ᠡᠨᠡ ᠵᠢᠯ᠎ᠦᠨ 11 ᠳ᠋ᠦ᠍ᠭᠡᠷ ᠰᠠᠷ᠎ᠠ ᠶᠢᠨ 9᠎ᠦ ᠡᠳᠦᠷ ᠪᠣᠯ 34 ᠳ᠋ᠦ᠍ᠭᠡᠷ ᠪᠦᠬᠦ ᠤᠯᠤᠰ᠎ᠤᠨ ᠭᠠᠯ ᠤᠨᠲᠠᠷᠭᠠᠬᠤ ᠡᠳᠦᠷ ᠪᠣᠯᠣᠨ᠎ᠠ᠂ ᠲᠥᠷᠥ ᠶᠢᠨ ᠶᠠᠪᠤᠳᠠᠯ᠎ᠤᠨ ᠬᠣᠷᠢᠶᠠᠨ᠎ᠤ ᠠᠶᠤᠯᠭᠦᠢ ᠦᠢᠯᠡᠳᠪᠦᠷᠢᠯᠡᠯ᠎ᠦᠨ ᠺᠣᠮᠢᠰ᠎ᠤᠨ ᠠᠯᠪᠠᠨ ᠭᠡᠷ᠂ ᠤᠯᠤᠰ᠎ᠤᠨ ᠭᠠᠯ ᠤᠨᠲᠠᠷᠭᠠᠵᠤ ᠠᠪᠤᠷᠠᠨ ᠲᠤᠰᠠᠯᠠᠬᠤ ᠲᠣᠪᠴᠢᠶ᠎ᠠ 11 ᠳ᠋ᠦ᠍ᠭᠡᠷ ᠰᠠᠷ᠎ᠠ᠎ᠳᠤ ᠪᠦᠬᠦ ᠤᠯᠤᠰ᠎ᠲᠤ ᠭᠠᠯ ᠤᠨᠲᠠᠷᠭᠠᠬᠤ ᠤᠬᠠᠭᠤᠯᠭ᠎ᠠ᠎ᠶᠢᠨ ᠰᠠᠷ᠎ᠠ᠎ᠶᠢᠨ ᠠᠵᠢᠯᠯᠠᠭ᠎ᠠ ᠥᠷᠨᠢᠭᠦᠯᠬᠦ᠎ᠪᠡᠷ ᠲᠣᠭᠲᠠᠪᠠ᠂ ᠭᠣᠣᠯ ᠰᠡᠳᠦᠪ ᠨᠢ 《 ᠪᠦᠬᠦ ᠠᠷᠠᠳ᠎ᠤᠨ ᠭᠠᠯ ᠤᠨᠲᠠᠷᠭᠠᠬᠤ᠂ ᠠᠮᠢ ᠨᠠᠰᠤ᠎ᠶᠢ ᠳᠡᠭᠡᠳᠦᠯᠡᠬᠦ —— ᠠᠮᠤᠷ ᠲᠦᠪᠰᠢᠨ ᠭᠠᠯ ᠴᠠᠬᠢᠯᠭᠠᠨ ᠬᠡᠷᠡᠭᠯᠡᠬᠦ 》 ᠪᠣᠯᠣᠨ᠎ᠠ᠃ 11 ᠳ᠋ᠦ᠍ᠭᠡᠷ ᠰᠠᠷ᠎ᠠ᠎ᠶᠢᠨ 5᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ ᠭᠠᠯ ᠤᠨᠲᠠᠷᠠᠭᠠᠬᠤ ᠮᠡᠳᠡᠯᠭᠡ᠎ᠶᠢᠨ ᠲᠠᠢᠯᠤᠮᠵᠢ ᠵᠢᠴᠢ ᠲᠤᠬᠠᠢ᠎ᠶᠢᠨ ᠲᠠᠯᠠᠪᠤᠷ᠎ᠤᠨ ᠪᠠᠴᠢᠮ ᠪᠠᠢᠳᠠᠯ᠎ᠢ ᠠᠷᠭᠠᠴᠠᠬᠤ ᠰᠣᠷᠢᠯᠲᠠ ᠬᠢᠵᠦ᠂ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ᠎ᠤᠨ ᠭᠡᠰᠢᠭᠦᠨ ᠂ ᠲᠢᠩᠬᠢᠮ᠎ᠦᠨ ᠳᠡᠳ᠋ ᠳᠠᠷᠤᠭ᠎ᠠ ᠫᠧᠩ ᠶᠠ ᠯᠢ ᠠᠵᠢᠯᠯᠠᠭ᠎ᠠ᠎ᠳᠤ ᠣᠷᠣᠯᠴᠠᠪᠠ᠃
ᠠᠵᠢᠯᠯᠠᠭ᠎ᠠ᠎ᠳᠤ ᠭᠠᠯ ᠤᠨᠲᠠᠷᠠᠭᠠᠬᠤ ᠠᠪᠤᠷᠠᠨ ᠲᠤᠰᠠᠯᠠᠬᠤ ᠲᠤᠰᠬᠠᠢ ᠮᠡᠷᠭᠡᠵᠢᠯᠲᠡᠳ᠎ᠢ ᠲᠤᠰᠬᠠᠢᠯᠠᠨ ᠤᠷᠢᠵᠤ ᠲᠤᠰᠬᠠᠢ ᠰᠡᠳᠦᠪ᠎ᠢᠶᠡᠷ ᠬᠢᠴᠢᠶᠡᠯᠯᠡᠭᠦᠯᠵᠦ᠂ ᠣᠢᠷ᠎ᠠ᠎ᠶᠢᠨ ᠵᠢᠯ᠎ᠦᠨ ᠲᠤᠷᠰᠢᠬᠢ ᠤᠯᠤᠰ᠎ᠤᠨ ᠳᠣᠲᠣᠭᠠᠳᠤ᠎ᠶᠢᠨ ᠠᠯᠪᠠᠯᠠᠬᠤ ᠲᠣᠭᠣᠷᠢᠭ᠋᠂ ᠥᠨᠳᠥᠷ ᠳᠠᠪᠬᠤᠷᠭᠠᠲᠤ ᠪᠠᠷᠢᠯᠭ᠎ᠠ᠎ᠶᠢᠨ ᠭᠠᠯ᠎ᠤᠨ ᠭᠠᠮᠰᠢᠭ᠋᠎ᠤᠨ ᠨᠡᠢᠲᠡᠯᠢᠭ ᠬᠡᠷᠡᠭ᠎ᠦᠨ ᠵᠢᠱ᠌ᠢᠶ᠎ᠡ᠎ᠲᠠᠢ ᠤᠶᠠᠯᠳᠤᠭᠤᠯᠤᠨ᠂ ᠸᠢᠳᠢᠤ᠋ ᠵᠢᠷᠤᠭ ᠳᠦᠷᠰᠦ ᠪᠠ ᠵᠢᠷᠤᠭ ᠪᠢᠴᠢᠭ᠎ᠦᠨ ᠵᠠᠳᠠᠯᠤᠯᠲᠠ᠎ᠪᠠᠷ ᠳᠠᠮᠵᠢᠭᠤᠯᠤᠨ᠂ ᠭᠠᠯ᠎ᠤᠨ ᠭᠠᠮᠰᠢᠭ᠋᠎ᠤᠨ ᠳᠡᠯᠭᠡᠷᠡᠬᠦ ᠬᠤᠷᠳᠤᠴᠠ ᠪᠠ ᠬᠣᠣᠷ ᠬᠥᠨᠥᠭᠡᠯ᠎ᠦᠨ ᠦᠷ᠎ᠡ ᠤᠷᠰᠢᠭ᠋ᠢ ᠰᠢᠭᠤᠳ ᠳᠡᠯᠭᠡᠨ ᠦᠵᠡᠭᠦᠯᠵᠦ ᠂ ᠴᠠᠬᠢᠯᠭᠠᠨ ᠲᠥᠬᠦᠭᠡᠷᠦᠮᠵᠢ ᠬᠠᠭᠤᠴᠢᠷᠠᠭᠰᠠᠨ᠂ ᠲᠣᠭᠲᠠᠭᠠᠯ᠎ᠠᠴᠠ ᠵᠥᠷᠢᠴᠡᠨ ᠴᠠᠬᠢᠯᠭᠠᠨ ᠬᠡᠷᠡᠭᠯᠡᠭᠰᠡᠨ ᠂ ᠭᠠᠯ ᠤᠨᠲᠠᠷᠠᠭᠠᠬᠤ ᠵᠠᠮ ᠪᠥᠭᠯᠡᠷᠡᠭᠰᠡᠨ ᠵᠡᠷᠭᠡ ᠪᠠᠢᠩᠭᠤ ᠲᠣᠬᠢᠶᠠᠯᠳᠤᠬᠤ ᠬᠡᠮ ᠰᠣᠭᠣᠭ᠎ᠤᠨ ᠪᠣᠶ ᠪᠣᠯᠤᠭᠰᠠᠨ ᠰᠢᠯᠲᠠᠭᠠᠨ᠎ᠢ ᠭᠦᠨᠵᠡᠭᠡᠢ ᠵᠠᠳᠠᠯᠤᠨ ᠰᠢᠨᠵᠢᠯᠡᠪᠡ ᠃
ᠣᠨᠣᠯ᠎ᠤᠨ ᠬᠢᠴᠢᠶᠡᠯ᠎ᠦᠨ ᠳᠠᠷᠠᠭ᠎ᠠ᠂ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠶᠡᠷᠦᠩᠬᠡᠢᠯᠡᠭᠰᠡᠨ ᠠᠯᠪᠠᠨ ᠠᠰᠠᠷ᠎ᠤᠨ ᠡᠮᠦᠨ᠎ᠡ ᠲᠠᠯᠠᠪᠠᠶ᠎ᠳᠤ ᠪᠣᠳᠠᠲᠤ ᠪᠠᠢᠯᠳᠤᠭᠠᠨ᠎ᠤ ᠰᠣᠷᠢᠯᠲᠠ᠎ᠶᠢ ᠥᠷᠨᠢᠭᠦᠯᠵᠦ᠂ ᠭᠠᠯ ᠤᠨᠲᠠᠷᠠᠭᠠᠬᠤ ᠲᠤᠰᠬᠠᠢ ᠮᠡᠷᠭᠡᠵᠢᠯᠲᠡᠨ ᠲᠤᠬᠠᠢ᠎ᠶᠢᠨ ᠲᠠᠯᠠᠪᠤᠷ᠎ᠲᠤ ᠭᠠᠯ ᠤᠨᠲᠠᠷᠠᠭᠠᠭᠤᠷ᠂ ᠭᠠᠯ ᠤᠨᠲᠠᠷᠠᠭᠠᠬᠤ ᠤᠰᠤᠨ ᠪᠦᠰᠡ᠎ᠶᠢᠨ ᠬᠡᠷᠡᠭᠯᠡᠯᠲᠡ᠎ᠶᠢᠨ ᠶᠠᠪᠤᠴᠠ᠎ᠶᠢ ᠵᠢᠱ᠌ᠢᠶ᠎ᠡ ᠦᠵᠡᠭᠦᠯᠦᠨ᠂ ᠪᠣᠯᠪᠠᠰᠤᠷᠠᠯ᠎ᠳᠤ ᠣᠷᠣᠯᠴᠠᠭᠰᠠᠳ ᠳᠤᠭᠤᠢᠯᠠᠩ ᠬᠤᠪᠢᠶᠠᠨ ᠪᠣᠳᠠᠲᠤ ᠪᠠᠢᠯᠳᠤᠭᠠᠨ᠎ᠤ ᠰᠣᠷᠢᠯᠲᠠ ᠬᠢᠵᠦ᠂ ᠠᠩᠬ᠎ᠠ ᠡᠭᠦᠰᠦᠭᠰᠡᠨ ᠭᠠᠯ᠎ᠤᠨ ᠠᠶᠤᠯ᠎ᠢ ᠰᠢᠢᠳᠪᠦᠷᠢᠯᠡᠬᠦ ᠤᠷ᠎ᠠ ᠮᠡᠷᠭᠡᠵᠢᠯ᠎ᠢ ᠪᠣᠯᠪᠠᠰᠤᠷᠠᠩᠭᠤᠢ ᠡᠵᠡᠮᠰᠢᠪᠡ᠃ ᠳᠠᠷᠠᠭ᠎ᠠ ᠨᠢ ᠭᠠᠯ ᠤᠨᠲᠠᠷᠠᠭᠠᠬᠤ ᠲᠤᠰᠬᠠᠢ ᠮᠡᠷᠭᠡᠵᠢᠯᠲᠡᠨ ᠬᠠᠢ᠍ᠢᠮᠯᠢᠺᠤᠨ ᠲᠦᠷᠭᠡᠨ ᠠᠪᠤᠷᠠᠯᠳᠠ᠎ᠶᠢᠨ ᠠᠷᠭ᠎ᠠ᠂ ᠵᠢᠷᠦᠬᠡ ᠠᠭᠤᠰᠬᠢ᠎ᠶᠢ ᠰᠡᠷᠭᠦᠭᠡᠬᠦ ᠬᠥᠳᠡᠯᠭᠡᠭᠡᠨ᠎ᠦ ᠰᠣᠷᠢᠯᠲᠠ ᠬᠢᠵᠦ᠂ ᠠᠵᠢᠯᠯᠠᠭᠠᠨ᠎ᠤ ᠭᠣᠣᠯᠳᠠᠯᠭ᠎ᠠ᠎ᠶᠢ ᠲᠠᠨᠢᠯᠴᠠᠭᠤᠯᠵᠠᠢ᠃ 《 ᠮᠠᠢᠬᠠᠨ᠎ᠤ ᠳᠠᠭᠤᠷᠢᠶᠠᠮᠠᠯ ᠭᠠᠯ᠎ᠤᠨ ᠠᠶᠤᠯ 》᠎ᠢ ᠪᠡᠶᠡᠴᠢᠯᠡᠨ ᠣᠢᠯᠠᠭᠠᠬᠤ ᠭᠣᠭᠴᠣᠭ᠎ᠠ᠎ᠳᠤ᠂ ᠥᠳᠬᠡᠨ ᠤᠲᠤᠭᠠᠨᠤ ᠣᠷᠴᠢᠨ ᠲᠣᠭᠣᠷᠢᠨ᠎ᠳᠠᠬᠢ ᠲᠠᠷᠬᠠᠭᠠᠬᠤ ᠵᠠᠮ᠎ᠢ ᠢᠯᠭᠠᠨ ᠲᠠᠨᠢᠬᠤ᠎ᠶᠢ ᠳᠠᠭᠤᠷᠢᠶᠠᠨ ᠰᠣᠷᠢᠵᠤ ᠂ ᠪᠣᠯᠪᠠᠰᠤᠷᠠᠯ᠎ᠳᠤ ᠣᠷᠣᠯᠴᠠᠭᠰᠠᠳ᠎ᠤᠨ ᠪᠠᠴᠢᠮ ᠪᠠᠢᠳᠠᠯ᠎ᠢ ᠠᠷᠭᠠᠴᠠᠵᠤ ᠠᠶᠤᠯ᠎ᠠᠴᠠ ᠵᠠᠢᠯᠠᠬᠤ ᠴᠢᠳᠠᠪᠤᠷᠢ᠎ᠶᠢ ᠤᠯᠠᠮ ᠨᠢᠭᠡ ᠠᠯᠬᠤᠮ ᠳᠡᠭᠡᠭᠰᠢᠯᠡᠭᠦᠯᠵᠡᠢ᠃
