ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠰᠢ᠎ᠶᠢᠨ ᠫᠢᠩ ᠲᠡᠷᠢᠭᠦᠯᠡᠭᠴᠢ᠎ᠶᠢᠨ ᠣᠨᠴᠠ ᠡᠯᠴᠢ᠂ ᠤᠰᠤᠨ ᠠᠰᠢᠭ᠍ᠯᠠᠯᠲᠠ᠎ᠶᠢᠨ ᠶᠠᠮᠤᠨ᠎ᠤ ᠰᠠᠢᠳ ᠯᠢ ᠭᠦᠸᠧ ᠶᠢᠩ ᠪᠤᠯᠢᠸᠢᠶ᠎ᠠ ᠵᠢᠨ ᠰᠢᠨ᠎ᠡ ᠶᠡᠷᠦᠩᠬᠡᠢᠯᠡᠭᠴᠢ᠎ᠶᠢᠨ ᠲᠤᠰᠢᠶᠠᠯ᠎ᠳᠤ ᠭᠠᠷᠬᠤ ᠶᠣᠰᠣᠯᠠᠯ᠎ᠳᠤ ᠣᠷᠣᠯᠴᠠᠪᠠ
ᠨᠡᠶ᠋ᠢᠲᠡᠯᠡᠭᠰᠡᠨ ᠴᠠᠭ᠄ 2025-11-18

      ᠣᠯᠠᠨ ᠦᠨᠳᠦᠰᠦᠨᠳᠦ ᠪᠤᠯᠢᠸᠢᠶ᠎ᠠ ᠤᠯᠤᠰ᠎ᠤᠨ ᠵᠠᠰᠠᠭ᠎ᠤᠨ ᠣᠷᠳᠣᠨ᠎ᠤ ᠤᠷᠢᠯᠭ᠎ᠠ᠎ᠪᠠᠷ ᠂ ᠤᠯᠤᠰ᠎ᠤᠨ ᠲᠡᠷᠢᠭᠦᠯᠡᠭᠴᠢ ᠰᠢ᠎ᠶᠢᠨ ᠫᠢᠩ ᠵᠢᠨ ᠣᠨᠴᠠ ᠡᠯᠴᠢ ᠂ ᠤᠰᠤᠨ ᠠᠰᠢᠭ᠍ᠯᠠᠯᠲᠠ᠎ᠶᠢᠨ ᠶᠠᠮᠤᠨ᠎ᠤ ᠰᠠᠢᠳ ᠯᠢ ᠭᠦᠸᠧ ᠶᠢᠩ ᠲᠤᠬᠠᠢ᠎ᠶᠢᠨ ᠭᠠᠵᠠᠷ᠎ᠤᠨ ᠴᠠᠭ᠎ᠢᠶᠠᠷ 11 ᠰᠠᠷ᠎ᠠ᠎ᠶᠢᠨ 8᠎ᠤ ᠡᠳᠦᠷ ᠪᠤᠯᠢᠸᠢᠶ᠎ᠠ ᠵᠢᠨ ᠨᠡᠢᠰᠯᠡᠯ ᠯᠠ ᠫᠠᠽ᠎ᠳᠦ ᠪᠤᠯᠢᠸᠢᠶ᠎ᠠ ᠵᠢᠨ ᠶᠡᠷᠦᠩᠬᠡᠢᠯᠡᠭᠴᠢ ᠫᠠᠰ᠎ᠤᠨ ᠲᠤᠰᠢᠶᠠᠯ᠎ᠳᠤ ᠭᠠᠷᠬᠤ ᠶᠣᠰᠣᠯᠠᠯ᠎ᠳᠤ ᠣᠷᠣᠯᠴᠠᠪᠠ ᠃ ᠲᠤᠰ ᠡᠳᠦᠷ᠂ ᠫᠠᠰ ᠯᠢ ᠭᠦᠸᠧ ᠶᠢᠩ ᠣᠨᠴᠠ ᠡᠯᠴᠢ᠎ᠲᠠᠢ ᠬᠣᠶᠠᠷ ᠲᠠᠯ᠎ᠠ᠎ᠶᠢᠨ ᠠᠭᠤᠯᠵᠠᠯᠲᠠ ᠬᠢᠪᠡ᠃
