ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠣᠨᠴᠠᠯᠢᠭᠲᠤ᠌ ᠳᠠᠪᠴᠠᠩ
ᠰᠣᠨᠢᠨ ᠮᠡᠳᠡᠭᠡ   -   ᠰᠣᠨᠢᠨ ᠮᠡᠳᠡᠭᠡ
ᠥᠪᠥᠷ ᠮᠣᠩᠭᠣᠯ 2025 ᠣᠨ᠎ᠤ ᠲᠣᠮᠣ᠌ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠤ ᠥᠭᠡᠷᠡᠴᠢᠯᠡᠯᠲᠡ᠎ᠶᠢᠨ ᠡᠭᠦᠷᠭᠡ᠎ᠶᠢ ᠤᠷᠢᠳᠴᠢᠯᠠᠨ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-11-18

      ᠰᠤᠷᠪᠤᠯᠵᠢᠯᠠᠭ᠍ᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠣᠢᠯᠠᠭᠠᠭᠰᠠᠨ᠎ᠢᠶᠠᠷ᠂ 2025 ᠣᠨ᠎ᠳᠤ ᠥᠪᠥᠷ ᠮᠣᠩᠭᠣᠯ ᠳᠥᠷᠥᠭᠡ᠂ ᠰᠢᠷᠲᠠᠯ᠎ᠠ᠎ᠶᠢᠨ ᠡᠮᠦᠨ᠎ᠡ ᠪᠣᠷᠣᠳᠣᠬᠣᠢ᠎ᠶᠢᠨ ᠭᠤᠷᠪᠠᠳᠤᠭᠠᠷ ᠠᠩᠭᠢ ᠪᠣᠯᠣᠨ ᠪᠦᠦ ᠠᠨ ᠵᠤᠤ ᠵᠡᠷᠭᠡ 3 ᠲᠣᠮᠣ᠌ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠳᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ᠎ᠶᠢ ᠦᠷᠭᠦᠯᠵᠢᠯᠡᠨ ᠪᠠᠢᠭᠤᠯᠵᠤ᠂ ᠶᠡᠷᠦᠩᠬᠡᠢ ᠪᠡᠯᠡ ᠣᠷᠣᠭᠤᠯᠤᠯᠲᠠ ᠨᠢ 8518.93 ᠲᠦᠮᠡᠨ ᠲᠥᠭᠥᠷᠢᠭ ᠪᠠᠢᠵᠤ᠂ ᠪᠡᠯᠡ ᠣᠷᠣᠭᠤᠯᠤᠯᠲᠠ᠎ᠶᠢ ᠪᠡᠶᠡᠯᠡᠭᠦᠯᠦᠭᠰᠡᠨ ᠨᠣᠷᠮ᠎ᠠ ᠨᠢ 97% ᠬᠦᠷᠴᠦ᠂ ᠲᠠᠩ ᠭᠠᠭᠴᠠ ᠲᠥᠷᠥᠯ ᠵᠦᠢᠯᠡᠰ᠎ᠦᠨ ᠪᠡᠯᠡ ᠣᠷᠣᠭᠤᠯᠤᠯᠲᠠ᠎ᠶᠢ ᠪᠡᠶᠡᠯᠡᠭᠦᠯᠦᠭᠰᠡᠨ ᠨᠣᠷᠮ᠎ᠠ ᠨᠢ ᠴᠥᠮ 90% ᠶ᠋ᠢ ᠳᠠᠪᠠᠬᠤ ᠣᠨ᠎ᠤ ᠬᠠᠷᠠᠯᠲᠠ᠎ᠶᠢ ᠤᠷᠢᠳᠴᠢᠯᠠᠨ ᠪᠡᠶᠡᠯᠡᠭᠦᠯᠵᠡᠢ᠃
      ᠣᠢᠯᠠᠭᠠᠭᠰᠠᠨ᠎ᠢᠶᠠᠷ ᠂ 2025 ᠣᠨ᠎ᠳᠤ᠂ ᠲᠥᠪ᠎ᠡᠴᠡ 4800 ᠲᠦᠮᠡᠨ ᠲᠥᠭᠥᠷᠢᠭ᠎ᠦᠨ ᠤᠯᠤᠰ᠎ᠤᠨ ᠵᠢᠭᠡᠯᠡᠯᠭᠡ᠎ᠶᠢᠨ ᠪᠡᠯᠡ ᠮᠥᠩᠭᠥ ᠪᠠᠭᠤᠯᠭᠠᠵᠤ᠂ 《 ᠠᠷᠪᠠᠨ ᠳᠥᠷᠪᠡᠳᠦᠭᠡᠷ ᠲᠠᠪᠤᠨ ᠵᠢᠯ 》᠎ᠦᠨ ᠲᠥᠯᠦᠪᠵᠢᠭᠦᠯᠭᠡ᠎ᠶᠢᠨ ᠲᠥᠷᠥᠭᠡ ᠤᠰᠤᠯᠠᠯᠲᠠ᠎ᠶᠢᠨ ᠣᠷᠣᠨ᠎ᠤ ᠦᠷᠭᠦᠯᠵᠢᠯᠡᠨ ᠪᠠᠢᠭᠤᠯᠵᠤ ᠢᠵᠢ ᠪᠦᠷᠢᠳᠦᠭᠦᠯᠬᠦ ᠪᠠ ᠣᠳᠣᠬᠢᠴᠢᠯᠠᠭᠰᠠᠨ ᠥᠭᠡᠷᠡᠴᠢᠯᠡᠯᠲᠡ ᠬᠢᠬᠦ᠎ᠶᠢ ᠳᠡᠮᠵᠢᠪᠡ ; ᠲᠥᠪ᠎ᠡᠴᠡ ᠤᠰᠤᠨ ᠠᠰᠢᠭ᠍ᠯᠠᠯᠲᠠ᠎ᠶᠢᠨ ᠬᠥᠭᠵᠢᠭᠦᠯᠦᠯᠲᠡ᠎ᠶᠢᠨ ᠪᠡᠯᠡ ᠮᠥᠩᠭᠥ 3089 ᠲᠦᠮᠡᠨ ᠲᠥᠭᠥᠷᠢᠭ ᠪᠠᠭᠤᠯᠭᠠᠵᠤ ᠂ ᠥᠪᠡᠷᠲᠡᠭᠡᠨ ᠵᠠᠰᠠᠬᠤ ᠣᠷᠣᠨ᠎ᠠᠴᠠ ᠤᠰᠤᠨ ᠠᠰᠢᠭ᠍ᠯᠠᠯᠲᠠ᠎ᠶᠢᠨ ᠬᠥᠭᠵᠢᠭᠦᠯᠦᠯᠲᠡ᠎ᠶᠢᠨ ᠪᠡᠯᠡ ᠮᠥᠩᠭᠥ 546 ᠲᠦᠮᠡᠨ ᠲᠥᠭᠥᠷᠢᠭ ᠣᠷᠣᠭᠤᠯᠵᠤ᠂ ᠣᠷᠣᠨ ᠨᠤᠲᠤᠭ᠎ᠤᠨ ᠢᠵᠢ ᠪᠦᠷᠢᠳᠦᠭᠦᠯᠬᠦ ᠪᠡᠯᠡ ᠮᠥᠩᠭᠥ 83.93 ᠲᠦᠮᠡᠨ ᠲᠥᠭᠥᠷᠢᠭ ᠪᠠᠭᠤᠯᠭᠠᠵᠤ᠂ ᠰᠢᠷᠲᠠᠯ᠎ᠠ᠎ᠶᠢᠨ ᠡᠮᠦᠨ᠎ᠡ ᠪᠣᠷᠣᠳᠣᠬᠣᠢ᠎ᠶᠢᠨ ᠭᠤᠷᠪᠠᠳᠤᠭᠠᠷ ᠠᠩᠭᠢ ᠂ ᠪᠦᠦ ᠠᠨ ᠵᠤᠤ ᠬᠣᠶᠠᠷ ᠭᠠᠵᠠᠷ᠎ᠤᠨ ᠳᠤᠮᠳᠠ ᠬᠡᠯᠪᠡᠷᠢ᠎ᠶᠢᠨ ᠤᠰᠤᠯᠠᠯᠲᠠ᠎ᠶᠢᠨ ᠣᠷᠣᠨ᠎ᠤ ᠦᠷᠭᠦᠯᠵᠢᠯᠡᠨ ᠪᠠᠢᠭᠤᠯᠵᠤ ᠢᠵᠢ ᠪᠦᠷᠢᠳᠦᠭᠦᠯᠬᠦ ᠪᠠ ᠤᠰᠤ ᠠᠷᠪᠢᠯᠠᠬᠤ ᠥᠭᠡᠷᠡᠴᠢᠯᠡᠯᠲᠡ᠎ᠶᠢ ᠳᠡᠮᠵᠢᠨ᠎ᠡ᠃ ᠣᠲᠣ᠌ ᠪᠣᠯᠲᠠᠯ᠎ᠠ᠂ ᠲᠥᠷᠥᠭᠡ ᠤᠰᠤᠯᠠᠯᠲᠠ᠎ᠶᠢᠨ ᠣᠷᠣᠨ᠎ᠤ ᠲᠥᠷᠥᠯ ᠵᠦᠢᠯ᠎ᠢ ᠨᠢᠭᠡᠨᠲᠡ ᠪᠦᠬᠦᠨ᠎ᠢ ᠳᠠᠭᠤᠰᠬᠠᠵᠤ᠂ ᠪᠡᠯᠡ ᠣᠷᠣᠭᠤᠯᠤᠯᠲᠠ᠎ᠶᠢ ᠪᠡᠶᠡᠯᠡᠭᠦᠯᠦᠭᠰᠡᠨ ᠨᠣᠷᠮ᠎ᠠ ᠨᠢ 100%᠎ᠳᠤ ᠬᠥᠷᠪᠡ; ᠰᠢᠷᠲᠠᠯ᠎ᠠ᠎ᠶᠢᠨ ᠡᠮᠦᠨ᠎ᠡ ᠪᠣᠷᠣᠳᠣᠬᠣᠢ᠎ᠶᠢᠨ ᠭᠤᠷᠪᠠᠳᠤᠭᠠᠷ ᠠᠩᠭᠢ᠎ᠶᠢᠨ ᠤᠰᠤᠯᠠᠯᠲᠠ᠎ᠶᠢᠨ ᠣᠷᠣᠨ᠎ᠤ ᠲᠦᠷᠦᠯ ᠵᠦᠢᠯ᠎ᠳᠦ 1347 ᠲᠦᠮᠡᠨ ᠲᠥᠭᠥᠷᠢᠭ᠎ᠦᠨ ᠪᠡᠯᠡ ᠣᠷᠣᠭᠤᠯᠤᠯᠲᠠ᠎ᠶᠢ ᠪᠡᠶᠡᠯᠡᠭᠦᠯᠵᠦ᠂ 98%᠎ᠤᠨ ᠪᠡᠯᠡ ᠣᠷᠣᠭᠤᠯᠤᠯᠲᠠ᠎ᠶᠢ ᠪᠡᠶᠡᠯᠡᠭᠦᠯᠪᠡ; ᠪᠤᠤ ᠠᠨ ᠵᠤᠤ ᠤᠰᠤᠯᠠᠯᠲᠠ᠎ᠶᠢᠨ ᠣᠷᠣᠨ᠎ᠤ ᠲᠥᠷᠥᠯ ᠵᠦᠢᠯ᠎ᠳᠦ 2222 ᠲᠦᠮᠡᠨ ᠲᠥᠭᠥᠷᠢᠭ᠎ᠦᠨ ᠪᠡᠯᠡ ᠣᠷᠣᠭᠤᠯᠤᠯᠲᠠ᠎ᠶᠢ ᠪᠡᠶᠡᠯᠡᠭᠦᠯᠵᠦ᠂ ᠪᠡᠯᠡ ᠣᠷᠣᠭᠤᠯᠤᠯᠲᠠ᠎ᠶᠢ ᠪᠡᠶᠡᠯᠡᠭᠦᠯᠦᠭᠰᠡᠨ ᠨᠣᠷᠮ᠎ᠠ 94.8%᠎ᠳᠤ ᠬᠥᠷᠪᠡ᠃
