ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ᠎ᠤᠨ ᠤᠰᠤ ᠠᠷᠪᠢᠯᠠᠬᠤ ᠠᠵᠢᠯᠯᠠᠭ᠎ᠠ᠎ᠳᠤ ᠰᠢᠨ᠎ᠡ᠎ᠪᠡᠷ ᠨᠡᠮᠡᠭᠳᠡᠭᠰᠡᠨ ᠤᠰᠤ ᠠᠷᠪᠢᠯᠠᠬᠤ ᠬᠡᠮᠵᠢᠶ᠎ᠡ 2.4 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠬᠥᠷᠪᠡ
ᠨᠡᠶ᠋ᠢᠲᠡᠯᠡᠭᠰᠡᠨ ᠴᠠᠭ᠄ 2025-11-18

      11 ᠳ᠋ᠦ᠍ᠭᠡᠷ ᠰᠠᠷ᠎ᠠ᠎ᠶᠢᠨ 11᠎ᠦ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 《 ᠠᠷᠪᠠᠨ ᠳᠥᠷᠪᠡᠳᠦᠭᠡᠷ ᠲᠠᠪᠤᠨ ᠵᠢᠯ 》᠎ᠤᠨ ᠰᠢᠷᠢᠰ ᠠᠮᠢ ᠠᠬᠤᠢ᠎ᠶᠢᠨ ᠪᠣᠯᠪᠠᠰᠤᠨ᠎ᠤ ᠪᠠᠢᠭᠤᠯᠤᠯᠲᠠ᠎ᠶᠢᠨ ᠰᠣᠨᠢᠨ ᠮᠡᠳᠡᠭᠡ ᠨᠡᠢᠲᠡᠯᠡᠬᠦ ᠬᠤᠷᠠᠯ᠎ᠠᠴᠠ ᠣᠢᠯᠠᠭᠠᠭᠰᠠᠨ ᠨᠢ᠂ 11 ᠳ᠋ᠦ᠍ᠭᠡᠷ ᠰᠠᠷ᠎ᠠ᠎ᠶᠢᠨ 5᠎ᠤ ᠡᠳᠦᠷ ᠪᠣᠯᠲᠠᠯ᠎ᠠ᠂ ᠥᠪᠥᠷ ᠮᠣᠩᠭᠣᠯ᠎ᠤᠨ ᠡᠯ᠎ᠡ ᠠᠵᠢᠯ ᠲᠥᠷᠥᠯ᠎ᠦᠨ 2025 ᠣᠨ᠎ᠳᠤ ᠰᠢᠨ᠎ᠡ᠎ᠪᠡᠷ ᠨᠡᠮᠡᠭᠳᠡᠭᠰᠡᠨ ᠤᠰᠤ ᠠᠷᠪᠢᠯᠠᠬᠤ ᠬᠡᠮᠵᠢᠶ᠎ᠡ 2.4 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠬᠦᠷᠴᠦ᠂ ᠣᠨ᠎ᠤ ᠬᠠᠷᠠᠯᠲᠠ᠎ᠶᠢᠨ᠎ᠢᠶᠠᠨ 90%᠎ᠶᠢ ᠪᠡᠶᠡᠯᠡᠭᠦᠯᠪᠡ᠃
