11 ᠳ᠋ᠦ᠍ᠭᠡᠷ ᠰᠠᠷ᠎ᠠ᠎ᠶᠢᠨ 7᠎ᠤ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ ᠵᠠᠯᠠᠭᠤ ᠺᠠᠳ᠋ᠷᠴᠤᠳ᠎ᠤᠨ ᠴᠢᠬᠡᠴᠢ ᠵᠠᠰᠠᠭ᠎ᠤᠨ ᠬᠠᠮᠲᠤ᠎ᠶᠢᠨ ᠶᠠᠷᠢᠯᠴᠠᠭ᠎ᠠ ᠵᠢᠴᠢ ᠰᠡᠷᠡᠮᠵᠢᠯᠡᠭᠦᠯᠬᠦ ᠬᠥᠮᠦᠵᠢᠯ᠎ᠦᠨ ᠠᠵᠢᠯᠯᠠᠭ᠎ᠠ ᠥᠷᠨᠢᠭᠦᠯᠪᠡ᠃ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠰᠠᠢᠳ᠂ ᠰᠢᠭᠤᠳ ᠬᠠᠷᠢᠶ᠎ᠠ ᠪᠠᠢᠭᠤᠯᠭ᠎ᠠ᠎ᠶᠢᠨ ᠨᠠᠮ᠎ᠤᠨ ᠬᠣᠷᠢᠶᠠᠨ᠎ᠤ ᠱᠦᠵᠢ ᠯᠢᠦ ᠳ᠋ᠦᠩ ᠱᠦᠨ ᠶᠠᠮᠤᠨ᠎ᠤ ᠪᠠᠢᠭᠤᠯᠭ᠎ᠠ᠎ᠶᠢᠨ ᠰᠢᠨ᠎ᠡ᠎ᠪᠡᠷ ᠳᠡᠪᠰᠢᠭᠦᠯᠦᠭᠰᠡᠨ ᠪᠠ ᠰᠢᠯᠵᠢᠭᠦᠯᠦᠨ ᠲᠣᠮᠢᠯᠠᠭᠰᠠᠨ ᠭᠠᠵᠠᠷ᠎ᠤᠨ ᠳᠡᠰ᠎ᠤᠨ ᠺᠠᠳ᠋ᠷ᠂ ᠰᠢᠨ᠎ᠡ᠎ᠪᠡᠷ ᠲᠤᠰᠢᠶᠠᠯ᠎ᠳᠤ ᠭᠠᠷᠤᠭᠰᠠᠨ ᠠᠯᠪᠠᠲᠠᠨ ᠵᠢᠴᠢ ᠶᠠᠮᠤᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠰᠢᠨ᠎ᠡ᠎ᠪᠡᠷ ᠡᠯᠰᠡᠭᠰᠡᠨ ᠨᠠᠮ᠎ᠤᠨ ᠭᠡᠰᠢᠭᠦᠨ᠎ᠲᠠᠢ ᠴᠢᠬᠡᠴᠢ ᠵᠠᠰᠠᠭ᠎ᠤᠨ ᠬᠠᠮᠲᠤ᠎ᠶᠢᠨ ᠶᠠᠷᠢᠯᠴᠠᠭ᠎ᠠ ᠬᠢᠵᠦ᠂ ᠵᠠᠯᠠᠭᠤ ᠺᠠᠳ᠋ᠷᠴᠤᠳ᠎ᠲᠤ ᠰᠠᠬᠢᠯᠭ᠎ᠠ ᠪᠠᠲᠤ᠎ᠶᠢ ᠵᠥᠷᠢᠴᠡᠵᠦ ᠬᠠᠤᠯᠢ᠎ᠶᠢ ᠵᠥᠷᠢᠴᠡᠭᠰᠡᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢ ᠨᠡᠢᠲᠡᠯᠡᠨ ᠮᠡᠳᠡᠭᠳᠡᠵᠦ᠂ ᠵᠠᠯᠠᠭᠤ ᠺᠠᠳ᠋ᠷᠴᠤᠳ᠎ᠢ ᠴᠢᠬᠡᠴᠢ ᠵᠠᠰᠠᠭ᠎ᠤᠨ 《 ᠲᠥᠷᠥᠬᠦᠦ ᠲᠣᠪᠴᠢ 》᠎ᠪᠠᠨ ᠰᠠᠢᠲᠤᠷ ᠲᠣᠪᠴᠢᠯᠠᠬᠤ ᠬᠡᠷᠡᠭᠲᠡᠢ ᠭᠡᠵᠦ ᠬᠥᠮᠥᠵᠢᠭᠦᠯᠦᠨ ᠵᠢᠯᠣᠭᠣᠳᠴᠠᠢ᠃
ᠯᠢᠦ ᠳ᠋ᠦᠩ ᠱᠦᠨ᠂ ᠲᠥᠪ᠎ᠦᠨ ᠪᠠ ᠲᠦᠷᠦ᠎ᠶᠢᠨ ᠪᠠᠢᠭᠤᠯᠭ᠎ᠠ ᠪᠣᠯ ᠡᠩ ᠲᠡᠷᠢᠭᠦᠨ᠎ᠳᠦ ᠤᠯᠤᠰ ᠲᠦᠷᠦ᠎ᠶᠢᠨ ᠪᠠᠢᠭᠤᠯᠭ᠎ᠠ ᠪᠣᠯᠣᠨ᠎ᠠ᠂ ᠵᠠᠯᠠᠭᠤ ᠺᠠᠳ᠋ᠷ ᠡᠷᠬᠡᠪᠰᠢ ᠲᠤᠭ ᠲᠡᠮᠳᠡᠭ ᠲᠣᠳᠣᠷᠬᠠᠢ᠎ᠪᠠᠷ ᠤᠯᠤᠰ ᠲᠦᠷᠦ᠎ᠶᠢ ᠡᠷᠬᠢᠮᠯᠡᠵᠦ᠂ ᠤᠯᠤᠰ ᠲᠦᠷᠦ᠎ᠶᠢᠨ ᠪᠠᠢᠭᠤᠯᠭ᠎ᠠ᠎ᠶᠢᠨ ᠤᠬᠠᠮᠰᠠᠷ᠎ᠢ ᠪᠠᠲᠤ ᠪᠤᠢ ᠪᠣᠯᠭᠠᠵᠤ᠂ ᠬᠦᠰᠡᠯᠡᠩ ᠢᠲᠡᠭᠡᠯ ᠪᠢᠰᠢᠷᠡᠯ᠎ᠦᠨ ᠰᠠᠭᠤᠷᠢ᠎ᠶᠢ ᠪᠡᠬᠢᠵᠢᠭᠦᠯᠵᠦ᠂ ᠤᠨᠤᠯ᠎ᠢᠶᠠᠷ ᠵᠡᠪᠰᠡᠭᠯᠡᠬᠦ᠎ᠶᠢ ᠦᠷᠭᠦᠯᠵᠢᠯᠡᠨ ᠴᠢᠩᠭᠠᠳᠬᠠᠵᠤ᠂ ᠨᠠᠮ᠎ᠳᠠᠭᠠᠨ ᠦᠨᠡᠨᠴᠢ ᠰᠢᠳᠤᠷᠭᠤ ᠪᠠᠢᠬᠤ᠎ᠶᠢ ᠡᠷᠡᠰ ᠪᠡᠶᠡᠯᠡᠭᠦᠯᠵᠦ᠂ ᠤᠬᠠᠮᠰᠠᠷ᠎ᠠᠴᠠ᠎ᠪᠠᠨ 《 ᠬᠣᠶᠠᠷ᠎ᠢ ᠬᠠᠮᠠᠭᠠᠯᠠᠬᠤ》 ᠶ᠋ᠢ ᠦᠢᠯᠡᠳᠦᠯᠭᠡᠵᠢᠭᠦᠯᠬᠦ ᠵᠢᠱ᠌ᠢᠶᠡᠴᠢ᠂ ᠳᠠᠭᠠᠭᠤᠯᠤᠭ᠍ᠴᠢ ᠪᠣᠯᠬᠤ ᠬᠡᠷᠡᠭᠲᠡᠢ᠃ ᠤᠬᠠᠮᠰᠠᠷ᠎ᠠᠴᠠ᠎ᠪᠠᠨ ᠨᠠᠮ᠎ᠤᠨ ᠳᠦᠷᠢᠮ ᠨᠠᠮ᠎ᠤᠨ ᠲᠣᠭᠲᠠᠭᠠᠯ ᠨᠠᠮ᠎ᠤᠨ ᠰᠠᠬᠢᠯᠭ᠎ᠠ᠎ᠪᠠᠷ ᠥᠪᠡᠷ᠎ᠦᠨ ᠦᠭᠡ ᠶᠠᠷᠢᠶ᠎ᠠ ᠦᠢᠯᠡ ᠠᠵᠢᠯᠯᠠᠭ᠎ᠠ᠎ᠪᠠᠨ ᠬᠢᠵᠠᠭᠠᠷᠯᠠᠵᠤ᠂ ᠳᠣᠲᠣᠭᠠᠳᠤ ᠰᠡᠳᠬᠢᠯ᠎ᠡᠴᠡ᠎ᠪᠡᠨ ᠰᠠᠬᠢᠯᠭ᠎ᠠ ᠪᠠᠲᠤ᠎ᠶᠢ ᠡᠷᠬᠢᠮᠯᠡᠨ ᠳᠡᠭᠡᠳᠦᠯᠡᠵᠦ᠂ ᠰᠠᠬᠢᠯᠭ᠎ᠠ ᠪᠠᠲᠤ᠎ᠶᠢ ᠪᠢᠰᠢᠷᠡᠨ ᠵᠢᠷᠦᠬᠡᠰᠢᠶᠡᠵᠦ᠂ ᠪᠤᠰᠤᠴᠢᠷ ᠬᠠᠤᠯᠢ ᠴᠠᠭᠠᠵᠠ᠎ᠶᠢᠨ ᠱᠠᠭᠠᠷᠳᠠᠯᠭ᠎ᠠ᠎ᠶᠢ ᠳᠣᠲᠣᠭᠠᠳᠤ ᠬᠥᠭᠡᠭᠡᠴᠡᠯᠳᠦᠯ ᠪᠣᠯᠭᠠᠨ ᠬᠤᠪᠢᠷᠠᠭᠤᠯᠵᠤ᠂ ᠳᠦᠷᠢᠮ ᠲᠣᠭᠲᠠᠭᠠᠯ᠎ᠢ ᠵᠢᠷᠤᠮᠯᠠᠨ ᠰᠠᠬᠢᠯᠭ᠎ᠠ ᠪᠠᠲᠤ᠎ᠶᠢ ᠰᠠᠬᠢᠬᠤ ᠤᠯᠤᠰ ᠲᠦᠷᠦ᠎ᠶᠢᠨ ᠤᠬᠠᠮᠰᠠᠷ᠂ ᠦᠵᠡᠯ ᠰᠠᠨᠠᠭᠠᠨ᠎ᠤ ᠤᠬᠠᠮᠰᠠᠷ ᠪᠠ ᠦᠢᠯᠡ ᠠᠵᠢᠯᠯᠠᠭᠠᠨ᠎ᠤ ᠤᠬᠠᠮᠰᠠᠷ᠎ᠢᠶᠠᠨ ᠲᠠᠰᠤᠷᠠᠯᠲᠠ ᠦᠭᠡᠢ ᠴᠢᠩᠭᠠᠳᠬᠠᠬᠤ ᠬᠡᠷᠡᠭᠲᠡᠢ᠃ ᠶᠠᠮᠤᠨ᠎ᠤ ᠬᠠᠷᠢᠶ᠎ᠠ ᠰᠢᠰᠲᠧᠮ᠎ᠦᠨ ᠪᠠᠢᠴᠠᠭᠠᠨ ᠰᠢᠢᠳᠪᠦᠷᠢᠯᠡᠭᠰᠡᠨ ᠨᠠᠮ᠎ᠤᠨ ᠭᠡᠰᠢᠭᠦᠨ ᠺᠠᠳ᠋ᠷ᠎ᠤᠨ ᠰᠠᠬᠢᠯᠭ᠎ᠠ ᠪᠠᠲᠤ᠎ᠶᠢ ᠵᠥᠷᠢᠴᠡᠵᠦ ᠬᠠᠤᠯᠢ ᠴᠠᠭᠠᠵᠠ᠎ᠶᠢ ᠵᠥᠷᠢᠴᠡᠭᠰᠡᠨ ᠬᠡᠷᠡᠭ᠎ᠡᠴᠡ ᠭᠦᠨᠵᠡᠭᠡᠢ ᠰᠤᠷᠭᠠᠮᠵᠢ ᠠᠪᠴᠤ᠂ ᠬᠡᠷᠡᠭ᠎ᠦᠨ ᠵᠢᠱ᠌ᠢᠶ᠎ᠡ᠎ᠲᠠᠢ ᠬᠠᠷᠢᠴᠠᠭᠤᠯᠤᠨ ᠪᠡᠶ᠎ᠡ᠎ᠪᠡᠨ ᠪᠠᠢᠴᠠᠭᠠᠨ ᠥᠪᠡᠷ᠎ᠢ᠎ᠪᠡᠨ ᠲᠥᠪ ᠪᠣᠯᠭᠠᠵᠤ᠂ ᠳᠡᠷᠭᠡᠳᠡᠬᠢ ᠬᠥᠮᠥᠰ᠎ᠦᠨ᠎ᠢᠶᠡᠨ ᠳᠡᠷᠭᠡᠳᠡᠬᠢ ᠬᠡᠷᠡᠭ᠎ᠦᠨ ᠳᠤᠮᠳᠠ᠎ᠠᠴᠠ ᠰᠡᠷᠡᠮᠵᠢ ᠠᠪᠴᠤ᠂ ᠨᠠᠭᠠᠲᠤ ᠵᠠᠬ᠎ᠠ᠎ᠶᠢᠨ ᠪᠠᠷᠢᠮᠵᠢᠶ᠎ᠠ᠎ᠶᠢ ᠲᠣᠳᠣᠷᠬᠠᠢᠯᠠᠵᠤ᠂ ᠪᠢᠰᠢᠷᠡᠨ ᠵᠢᠷᠦᠬᠡᠰᠢᠶᠡᠬᠦ᠎ᠶᠢ ᠮᠡᠳᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠯᠢᠦ ᠳ᠋ᠦᠩ ᠱᠦᠨ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶᠠᠨ᠎ᠤ ᠳᠥᠷᠪᠡᠳᠦᠭᠡᠷ ᠪᠦᠭᠦᠳᠡ ᠬᠤᠷᠠᠯ ᠪᠣᠯ ᠢᠯᠠᠯᠲᠠ᠎ᠶᠢᠨ ᠡᠷᠴᠢᠨ ᠳᠡᠭᠡᠷ᠎ᠡ᠎ᠪᠡᠨ ᠤᠷᠤᠭᠰᠢᠯᠠᠵᠤ ᠂ ᠳᠤᠮᠳᠠᠳᠤ ᠤᠯᠤᠰ᠎ᠤᠨ ᠮᠠᠶᠢᠭ᠋᠎ᠤᠨ ᠣᠳᠣᠬᠢᠴᠢᠯᠠᠬᠤ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠠᠬᠢᠭᠤᠯᠬᠤ ᠪᠠᠰᠠ ᠨᠢᠭᠡ ᠤᠳᠠᠭᠠᠨ᠎ᠤ ᠶᠡᠷᠦᠩᠬᠡᠢ ᠳᠠᠢᠴᠢᠯᠠᠯᠲᠠ᠂ ᠶᠡᠷᠦᠩᠬᠡᠢ ᠵᠠᠬᠢᠷᠭ᠎ᠠ ᠪᠣᠯᠣᠨ᠎ᠠ᠃ ᠵᠠᠯᠠᠭᠤ ᠺᠠᠳ᠋ᠷᠴᠤᠳ ᠶᠡᠷᠦᠩᠬᠡᠢ ᠱᠦᠵᠢ ᠰᠢ᠎ᠶᠢᠨ ᠫᠢᠩ᠎ᠤᠨ 《 ᠤᠰᠤ ᠠᠷᠪᠢᠯᠠᠬᠤ᠎ᠶᠢ ᠲᠡᠷᠢᠭᠦᠨ᠎ᠳᠦ ᠲᠠᠯᠪᠢᠬᠤ᠂ ᠣᠷᠣᠨ ᠵᠠᠢ᠎ᠶᠢ ᠲᠡᠩᠴᠡᠭᠦᠷᠢᠲᠡᠢ ᠪᠠᠢᠯᠭᠠᠬᠤ᠂ ᠰᠢᠰᠲᠧᠮ᠎ᠲᠠᠢ ᠵᠠᠰᠠᠬᠤ᠂ ᠬᠣᠶᠠᠷ ᠲᠠᠯ᠎ᠠ᠎ᠪᠠᠷ ᠬᠦᠴᠦᠯᠡᠬᠦ 》 ᠤᠰᠤ ᠵᠠᠰᠠᠬᠤ ᠰᠡᠳᠬᠢᠴᠡ ᠪᠠ ᠤᠰᠤ ᠵᠠᠰᠠᠬᠤ ᠲᠤᠬᠠᠢ ᠴᠢᠬᠤᠯᠠ ᠥᠭᠦᠯᠡᠯᠲᠡ᠎ᠶᠢᠨ ᠵᠣᠷᠢᠭ᠋ ᠰᠠᠨᠠᠭ᠎ᠠ᠎ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠵᠣᠭᠰᠣᠴᠠ᠎ᠶᠢᠨ ᠠᠰᠠᠭᠤᠳᠠᠯ᠂ ᠰᠤᠷᠲᠠᠯ᠎ᠤᠨ ᠠᠰᠠᠭᠤᠳᠠᠯ᠂ ᠬᠠᠷᠢᠭᠤᠴᠠᠯᠭ᠎ᠠ ᠡᠭᠦᠷᠭᠡᠯᠡᠬᠦ ᠠᠰᠠᠭᠤᠳᠠᠯ ᠪᠠ ᠠᠷᠢᠭᠤᠨ ᠴᠢᠬᠡᠴᠢ᠎ᠶᠢᠨ ᠠᠰᠠᠭᠤᠳᠠᠯ᠎ᠢ ᠬᠦᠴᠦᠯᠡᠨ ᠰᠠᠢᠲᠤᠷ ᠰᠢᠢᠳᠪᠦᠷᠢᠯᠡᠵᠦ᠂ ᠡᠭᠦᠷᠭᠡ ᠲᠤᠰᠢᠶᠠᠯ᠎ᠢᠶᠠᠨ ᠭᠦᠢᠴᠡᠳᠬᠡᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠲᠦᠯᠬᠢᠨ ᠠᠬᠢᠭᠤᠯᠬᠤ᠎ᠳᠤ ᠵᠠᠯᠠᠭᠤ ᠨᠠᠰᠤᠨ᠎ᠤ ᠬᠦᠴᠦᠨ ᠴᠢᠳᠠᠯ᠎ᠢᠶᠠᠨ ᠡᠷᠭᠦᠬᠦ ᠬᠡᠷᠡᠭᠲᠡᠢ ᠭᠡᠵᠦ ᠴᠢᠬᠤᠯᠠᠴᠢᠯᠠᠪᠠ᠃
ᠯᠢᠦ ᠳ᠋ᠦᠩ ᠱᠦᠨ᠂ ᠶᠠᠮᠤᠨ᠎ᠤ ᠬᠠᠷᠢᠶ᠎ᠠ ᠰᠢᠰᠲᠧᠮ᠎ᠦᠨ ᠡᠯ᠎ᠡ ᠱᠠᠲᠤᠨ᠎ᠤ ᠨᠠᠮ᠎ᠤᠨ ᠵᠣᠬᠢᠶᠠᠨ ᠪᠠᠢᠭᠤᠯᠤᠯᠲᠠ ᠨᠢ ᠨᠠᠮ᠎ᠢ ᠬᠠᠮᠢᠶᠠᠷᠴᠤ ᠨᠠᠮ᠎ᠢ ᠵᠠᠰᠠᠬᠤ ᠤᠯᠤᠰ ᠲᠥᠷᠥ᠎ᠶᠢᠨ ᠬᠠᠷᠢᠭᠤᠴᠠᠯᠭ᠎ᠠ᠎ᠶᠢ ᠤᠯᠠᠮ ᠨᠢᠭᠡ ᠠᠯᠬᠤᠮ ᠪᠣᠳᠠᠲᠠᠢᠵᠢᠭᠤᠯᠵᠤ᠂ ᠵᠠᠯᠠᠭᠤ ᠺᠠᠳ᠋ᠷᠴᠤᠳ᠎ᠢ ᠰᠤᠷᠭᠠᠨ ᠬᠥᠮᠥᠵᠢᠭᠦᠯᠵᠦ ᠬᠠᠮᠢᠶᠠᠷᠴᠤ ᠬᠢᠨᠠᠯᠲᠠ ᠲᠠᠯᠪᠢᠬᠤ᠎ᠶᠢ ᠨᠢᠭᠡ ᠵᠦᠢᠯ᠎ᠦᠨ ᠪᠠᠢᠯᠳᠤᠬᠤ ᠪᠣᠳᠣᠯᠭ᠎ᠠ᠎ᠶᠢᠨ ᠴᠢᠨᠠᠷᠲᠠᠢ ᠰᠠᠭᠤᠷᠢ ᠴᠢᠨᠠᠷᠲᠠᠢ ᠠᠵᠢᠯ ᠪᠣᠯᠭᠠᠨ ᠴᠢᠩᠭ᠎ᠠ ᠠᠳᠬᠤᠵᠤ ᠪᠣᠳᠠᠲᠠᠢ᠎ᠪᠠᠷ ᠠᠳᠬᠤᠬᠤ ᠬᠡᠷᠡᠭᠲᠡᠢ᠃ ᠶᠠᠮᠤᠨ᠎ᠤ ᠬᠠᠷᠢᠶ᠎ᠠ ᠰᠢᠰᠲᠧᠮ᠎ᠦᠨ ᠡᠯ᠎ᠡ ᠱᠠᠲᠤᠨ᠎ᠤ ᠰᠠᠬᠢᠯᠭ᠎ᠠ ᠪᠠᠲᠤ ᠪᠠᠢᠴᠠᠭᠠᠬᠤ ᠪᠠᠢᠭᠤᠯᠤᠮᠵᠢ ᠬᠢᠨᠠᠯᠲᠠ ᠲᠠᠯᠪᠢᠬᠤ ᠲᠤᠰᠬᠠᠢ ᠬᠠᠷᠢᠭᠤᠴᠠᠯᠭ᠎ᠠ᠎ᠶᠢ ᠤᠬᠠᠮᠰᠠᠷ᠎ᠠᠴᠠ᠎ᠪᠠᠨ ᠪᠠᠲᠤ ᠡᠭᠦᠷᠭᠡᠯᠡᠵᠦ᠂ ᠬᠢᠨᠠᠯᠲᠠ ᠲᠠᠯᠪᠢᠬᠤ ᠰᠠᠬᠢᠯᠭ᠎ᠠ ᠪᠠᠲᠤ᠎ᠶᠢ ᠬᠡᠷᠡᠭᠵᠢᠭᠦᠯᠬᠦ ᠬᠠᠷᠢᠭᠤᠴᠠᠯᠭ᠎ᠠ ᠨᠡᠬᠡᠮᠵᠢᠯᠡᠬᠦ᠎ᠶᠢ ᠴᠢᠩᠭᠠᠳᠬᠠᠵᠤ᠂ ᠵᠠᠯᠠᠭᠤ ᠺᠠᠳ᠋ᠷᠴᠤᠳ᠎ᠤᠨ ᠰᠠᠬᠢᠯᠭ᠎ᠠ ᠪᠠᠲᠤ᠎ᠶᠢ ᠵᠥᠷᠢᠴᠡᠵᠦ ᠬᠠᠤᠯᠢ ᠴᠠᠭᠠᠵᠠ᠎ᠶᠢ ᠵᠥᠷᠢᠴᠡᠭᠰᠡᠨ ᠠᠰᠠᠭᠤᠳᠠᠯ᠎ᠢ ᠪᠠᠢᠴᠠᠭᠠᠨ ᠰᠢᠢᠳᠪᠦᠷᠢᠯᠡᠬᠦ ᠡᠷᠴᠢᠮ᠎ᠢᠶᠡᠨ ᠦᠷᠭᠦᠯᠵᠢᠯᠡᠨ ᠴᠢᠩᠭᠠᠷᠠᠭᠤᠯᠵᠤ᠂ ᠬᠦᠴᠦᠲᠡᠢ ᠰᠦᠷ ᠬᠦᠴᠦᠨ᠎ᠢ ᠪᠤᠢ ᠪᠣᠯᠭᠠᠬᠤ ᠬᠡᠷᠡᠭᠲᠡᠢ᠃ ᠦᠨᠳᠦᠰᠦᠨ ᠱᠠᠲᠤᠨ᠎ᠤ ᠨᠠᠮ᠎ᠤᠨ ᠡᠭᠦᠷ ᠵᠠᠯᠠᠭᠤ ᠺᠠᠳ᠋ᠷᠴᠤᠳ᠎ᠤᠨ ᠨᠠᠢ᠍ᠮᠠᠨ ᠴᠠᠭ᠎ᠤᠨ ᠳᠣᠲᠣᠷ᠎ᠠ ᠭᠠᠳᠠᠨᠠᠬᠢ ᠦᠵᠡᠯ ᠰᠠᠨᠠᠭ᠎ᠠ ᠪᠠ ᠠᠵᠢᠯ᠎ᠤᠨ ᠪᠠᠢᠳᠠᠯ᠎ᠢ ᠴᠠᠭ ᠲᠤᠬᠠᠢ ᠳ᠋ᠤᠨᠢ ᠣᠢᠯᠠᠭᠠᠨ ᠡᠵᠡᠮᠰᠢᠵᠦ᠂ ᠴᠤᠬᠤᠶ᠋ᠢᠯᠲᠠ᠎ᠶᠢᠨ ᠴᠢᠨᠠᠷᠲᠠᠢ᠂ ᠬᠡᠯᠪᠡᠷᠢᠯ᠎ᠦᠨ ᠴᠢᠨᠠᠷᠲᠠᠢ ᠠᠰᠠᠭᠤᠳᠠᠯ᠎ᠢ ᠣᠯᠵᠤ ᠮᠡᠳᠡᠨ᠂ ᠴᠠᠭ ᠲᠤᠬᠠᠢ ᠳ᠋ᠤᠨᠢ ᠰᠡᠷᠡᠮᠵᠢᠯᠡᠭᠦᠯᠦᠨ ᠬᠣᠷᠢᠭ᠍ᠯᠠᠵᠤ᠂ ᠡᠷᠲᠡ᠎ᠡᠴᠡ ᠠᠳᠬᠤᠨ ᠪᠠᠭ᠎ᠠ ᠳ᠋ᠤᠨᠢ ᠠᠳᠬᠤᠵᠤ᠂ ᠪᠠᠭ᠎ᠠ᠎ᠠᠴᠠ ᠨᠢ ᠰᠡᠷᠭᠡᠢᠯᠡᠬᠦ᠎ᠶᠢ ᠪᠡᠶᠡᠯᠡᠭᠦᠯᠬᠦ ᠬᠡᠷᠡᠭᠲᠡᠢ ᠭᠡᠵᠦ ᠱᠠᠭᠠᠷᠳᠠᠪᠠ᠃
ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠂ ᠶᠠᠮᠤᠨ᠎ᠤ ᠪᠠᠢᠭᠤᠯᠭ᠎ᠠ᠎ᠶᠢᠨ ᠡᠯ᠎ᠡ ᠵᠤᠷᠭᠠᠨ ᠲᠣᠪᠴᠢᠶ᠎ᠠ᠎ᠶᠢᠨ ᠬᠠᠷᠢᠭᠤᠴᠠᠯᠭᠠᠲᠠᠨ᠂ ᠶᠠᠮᠤᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠰᠠᠬᠢᠯᠭ᠎ᠠ ᠪᠠᠲᠤ ᠪᠠᠢᠴᠠᠭᠠᠬᠤ ᠬᠣᠷᠢᠶ᠎ᠠ᠎ᠶᠢᠨ ᠭᠡᠰᠢᠭᠦᠨ ᠂ ᠶᠠᠮᠤᠨ᠎ᠤ ᠪᠠᠢᠭᠤᠯᠭ᠎ᠠ᠎ᠶᠢᠨ ᠰᠢᠨ᠎ᠡ᠎ᠪᠡᠷ ᠳᠡᠪᠰᠢᠭᠦᠯᠦᠭᠰᠡᠨ ᠪᠠ ᠰᠢᠯᠵᠢᠭᠦᠯᠦᠨ ᠲᠣᠮᠢᠯᠠᠭᠰᠠᠨ ᠭᠠᠵᠠᠷ᠎ᠤᠨ ᠲᠠᠰ᠎ᠤᠨ ᠺᠠᠳ᠋ᠷ᠂ ᠰᠢᠨ᠎ᠡ᠎ᠪᠡᠷ ᠲᠤᠰᠢᠶᠠᠯ᠎ᠳᠤ ᠭᠠᠷᠤᠭᠰᠠᠨ ᠠᠯᠪᠠᠲᠠᠨ ᠵᠢᠴᠢ ᠶᠠᠮᠤᠨ᠎ᠤ ᠰᠢᠭᠤᠳ ᠬᠠᠷᠢᠶ᠎ᠠ ᠪᠠᠢᠭᠤᠯᠭ᠎ᠠ᠎ᠶᠢᠨ ᠰᠢᠨ᠎ᠡ᠎ᠪᠡᠷ ᠡᠯᠰᠡᠭᠰᠡᠨ ᠨᠠᠮ᠎ᠤᠨ ᠭᠡᠰᠢᠭᠦᠨ ᠠᠵᠢᠯᠯᠠᠭ᠎ᠠ᠎ᠳᠤ ᠣᠷᠣᠯᠴᠠᠪᠠ᠃