11 ᠳ᠋ᠦ᠍ᠭᠡᠷ ᠰᠠᠷ᠎ᠠ᠎ᠶᠢᠨ 5᠎ᠤ ᠡᠳᠦᠷ᠂ ᠤᠰᠤᠨ ᠠᠰᠢᠭ᠍ᠯᠠᠯᠲᠠ᠎ᠶᠢᠨ ᠶᠠᠮᠤᠨ᠎ᠤ 《 ᠰᠢᠨ᠎ᠡ ᠨᠢᠭ᠍ᠲᠠᠯᠠᠨ ᠪᠤᠳᠤᠬᠤ ᠬᠠᠤᠯᠢ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠤᠰᠤᠨ ᠠᠰᠢᠭ᠍ᠯᠠᠯᠲᠠ᠎ᠶᠢᠨ ᠡᠳ᠋᠎ᠦᠨ ᠶᠠᠪᠤᠳᠠᠯ᠎ᠤᠨ ᠨᠢᠭ᠍ᠲᠠᠯᠠᠨ ᠪᠤᠳᠤᠬᠤ ᠠᠵᠢᠯ᠎ᠤᠨ ᠬᠢᠨᠠᠯᠲᠠ ᠲᠠᠯᠪᠢᠬᠤ᠎ᠶᠢ ᠴᠢᠩᠭᠠᠳᠬᠠᠬᠤ》 ᠨᠢᠭ᠍ᠲᠠᠯᠠᠨ ᠪᠤᠳᠤᠬᠤ ᠮᠡᠳᠡᠯᠭᠡ᠎ᠶᠢᠨ ᠤᠷᠤᠯᠳᠤᠭᠠᠨ᠎ᠤ ᠰᠢᠢᠳᠪᠦᠷᠢᠲᠦ ᠤᠷᠤᠯᠳᠤᠭᠠᠨ ᠪᠡᠭᠡᠵᠢᠩ᠎ᠳᠦ ᠶᠠᠪᠤᠭᠳᠠᠪᠠ᠃ ᠤᠰᠤᠨ ᠠᠰᠢᠭ᠍ᠯᠠᠯᠲᠠ᠎ᠶᠢᠨ ᠶᠠᠮᠤᠨ᠎ᠤ ᠨᠠᠮ᠎ᠤᠨ ᠤᠳᠤᠷᠢᠳᠬᠤ ᠳᠤᠭᠤᠢᠯᠠᠩ᠎ᠤᠨ ᠪᠦᠷᠢᠯᠳᠦᠭᠦᠨ᠂ ᠳᠡᠳ᠋ ᠰᠠᠢᠳ ᠯᠢᠦ ᠳ᠋ᠦᠩ ᠱᠦᠨ ᠠᠵᠢᠯᠯᠠᠭ᠎ᠠ᠎ᠳᠤ ᠣᠷᠣᠯᠴᠠᠵᠤ ᠶᠠᠷᠢᠶ᠎ᠠ ᠲᠠᠯᠪᠢᠪᠠ᠃ ᠡᠳ᠋᠎ᠦᠨ ᠵᠠᠰᠠᠭ᠎ᠤᠨ ᠶᠠᠮᠤᠨ᠂ ᠲᠦᠷᠦ᠎ᠶᠢᠨ ᠪᠠᠢᠭᠤᠯᠭ᠎ᠠ᠎ᠶᠢᠨ ᠬᠡᠷᠡᠭ ᠶᠠᠪᠤᠳᠠᠯ᠎ᠤᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠬᠠᠮᠢᠶ᠎ᠠ ᠪᠦᠬᠦᠢ ᠵᠤᠷᠭᠠᠨ ᠲᠣᠪᠴᠢᠶ᠎ᠠ᠎ᠶᠢᠨ ᠬᠠᠷᠢᠭᠤᠴᠠᠯᠭᠠᠲᠠᠨ ᠤᠷᠢᠯᠭ᠎ᠠ᠎ᠪᠠᠷ ᠤᠷᠤᠯᠳᠤᠭᠠᠨ᠎ᠢ ᠰᠣᠨᠢᠷᠬᠠᠪᠠ᠃