ᠫᠧᠩ ᠶᠠ ᠯᠢ ᠠᠵᠢᠯᠯᠠᠭ᠎ᠠ ᠳᠤᠮᠳᠠ ᠴᠢᠬᠤᠯᠠᠴᠢᠯᠠᠭᠰᠠᠨ ᠨᠢ᠂ ᠤᠰᠤᠨ ᠠᠰᠢᠭ᠍ᠯᠠᠯᠲᠠ᠎ᠶᠢᠨ ᠰᠢᠰᠲᠧᠮ᠎ᠤᠨ ᠭᠠᠯ ᠤᠨᠲᠠᠷᠠᠭᠠᠬᠤ ᠠᠮᠤᠷ ᠲᠦᠪᠰᠢᠨ ᠨᠢ ᠺᠠᠳ᠋ᠷ ᠠᠵᠢᠯᠲᠠᠨ᠎ᠤ ᠠᠮᠢ ᠨᠠᠰᠤᠨ᠎ᠤ ᠠᠮᠤᠷ ᠲᠦᠪᠰᠢᠨ ᠪᠣᠯᠣᠨ ᠤᠰᠤᠨ ᠠᠰᠢᠭ᠍ᠯᠠᠯᠲᠠ᠎ᠶᠢᠨ ᠦᠢᠯᠡᠰ᠎ᠦᠨ ᠲᠣᠭᠲᠠᠭᠤᠨ ᠬᠥᠭᠵᠢᠯᠲᠡ᠎ᠲᠠᠢ ᠬᠣᠯᠪᠣᠭᠳᠠᠨ᠎ᠠ᠂ ᠡᠯ᠎ᠡ ᠨᠢᠭᠡᠴᠢ᠎ᠶᠢᠨ ᠬᠢᠨ ᠭᠣᠣᠯ ᠴᠣᠭᠴᠠ᠎ᠶᠢᠨ ᠬᠠᠷᠢᠭᠤᠴᠠᠯᠭ᠎ᠠ᠎ᠪᠠᠨ ᠦᠨᠡᠨ ᠬᠦ᠌ ᠭᠦᠢᠴᠡᠳᠬᠡᠵᠦ᠂ ᠣᠳᠣᠬᠠᠨ᠎ᠤ ᠭᠠᠯ ᠤᠨᠲᠠᠷᠠᠭᠠᠬᠤ ᠠᠮᠤᠷ ᠲᠦᠪᠰᠢᠨ᠎ᠦ ᠪᠠᠢᠳᠠᠯ᠎ᠢ ᠰᠡᠷᠭᠡᠭ᠎ᠢᠶᠡᠷ ᠲᠠᠨᠢᠵᠤ᠂ 《 ᠠᠮᠤᠷ ᠲᠦᠪᠰᠢᠨ᠎ᠦ ᠬᠥᠪᠴᠢ 》᠎ᠶᠢ ᠴᠠᠭ ᠢᠮᠠᠭᠲᠠ ᠴᠢᠩᠭᠠᠯᠠᠬᠤ ᠬᠡᠷᠡᠭᠲᠡᠢ᠃ ᠭᠠᠯ ᠤᠨᠲᠠᠷᠠᠭᠠᠵᠤ ᠠᠶᠤᠯ᠎ᠠᠴᠠ ᠬᠠᠮᠠᠭᠠᠯᠠᠬᠤ ᠮᠡᠳᠡᠯᠭᠡ᠎ᠶᠢ ᠪᠥᠬᠥ ᠲᠠᠯ᠎ᠠ᠎ᠪᠠᠷ ᠡᠵᠡᠮᠰᠢᠵᠦ᠂ 《 ᠬᠠᠮᠠᠭᠠᠯᠠᠯᠲᠠ᠎ᠶᠢᠨ ᠬᠡᠷᠡᠮ》᠎ᠢ ᠪᠠᠲᠤ ᠴᠣᠭᠴᠠᠯᠠᠬᠤ ᠬᠡᠷᠡᠭᠲᠡᠢ᠃ ᠭᠠᠯ ᠤᠨᠲᠠᠷᠠᠭᠠᠬᠤ ᠠᠮᠤᠷ ᠲᠦᠪᠰᠢᠨ᠎ᠦ ᠬᠠᠷᠢᠭᠤᠴᠠᠯᠭ᠎ᠠ᠎ᠶᠢ ᠴᠢᠩᠭ᠎ᠠ ᠨᠠᠢᠳᠠᠪᠤᠷᠢᠵᠢᠭᠤᠯᠵᠤ᠂ 《 ᠠᠮᠤᠷ ᠲᠦᠪᠰᠢᠨ᠎ᠦ ᠲᠣᠣᠷ 》᠎ᠢ ᠨᠢᠭ᠍ᠲᠠ ᠰᠦᠯᠵᠢᠬᠦ ᠬᠡᠷᠡᠭᠲᠡᠢ᠃ ᠪᠠᠴᠢᠮ ᠪᠠᠢᠳᠠᠯ᠎ᠢ ᠠᠷᠭᠠᠴᠠᠨ ᠰᠢᠢᠳᠪᠦᠷᠢᠯᠡᠬᠦ ᠴᠢᠳᠠᠪᠤᠷᠢ᠎ᠪᠠᠨ ᠴᠢᠩᠭᠠᠳᠬᠠᠵᠤ᠂ 《 ᠪᠦᠷᠢᠨ ᠭᠦᠢᠴᠡᠳ ᠪᠡᠯᠡᠳᠬᠡᠯ 》 ᠰᠠᠢᠲᠤᠷ ᠬᠢᠬᠦ ᠬᠡᠷᠡᠭᠲᠡᠢ ᠭᠡᠪᠡ᠃
ᠲᠣᠰ ᠤᠳᠠᠭᠠᠨ᠎ᠤ ᠠᠵᠢᠯᠯᠠᠭ᠎ᠠ ᠨᠢ 《 ᠣᠨᠣᠯ + ᠬᠡᠷᠡᠭ᠎ᠦᠨ ᠵᠢᠱ᠌ᠢᠶ᠎ᠡ + ᠪᠣᠳᠠᠲᠠᠢ ᠰᠣᠷᠢᠯᠲᠠ》᠎ᠶᠢᠨ ᠪᠣᠰᠣᠭ᠎ᠠ ᠴᠣᠭᠴᠠᠲᠤ ᠪᠣᠯᠪᠠᠰᠤᠷᠠᠯ᠎ᠤᠨ ᠵᠠᠭᠪᠤᠷ᠎ᠢᠶᠠᠷ ᠳᠠᠮᠵᠢᠭᠤᠯᠤᠨ ᠂ ᠺᠠᠳ᠋ᠷ ᠠᠵᠢᠯᠲᠠᠨ ᠠᠵᠢᠯᠴᠢᠨ᠎ᠤ ᠬᠡᠮ ᠰᠣᠭᠣᠭ᠎ᠢ ᠢᠯᠭᠠᠨ ᠲᠠᠨᠢᠬᠤ ᠂ ᠠᠩᠬᠠᠨ᠎ᠤ ᠬᠤᠭᠤᠴᠠᠭᠠᠨ᠎ᠤ ᠭᠠᠯ ᠤᠨᠲᠠᠷᠠᠭᠠᠬᠤ ᠪᠠ ᠪᠠᠴᠢᠮ ᠪᠠᠢᠳᠠᠯ᠎ᠢ ᠠᠷᠭᠠᠴᠠᠵᠤ ᠠᠮᠢ ᠵᠢᠭᠤᠲᠠᠬᠤ ᠴᠢᠳᠠᠪᠤᠷᠢ᠎ᠶᠢ ᠪᠦᠲᠦᠮᠵᠢᠲᠡᠶ ᠳᠡᠭᠡᠭᠰᠢᠯᠡᠭᠦᠯᠪᠡ ᠃ ᠲᠠᠷᠠᠭᠠᠴᠢ᠎ᠶᠢᠨ ᠠᠯᠬᠤᠮ᠎ᠳᠤ ᠂ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠭᠠᠯ ᠤᠨᠲᠠᠷᠠᠭᠠᠬᠤ ᠬᠡᠮ ᠰᠣᠭᠣᠭ᠎ᠢ 《 ᠡᠷᠬᠢᠨ ᠬᠠᠷᠠᠬᠤ 》 ᠶ᠋ᠢ ᠳᠠᠷᠠᠭᠠᠯᠠᠨ ᠪᠠᠢᠴᠠᠭᠠᠵᠤ ᠴᠡᠭᠴᠡᠯᠡᠨ ᠵᠠᠰᠠᠬᠤ ᠠᠵᠢᠯ᠎ᠢ ᠦᠷᠭᠦᠯᠵᠢᠯᠡᠨ ᠥᠷᠨᠢᠭᠦᠯᠵᠦ ᠂ ᠭᠠᠯ ᠤᠨᠲᠠᠷᠠᠭᠠᠬᠤ ᠠᠮᠤᠷ ᠲᠦᠪᠰᠢᠨ᠎ᠦ ᠮᠡᠳᠡᠯᠭᠡ᠎ᠶᠢ ᠨᠢᠭᠡᠴᠢ ᠂ ᠴᠥᠭᠥᠷᠥᠮ᠎ᠦᠨ ᠣᠷᠣᠨ ᠂ ᠬᠥᠭᠡᠷᠭᠡ᠎ᠶᠢᠨ ᠥᠷᠲᠡᠭᠡ ᠂ ᠪᠠᠷᠢᠯᠭ᠎ᠠ᠎ᠶᠢᠨ ᠭᠠᠵᠠᠷ᠎ᠲᠤ ᠣᠷᠣᠭᠤᠯᠬᠤ᠎ᠶᠢ ᠠᠬᠢᠭᠤᠯᠵᠤ ᠂ ᠤᠰᠤᠨ ᠠᠰᠢᠭ᠍ᠯᠠᠯᠲᠠ᠎ᠶᠢᠨ ᠰᠢᠰᠲᠧᠮ᠎ᠦᠨ ᠠᠮᠤᠷ ᠲᠦᠪᠰᠢᠨ᠎ᠦ 《 ᠰᠡᠷᠭᠡᠢᠯᠡᠯᠲᠡ᠎ᠶᠢᠨ ᠬᠡᠷᠡᠮ》᠎ᠢ ᠪᠠᠲᠤ ᠴᠣᠭᠴᠠᠯᠠᠨ᠎ᠠ ᠃
ᠲᠢᠩᠬᠢᠮ᠎ᠦᠨ ᠪᠠᠢᠭᠤᠯᠭ᠎ᠠ᠎ᠶᠢᠨ ᠡᠯ᠎ᠡ ᠭᠠᠵᠠᠷ ᠭᠡᠷ᠂ ᠬᠥᠬᠡᠬᠣᠲᠠ᠎ᠳᠤ ᠰᠠᠭᠤᠭ᠎ᠠ ᠲᠢᠩᠬᠢᠮ᠎ᠦᠨ ᠬᠠᠷᠢᠶ᠎ᠠ ᠨᠢᠭᠡᠴᠢ ᠵᠢᠴᠢ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠶᠡᠷᠦᠩᠬᠡᠢᠯᠡᠭᠰᠡᠨ ᠠᠯᠪᠠᠨ ᠠᠰᠠᠷ᠎ᠲᠤ ᠰᠠᠭᠤᠭ᠎ᠠ ᠨᠢᠭᠡᠴᠢ᠎ᠶᠢᠨ ᠺᠠᠳ᠋ᠷ ᠠᠵᠢᠯᠲᠠᠨ 120 ᠭᠠᠷᠤᠢ ᠬᠥᠮᠥᠨ ᠠᠵᠢᠯᠯᠠᠭ᠎ᠠ᠎ᠳᠤ ᠣᠷᠣᠯᠴᠠᠵᠠᠢ᠃