ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠲᠤᠬᠠᠢ᠎ᠶᠢᠨ ᠲᠠᠯᠠᠪᠠᠢ᠎ᠳᠤ᠂ ᠪᠣᠯᠣᠳ ᠰᠢᠷᠪᠦᠰᠦ ᠰᠦᠨᠳᠡᠷᠯᠡᠵᠦ᠂ ᠭᠠᠩᠨᠠᠭᠤᠷ᠎ᠤᠨ ᠣᠴᠢ ᠦᠰᠦᠷᠦᠨ᠎ᠡ; ᠦᠢᠯᠡᠳᠪᠦᠷᠢ᠎ᠶᠢᠨ ᠲᠠᠰᠤᠭ᠎ᠤᠨ ᠡᠮᠦᠨ᠎ᠡ ᠹᠷᠣᠨᠲ᠎ᠲᠤ᠂ ᠮᠠᠰᠢᠨ ᠮᠧᠬᠠᠨᠢᠭ᠋ ᠨᠢᠵᠢᠭᠢᠨᠡᠵᠦ᠂ ᠦᠢᠯᠡᠳᠪᠦᠷᠢᠯᠡᠯ ᠶᠠᠭᠠᠷᠠᠯᠲᠠᠢ ᠶᠠᠪᠤᠭᠳᠠᠨ᠎ᠠ ᠁ ᠠᠯᠳᠠᠨ ᠨᠠᠮᠤᠷ᠎ᠤᠨ ᠤᠯᠠᠷᠢᠯ᠎ᠳᠤ᠂ ᠡᠬᠡ ᠤᠯᠤᠰ᠎ᠤᠨ ᠤᠮᠠᠷᠠᠲᠤ᠎ᠶᠢᠨ ᠴᠢᠬᠤᠯᠠ ᠶᠡᠬᠡ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠳᠤ 《 ᠲᠦᠷᠭᠡᠨ ᠤᠷᠤᠭᠰᠢᠯᠠᠬᠤ ᠳᠠᠷᠤᠪᠴᠢ 》 ᠶ᠋ᠢ ᠳᠠᠷᠤᠵᠤ᠂ 《 ᠠᠬᠢᠴᠠ᠎ᠶᠢᠨ ᠬᠠᠭᠤᠳᠠᠰᠤ 》 ᠶ᠋ᠢ ᠰᠢᠨᠡᠳᠬᠡᠵᠦ᠂ ᠠᠵᠤ ᠠᠬᠤᠢ᠎ᠶᠢᠨ ᠴᠢᠨᠠᠷ ᠰᠠᠢᠲᠠᠢ ᠬᠥᠭᠵᠢᠯᠲᠡ᠎ᠶᠢᠨ ᠡᠷᠴᠢᠮᠲᠡᠢ ᠪᠦᠷᠢᠶ᠎ᠡ᠎ᠶᠢ ᠬᠠᠩᠭᠢᠨᠠᠭᠤᠯᠪᠠ᠃
ᠴᠢᠬᠤᠯᠠ ᠶᠡᠬᠡ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ ᠪᠣᠯ ᠠᠵᠤ ᠠᠬᠤᠢ᠎ᠶᠢᠨ ᠨᠡᠮᠡᠭᠳᠡᠯ᠎ᠢ ᠳᠠᠢᠴᠢᠯᠠᠬᠤ ᠬᠦᠴᠦᠲᠦ ᠬᠥᠳᠡᠯᠭᠡᠭᠦᠷ ᠮᠥᠨ᠃ ᠡᠨᠡ ᠵᠢᠯ᠎ᠡᠴᠡ ᠨᠠᠭᠠᠰᠢ ᠂ ᠥᠪᠥᠷ ᠮᠣᠩᠭᠣᠯ ᠴᠢᠬᠤᠯᠠ ᠶᠡᠬᠡ ᠲᠥᠷᠥᠯ ᠵᠦᠢᠯ᠎ᠢ ᠲᠥᠯᠥᠪᠵᠢᠭᠦᠯᠬᠦ ᠠᠵᠢᠯᠯᠠᠭ᠎ᠠ᠎ᠪᠠᠷ ᠵᠢᠯᠣᠭᠣᠳᠤᠮᠵᠢ ᠪᠣᠯᠭᠠᠵᠤ ᠂ ᠪᠡᠯᠡ ᠣᠷᠣᠭᠤᠯᠤᠯᠲᠠ᠎ᠶᠢᠨ ᠪᠦᠲᠦᠴᠡ᠎ᠶᠢ ᠦᠷᠭᠦᠯᠵᠢᠯᠡᠨ ᠰᠢᠯᠢᠳᠡᠭᠵᠢᠭᠦᠯᠵᠦ ᠂ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠨᠡᠮᠡᠭᠳᠡᠯ᠎ᠢ ᠲᠣᠭᠲᠠᠪᠤᠷᠢᠵᠢᠭᠤᠯᠬᠤ᠂ ᠪᠡᠯᠡ ᠣᠷᠣᠭᠤᠯᠤᠯᠲᠠ᠎ᠶᠢ ᠥᠷᠭᠡᠳᠬᠡᠬᠦ᠂ ᠬᠥᠳᠡᠯᠭᠡᠬᠦ ᠬᠦᠴᠦᠨ᠎ᠢ ᠨᠡᠮᠡᠭᠳᠡᠭᠦᠯᠬᠦ ᠳᠤᠮᠳᠠᠬᠢ ᠲᠤᠯᠭᠠᠭᠤᠷᠢᠯᠠᠬᠤ ᠦᠢᠯᠡᠳᠦᠯ᠎ᠢ ᠪᠠᠳᠠᠷᠠᠭᠤᠯᠵᠤ᠂ ᠭᠠᠵᠠᠷ ᠣᠷᠣᠨ᠎ᠤ ᠪᠠᠢᠳᠠᠯ᠎ᠳᠠᠭᠠᠨ ᠲᠣᠬᠢᠷᠠᠭᠤᠯᠤᠨ ᠰᠢᠨ᠎ᠡ ᠴᠢᠨᠠᠷ᠎ᠤᠨ ᠦᠢᠯᠡᠳᠪᠦᠷᠢᠯᠡᠯ᠎ᠦᠨ ᠬᠦᠴᠦᠨ᠎ᠢ ᠲᠦᠷᠭᠡᠨ ᠪᠣᠢᠵᠢᠭᠤᠯᠤᠨ ᠬᠥᠭᠵᠢᠭᠦᠯᠵᠦ᠂ ᠢᠷᠡᠭᠡᠳᠦᠢ᠎ᠶᠢᠨ ᠬᠥᠭᠵᠢᠯᠲᠡ᠎ᠳᠦ ᠬᠣᠯᠪᠣᠭᠳᠠᠬᠤ ᠰᠢᠯᠢᠳᠡᠭ ᠲᠦᠷᠦᠯ ᠵᠦᠢᠯ᠂ ᠢᠯᠡ ᠲᠣᠳᠣ᠌ ᠣᠨᠴᠠᠯᠢᠭ᠋᠎ᠲᠠᠢ ᠠᠵᠤ ᠦᠢᠯᠡᠰ᠎ᠦᠨ ᠪᠦᠯᠦᠭᠵᠢᠯ᠂ ᠬᠦᠷ ᠬᠥᠭᠵᠢᠶᠡᠨ᠎ᠲᠠᠢ ᠪᠠᠷᠢᠯᠭ᠎ᠠ᠎ᠶᠢᠨ ᠲᠤᠬᠠᠢ᠎ᠶᠢᠨ ᠲᠠᠯᠠᠪᠠᠢᠨᠤᠭᠤᠳᠲᠤ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢᠨ ᠰᠦᠷ ᠳᠠᠯᠠᠢᠴᠠᠲᠠᠢ ᠬᠥᠳᠡᠯᠭᠡᠬᠦ ᠬᠦᠴᠦᠨ᠎ᠢ ᠬᠤᠷᠠᠮᠳᠤᠭᠤᠯᠵᠤ ᠪᠤᠢ᠃
ᠪᠠᠶᠠᠨᠨᠠᠭᠤᠷ᠎ᠤᠨ ᠠᠵᠤ ᠠᠬᠤᠢ ᠮᠡᠷᠭᠡᠵᠢᠯ᠎ᠦᠨ ᠨᠡᠭᠡᠭᠡᠯᠲᠡ᠎ᠶᠢᠨ ᠲᠣᠭᠣᠷᠢᠭ᠋᠎ᠲᠤ ᠂ ᠶᠡᠷᠦᠩᠬᠡᠢ ᠪᠡᠯᠡ ᠣᠷᠣᠭᠤᠯᠤᠯᠲᠠ ᠨᠢ 3.2 ᠳ᠋ᠦᠩᠰᠢᠭᠤᠷ ᠲᠥᠭᠥᠷᠢᠭ᠎ᠲᠦ ᠬᠦᠷᠦᠭᠰᠡᠨ ᠥᠪᠥᠷ ᠮᠣᠩᠭᠣᠯ᠎ᠤᠨ ᠴᠠᠩ ᠴᠧᠩ ᠺᠣᠮᠫᠢᠦ᠋ᠲᠧᠷ᠎ᠦᠨ ᠣᠶᠤᠨᠴᠢ ᠦᠢᠯᠡᠳᠬᠦ ᠰᠠᠭᠤᠷᠢᠨ ᠭᠠᠵᠠᠷ᠎ᠤᠨ ᠨᠢᠭᠡᠳᠦᠭᠡᠷ ᠬᠤᠭᠤᠴᠠᠭᠠᠨ᠎ᠤ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠳᠤ ᠬᠠᠯᠠᠭᠤᠨ ᠥᠷᠨᠢᠯᠲᠡ ᠭᠠᠷᠪᠠ ᠃ ᠲᠣᠰ ᠲᠥᠷᠥᠯ ᠵᠦᠢᠯ ᠨᠢ ᠳᠤᠮᠳᠠᠳᠤ ᠤᠯᠤᠰ᠎ᠤᠨ ᠴᠠᠩ ᠴᠧᠩᠳᠦ ᠲᠦᠰᠢᠭᠯᠡᠨ ᠪᠡᠶ᠎ᠡ᠎ᠪᠡᠨ ᠳᠠᠭᠠᠭᠠᠵᠤ ᠰᠤᠳᠤᠯᠤᠨ ᠨᠡᠭᠡᠭᠡᠭᠰᠡᠨ ᠭᠣᠣᠯᠯᠠᠬᠤ ᠮᠡᠷᠭᠡᠵᠢᠯ ᠨᠢ ᠴᠠᠬᠢᠮ ᠂ ᠭᠣᠣᠯ ᠬᠠᠪᠲᠠᠰᠤ᠎ᠠᠴᠠ ᠪᠦᠬᠦᠯᠢ ᠮᠠᠰᠢᠨ᠎ᠤ ᠵᠠᠩᠭᠢᠯᠠᠭ᠎ᠠ᠎ᠶᠢᠨ ᠲᠣᠨᠣᠭᠯᠠᠯ᠎ᠤᠨ ᠪᠥᠬᠥ ᠬᠡᠯᠬᠢᠶ᠎ᠡ᠎ᠶᠢ ᠤᠯᠤᠰ᠎ᠲᠠᠭᠠᠨ ᠦᠢᠯᠡᠳᠪᠦᠷᠢᠯᠡᠬᠦ᠎ᠶᠢ ᠪᠡᠶᠡᠯᠡᠭᠦᠯᠵᠦ ᠂ ᠭᠣᠣᠯᠯᠠᠬᠤ ᠮᠡᠷᠭᠡᠵᠢᠯ᠎ᠢ ᠪᠡᠶ᠎ᠡ᠎ᠪᠡᠨ ᠳᠠᠭᠠᠭᠠᠵᠤ ᠡᠵᠡᠮᠳᠡᠬᠦ᠎ᠶᠢ ᠦᠨᠡᠨ ᠬᠦ᠌ ᠪᠡᠶᠡᠯᠡᠭᠦᠯᠵᠡᠢ ᠃ ᠲᠥᠷᠥᠯ ᠵᠦᠢᠯ᠎ᠢ ᠪᠥᠬᠥ ᠲᠠᠯ᠎ᠠ᠎ᠪᠠᠷ ᠠᠰᠢᠭ᠍ᠯᠠᠯᠲᠠ᠎ᠳᠤ ᠣᠷᠣᠭᠤᠯᠤᠭᠰᠠᠨ᠎ᠤ ᠳᠠᠷᠠᠭ᠎ᠠ ᠂ ᠵᠢᠱ᠌ᠢᠯᠲᠡ᠎ᠪᠡᠷ ᠵᠢᠯ᠎ᠳᠦ ᠪᠦᠬᠦᠯᠢ ᠮᠠᠰᠢᠨ᠎ᠢ 20 ᠲᠦᠮᠡᠨ ᠢᠵᠢ ᠂ ᠦᠢᠯᠡᠴᠢᠯᠡᠭᠡᠨ᠎ᠦ ᠮᠠᠰᠢᠨ᠎ᠢ 5 ᠲᠦᠮᠡᠨ ᠢᠵᠢ ᠦᠢᠯᠡᠳᠪᠦᠷᠢᠯᠡᠵᠦ ᠂ ᠵᠢᠯ᠎ᠦᠨ ᠦᠢᠯᠡᠳᠬᠦᠨ᠎ᠦ ᠥᠷᠲᠡᠭ ᠨᠢ 5 ᠳ᠋ᠦᠩᠰᠢᠭᠤᠷ ᠲᠥᠭᠥᠷᠢᠭ᠎ᠲᠦ ᠬᠦᠷᠴᠦ ᠂ ᠪᠠᠶᠠᠨᠨᠠᠭᠤᠷ ᠬᠣᠲᠠ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠦᠨ ᠬᠡᠷᠡᠭᠯᠡᠭᠡᠨ᠎ᠦ ᠰᠢᠨ᠎ᠡ᠎ᠶᠢ ᠡᠭᠦᠳᠬᠦ ᠠᠵᠤ ᠦᠢᠯᠡᠰ᠎ᠦᠨ ᠬᠦᠷᠢᠶᠡᠨ᠎ᠳᠡᠬᠢ ᠬᠣᠭᠣᠰᠤᠨ᠎ᠢ ᠨᠥᠬᠥᠪᠦᠷᠢᠯᠡᠬᠦ᠎ᠪᠡᠷ ᠪᠠᠷᠠᠬᠤ ᠦᠭᠡᠢ ᠂ ᠨᠠᠩ ᠴᠤ᠌ ᠥᠪᠥᠷ ᠮᠣᠩᠭᠣᠯ᠎ᠤᠨ ᠪᠠᠷᠠᠭᠤᠨ ᠬᠡᠰᠡᠭ᠎ᠦᠨ ᠭᠠᠵᠠᠷ ᠣᠷᠣᠨ᠎ᠤ ᠴᠢᠬᠤᠯᠠ ᠲᠣᠭᠠᠴᠠᠭ᠎ᠠ ᠲᠥᠬᠦᠭᠡᠷᠦᠮᠵᠢ᠎ᠶᠢᠨ ᠦᠢᠯᠡᠳᠪᠦᠷᠢᠯᠡᠯ᠎ᠦᠨ ᠰᠠᠭᠤᠷᠢᠨ ᠭᠠᠵᠠᠷ ᠪᠠᠶ᠋ᠢᠭᠤᠯᠬᠤ᠎ᠶᠢ ᠲᠦᠯᠬᠢᠨ ᠠᠬᠢᠭᠤᠯᠬᠤ ᠪᠣᠯᠣᠨ᠎ᠠ᠃
ᠤᠯᠠᠭᠠᠨᠬᠠᠳᠠ ᠬᠣᠲᠠ᠎ᠶᠢᠨ ᠠᠷᠤ ᠬᠣᠷᠴᠢᠨ ᠬᠣᠰᠢᠭᠤᠨ᠎ᠳᠤ ᠂ ᠹᠧᠢ ᠾᠧ ( ᠠᠷᠤ ᠬᠣᠷᠴᠢᠨ ᠬᠣᠰᠢᠭᠤ )᠎ᠶᠢᠨ ᠬᠣᠶᠠᠳᠤᠭᠠᠷ ᠬᠤᠭᠤᠴᠠᠭᠠᠨ᠎ᠤ ᠴᠠᠭᠠᠨ ᠢᠳᠡᠭᠡᠨ᠎ᠢ ᠨᠠᠷᠢᠯᠢᠭ᠋ ᠡᠳ᠋ᠰᠢᠭᠦᠯᠬᠦ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ ᠶᠠᠭ ᠰᠠᠢᠬᠠᠨ ᠶᠠᠪᠤᠭᠳᠠᠵᠤ ᠪᠠᠢᠨ᠎ᠠ ᠃ ᠣᠳᠣᠬᠠᠨ᠎ᠳᠤ᠂ ᠲᠦᠷᠦᠯ ᠵᠦᠢᠯ᠎ᠦᠨ ᠰᠤᠪᠤᠷᠭᠠᠨ ᠠᠰᠠᠷ᠎ᠢ ᠨᠢᠭᠡᠨᠲᠡ ᠪᠢᠲᠡᠭᠦᠮᠵᠢᠯᠡᠵᠦ᠂ ᠪᠣᠰᠣᠭ᠎ᠠ ᠴᠣᠭᠴᠠᠲᠤ ᠬᠥᠮᠥᠷᠭᠡ᠎ᠶᠢᠨ ᠰᠠᠭᠤᠷᠢ ᠪᠠᠷᠢᠯᠭ᠎ᠠ᠎ᠶᠢᠨ ᠠᠵᠢᠯ ᠰᠡᠭᠦᠯ ᠬᠤᠷᠢᠶᠠᠬᠤ ᠱᠠᠲᠤᠨ᠎ᠳᠤ ᠣᠷᠣᠵᠤ᠂ ᠪᠦᠬᠦᠶ᠋ᠢᠯᠡ ᠴᠣᠭᠴᠠ᠎ᠶᠢᠨ ᠪᠦᠲᠦᠭᠡᠨ ᠪᠠᠢᠭᠤᠯᠤᠯᠲᠠ᠎ᠶᠢ ᠲᠥᠯᠥᠪᠯᠡᠭᠡ ᠶᠣᠰᠣᠭᠠᠷ ᠲᠣᠭᠲᠠᠭᠤᠨ᠎ᠢᠶᠠᠷ ᠠᠬᠢᠭᠤᠯᠵᠤ᠂ ᠵᠢᠱ᠌ᠢᠯᠲᠡ᠎ᠪᠡᠷ 2026 ᠣᠨ᠎ᠤ 12 ᠰᠠᠷ᠎ᠠ᠎ᠳᠤ ᠪᠠᠢᠭᠤᠯᠵᠤ ᠳᠠᠭᠤᠰᠬᠠᠭᠠᠳ ᠠᠰᠢᠭ᠍ᠯᠠᠯᠲᠠ᠎ᠳᠤ ᠣᠷᠣᠭᠤᠯᠬᠤ ᠪᠣᠯᠣᠨ᠎ᠠ᠃ ᠲᠣᠰ ᠲᠥᠷᠥᠯ ᠵᠦᠢᠯ ᠪᠣᠯ ᠳᠤᠮᠳᠠᠳᠤ ᠤᠯᠤᠰ᠎ᠤᠨ ᠹᠧᠢ ᠾᠧ ᠤᠯᠤᠰ᠎ᠤᠨ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠶᠠᠮᠤᠨ᠎ᠤ ᠳᠠᠪᠤᠰᠤ ᠦᠭᠡᠢᠳᠡᠭᠦᠯᠦᠭᠰᠡᠨ ᠰᠢᠷᠠᠰᠤ᠎ᠶᠢᠨ ᠦᠢᠯᠡᠳᠬᠦᠨ᠎ᠦ ᠬᠠᠩᠭᠠᠯᠭ᠎ᠠ᠎ᠶᠢᠨ ᠴᠢᠳᠠᠪᠤᠷᠢ᠎ᠶᠢᠨ ᠳᠡᠭᠡᠭᠰᠢᠯᠡᠯᠲᠡ᠎ᠶᠢᠨ 《 ᠵᠠᠷᠯᠠᠯ ᠰᠡᠬᠦᠵᠦ ᠮᠠᠩᠯᠠᠢᠯᠠᠭᠤᠯᠬᠤ 》 ᠡᠭᠦᠷᠭᠡ᠎ᠶᠢ ᠭᠥᠯᠢᠶᠡᠨ ᠠᠪᠤᠭᠰᠠᠨ ᠠᠩᠬᠠᠳᠠᠭ᠍ᠴᠢ ᠬᠡᠪᠴᠢᠶᠡᠵᠢᠭᠦᠯᠦᠭᠰᠡᠨ ᠦᠢᠯᠡᠳᠦᠯᠭᠡ ᠮᠥᠨ ᠂ ᠢᠷᠡᠭᠡᠳᠦᠢ᠎ᠳᠦ ᠤᠯᠤᠰ᠎ᠤᠨ ᠳᠣᠲᠣᠭᠠᠳᠤ᠎ᠶᠢᠨ ᠰᠢᠷᠠᠰᠤ᠎ᠶᠢᠨ ᠨᠤᠨᠳᠠᠭ ᠂ ᠰᠢᠷ᠎ᠠ ᠲᠡᠮᠦᠷ᠎ᠦᠨ ᠤᠭᠤᠷᠠᠭ ᠵᠡᠷᠭᠡ ᠭᠣᠣᠯ ᠨᠠᠢᠷᠠᠭᠤᠯᠭ᠎ᠠ᠎ᠶᠢᠨ ᠮᠠᠲᠧᠷᠢᠶᠠᠯ᠎ᠤᠨ 《 ᠪᠣᠭᠣᠮᠢ 》᠎ᠶᠢᠨ ᠬᠦᠴᠢᠷ ᠠᠰᠠᠭᠤᠳᠠᠯ᠎ᠢ ᠪᠦᠲᠦᠮᠵᠢᠲᠡᠶ ᠰᠢᠢᠳᠪᠦᠷᠢᠯᠡᠵᠦ ᠂ ᠰᠦ᠎ᠶᠢᠨ ᠦᠢᠯᠡᠰ᠎ᠦᠨ ᠵᠠᠩᠭᠢᠯᠠᠭ᠎ᠠ᠎ᠶᠢᠨ ᠮᠡᠷᠭᠡᠵᠢᠯ᠎ᠦᠨ ᠪᠡᠶ᠎ᠡ᠎ᠪᠡᠨ ᠳᠠᠭᠠᠭᠠᠵᠤ ᠡᠵᠡᠮᠳᠡᠬᠦ᠎ᠶᠢ ᠲᠦᠯᠬᠢᠨ ᠠᠬᠢᠭᠤᠯᠵᠤ ᠂ ᠳᠤᠮᠳᠠᠳᠤ ᠤᠯᠤᠰ᠎ᠤᠨ ᠰᠦ᠎ᠶᠢᠨ ᠦᠢᠯᠡᠰ᠎ᠦᠨ ᠦᠷᠭᠦᠯᠵᠢᠯᠡᠬᠦ ᠬᠥᠭᠵᠢᠯᠲᠡ᠎ᠳᠦ ᠭᠣᠣᠯᠯᠠᠬᠤ ᠬᠥᠳᠡᠯᠭᠡᠭᠴᠢ ᠡᠨᠧᠷᠭᠢ ᠨᠡᠮᠡᠷᠢᠯᠡᠬᠦ ᠪᠣᠯᠣᠨ᠎ᠠ ᠃ ᠲᠥᠷᠥᠯ ᠵᠦᠢᠯ᠎ᠦᠨ ᠶᠡᠷᠦᠩᠬᠡᠢ ᠪᠡᠯᠡ ᠣᠷᠣᠭᠤᠯᠤᠯᠲᠠ ᠨᠢ 2.2 ᠳ᠋ᠦᠩᠰᠢᠭᠤᠷ ᠲᠥᠭᠥᠷᠢᠭ᠎ᠲᠦ ᠬᠦᠷᠴᠡᠢ ᠂ ᠡᠭᠦᠨ᠎ᠦ ᠭᠣᠣᠯᠳᠠᠯᠭ᠎ᠠ ᠨᠢ ᠥᠪᠡᠷᠲᠡᠭᠡᠨ ᠡᠵᠡᠮᠳᠡᠬᠦ ᠦᠷᠭᠦᠯᠵᠢᠯᠡᠭᠰᠡᠨ ᠮᠠᠶᠢᠭ᠋᠎ᠤᠨ ᠰᠢᠰᠲᠧᠮ᠎ᠦᠨ ᠲᠡᠷᠢᠭᠦᠨ᠎ᠦ ᠰᠦᠯᠢᠶᠥᠦ ᠪᠦᠷᠬᠦᠪᠴᠢ᠎ᠶᠢᠨ ᠮᠡᠷᠭᠡᠵᠢᠯ᠎ᠦᠨ ᠰᠦᠨ ᠪᠦᠲᠦᠭᠡᠭᠳᠡᠬᠦᠨ᠎ᠢ ᠨᠠᠷᠢᠯᠢᠭ᠋ ᠡᠳ᠋ᠰᠢᠭᠦᠯᠬᠦ ᠦᠢᠯᠡᠳᠪᠦᠷᠢᠯᠡᠯ᠎ᠦᠨ ᠱᠤᠭᠤᠮ᠎ᠢ ᠪᠣᠶ ᠪᠣᠯᠭᠠᠬᠤ᠎ᠳᠤ ᠪᠣᠶ ᠂ ᠠᠰᠢᠭ᠍ᠯᠠᠯᠲᠠ᠎ᠳᠤ ᠣᠷᠣᠭᠰᠠᠨ᠎ᠤ ᠳᠠᠷᠠᠭ᠎ᠠ ᠵᠢᠯ᠎ᠳᠦ ᠨᠢ 9000 ᠲᠣᠨ ᠳᠠᠪᠤᠰᠤ ᠦᠭᠡᠢᠳᠡᠭᠦᠯᠦᠭᠰᠡᠨ ᠰᠢᠷᠠᠰᠤ ᠂ 5600 ᠲᠣᠨ ᠲᠠᠷᠠᠭ᠎ᠤᠨ ᠤᠭᠤᠷᠠᠭ ᠦᠢᠯᠡᠳᠪᠦᠷᠢᠯᠡᠵᠦ ᠂ ᠵᠢᠯ᠎ᠦᠨ ᠦᠢᠯᠡᠳᠬᠦᠨ᠎ᠦ ᠥᠷᠲᠡᠭ ᠨᠢ 8.8 ᠳ᠋ᠦᠩᠰᠢᠭᠤᠷ ᠲᠥᠭᠥᠷᠢᠭ᠎ᠢ ᠳᠠᠪᠠᠬᠤ ᠪᠣᠯᠣᠨ᠎ᠠ᠃
ᠣᠢᠷ᠎ᠠ᠎ᠳᠤ ᠂ ᠨᠠᠨ ᠳᠠ ᠬᠡᠷᠡᠯ ᠴᠠᠬᠢᠯᠭᠠᠨ᠎ᠤ ( ᠤᠯᠠᠭᠠᠨᠴᠠᠪ ) ᠬᠢᠵᠠᠭᠠᠷᠲᠤ ᠺᠣᠮᠫᠠᠨᠢ᠎ᠶᠢᠨ ᠵᠢᠯ᠎ᠳᠦ 1 ᠲᠦᠮᠡᠨ ᠲᠣᠨ ᠴᠡᠪᠡᠷ ᠡᠯᠧᠺᠲᠷᠣᠨ ᠲᠠᠰ᠎ᠤᠨ ᠭᠤᠷᠪᠠᠨ ᠹᠯᠣᠷᠲᠤ ᠠᠽᠣᠲ ᠦᠢᠯᠡᠳᠪᠦᠷᠢᠯᠡᠬᠦ ᠵᠥᠪᠰᠢᠶᠡᠷᠡᠯ᠎ᠢ ᠣᠯᠣᠭᠰᠠᠨ ᠨᠢ ᠤᠯᠠᠭᠠᠨᠴᠠᠪ ᠬᠣᠲᠠ᠎ᠶᠢᠨ ᠰᠢᠨ᠎ᠡ ᠮᠠᠲᠧᠷᠢᠶᠠᠯ᠎ᠤᠨ ᠠᠵᠤ ᠦᠢᠯᠡᠰ᠎ᠦᠨ ᠬᠡᠪᠴᠢᠶᠡᠵᠢᠭᠰᠡᠨ ᠂ ᠳᠡᠭᠡᠳᠦ ᠮᠡᠷᠭᠡᠵᠢᠯᠵᠢᠭᠰᠡᠨ ᠬᠥᠭᠵᠢᠯᠲᠡ᠎ᠶᠢᠨ ᠰᠢᠨ᠎ᠡ ᠱᠠᠲᠤᠨ᠎ᠳᠤ ᠣᠷᠣᠭᠰᠠᠨ᠎ᠢ ᠬᠠᠷᠠᠭᠤᠯᠵᠤ ᠪᠠᠢᠨ᠎ᠠ ᠃ ᠲᠦᠷᠦᠯ ᠵᠦᠢᠯ ᠨᠢ ᠤᠯᠠᠭᠠᠨᠴᠠᠪ ᠬᠤᠳᠠ᠎ᠶᠢᠨ ᠵᠢᠨᠢᠩ ᠲᠣᠭᠣᠷᠢᠭ᠋᠎ᠲᠤ ᠪᠠᠢᠷᠢᠯᠠᠵᠤ᠂ 8 ᠳ᠋ᠦᠩᠰᠢᠭᠤᠷ ᠲᠥᠭᠥᠷᠢᠭ᠎ᠦᠨ ᠶᠡᠷᠦᠩᠬᠡᠢ ᠪᠡᠯᠡ ᠣᠷᠣᠭᠤᠯᠬᠤ᠎ᠪᠠᠷ ᠲᠥᠯᠥᠪᠯᠡᠵᠦ᠂ ᠲᠦᠷᠦᠯ ᠵᠦᠢᠯ ᠨᠢ 《 ᠮᠡᠷᠭᠡᠵᠢᠯ + ᠡᠬᠢ ᠪᠠᠶᠠᠯᠢᠭ᠋ 》᠎ᠤᠨ ᠳᠠᠪᠬᠤᠷ ᠳᠠᠪᠠᠭᠤᠯᠢᠭ᠋᠎ᠢ ᠭᠦᠢᠴᠡᠳ ᠪᠠᠳᠠᠷᠠᠭᠤᠯᠤᠨ᠎ᠠ᠄ ᠡᠮᠦᠨᠡᠲᠦ᠎ᠶᠢᠨ ᠶᠡᠬᠡ ᠭᠡᠷᠡᠯ ᠴᠠᠬᠢᠯᠭᠠᠨ᠎ᠤ ᠮᠡᠷᠭᠡᠵᠢᠯ᠎ᠢ ᠰᠤᠳᠤᠯᠤᠨ ᠨᠡᠭᠡᠭᠡᠬᠦ ᠪᠠ ᠴᠢᠳᠠᠪᠤᠷᠢᠲᠠᠨ᠎ᠢ ᠴᠤᠭᠯᠠᠷᠠᠭᠤᠯᠬᠤ ᠲᠠᠯ᠎ᠠ᠎ᠶᠢᠨ ᠳᠠᠪᠠᠭᠤᠯᠢᠭ᠋᠎ᠲᠤ ᠲᠦᠰᠢᠭᠯᠡᠬᠦ᠎ᠪᠡᠷ ᠪᠠᠷᠠᠬᠤ ᠦᠭᠡᠢ ᠪᠠᠰᠠ ᠤᠯᠠᠭᠠᠨᠴᠠᠪ ᠬᠤᠳᠠ᠎ᠶᠢᠨ ᠹᠯᠣᠷ ᠴᠠᠬᠢᠭᠤᠷ᠎ᠤᠨ ᠠᠭᠤᠷᠬᠠᠢ᠎ᠶᠢᠨ ᠭᠠᠷᠤᠯᠲᠠ ᠪᠣᠯᠣᠨ ᠴᠡᠪᠡᠷ ᠡᠨᠧᠷᠭᠢ᠎ᠶᠢᠨ ᠡᠬᠢ ᠪᠠᠶᠠᠯᠢᠭ᠋᠎ᠢ ᠭᠦᠨᠵᠡᠭᠡᠢ ᠠᠭᠤᠰᠤᠯᠴᠠᠭᠤᠯᠵᠤ᠂ 《 ᠡᠬᠢ ᠪᠠᠶᠠᠯᠢᠭ᠋ + ᠮᠡᠷᠭᠡᠵᠢᠯ + ᠵᠠᠬ᠎ᠠ ᠳᠡᠯᠭᠡᠭᠦᠷ 》᠎ᠤᠨ ᠰᠠᠢᠨ ᠦᠢᠯᠡᠳᠦᠯᠴᠡᠭᠰᠡᠨ ᠠᠵᠤ ᠦᠢᠯᠡᠰ᠎ᠦᠨ ᠠᠮᠢ ᠠᠬᠤᠢ᠎ᠶᠢ ᠪᠦᠷᠢᠯᠳᠦᠭᠦᠯᠬᠦ᠎ᠶᠢ ᠠᠬᠢᠭᠤᠯᠤᠨ᠎ᠠ᠃ ᠲᠦᠷᠦᠯ ᠵᠦᠢᠯ ᠪᠠᠢᠭᠤᠯᠤᠭᠳᠠᠭᠰᠠᠨ᠎ᠤ ᠳᠠᠷᠠᠭ᠎ᠠ᠂ ᠶᠡᠷᠦᠩᠬᠡᠢ ᠦᠢᠯᠡᠳᠪᠦᠷᠢᠯᠡᠯ᠎ᠦᠨ ᠴᠢᠳᠠᠪᠤᠷᠢ ᠵᠢᠱ᠌ᠢᠯᠲᠡ᠎ᠪᠡᠷ 17200 ᠲᠣᠨ᠎ᠳᠤ ᠬᠦᠷᠴᠦ᠂ ᠪᠦᠬᠦ ᠳᠡᠯᠡᠬᠡᠢ᠎ᠶᠢᠨ ᠬᠡᠪᠴᠢᠶᠡᠨ᠎ᠳᠦ ᠲᠡᠷᠢᠭᠦᠯᠡᠭᠰᠡᠨ᠂ ᠦᠢᠯᠡᠳᠪᠦᠷᠢᠯᠡᠯ᠎ᠦᠨ ᠴᠢᠳᠠᠪᠤᠷᠢ᠎ᠪᠠᠷ ᠬᠠᠮᠤᠭ᠎ᠤᠨ ᠶᠡᠬᠡ ᠭᠤᠷᠪᠠᠨ ᠹᠯᠣᠷᠲᠤ ᠠᠽᠣᠲ᠎ᠤᠨ ᠦᠢᠯᠡᠳᠪᠦᠷᠢᠯᠡᠯ᠎ᠦᠨ ᠰᠠᠭᠤᠷᠢᠨ ᠪᠣᠯᠬᠤ ᠪᠣᠯᠣᠨ᠎ᠠ᠃ ᠡᠭᠦᠨ᠎ᠦ ᠬᠠᠮᠲᠤ ᠂ ᠲᠥᠷᠥᠯ ᠵᠦᠢᠯ᠎ᠳᠦ ᠵᠢᠯ ᠪᠦᠷᠢ 3000 ᠲᠦᠮᠡᠨ ᠲᠥᠭᠥᠷᠢᠭ᠎ᠦᠨ ᠭᠠᠢᠯᠢ ᠲᠠᠲᠠᠪᠤᠷᠢᠯᠠᠵᠤ ᠂ 200 ᠭᠠᠷᠤᠢ ᠠᠵᠢᠯ᠎ᠤᠨ ᠪᠠᠢᠷᠢ᠎ᠶᠢ ᠡᠭᠦᠳᠴᠦ ᠂ ᠠᠵᠤ ᠠᠬᠤᠢ ᠪᠠ ᠨᠡᠢᠭᠡᠮ᠎ᠦᠨ ᠦᠷ᠎ᠡ ᠠᠰᠢᠭ᠋᠎ᠤᠨ ᠬᠣᠣᠰ ᠳᠡᠭᠡᠭᠰᠢᠯᠡᠯᠲᠡ᠎ᠶᠢ ᠪᠡᠶᠡᠯᠡᠭᠦᠯᠦᠨ᠎ᠡ᠃