ᠲᠣᠰ ᠤᠳᠠᠭᠠᠨ᠎ᠤ ᠤᠷᠤᠯᠳᠤᠭᠠᠨ ᠪᠣᠯ ᠤᠰᠤᠨ ᠠᠰᠢᠭ᠍ᠯᠠᠯᠲᠠ᠎ᠶᠢᠨ ᠶᠠᠮᠤᠨ᠎ᠤ ᠤᠰᠤᠨ ᠠᠰᠢᠭ᠍ᠯᠠᠯᠲᠠ᠎ᠶᠢᠨ ᠡᠳ᠋᠎ᠦᠨ ᠶᠠᠪᠤᠳᠠᠯ᠎ᠤᠨ ᠨᠢᠭ᠍ᠲᠠᠯᠠᠨ ᠪᠤᠳᠤᠭ᠍ᠴᠢ᠎ᠶᠢᠨ ᠬᠢᠨᠠᠯᠲᠠ᠎ᠶᠢ ᠴᠢᠩᠭᠠᠳᠬᠠᠵᠤ᠂ ᠰᠢᠨ᠎ᠡ ᠨᠢᠭ᠍ᠲᠠᠯᠠᠨ ᠪᠤᠳᠤᠭ᠍ᠴᠢ᠎ᠶᠢᠨ ᠬᠠᠤᠯᠢ᠎ᠶᠢ ᠲᠤᠭᠤᠰᠢᠯᠠᠭᠤᠯᠤᠨ ᠨᠠᠢᠳᠠᠪᠤᠷᠢᠵᠢᠭᠤᠯᠵᠤ᠂ ᠡᠳ᠋᠎ᠦᠨ ᠶᠠᠪᠤᠳᠠᠯ᠎ᠤᠨ ᠨᠢᠭ᠍ᠲᠠᠯᠠᠨ ᠪᠤᠳᠤᠭ᠍ᠴᠢ᠎ᠶᠢᠨ ᠡᠩᠨᠡᠭᠡ᠎ᠶᠢᠨ ᠴᠢᠳᠠᠪᠤᠷᠢ ᠬᠡᠪ ᠴᠢᠨᠠᠷ᠎ᠢ ᠳᠡᠭᠡᠭᠰᠢᠯᠡᠭᠦᠯᠬᠦ ᠪᠣᠳᠠᠲᠠᠢ ᠠᠷᠭ᠎ᠠ ᠬᠡᠮᠵᠢᠶ᠎ᠡ ᠪᠣᠯᠣᠨ᠎ᠠ᠃ ᠶᠠᠮᠤᠨ᠎ᠤ ᠬᠠᠷᠢᠶ᠎ᠠ ᠰᠢᠰᠲᠧᠮ᠎ᠦᠨ 16 ᠨᠢᠭᠡᠴᠢ 27 ᠠᠩᠭᠢ ᠤᠷᠤᠯᠳᠤᠭᠠᠨ᠎ᠳᠤ ᠣᠷᠣᠯᠴᠠᠵᠤ ᠂ ᠬᠤᠪᠢ ᠬᠥᠮᠥᠨ᠎ᠦ ᠤᠷᠤᠯᠳᠤᠭᠠᠨ ᠪᠠ ᠪᠦᠯᠬᠦᠮ᠎ᠦᠨ ᠪᠡᠯᠡᠳᠬᠡᠯ ᠤᠷᠤᠯᠳᠤᠭᠠᠨ᠎ᠤ ᠰᠢᠯᠭᠠᠷᠠᠭᠤᠯᠤᠯᠲᠠ᠎ᠪᠠᠷ ᠳᠡᠮᠵᠢᠨ᠂ ᠨᠡᠶ᠋ᠢᠲᠡ 10 ᠲᠥᠯᠥᠭᠡᠯᠡᠭᠴᠢᠳ᠎ᠦᠨ ᠠᠩᠭᠢ ᠰᠢᠢᠳᠪᠦᠷᠢᠲᠦ ᠤᠷᠤᠯᠳᠤᠭᠠᠨ᠎ᠳᠤ ᠲᠡᠪᠰᠢᠵᠡᠢ᠃ ᠰᠢᠷᠦᠭᠦᠨ ᠥᠷᠢᠰᠦᠯᠳᠦᠭᠡᠨ᠎ᠢᠶᠡᠷ ᠳᠠᠮᠵᠢᠭᠠᠳ᠂ ᠬᠠᠲᠤᠨ ᠭᠣᠣᠯ᠎ᠤᠨ ᠤᠰᠤᠨ ᠠᠰᠢᠭ᠍ᠯᠠᠯᠲᠠ᠎ᠶᠢᠨ ᠵᠥᠪᠯᠡᠯ᠎ᠦᠨ ᠨᠢᠭᠡᠳᠦᠭᠡᠷ ᠠᠩᠭᠢ ᠨᠢᠭᠡᠳᠦᠭᠡᠷ ᠳᠡᠰ᠎ᠤᠨ ᠱᠠᠩᠨᠠᠯ ᠭᠥᠷᠳᠡᠵᠦ᠂ ᠵᠦᠵᠢᠶᠠᠩ ᠮᠥᠷᠡᠨ᠎ᠦ ᠤᠰᠤᠨ ᠠᠰᠢᠭ᠍ᠯᠠᠯᠲᠠ᠎ᠶᠢᠨ ᠵᠥᠪᠯᠡᠯ᠎ᠦᠨ ᠬᠣᠶᠠᠳᠤᠭᠠᠷ ᠠᠩᠭᠢ᠂ ᠲᠠᠢ ᠬ᠍ᠸ ᠨᠠᠭᠤᠷ᠎ᠤᠨ ᠰᠠᠪᠠ ᠭᠠᠵᠠᠷ᠎ᠤᠨ ᠬᠠᠮᠢᠶᠠᠷᠤᠯᠲᠠ᠎ᠶᠢᠨ ᠲᠣᠪᠴᠢᠶ᠎ᠠ᠎ᠶᠢᠨ ᠲᠥᠯᠥᠭᠡᠯᠡᠭᠴᠢᠳ᠎ᠦᠨ ᠠᠩᠭᠢ᠂ ᠬᠠᠳᠤᠨ ᠭᠣᠣᠯ᠎ᠤᠨ ᠤᠰᠤᠨ ᠠᠰᠢᠭ᠍ᠯᠠᠯᠲᠠ᠎ᠶᠢᠨ ᠵᠥᠪᠯᠡᠯ᠎ᠦᠨ ᠬᠣᠶᠠᠳᠤᠭᠠᠷ ᠠᠩᠭᠢ ᠬᠣᠶᠠᠳᠤᠭᠠᠷ ᠳᠡᠰ᠎ᠤᠨ ᠱᠠᠩᠨᠠᠯ ᠬᠦᠷᠲᠡᠵᠦ᠂ ᠬᠥᠬᠡᠮᠥ᠋ᠷᠡᠨ᠎ᠦ ᠤᠰᠤᠨ ᠠᠰᠢᠭ᠍ᠯᠠᠯᠲᠠ᠎ᠶᠢᠨ ᠵᠥᠪᠯᠡᠯ᠎ᠦᠨ ᠨᠢᠭᠡᠳᠦᠭᠡᠷ ᠠᠩᠭᠢ᠂ ᠬᠠᠳᠤᠨ ᠭᠣᠣᠯ᠎ᠤᠨ ᠤᠰᠤᠨ ᠠᠰᠢᠭ᠍ᠯᠠᠯᠲᠠ᠎ᠶᠢᠨ ᠵᠥᠪᠯᠡᠯ᠎ᠦᠨ ᠭᠤᠷᠪᠠᠳᠤᠭᠠᠷ ᠠᠩᠭᠢ᠂ ᠬᠤᠸᠠᠢ ᠾᠧ ᠭᠣᠣᠯ᠎ᠤᠨ ᠤᠰᠤᠨ ᠠᠰᠢᠭ᠍ᠯᠠᠯᠲᠠ᠎ᠶᠢᠨ ᠵᠥᠪᠯᠡᠯ᠎ᠦᠨ ᠲᠥᠯᠥᠭᠡᠯᠡᠭᠴᠢᠳ᠎ᠦᠨ ᠠᠩᠭᠢ᠂ ᠵᠦᠵᠢᠶᠠᠩ ᠮᠥᠷᠡᠨ᠎ᠦ ᠤᠰᠤᠨ ᠠᠰᠢᠭ᠍ᠯᠠᠯᠲᠠ᠎ᠶᠢᠨ ᠵᠥᠪᠯᠡᠯ᠎ᠦᠨ ᠨᠢᠭᠡᠳᠦᠭᠡᠷ ᠠᠩᠭᠢ᠂ ᠬᠥᠬᠡᠮᠥ᠋ᠷᠡᠨ᠎ᠦ ᠤᠰᠤᠨ ᠠᠰᠢᠭ᠍ᠯᠠᠯᠲᠠ᠎ᠶᠢᠨ ᠵᠥᠪᠯᠡᠯ᠎ᠦᠨ ᠬᠣᠶᠠᠳᠤᠭᠠᠷ ᠠᠩᠭᠢ᠂ ᠨᠠᠨᠵᠢᠩ᠎ᠤᠨ ᠤᠰᠤᠨ ᠠᠰᠢᠭ᠍ᠯᠠᠯᠲᠠ᠎ᠶᠢᠨ ᠰᠢᠨᠵᠢᠯᠡᠬᠦ ᠤᠬᠠᠭᠠᠨ᠎ᠤ ᠰᠤᠳᠤᠯᠭᠠᠨ᠎ᠤ ᠬᠦᠷᠢᠶᠡᠯᠡᠩ᠎ᠦᠨ ᠲᠥᠯᠥᠭᠡᠯᠡᠭᠴᠢᠳ᠎ᠦᠨ ᠠᠩᠭᠢ ᠭᠤᠷᠪᠠᠳᠤᠭᠠᠷ ᠳᠡᠰ᠎ᠤᠨ ᠱᠠᠩᠨᠠᠯ ᠬᠦᠷᠲᠡᠵᠡᠢ᠃
ᠯᠢᠦ ᠳ᠋ᠦᠩ ᠱᠦᠨ᠂ ᠥᠷᠭᠡᠨ ᠤᠯᠠᠨ ᠡᠳ᠋᠎ᠦᠨ ᠶᠠᠪᠤᠳᠠᠯ᠎ᠤᠨ ᠨᠢᠭ᠍ᠲᠠᠯᠠᠨ ᠪᠤᠳᠤᠬᠤ ᠠᠵᠢᠯᠲᠠᠳ ᠲᠤᠰ ᠤᠳᠠᠭ᠎ᠠ᠎ᠶᠢᠨ ᠤᠷᠤᠯᠳᠤᠭᠠᠨ᠎ᠢᠶᠠᠷ ᠠᠵᠠ ᠲᠣᠬᠢᠶᠠᠯ ᠪᠣᠯᠭᠠᠵᠤ᠂ ᠰᠤᠷᠤᠯᠴᠠᠬᠤ᠎ᠪᠠᠷ ᠰᠡᠳᠬᠢᠬᠦᠢ᠎ᠶᠢ ᠠᠬᠢᠭᠤᠯᠵᠤ᠂ ᠨᠢᠭ᠍ᠲᠠᠯᠠᠨ ᠪᠤᠳᠤᠬᠤ ᠬᠠᠤᠯᠢ᠎ᠶᠢᠨ ᠵᠦᠢᠯ ᠵᠤᠷᠪᠤᠰ᠂ ᠡᠳ᠋᠎ᠦᠨ ᠶᠠᠪᠤᠳᠠᠯ᠎ᠤᠨ ᠨᠢᠭ᠍ᠲᠠᠯᠠᠨ ᠪᠤᠳᠤᠬᠤ ᠬᠢᠨᠠᠯᠲᠠ ᠲᠠᠯᠪᠢᠬᠤ ᠴᠢᠬᠤᠯᠠ ᠠᠭᠤᠯᠭ᠎ᠠ᠂ ᠰᠤᠷᠲᠠᠯ᠎ᠤᠨ ᠪᠠᠢᠭᠤᠯᠤᠯᠲᠠ᠎ᠶᠢᠨ ᠱᠠᠭᠠᠷᠳᠠᠯᠭ᠎ᠠ᠎ᠶᠢ ᠦᠨᠡᠨ ᠬᠦ᠌ ᠲᠤᠰᠬᠠᠢ ᠮᠡᠷᠭᠡᠵᠢᠯ᠎ᠦᠨ ᠮᠠᠭᠠᠳᠯᠠᠯᠲᠠ᠎ᠶᠢᠨ ᠪᠠᠷᠢᠮᠵᠢᠶ᠎ᠠ᠂ ᠠᠷᠢᠭᠤᠨ ᠴᠢᠬᠡᠴᠢ᠎ᠪᠡᠷ ᠪᠡᠶ᠎ᠡ᠎ᠪᠡᠨ ᠪᠠᠷᠢᠬᠤ᠎ᠶᠢᠨ ᠪᠠᠷᠢᠮᠵᠢᠶ᠎ᠠ᠂ ᠴᠢᠳᠠᠪᠤᠷᠢ᠎ᠪᠠᠨ ᠳᠡᠭᠡᠭᠰᠢᠯᠡᠭᠦᠯᠬᠦ ᠬᠠᠷᠠᠯᠲᠠ ᠪᠣᠯᠭᠠᠬᠤ ᠬᠡᠷᠡᠭᠲᠡᠢ; ᠰᠤᠷᠤᠯᠴᠠᠬᠤ᠎ᠪᠠᠷ ᠺᠠᠳ᠋ᠷ᠎ᠢ ᠠᠬᠢᠭᠤᠯᠵᠤ᠂ ᠰᠤᠷᠤᠯᠴᠠᠬᠤ ᠪᠠ ᠬᠡᠷᠡᠭᠯᠡᠬᠦ᠎ᠶᠢ ᠤᠶᠠᠯᠳᠤᠭᠤᠯᠤᠨ᠂ ᠨᠢᠭ᠍ᠲᠠᠯᠠᠨ ᠪᠤᠳᠤᠬᠤ ᠪᠣᠳᠠᠲᠤ ᠠᠵᠢᠯ᠎ᠤᠨ ᠭᠣᠣᠯᠳᠠᠯᠭ᠎ᠠ᠎ᠲᠠᠢ ᠬᠦᠴᠢᠷ ᠠᠰᠠᠭᠤᠳᠠᠯ᠎ᠳᠤ ᠠᠩᠬᠠᠷᠤᠯ᠎ᠢᠶᠠᠨ ᠲᠥᠪᠯᠡᠷᠡᠭᠦᠯᠵᠦ᠂ ᠬᠠᠤᠯᠢ ᠶᠣᠰᠣᠭᠠᠷ ᠲᠣᠭᠠᠴᠠᠭ᠎ᠠ ᠬᠢᠬᠦ᠂ ᠲᠣᠭᠲᠠᠭᠠᠯ ᠶᠣᠰᠣᠭᠠᠷ ᠬᠢᠨᠠᠯᠲᠠ ᠲᠠᠯᠪᠢᠬᠤ᠎ᠶᠢ ᠴᠢᠩᠭᠠᠷᠠᠭᠤᠯᠤᠨ᠂ ᠤᠰᠤᠨ ᠠᠰᠢᠭ᠍ᠯᠠᠯᠲᠠ᠎ᠶᠢᠨ ᠪᠡᠯᠡ ᠮᠥᠩᠭᠥ᠎ᠶᠢᠨ ᠲᠦᠭᠰᠢᠭᠦᠷᠢ᠎ᠶᠢ ᠰᠡᠷᠭᠡᠢᠯᠡᠨ ᠡᠵᠡᠮᠳᠡᠬᠦ ᠴᠢᠳᠠᠪᠤᠷᠢ᠎ᠶᠢ ᠳᠡᠭᠡᠭᠰᠢᠯᠡᠭᠦᠯᠬᠦ ᠬᠡᠷᠡᠭᠲᠡᠢ; ᠰᠤᠷᠤᠯᠴᠠᠬᠤ᠎ᠪᠠᠷ ᠬᠠᠮᠢᠶᠠᠷᠤᠯᠲᠠ᠎ᠶᠢ ᠠᠬᠢᠭᠤᠯᠵᠤ ᠂ ᠳᠦᠷᠢᠮ᠎ᠦᠨ ᠪᠠᠢᠭᠤᠯᠤᠯᠲᠠ᠎ᠶᠢ ᠰᠢᠰᠲᠧᠮ᠎ᠲᠠᠢ ᠠᠬᠢᠭᠤᠯᠵᠤ᠂ ᠳᠦᠷᠢᠮ᠎ᠦᠨ ᠬᠡᠷᠡᠭᠵᠢᠭᠦᠯᠦᠯᠲᠡ᠎ᠶᠢ ᠴᠢᠩᠭᠠᠳᠬᠠᠵᠤ᠂ ᠨᠢᠭ᠍ᠲᠠᠯᠠᠨ ᠪᠤᠳᠤᠭ᠍ᠴᠢ᠎ᠶᠢᠨ ᠠᠵᠢᠯ ᠮᠡᠷᠭᠡᠵᠢᠯ᠎ᠦᠨ ᠶᠣᠰᠣ᠌ ᠮᠣᠷᠠᠯ᠎ᠤᠨ ᠵᠢᠷᠤᠮᠵᠢᠯ᠎ᠢ ᠦᠢᠯᠡᠳᠦᠯᠭᠡᠵᠢᠭᠦᠯᠵᠦ᠂ ᠴᠢᠳᠠᠪᠤᠷᠢᠲᠠᠨ᠎ᠤ ᠰᠠᠭᠤᠷᠢ᠎ᠶᠢ ᠲᠠᠰᠤᠷᠠᠯᠲᠠ ᠦᠭᠡᠢ ᠪᠠᠲᠤᠳᠬᠠᠨ᠂ ᠨᠡᠢᠯᠡᠮᠡᠯ ᠬᠦᠴᠦᠨ᠎ᠢ ᠨᠢᠭ᠍ᠲᠠᠷᠠᠭᠤᠯᠵᠤ ᠂ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ ᠂ ᠮᠠᠨ᠎ᠤ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠬᠤ᠎ᠳᠤ ᠪᠠᠲᠤ ᠴᠢᠩᠭ᠎ᠠ ᠡᠳ᠋᠎ᠦᠨ ᠶᠠᠪᠤᠳᠠᠯ᠎ᠤᠨ ᠪᠠᠲᠤᠯᠠᠭ᠎ᠠ ᠬᠠᠩᠭᠠᠬᠤ ᠬᠡᠷᠡᠭᠲᠡᠢ ᠭᠡᠵᠦ ᠴᠢᠬᠤᠯᠠᠴᠢᠯᠠᠪᠠ᠃
ᠣᠢᠷ᠎ᠠ᠎ᠶᠢᠨ ᠵᠢᠯ᠎ᠳᠦ᠂ ᠤᠰᠤᠨ ᠠᠰᠢᠭ᠍ᠯᠠᠯᠲᠠ᠎ᠶᠢᠨ ᠶᠠᠮᠤᠨ ᠡᠳ᠋᠎ᠦᠨ ᠶᠠᠪᠤᠳᠠᠯ᠎ᠤᠨ ᠨᠢᠭ᠍ᠲᠠᠯᠠᠨ ᠪᠤᠳᠤᠬᠤ ᠠᠵᠢᠯᠲᠠᠨ᠎ᠤ ᠬᠡᠪ ᠴᠢᠨᠠᠷ᠎ᠢ ᠳᠡᠭᠡᠭᠰᠢᠯᠡᠭᠦᠯᠬᠦ ᠭᠤᠷᠪᠠᠨ ᠵᠢᠯ᠎ᠦᠨ ᠢᠨᠵᠧᠨᠧᠷᠢᠩ ᠪᠠ ᠳᠣᠲᠣᠭᠠᠳᠤ᠎ᠶᠢᠨ ᠡᠵᠡᠮᠳᠡᠯ᠎ᠦᠨ ᠪᠠᠷᠢᠮᠵᠢᠶᠠᠵᠢᠯᠲᠠ ᠵᠢᠷᠤᠮᠵᠢᠭᠤᠯᠤᠯᠲᠠ᠎ᠶᠢᠨ ᠪᠠᠢᠭᠤᠯᠤᠯᠲᠠ᠎ᠶᠢᠨ ᠭᠤᠷᠪᠠᠨ ᠵᠢᠯ᠎ᠦᠨ ᠠᠵᠢᠯᠯᠠᠭ᠎ᠠ᠎ᠶᠢ ᠭᠦᠨᠵᠡᠭᠡᠢ ᠬᠡᠷᠡᠭᠵᠢᠭᠦᠯᠵᠦ᠂ ᠳᠣᠲᠣᠭᠠᠳᠤ ᠡᠵᠡᠮᠳᠡᠯ᠎ᠦᠨ ᠰᠢᠰᠲᠧᠮᠵᠢ᠎ᠶᠢ ᠬᠠᠮᠤᠷᠤᠭᠰᠠᠨ᠂ ᠠᠵᠢᠯᠲᠠᠨ᠎ᠤ ᠬᠡᠪ ᠴᠢᠨᠠᠷ ᠬᠢᠭᠡᠳ ᠬᠢᠨᠠᠯᠲᠠ ᠲᠠᠯᠪᠢᠬᠤ ᠲᠣᠭᠲᠠᠴᠠ᠎ᠶᠢᠨ ᠪᠥᠬᠥ ᠬᠡᠯᠬᠢᠶ᠎ᠡ᠎ᠶᠢᠨ ᠤᠰᠤᠨ ᠠᠰᠢᠭ᠍ᠯᠠᠯᠲᠠ᠎ᠶᠢᠨ ᠡᠳ᠋᠎ᠦᠨ ᠶᠠᠪᠤᠳᠠᠯ᠎ᠤᠨ ᠵᠠᠰᠠᠯᠲᠠ᠎ᠶᠢᠨ ᠰᠢᠨ᠎ᠡ ᠪᠠᠢᠷᠢᠰᠢᠯ᠎ᠢ ᠬᠦᠴᠦᠯᠡᠨ ᠪᠠᠢᠭᠤᠯᠵᠤ᠂ ᠡᠳ᠋᠎ᠦᠨ ᠶᠠᠪᠤᠳᠠᠯ᠎ᠤᠨ ᠬᠠᠮᠢᠶᠠᠷᠤᠯᠲᠠ᠎ᠶᠢᠨ ᠵᠢᠷᠤᠮᠵᠢᠭᠤᠯᠤᠯᠲᠠ᠂ ᠪᠠᠷᠢᠮᠵᠢᠶᠠᠵᠢᠭᠤᠯᠤᠯᠲᠠ᠎ᠶᠢᠨ ᠬᠢᠷᠢ ᠬᠡᠮᠵᠢᠶ᠎ᠡ᠎ᠶᠢ ᠪᠦᠲᠦᠮᠵᠢᠲᠡᠶ ᠳᠡᠭᠡᠭᠰᠢᠯᠡᠭᠦᠯᠦᠨ᠂ ᠤᠰᠤᠨ ᠠᠰᠢᠭ᠍ᠯᠠᠯᠲᠠ᠎ᠶᠢᠨ ᠪᠡᠯᠡ ᠮᠥᠩᠭᠥ ᠡᠳ᠋ ᠬᠥᠷᠥᠩᠭᠡ᠎ᠶᠢᠨ ᠠᠮᠤᠷ ᠲᠦᠪᠰᠢᠨ᠎ᠦ ᠰᠡᠷᠭᠡᠢᠯᠡᠯᠲᠡ᠎ᠶᠢᠨ ᠱᠤᠭᠤᠮ᠎ᠢ ᠲᠠᠰᠤᠷᠠᠯᠲᠠ ᠦᠭᠡᠢ ᠪᠡᠬᠢᠵᠢᠭᠦᠯᠵᠡᠢ᠃
ᠲᠣᠰ ᠤᠳᠠᠭᠠᠨ᠎ᠤ ᠤᠷᠤᠯᠳᠤᠭᠠᠨ᠎ᠢ ᠤᠰᠤᠨ ᠠᠰᠢᠭ᠍ᠯᠠᠯᠲᠠ᠎ᠶᠢᠨ ᠶᠠᠮᠤᠨ᠎ᠤ ᠡᠳ᠋᠎ᠦᠨ ᠶᠠᠪᠤᠳᠠᠯ᠎ᠤᠨ ᠵᠤᠷᠭᠠᠨ᠂ ᠳᠤᠮᠳᠠᠳᠤ ᠤᠯᠤᠰ᠎ᠤᠨ ᠤᠰᠤᠨ ᠠᠰᠢᠭ᠍ᠯᠠᠯᠲᠠ᠎ᠶᠢᠨ ᠨᠡᠢᠭᠡᠮᠯᠢᠭ᠎ᠡᠴᠡ ᠭᠣᠣᠯᠯᠠᠨ ᠡᠷᠭᠢᠯᠡᠵᠦ᠂ ᠳᠤᠮᠳᠠᠳᠤ ᠤᠯᠤᠰ᠎ᠤᠨ ᠤᠰᠤᠨ ᠠᠰᠢᠭ᠍ᠯᠠᠯᠲᠠ᠎ᠶᠢᠨ ᠨᠡᠢᠭᠡᠮᠯᠢᠭ᠎ᠦᠨ ᠨᠢᠭ᠍ᠲᠠᠯᠠᠨ ᠪᠤᠳᠤᠬᠤ ᠲᠤᠰᠬᠠᠢ ᠮᠡᠷᠭᠡᠵᠢᠯ᠎ᠦᠨ ᠵᠥᠪᠯᠡᠯ ᠂ ᠳᠤᠮᠳᠠᠳᠤ ᠤᠯᠤᠰ᠎ᠤᠨ ᠤᠰᠤᠨ ᠠᠰᠢᠭ᠍ᠯᠠᠯᠲᠠ᠎ᠶᠢᠨ ᠰᠣᠨᠢᠨ᠎ᠤ ᠬᠣᠷᠢᠶ᠎ᠠ᠂ ᠬᠠᠲᠤᠨ ᠭᠣᠣᠯ᠎ᠤᠨ ᠤᠰᠤᠨ ᠠᠰᠢᠭ᠍ᠯᠠᠯᠲᠠ᠎ᠶᠢᠨ ᠵᠥᠪᠯᠡᠯ᠎ᠦᠨ ᠨᠢᠭ᠍ᠲᠠᠯᠠᠨ ᠪᠤᠳᠤᠬᠤ ᠨᠡᠢᠭᠡᠮᠯᠢᠭ᠂ ᠬᠠᠲᠤᠨ ᠭᠣᠣᠯ᠎ᠤᠨ ᠤᠰᠤᠨ ᠠᠰᠢᠭ᠍ᠯᠠᠯᠲᠠ᠎ᠶᠢᠨ ᠵᠥᠪᠯᠡᠯ᠎ᠦᠨ ᠱᠠᠨᠳᠦ᠋ᠩ᠎ᠦᠨ ᠬᠠᠲᠤᠨ ᠭᠣᠣᠯ᠎ᠤᠨ ᠶᠠᠪᠤᠳᠠᠯ᠎ᠤᠨ ᠶᠠᠮᠤᠨ᠎ᠳᠤ ᠰᠠᠭᠤᠭ᠎ᠠ ᠰᠠᠬᠢᠯᠭ᠎ᠠ ᠪᠠᠲᠤ ᠪᠠᠢᠴᠠᠭᠠᠬᠤ ᠬᠢᠨᠠᠨ ᠪᠠᠢᠴᠠᠭᠠᠬᠤ ᠳᠤᠭᠤᠢᠯᠠᠩ᠂ ᠶᠠᠮᠤᠨ᠎ᠤ ᠪᠠᠢᠭᠤᠯᠭ᠎ᠠ ᠶᠢᠨ ᠬᠣᠯᠪᠣᠭᠳᠠᠯ ᠪᠦᠬᠦᠢ ᠵᠤᠷᠭᠠᠨ ᠲᠣᠪᠴᠢᠶ᠎ᠠ᠂ ᠪᠡᠭᠡᠵᠢᠩ᠎ᠳᠦ ᠪᠠᠢᠭ᠎ᠠ ᠡᠯ᠎ᠡ ᠰᠢᠭᠤᠳ ᠬᠠᠷᠢᠶ᠎ᠠ ᠨᠢᠭᠡᠴᠢ᠎ᠶᠢᠨ ᠬᠣᠯᠪᠣᠭᠳᠠᠯ ᠪᠦᠬᠦᠢ ᠬᠠᠷᠢᠭᠤᠴᠠᠯᠭᠠᠲᠠᠨ ᠨᠥᠬᠥᠳ ᠪᠣᠯᠣᠨ ᠺᠠᠳ᠋ᠷ ᠠᠵᠢᠯᠲᠠᠨ ᠠᠵᠢᠯᠴᠢᠨ᠎ᠤ ᠲᠥᠯᠥᠭᠡᠯᠡᠭᠴᠢ ᠰᠢᠢᠳᠪᠦᠷᠢᠲᠦ ᠤᠷᠤᠯᠳᠤᠭᠠᠨ᠎ᠢ ᠰᠣᠨᠢᠷᠬᠠᠪᠠ᠃