      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠤᠰᠤᠯᠠᠯᠲᠠ᠎ᠶᠢᠨ ᠣᠷᠣᠨ᠎ᠤ ᠨᠢᠷᠤᠭᠤᠪᠴᠢ ᠢᠨᠵᠧᠨᠧᠷᠢᠩ ᠪᠠ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠦᠲᠦᠭᠡᠨ ᠪᠠᠢᠭᠤᠯᠤᠯᠲᠠ᠎ᠶᠢ ᠦᠷᠭᠦᠯᠵᠢᠯᠡᠨ ᠨᠢᠭᠡᠳᠦᠯᠲᠡᠢ ᠲᠥᠯᠥᠪᠯᠡᠨ ᠠᠬᠢᠭᠤᠯᠵᠤ᠂ ᠲᠠᠷᠢᠶᠠᠯᠠᠩ᠎ᠤᠨ ᠤᠰᠤᠨ᠎ᠤ ᠦᠨ᠎ᠡ᠎ᠶᠢᠨ ᠶᠡᠷᠦᠩᠬᠡᠢᠯᠡᠭᠰᠡᠨ ᠥᠭᠡᠷᠡᠴᠢᠯᠡᠯᠲᠡ᠎ᠶᠢ ᠭᠦᠨᠵᠡᠭᠡᠢᠷᠡᠭᠦᠯᠦᠨ ᠣᠳᠣᠬᠢᠴᠢᠯᠠᠭᠰᠠᠨ ᠤᠰᠤᠯᠠᠯᠲᠠ᠎ᠶᠢᠨ ᠣᠷᠣᠨ᠎ᠤ ᠪᠦᠲᠦᠭᠡᠨ ᠪᠠᠢᠭᠤᠯᠤᠯᠲᠠ᠎ᠶᠢᠨ ᠲᠤᠷᠰᠢᠯᠲᠠ᠎ᠶᠢᠨ ᠲᠤᠷᠰᠢᠯᠭ᠎ᠠ᠎ᠶᠢ ᠶᠡᠬᠡ᠎ᠪᠡᠷ ᠳᠡᠯᠭᠡᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠤᠰᠤᠯᠠᠯᠲᠠ᠎ᠶᠢᠨ ᠣᠷᠣᠨ᠎ᠤ ᠬᠠᠮᠢᠶᠠᠷᠤᠯᠲᠠ᠎ᠶᠢᠨ ᠬᠢᠷᠢ ᠬᠡᠮᠵᠢᠶ᠎ᠡ᠎ᠶᠢ ᠳᠠᠬᠢᠨ ᠰᠢᠨ᠎ᠡ ᠳᠡᠭᠲᠡᠷ᠎ᠲᠦ ᠭᠠᠷᠭᠠᠬᠤ᠎ᠶᠢ ᠠᠬᠢᠭᠤᠯᠤᠨ᠎ᠠ᠃

ᠢᠷᠡᠯᠲᠡ᠄ ᠦᠪᠡᠷᠳᠡᠭᠡᠨ ᠵᠠᠰᠠᠬᠤ ᠤᠷᠤᠨ᠎ᠤ ᠤᠰᠤᠨ ᠠᠱᠢᠬ᠍ᠯᠠᠯᠳᠠ᠎ᠶ᠋ᠢᠨ ᠲᠢᠩᠬᠢᠮ
          
ᠬᠠᠮᠢᠶ᠎ᠡ ᠪᠦᠬᠦᠢ ᠰᠣᠨᠢᠨ
 
            