ᠡᠨᠡ ᠵᠢᠯ᠎ᠡᠴᠡ ᠨᠠᠭᠠᠰᠢ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠠᠴᠠ ᠭᠣᠣᠯᠳᠠᠯᠭ᠎ᠠ᠎ᠲᠠᠢ ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠠᠬᠢᠭᠤᠯᠬᠤ ᠲᠤᠬᠠᠢ ᠰᠢᠷᠢᠰ ᠪᠠᠢᠷᠢᠯᠠᠭᠤᠯᠤᠯᠲᠠ ᠬᠢᠵᠡᠢ᠃ ᠳᠡᠭᠡᠳᠦ ᠳᠠᠪᠬᠤᠷᠭ᠎ᠠ᠎ᠶᠢᠨ ᠵᠢᠷᠤᠭ ᠲᠥᠯᠥᠪᠯᠡᠭᠡ ᠳᠣᠣᠷ᠎ᠠ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠡᠴᠡ ᠡᠯ᠎ᠡ ᠠᠵᠢᠯ ᠲᠦᠷᠦᠯ᠎ᠦᠨ ᠭᠣᠣᠯᠯᠠᠨ ᠬᠠᠮᠢᠶᠠᠷᠬᠤ ᠰᠠᠯᠠᠭ᠎ᠠ ᠮᠥᠴᠢᠷ᠂ ᠬᠢᠨᠠᠨ ᠵᠥᠪᠰᠢᠶᠡᠷᠡᠬᠦ ᠰᠠᠯᠠᠭ᠎ᠠ ᠮᠥᠴᠢᠷ᠂ ᠴᠢᠬᠤᠯᠠ ᠡᠯᠧᠮᠧᠨ᠋ᠲ᠎ᠦᠨ ᠪᠠᠲᠤᠯᠠᠭ᠎ᠠ᠎ᠶᠢᠨ ᠰᠠᠯᠠᠭ᠎ᠠ ᠮᠥᠴᠢᠷ᠎ᠲᠠᠢ ᠬᠠᠮᠲᠤᠷᠠᠨ 《 ᠬᠥᠨᠳᠡᠯᠡᠨ᠎ᠢᠶᠠᠷ ᠬᠢᠵᠠᠭᠠᠷ ᠬᠦᠷᠲᠡᠯ᠎ᠡ᠂ ᠭᠤᠯᠳᠤ᠎ᠪᠠᠷ ᠡᠴᠦᠰ ᠲᠦ᠍ᠨᠢ ᠲᠤᠯᠲᠠᠯ᠎ᠠ ᠶᠠᠪᠤᠭᠳᠠᠭᠤᠯᠬᠤ 》 ᠭᠤᠷᠪᠠᠨ ᠱᠠᠲᠤᠨ᠎ᠤ ᠬᠣᠯᠪᠤᠭᠠᠯᠠᠨ ᠬᠥᠳᠡᠯᠦᠯᠴᠡᠬᠦ ᠴᠢᠬᠤᠯᠠ ᠶᠡᠬᠡ ᠲᠦᠷᠦᠯ ᠵᠦᠢᠯ᠎ᠦᠨ ᠲᠥᠯᠦᠪᠵᠢᠭᠦᠯᠭᠡ᠎ᠶᠢᠨ ᠰᠢᠰᠲᠧᠮ᠎ᠢ ᠲᠡᠭᠦᠯᠳᠡᠷᠵᠢᠭᠦᠯᠦᠨ ᠪᠦᠷᠢᠨᠰᠢᠭᠦᠯᠵᠡᠢ᠃ ᠡᠨᠡ ᠵᠢᠯ᠎ᠦᠨ 2 ᠳ᠋ᠤᠭᠠᠷ ᠰᠠᠷ᠎ᠠ᠎ᠳᠤ ᠂ 《 ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠲᠥᠷᠥᠯ ᠵᠦᠢᠯ᠎ᠢ ᠲᠥᠯᠥᠪᠵᠢᠭᠦᠯᠬᠦ ᠠᠵᠢᠯᠯᠠᠭ᠎ᠠ᠎ᠶᠢᠨ ᠬᠡᠷᠡᠭᠵᠢᠭᠦᠯᠬᠦ ᠲᠥᠰᠥᠯ 》 ( ᠳᠣᠷᠣᠭ᠍ᠰᠢ 《 ᠬᠡᠷᠡᠭᠵᠢᠭᠦᠯᠬᠦ ᠲᠥᠰᠥᠯ 》 ᠭᠡᠵᠦ ᠲᠣᠪᠴᠢᠯᠠᠨ᠎ᠠ )᠎ᠢ ᠳᠠᠷᠤᠮᠠᠯᠯᠠᠨ ᠲᠠᠷᠬᠠᠭᠠᠪᠠ ᠃ ᠥᠪᠥᠷ ᠮᠣᠩᠭᠣᠯ᠎ᠤᠨ 22 ᠰᠠᠯᠠᠭ᠎ᠠ ᠮᠥᠴᠢᠷ ᠂ 12 ᠠᠢᠮᠠᠭ ᠬᠣᠲᠠ 《 ᠬᠡᠷᠡᠭᠵᠢᠭᠦᠯᠬᠦ ᠲᠥᠰᠥᠯ 》᠎ᠢ ᠦᠨᠳᠦᠰᠦᠯᠡᠨ ᠲᠣᠰ ᠲᠣᠰ᠎ᠤᠨ ᠠᠵᠢᠯ᠎ᠤᠨ ᠲᠥᠰᠥᠯ᠎ᠢᠶᠡᠨ ᠳᠠᠷᠤᠮᠠᠯᠯᠠᠨ ᠲᠠᠷᠬᠠᠭᠠᠵᠤ ᠂ ᠠᠵᠢᠯ᠎ᠤᠨ ᠡᠭᠦᠷᠭᠡ᠎ᠪᠡᠨ ᠨᠠᠷᠢᠯᠢᠭ᠍ᠵᠢᠭᠤᠯᠤᠨ ᠂ ᠠᠵᠢᠯ᠎ᠤᠨ ᠬᠠᠷᠠᠯᠲᠠ᠎ᠪᠠᠨ ᠬᠡᠮᠵᠢᠶᠡᠯᠡᠵᠦ ᠂ ᠠᠵᠢᠯ᠎ᠤᠨ ᠬᠠᠷᠢᠭᠤᠴᠠᠯᠭ᠎ᠠ᠎ᠪᠠᠨ ᠪᠣᠳᠠᠲᠠᠢᠵᠢᠭᠤᠯᠵᠤ ᠂ 《 1 ᠬᠡᠷᠡᠭᠵᠢᠭᠦᠯᠬᠦ ᠲᠥᠰᠥᠯ + N ᠠᠵᠢᠯ᠎ᠤᠨ ᠲᠥᠰᠥᠯ 》᠎ᠢ ᠪᠣᠶ ᠪᠣᠯᠭᠠᠪᠠ᠃
ᠥᠪᠥᠷ ᠮᠣᠩᠭᠣᠯ᠎ᠤᠨ ᠡᠯ᠎ᠡ ᠱᠠᠲᠤ ᠡᠯ᠎ᠡ ᠰᠠᠯᠠᠭ᠎ᠠ ᠮᠥᠴᠢᠷ᠎ᠦᠨ ᠬᠢᠨ ᠤᠯᠤᠰ᠎ᠤᠨ ᠴᠢᠬᠤᠯᠠ ᠶᠡᠬᠡ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠬᠥᠮᠥᠷᠭᠡ᠎ᠳᠦ ᠲᠦᠰᠢᠭᠯᠡᠨ ᠂ ᠪᠣᠶ ᠪᠦᠬᠦᠢ ᠲᠥᠷᠥᠯ ᠵᠦᠢᠯ᠎ᠢ ᠬᠥᠮᠥᠷᠭᠡ᠎ᠳᠡᠬᠢ ᠬᠥᠳᠡᠯᠦᠩᠭᠦᠢ ᠬᠠᠮᠢᠶᠠᠷᠤᠯᠲᠠ᠎ᠳᠤ ᠣᠷᠣᠭᠤᠯᠵᠤ ᠂ ᠲᠤᠰᠬᠠᠢ ᠬᠥᠮᠥᠨ᠎ᠢᠶᠡᠷ ᠬᠠᠷᠢᠭᠤᠴᠠᠭᠤᠯᠤᠨ᠂ ᠨᠠᠷᠢᠯᠢᠭ᠋ ᠣᠨᠣᠴᠠᠲᠠᠢ᠎ᠪᠠᠷ ᠲᠣᠬᠢᠷᠠᠭᠤᠯᠵᠤ ᠂ ᠵᠣᠬᠢᠴᠠᠭᠤᠯᠤᠨ ᠬᠣᠯᠪᠤᠭᠠᠯᠠᠨ ᠬᠥᠳᠡᠯᠦᠯᠴᠡᠬᠦ᠂ ᠮᠡᠳᠡᠭᠡ ᠵᠠᠩᠭᠢ᠎ᠶᠢ ᠬᠠᠮᠲᠤ᠎ᠪᠠᠷ ᠡᠳ᠋ᠯᠡᠬᠦ᠎ᠶᠢ ᠪᠥᠬᠥ ᠲᠠᠯ᠎ᠠ᠎ᠪᠠᠷ ᠴᠢᠩᠭᠠᠳᠬᠠᠨ ᠂ ᠲᠥᠷᠥᠯ ᠵᠦᠢᠯ᠎ᠢ ᠲᠥᠯᠥᠪᠵᠢᠭᠦᠯᠬᠦ ᠂ ᠵᠠᠳᠠᠯᠬᠤ᠎ᠶᠢᠨ ᠰᠢᠰᠲᠧᠮᠲᠦ ᠴᠢᠨᠠᠷ ᠂ ᠬᠠᠨᠳᠤᠯᠭᠠᠲᠤ ᠴᠢᠨᠠᠷ᠂ ᠦᠷ᠎ᠡ ᠪᠦᠲᠦᠮᠵᠢᠲᠦ ᠴᠢᠨᠠᠷ᠎ᠢ ᠳᠡᠭᠡᠭᠰᠢᠯᠡᠭᠦᠯᠵᠦ ᠂ ᠴᠢᠬᠤᠯᠠ ᠶᠡᠬᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ 《 ᠬᠤᠷᠳᠤᠴᠠ᠎ᠪᠠᠨ ᠨᠡᠮᠡᠭᠳᠡᠭᠦᠯᠬᠦ 》 ᠶ᠋ᠢ ᠠᠬᠢᠭᠤᠯᠪᠠ᠃
《 ᠭᠤᠷᠪᠠᠳᠤᠭᠠᠷ ᠤᠯᠠᠷᠢᠯ᠎ᠤᠨ ᠰᠡᠭᠦᠯᠴᠢ ᠪᠣᠯᠲᠠᠯ᠎ᠠ ᠂ ᠪᠥᠬᠥ ᠣᠷᠣᠨ᠎ᠤ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠴᠢᠬᠤᠯᠠ ᠶᠡᠬᠡ ᠲᠥᠷᠥᠯ ᠵᠦᠢᠯ 3341 ᠪᠠᠢᠵᠤ ᠂ 8099 ᠳ᠋ᠦᠩᠰᠢᠭᠤᠷ ᠲᠥᠭᠥᠷᠢᠭ᠎ᠦᠨ ᠪᠦᠲᠦᠭᠡᠨ ᠪᠠᠢᠭᠤᠯᠤᠯᠲᠠ᠎ᠶᠢᠨ ᠪᠡᠯᠡ ᠣᠷᠣᠭᠤᠯᠤᠯᠲᠠ᠎ᠶᠢ ᠪᠡᠶᠡᠯᠡᠭᠦᠯᠵᠦ ᠂ ᠨᠢᠳᠤᠨᠤᠨ᠎ᠤ ᠠᠳᠠᠯᠢ ᠬᠤᠭᠤᠴᠠᠭᠠᠨ᠎ᠤ ( 7720 ᠳ᠋ᠦᠩᠰᠢᠭᠤᠷ ᠲᠥᠭᠥᠷᠢᠭ ) ᠡᠴᠡ 379 ᠳ᠋ᠦᠩᠰᠢᠭᠤᠷ ᠲᠥᠭᠥᠷᠢᠭ ᠨᠡᠮᠡᠭᠳᠡᠨ ᠂ 4.9% ᠨᠡᠮᠡᠭᠳᠡᠵᠦ ᠂ ᠣᠨ᠎ᠤ ᠲᠥᠯᠥᠪᠯᠡᠭᠡ᠎ᠶᠢᠨ 80% ᠶ᠋ᠢ ᠪᠡᠶᠡᠯᠡᠭᠦᠯᠪᠡ 》 ᠭᠡᠵᠦ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠲᠠᠨᠢᠯᠴᠠᠭᠤᠯᠪᠠ᠃
ᠲᠦᠷᠦᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ 《 ᠬᠤᠷᠳᠤᠴᠠ 》 ᠨᠢ ᠬᠤᠳᠠᠯᠳᠤᠭ᠎ᠠ ᠡᠷᠬᠢᠯᠡᠬᠦ ᠣᠷᠴᠢᠨ ᠲᠣᠭᠣᠷᠢᠨ᠎ᠤ 《 ᠬᠠᠲᠠᠭᠤ ᠲᠤᠯᠭᠠᠭᠤᠷᠢᠯᠠᠯ 》 ᠡᠴᠡ ᠰᠠᠯᠵᠤ ᠴᠢᠳᠠᠬᠤ ᠦᠭᠡᠢ ᠶᠤᠮ᠃ ᠡᠨᠡ ᠵᠢᠯ ᠂ ᠥᠪᠡᠷᠲᠡᠭᠡᠨ ᠵᠠᠰᠠᠬᠤ ᠣᠷᠣᠨ᠎ᠤ ᠡᠯ᠎ᠡ ᠠᠢᠮᠠᠭ ᠬᠣᠲᠠ ᠦᠢᠯᠡᠴᠢᠯᠡᠭᠡᠨ᠎ᠦ ᠠᠷᠭ᠎ᠠ ᠮᠠᠶᠢᠭ᠋᠎ᠤᠨ ᠰᠢᠨ᠎ᠡ᠎ᠶᠢ ᠡᠭᠦᠳᠴᠦ ᠂ ᠠᠵᠤ ᠠᠬᠤᠢᠯᠠᠯ᠎ᠢ ᠲᠤᠰᠠᠯᠠᠬᠤ ᠠᠵᠢᠯᠯᠠᠭ᠎ᠠ᠎ᠪᠠᠷ ᠬᠥᠲᠥᠯᠥᠮᠵᠢ ᠪᠣᠯᠭᠠᠨ ᠲᠡᠷᠢᠭᠦᠨ᠎ᠦ ᠡᠵᠡᠩᠨᠡᠯᠲᠡ᠎ᠶᠢᠨ ᠣᠷᠴᠢᠨ ᠲᠣᠭᠣᠷᠢᠨ᠎ᠢ ᠪᠣᠶ ᠪᠣᠯᠭᠠᠵᠤ ᠂ 《 ᠵᠠᠢ ᠵᠠᠪᠰᠠᠷ ᠦᠭᠡᠢ 》 ᠪᠡᠷ ᠠᠵᠤ ᠠᠬᠤᠢᠯᠠᠯ᠎ᠳᠤ ᠦᠢᠯᠡᠴᠢᠯᠡᠨ ᠂ 《 ᠠᠵᠤ ᠠᠬᠤᠢᠯᠠᠯ ᠠᠰᠠᠭᠤᠳᠠᠯ᠎ᠤᠨ ᠬᠠᠭᠤᠳᠠᠰᠤ ᠭᠠᠷᠭᠠᠵᠤ ᠂ ᠵᠠᠰᠠᠭ᠎ᠤᠨ ᠣᠷᠳᠣᠨ᠎ᠠᠴᠠ ᠰᠡᠳᠦᠪ ᠰᠢᠢᠳᠪᠦᠷᠢᠯᠡᠬᠦ 》 ᠠᠵᠢᠯᠯᠠᠭ᠎ᠠ᠎ᠶᠢ ᠪᠠᠢᠩᠭᠤᠵᠢᠭᠤᠯᠤᠨ ᠥᠷᠨᠢᠭᠦᠯᠵᠦ ᠂ ᠠᠰᠠᠭᠤᠳᠠᠯ᠎ᠢ ᠴᠤᠭᠯᠠᠭᠤᠯᠬᠤ ᠂ ᠰᠠᠯᠭᠠᠨ ᠭᠦᠢᠴᠡᠳᠬᠡᠬᠦ ᠂ ᠰᠢᠢᠳᠪᠦᠷᠢᠯᠡᠬᠦ ᠂ ᠬᠠᠷᠢᠭᠤ ᠲᠤᠰᠬᠠᠬᠤ ᠪᠢᠲᠡᠭᠦᠦ ᠴᠠᠭᠠᠷᠢᠭ᠋᠎ᠢ ᠪᠣᠶ ᠪᠣᠯᠭᠠᠵᠤ ᠂ ᠠᠵᠤ ᠠᠬᠤᠢᠯᠠᠯ᠎ᠤᠨ ᠬᠥᠭᠵᠢᠯᠲᠡ᠎ᠶᠢ ᠨᠥᠯᠥᠭᠡᠯᠡᠬᠦ ᠲᠣᠪᠣᠢᠮ᠎ᠠ ᠠᠰᠠᠭᠤᠳᠠᠯ᠎ᠢ ᠬᠦᠴᠦᠯᠡᠨ ᠰᠢᠢᠳᠪᠦᠷᠢᠯᠡᠨ᠎ᠡ᠃
ᠪᠠᠶᠠᠨᠨᠠᠭᠤᠷ ᠬᠣᠲᠠ ᠴᠢᠬᠤᠯᠠ ᠶᠡᠬᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ ᠲᠣᠭᠲᠠᠭᠠᠬᠤ᠎ᠶᠢ ᠬᠢᠨᠠᠨ ᠵᠥᠪᠰᠢᠶᠡᠷᠡᠬᠦ ᠂ ᠭᠠᠵᠠᠷ ᠰᠢᠷᠣᠢ ᠬᠡᠷᠡᠭᠯᠡᠬᠦ ᠲᠥᠯᠦᠪᠵᠢᠭᠦᠯᠭᠡ ᠂ ᠪᠠᠷᠢᠯᠭ᠎ᠠ ᠪᠠᠷᠢᠬᠤ᠎ᠶᠢ ᠵᠥᠪᠰᠢᠶᠡᠷᠡᠬᠦ ᠵᠡᠷᠭᠡ 33 ᠬᠢᠨᠠᠨ ᠵᠥᠪᠰᠢᠶᠡᠷᠡᠬᠦ ᠵᠦᠢᠯᠡᠰ᠎ᠢ 《 ᠨᠢᠭᠡ ᠦᠷᠲᠡᠭᠡᠴᠢᠯᠡᠭᠰᠡᠨ ᠮᠠᠶᠢᠭ᠋ 》᠎ᠢᠶᠠᠷ ᠭᠦᠢᠴᠡᠳᠬᠡᠬᠦ᠎ᠶᠢ ᠪᠡᠶᠡᠯᠡᠭᠦᠯᠵᠦ ᠂ ᠠᠵᠤ ᠠᠬᠤᠢᠯᠠᠯ᠎ᠳᠤ ᠬᠣᠯᠪᠣᠭᠳᠠᠬᠤ ᠲᠥᠷᠥ᠎ᠶᠢᠨ ᠪᠣᠳᠣᠯᠭ᠎ᠠ᠎ᠶᠢᠨ 《 ᠺᠣᠳ᠋ 》᠎ᠢ ᠳᠡᠭᠡᠭᠰᠢ ᠪᠠᠢᠴᠠᠭᠠᠬᠤ ᠦᠢᠯᠡᠴᠢᠯᠡᠭᠡ᠎ᠶᠢ ᠨᠠᠪᠲᠠᠷᠡᠭᠦᠯᠵᠦ ᠂ 《 ᠲᠥᠷᠥ᠎ᠶᠢᠨ ᠪᠣᠳᠣᠯᠭ᠎ᠠ + ᠲᠠᠢᠯᠤᠮᠵᠢ + ᠪᠡᠶᠡᠯᠡᠭᠦᠯᠬᠦ 》 ᠦᠢᠯᠡᠴᠢᠯᠡᠭᠡᠨ᠎ᠦ ᠰᠢᠨ᠎ᠡ ᠵᠠᠭᠪᠤᠷ᠎ᠢ ᠬᠡᠷᠡᠭᠵᠢᠭᠦᠯᠦᠨ ᠂ ᠰᠢᠨᠵᠢᠯᠡᠬᠦ ᠤᠬᠠᠭᠠᠨ ᠮᠡᠷᠭᠡᠵᠢᠯ᠎ᠦᠨ ᠰᠢᠨ᠎ᠡ᠎ᠶᠢ ᠡᠭᠦᠳᠬᠦ ᠂ ᠲᠠᠷᠢᠶᠠᠯᠠᠩ᠎ᠤᠨ ᠬᠥᠭᠵᠢᠯᠲᠡ ᠂ ᠤᠰᠤᠨ ᠠᠰᠢᠭ᠍ᠯᠠᠯᠲᠠ᠎ᠶᠢᠨ ᠪᠦᠲᠦᠭᠡᠨ ᠪᠠᠢᠭᠤᠯᠤᠯᠲᠠ ᠵᠡᠷᠭᠡ 14 ᠠᠵᠢᠯ ᠲᠥᠷᠥᠯ᠎ᠦᠨ ᠲᠣᠭᠣᠷᠢᠨ᠎ᠳᠤ ᠠᠵᠤ ᠠᠬᠤᠢᠯᠠᠯ᠎ᠳᠤ ᠠᠰᠢᠭ᠋ ᠬᠦᠷᠲᠡᠭᠡᠬᠦ ᠲᠥᠷᠥ᠎ᠶᠢᠨ ᠪᠣᠳᠣᠯᠭ᠎ᠠ᠎ᠶᠢᠨ ᠮᠡᠳᠡᠭᠡ ᠵᠠᠩᠭᠢ᠎ᠶᠢᠨ ᠬᠥᠮᠥᠷᠭᠡ ᠪᠠᠢᠭᠤᠯᠪᠠ᠃
ᠣᠷᠳᠣᠰ ᠬᠠᠷᠢᠨ 《 ᠪᠦᠲᠦᠭᠡᠨ ᠪᠠᠢᠭᠤᠯᠤᠯᠲᠠ᠎ᠶᠢᠨ ᠲᠥᠷᠥᠯ ᠵᠦᠢᠯ᠎ᠦᠨ ᠠᠵᠢᠯ ᠡᠬᠢᠯᠡᠭᠦᠯᠬᠦ ᠨᠢᠭᠡ ᠶᠠᠪᠤᠳᠠᠯ 》᠎ᠤᠨ ᠬᠢᠨᠠᠨ ᠵᠥᠪᠰᠢᠶᠡᠷᠡᠯ᠎ᠢ ᠰᠢᠨ᠎ᠡ᠎ᠪᠡᠷ ᠡᠭᠦᠳᠦᠨ ᠬᠡᠷᠡᠭᠵᠢᠭᠦᠯᠵᠦ ᠂ 《 ᠣᠯᠠᠨ ᠦᠨᠡᠮᠯᠡᠯ᠎ᠢ ᠬᠠᠮᠲᠤᠷᠠᠨ ᠣᠯᠭᠣᠬᠤ 》 ᠲᠤᠢᠯ᠎ᠤᠨ ᠲᠦᠷᠭᠡᠨ ᠬᠢᠨᠠᠨ ᠵᠥᠪᠰᠢᠶᠡᠷᠡᠯ᠎ᠦᠨ ᠰᠢᠨ᠎ᠡ ᠵᠠᠭᠪᠤᠷ᠎ᠢ ᠬᠡᠷᠡᠭᠵᠢᠭᠦᠯᠦᠨ ᠂ ᠤᠯᠠᠮᠵᠢᠯᠠᠯᠲᠤ ᠬᠢᠨᠠᠨ ᠵᠥᠪᠰᠢᠶᠡᠷᠡᠯ᠎ᠦᠨ ᠭᠣᠭᠴᠣᠭ᠎ᠠ ᠨᠢ ᠪᠤᠳᠤᠯᠢᠶᠠᠨᠲᠠᠢ ᠂ ᠦᠶᠡᠯᠡᠬᠦ ᠬᠤᠭᠤᠴᠠᠭ᠎ᠠ ᠨᠢ ᠣᠷᠳᠣ᠌ ᠂ ᠥᠪᠡᠷ᠎ᠦᠨ ᠥᠷᠲᠡᠭ ᠨᠢ ᠥᠨᠳᠥᠷ ᠵᠡᠷᠭᠡ ᠬᠢᠵᠠᠭᠠᠷᠯᠠᠬᠤ ᠬᠦᠴᠦᠨ ᠵᠦᠢᠯ᠎ᠢ ᠪᠦᠲᠦᠮᠵᠢᠲᠡᠶ ᠰᠢᠢᠳᠪᠦᠷᠢᠯᠡᠵᠦ ᠂ 《 ᠲᠦᠷᠦᠭᠦᠯᠡᠨ ᠭᠦᠢᠴᠡᠳᠬᠡᠬᠦ ᠰᠠᠯᠠᠭ᠎ᠠ ᠮᠥᠴᠢᠷ ᠨᠢᠭᠡᠳᠦᠯᠲᠡᠢ ᠲᠥᠯᠥᠪᠯᠡᠨ ᠂ ᠬᠠᠮᠢᠶ᠎ᠠ ᠪᠦᠬᠦᠢ ᠰᠠᠯᠠᠭ᠎ᠠ ᠮᠥᠴᠢᠷ ᠬᠠᠮᠵᠢᠯᠴᠠᠬᠤ 》 ᠠᠵᠢᠯᠯᠠᠭᠠᠨ᠎ᠤ ᠲᠣᠭᠲᠠᠴᠠ᠎ᠶᠢ ᠪᠠᠢᠭᠤᠯᠵᠤ ᠂ 《 ᠭᠠᠵᠠᠷ ᠠᠪᠤᠪᠠᠯ ᠳᠠᠷᠤᠢ ᠠᠵᠢᠯ ᠡᠬᠢᠯᠡᠭᠦᠯᠬᠦ 》᠎ᠶᠢ ᠪᠡᠶᠡᠯᠡᠭᠦᠯᠵᠦ ᠂ ᠠᠵᠤ ᠠᠬᠤᠢᠯᠠᠯ᠎ᠳᠤ 《 ᠣᠷᠳᠣᠰ᠎ᠤᠨ ᠬᠤᠷᠳᠤᠴᠠ 》᠎ᠶᠢ ᠭᠦᠨᠵᠡᠭᠡᠢ ᠮᠡᠳᠡᠷᠡᠭᠦᠯᠪᠡ ᠃ ᠣᠳᠣᠬᠠᠨ᠎ᠳᠤ ᠂ ᠣᠷᠳᠣᠰ ᠬᠣᠲᠠ ᠨᠢᠭᠡᠨᠲᠡ ᠹᠠᠩ ᠢᠦᠢ ᠬᠢᠮᠢ᠎ᠶᠢᠨ ᠪᠣᠷᠳᠣᠭᠤᠷ᠎ᠤᠨ ᠬᠢᠵᠠᠭᠠᠷᠲᠤ ᠺᠣᠮᠫᠠᠨᠢ᠎ᠶᠢᠨ ᠵᠢᠯ᠎ᠳᠦ 20 ᠲᠦᠮᠡᠨ ᠲᠣᠨ ᠦᠢᠯᠡᠳᠪᠦᠷᠢᠯᠡᠬᠦ ᠰᠢᠨ᠎ᠡ ᠬᠡᠯᠪᠡᠷᠢ᠎ᠶᠢᠨ ᠪᠣᠷᠳᠣᠭᠤᠷ᠎ᠤᠨ ᠲᠥᠷᠥᠯ ᠵᠦᠢᠯ ᠵᠡᠷᠭᠡ ᠣᠯᠠᠨ ᠲᠥᠷᠥᠯ ᠵᠦᠢᠯ᠎ᠳᠦ 《 ᠣᠯᠠᠨ ᠦᠨᠡᠮᠯᠡᠯ᠎ᠢ ᠬᠠᠮᠲᠤᠷᠠᠨ ᠣᠯᠭᠣᠬᠤ 》 ᠦᠢᠯᠡᠴᠢᠯᠡᠭᠡ ᠬᠠᠩᠭᠠᠵᠤ ᠂ ᠠᠵᠤ ᠠᠬᠤᠢᠯᠠᠯ᠎ᠤᠨ 《 ᠣᠯᠠᠨ ᠭᠠᠵᠠᠷ ᠭᠦᠶᠦᠯᠭᠡᠬᠦ ᠂ ᠳᠠᠪᠬᠤᠷᠳᠠᠭᠤᠯᠤᠨ ᠲᠤᠰᠢᠶᠠᠬᠤ 》 ᠠᠰᠠᠭᠤᠳᠠᠯ᠎ᠢ ᠰᠢᠢᠳᠪᠦᠷᠢᠯᠡᠪᠡ᠃
《 ᠪᠢᠳᠡ ᠪᠦᠲᠦᠮᠵᠢᠲᠡᠶ ᠪᠡᠯᠡ ᠣᠷᠣᠭᠤᠯᠤᠯᠲᠠ᠎ᠶᠢ ᠦᠷᠭᠦᠯᠵᠢᠯᠡᠨ ᠥᠷᠭᠡᠳᠬᠡᠵᠦ ᠂ ᠴᠢᠬᠤᠯᠠ ᠶᠡᠬᠡ ᠲᠥᠷᠥᠯ ᠵᠦᠢᠯ᠎ᠦᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠤᠨ᠎ᠠ ᠃ ᠨᠢᠭᠡ᠎ᠳᠦ ᠂ ᠬᠠᠮᠲᠤᠷᠠᠨ ᠬᠢᠨᠠᠵᠤ ᠬᠠᠮᠲᠤᠷᠠᠨ ᠵᠥᠪᠰᠢᠶᠡᠷᠡᠬᠦ ᠠᠵᠢᠯ᠎ᠤᠨ ᠲᠣᠭᠲᠠᠴᠠ ᠪᠠ ᠲᠤᠰᠬᠠᠢ ᠠᠵᠢᠯ᠎ᠤᠨ ᠳᠤᠭᠤᠢᠯᠠᠩ᠎ᠤᠨ ᠦᠢᠯᠡᠳᠦᠯ᠎ᠢ ᠭᠦᠢᠴᠡᠳ ᠪᠠᠳᠠᠷᠠᠭᠤᠯᠵᠤ ᠂ 〈 ᠳᠤᠲᠠᠭᠤ᠎ᠶᠢ ᠭᠥᠯᠢᠶᠡᠨ ᠠᠪᠴᠤ ᠰᠢᠢᠳᠪᠦᠷᠢᠯᠡᠬᠦ ᠂ ᠬᠠᠮᠲᠤᠷᠠᠨ ᠰᠢᠢᠳᠪᠦᠷᠢᠯᠡᠬᠦ 〉᠎ᠶᠢ ᠪᠥᠬᠥ ᠲᠠᠯ᠎ᠠ᠎ᠪᠠᠷ ᠲᠦᠯᠬᠢᠨ ᠠᠬᠢᠭᠤᠯᠵᠤ ᠂ ᠴᠢᠬᠤᠯᠠ ᠶᠡᠬᠡ ᠲᠥᠷᠥᠯ ᠵᠦᠢᠯᠡᠰ᠎ᠢ ᠲᠦᠷᠭᠡᠪᠴᠢᠯᠡᠨ ᠨᠠᠢᠳᠠᠪᠤᠷᠢᠵᠢᠭᠤᠯᠵᠤ ᠪᠦᠲᠦᠭᠡᠨ ᠪᠠᠶ᠋ᠢᠭᠤᠯᠬᠤ᠎ᠶᠢ ᠦᠨᠡᠨ ᠬᠦ᠌ ᠪᠠᠲᠤᠯᠠᠨ᠎ᠠ ᠃ ᠬᠣᠶᠠᠷ᠎ᠲᠤ ᠂ ᠵᠢᠯ᠎ᠦᠨ ᠡᠬᠢᠨ᠎ᠦ ᠲᠥᠯᠥᠪᠯᠡᠭᠡ᠎ᠳᠦ ᠬᠠᠷᠠᠬᠠᠨ ᠠᠵᠢᠯ ᠡᠬᠢᠯᠡᠭᠦᠯᠦᠭᠡᠳᠦᠢ ᠵᠢᠴᠢ 〈 ᠠᠷᠪᠠᠨ ᠲᠠᠪᠤᠳᠤᠭᠠᠷ ᠲᠠᠪᠤᠨ ᠵᠢᠯ 〉᠎ᠦᠨ ᠲᠣᠳᠣᠷᠬᠠᠢ ᠬᠠᠭᠤᠳᠠᠰᠤᠨ᠎ᠳᠤ ᠡᠨᠡ ᠵᠢᠯ᠎ᠦᠨ ᠠᠵᠢᠯ ᠡᠬᠢᠯᠡᠭᠦᠯᠬᠦ ᠲᠥᠷᠥᠯ ᠵᠦᠢᠯᠡᠰ᠎ᠢ ᠡᠷᠲᠡᠬᠡᠨ ᠠᠵᠢᠯ ᠡᠬᠢᠯᠡᠭᠦᠯᠬᠦ᠎ᠪᠡᠷ ᠴᠢᠷᠮᠠᠢᠵᠤ ᠂ 〈 ᠡᠪᠦᠯ᠎ᠦᠨ ᠬᠡᠷᠡᠭᠯᠡᠭᠡᠨ᠎ᠦ ᠢᠨᠵᠧᠨᠧᠷᠢᠩ 〉᠎ᠢ ᠰᠠᠢᠲᠤᠷ ᠬᠢᠵᠦ ᠂ ᠣᠨ᠎ᠤ ᠪᠦᠲᠦᠭᠡᠨ ᠪᠠᠢ᠍ᠭᠤᠯᠤᠯᠲᠠ᠎ᠶᠢᠨ ᠡᠭᠦᠷᠭᠡ᠎ᠪᠡᠨ ᠪᠡᠶᠡᠯᠡᠭᠦᠯᠬᠦ᠎ᠪᠡᠷ ᠴᠢᠷᠮᠠᠢᠨ᠎ᠠ ᠃ ᠭᠤᠷᠪᠠ᠎ᠳᠤ᠂ ᠡᠯ᠎ᠡ ᠠᠢᠮᠠᠭ ᠬᠤᠳᠠ᠎ᠶᠢᠨ ᠬᠠᠷᠢᠭᠤᠴᠠᠯᠭ᠎ᠠ᠎ᠶᠢ ᠪᠣᠳᠠᠲᠠᠢᠵᠢᠭᠤᠯᠵᠤ᠂ ᠠᠷᠭ᠎ᠠ ᠪᠦᠬᠦᠨ᠎ᠢ ᠰᠦᠪᠡᠭᠴᠢᠯᠡᠨ ᠵᠢᠯ᠎ᠦᠨ ᠡᠬᠢᠨ᠎ᠦ ᠲᠣᠭᠲᠠᠭᠰᠠᠨ ᠬᠠᠷᠠᠯᠲᠠ᠎ᠶᠢ ᠪᠦᠬᠦ ᠬᠦᠴᠦᠨ᠎ᠢᠶᠡᠷ᠎ᠢᠶᠡᠨ ᠪᠡᠶᠡᠯᠡᠭᠦᠯᠵᠦ᠂ ᠪᠡᠯᠡ ᠣᠷᠣᠭᠤᠯᠤᠯᠲᠠ᠎ᠶᠢ ᠲᠣᠭᠲᠠᠪᠤᠷᠢᠵᠢᠭᠤᠯᠬᠤ ᠪᠠ ᠨᠡᠮᠡᠭᠳᠡᠯ᠎ᠢ ᠲᠣᠭᠲᠠᠪᠤᠷᠢᠵᠢᠭᠤᠯᠬᠤ᠎ᠳᠤ ᠬᠤᠪᠢ ᠨᠡᠮᠡᠷᠢ ᠦᠵᠡᠭᠦᠯᠦᠨ᠎ᠡ 》 ᠭᠡᠵᠦ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠎ᠶᠢᠨ ᠵᠥᠪᠯᠡᠯ᠎ᠦᠨ ᠬᠠᠮᠢᠶ᠎ᠠ ᠪᠦᠬᠦᠢ ᠬᠠᠷᠢᠭᠤᠴᠠᠯᠭᠠᠲᠠᠨ ᠬᠡᠯᠡᠪᠡ᠃