᠭᠤᠯᠬᠤ᠎ᠶᠢ ᠲᠦᠯᠬᠢᠨ ᠠᠬᠢᠭᠤᠯᠤᠨ᠎ᠠ
ᠨᠡᠶ᠋ᠢᠲᠡᠯᠡᠭᠰᠡᠨ ᠴᠠᠭ᠄ 2025-11-18

      ᠣᠢᠷ᠎ᠠ᠎ᠳᠤ᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠥᠰᠥᠪ᠎ᠦᠨ ᠲᠣᠭᠲᠠᠭᠰᠠᠨ ᠨᠣᠷᠮ᠎ᠠ᠎ᠶᠢ ᠨᠠᠢᠷᠠᠭᠤᠯᠤᠨ ᠵᠣᠬᠢᠶᠠᠬᠤ ᠨᠠᠷᠢᠨ ᠳᠦᠷᠢᠮ 》᠎ᠤᠨ ᠮᠡᠷᠭᠡᠵᠢᠯ᠎ᠦᠨ ᠬᠢᠨᠠᠨ ᠪᠠᠢᠴᠠᠭᠠᠬᠤ ᠬᠤᠷᠠᠯ ᠬᠥᠬᠡᠬᠣᠲᠠ᠎ᠳᠤ ᠲᠡᠭᠦᠰ ᠠᠮᠵᠢᠯᠲᠠ᠎ᠲᠠᠢ ᠥᠨᠳᠥᠷᠯᠡᠪᠡ᠃ ᠡᠨᠡ ᠨᠢ ᠮᠠᠨ᠎ᠤ ᠣᠷᠣᠨ᠎ᠤ ᠰᠢᠨᠵᠢᠯᠡᠬᠦ ᠤᠬᠠᠭᠠᠨᠴᠢᠯᠠᠭᠰᠠᠨ᠂ ᠪᠠᠷᠢᠮᠵᠢᠶᠠᠵᠢᠭᠤᠯᠤᠭᠰᠠᠨ ᠤᠰᠤᠨ ᠠᠰᠢᠭ᠍ᠯᠠᠯᠲᠠ᠎ᠶᠢᠨ ᠪᠠᠷᠢᠯᠭ᠎ᠠ᠎ᠶᠢᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠬᠠᠮᠢᠶᠠᠷᠤᠯᠲᠠ᠎ᠶᠢᠨ ᠰᠢᠰᠲᠧᠮ᠎ᠢ ᠪᠠᠶ᠋ᠢᠭᠤᠯᠬᠤ ᠲᠠᠯ᠎ᠠ᠎ᠪᠠᠷ ᠵᠠᠩᠭᠢᠯᠠᠭ᠎ᠠ᠎ᠶᠢᠨ ᠨᠢᠭᠡ ᠠᠯᠬᠤᠮ᠎ᠢ ᠠᠯᠬᠤᠭᠰᠠᠨ᠎ᠢ ᠬᠠᠷᠠᠭᠤᠯᠵᠤ᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠪᠠᠷᠢᠯᠭ᠎ᠠ᠎ᠶᠢᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠥᠰᠥᠪ᠎ᠦᠨ ᠲᠣᠭᠲᠠᠭᠰᠠᠨ ᠨᠤᠷᠮ᠎ᠠ 》 ( ᠳᠣᠷᠣᠭ᠍ᠰᠢ 《 ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠥᠰᠥᠪ᠎ᠦᠨ ᠲᠣᠭᠲᠠᠭᠰᠠᠨ ᠨᠤᠷᠮ᠎ᠠ 》 ᠭᠡᠵᠦ ᠳᠥᠭᠥᠮᠴᠢᠯᠡᠨ᠎ᠡ ) ᠶ᠋ᠢ ᠤᠷᠤᠭᠰᠢᠲᠠᠢ ᠲᠣᠭᠲᠠᠭᠠᠬᠤ᠎ᠳᠤ ᠪᠠᠲᠤ ᠪᠡᠬᠢ ᠰᠠᠭᠤᠷᠢ᠎ᠶᠢ ᠲᠠᠯᠪᠢᠭ᠍ᠰᠠᠨ ᠪᠠᠢᠨ᠎ᠠ᠃
      ᠣᠷᠳᠣ᠌ ᠬᠤᠭᠤᠴᠠᠭᠠᠨ᠎ᠤ ᠲᠤᠷᠰᠢ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠣᠷᠳᠣ᠌ ᠬᠤᠭᠤᠴᠠᠭᠠᠨ᠎ᠤ ᠦᠷ᠎ᠡ ᠠᠰᠢᠭ᠋᠎ᠢ ᠪᠠᠳᠠᠷᠠᠭᠤᠯᠬᠤ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠢᠨᠵᠧᠨᠧᠷᠢᠩ᠎ᠦᠨ ᠠᠵᠢᠯᠯᠠᠭᠤᠯᠵᠤ ᠠᠷᠠᠴᠢᠯᠠᠬᠤ ᠬᠠᠮᠢᠶᠠᠷᠤᠯᠲᠠ᠎ᠶᠢᠨ ᠵᠢᠷᠤᠮᠵᠢᠭ᠍ᠰᠠᠨ ᠪᠦᠲᠦᠭᠡᠨ ᠪᠠᠢᠭᠤᠯᠤᠯᠲᠠ᠎ᠶᠢ ᠦᠷᠬᠦᠯᠵᠢᠯᠡᠨ ᠲᠦᠯᠬᠢᠨ ᠠᠬᠢᠭᠤᠯᠪᠠ᠃ ᠭᠠᠵᠠᠷ ᠣᠷᠣᠨ ᠥᠷᠭᠡᠨ ᠠᠭᠤᠳᠠᠮ᠂ ᠪᠠᠷᠢᠯᠭ᠎ᠠ᠎ᠶᠢᠨ ᠲᠥᠷᠥᠯ ᠵᠦᠢᠯ ᠣᠯᠠᠨ ᠶᠠᠩᠵᠤ᠎ᠶᠢᠨ᠂ ᠠᠵᠢᠯᠯᠠᠭᠠᠨ᠎ᠤ ᠣᠷᠴᠢᠨ ᠲᠣᠭᠣᠷᠢᠨ ᠪᠤᠳᠤᠯᠢᠶᠠᠨᠲᠠᠢ ᠵᠡᠷᠭᠡ ᠠᠰᠠᠭᠤᠳᠠᠯ᠎ᠳᠤ ᠴᠢᠭᠯᠡᠭᠦᠯᠦᠨ᠂ ᠤᠰᠤᠨ ᠠᠰᠢᠭ᠍ᠯᠠᠯᠲᠠ᠎ᠶᠢᠨ ᠪᠠᠷᠢᠯᠭ᠎ᠠ᠎ᠶᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠠᠯ᠎ᠠ᠎ᠪᠠᠷ ᠦᠷᠭᠦᠯᠵᠢᠯᠡᠨ ᠬᠠᠢᠨ ᠰᠦᠪᠡᠭᠴᠢᠯᠡᠵᠦ᠂ ᠳᠦᠷᠢᠮ᠎ᠦᠨ ᠰᠢᠰᠲᠧᠮᠵᠢ᠎ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠪᠡᠯᠡ ᠮᠥᠩᠭᠥ᠎ᠶᠢᠨ ᠪᠠᠲᠤᠯᠠᠭ᠎ᠠ᠎ᠶᠢ ᠴᠢᠩᠭᠠᠷᠠᠭᠤᠯᠵᠤ ᠂ ᠬᠠᠮᠢᠶᠠᠷᠤᠯᠲᠠ᠎ᠶᠢᠨ ᠰᠢᠨ᠎ᠡ᠎ᠶᠢ ᠡᠭᠦᠳᠬᠦ᠎ᠶᠢ ᠠᠬᠢᠭᠤᠯᠤᠨ᠎ᠠ᠃ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠬᠠᠮᠢᠶᠠᠷᠤᠯᠲᠠ᠎ᠶᠢᠨ ᠰᠢᠯᠭᠠᠨ ᠬᠢᠨᠠᠬᠤ᠂ ᠪᠠᠷᠢᠮᠵᠢᠶᠠᠵᠢᠭᠤᠯᠤᠭᠰᠠᠨ ᠬᠠᠮᠢᠶᠠᠷᠤᠯᠲᠠ᠎ᠶᠢ ᠠᠬᠢᠭᠤᠯᠬᠤ᠂ ᠬᠠᠮᠢᠶᠠᠷᠤᠯᠲᠠ᠎ᠶᠢᠨ ᠠᠵᠢᠯᠲᠠᠨ᠎ᠤ ᠪᠣᠯᠪᠠᠰᠤᠷᠠᠯ᠎ᠢ ᠴᠢᠩᠭᠠᠳᠬᠠᠬᠤ ᠵᠡᠷᠭᠡ ᠠᠯᠢ ᠣᠯᠠᠨ ᠠᠷᠭ᠎ᠠ ᠬᠡᠮᠵᠢᠶ᠎ᠡ᠎ᠶᠢ ᠬᠡᠷᠡᠭᠵᠢᠭᠦᠯᠬᠦ᠎ᠪᠡᠷ ᠳᠡᠮᠵᠢᠨ᠂ ᠪᠥᠬᠥ ᠣᠷᠣᠨ᠎ᠤ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠠᠵᠢᠯᠯᠠᠭᠠᠨ᠎ᠤ ᠬᠠᠮᠢᠶᠠᠷᠤᠯᠲᠠ᠎ᠶᠢᠨ ᠬᠢᠷᠢ ᠬᠡᠮᠵᠢᠶ᠎ᠡ᠎ᠶᠢ ᠲᠣᠭᠲᠠᠭᠤᠨ᠎ᠢᠶᠠᠷ ᠳᠡᠭᠡᠭᠰᠢᠯᠡᠭᠦᠯᠵᠦ᠂ ᠥᠷᠭᠡᠨ ᠣᠯᠠᠨ ᠠᠷᠠᠳ ᠲᠦᠮᠡᠨ᠎ᠦ ᠠᠮᠢᠳᠤᠷᠠᠯ ᠦᠢᠯᠡᠳᠪᠦᠷᠢᠯᠡᠯ᠂ ᠦᠶᠡᠷ᠎ᠢ ᠰᠡᠷᠭᠡᠢᠯᠡᠬᠦ ᠠᠮᠤᠷ ᠲᠦᠪᠰᠢᠨ ᠪᠠ ᠠᠮᠢ ᠠᠬᠤᠢ᠎ᠶᠢᠨ ᠬᠠᠮᠠᠭᠠᠯᠠᠯᠲᠠ᠎ᠳᠤ ᠪᠠᠲᠤ ᠴᠢᠩᠭ᠎ᠠ ᠲᠤᠯᠭᠠᠭᠤᠷᠢᠯᠠᠯ ᠬᠠᠩᠭᠠᠭᠰᠠᠨ ᠪᠠᠢᠨ᠎ᠠ᠃
      《 ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠥᠰᠥᠪ᠎ᠦᠨ ᠲᠣᠭᠲᠠᠭᠰᠠᠨ ᠨᠣᠷᠮ᠎ᠠ 》᠎ᠳᠤ ᠤᠰᠤ ᠲᠠᠲᠠᠬᠤ ᠪᠠ ᠤᠰᠤ ᠲᠣᠬᠢᠷᠠᠭᠤᠯᠬᠤ᠂ ᠤᠰᠤᠨ ᠴᠥᠭᠥᠷᠥᠮ᠂ ᠤᠰᠤᠨ ᠬᠠᠭᠠᠯᠲᠠ᠂ ᠬᠥᠭᠡᠷᠭᠡ᠎ᠶᠢᠨ ᠥᠷᠲᠡᠭᠡ᠂ ᠳᠠᠯᠠᠩ ᠬᠠᠰᠢᠯᠭ᠎ᠠ ᠪᠠ ᠮᠡᠳᠡᠭᠡ ᠵᠠᠩᠭᠢᠴᠢᠯᠠᠯᠲᠠ ᠵᠡᠷᠭᠡ ᠵᠢᠷᠭᠤᠭᠠᠨ ᠶᠡᠬᠡ ᠲᠥᠷᠥᠯ᠎ᠦᠨ ᠢᠨᠵᠧᠨᠧᠷᠢᠩ᠎ᠢ ᠬᠠᠮᠤᠷᠴᠤ᠂ 2025 ᠣᠨ᠎ᠤ ᠵᠢᠯ᠎ᠦᠨ ᠰᠡᠭᠦᠯᠴᠢ᠎ᠡᠴᠡ ᠡᠮᠦᠨ᠎ᠡ ᠤᠰᠤ ᠲᠠᠲᠠᠬᠤ ᠪᠠ ᠳᠠᠯᠠᠩ ᠬᠠᠰᠢᠯᠭ᠎ᠠ᠎ᠶᠢᠨ ᠢᠨᠵᠧᠨᠧᠷᠢᠩ᠎ᠦᠨ ᠲᠣᠭᠲᠠᠭᠰᠠᠨ ᠨᠣᠷᠮ᠎ᠠ᠎ᠶᠢ ᠨᠠᠢᠷᠠᠭᠤᠯᠤᠨ ᠵᠣᠬᠢᠶᠠᠬᠤ ᠠᠵᠢᠯ᠎ᠢ ᠤᠷᠢᠳ᠎ᠢᠶᠠᠷ ᠪᠡᠶᠡᠯᠡᠭᠦᠯᠵᠦ᠂ 2026 ᠣᠨ᠎ᠤ ᠵᠢᠯ᠎ᠦᠨ ᠰᠡᠭᠦᠯᠴᠢ᠎ᠡᠴᠡ ᠡᠮᠦᠨ᠎ᠡ ᠪᠥᠬᠥ ᠢᠨᠵᠧᠨᠧᠷᠢᠩ᠎ᠦᠨ ᠲᠥᠷᠥᠯ ᠢᠯᠭᠠᠯ᠎ᠤᠨ ᠲᠣᠭᠲᠠᠭᠰᠠᠨ ᠨᠣᠷᠮ᠎ᠠ᠎ᠶᠢ ᠨᠠᠢᠷᠠᠭᠤᠯᠤᠨ ᠵᠣᠬᠢᠶᠠᠬᠤ ᠠᠵᠢᠯ᠎ᠢ ᠪᠡᠶᠡᠯᠡᠭᠦᠯᠬᠦ᠎ᠶᠢᠨ ᠬᠠᠮᠲᠤ ᠨᠡᠢᠲᠡᠯᠡᠵᠦ ᠲᠤᠷᠰᠢᠨ ᠬᠡᠷᠡᠭᠵᠢᠭᠦᠯᠬᠦ᠎ᠪᠡᠷ ᠲᠥᠯᠥᠪᠯᠡᠵᠦ ᠪᠣᠶ᠃ ᠲᠣᠭᠲᠠᠭᠰᠠᠨ ᠨᠣᠷᠮ᠎ᠠ᠎ᠶᠢᠨ ᠭᠣᠣᠯ ᠠᠭᠤᠯᠭ᠎ᠠ᠎ᠳᠤ ᠲᠥᠰᠥᠪ᠎ᠢ ᠨᠠᠢᠷᠠᠭᠤᠯᠤᠨ ᠵᠣᠬᠢᠶᠠᠬᠤ ᠠᠷᠭ᠎ᠠ᠂ ᠲᠥᠰᠥᠪ᠎ᠦᠨ ᠲᠣᠭᠲᠠᠭᠰᠠᠨ ᠨᠣᠷᠮ᠎ᠠ᠂ ᠨᠥᠬᠥᠪᠦᠷᠢ ᠮᠠᠰᠢᠨ᠎ᠤ ᠰᠠᠤᠷᠢ ᠠᠩᠭᠢ᠎ᠶᠢᠨ ᠵᠠᠷᠤᠳᠠᠯ᠎ᠤᠨ ᠲᠣᠭᠲᠠᠭᠰᠠᠨ ᠨᠣᠷᠮ᠎ᠠ ᠵᠡᠷᠭᠡ᠎ᠶᠢ ᠪᠠᠭᠲᠠᠭᠠᠵᠤ ᠂ ᠲᠥᠰᠥᠪ᠎ᠦᠨ ᠲᠣᠭᠲᠠᠭᠰᠠᠨ ᠨᠣᠷᠮ᠎ᠠ ᠪᠠ ᠵᠠᠷᠤᠯᠭ᠎ᠠ᠎ᠶᠢᠨ ᠪᠠᠷᠢᠮᠵᠢᠶ᠎ᠠ᠎ᠶᠢ ᠲᠡᠭᠦᠯᠳᠡᠷᠵᠢᠭᠦᠯᠬᠦ᠎ᠪᠡᠷ ᠳᠠᠮᠵᠢᠭᠤᠯᠤᠨ᠂ ᠤᠰᠤᠨ ᠠᠰᠢᠭ᠍ᠯᠠᠯᠲᠠ᠎ᠶᠢᠨ ᠪᠠᠷᠢᠯᠭ᠎ᠠ᠎ᠶᠢᠨ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠥᠰᠥᠪ᠎ᠢ ᠨᠠᠢᠷᠠᠭᠤᠯᠤᠨ ᠵᠣᠬᠢᠶᠠᠬᠤ ᠪᠦᠷᠢᠨ ᠪᠦᠲᠦᠨ ᠰᠢᠰᠲᠧᠮᠵᠢ᠎ᠶᠢ ᠪᠠᠢᠭᠤᠯᠤᠨ᠎ᠠ᠃ ᠲᠣᠭᠲᠠᠭᠰᠠᠨ ᠨᠣᠷᠮ᠎ᠠ᠎ᠶᠢ ᠨᠡᠢᠲᠡᠯᠡᠭᠰᠡᠨ᠎ᠦ ᠳᠠᠷᠠᠭ᠎ᠠ ᠂ ᠣᠷᠳᠣ᠌ ᠬᠤᠭᠤᠴᠠᠭᠠᠨ᠎ᠤ ᠲᠤᠷᠰᠢᠬᠢ ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠪᠡᠯᠡ ᠮᠥᠩᠭᠥ᠎ᠶᠢᠨ ᠲᠥᠰᠥᠪ᠎ᠢ ᠨᠠᠢᠷᠠᠭᠤᠯᠤᠨ ᠵᠣᠬᠢᠶᠠᠬᠤ ᠦᠨᠳᠦᠰᠦᠯᠡᠯ ᠬᠦᠷᠦᠯᠴᠡᠬᠦ ᠦᠭᠡᠢ ᠵᠡᠷᠭᠡ ᠪᠣᠳᠠᠲᠠᠢ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠵᠦ᠂ ᠪᠡᠯᠡ ᠮᠥᠩᠭᠥ᠎ᠶᠢ ᠨᠠᠷᠢᠯᠢᠭ᠋ ᠣᠨᠣᠴᠠᠲᠠᠢ᠎ᠪᠠᠷ ᠣᠷᠣᠭᠤᠯᠬᠤ᠂ ᠥᠨᠳᠥᠷ ᠪᠦᠲᠦᠮᠵᠢᠲᠡᠶ᠎ᠪᠡᠷ ᠬᠡᠷᠡᠭᠯᠡᠬᠦ᠎ᠶᠢ ᠪᠡᠶᠡᠯᠡᠭᠦᠯᠬᠦ᠎ᠳᠦ ᠰᠢᠨᠵᠢᠯᠡᠬᠦ ᠤᠬᠠᠭᠠᠨᠴᠢ ᠦᠨᠳᠦᠰᠦᠯᠡᠯ ᠬᠠᠩᠭᠠᠨ᠎ᠠ᠃
      《ᠰᠡᠯᠪᠢᠨ ᠵᠠᠰᠠᠵᠤ ᠠᠷᠠᠴᠢᠯᠠᠨ ᠬᠠᠮᠠᠭᠠᠯᠠᠬᠤ ᠲᠥᠰᠥᠪ᠎ᠦᠨ ᠲᠣᠭᠲᠠᠭᠰᠠᠨ ᠨᠣᠷᠮ᠎ᠠ 》᠎ᠶᠢ ᠨᠠᠢᠷᠠᠭᠤᠯᠤᠨ ᠵᠣᠬᠢᠶᠠᠬᠤ ᠪᠠ ᠨᠡᠢᠲᠡᠯᠡᠬᠦ ᠨᠢ ᠮᠠᠨ᠎ᠤ ᠣᠷᠣᠨ᠎ᠤ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠠᠷᠠᠴᠢᠯᠠᠨ ᠬᠠᠮᠠᠭᠠᠯᠠᠬᠤ ᠬᠠᠮᠢᠶᠠᠷᠤᠯᠲᠠ᠎ᠶᠢᠨ ᠬᠢᠷᠢ ᠬᠡᠮᠵᠢᠶ᠎ᠡ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠪᠣᠯᠣᠨ᠎ᠠ᠃ ᠡᠭᠦᠨ᠎ᠢᠶᠡᠷ ᠰᠠᠭᠤᠷᠢ ᠪᠣᠯᠭᠠᠵᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠣᠷᠳᠣ᠌ ᠬᠤᠭᠤᠴᠠᠭᠠᠨ᠎ᠤ ᠪᠦᠲᠦᠮᠵᠢᠲᠡᠶ ᠬᠠᠮᠢᠶᠠᠷᠴᠤ ᠬᠠᠮᠠᠭᠠᠯᠠᠬᠤ ᠲᠣᠭᠲᠠᠴᠠ᠎ᠶᠢ ᠤᠯᠠᠮ ᠨᠢᠭᠡ ᠠᠯᠬᠤᠮ ᠪᠦᠷᠢᠨᠰᠢᠭᠦᠯᠵᠦ᠂ ᠠᠰᠠᠷᠠᠨ ᠲᠡᠵᠢᠭᠡᠬᠦ ᠠᠵᠢᠯ᠎ᠢ 《ᠲᠥᠰᠥᠪ᠎ᠢ ᠨᠠᠷᠢᠯᠢᠭ᠋ ᠣᠨᠣᠴᠠᠲᠠᠢ ᠪᠣᠯᠭᠠᠬᠤ᠂ ᠠᠵᠢᠯᠯᠠᠭᠠᠨ᠎ᠢ ᠪᠠᠷᠢᠮᠵᠢᠶᠠᠵᠢᠭᠤᠯᠬᠤ᠂ ᠬᠠᠮᠢᠶᠠᠷᠤᠯᠲᠠ᠎ᠶᠢ ᠨᠠᠷᠢᠯᠢᠭ᠍ᠵᠢᠭᠤᠯᠬᠤ 》 ᠲᠡᠢᠰᠢ ᠪᠥᠬᠥ ᠲᠠᠯ᠎ᠠ᠎ᠪᠠᠷ ᠲᠠᠰ ᠳᠡᠪᠰᠢᠭᠦᠯᠬᠦ᠎ᠶᠢ ᠲᠦᠯᠬᠢᠨ ᠠᠬᠢᠭᠤᠯᠵᠤ᠂ ᠭᠠᠵᠠᠷ ᠣᠷᠣᠨ᠎ᠤ ᠣᠨᠴᠠᠯᠢᠭ᠋᠎ᠲᠤ ᠨᠡᠢᠴᠡᠭᠰᠡᠨ᠂ ᠪᠥᠬᠥ ᠤᠯᠤᠰ᠎ᠤᠨ ᠡᠮᠦᠨ᠎ᠡ ᠡᠩᠨᠡᠭᠡᠨ᠎ᠳᠦ ᠶᠠᠪᠤᠵᠤ ᠪᠠᠢᠭ᠎ᠠ ᠤᠰᠤᠨ ᠠᠰᠢᠭ᠍ᠯᠠᠯᠲᠠ᠎ᠶᠢᠨ ᠢᠨᠵᠧᠨᠧᠷᠢᠩ᠎ᠦᠨ ᠠᠰᠠᠷᠠᠨ ᠲᠡᠵᠢᠭᠡᠬᠦ ᠬᠠᠮᠢᠶᠠᠷᠤᠯᠲᠠ᠎ᠶᠢᠨ ᠰᠢᠰᠲᠧᠮᠵᠢ᠎ᠶᠢ ᠲᠦᠷᠭᠡᠳᠬᠡᠨ ᠪᠠᠢᠭᠤᠯᠵᠤ᠂ ᠪᠥᠬᠥ ᠣᠷᠣᠨ᠎ᠤ ᠤᠰᠤᠨ ᠠᠰᠢᠭ᠍ᠯᠠᠯᠲᠠ᠎ᠶᠢᠨ ᠦᠢᠯᠡᠰ᠎ᠦᠨ ᠴᠢᠨᠠᠷ ᠰᠠᠢᠲᠠᠢ ᠬᠥᠭᠵᠢᠯᠲᠡ᠎ᠳᠦ ᠪᠠᠲᠤ ᠪᠡᠬᠢ ᠪᠠᠲᠤᠯᠠᠭ᠎ᠠ ᠬᠠᠩᠭᠠᠨ᠎ᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            