      ᠯᠢ ᠭᠦᠸᠧ ᠶᠢᠩ ᠫᠠᠰ᠎ᠲᠤ ᠲᠡᠷᠢᠭᠦᠯᠡᠭᠴᠢ ᠰᠢ᠎ᠶᠢᠨ ᠫᠢᠩ᠎ᠤᠨ ᠳᠣᠲᠣᠨᠣ᠌ ᠮᠡᠨᠳᠦᠴᠢᠯᠡᠯ ᠪᠣᠯᠣᠨ ᠰᠠᠢᠨ ᠰᠠᠢᠬᠠᠨ ᠢᠷᠦᠭᠡᠯ᠎ᠢ ᠳᠠᠮᠵᠢᠭᠤᠯᠪᠠ᠃ ᠯᠢ ᠭᠦᠸᠧ ᠶᠢᠩ᠂ ᠳᠤᠮᠳᠠᠳᠤ ᠤᠯᠤᠰ ᠪᠣᠯᠣᠨ ᠪᠤᠯᠢᠸᠢᠶ᠎ᠠ ᠪᠣᠯ ᠰᠠᠢᠨ ᠨᠠᠢᠵᠢ᠂ ᠰᠠᠢᠨ ᠬᠠᠨᠢᠲᠠᠨ ᠶᠤᠮ᠃ ᠬᠠᠷᠢᠯᠴᠠᠭ᠎ᠠ ᠪᠠᠢᠭᠤᠯᠤᠭᠰᠠᠨ 40 ᠵᠢᠯ᠎ᠦᠨ ᠲᠤᠷᠰᠢ᠂ ᠳᠤᠮᠳᠠᠳᠤ ᠪᠤᠯᠢᠸᠢᠶ᠎ᠠ ᠵᠢᠨ ᠬᠠᠷᠢᠯᠴᠠᠭ᠎ᠠ ᠤᠷᠪᠠᠭᠠᠨ ᠬᠥᠷᠪᠡᠭᠡᠨ᠎ᠲᠠᠢ ᠰᠢᠯᠭᠠᠯᠲᠠ᠎ᠶᠢ ᠥᠩᠭᠡᠷᠡᠭᠡᠵᠦ᠂ ᠰᠠᠢᠨ ᠰᠠᠢᠬᠠᠨ ᠬᠥᠭᠵᠢᠯᠲᠡ᠎ᠶᠢᠨ ᠬᠠᠨᠳᠤᠰᠢ᠎ᠪᠠᠨ ᠢᠮᠠᠭᠲᠠ ᠪᠠᠲᠤᠯᠠᠭᠰᠠᠭᠠᠷ ᠢᠷᠡᠪᠡ᠃ ᠳᠤᠮᠳᠠᠳᠤ᠎ᠶᠢᠨ ᠲᠠᠯ᠎ᠠ᠎ᠶᠢᠨ ᠬᠢᠨ ᠳᠤᠮᠳᠠᠳᠤ ᠪᠤᠯᠢᠸᠢᠶ᠎ᠠ ᠵᠢᠨ ᠬᠠᠷᠢᠯᠴᠠᠭ᠎ᠠ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠨ ᠦᠵᠡᠵᠦ᠂ ᠳᠤᠷᠠᠲᠠᠶ᠎ᠠ ᠪᠤᠯᠢᠸᠢᠶ᠎ᠠ ᠵᠢᠨ ᠰᠢᠨ᠎ᠡ ᠨᠢᠭᠡ ᠬᠤᠭᠤᠴᠠᠭᠠᠨ᠎ᠤ ᠵᠠᠰᠠᠭ᠎ᠤᠨ ᠣᠷᠳᠣᠨ᠎ᠲᠠᠢ ᠭᠠᠷ ᠬᠣᠯᠪᠣᠨ ᠴᠢᠷᠮᠠᠢᠵᠤ᠂ ᠳᠤᠮᠳᠠᠳᠤ ᠪᠤᠯᠢᠸᠢᠶ᠎ᠠ ᠵᠢᠨ ᠪᠠᠢᠯᠳᠤᠬᠤ ᠪᠣᠳᠣᠯᠭ᠎ᠠ᠎ᠶᠢᠨ ᠬᠠᠨᠢᠲᠠᠨ᠎ᠤ ᠬᠠᠷᠢᠯᠴᠠᠭ᠎ᠠ᠎ᠶᠢᠨ ᠲᠠᠬᠢᠨ ᠰᠢᠨ᠎ᠡ ᠳᠡᠭᠲᠡᠷ᠎ᠲᠦ ᠭᠠᠷᠬᠤ᠎ᠶᠢ ᠬᠠᠮᠲᠤ᠎ᠪᠠᠷ ᠠᠬᠢᠭᠤᠯᠵᠤ᠂ ᠬᠣᠶᠠᠷ ᠤᠯᠤᠰ᠎ᠤᠨ ᠠᠷᠠᠳ ᠲᠦᠮᠡᠨ᠎ᠳᠦ ᠨᠡᠩ ᠰᠠᠢᠨ ᠪᠤᠶᠠᠨ ᠦᠢᠯᠡᠳᠦᠨ᠎ᠡ ᠭᠡᠵᠦ ᠵᠢᠭᠠᠵᠤ ᠭᠠᠷᠭᠠᠪᠠ᠃
