ᠣᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠡᠳ᠋᠎ᠦᠨ ᠵᠠᠰᠠᠭ᠎ᠤᠨ ᠲᠢᠩᠬᠢᠮ᠎ᠡᠴᠡ 2024 ᠣᠨ᠎ᠤ ᠲᠥᠰᠥᠪ᠎ᠦᠨ ᠣᠨ᠎ᠤ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠠᠵᠢᠯ᠎ᠤᠨ ᠠᠮᠵᠢᠯᠲᠠ ᠪᠦᠲᠦᠮᠵᠢ᠎ᠶᠢᠨ ᠥᠪᠡᠷ᠎ᠦᠨ ᠦᠨᠡᠯᠡᠯᠲᠡ ᠪᠠ ᠰᠠᠯᠠᠭ᠎ᠠ ᠮᠥᠴᠢᠷ᠎ᠦᠨ ᠦᠨᠡᠯᠡᠯᠲᠡ ᠬᠢᠨᠠᠨ ᠪᠠᠢᠴᠠᠭᠠᠯᠲᠠ᠎ᠶᠢᠨ ᠦᠷ᠎ᠡ ᠳ᠋ᠦᠩ᠎ᠢ ᠵᠠᠷᠯᠠᠨ ᠮᠡᠳᠡᠭᠳᠡᠪᠡ ᠃ 2024 ᠣᠨ᠎ᠤ ᠰᠠᠭᠤᠷᠢ ᠠᠵᠢᠯ ᠂ ᠠᠵᠢᠯ᠎ᠤᠨ ᠠᠮᠵᠢᠯᠲᠠ ᠪᠦᠲᠦᠮᠵᠢ᠎ᠶᠢᠨ ᠬᠠᠷᠠᠯᠲᠠᠲᠤ ᠬᠠᠮᠢᠶᠠᠷᠤᠯᠲᠠ᠂ ᠠᠵᠢᠯ᠎ᠤᠨ ᠠᠮᠵᠢᠯᠲᠠ ᠪᠦᠲᠦᠮᠵᠢ᠎ᠶᠢ ᠥᠪᠡᠰᠦᠪᠡᠨ ᠦᠨᠡᠯᠡᠬᠦ ᠬᠠᠮᠢᠶᠠᠷᠤᠯᠲᠠ᠂ ᠰᠠᠯᠠᠭ᠎ᠠ ᠮᠥᠴᠢᠷ᠎ᠦᠨ ᠦᠨᠡᠯᠡᠬᠦ ᠬᠠᠮᠢᠶᠠᠷᠤᠯᠲᠠ᠎ᠶᠢᠨ ᠦᠷ᠎ᠡ ᠳ᠋ᠦᠩ᠎ᠳᠦ 5 ᠲᠠᠯ᠎ᠠ᠎ᠶᠢᠨ 34 ᠬᠡᠮᠵᠢᠯᠲᠡ᠎ᠶᠢ ᠬᠡᠷᠡᠭᠯᠡᠨ ᠪᠥᠬᠥ ᠲᠠᠯ᠎ᠠ᠎ᠪᠠᠷ ᠬᠢᠨᠠᠨ ᠪᠠᠢᠴᠠᠭᠠᠵᠤ ᠬᠤᠪᠢ ᠲᠣᠭᠲᠠᠭᠠᠪᠠ᠂ ᠡᠭᠦᠨ᠎ᠳᠦ ᠤᠰᠤᠨ ᠠᠰᠢᠭ᠍ᠯᠠᠯᠲᠠ᠎ᠶᠢᠨ ᠲᠢᠩᠬᠢᠮ 《 ᠰᠢᠯᠢᠳᠡᠭ 》 ᠵᠡᠷᠭᠡ ᠳᠡᠰ᠎ᠢ ᠣᠯᠵᠤ ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠯ᠎ᠡ ᠰᠠᠯᠠᠭ᠎ᠠ ᠮᠥᠴᠢᠷ᠎ᠦᠨ ᠨᠡᠷᠡᠰ᠎ᠦᠨ ᠵᠢᠭ᠍ᠰᠠᠭᠠᠯᠲᠠ᠎ᠳᠤ ᠡᠮᠦᠨ᠎ᠡ ᠡᠩᠨᠡᠭᠡᠨ᠎ᠳᠦ ᠵᠢᠭ᠍ᠰᠠᠭᠠᠭᠳᠠᠪᠠ᠃
ᠣᠢᠷ᠎ᠠ᠎ᠶᠢᠨ ᠵᠢᠯ᠎ᠳᠦ᠂ ᠥᠪᠡᠷᠲᠡᠭᠡᠨ ᠵᠠᠰᠠᠬᠤ ᠣᠷᠣᠨ᠎ᠤ ᠤᠰᠤᠨ ᠠᠰᠢᠭ᠍ᠯᠠᠯᠲᠠ᠎ᠶᠢᠨ ᠲᠢᠩᠬᠢᠮ᠎ᠦᠨ ᠨᠠᠮ᠎ᠤᠨ ᠤᠳᠤᠷᠢᠳᠬᠤ ᠳᠤᠭᠤᠢᠯᠠᠩ ᠲᠥᠰᠥᠪ᠎ᠦᠨ ᠦᠷ᠎ᠡ ᠪᠦᠲᠦᠮᠵᠢ᠎ᠶᠢᠨ ᠬᠠᠮᠢᠶᠠᠷᠤᠯᠲᠠ᠎ᠶᠢᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠂ ᠵᠠᠰᠠᠭ᠎ᠤᠨ ᠣᠷᠳᠣᠨ᠎ᠤ ᠲᠥᠰᠥᠪ᠎ᠦᠨ ᠦᠷ᠎ᠡ ᠪᠦᠲᠦᠮᠵᠢ᠎ᠶᠢᠨ ᠬᠠᠮᠢᠶᠠᠷᠤᠯᠲᠠ᠎ᠶᠢᠨ ᠰᠢᠢᠳᠪᠦᠷᠢᠲᠦ ᠪᠣᠳᠣᠯᠭ᠎ᠠ ᠪᠠᠢᠷᠢᠯᠠᠭᠤᠯᠤᠯᠲᠠ᠎ᠶᠢ ᠭᠦᠨᠵᠡᠭᠡᠢ ᠲᠤᠭᠤᠰᠢᠯᠠᠭᠤᠯᠤᠨ ᠨᠠᠢᠳᠠᠪᠤᠷᠢᠵᠢᠭᠤᠯᠵᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠥᠰᠥᠪ᠎ᠦᠨ ᠠᠵᠢᠯ᠎ᠤᠨ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ᠎ᠶᠢᠨ ᠳᠦᠷᠢᠮ 》᠎ᠢ ᠴᠢᠩᠭ᠎ᠠ ᠬᠡᠷᠡᠭᠵᠢᠭᠦᠯᠵᠦ ᠂ ᠠᠵᠢᠯ᠎ᠤᠨ ᠠᠮᠵᠢᠯᠲᠠ ᠪᠦᠲᠦᠮᠵᠢ᠎ᠶᠢᠨ ᠬᠠᠷᠠᠯᠲᠠ᠎ᠶᠢ ᠰᠢᠨᠵᠢᠯᠡᠬᠦ ᠤᠬᠠᠭᠠᠨᠴᠢ᠎ᠪᠠᠷ ᠵᠦᠢ ᠵᠣᠬᠢᠰᠲᠠᠢ ᠲᠣᠭᠲᠠᠭᠠᠨ᠂ ᠭᠣᠣᠯᠳᠠᠯᠭ᠎ᠠ᠎ᠲᠠᠢ ᠲᠥᠷᠥᠯ ᠵᠦᠢᠯ᠎ᠳᠦ ᠰᠠᠯᠠᠭ᠎ᠠ ᠮᠥᠴᠢᠷ᠎ᠦᠨ ᠦᠨᠡᠯᠡᠯᠲᠡ ᠬᠢᠬᠦ᠎ᠶᠢ ᠥᠷᠨᠢᠭᠦᠯᠵᠦ ᠂ ᠪᠣᠶ ᠪᠦᠬᠦᠢ ᠥᠪᠡᠰᠦᠪᠡᠨ ᠦᠨᠡᠯᠡᠬᠦ ᠲᠥᠷᠥᠯ ᠵᠦᠢᠯ᠎ᠢ ᠪᠥᠬᠥ ᠲᠠᠯ᠎ᠠ᠎ᠪᠠᠷ ᠬᠠᠮᠤᠷᠬᠤ᠎ᠶᠢ ᠪᠡᠶᠡᠯᠡᠭᠦᠯᠵᠦ᠂ ᠠᠵᠢᠯ᠎ᠤᠨ ᠠᠮᠵᠢᠯᠲᠠ ᠪᠦᠲᠦᠮᠵᠢ᠎ᠶᠢ ᠦᠨᠡᠯᠡᠭᠰᠡᠨ ᠦᠷ᠎ᠡ ᠳ᠋ᠦᠩ᠂ ᠵᠠᠷᠤᠯᠭ᠎ᠠ᠎ᠶᠢᠨ ᠠᠬᠢᠴᠠ ᠵᠡᠷᠭᠡ᠎ᠪᠡᠷ ᠳᠠᠷᠠᠭ᠎ᠠ ᠨᠢᠭᠡ ᠵᠢᠯ᠎ᠦᠨ ᠲᠥᠰᠥᠪ᠎ᠢ ᠲᠣᠬᠢᠷᠠᠭᠤᠯᠬᠤ ᠴᠢᠬᠤᠯᠠ ᠦᠨᠳᠦᠰᠦᠯᠡᠯ ᠪᠣᠯᠭᠠᠵᠤ ᠂ ᠲᠥᠰᠥᠪ᠎ᠦᠨ ᠠᠵᠢᠯ᠎ᠤᠨ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ᠎ᠶᠢᠨ ᠬᠢᠷᠢ ᠬᠡᠮᠵᠢᠶ᠎ᠡ᠎ᠶᠢ ᠦᠷᠭᠦᠯᠵᠢᠯᠡᠨ ᠳᠡᠭᠡᠭᠰᠢᠯᠡᠭᠦᠯᠬᠦ᠎ᠶᠢ ᠠᠬᠢᠭᠤᠯᠤᠨ᠎ᠠ᠃
ᠲᠠᠷᠠᠭᠠᠴᠢ᠎ᠶᠢᠨ ᠠᠯᠬᠤᠮ᠎ᠳᠤ᠂ ᠤᠰᠤᠨ ᠠᠰᠢᠭ᠍ᠯᠠᠯᠲᠠ᠎ᠶᠢᠨ ᠲᠢᠩᠬᠢᠮ᠎ᠡᠴᠡ ᠲᠥᠰᠥᠪ᠎ᠦᠨ ᠠᠵᠢᠯ᠎ᠤᠨ ᠠᠮᠵᠢᠯᠲᠠ ᠪᠦᠲᠦᠮᠵᠢ᠎ᠶᠢᠨ ᠬᠠᠮᠢᠶᠠᠷᠤᠯᠲᠠ᠎ᠶᠢᠨ ᠭᠣᠣᠯ ᠴᠣᠭᠴᠠ᠎ᠶᠢᠨ ᠬᠠᠷᠢᠭᠤᠴᠠᠯᠭ᠎ᠠ᠎ᠶᠢᠨ ᠦᠵᠡᠯ ᠤᠬᠠᠮᠰᠠᠷ᠎ᠢ ᠤᠯᠠᠮ ᠨᠢᠭᠡ ᠠᠯᠬᠤᠮ ᠴᠢᠩᠭᠠᠳᠬᠠᠵᠤ ᠂ ᠰᠢᠯᠭᠠᠨ ᠬᠢᠨᠠᠭᠰᠠᠨ ᠦᠷ᠎ᠡ ᠳ᠋ᠦᠩ᠎ᠦᠨ ᠬᠡᠷᠡᠭᠯᠡᠯᠲᠡ᠎ᠶᠢ ᠲᠣᠪᠤᠢᠯᠭᠠᠨ᠂ 《 ᠵᠣᠭᠣᠰ ᠵᠠᠷᠤᠪᠠᠯ ᠵᠠᠪᠠᠯ ᠦᠷ᠎ᠡ ᠪᠦᠲᠦᠮᠵᠢ᠎ᠶᠢ ᠠᠰᠠᠭᠤᠬᠤ᠂ ᠦᠷ᠎ᠡ ᠪᠦᠲᠦᠮᠵᠢ ᠦᠭᠡᠢ ᠪᠣᠯ ᠵᠠᠪᠠᠯ ᠬᠠᠷᠢᠭᠤᠴᠠᠯᠭ᠎ᠠ ᠨᠡᠬᠡᠮᠵᠢᠯᠡᠬᠦ 》 ᠠᠵᠢᠯ᠎ᠤᠨ ᠠᠮᠵᠢᠯᠲᠠ ᠪᠦᠲᠦᠮᠵᠢ᠎ᠶᠢᠨ ᠣᠨᠣᠯᠵᠢᠬᠤᠨ᠎ᠢ ᠪᠠᠷᠢᠮᠲᠠᠯᠠᠵᠤ ᠂ ᠵᠠᠷᠤᠯᠭ᠎ᠠ᠎ᠶᠢᠨ ᠪᠦᠲᠦᠴᠡ᠎ᠶᠢ ᠰᠢᠯᠢᠳᠡᠭᠵᠢᠭᠦᠯᠦᠨ ᠲᠣᠬᠢᠷᠠᠭᠤᠯᠵᠤ ᠂ ᠨᠢᠭᠡᠳᠦᠯᠲᠡᠢ ᠲᠥᠯᠥᠪᠯᠡᠨ ᠨᠡᠶ᠋ᠢᠲᠡ ᠳ᠋ᠦ᠍ᠨᠢ ᠬᠠᠷᠠᠭᠠᠯᠵᠠᠵᠤ ᠂ ᠲᠣᠰ ᠱᠠᠲᠤᠨ᠎ᠤ ᠲᠥᠰᠥᠪ᠎ᠦᠨ ᠪᠡᠯᠡ ᠮᠥᠩᠭᠥ᠎ᠶᠢ ᠰᠠᠢᠲᠤᠷ ᠬᠠᠮᠢᠶᠠᠷᠤᠨ ᠰᠠᠢᠲᠤᠷ ᠬᠡᠷᠡᠭᠯᠡᠵᠦ ᠂ ᠪᠥᠬᠥ ᠣᠷᠣᠨ᠎ᠤ ᠤᠰᠤᠨ ᠠᠰᠢᠭ᠍ᠯᠠᠯᠲᠠ᠎ᠶᠢᠨ ᠴᠢᠨᠠᠷ ᠰᠠᠢᠲᠠᠢ ᠬᠥᠭᠵᠢᠯᠲᠡ᠎ᠳᠦ ᠪᠠᠲᠤ ᠴᠢᠩᠭ᠎ᠠ ᠪᠠᠲᠤᠯᠠᠭ᠎ᠠ ᠬᠠᠩᠭᠠᠨ᠎ᠠ᠃