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠤᠰᠤ ᠠᠷᠪᠢᠯᠠᠬᠤ ᠠᠵᠢᠯᠯᠠᠭ᠎ᠠ᠎ᠶᠢ ᠥᠪᠡᠷᠲᠡᠭᠡᠨ ᠵᠠᠰᠠᠬᠤ ᠣᠷᠣᠨ᠎ᠤ 2025 ᠣᠨ᠎ᠤ 《 ᠵᠢᠷᠭᠤᠭᠠᠨ ᠠᠵᠢᠯᠯᠠᠭ᠎ᠠ 》᠎ᠶᠢᠨ ᠨᠢᠭᠡ᠎ᠳᠦ ᠵᠢᠭ᠍ᠰᠠᠭᠠᠨ ᠣᠷᠣᠭᠤᠯᠵᠤ ᠂ ᠤᠰᠤ ᠠᠷᠪᠢᠯᠠᠬᠤ ᠠᠵᠢᠯᠯᠠᠭ᠎ᠠ᠎ᠶᠢᠨ ᠬᠡᠷᠡᠭᠵᠢᠭᠦᠯᠬᠦ ᠲᠥᠰᠥᠯ᠎ᠢ ᠲᠣᠭᠲᠠᠭᠠᠨ᠂ ᠤᠰᠤ ᠠᠷᠪᠢᠯᠠᠬᠤ ᠠᠵᠢᠯᠯᠠᠭ᠎ᠠ᠎ᠶᠢᠨ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠬᠤ ᠲᠣᠭᠲᠠᠴᠠ᠎ᠶᠢ ᠪᠠᠢᠭᠤᠯᠵᠤ᠂ ᠬᠠᠷᠢᠭᠤᠴᠠᠯᠭ᠎ᠠ᠎ᠶᠢ ᠪᠣᠳᠠᠲᠠᠢᠵᠢᠭᠤᠯᠤᠨ ᠂ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠤᠰᠤ ᠠᠷᠪᠢᠯᠠᠬᠤ ᠠᠵᠢᠯ᠎ᠤᠨ ᠱᠠᠲᠤᠴᠢ ᠴᠢᠨᠠᠷᠲᠠᠢ ᠦᠷ᠎ᠡ ᠪᠦᠲᠦᠮᠵᠢ ᠣᠯᠬᠤ᠎ᠶᠢ ᠲᠦᠯᠬᠢᠨ ᠠᠬᠢᠭᠤᠯᠪᠠ᠃ ᠲᠠᠷᠢᠶᠠᠯᠠᠩ᠎ᠤᠨ ᠤᠰᠤ ᠠᠷᠪᠢᠯᠠᠬᠤ ᠲᠠᠯ᠎ᠠ᠎ᠪᠠᠷ ᠂ ᠤᠰᠤ ᠠᠷᠪᠢᠯᠠᠬᠤ ᠴᠢᠳᠠᠪᠤᠷᠢ᠎ᠶᠢ 2.3 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠡᠷ ᠨᠡᠮᠡᠭᠳᠡᠭᠦᠯᠵᠦ ᠂ ᠡᠭᠦᠨ᠎ᠳᠦ ᠪᠣᠷᠣᠳᠣᠬᠣᠢ᠎ᠶᠢᠨ ᠤᠰᠤᠯᠠᠯᠲᠠ᠎ᠶᠢᠨ ᠣᠷᠣᠨ᠎ᠤ 《 ᠶᠡᠬᠡ ᠤᠰᠤᠨ᠎ᠤ ᠨᠡᠯᠦᠩᠬᠡᠢ ᠤᠰᠤᠯᠠᠯᠲᠠ 》᠎ᠶᠢ ᠪᠦᠲᠦᠮᠵᠢᠲᠡᠶ ᠰᠢᠢᠳᠪᠦᠷᠢᠯᠡᠵᠦ᠂ ᠤᠰᠤ ᠬᠡᠷᠡᠭᠯᠡᠬᠦ ᠬᠡᠮᠵᠢᠶ᠎ᠡ᠎ᠶᠢ 2024 ᠣᠨ᠎ᠤ ᠬᠢ᠎ᠡᠴᠡ 1.35 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ ᠪᠠᠭᠠᠰᠬᠠᠪᠠ ᠃ ᠠᠵᠤ ᠦᠢᠯᠡᠳᠪᠦᠷᠢ᠎ᠶᠢᠨ ᠤᠰᠤ ᠠᠷᠪᠢᠯᠠᠬᠤ ᠲᠠᠯ᠎ᠠ᠎ᠪᠠᠷ᠂ ᠤᠰᠤ ᠠᠷᠪᠢᠯᠠᠬᠤ ᠴᠢᠳᠠᠪᠤᠷᠢ᠎ᠶᠢ 634 ᠲᠦᠮᠡᠨ ᠪᠣᠰᠣᠭ᠎ᠠ ᠳᠥᠷᠪᠡᠯᠵᠢᠨ ᠮᠧᠲᠷ ᠰᠢᠨ᠎ᠡ᠎ᠪᠡᠷ ᠨᠡᠮᠡᠭᠳᠡᠭᠦᠯᠵᠦ᠂ ᠣᠨ᠎ᠤ ᠡᠭᠦᠷᠭᠡ᠎ᠪᠡᠨ ᠳᠠᠪᠠᠭᠤᠯᠤᠨ ᠪᠡᠶᠡᠯᠡᠭᠦᠯᠪᠡ᠃ ᠬᠤᠳᠠ ᠬᠥᠳᠡᠭᠡ᠎ᠶᠢᠨ ᠤᠰᠤ ᠠᠷᠪᠢᠯᠠᠬᠤ ᠲᠠᠯ᠎ᠠ᠎ᠪᠠᠷ᠂ 1311.86 ᠺᠢᠯᠣᠮᠧᠲᠷ᠎ᠦᠨ ᠤᠰᠤ ᠬᠠᠩᠭᠠᠬᠤ ᠬᠣᠭᠣᠯᠠᠢ᠎ᠶᠢᠨ ᠲᠣᠣᠷ᠎ᠢ ᠰᠢᠨᠡᠳᠬᠡᠨ ᠥᠭᠡᠷᠡᠴᠢᠯᠡᠪᠡ᠃ ᠭᠠᠵᠠᠷ ᠳᠣᠣᠷᠠᠬᠢ ᠤᠰᠤ᠎ᠶᠢ ᠬᠡᠲᠦᠷᠡᠲᠡᠯ᠎ᠡ ᠲᠠᠲᠠᠭᠰᠠᠨ ᠣᠷᠣᠨ᠎ᠢ ᠵᠠᠰᠠᠭᠰᠠᠨ ᠦᠷ᠎ᠡ ᠪᠦᠲᠦᠮᠵᠢ ᠢᠯᠡᠷᠬᠡᠢ ᠪᠠᠢᠵᠤ᠂ ᠭᠠᠵᠠᠷ ᠳᠣᠣᠷᠠᠬᠢ ᠤᠰᠤ᠎ᠶᠢ ᠳᠠᠷᠤᠵᠤ ᠮᠠᠯᠲᠠᠭᠰᠠᠨ ᠨᠡᠢ᠍ᠢᠳᠡ ᠤᠰᠤᠨ᠎ᠤ ᠬᠡᠮᠵᠢᠶ᠎ᠡ 9.16 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠦ ᠬᠦᠷᠴᠡᠢ᠃ ᠡᠭᠦᠨ᠎ᠤ ᠬᠠᠮᠲᠤ᠂ ᠥᠪᠡᠷᠲᠡᠭᠡᠨ ᠵᠠᠰᠠᠬᠤ ᠣᠷᠣᠨ ᠤᠰᠤ ᠠᠷᠪᠢᠯᠠᠬᠤ ᠳᠦᠷᠢᠮ᠎ᠤᠨ ᠲᠥᠷᠥ᠎ᠶᠢᠨ ᠪᠣᠳᠣᠯᠭ᠎ᠠ᠎ᠪᠠᠨ ᠤᠯᠠᠮ ᠨᠢᠭᠡ ᠠᠯᠬᠤᠮ ᠪᠦᠷᠢᠨᠰᠢᠭᠦᠯᠵᠦ᠂ ᠬᠡᠪ᠎ᠤᠨ ᠪᠤᠰᠤ ᠤᠰᠤᠨ᠎ᠤ ᠡᠬᠢ ᠪᠠᠶᠠᠯᠢᠭ᠋᠎ᠤᠨ ᠠᠰᠢᠭ᠍ᠯᠠᠯᠲᠠ᠎ᠶᠢ ᠦᠷᠭᠦᠯᠵᠢᠯᠡᠨ ᠴᠢᠩᠭᠠᠳᠬᠠᠵᠤ᠂ ᠤᠰᠤ ᠠᠷᠪᠢᠯᠠᠬᠤ ᠠᠵᠤ ᠦᠢᠯᠡᠰ᠎ᠤᠨ ᠬᠥᠭᠵᠢᠯᠲᠡ᠎ᠶᠢ ᠶᠡᠬᠡ᠎ᠪᠡᠷ ᠲᠦᠯᠬᠢᠨ ᠠᠬᠢᠭᠤᠯᠪᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            