      ᠫᠠᠰ ᠲᠡᠷᠢᠭᠦᠯᠡᠭᠴᠢ ᠰᠢ᠎ᠶᠢᠨ ᠫᠢᠩ ᠳ᠋ᠤ᠌ ᠴᠢᠩ ᠰᠡᠳᠬᠢᠯ᠎ᠦᠨ ᠮᠡᠨᠳᠦᠴᠢᠯᠡᠯ ᠪᠣᠯᠣᠨ ᠰᠠᠢᠨ ᠰᠠᠢᠬᠠᠨ ᠵᠥᠩᠨᠡᠯ ᠳᠡᠪᠰᠢᠭᠦᠯᠵᠦ ᠪᠠᠢᠬᠤ᠎ᠪᠠᠨ ᠯᠢ ᠭᠦᠸᠧ ᠶᠢᠩ᠎ᠢᠶᠡᠷ ᠳᠠᠮᠵᠢᠭᠤᠯᠵᠤ᠂ ᠲᠡᠷᠢᠭᠦᠯᠡᠭᠴᠢ ᠰᠢ᠎ᠶᠢᠨ ᠫᠢᠩ ᠣᠨᠴᠠ ᠡᠯᠴᠢ ᠲᠣᠮᠢᠯᠠᠨ ᠲᠡᠭᠦᠨ᠎ᠦ ᠲᠤᠰᠢᠶᠠᠯ᠎ᠳᠤ ᠭᠠᠷᠬᠤ ᠶᠣᠰᠣᠯᠠᠯ᠎ᠳᠤ ᠣᠷᠣᠯᠴᠠᠭᠰᠠᠨ᠎ᠳᠤ ᠴᠢᠩ ᠰᠡᠳᠬᠢᠯ᠎ᠡᠴᠡ᠎ᠪᠡᠨ ᠲᠠᠯᠠᠷᠬᠠᠵᠤ ᠪᠠᠢᠬᠤ᠎ᠪᠠᠨ ᠢᠯᠡᠳᠬᠡᠪᠡ᠃ ᠫᠠᠰ᠂ ᠪᠤᠯᠢᠸᠢᠶ᠎ᠠ ᠵᠢᠨ ᠲᠠᠯ᠎ᠠ᠎ᠶᠢᠨ ᠬᠢᠨ ᠳᠤᠮᠳᠠᠳᠤ ᠤᠯᠤᠰ ᠯᠤᠭ᠎ᠠ᠎ᠶᠢᠨ ᠬᠠᠷᠢᠯᠴᠠᠭ᠎ᠠ᠎ᠪᠠᠨ ᠬᠥᠭᠵᠢᠭᠦᠯᠬᠦ᠎ᠶᠢ ᠳᠡᠭᠡᠳᠦ ᠬᠡᠮᠵᠢᠶ᠎ᠡ᠎ᠪᠡᠷ ᠴᠢᠬᠤᠯᠠᠴᠢᠯᠠᠵᠤ᠂ ᠪᠤᠯᠢᠸᠢᠶ᠎ᠠ ᠵᠢᠨ ᠲᠠᠯ᠎ᠠ᠎ᠶᠢᠨ ᠬᠢᠨ ᠨᠢᠭᠡ ᠳᠤᠮᠳᠠᠳᠤ ᠤᠯᠤᠰ᠎ᠤᠨ ᠵᠠᠷᠴᠢᠮ᠎ᠢ ᠡᠷᠡᠰ ᠵᠢᠷᠤᠮᠯᠠᠵᠤ᠂ ᠳᠤᠮᠳᠠᠳᠤ᠎ᠶᠢᠨ ᠲᠠᠯ᠎ᠠ᠎ᠶᠢᠨ ᠬᠢᠨ᠎ᠲᠠᠢ ᠡᠯ᠎ᠡ ᠬᠦᠷᠢᠶᠡᠨ᠎ᠦ ᠬᠠᠮᠲᠤᠷᠠᠯᠴᠠᠭ᠎ᠠ᠎ᠪᠠᠨ ᠭᠦᠨᠵᠡᠭᠡᠢᠷᠡᠭᠦᠯᠵᠦ᠂ ᠬᠣᠶᠠᠷ ᠤᠯᠤᠰ᠎ᠤᠨ ᠬᠠᠷᠢᠯᠴᠠᠭ᠎ᠠ᠎ᠶᠢᠨ ᠤᠷᠤᠭ᠍ᠰᠢ ᠬᠥᠭᠵᠢᠬᠦ᠎ᠶᠢ ᠬᠠᠮᠲᠤ᠎ᠪᠠᠷ ᠠᠬᠢᠭᠤᠯᠬᠤ᠎ᠶᠢ ᠬᠦᠰᠡᠵᠦ ᠪᠠᠢᠨ᠎ᠠ ᠭᠡᠵᠦ ᠢᠯᠡᠳᠬᠡᠪᠡ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            